8 ᠰᠠᠷ᠎ᠠ ᠵᠢᠨ 21᠎ᠤ ᠡᠳᠦᠷ᠂ ᠠᠷᠪᠠᠨ ᠨᠢᠭᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠰᠢᠨ᠎ᠡ ᠵᠢ ᠡᠭᠦᠳᠬᠦ ᠦᠢᠯᠡᠰ ᠴᠣᠭᠴᠠᠯᠠᠬᠤ ᠤᠷᠤᠯᠳᠤᠭ᠋ᠠᠨ (ᠥᠪᠥᠷ ᠮᠣᠩᠭᠣᠯ᠎ᠤᠨ ᠤᠷᠤᠯᠳᠤᠭ᠋ᠠᠨ᠎ᠤ ᠲᠣᠭᠣᠷᠢᠭ)᠎ᠤ ᠰᠢᠢᠳᠪᠦᠷᠢᠲᠦ ᠤᠷᠤᠯᠳᠤᠭ᠋ᠠᠨ ᠰᠦᠯᠵᠢᠶᠡᠨ ᠳᠡᠭᠡᠷ᠎ᠡ ᠶᠠᠪᠤᠭᠳᠠᠪᠠ ᠃ ᠰᠢᠯᠭ᠋ᠠᠷᠠᠭᠤᠯᠬᠤ ᠲᠤᠰᠬᠠᠶ ᠮᠡᠷᠭᠡᠵᠢᠯᠲᠡᠨ᠎ᠤ ᠳᠤᠭᠤᠢ᠌ᠯᠠᠩ ᠲᠣᠰ ᠲᠣᠰ ᠰᠢᠢᠳᠪᠦᠷᠢᠲᠦ ᠤᠷᠤᠯᠳᠤᠭ᠋ᠠᠨ᠎ᠳᠤ ᠣᠷᠣᠯᠴᠠᠭᠰᠠᠨ ᠠᠵᠤ ᠠᠬᠤᠢ᠌ᠯᠠᠯ᠎ᠳᠤ ᠰᠦᠯᠵᠢᠶᠡᠨ ᠳᠡᠭᠡᠷ᠎ᠡ ᠰᠣᠷᠢᠯᠲᠠ ᠬᠢᠵᠦ᠂ ᠤᠷᠤᠯᠳᠤᠭ᠋ᠠᠨ᠎ᠤ ᠬᠤᠪᠢ ᠲᠣᠭᠲᠠᠭ᠋ᠠᠬᠤ ᠲᠦᠷᠢᠮ᠎ᠢ ᠦᠨᠳᠦᠰᠦᠯᠡᠨ᠂ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠤᠯᠲᠠ ᠵᠢᠨ ᠦᠷ᠎ᠡ ᠳ᠋ᠦᠩ᠎ᠢ ᠦᠨᠳᠦᠰᠦᠯᠡᠨ᠂ ᠠᠵᠤ ᠠᠬᠤᠢ᠌ᠯᠠᠯ᠎ᠤᠨ ᠡᠴᠦᠰ᠎ᠤᠨ ᠱᠠᠩᠨᠠᠯ᠎ᠤᠨ ᠤᠳᠠᠭ᠎ᠠ ᠵᠢ ᠲᠣᠭᠲᠠᠭ᠋ᠠᠪᠠ ᠃ ᠡᠳᠦᠭᠡ ᠱᠠᠩᠨᠠᠯ ᠣᠯᠤᠭᠰᠠᠨ ᠠᠵᠤ ᠠᠬᠤᠢ᠌ᠯᠠᠯ᠎ᠢ ᠵᠠᠷᠯᠠᠨ ᠨᠡᠢ᠌ᠲᠡᠯᠡᠶ᠎ᠡ᠂ ᠵᠠᠷᠯᠠᠨ ᠨᠡᠢ᠌ᠲᠡᠯᠡᠬᠦ ᠴᠠᠭ᠎ᠨᠢ 5 ᠠᠵᠢᠯᠯᠠᠬᠤ ᠡᠳᠦᠷ᠂ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ ᠬᠡᠷᠪᠡ ᠣᠨᠳᠣᠤ ᠰᠠᠨᠠᠯ᠎ᠲᠠᠢ ᠪᠣᠯ᠂ ᠮᠠᠨ᠎ᠤ ᠲᠢᠩᠬᠢᠮ᠎ᠳᠤ ᠪᠢᠴᠢᠭ ᠵᠶ᠋ᠡᠷ᠂ ᠦᠨᠡᠨ ᠨᠡᠷ᠎ᠡ ᠵᠢᠨ ᠬᠡᠯᠪᠡᠷᠢ᠎ᠪᠠᠷ ᠳᠤᠷᠠᠳᠤᠨ ᠭᠠᠷᠭ᠋ᠠᠵᠤ᠂ ᠣᠨᠳᠣᠤ ᠰᠠᠨᠠᠯ ᠳᠤᠷᠠᠳᠬᠤ᠎ᠳᠤ ᠪᠣᠳᠠᠲᠤ ᠶᠠᠪᠤᠳᠠᠯ ᠵᠶ᠋ᠠᠷ ᠦᠨᠳᠦᠰᠦᠯᠡᠯ ᠪᠣᠯᠭ᠋ᠠᠵᠤ᠂ ᠬᠠᠮᠢᠶ᠎ᠠ ᠪᠥᠬᠥᠶ ᠭᠡᠷᠡᠴᠢ ᠮᠠᠲ᠋ᠧᠷᠢᠶᠠᠯ᠎ᠢ ᠳᠠᠭ᠋ᠠᠯᠳᠤᠭᠤᠯᠬᠤ ᠵᠢᠨ ᠬᠠᠮᠲᠤ ᠨᠡᠷ᠎ᠡ᠎ᠪᠠᠨ ᠪᠢᠴᠢᠵᠦ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ ᠵᠶ᠋ᠠᠨ ᠳᠠᠭ᠋ᠠᠯᠳᠤᠭᠤᠯᠬᠤ ᠬᠡᠷᠡᠭᠲᠡᠶ ᠃
ᠬᠠᠷᠢᠯᠴᠠᠬᠤ ᠬᠡᠯᠪᠡᠷᠢ᠄ 0471 - 6328606
ᠬᠠᠷᠢᠯᠴᠠᠬᠤ ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠹᠸᠩ ᠵᠧᠦ ᠡᠮᠦᠨ᠎ᠡ ᠵᠠᠮ᠎ᠤᠨ 78 ᠳ᠋ᠤᠭ᠋ᠠᠷ ᠨᠣᠮᠧᠷ (ᠰᠢᠦᠳᠠᠨ ᠳ᠋ᠤᠭ᠋ᠠᠷ᠄ 010010)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
2022 ᠣᠨ᠎ᠤ 8 ᠳ᠋ᠤᠭ᠋ᠠᠷ ᠰᠠᠷ᠎ᠠ ᠵᠢᠨ 25᠎ᠤ ᠡᠳᠦᠷ