ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠯᠪᠠᠨ ᠨᠡᠶ᠋ᠢᠲᠡᠯᠡᠯ
2019-2021 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠰᠢᠯᠢᠳᠡᠭ ᠪᠦᠲᠦᠭᠡᠯ᠎ᠤᠨ ᠨᠡᠷᠡᠰ᠎ᠢ ᠨᠡᠢ᠌ᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2022-09-01


      ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠳᠡᠭᠡᠳᠦ ᠵᠡᠷᠭᠡ ᠵᠢᠨ ᠰᠤᠷᠭ᠋ᠠᠭᠤᠯᠢ᠂ ᠬᠣᠯᠪᠣᠭᠳᠠᠯ ᠪᠦᠬᠦᠢ ᠨᠢᠭᠡᠴᠡ᠄
      ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠨᠡᠢ᠌ᠭᠡᠮ ᠳᠠᠶᠠᠭ᠋ᠠᠷ᠎ᠲᠤ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠶᠡᠬᠡ᠎ᠪᠠᠷ ᠲᠦᠭᠡᠮᠡᠯᠵᠢᠭᠦᠯᠦᠨ᠂ ᠰᠢᠨᠵᠢᠯᠡᠬᠦ ᠤᠬᠠᠭ᠋ᠠᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠪᠥᠬᠥ ᠠᠷᠠᠳ᠎ᠤᠨ ᠰᠢᠨᠵᠢᠯᠡᠬᠦ ᠤᠬᠠᠭ᠋ᠠᠨ᠎ᠤ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 20192021 ᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠰᠢᠯᠢᠳᠡᠭ ᠪᠦᠲᠦᠭᠡᠯ᠎ᠢ ᠲᠠᠨᠢᠯᠴᠠᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠪᠡ  ᠃ ᠠᠵᠢᠯᠯᠠᠭ᠎ᠠ᠎ᠨᠢ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ᠎ᠤᠨ ᠴᠢᠬᠤᠯᠠᠴᠢᠯᠠᠯ ᠪᠠ ᠢᠳᠡᠪᠬᠢᠲᠡᠶ ᠬᠦᠷᠢᠶᠡᠯᠡᠯ᠎ᠢ ᠣᠯᠵᠤ᠂ ᠨᠡᠢ᠌ᠲᠡ 17 ᠢᠵᠢ 90 ᠭᠠᠷᠤᠶ ᠨᠣᠮ ᠪᠢᠴᠢᠭ᠎ᠢ ᠬᠣᠷᠢᠶᠠᠨ ᠣᠯᠵᠠᠶ  ᠃
      ᠬᠡᠯᠪᠡᠷᠢ ᠵᠢᠨ ᠬᠢᠨᠠᠨ ᠪᠠᠢ᠌ᠴᠠᠭ᠋ᠠᠯᠲᠠ᠂ ᠲᠤᠰᠬᠠᠶ ᠮᠡᠷᠭᠡᠵᠢᠯᠲᠡᠨ᠎ᠤ ᠬᠢᠨᠠᠨ ᠦᠨᠡᠯᠡᠯᠲᠡ᠎ᠪᠠᠷ ᠳᠡᠮᠵᠢᠨ᠂ 《ᠥᠪᠥᠷ ᠮᠣᠩᠭᠣᠯ᠎ᠤᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠪᠠᠭ᠋ᠠᠴᠤᠳ ᠬᠡᠦᠬᠡᠳ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠴᠤᠪᠤᠷᠠᠯ ᠪᠢᠴᠢᠭ (ᠠᠮᠢᠲᠠᠨ᠎ᠤ ᠨᠢᠭᠤᠴᠠ ᠨᠣᠮᠧᠷ᠂ ᠤᠷᠭᠤᠮᠠᠯ᠎ᠤᠨ ᠴᠠᠬᠢᠯᠭ᠋ᠠᠨ ᠮᠡᠳᠡᠭᠡ᠂ ᠡᠷᠦᠳᠡᠰᠦ ᠵᠢᠨ ᠡᠷᠳᠡᠨᠢ ᠵᠢᠨ ᠵᠢᠷᠤᠭ᠂ ᠡᠷᠲᠡᠨ᠎ᠤ ᠠᠮᠢᠳᠤ ᠪᠣᠳᠠᠰ᠎ᠤᠨ ᠵᠠᠬᠢᠳᠠᠯ᠎ᠤᠨ ᠴᠠᠭ᠋ᠠᠰᠤ)》 ᠵᠡᠷᠭᠡ 2019201 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ 10 ᠰᠢᠯᠢᠳᠡᠭ ᠪᠦᠲᠦᠭᠡᠯ (ᠨᠡᠷᠡᠰ᠎ᠢ ᠠᠷᠤ᠎ᠳᠤ ᠳᠠᠭ᠋ᠠᠯᠳᠤᠭᠤᠯᠪᠠ)᠎ᠢ ᠰᠢᠯᠭ᠋ᠠᠷᠠᠭᠤᠯᠤᠨ ᠭᠠᠷᠭ᠋ᠠᠪᠠ  ᠃ ᠣᠳᠣ ᠡᠨᠡ 10 ᠪᠦᠲᠦᠭᠡᠯ᠎ᠢ ᠪᠦᠬᠦ ᠨᠡᠢ᠌ᠭᠡᠮ᠎ᠳᠤ ᠲᠠᠨᠢᠯᠴᠠᠭᠤᠯᠤᠨ ᠤᠩᠰᠢᠭᠤᠯᠬᠤ ᠵᠢᠨ ᠬᠠᠮᠲᠤ᠂ ᠲᠠᠨᠢᠯᠴᠠᠭᠤᠯᠤᠭᠳᠠᠭᠰᠠᠨ ᠪᠦᠲᠦᠭᠡᠯ᠎ᠳᠤ ᠢᠷᠠᠭᠤ ᠠᠯᠳᠠᠷ᠎ᠤᠨ ᠦᠨᠡᠮᠯᠡᠯ ᠣᠯᠭᠣᠪᠠ  ᠃
      ᠪᠥᠬᠥ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠰᠢᠯᠢᠳᠡᠭ ᠪᠦᠲᠦᠭᠡᠯ᠎ᠤᠨ ᠢᠷᠠᠭᠤ ᠠᠯᠳᠠᠷ᠎ᠢ ᠭᠥᠷᠳᠡᠭᠰᠡᠨ ᠨᠢᠭᠡᠴᠢ ᠪᠠ ᠬᠤᠪᠢ ᠬᠥᠮᠦᠨ ᠴᠢᠷᠮᠠᠢ᠌ᠭᠰᠠᠨ ᠳᠡᠭᠡᠷ᠎ᠡ᠎ᠪᠠᠨ ᠴᠢᠷᠮᠠᠢ᠌ᠵᠤ᠂ ᠲᠠᠰᠤᠷᠠᠯᠲᠠ ᠥᠬᠡᠶ ᠰᠢᠨ᠎ᠡ ᠵᠢ ᠡᠭᠦᠳᠴᠦ᠂ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠣᠬᠢᠶᠠᠨ ᠪᠦᠲᠦᠭᠡᠯᠭᠡ ᠵᠢ ᠴᠡᠴᠡᠭᠯᠡᠭᠦᠯᠦᠨ ᠬᠥᠭᠵᠢᠭᠦᠯᠬᠦ᠂ ᠪᠥᠬᠥ ᠠᠷᠠᠳ᠎ᠤᠨ ᠰᠢᠨᠵᠢᠯᠡᠬᠦ ᠤᠬᠠᠭ᠋ᠠᠨ ᠰᠣᠶᠣᠯ᠎ᠤᠨ ᠬᠡᠪ ᠴᠢᠨᠠᠷ᠎ᠢ ᠳᠡᠭᠡᠭᠰᠢᠯᠡᠭᠦᠯᠬᠦ᠎ᠳᠤ ᠨᠠᠩ ᠶᠡᠬᠡ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠢ᠌ᠨ᠎ᠠ  ᠃


                                                                                  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
                                                                                  2022 ᠣᠨ᠎ᠤ 8 ᠳ᠋ᠤᠭ᠋ᠠᠷ ᠰᠠᠷ᠎ᠠ ᠵᠢᠨ 26᠎ᠤ ᠡᠳᠦᠷ  

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ 2030 《ᠰᠢᠨ᠎ᠡ ᠨᠢᠭᠡ ᠦᠶ᠎ᠡ ᠵᠢᠨ ᠵᠣᠬᠢᠶᠠᠮᠠᠯ ᠣᠶᠤᠨ ᠴᠢᠳᠠᠪᠤᠷᠢ》 ᠵᠢᠨ ᠴᠢᠬᠤᠯᠠ ᠶᠡᠬᠡ ᠲᠥᠷᠥᠯ ᠵᠦᠢᠯ᠎ᠤᠨ 2022 ᠣᠨ᠎ᠤ ᠲᠥᠷᠥᠯ ᠵᠦᠢᠯ᠎ᠢ ᠵᠣᠬᠢᠶᠠᠨ ᠪᠠᠢ᠌ᠭᠤᠯᠵᠤ ᠭᠤᠶᠤᠴᠢᠯᠠᠨ ᠮᠡᠳᠡᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ 《ᠰᠠᠭᠤᠷᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠥᠬᠥᠴᠡᠯ ᠬᠢᠭᠡᠳ ᠴᠢᠬᠤᠯᠠ ᠶᠡᠬᠡ ᠰᠢᠨᠵᠢᠯᠡᠬᠦ ᠤᠬᠠᠭ᠋ᠠᠨ᠎ᠤ ᠬᠡᠮᠵᠢᠭᠦᠷᠯᠢᠭ ᠲᠥᠬᠥᠭᠡᠷᠦᠮᠵᠢ ᠵᠢ ᠰᠤᠳᠤᠯᠤᠨ ᠨᠡᠭᠡᠭᠡᠬᠦ》 ᠭᠣᠤᠯᠳᠠᠯᠭ᠎ᠠ᠎ᠲᠠᠢ ᠲᠤᠰᠬᠠᠶ ᠵᠦᠢᠯ᠎ᠤᠨ 2022 ᠣᠨ᠎ᠤ ᠶᠠᠮᠤᠨ ᠬᠣᠲᠠ ᠵᠢᠨ ᠬᠠᠮᠲᠤᠷᠠᠨ ᠬᠥᠳᠡᠯᠦᠯᠴᠡᠬᠦ ᠲᠥᠷᠥᠯ ᠵᠦᠢᠯ᠎ᠢ ᠵᠣᠬᠢᠶᠠᠨ ᠪᠠᠢ᠌ᠭᠤᠯᠤᠨ ᠭᠤᠶᠤᠴᠢᠯᠠᠨ ᠮᠡᠳᠡᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ 《ᠢᠨᠵᠧᠨᠧᠷᠢᠩ᠎ᠤᠨ ᠰᠢᠨᠵᠢᠯᠡᠬᠦ ᠤᠬᠠᠭ᠋ᠠᠨ ᠬᠢᠭᠡᠳ ᠶᠡᠷᠦᠩᠬᠡᠢ᠌ᠯᠡᠭᠰᠡᠨ ᠰᠣᠯᠪᠢᠴᠠᠯ》 ᠵᠡᠷᠭᠡ ᠭᠣᠤᠯᠳᠠᠯᠭ᠎ᠠ᠎ᠲᠠᠢ ᠲᠤᠰᠬᠠᠶ ᠵᠦᠢᠯ᠎ᠤᠨ 2022 ᠣᠨ᠎ᠤ ᠲᠥᠷᠥᠯ ᠵᠦᠢᠯ᠎ᠢ ᠵᠣᠬᠢᠶᠠᠨ ᠪᠠᠢ᠌ᠭᠤᠯᠵᠤ ᠭᠤᠶᠤᠴᠢᠯᠠᠨ ᠮᠡᠳᠡᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
2022 ᠣᠨ᠎ᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ᠎ᠤᠨ ᠪᠦᠷᠢᠳᠬᠡᠨ ᠳᠠᠩᠰᠠᠯᠠᠬᠤ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠵᠢᠷᠭᠤᠳᠤᠭ᠋ᠠᠷ ᠪᠦᠯᠦᠭ ᠬᠥᠮᠥᠷᠭᠡ᠎ᠳᠤ ᠣᠷᠣᠭᠤᠯᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ ᠨᠡᠢ᠌ᠲᠡᠯᠡᠬᠦ ᠲᠤᠬᠠᠶ ᠮᠡᠳᠡᠭᠳᠡᠯ
 
            