ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠯᠪᠠᠨ ᠨᠡᠶ᠋ᠢᠲᠡᠯᠡᠯ
2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠦᠢᠯᠡᠴᠢᠯᠡᠭᠡᠨ᠎ᠤ ᠪᠠᠢ᠌ᠭᠤᠯᠤᠮᠵᠢ ᠵᠢᠨ ᠦᠢᠯᠡᠴᠢᠯᠡᠭᠡᠨ᠎ᠤ ᠠᠮᠵᠢᠯᠲᠠ ᠪᠦᠲᠦᠮᠵᠢ ᠵᠢ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2022-12-30


      ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠡᠯ᠎ᠡ ᠬᠣᠯᠪᠣᠭᠳᠠᠯ ᠪᠦᠬᠦᠢ ᠨᠢᠭᠡᠴᠡ᠄
   《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠢ ᠰᠢᠯᠵᠢᠭᠦᠯᠬᠦ ᠦᠢᠯᠡᠴᠢᠯᠡᠭᠡᠨ᠎ᠤ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠰᠠᠯᠠᠭ᠎ᠠ ᠲᠠᠷᠬᠠᠭ᠋ᠠᠭᠰᠠᠨ ᠦᠰᠦᠭ 2022 . 34 ᠳ᠋ᠦ᠍ᠭᠡᠷ ᠲᠣᠭ᠋ᠠᠲᠤ) ᠵᠢᠨ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠡᠳᠦᠭᠡ 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠢ ᠰᠢᠯᠵᠢᠭᠦᠯᠬᠦ ᠦᠢᠯᠡᠴᠢᠯᠡᠭᠡᠨ᠎ᠤ ᠪᠠᠢ᠌ᠭᠤᠯᠤᠮᠵᠢ ᠵᠢᠨ ᠦᠢᠯᠡᠴᠢᠯᠡᠭᠡᠨ᠎ᠤ ᠠᠮᠵᠢᠯᠲᠠ ᠪᠦᠲᠦᠮᠵᠢ ᠵᠢ ᠮᠡᠳᠡᠭᠦᠯᠬᠦ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ  ᠃ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠄
      ᠨᠢᠭᠡ᠂ ᠮᠡᠳᠡᠭᠦᠯᠬᠦ ᠮᠠᠲ᠋ᠧᠷᠢᠶᠠᠯ
      ᠮᠡᠳᠡᠭᠦᠯᠬᠦ ᠨᠢᠭᠡᠴᠡ᠎ᠨᠢ ᠱᠠᠭ᠋ᠠᠷᠳᠠᠯᠭ᠎ᠠ ᠶᠣᠰᠣᠭ᠋ᠠᠷ 2022 ᠣᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠢ ᠰᠢᠯᠵᠢᠭᠦᠯᠬᠦ ᠦᠢᠯᠡᠴᠢᠯᠡᠭᠡᠨ᠎ᠤ ᠪᠠᠢ᠌ᠭᠤᠯᠤᠮᠵᠢ ᠵᠢᠨ ᠦᠢᠯᠡᠴᠢᠯᠡᠭᠡᠨ᠎ᠤ ᠠᠵᠢᠯ᠎ᠤᠨ ᠠᠮᠵᠢᠯᠲᠠ ᠪᠦᠲᠦᠮᠵᠢ ᠵᠢᠨ ᠮᠡᠳᠡᠭᠦᠯᠬᠦ ᠪᠢᠴᠢᠭ》᠎ᠢ ᠲᠠᠭᠯᠠᠵᠤ᠂ ᠰᠠᠭᠤᠷᠢ ᠭᠦᠢᠴᠡᠳᠬᠡᠯ ᠲᠣᠭ᠎ᠠ ᠪᠠ ᠦᠢᠯᠡᠴᠢᠯᠡᠭᠡᠨ᠎ᠤ ᠠᠵᠢᠯ᠎ᠤᠨ ᠠᠮᠵᠢᠯᠲᠠ ᠪᠦᠲᠦᠮᠵᠢ ᠵᠢᠨ ᠭᠦᠢᠴᠡᠳᠬᠡᠯ ᠲᠣᠭ᠎ᠠ ᠵᠢ ᠵᠦᠢᠯ ᠳᠠᠷᠠᠭ᠋ᠠᠯᠠᠨ ᠲᠠᠭᠯᠠᠵᠤ᠂ ᠵᠣᠬᠢᠬᠤ ᠭᠡᠷᠡᠴᠢ ᠮᠠᠲ᠋ᠧᠷᠢᠶᠠᠯ ᠬᠠᠩᠭ᠋ᠠᠨ᠎ᠠ  ᠃
 ᠃ᠲᠤᠰᠬᠠᠶ ᠦᠢᠯᠡᠴᠢᠯᠡᠭᠡᠨ᠎ᠤ ᠪᠠᠢ᠌ᠭᠤᠯᠤᠮᠵᠢ ᠵᠢᠨ ᠦᠢᠯᠡᠴᠢᠯᠡᠭᠡᠨ᠎ᠤ ᠠᠵᠢᠯ᠎ᠤᠨ ᠠᠮᠵᠢᠯᠲᠠ ᠵᠢᠨ ᠴᠤᠭᠯᠠᠷᠠᠯ᠎ᠢ ᠪᠤᠳᠤᠬᠤ ᠴᠠᠭ᠎ᠨᠢ 2021 ᠣᠨ᠎ᠤ 11 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 2022 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ ᠪᠣᠯᠤᠨ᠎ᠠ᠂ ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠡᠩᠰᠡᠯᠡᠨ ᠲᠡᠮᠳᠡᠭᠯᠡᠬᠦ ᠪᠠᠢ᠌ᠭᠤᠯᠤᠮᠵᠢ ᠵᠢᠨ ᠦᠢᠯᠡᠴᠢᠯᠡᠭᠡᠨ᠎ᠤ ᠠᠵᠢᠯ᠎ᠤᠨ ᠠᠮᠵᠢᠯᠲᠠ ᠵᠢᠨ ᠴᠤᠭᠯᠠᠷᠠᠯ᠎ᠢ ᠪᠤᠳᠤᠬᠤ ᠴᠠᠭ᠎ᠨᠢ 2022 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠤᠨ᠎ᠠ  ᠃
      ᠬᠣᠶᠠᠷ᠂ ᠮᠡᠳᠡᠭᠦᠯᠬᠦ ᠶᠠᠪᠤᠴᠠ
     (ᠨᠢᠭᠡ) ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠮᠡᠳᠡᠭᠦᠯᠬᠦ ᠮᠠᠲ᠋ᠧᠷᠢᠶᠠᠯ᠎ᠢ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠯ᠎ᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠵᠡᠷᠭᠡ ᠵᠢᠨ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ᠎ᠡ  ᠃ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠣᠷᠣᠨ᠎ᠤ ᠰᠢᠭᠤᠳ ᠬᠠᠷᠢᠶ᠎ᠠ ᠨᠢᠭᠡᠴᠡ ᠵᠢᠨ ᠦᠢᠯᠡᠴᠢᠯᠡᠭᠡᠨ᠎ᠤ ᠪᠠᠢ᠌ᠭᠤᠯᠤᠮᠵᠢ ᠵᠢᠨ ᠮᠡᠳᠡᠭᠦᠯᠬᠦ ᠮᠠᠲ᠋ᠧᠷᠢᠶᠠᠯ᠎ᠢ ᠰᠢᠭᠤᠳ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠮᠡᠳᠡᠭᠦᠯᠦᠨ᠎ᠡ  ᠃
     (ᠬᠣᠶᠠᠷ) ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠲᠣᠭᠲᠠᠭ᠋ᠠᠯ᠎ᠳᠤ ᠨᠡᠢ᠌ᠴᠡᠬᠦ ᠴᠢᠨᠠᠷ᠎ᠢ ᠬᠢᠨᠠᠨ ᠬᠠᠷᠭᠤᠭᠤᠯᠵᠤ᠂ ᠬᠢᠷᠢ ᠲᠡᠩᠴᠡᠭᠰᠡᠨ ᠪᠠᠢ᠌ᠪᠠᠯ 2023 ᠣᠨ᠎ᠤ 1 ᠳ᠋ᠦ᠍ᠭᠡᠷ ᠰᠠᠷ᠎ᠠ ᠵᠢᠨ 15᠎ᠤ ᠡᠳᠦᠷ᠎ᠠᠴᠠ ᠡᠮᠦᠨ᠎ᠡ ᠬᠣᠯᠪᠣᠭᠳᠠᠯ ᠪᠥᠬᠥᠶ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠨᠢᠭᠡ ᠨᠢᠭᠡ ᠬᠤᠪᠢ ᠠᠯᠪᠠᠨ ᠲᠠᠮᠠᠭ᠎ᠠ ᠳᠠᠷᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠦᠷ᠎ᠡ ᠪᠦᠲᠦᠭᠡᠯ᠎ᠤᠨ ᠬᠠᠮᠢᠶᠠᠷᠤᠯᠲᠠ ᠬᠢᠭᠡᠳ ᠤᠯᠠᠷᠢᠭᠤᠯᠬᠤ ᠭᠠᠵᠠᠷ᠎ᠲᠤ ᠮᠡᠳᠡᠭᠦᠯᠦᠨ ᠬᠦᠷᠭᠡᠵᠦ᠂ ᠡᠯᠧᠺᠲᠷᠣᠨ ᠬᠡᠪᠯᠡᠯ᠎ᠢ PDF ᠵᠢᠨ ᠬᠡᠯᠪᠡᠷᠢ᠎ᠪᠠᠷ ᠬᠠᠷᠢᠯᠴᠠᠬᠤ ᠬᠥᠮᠦᠨ᠎ᠤ ᠰᠢᠦᠳᠠᠨ᠎ᠤ ᠬᠠᠢ᠌ᠷᠴᠠᠭ᠎ᠲᠤ ᠶᠠᠪᠤᠭᠤᠯᠤᠨ᠎ᠠ  ᠃
      ᠭᠤᠷᠪᠠ᠂ ᠳᠡᠮᠵᠢᠬᠦ ᠠᠷᠭ᠎ᠠ ᠬᠡᠮᠵᠢᠶ᠎ᠡ
      ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠢ ᠬᠢᠨᠠᠨ ᠲᠣᠭᠲᠠᠭ᠋ᠠᠬᠤ ᠵᠢ ᠵᠣᠬᠢᠶᠠᠨ ᠪᠠᠢ᠌ᠭᠤᠯᠵᠤ᠂ ᠦᠢᠯᠡᠴᠢᠯᠡᠭᠡᠨ᠎ᠤ ᠠᠵᠢᠯ᠎ᠤᠨ ᠠᠮᠵᠢᠯᠲᠠ ᠪᠦᠲᠦᠮᠵᠢ᠎ᠨᠢ ᠪᠠᠷᠢᠮᠵᠢᠶ᠎ᠠ᠎ᠳᠤ ᠬᠦᠷᠦᠭᠰᠡᠨ ᠪᠠᠢ᠌ᠪᠠᠯ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ ᠳᠠᠷᠠᠭ᠋ᠠᠬᠢ ᠨᠥᠬᠥᠪᠥᠷᠢ ᠵᠢᠨ ᠳᠡᠮᠵᠢᠯᠭᠡ ᠣᠯᠭᠣᠨ᠎ᠠ  ᠃
        ᠲᠦᠷᠪᠡ᠂ ᠬᠠᠷᠢᠯᠴᠠᠬᠤ ᠬᠡᠯᠪᠡᠷᠢ
        ᠬᠠᠷᠢᠯᠴᠠᠬᠤ ᠬᠥᠮᠦᠨ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠥᠪ       ᠯᠢᠦ ᠬᠤ᠌ ᠵᠢᠶᠦ᠋ᠨ 0471 - 6328564
        ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠦᠷ᠎ᠡ ᠪᠦᠲᠦᠭᠡᠯ᠎ᠤᠨ ᠬᠠᠮᠢᠶᠠᠷᠤᠯᠲᠠ ᠬᠢᠭᠡᠳ ᠬᠤᠪᠢᠷᠠᠭᠤᠯᠤᠯᠲᠠ ᠵᠢᠨ ᠭᠠᠵᠠᠷ       ᠶᠠᠩ ᠶᠦᠩ 0471 - 6328614
        ᠢᠮᠧᠯ᠄ cgzx6328564@126.com
        ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠹᠸᠩᠵᠸᠦ ᠡᠮᠦᠨ᠎ᠡ ᠵᠠᠮ᠎ᠤᠨ 78 ᠳ᠋ᠤᠭ᠋ᠠᠷ ᠨᠣᠮᠧᠷ    
        ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠢ ᠰᠢᠯᠵᠢᠭᠦᠯᠬᠦ ᠦᠢᠯᠡᠴᠢᠯᠡᠭᠡᠨ᠎ᠤ ᠪᠠᠢ᠌ᠭᠤᠯᠤᠮᠵᠢ ᠵᠢᠨ ᠦᠢᠯᠡᠴᠢᠯᠡᠭᠡᠨ᠎ᠤ ᠠᠵᠢᠯ᠎ᠤᠨ ᠠᠮᠵᠢᠯᠲᠠ ᠵᠢᠨ ᠮᠡᠳᠡᠭᠦᠯᠬᠦ ᠪᠢᠴᠢᠭ
 

                                                                                ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ  
                                                                               2022 ᠣᠨ᠎ᠤ 12 ᠳ᠋ᠤᠭ᠋ᠠᠷ ᠰᠠᠷ᠎ᠠ ᠵᠢᠨ 30᠎ᠤ ᠡᠳᠦᠷ  

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠢ ᠰᠢᠯᠵᠢᠭᠦᠯᠬᠦ ᠦᠢᠯᠡᠴᠢᠯᠡᠭᠡᠨ᠎ᠤ ᠪᠠᠢ᠌ᠭᠤᠯᠤᠮᠵᠢ ᠵᠢ ᠨᠡᠢ᠌ᠲᠡᠯᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠵᠢᠨ ᠡᠬᠢ ᠪᠠᠶᠠᠯᠢᠭ ᠪᠠ ᠰᠦᠯᠵᠢᠶᠡᠨ᠎ᠤ ᠠᠮᠤᠷ ᠲᠦᠪᠰᠢᠨ᠎ᠢ ᠪᠠᠲᠤᠯᠠᠬᠤ ᠦᠢᠯᠡᠴᠢᠯᠡᠭᠡᠨ᠎ᠤ ᠲᠥᠷᠥᠯ ᠵᠦᠢᠯ᠎ᠢ ᠬᠤᠪᠢᠷᠠᠭᠤᠯᠬᠤ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠵᠢᠨ ᠡᠬᠢ ᠪᠠᠶᠠᠯᠢᠭ ᠪᠠ ᠰᠦᠯᠵᠢᠶᠡᠨ᠎ᠤ ᠠᠮᠤᠷ ᠲᠦᠪᠰᠢᠨ᠎ᠢ ᠪᠠᠲᠤᠯᠠᠬᠤ ᠦᠢᠯᠡᠴᠢᠯᠡᠭᠡᠨ᠎ᠤ ᠲᠥᠷᠥᠯ ᠵᠦᠢᠯ᠎ᠤᠨ ᠠᠷᠠᠯᠵᠢᠶ᠎ᠠ ᠪᠦᠲᠦᠭᠰᠡᠨ ᠦᠷ᠎ᠡ ᠳ᠋ᠦᠩ᠎ᠢ ᠵᠠᠷᠯᠠᠨ ᠨᠡᠢ᠌ᠲᠡᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠭ᠋ᠠᠵᠢ ᠬᠡᠷᠡᠭᠰᠡᠯ᠎ᠢ ᠴᠢᠯᠥᠭᠡᠲᠡᠶ ᠨᠡᠭᠡᠭᠡᠵᠦ ᠬᠠᠮᠲᠤ᠎ᠪᠠᠷ ᠭᠥᠷᠳᠡᠬᠦ ᠬᠦᠷᠢᠶᠡᠨ᠎ᠳᠠᠬᠢ ᠲᠤᠰᠬᠠᠶ ᠮᠡᠷᠭᠡᠵᠢᠯᠲᠡᠨ᠎ᠢ ᠡᠯᠰᠡᠬᠦ ᠲᠤᠬᠠᠶ ᠮᠡᠳᠡᠭᠳᠡᠯ
《ᠬᠣᠶᠠᠷ᠎ᠢ ᠰᠢᠯᠢᠳᠡᠭᠵᠢᠭᠦᠯᠬᠦ》 ᠲᠤᠰᠬᠠᠶ ᠠᠵᠢᠯᠯᠠᠭ᠎ᠠ ᠵᠢᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠬᠡᠷᠡᠭᠵᠢᠭᠦᠯᠬᠦ ᠪᠠᠷᠢᠮᠵᠢᠶ᠎ᠠ ᠵᠢ ᠨᠡᠢ᠌ᠲᠡᠯᠡᠬᠦ ᠲᠤᠬᠠᠶ ᠮᠡᠳᠡᠭᠳᠡᠯ
 
            