ᠡᠯ᠎ᠡ ᠠᠢ᠌ᠮᠠᠭ (ᠬᠣᠲᠠ)᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠬᠣᠯᠪᠣᠭᠳᠠᠯ ᠪᠦᠬᠦᠢ ᠨᠢᠭᠡᠴᠡ᠄
ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ 《ᠣᠯᠠᠨ ᠨᠡᠢ᠌ᠲᠡ ᠵᠢᠨ ᠠᠮᠤᠷ ᠲᠦᠪᠰᠢᠨ᠎ᠤ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠬᠢᠭᠡᠳ ᠪᠠᠴᠢᠮ ᠪᠠᠢ᠌ᠳᠠᠯ᠎ᠢ ᠠᠷᠭ᠋ᠠᠴᠠᠬᠤ ᠮᠡᠷᠭᠡᠵᠢᠯ᠎ᠤᠨ ᠲᠣᠨᠣᠭ ᠲᠥᠬᠥᠭᠡᠷᠦᠮᠵᠢ》 ᠵᠢᠨ ᠭᠣᠤᠯᠳᠠᠯᠭ᠎ᠠ᠎ᠲᠠᠢ ᠲᠤᠰᠬᠠᠶ ᠵᠦᠢᠯ᠎ᠤᠨ ᠵᠣᠬᠢᠶᠠᠨ ᠪᠠᠢ᠌ᠭᠤᠯᠵᠤ ᠬᠠᠮᠢᠶᠠᠷᠬᠤ ᠬᠠᠮᠢᠶ᠎ᠠ ᠪᠥᠬᠥᠶ ᠱᠠᠭ᠋ᠠᠷᠳᠠᠯᠭ᠎ᠠ ᠵᠢᠴᠢ 《ᠰᠢᠨ᠎ᠡ ᠲᠢᠲᠢᠮᠯᠢᠭ ᠲᠦᠷᠭᠡᠨ ᠪᠠᠢ᠌ᠴᠠᠭ᠋ᠠᠨ ᠰᠢᠯᠭ᠋ᠠᠬᠤ ᠲᠤᠷᠰᠢᠯᠲᠠ ᠵᠢᠨ ᠡᠮ᠎ᠢ ᠰᠤᠳᠤᠯᠤᠨ ᠨᠡᠭᠡᠭᠡᠬᠦ ᠪᠠᠴᠢᠮ ᠪᠠᠢ᠌ᠳᠠᠯ᠎ᠢ ᠠᠷᠭ᠋ᠠᠴᠠᠬᠤ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠵᠦᠭᠯᠡᠭᠦᠷ᠎ᠢ ᠨᠡᠢ᠌ᠲᠡᠯᠡᠬᠦ ᠲᠤᠬᠠᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠮᠡᠳᠡᠭᠳᠡᠯ》 (ᠲᠥᠷᠥ ᠰᠢᠨᠵᠢᠯᠡᠬᠦ ᠲᠠᠷᠬᠠᠭ᠋ᠠᠭᠰᠠᠨ ᠪᠠᠯᠠ 2022208 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠡᠳᠦᠭᠡ ᠮᠠᠨ᠎ᠤ ᠣᠷᠣᠨ᠎ᠤ ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ ᠲᠥᠷᠥᠯ ᠵᠦᠢᠯ᠎ᠢ ᠵᠣᠬᠢᠶᠠᠨ ᠪᠠᠢ᠌ᠭᠤᠯᠵᠤ ᠭᠤᠶᠤᠴᠢᠯᠠᠨ ᠮᠡᠳᠡᠭᠦᠯᠬᠦ ᠪᠠ ᠲᠠᠨᠢᠯᠴᠠᠭᠤᠯᠬᠤ ᠱᠠᠭ᠋ᠠᠷᠳᠠᠯᠭ᠎ᠠ ᠵᠢ ᠳᠣᠤᠷᠠᠬᠢ ᠮᠡᠲᠦ ᠮᠡᠳᠡᠭᠳᠡᠪᠡ ᠃
ᠨᠢᠭᠡ᠂ ᠭᠤᠶᠤᠴᠢᠯᠠᠨ ᠮᠡᠳᠡᠭᠦᠯᠬᠦ ᠱᠠᠭ᠋ᠠᠷᠳᠠᠯᠭ᠎ᠠ
1 . ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠨᠢᠭᠡᠴᠢ ᠵᠢᠴᠢ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠬᠠᠷᠢᠭᠤᠴᠠᠯᠭ᠋ᠠᠲᠠᠨ᠎ᠤ ᠬᠢᠷᠢ ᠬᠡᠮ᠎ᠤᠨ ᠱᠠᠭ᠋ᠠᠷᠳᠠᠯᠭ᠎ᠠ ᠵᠢ 《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠲᠦᠷᠭᠡᠨ ᠰᠢᠯᠭ᠋ᠠᠨ ᠪᠠᠢ᠌ᠴᠠᠭ᠋ᠠᠬᠤ ᠲᠤᠷᠰᠢᠯᠲᠠ ᠵᠢᠨ ᠡᠮ᠎ᠢ ᠰᠤᠳᠤᠯᠤᠨ ᠨᠡᠭᠡᠭᠡᠬᠦ ᠪᠠᠴᠢᠮ ᠪᠠᠢ᠌ᠳᠠᠯ᠎ᠢ ᠠᠷᠭ᠋ᠠᠴᠠᠬᠤ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠵᠦᠭᠯᠡᠭᠦᠷ᠎ᠢ ᠨᠡᠢ᠌ᠲᠡᠯᠡᠬᠦ ᠲᠤᠬᠠᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠤ ᠮᠡᠳᠡᠭᠳᠡᠯ》 (ᠤᠯᠤᠰ᠎ᠤᠨ ᠰᠢᠨᠵᠢᠯᠡᠬᠦ ᠤᠬᠠᠭ᠋ᠠᠨ ᠡᠬᠢ ᠪᠠᠶᠠᠯᠢᠭ ᠲᠠᠷᠬᠠᠭ᠋ᠠᠭᠰᠠᠨ 2022208 ᠳ᠋ᠤᠭ᠋ᠠᠷ ᠲᠣᠭ᠋ᠠᠲᠤ) (ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ http᠄ / / service . most . gov . cn᠎ᠳᠤ ᠲᠡᠮᠳᠡᠭᠯᠡᠪᠡᠯ ᠬᠠᠮᠢᠶ᠎ᠠ ᠪᠥᠬᠥᠶ ᠪᠢᠴᠢᠭ ᠮᠠᠲ᠋ᠧᠷᠢᠶᠠᠯ᠎ᠢ ᠪᠠᠢ᠌ᠴᠠᠭ᠋ᠠᠨ ᠦᠵᠡᠵᠦ ᠪᠣᠯᠤᠨ᠎ᠠ) ᠃
2 . ᠡᠯ᠎ᠡ ᠪᠠᠲᠤᠯᠠᠨ ᠲᠠᠨᠢᠯᠴᠠᠭᠤᠯᠬᠤ ᠨᠢᠭᠡᠴᠡ᠎ᠨᠢ ᠬᠠᠮᠢᠶ᠎ᠠ ᠪᠥᠬᠥᠶ ᠱᠠᠭ᠋ᠠᠷᠳᠠᠯᠭ᠎ᠠ ᠶᠣᠰᠣᠭ᠋ᠠᠷ᠂ ᠲᠣᠰ ᠨᠢᠭᠡᠴᠡ ᠵᠢᠨ ᠡᠭᠦᠷᠭᠡ ᠴᠢᠳᠠᠪᠤᠷᠢ ᠪᠠ ᠲᠤᠬᠠᠢ᠌ᠯᠠᠭᠰᠠᠨ ᠠᠵᠢᠯ᠎ᠤᠨ ᠬᠦᠷᠢᠶ᠎ᠡ ᠬᠡᠪᠴᠢᠶ᠎ᠡ᠂ ᠲᠣᠰ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠳᠣᠲᠣᠷ᠎ᠠ ᠪᠠᠲᠤᠯᠠᠨ ᠲᠠᠨᠢᠯᠴᠠᠭᠤᠯᠬᠤ ᠵᠢᠨ ᠬᠠᠮᠲᠤ᠂ ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ᠎ᠤᠨ ᠦᠨᠡᠨ ᠪᠣᠳᠠᠲᠤ ᠴᠢᠨᠠᠷ᠎ᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠶ ᠃
ᠬᠣᠶᠠᠷ᠂ ᠲᠠᠨᠢᠯᠴᠠᠭᠤᠯᠬᠤ ᠨᠢᠭᠡᠴᠢ
1 . ᠭᠤᠶᠤᠴᠢᠯᠠᠨ ᠮᠡᠳᠡᠭᠦᠯᠬᠦ ᠨᠢᠭᠡᠴᠡ᠎ᠨᠢ ᠮᠡᠳᠡᠭᠳᠡᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ (http᠄ / / service . most . gov . cn) ᠵᠶ᠋ᠠᠷ ᠳᠠᠮᠵᠢᠭᠤᠯᠤᠨ 2022 ᠣᠨ᠎ᠤ 8 ᠳ᠋ᠤᠭ᠋ᠠᠷ ᠰᠠᠷ᠎ᠠ ᠵᠢᠨ 16᠎ᠤ ᠡᠳᠦᠷ᠎ᠤᠨ 16᠄ 00 ᠴᠠᠭ᠎ᠠᠴᠠ ᠡᠮᠦᠨ᠎ᠡ ᠰᠦᠯᠵᠢᠶᠡᠨ ᠳᠡᠭᠡᠷ᠎ᠡ ᠲᠥᠷᠥᠯ ᠵᠦᠢᠯ᠎ᠤᠨ ᠤᠷᠢᠳᠴᠢᠯᠠᠨ ᠮᠡᠳᠡᠭᠦᠯᠬᠦ ᠪᠢᠴᠢᠭ᠎ᠢ ᠲᠠᠭᠯᠠᠨ ᠮᠡᠳᠡᠭᠦᠯᠵᠦ᠂ ᠭᠤᠶᠤᠴᠢᠯᠠᠨ ᠮᠡᠳᠡᠭᠦᠯᠬᠦ ᠨᠢᠭᠡᠴᠡ᠎ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠰᠦᠯᠵᠢᠶᠡᠨ ᠳᠡᠭᠡᠷ᠎ᠡ ᠲᠤᠰᠢᠶᠠᠭᠰᠠᠨ᠎ᠤ ᠳᠠᠷᠠᠭ᠎ᠠ᠂ 8 ᠳ᠋ᠤᠭ᠋ᠠᠷ ᠰᠠᠷ᠎ᠠ ᠵᠢᠨ 16᠎ᠤ ᠡᠳᠦᠷ᠎ᠠᠴᠠ ᠡᠮᠦᠨ᠎ᠡ ᠭᠤᠶᠤᠴᠢᠯᠠᠨ ᠮᠡᠳᠡᠭᠦᠯᠬᠦ ᠪᠢᠴᠢᠭ ᠵᠢᠴᠢ ᠬᠠᠮᠢᠶ᠎ᠠ ᠪᠥᠬᠥᠶ ᠳᠠᠭ᠋ᠠᠯᠳᠤᠭᠤᠯᠤᠯ (ᠡᠯᠧᠺᠲᠷᠣᠨ ᠬᠡᠪᠯᠡᠯ) ᠵᠶ᠋ᠠᠨ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ ᠠᠩᠬᠠᠨ᠎ᠤ ᠬᠢᠨᠠᠯᠲᠠ ᠬᠢᠨ᠎ᠠ ᠃ ᠳᠠᠩᠰᠠᠯᠠᠭᠤᠯᠤᠭ᠋ᠠᠳᠤᠶᠪᠠᠷ ᠮᠡᠳᠡᠭᠦᠯᠦᠭᠰᠡᠨ ᠨᠢᠭᠡᠴᠡ᠎ᠨᠢ ᠰᠦᠯᠵᠢᠶᠡᠨ ᠥᠷᠲᠡᠭᠡ ᠵᠢᠨ ᠵᠢᠭ᠋ᠠᠨ ᠵᠢᠯᠣᠭᠣᠳᠣᠯᠭ᠎ᠠ ᠶᠣᠰᠣᠭ᠋ᠠᠷ ᠳᠠᠩᠰᠠᠯᠠᠭᠤᠯᠬᠤ ᠬᠡᠷᠡᠭᠲᠡᠶ (ᠮᠡᠷᠭᠡᠵᠢᠯ᠎ᠤᠨ ᠯᠠᠪᠯᠠᠭ᠎ᠠ ᠵᠢᠨ ᠤᠲᠠᠰᠤ᠄ 010 - 58882999) ᠪᠥᠭᠡᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ》᠎ᠢ ᠰᠣᠩᠭᠣᠨ ᠲᠠᠨᠢᠯᠴᠠᠭᠤᠯᠬᠤ ᠨᠢᠭᠡᠴᠡ ᠪᠣᠯᠭ᠋ᠠᠨ᠎ᠠ ᠃
2 . ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠤᠳ ᠲᠠᠨᠢᠯᠴᠠᠭᠤᠯᠤᠭᠰᠠᠨ ᠪᠢᠴᠢᠭ ᠮᠠᠲ᠋ᠧᠷᠢᠶᠠᠯ ᠵᠢᠴᠢ ᠲᠠᠨᠢᠯᠴᠠᠭᠤᠯᠤᠭᠰᠠᠨ ᠲᠥᠷᠥᠯ ᠵᠦᠢᠯ᠎ᠤᠨ ᠨᠠᠷᠢᠨ ᠬᠠᠭᠤᠳᠠᠰᠤ (ᠰᠢᠷᠪᠢᠭᠰᠡᠨ ᠪᠢᠴᠢᠭ ᠮᠠᠲ᠋ᠧᠷᠢᠶᠠᠯ) ᠵᠢ 8 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ ᠡᠮᠦᠨ᠎ᠡ ᠡᠯᠧᠺᠲᠷᠣᠨ ᠰᠢᠦᠳᠠᠨ᠎ᠤ ᠬᠠᠢ᠌ᠷᠴᠠᠭ (nmgjhc @ 163 . com) ᠵᠶ᠋ᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠮᠡᠳᠡᠭᠦᠯᠦᠨ ᠬᠦᠷᠭᠡᠬᠦ ᠬᠡᠷᠡᠭᠲᠡᠶ ᠃
3 . ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠵᠥᠪᠬᠡᠨ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠤᠨ ᠲᠠᠨᠢᠯᠴᠠᠭᠤᠯᠤᠭᠰᠠᠨ ᠲᠥᠷᠥᠯ ᠵᠦᠢᠯ᠎ᠢ ᠭᠥᠯᠢᠶᠡᠨ ᠠᠪᠴᠤ ᠰᠢᠢᠳᠪᠦᠷᠢᠯᠡᠨ᠂ 8 ᠳ᠋ᠤᠭ᠋ᠠᠷ ᠰᠠᠷ᠎ᠠ ᠵᠢᠨ 19᠎ᠤ ᠡᠳᠦᠷ᠎ᠤᠨ 16 ᠴᠠᠭ᠎ᠠᠴᠠ ᠡᠮᠦᠨ᠎ᠡ ᠲᠠᠨᠢᠯᠴᠠᠭᠤᠯᠤᠭᠰᠠᠨ ᠲᠥᠷᠥᠯ ᠵᠦᠢᠯ᠎ᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠳᠤ ᠲᠤᠰᠢᠶᠠᠨ᠎ᠠ᠃
ᠭᠤᠷᠪᠠ᠂ ᠬᠠᠷᠢᠯᠴᠠᠬᠤ ᠬᠡᠯᠪᠡᠷᠢ
1. ᠲᠤᠬᠠᠢ᠌ᠯᠠᠭᠰᠠᠨ ᠠᠵᠢᠯ᠎ᠤᠨ ᠯᠠᠪᠯᠠᠯᠭ᠎ᠠ
ᠬᠠᠷᠢᠯᠴᠠᠬᠤ ᠬᠥᠮᠦᠨ᠄ ᠨᠡᠢ᠌ᠭᠡᠮ᠎ᠤᠨ ᠬᠥᠭᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ ᠴᠢ ᠾᠤᠢ ᠤᠲᠠᠰᠤ᠄ 0471 - 6328615
2 . ᠵᠣᠬᠢᠶᠠᠨ ᠪᠠᠢ᠌ᠭᠤᠯᠤᠯᠲᠠ᠎ᠠᠴᠠ ᠲᠠᠨᠢᠯᠴᠠᠭᠤᠯᠬᠤ
ᠬᠠᠷᠢᠯᠴᠠᠬᠤ ᠬᠥᠮᠦᠨ᠄ ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢᠨ ᠭᠠᠵᠠᠷ ᠶᠠᠩ ᠷᠦᠢ ᠤᠲᠠᠰᠤ᠄ 0471 - 6328708
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
2022 ᠣᠨ᠎ᠤ 8 ᠳ᠋ᠤᠭ᠋ᠠᠷ ᠰᠠᠷ᠎ᠠ ᠵᠢᠨ 10᠎ᠤ ᠡᠳᠦᠷ