ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠵᠢᠨ ᠲᠥᠯᠥᠭᠡ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠤᠳᠤᠯᠭ᠎ᠠ ᠵᠢ ᠲᠦᠷᠭᠡᠪᠴᠢᠯᠡᠨ ᠬᠡᠷᠡᠭᠵᠢᠭᠦᠯᠦᠨ᠎ᠡ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠳᠬᠡᠨ ᠬᠡᠷᠡᠭᠵᠢᠭᠦᠯᠦᠨ᠎ᠡ᠂ ᠠᠳᠠᠯ ᠦᠢ᠍ᠯᠡᠰ ᠴᠣᠭᠴᠠᠯᠠᠬᠤ ᠵᠢ ᠨᠡᠪᠴᠢᠭᠦᠯᠬᠦ ᠪᠠᠢ᠌ᠭᠤᠯᠤᠮᠵᠢ ᠵᠢᠨ ᠰᠢᠰᠲ᠋ᠧᠮᠵᠢᠬᠦ ᠵᠢ ᠠᠬᠢᠭᠤᠯᠤᠨ᠎ᠠ᠂ ᠲᠤᠰᠬᠠᠢ᠌ᠵᠢᠭᠤᠯᠬᠤ ᠪᠠᠢ᠌ᠭᠤᠯᠤᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢ᠍ᠯᠡᠰ ᠪᠤᠰᠬᠠᠬᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ᠂ 《2022 ᠣᠨ᠎ᠤ ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠭᠤᠶᠤᠴᠢᠯᠠᠨ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠭᠠᠯ ᠪᠠᠮᠪᠠᠷ ᠲᠥᠪ᠎ᠤᠨ ᠮᠡᠳᠡᠭᠳᠡᠯ》 (ᠲᠥᠷᠥ ᠰᠢᠨᠵᠢᠯᠡᠬᠦ ᠭᠠᠯ ᠥᠰᠥᠭ)᠎ᠤᠨ ᠱᠠᠭ᠋ᠠᠷᠳᠠᠯᠭ᠎ᠠ᠂ ᠡᠯ᠎ᠡ ᠮᠡᠳᠡᠭᠦᠯᠬᠦ ᠪᠠᠢ᠌ᠭᠤᠯᠤᠮᠵᠢ ᠵᠢᠨ ᠭᠤᠶᠤᠴᠢᠯᠠᠯ ᠪᠠ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠵᠢᠨ ᠲᠠᠨᠢᠯᠴᠠᠭᠤᠯᠭ᠎ᠠ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ ᠬᠢᠨᠠᠨ ᠲᠣᠭᠲᠠᠭ᠋ᠠᠬᠤ ᠵᠢᠨ ᠬᠠᠮᠲᠤ ᠪᠣᠳᠠᠲᠠᠶ ᠭᠠᠵᠠᠷ᠎ᠲᠤᠨᠢ ᠬᠢᠨᠠᠨ ᠪᠠᠢ᠌ᠴᠠᠭ᠋ᠠᠨ᠎ᠠ᠂ ᠣᠲᠣ 2022 ᠣᠨ᠎ᠤ ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠨᠡᠷᠡᠰ᠎ᠢ ᠵᠠᠷᠯᠠᠨ ᠨᠡᠢ᠌ᠲᠡᠯᠡᠬᠦ᠎ᠪᠠᠷ ᠪᠣᠶ (ᠨᠡᠷᠡᠰ᠎ᠢ ᠳᠠᠭ᠋ᠠᠯᠳᠤᠭᠤᠯᠤᠯ᠎ᠳᠤ ᠦᠵᠡ) ᠃
ᠢᠯᠡ ᠨᠡᠢ᠌ᠲᠡᠯᠡᠬᠦ ᠬᠤᠭᠤᠴᠠᠭ᠎ᠠ᠎ᠨᠢ 2022 ᠣᠨ᠎ᠤ 12 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ 12 ᠳ᠋ᠤᠭ᠋ᠠᠷ ᠰᠠᠷ᠎ᠠ ᠵᠢᠨ 29᠎ᠤ ᠡᠳᠦᠷ ᠪᠣᠯᠲᠠᠯ᠎ᠠ ᠃ ᠬᠡᠷᠪᠡ ᠢᠯᠡ ᠨᠡᠢ᠌ᠲᠡᠯᠡᠬᠦ ᠡᠲᠡᠭᠡᠳ᠎ᠲᠤ ᠣᠨᠳᠣᠤ ᠰᠠᠨᠠᠯ᠎ᠲᠠᠢ ᠪᠠᠢ᠌ᠪᠠᠯ᠂ ᠢᠯᠡ ᠨᠡᠢ᠌ᠲᠡᠯᠡᠬᠦ ᠬᠤᠭᠤᠴᠠᠭ᠋ᠠᠨ᠎ᠳᠤ ᠪᠢᠴᠢᠭ᠎ᠤᠨ ᠬᠡᠯᠪᠡᠷᠢ᠎ᠪᠠᠷ ᠮᠠᠨ᠎ᠤ ᠲᠢᠩᠬᠢᠮ᠎ᠳᠤ ᠲᠤᠰᠬᠠᠵᠤ᠂ ᠪᠢᠴᠢᠭ᠎ᠤᠨ ᠰᠠᠨᠠᠯ᠎ᠳᠤ ᠣᠨᠳᠣᠤ ᠰᠠᠨᠠᠯ᠎ᠤᠨ ᠤᠴᠢᠷ ᠰᠢᠯᠲᠠᠭ᠋ᠠᠨ ᠵᠢᠴᠢ ᠬᠠᠮᠢᠶ᠎ᠠ ᠪᠥᠬᠥᠶ ᠪᠣᠳᠠᠲᠤ ᠬᠡᠷᠡᠭ᠎ᠤᠨ ᠭᠡᠷᠡᠴᠢ ᠪᠠᠷᠢᠮᠲᠠ ᠵᠢᠭᠰᠠᠭ᠋ᠠᠬᠤ ᠬᠡᠷᠡᠭᠲᠡᠶ ᠃ ᠨᠢᠭᠡᠴᠢ ᠣᠨᠳᠣᠣ ᠰᠠᠨᠠᠯ ᠳᠤᠷᠠᠳᠤᠭᠰᠠᠨ ᠪᠠᠢ᠌ᠪᠠᠯ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠣᠨᠳᠣᠣ ᠰᠠᠨᠠᠯ ᠳᠤᠷᠠᠳᠤᠭᠰᠠᠨ ᠪᠠᠢ᠌ᠪᠠᠯ ᠦᠨᠡᠨ ᠪᠣᠳᠠᠲᠠᠢ ᠤᠪᠤᠭ ᠨᠡᠷ᠎ᠡ ᠪᠠ ᠬᠠᠷᠢᠯᠴᠠᠬᠤ ᠠᠷᠭ᠎ᠠ ᠮᠠᠶᠢᠭ᠎ᠲᠤ ᠭᠠᠷᠤᠨ ᠦᠰᠦᠭ ᠵᠢᠷᠤᠬᠤ ᠬᠡᠷᠡᠭᠲᠡᠢ ᠃
ᠬᠠᠷᠢᠯᠴᠠᠬᠤ ᠤᠲᠠᠰᠤ᠄ 0471 - 6328612 (ᠹᠠᠺᠰ)
ᠢᠮᠧᠯ᠄ nmgkjqyfhq @ 163 . com