ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠯᠪᠠᠨ ᠨᠡᠶ᠋ᠢᠲᠡᠯᠡᠯ
2023 ᠣᠨ᠎ᠤ ᠥᠪᠡᠷᠲᠡᠭᠡᠨ ᠵᠠᠰᠠᠬᠤ ᠣᠷᠣᠨ᠎ᠤ ᠵᠥᠭᠡᠯᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠡᠳᠦᠪ᠎ᠤᠨ ᠰᠡᠳᠦᠪ ᠰᠣᠩᠭᠣᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2022-08-12


      ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠨᠢᠭᠡᠴᠡ᠄
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠲᠤᠬᠠᠶ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠠᠬᠢᠭᠤᠯᠤᠨ ᠪᠣᠳᠠᠲᠠᠢ᠌ᠵᠢᠭᠤᠯᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠠᠬᠢᠭᠤᠯᠤᠨ ᠬᠡᠷᠡᠭᠵᠢᠭᠦᠯᠵᠦ᠂ ᠰᠢᠨ᠎ᠡ ᠵᠢ ᠡᠭᠦᠳᠬᠦ ᠬᠡᠯᠪᠡᠷᠢ ᠵᠢᠨ ᠥᠪᠥᠷ ᠮᠣᠩᠭᠣᠯ᠎ᠢ ᠲᠦᠷᠭᠡᠳᠬᠡᠨ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠬᠦ ᠴᠢᠬᠤᠯᠠ ᠶᠡᠬᠡ ᠠᠰᠠᠭᠤᠳᠠᠯ᠎ᠤᠨ ᠰᠤᠳᠤᠯᠤᠯ᠎ᠢ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠡᠳᠦᠭᠡ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠥᠬᠥᠶ ᠨᠢᠭᠡᠴᠢ᠎ᠠᠴᠠ 2023 ᠣᠨ᠎ᠤ ᠵᠥᠭᠡᠯᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠡᠳᠦᠪ᠎ᠤᠨ ᠰᠡᠳᠦᠪ᠎ᠢ ᠴᠤᠭᠯᠠᠭᠤᠯᠤᠨ᠎ᠠ  ᠃ ᠪᠣᠳᠠᠲᠠᠶ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠄
          ᠨᠢᠭᠡ᠂ ᠡᠯᠰᠡᠬᠦ ᠴᠢᠭᠯᠡᠯ
        ᠰᠡᠳᠦᠪ ᠰᠣᠩᠭᠣᠬᠤ᠎ᠳᠠᠭᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠬᠤ ᠬᠡᠷᠡᠭᠲᠡᠶ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ᠂ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠬᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠤᠶ᠎ᠠ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠤᠨ᠎ᠠ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ ᠭᠠᠵᠠᠷ》᠂ 《ᠨᠢᠭᠡ ᠬᠥᠭᠥᠷᠭᠡᠨ ᠪᠡᠬᠢᠯᠡᠯᠲᠡ》 ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠪᠠᠷᠢᠮᠲᠠᠯᠠᠨ᠎ᠠ᠂ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠪᠣᠳᠠᠲᠠᠶ᠎ᠲᠠᠢ ᠤᠶᠠᠯᠳᠤᠭᠤᠯᠤᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠲᠠᠢ ᠤᠶᠠᠯᠳᠤᠭᠤᠯᠤᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ ᠠᠵᠤ ᠠᠬᠤᠶ ᠨᠡᠢ᠌ᠭᠡᠮ᠎ᠤᠨ ᠬᠥᠭᠵᠢᠯᠲᠡ ᠵᠢ ᠠᠬᠢᠭᠤᠯᠤᠨ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢᠯᠡᠴᠢᠯᠡᠭᠡᠨ᠎ᠤ ᠴᠢᠨᠠᠷ ᠰᠠᠢ᠌ᠲᠠᠶ ᠬᠥᠭᠵᠢᠯᠲᠡ ᠵᠡᠷᠭᠡ ᠭᠣᠤᠯ ᠴᠢᠭᠯᠡᠯ᠂ ᠳᠦᠷᠢᠮ᠎ᠤᠨ ᠰᠢᠨ᠎ᠡ ᠡᠭᠦᠳᠦᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠂ ᠠᠵᠤ ᠠᠬᠤᠶ ᠵᠢᠨ ᠬᠥᠭᠵᠢᠯᠲᠡ ᠵᠢᠨ ᠬᠡᠯᠪᠡᠷᠢ ᠵᠢᠨ ᠬᠤᠪᠢᠷᠠᠯᠲᠠ᠂ ᠰᠢᠨ᠎ᠡ ᠵᠢ ᠡᠭᠦᠳᠬᠦ ᠲᠦᠷᠦ ᠵᠢᠨ ᠪᠤᠳᠤᠯᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ᠂ ᠦᠢᠯᠡᠳᠪᠦᠷᠢᠯᠡᠬᠦ ᠵᠢᠭ᠋ᠠᠬᠤ ᠰᠤᠳᠤᠯᠬᠤ ᠬᠠᠮᠲᠤᠷᠠᠯᠴᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡᠨ᠎ᠤ ᠵᠦᠢ᠍ᠯᠡᠰ᠎ᠤᠨ ᠬᠠᠮᠢᠶᠠᠷᠤᠯᠲᠠ᠂ ᠦᠷ᠎ᠡ ᠪᠦᠲᠦᠭᠡᠯ᠎ᠢ ᠬᠤᠪᠢᠷᠠᠭᠤᠯᠬᠤ᠂ ᠲᠠᠪᠴᠠᠩ᠎ᠤᠨ ᠪᠠᠢ᠌ᠭᠤᠯᠤᠯᠲᠠ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠴᠤᠭᠯᠠᠷᠠᠯ᠎ᠢ ᠪᠣᠢ᠌ᠵᠢᠭᠤᠯᠬᠤ᠂ ᠡᠷᠳᠡᠮ ᠰᠢᠨᠵᠢᠯᠡᠭᠡᠨ᠎ᠤ ᠦᠨᠡᠯᠡᠯᠲᠡ᠂ ᠡᠷᠳᠡᠮ ᠰᠢᠨᠵᠢᠯᠡᠭᠡᠨ᠎ᠤ ᠦᠨᠡᠨᠴᠢ ᠢᠲᠡᠭᠡᠮᠵᠢ᠂ ᠣᠷᠣᠨ ᠪᠦᠰᠡ ᠵᠢᠨ ᠰᠢᠨ᠎ᠡ ᠵᠢ ᠡᠭᠦᠳᠬᠦ ᠬᠥᠭᠵᠢᠯᠲᠡ ᠵᠡᠷᠭᠡ ᠬᠠᠯᠠᠭᠤᠨ ᠴᠡᠭ᠂ ᠬᠦᠴᠢᠷ ᠠᠰᠠᠭᠤᠳᠠᠯ᠂ ᠤᠷᠢᠳᠠᠴᠢ ᠴᠢᠨᠠᠷ ᠪᠠ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ ᠰᠡᠳᠦᠪ ᠰᠣᠩᠭᠣᠬᠤ ᠰᠠᠨᠠᠭᠤᠯᠭ᠎ᠠ ᠳᠤᠷᠠᠳᠬᠤ  ᠃
        ᠬᠣᠶᠠᠷ᠂ ᠡᠯᠰᠡᠬᠦ ᠱᠠᠭ᠋ᠠᠷᠳᠠᠯᠭ᠎ᠠ
      1 . ᠰᠡᠳᠦᠪ ᠰᠣᠩᠭᠣᠬᠤ᠎ᠳᠠᠭᠠᠨ ᠳᠡᠭᠡᠳᠦ ᠬᠡᠮᠵᠢᠶ᠎ᠡ᠎ᠪᠠᠷ ᠠᠪᠰᠠᠷᠬᠠᠨ ᠪᠠᠢ᠌ᠵᠤ᠂ ᠨᠡᠯᠢᠶᠡᠳ ᠴᠢᠩᠭ᠎ᠠ ᠣᠨᠣᠯ᠎ᠤᠨ ᠴᠢᠨᠠᠷ᠎ᠲᠠᠢ ᠪᠠᠢ᠌ᠬᠤ ᠬᠡᠷᠡᠭᠲᠡᠶ  ᠃
      2 . ᠰᠡᠳᠦᠪ ᠰᠣᠩᠭᠣᠬᠤ᠎ᠳᠠᠭᠠᠨ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠪᠠᠷᠠᠯᠠᠬᠢᠯᠠᠯᠳᠤ ᠴᠢᠨᠠᠷ᠂ ᠪᠦᠬᠦ ᠲᠠᠯᠠᠲᠤ ᠴᠢᠨᠠᠷ᠂ ᠪᠠᠢ᠌ᠯᠳᠤᠬᠤ ᠪᠤᠳᠤᠯᠭ᠎ᠠ ᠵᠢᠨ ᠴᠢᠨᠠᠷ᠎ᠢ ᠲᠤᠪᠤᠢ᠍ᠢ᠍ᠯᠭ᠋ᠠᠨ᠂ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠵᠢ ᠲᠤᠯᠭ᠋ᠠᠭᠤᠷᠢᠯᠠᠬᠤ᠂ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠎ᠳᠤ ᠦᠢ᠍ᠯᠡᠴᠢᠯᠡᠬᠦ ᠵᠣᠷᠢᠯᠲᠠ ᠵᠢ ᠭᠦᠢ᠍ᠴᠡᠳ ᠢᠯᠡᠷᠡᠭᠦᠯᠬᠦ ᠬᠡᠷᠡᠭᠲᠡᠢ  ᠃
       3 . ᠰᠡᠳᠦᠪ ᠰᠣᠩᠭᠣᠬᠤ᠎ᠳᠠᠭᠠᠨ ᠬᠠᠨᠳᠤᠯᠭ᠋ᠠᠲᠤ ᠴᠢᠨᠠᠷ ᠪᠠ ᠵᠢᠯᠣᠭᠣᠳᠬᠤ ᠴᠢᠨᠠᠷ᠎ᠢ ᠳᠣᠪᠣᠢ᠌ᠯᠭ᠋ᠠᠵᠤ᠂ ᠨᠡᠯᠢᠶᠡᠳ ᠴᠢᠩᠭ᠎ᠠ ᠦᠢᠯᠡᠳᠦᠯᠭᠡ ᠵᠢᠨ ᠠᠴᠢ ᠬᠣᠯᠪᠣᠭᠳᠠᠯ᠎ᠲᠠᠢ ᠪᠠᠢ᠌ᠬᠤ ᠬᠡᠷᠡᠭᠲᠡᠶ  ᠃
      4 . ᠡᠯ᠎ᠡ ᠨᠢᠭᠡᠴᠡ ᠵᠢᠨ ᠰᠣᠩᠭᠣᠨ ᠲᠠᠨᠢᠯᠴᠠᠭᠤᠯᠬᠤ ᠰᠡᠳᠦᠪ ᠡᠩ᠎ᠤᠨ ᠪᠠᠢ᠌ᠳᠠᠯ᠎ᠳᠤ 10 ᠵᠦᠢ᠍ᠯ᠎ᠠᠴᠠ ᠢᠯᠡᠭᠦᠦ ᠪᠠᠢ᠌ᠵᠤ ᠪᠣᠯᠬᠤ ᠦᠭᠡᠶ  ᠃ ᠰᠡᠳᠦᠪ ᠰᠣᠩᠭᠣᠬᠤ ᠰᠠᠨᠠᠭᠤᠯᠭ᠎ᠠ ᠪᠦᠷᠢ᠎ᠨᠢ 300 ᠦᠰᠦᠭ ᠳᠣᠲᠣᠷᠠᠬᠢ ᠰᠤᠳᠤᠯᠭ᠋ᠠᠨ᠎ᠤ ᠭᠣᠤᠯᠳᠠᠯᠭ᠎ᠠ ᠵᠢ ᠬᠠᠩᠭ᠋ᠠᠬᠤ ᠬᠡᠷᠡᠭᠲᠡᠶ  ᠃
      ᠭᠤᠷᠪᠠ᠂ ᠮᠡᠳᠡᠭᠦᠯᠦᠨ ᠬᠦᠷᠭᠡᠬᠦ ᠠᠷᠭ᠎ᠠ ᠮᠠᠶᠢᠭ
      ᠡᠯ᠎ᠡ ᠬᠣᠯᠪᠣᠭᠳᠠᠯ ᠪᠥᠬᠥᠶ ᠨᠢᠭᠡᠴᠢ ᠨᠠᠷᠢᠨ ᠬᠢᠨᠠᠮᠠᠭ᠋ᠠᠶ ᠵᠣᠬᠢᠶᠠᠨ ᠪᠠᠢ᠌ᠭᠤᠯᠵᠤ᠂ ᠢᠳᠡᠪᠬᠢᠲᠡᠶ ᠣᠷᠣᠯᠴᠠᠨ᠂ 《2023 ᠣᠨ᠎ᠤ ᠥᠪᠡᠷᠲᠡᠭᠡᠨ ᠵᠠᠰᠠᠬᠤ ᠣᠷᠣᠨ᠎ᠤ ᠵᠥᠭᠡᠯᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠡᠳᠦᠪ᠎ᠤᠨ ᠰᠡᠳᠦᠪ ᠡᠯᠰᠡᠬᠦ ᠬᠦᠰᠦᠨᠦᠭᠲᠦ》 (ᠳᠠᠭ᠋ᠠᠯᠳᠤᠭᠤᠯᠤᠯ᠎ᠳᠤ ᠦᠵᠡ) ᠵᠢ ᠲᠠᠭᠯᠠᠵᠤ᠂ 2023 ᠣᠨ᠎ᠤ 8 ᠳ᠋ᠤᠭ᠋ᠠᠷ ᠰᠠᠷ᠎ᠠ ᠵᠢᠨ 26᠎ᠤ ᠡᠳᠦᠷ᠎ᠠᠴᠠ ᠡᠮᠦᠨ᠎ᠡ ᠰᠡᠳᠦᠪ ᠡᠯᠰᠡᠬᠦ ᠬᠦᠰᠦᠨᠦᠭᠲᠦ ᠵᠢ ᠲᠣᠭᠲᠠᠭᠰᠠᠨ ᠢᠮᠧᠯ᠎ᠳᠤ ᠢᠯᠡᠭᠡᠭᠡᠷᠡᠶ  ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠠᠴᠠ ᠬᠣᠯᠪᠣᠭᠳᠠᠯ ᠪᠥᠬᠥᠶ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠰᠡᠳᠦᠪ ᠰᠣᠩᠭᠣᠬᠤ ᠰᠠᠨᠠᠭᠤᠯᠭ᠎ᠠ ᠵᠢ ᠰᠢᠭᠰᠢᠨ ᠨᠤᠲᠠᠯᠠᠵᠤ᠂ ᠰᠢᠯᠢᠳᠡᠭ᠎ᠢ᠎ᠨᠢ ᠰᠣᠩᠭᠣᠨ ᠠᠯᠢ ᠣᠯᠠᠨ ᠰᠡᠳᠦᠪ ᠰᠣᠩᠭᠣᠬᠤ ᠵᠢ 2023 ᠣᠨ᠎ᠤ ᠰᠤᠳᠤᠯᠬᠤ ᠲᠥᠷᠥᠯ ᠵᠦᠢᠯ᠎ᠳᠤ ᠵᠢᠭᠰᠠᠭ᠋ᠠᠨ ᠣᠷᠣᠭᠤᠯᠤᠨ᠎ᠠ  ᠃
     

      ᠬᠠᠷᠢᠯᠴᠠᠬᠤ ᠬᠥᠮᠦᠨ᠄ ᠰᠦᠨ ᠶᠦᠨ ᠰᠢᠶᠠ ᠬᠠᠷᠢᠯᠴᠠᠬᠤ ᠤᠲᠠᠰᠤ᠄ 0471 - 6328711᠂ 15848136696
        ᠰᠢᠦᠳᠠᠨ ᠬᠠᠢ᠌ᠷᠴᠠᠭ᠄ newlgw @ 163 . com  

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠵᠢᠷᠭᠤᠳᠤᠭ᠋ᠠᠷ ᠪᠦᠯᠦᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠤᠨ ᠨᠡᠷᠡᠰ᠎ᠢ ᠢᠯᠡ ᠨᠡᠢ᠌ᠲᠡᠯᠡᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ 2022 ᠣᠨ᠎ᠤ ᠥᠪᠥᠷ ᠮᠣᠩᠭᠣᠯ᠎ᠤᠨ ᠰᠢᠨ᠎ᠡ ᠵᠢ ᠡᠭᠦᠳᠬᠦ ᠠᠷᠭ᠎ᠠ ᠵᠢᠨ ᠤᠷᠤᠯᠳᠤᠭ᠋ᠠᠨ ᠶᠡᠬᠡ ᠳᠡᠭᠡᠳᠦ ᠰᠤᠷᠭ᠋ᠠᠭᠤᠯᠢ ᠵᠢᠨ ᠤᠷᠤᠯᠳᠤᠭ᠋ᠠᠨ ᠪᠠ ᠰᠢᠨ᠎ᠡ ᠵᠢ ᠡᠭᠦᠳᠬᠦ ᠠᠷᠭ᠎ᠠ ᠵᠢ ᠲᠦᠭᠡᠮᠡᠯᠵᠢᠭᠦᠯᠦᠨ ᠳᠡᠯᠭᠡᠷᠡᠭᠦᠯᠬᠦ ᠵᠢᠴᠢ ᠴᠢᠳᠠᠪᠤᠷᠢ ᠵᠢᠨ ᠪᠠᠢ᠌ᠭᠤᠯᠤᠯᠲᠠ ᠵᠢᠨ ᠪᠣᠯᠪᠠᠰᠤᠷᠠᠭᠤᠯᠤᠯ᠎ᠤᠨ ᠦᠢᠯᠡᠴᠢᠯᠡᠭᠡᠨ᠎ᠤ ᠲᠥᠷᠥᠯ ᠵᠦᠢᠯ᠎ᠤᠨ ᠥᠷᠢᠰᠥᠯᠳᠦᠭᠡᠨ᠎ᠤ ᠴᠢᠨᠠᠷᠲᠠᠶ ᠵᠥᠪᠳᠡᠯᠴᠡᠨ ᠬᠤᠳᠠᠯᠳᠤᠨ ᠠᠪᠬᠤ ᠠᠯᠪᠠᠨ ᠵᠠᠷ (ᠭᠤᠷᠪᠠ ᠤᠳᠠᠭ᠎ᠠ)
ᠠᠷᠪᠠᠨ ᠬᠣᠶᠠᠳᠤᠭ᠋ᠠᠷ ᠪᠦᠯᠦᠭ᠎ᠤᠨ 《ᠲᠠᠯ᠎ᠠ ᠨᠤᠲᠤᠭ᠎ᠤᠨ ᠴᠢᠳᠠᠪᠤᠷᠢᠲᠠᠨ》᠎ᠤ ᠬᠤᠪᠢ ᠬᠥᠮᠦᠨ ᠪᠠ ᠪᠦᠯᠬᠦᠮ᠎ᠢ ᠲᠠᠨᠢᠯᠴᠠᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠵᠠᠷᠯᠠᠯ
ᠲᠠᠷᠢᠶᠠᠯᠠᠩ ᠮᠠᠯ ᠠᠵᠤ ᠠᠬᠤᠶ᠂ ᠡᠨᠧᠷᠭᠢ ᠵᠢᠨ ᠬᠦᠷᠢᠶᠡᠨ᠎ᠤ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠰᠢᠯᠢᠳᠡᠭᠵᠢᠭᠦᠯᠦᠨ ᠳᠠᠬᠢᠨ ᠪᠠᠢ᠌ᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠳᠣᠯᠣᠳᠤᠭ᠋ᠠᠷ ᠪᠦᠯᠦᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠤᠨ ᠨᠡᠷᠡᠰ᠎ᠢ ᠢᠯᠡ ᠨᠡᠢ᠌ᠲᠡᠯᠡᠬᠦ ᠲᠤᠬᠠᠶ ᠮᠡᠳᠡᠭᠳᠡᠯ
 
            