ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠵᠢᠴᠢ ᠬᠣᠯᠪᠣᠭᠳᠠᠯ ᠪᠦᠬᠦᠢ ᠨᠢᠭᠡᠴᠡ᠄
ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠡᠭᠦᠷᠭᠡ ᠬᠠᠷᠢᠭᠤᠴᠠᠯᠭ᠎ᠠ ᠵᠢᠨ ᠪᠠᠢ᠌ᠷᠢ ᠲᠣᠭᠲᠠᠭ᠋ᠠᠯᠲᠠ ᠣᠨᠣᠪᠴᠢ ᠥᠬᠡᠶ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠢᠷᠢ ᠲᠦᠪᠰᠢᠨ ᠪᠠ ᠬᠤᠪᠢ ᠨᠡᠮᠡᠷᠢ ᠦᠵᠡᠭᠦᠯᠬᠦ ᠴᠢᠳᠠᠪᠤᠷᠢ ᠳᠣᠤᠷ᠎ᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠩᠨᠡᠭᠡ ᠪᠠᠭᠤᠷᠠᠶ ᠪᠠᠢ᠌ᠬᠤ ᠵᠡᠷᠭᠡ ᠠᠰᠠᠭᠤᠳᠠᠯ᠎ᠢ ᠰᠢᠢᠳᠪᠦᠷᠢᠯᠡᠵᠦ᠂ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠦᠢᠯᠡᠳᠦᠯ᠎ᠢ ᠨᠠᠩ ᠰᠠᠢ᠌ᠲᠤᠷ ᠪᠠᠳᠠᠷᠠᠭᠤᠯᠬᠤ ᠵᠢᠨ ᠲᠥᠯᠥᠭᠡ᠂ ᠮᠠᠨ᠎ᠤ ᠲᠢᠩᠬᠢᠮ ᠬᠣᠶᠠᠷ ᠵᠢᠯ᠎ᠤᠨ ᠴᠠᠭ᠎ᠢ ᠬᠡᠷᠡᠭᠰᠡᠵᠦ᠂ ᠲᠡᠭᠦᠯᠳᠡᠷᠵᠢᠭᠦᠯᠬᠦ᠂ ᠲᠣᠬᠢᠷᠠᠭᠤᠯᠬᠤ᠂ ᠡᠮᠬᠢᠯᠡᠨ ᠨᠡᠢ᠌ᠯᠡᠭᠦᠯᠬᠦ᠂ ᠬᠦᠴᠦᠨ ᠥᠬᠡᠶ ᠪᠣᠯᠭ᠋ᠠᠬᠤ ᠵᠢᠴᠢ ᠰᠢᠨ᠎ᠡ᠎ᠪᠠᠷ ᠪᠠᠢ᠌ᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠰᠢᠯᠢᠳᠡᠭᠵᠢᠭᠦᠯᠦᠨ ᠳᠠᠬᠢᠨ ᠪᠠᠢ᠌ᠭᠤᠯᠬᠤ ᠠᠵᠢᠯ᠎ᠢ ᠪᠦᠯᠦᠭ ᠪᠦᠯᠦᠭ ᠬᠦᠷᠢᠶ᠎ᠡ ᠴᠠᠷᠠᠭ᠎ᠠ ᠬᠤᠪᠢᠶᠠᠨ ᠥᠷᠨᠢᠭᠦᠯᠵᠦ᠂ 《ᠪᠠᠢ᠌ᠷᠢ ᠲᠣᠭᠲᠠᠭ᠋ᠠᠯᠲᠠ᠎ᠨᠢ ᠲᠣᠳᠣᠷᠬᠠᠶ᠂ ᠪᠠᠢ᠌ᠷᠢᠰᠢᠯ᠎ᠨᠢ ᠵᠦᠶ ᠵᠣᠬᠢᠰᠲᠠᠶ᠂ ᠰᠠᠭᠤᠷᠢᠨ᠎ᠢ ᠯᠠᠪᠳᠠᠭᠤᠨ ᠪᠠᠲᠤᠲᠠᠶ᠂ ᠲᠣᠭᠲᠠᠴᠠ᠎ᠨᠢ ᠰᠢᠨ᠎ᠡ ᠵᠢ ᠡᠭᠦᠳᠬᠦ᠂ ᠪᠠᠲᠤᠯᠠᠭ᠎ᠠ᠎ᠨᠢ ᠬᠦᠴᠦᠲᠡᠶ》 ᠪᠠᠢ᠌ᠬᠤ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠰᠢᠰᠲ᠋ᠧᠮᠵᠢ ᠵᠢ ᠬᠦᠴᠦᠯᠡᠨ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠶ ᠬᠥᠭᠵᠢᠯᠲᠡ᠎ᠳᠤ ᠬᠦᠴᠦᠲᠡᠶ ᠃ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠭᠣᠣᠯᠳᠠᠯᠭ᠎ᠠ᠎ᠲᠠᠢ ᠠᠵᠢᠯ
(ᠨᠢᠭᠡ) ᠡᠯ᠎ᠡ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠪᠥᠲᠥᠭᠡᠨ ᠪᠠᠢ᠌ᠭᠤᠯᠤᠯᠲᠠ ᠬᠢᠭᠡᠳ ᠠᠵᠢᠯᠯᠠᠭ᠋ᠠᠨ᠎ᠤ ᠬᠠᠮᠢᠶᠠᠷᠤᠯᠲᠠ ᠵᠢᠨ ᠠᠷᠭ᠎ᠠ》 (ᠥᠪᠥᠷ ᠰᠠᠯᠠᠭ᠎ᠠ ᠲᠠᠷᠬᠠᠭ᠋ᠠᠭᠰᠠᠨ 202234 ᠳ᠋ᠦ᠍ᠭᠡᠷ ᠲᠣᠭ᠋ᠠᠲᠤ) ᠪᠠ (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ) 《ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠰᠢᠯᠢᠳᠡᠭᠵᠢᠭᠦᠯᠦᠨ ᠳᠠᠬᠢᠨ ᠪᠠᠢ᠌ᠭᠤᠯᠬᠤ ᠲᠥᠰᠦᠯ》 (ᠳᠣᠷᠣᠭᠰᠢ 《ᠳᠠᠬᠢᠨ ᠪᠠᠢ᠌ᠭᠤᠯᠬᠤ ᠲᠥᠰᠦᠯ》 ᠭᠡᠵᠦ ᠲᠣᠪᠴᠢᠯᠠᠨ᠎ᠠ) (ᠳᠠᠭ᠋ᠠᠯᠳᠤᠭᠤᠯᠤᠯ 1 ᠵᠢ ᠦᠵᠡ) ᠵᠢᠨ ᠱᠠᠭ᠋ᠠᠷᠳᠠᠯᠭ᠎ᠠ᠎ᠲᠠᠢ ᠬᠠᠷᠢᠴᠠᠭᠤᠯᠤᠨ᠎ᠠ᠂ ᠲᠤᠰ ᠪᠡᠶ᠎ᠡ ᠵᠢᠨ ᠪᠠᠢ᠌ᠭᠤᠯᠤᠯᠲᠠ ᠪᠣᠯᠤᠨ ᠠᠵᠢᠯᠯᠠᠭ᠋ᠠᠨ᠎ᠤ ᠪᠠᠢ᠌ᠳᠠᠯ᠎ᠢ ᠬᠢᠨᠠᠮᠠᠭ᠋ᠠᠶ ᠵᠠᠳᠠᠯᠬᠤ ᠬᠡᠷᠡᠭᠲᠡᠶ᠂ ᠪᠦᠲᠦᠭᠡᠨ ᠪᠠᠢ᠌ᠭᠤᠯᠤᠯᠲᠠ ᠵᠢᠨ ᠪᠠᠢ᠌ᠷᠢ ᠲᠣᠭᠲᠠᠭ᠋ᠠᠯᠲᠠ ᠪᠠ ᠠᠴᠢ ᠬᠣᠯᠪᠣᠭᠳᠠᠯ᠂ ᠪᠦᠲᠦᠭᠡᠨ ᠪᠠᠢ᠌ᠭᠤᠯᠤᠯᠲᠠ ᠵᠢᠨ ᠰᠠᠭᠤᠷᠢ᠂ ᠬᠥᠭᠵᠢᠯᠲᠡ ᠵᠢᠨ ᠬᠠᠷᠠᠯᠲᠠ ᠬᠢᠭᠡᠳ ᠭᠣᠤᠯᠳᠠᠯᠭ᠎ᠠ᠎ᠲᠠᠢ ᠡᠭᠦᠷᠭᠡ᠂ ᠭᠦᠢ᠍ᠴᠡᠳᠬᠡᠬᠦ ᠬᠠᠮᠢᠶᠠᠷᠤᠯᠲᠠ᠂ ᠠᠵᠢᠯᠲᠠᠨ᠎ᠤ ᠡᠩᠨᠡᠭᠡ᠂ ᠨᠥᠬᠥᠴᠡᠯ᠎ᠤᠨ ᠪᠠᠲᠤᠯᠠᠭ᠎ᠠ ᠵᠡᠷᠭᠡ ᠲᠠᠯ᠎ᠠ᠎ᠪᠠᠷ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠬᠥᠭᠵᠢᠯᠲᠡ ᠵᠢ ᠳᠠᠬᠢᠨ ᠬᠢᠨᠠᠨ ᠦᠵᠡᠨ᠎ᠡ᠂ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ᠎ᠪᠠᠨ ᠡᠷᠢᠬᠦ᠂ ᠴᠡᠭᠴᠡᠯᠡᠨ ᠰᠠᠢ᠌ᠵᠢᠷᠠᠭᠤᠯᠵᠤ ᠳᠡᠭᠡᠭᠰᠢᠯᠡᠭᠦᠯᠬᠦ ᠵᠢ ᠲᠦᠷᠭᠡᠳᠬᠡᠨ᠎ᠡ᠂ ᠡᠭᠦᠨ᠎ᠤ ᠬᠠᠮᠲᠤ ᠵᠣᠬᠢᠶᠠᠨ ᠪᠠᠢ᠌ᠭᠤᠯᠬᠤ ᠲᠥᠰᠦᠯ (ᠳᠠᠭ᠋ᠠᠯᠳᠤᠭᠤᠯᠤᠯ ᠬᠦᠰᠦᠨᠦᠭᠲᠦ ᠪᠠᠭᠲᠠᠨ᠎ᠠ)᠎ᠢ ᠪᠦᠷᠢᠯᠳᠦᠭᠦᠯᠦᠨ᠎ᠡ᠂ 15 ᠮᠢᠨᠦ᠋ᠲ᠎ᠤᠨ ppt ᠨᠣᠮ ᠬᠠᠶᠠᠯᠴᠠᠭ᠋ᠠᠨᠤ ᠸᠢᠳᠢᠣ᠋ ᠰᠢᠩᠭᠡᠭᠡᠨ ᠦᠢᠯᠡᠳᠬᠦ ᠃
(ᠬᠣᠶᠠᠷ) ᠡᠯ᠎ᠡ ᠲᠦᠰᠢᠭ ᠨᠢᠭᠡᠴᠡ᠎ᠨᠢ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠪᠥᠲᠥᠭᠡᠨ ᠪᠠᠢ᠌ᠭᠤᠯᠬᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠦᠨᠡᠨᠬᠦ ᠡᠭᠦᠷᠭᠡᠯᠡᠵᠦ᠂ ᠰᠢᠯᠢᠳᠡᠭᠵᠢᠭᠦᠯᠦᠨ ᠳᠠᠬᠢᠨ ᠪᠠᠢ᠌ᠭᠤᠯᠬᠤ ᠵᠢᠨ ᠴᠢᠬᠤᠯᠠ ᠴᠢᠨᠠᠷ᠎ᠢ ᠭᠦᠢᠴᠡᠳ ᠲᠠᠨᠢᠵᠤ᠂ 《ᠬᠠᠮᠢᠶᠠᠷᠤᠯᠲᠠ ᠵᠢᠨ ᠠᠷᠭ᠎ᠠ》 ᠪᠠ 《ᠳᠠᠬᠢᠨ ᠪᠠᠢ᠌ᠭᠤᠯᠬᠤ ᠲᠥᠰᠦᠯ》᠎ᠤᠨ ᠱᠠᠭ᠋ᠠᠷᠳᠠᠯᠭ᠎ᠠ ᠶᠣᠰᠣᠭ᠋ᠠᠷ᠂ ᠬᠠᠷᠢᠶ᠎ᠠ ᠪᠥᠬᠥᠶ ᠡᠯ᠎ᠡ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠲᠡᠭᠦᠯᠳᠡᠷᠵᠢᠭᠦᠯᠬᠦ᠂ ᠳᠣᠭᠢᠷᠠᠭᠤᠯᠬᠤ ᠪᠠ ᠡᠮᠬᠢᠯᠡᠨ ᠨᠡᠢ᠌ᠯᠡᠭᠦᠯᠵᠦ᠂ ᠲᠣᠰ ᠨᠢᠭᠡᠴᠡ ᠵᠢᠨ ᠰᠢᠯᠢᠳᠡᠭᠵᠢᠭᠦᠯᠦᠨ ᠳᠠᠬᠢᠨ ᠪᠠᠢ᠌ᠭᠤᠯᠵᠤ ᠵᠠᠳᠠᠯᠤᠯᠲᠠ ᠬᠢᠭᠰᠡᠨ ᠮᠡᠳᠡᠭᠦᠯᠦᠯᠲᠡ (ᠪᠣᠶ ᠪᠥᠬᠥᠶ ᠬᠦᠷᠢᠶ᠎ᠡ ᠴᠠᠷᠠᠭ᠎ᠠ ᠪᠠᠭᠲᠠᠨ᠎ᠠ) ᠵᠢ ᠪᠦᠷᠢᠯᠳᠦᠭᠦᠯᠦᠨ᠎ᠡ ᠃
(ᠭᠤᠷᠪᠠ) ᠡᠯ᠎ᠡ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠣᠰ ᠤᠳᠠᠭ᠋ᠠᠨ᠎ᠤ ᠰᠢᠯᠢᠳᠡᠭᠵᠢᠭᠦᠯᠦᠨ ᠳᠠᠬᠢᠨ ᠪᠠᠢ᠌ᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠎ᠤᠨ ᠡᠯ᠎ᠡ ᠬᠦᠷᠢᠶ᠎ᠡ ᠴᠠᠷᠠᠭ᠎ᠠ ᠵᠢᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠪᠠᠢ᠌ᠭᠤᠯᠤᠭᠰᠠᠨ ᠪᠠᠢ᠌ᠳᠠᠯ᠎ᠢ ᠬᠢᠨᠠᠮᠠᠭ᠋ᠠᠶ ᠡᠮᠬᠢᠯᠡᠨ ᠳᠢᠭᠯᠡᠵᠦ᠂ ᠡᠯ᠎ᠡ ᠨᠢᠭᠡᠴᠡ᠎ᠳᠡᠭᠡᠨ ᠲᠦᠰᠢᠭᠯᠡᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠰᠢᠯᠢᠳᠡᠭᠵᠢᠭᠦᠯᠦᠨ ᠳᠠᠬᠢᠨ ᠪᠠᠢ᠌ᠭᠤᠯᠬᠤ ᠠᠵᠢᠯ᠎ᠢ ᠰᠠᠢ᠌ᠲᠤᠷ ᠬᠢᠬᠦ ᠵᠢ ᠵᠢᠯᠣᠭᠣᠳᠤᠨ ᠠᠬᠢᠭᠤᠯᠵᠤ᠂ ᠬᠢᠨᠠᠨ ᠬᠠᠷᠭᠤᠭᠤᠯᠵᠤ ᠰᠠᠢ᠌ᠲᠤᠷ ᠠᠳᠬᠤᠬᠤ ᠬᠡᠷᠡᠭᠲᠡᠶ ᠃
(ᠳᠥᠷᠪᠡ) ᠬᠣᠶᠠᠷ ᠵᠢᠯ᠎ᠤᠨ ᠳᠠᠬᠢᠨ ᠵᠣᠬᠢᠶᠠᠨ ᠪᠠᠢ᠌ᠭᠤᠯᠬᠤ ᠬᠤᠭᠤᠴᠠᠭ᠋ᠠᠨ᠎ᠳᠤ᠂ ᠡᠯ᠎ᠡ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠳ ᠲᠣᠭ᠎ᠠ ᠹᠢᠽᠢᠺ᠂ ᠬᠢᠮᠢ᠂ ᠣᠳᠣᠨ ᠣᠷᠣᠨ ᠬᠢᠭᠡᠳ ᠣᠷᠣᠨ ᠵᠠᠶ᠂ ᠳᠡᠯᠡᠬᠡᠶ ᠵᠢᠨ ᠪᠥᠮᠪᠥᠷᠴᠡᠭ᠎ᠤᠨ ᠰᠢᠨᠵᠢᠯᠡᠬᠦ ᠤᠬᠠᠭ᠋ᠠᠨ᠂ ᠣᠷᠴᠢᠨ ᠲᠣᠭᠣᠷᠢᠨ᠂ ᠠᠮᠢᠳᠤ ᠪᠣᠳᠠᠰ᠂ ᠡᠮ ᠡᠮᠨᠡᠯᠭᠡ᠂ ᠲᠠᠷᠢᠶᠠᠯᠠᠩ ᠮᠠᠯ ᠠᠵᠤ ᠠᠬᠤᠶ᠂ ᠮᠡᠳᠡᠭᠡ ᠵᠠᠩᠭᠢ᠂ ᠮᠠᠲ ᠧᠷᠢᠶᠠᠯ᠂ ᠦᠢ᠍ᠯᠡᠳᠬᠦ᠂ ᠢᠨᠵᠧᠨᠧᠷᠢᠩ᠂ ᠡᠨᠧᠷᠭᠢ ᠵᠡᠷᠭᠡ ᠬᠦᠷᠢᠶᠡᠨ᠎ᠳᠤ ᠬᠠᠷᠢᠶᠠᠯᠠᠭᠳᠠᠬᠤ ᠰᠤᠳᠤᠯᠭ᠋ᠠᠨ᠎ᠤ ᠬᠦᠷᠢᠶ᠎ᠡ᠎ᠪᠠᠨ ᠲᠣᠭᠲᠠᠭ᠋ᠠᠬᠤ ᠵᠢᠨ ᠬᠠᠮᠲᠤ ᠵᠥᠪᠬᠡᠨ ᠨᠢᠭᠡ ᠤᠳᠠᠭ᠎ᠠ ᠰᠢᠯᠢᠳᠡᠭᠵᠢᠭᠦᠯᠦᠨ ᠳᠠᠬᠢᠨ ᠵᠣᠬᠢᠶᠠᠨ ᠪᠠᠢ᠌ᠭᠤᠯᠬᠤ᠎ᠳᠤ ᠣᠷᠣᠯᠴᠠᠵᠤ᠂ ᠬᠣᠶᠠᠷ ᠵᠢᠯ᠎ᠤᠨ ᠳᠠᠷᠠᠭ᠎ᠠ ᠰᠢᠯᠢᠳᠡᠭᠵᠢᠭᠦᠯᠦᠨ ᠳᠠᠬᠢᠨ ᠵᠣᠬᠢᠶᠠᠨ ᠪᠠᠢ᠌ᠭᠤᠯᠬᠤ᠎ᠳᠤ ᠣᠷᠣᠯᠴᠠᠭᠰᠠᠨ ᠦᠭᠡᠶ ᠲᠤᠷᠰᠢᠯᠲᠠ ᠵᠢᠨ ᠲᠠᠰᠤᠭ᠎ᠢ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠬᠢᠷᠢ ᠬᠡᠮ᠎ᠢ ᠠᠶᠠᠨᠳᠠᠭ᠋ᠠᠨ ᠬᠠᠶᠠᠭᠰᠠᠨ ᠵᠶ᠋ᠠᠷ ᠦᠵᠡᠨ᠎ᠡ ᠃
(ᠲᠠᠪᠤ ) ᠡᠯ᠎ᠡ ᠨᠢᠭᠡᠴᠡ᠎ᠨᠦᠭᠦᠳ ᠰᠢᠨ᠎ᠡ᠎ᠪᠠᠷ ᠲᠠᠷᠢᠶᠠᠯᠠᠩ ᠮᠠᠯ ᠠᠵᠤ ᠠᠬᠤᠶ᠂ ᠡᠨᠧᠷᠭᠢ ᠵᠢᠨ ᠬᠦᠷᠢᠶ᠎ᠡ ᠴᠠᠷᠠᠭ᠎ᠠ ᠵᠢᠨ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ ᠪᠠᠢ᠌ᠭᠤᠯᠬᠤ᠎ᠪᠠᠷ ᠭᠤᠶᠤᠴᠢᠯᠠᠭᠰᠠᠨ ᠪᠠᠢᠪᠠᠯ᠂ 《ᠬᠠᠮᠢᠶᠠᠷᠤᠯᠲᠠ ᠵᠢᠨ ᠠᠷᠭ᠎ᠠ》 ᠵᠢᠨ ᠱᠠᠭ᠋ᠠᠷᠳᠠᠯᠭ᠎ᠠ ᠵᠢ ᠬᠠᠩᠭ᠋ᠠᠬᠤ ᠵᠢᠨ ᠬᠠᠮᠲᠤ᠂ ᠵᠣᠬᠢᠶᠠᠨ ᠪᠠᠢ᠌ᠭᠤᠯᠬᠤ ᠲᠥᠰᠦᠯ ᠵᠶ᠋ᠡᠨ ᠮᠡᠳᠡᠭᠦᠯᠦᠨ ᠬᠦᠷᠭᠡᠵᠦ᠂ ᠰᠢᠯᠢᠳᠡᠭᠵᠢᠭᠦᠯᠦᠨ ᠳᠠᠬᠢᠨ ᠵᠣᠬᠢᠶᠠᠨ ᠪᠠᠢ᠌ᠭᠤᠯᠬᠤ᠎ᠳᠤ ᠰᠢᠭᠤᠳ ᠣᠷᠣᠯᠴᠠᠬᠤ ᠬᠡᠷᠡᠭᠲᠡᠶ ᠃
ᠬᠣᠶᠠᠷ᠂ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ ᠱᠠᠭ᠋ᠠᠷᠳᠠᠯᠭ᠎ᠠ
(ᠨᠢᠭᠡ) ᠲᠣᠰ ᠪᠦᠯᠦᠭ᠎ᠤᠨ ᠰᠢᠯᠢᠳᠡᠭᠵᠢᠭᠦᠯᠦᠨ ᠳᠠᠬᠢᠨ ᠵᠣᠬᠢᠶᠠᠨ ᠪᠠᠢ᠌ᠭᠤᠯᠬᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ (ᠰᠢᠨ᠎ᠡ᠎ᠪᠠᠷ ᠪᠠᠢ᠌ᠭᠤᠯᠬᠤ ᠪᠠᠭᠲᠠᠨ᠎ᠠ)᠎ᠲᠤ ᠣᠷᠣᠯᠴᠠᠵᠤ᠂ 2022 ᠣᠨ᠎ᠤ 10 ᠳ᠋ᠤᠭ᠋ᠠᠷ ᠰᠠᠷ᠎ᠠ ᠵᠢᠨ 14᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠬᠠᠮᠢᠶᠠᠷᠤᠯᠲᠠ ᠵᠢᠨ ᠰᠢᠰᠲ᠋ᠧᠮ (ᠰᠢᠰᠲ᠋ᠧᠮ᠎ᠤᠨ ᠰᠦᠯᠵᠢᠶᠡᠨ ᠬᠠᠶᠢᠭ ᠵᠢᠴᠢ ᠨᠡᠭᠡᠭᠡᠬᠦ ᠴᠠᠭ)᠎ᠳᠤ ᠮᠡᠳᠡᠭᠡ ᠵᠠᠩᠭᠢ ᠲᠠᠭᠯᠠᠬᠤ ᠵᠢᠨ ᠬᠠᠮᠲᠤ ᠵᠣᠬᠢᠶᠠᠨ ᠪᠠᠢ᠌ᠭᠤᠯᠬᠤ ᠲᠥᠰᠦᠯ ᠵᠶ᠋ᠡᠨ ᠲᠤᠰᠢᠶᠠᠭ᠋ᠠᠷᠠᠶ ᠃
(ᠬᠣᠶᠠᠷ ) ᠦᠨᠡᠯᠡᠯᠲᠡ᠎ᠳᠤ ᠣᠷᠣᠯᠴᠠᠬᠤ ᠲᠤᠷᠰᠢᠯᠲᠠ ᠵᠢᠨ ᠲᠠᠰᠤᠭ᠎ᠤᠨ ᠬᠠᠷᠢᠭᠤ ᠮᠠᠷᠭᠤᠯᠲᠠ ᠵᠢᠨ PPT ᠵᠢᠴᠢ ᠸᠢᠳᠢᠣ᠋ ᠵᠢ 2022 ᠣᠨ᠎ᠤ 10 ᠳ᠋ᠤᠭ᠋ᠠᠷ ᠰᠠᠷ᠎ᠠ ᠵᠢᠨ 18᠎ᠤ ᠡᠳᠦᠷ᠎ᠠᠴᠠ ᠡᠮᠦᠨ᠎ᠡ ᠢᠮᠧᠯ᠎ᠳᠤ ᠶᠠᠪᠤᠭᠤᠯᠤᠨ᠎ᠠ᠄ nmgcxzxxmk @ 163 . com ᠃
(ᠭᠤᠷᠪᠠ ) ᠵᠥᠪᠬᠡᠨ ᠨᠢᠭᠡ ᠯᠡ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠲᠦᠰᠢᠭᠯᠡᠬᠦ ᠨᠢᠭᠡᠴᠡ᠎ᠨᠢ ᠵᠥᠪᠬᠡᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠪᠠᠢ᠌ᠭᠤᠯᠬᠤ ᠲᠥᠰᠦᠯ ᠵᠶ᠋ᠡᠨ ᠮᠡᠳᠡᠭᠦᠯᠦᠨ ᠬᠦᠷᠭᠡᠬᠦ ᠬᠡᠷᠡᠭᠲᠡᠶ ᠃
(ᠳᠥᠷᠪᠡ) 2021 ᠣᠨ᠎ᠤ ᠦᠨᠡᠯᠡᠨ ᠵᠢᠱ᠌ᠢᠭᠰᠡᠨ ᠦᠷ᠎ᠡ ᠳ᠋ᠦᠩ᠎ᠳᠤ 《ᠴᠡᠭᠴᠡᠯᠡᠨ ᠰᠠᠢ᠌ᠵᠢᠷᠠᠭᠤᠯᠬᠤ》 ᠵᠢᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠨᠢ ᠬᠦᠷᠢᠶ᠎ᠡ ᠴᠠᠷᠠᠭ᠎ᠠ ᠶᠣᠰᠣᠭ᠋ᠠᠷ ᠰᠢᠯᠢᠳᠡᠭᠵᠢᠭᠦᠯᠦᠨ ᠳᠠᠬᠢᠨ ᠵᠣᠬᠢᠶᠠᠨ ᠪᠠᠢ᠌ᠭᠤᠯᠬᠤ᠎ᠳᠤ ᠣᠷᠣᠯᠴᠠᠬᠤ ᠬᠡᠷᠡᠭᠲᠡᠶ ᠃
ᠬᠠᠷᠢᠯᠴᠠᠬᠤ ᠬᠡᠯᠪᠡᠷᠢ᠄
ᠲᠤᠬᠠᠢ᠌ᠯᠠᠭᠰᠠᠨ ᠠᠵᠢᠯ᠎ᠢ ᠭᠥᠯᠢᠶᠡᠨ ᠠᠪᠴᠤ ᠭᠦᠢᠴᠡᠳᠬᠡᠬᠦ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠥᠪ᠂ 0471 - 6328556
ᠲᠥᠷᠥ ᠵᠢᠨ ᠪᠣᠳᠣᠯᠭ᠎ᠠ ᠵᠢᠨ ᠯᠠᠪᠯᠠᠯᠭ᠎ᠠ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠰᠠᠭᠤᠷᠢ ᠰᠤᠳᠤᠯᠤᠯ᠎ᠤᠨ ᠭᠠᠵᠠᠷ᠂ 0471 - 6328734
ᠰᠢᠰᠲ᠋ᠧᠮ᠎ᠤᠨ ᠳᠡᠮᠵᠢᠯᠭᠡ᠄ 0471 - 6328801
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
2022 ᠣᠨ᠎ᠤ 8 ᠳ᠋ᠤᠭ᠋ᠠᠷ ᠰᠠᠷ᠎ᠠ ᠵᠢᠨ 23᠎ᠤ ᠡᠳᠦᠷ