ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ 《ᠢᠨᠵᠧᠨᠧᠷᠢᠩ᠎ᠤᠨ ᠰᠢᠨᠵᠢᠯᠡᠬᠦ ᠤᠬᠠᠭ᠋ᠠᠨ ᠬᠢᠭᠡᠳ ᠶᠡᠷᠦᠩᠬᠡᠢ᠌ᠯᠡᠭᠰᠡᠨ ᠰᠣᠯᠪᠢᠴᠠᠯ》 ᠵᠡᠷᠭᠡ ᠭᠣᠤᠯᠳᠠᠯᠭ᠎ᠠ᠎ᠲᠠᠢ ᠲᠤᠰᠬᠠᠶ ᠵᠦᠢᠯ᠎ᠤᠨ 2022 ᠣᠨ᠎ᠤ ᠲᠥᠷᠥᠯ ᠵᠦᠢᠯ᠎ᠢ ᠵᠣᠬᠢᠶᠠᠨ ᠪᠠᠢ᠌ᠭᠤᠯᠵᠤ ᠭᠤᠶᠤᠴᠢᠯᠠᠨ ᠮᠡᠳᠡᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2022-09-08


      ᠡᠯ᠎ᠡ ᠠᠢ᠌ᠮᠠᠭ (ᠬᠣᠲᠠ)᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠬᠣᠯᠪᠣᠭᠳᠠᠯ ᠪᠦᠬᠦᠢ ᠨᠢᠭᠡᠴᠡ᠄
   《ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠪᠠ ᠵᠣᠬᠢᠶᠠᠨ ᠪᠠᠢ᠌ᠭᠤᠯᠤᠨ ᠬᠠᠮᠢᠶᠠᠷᠬᠤ ᠬᠠᠮᠢᠶ᠎ᠠ ᠪᠥᠬᠥᠶ ᠱᠠᠭ᠋ᠠᠷᠳᠠᠯᠭ᠎ᠠ ᠵᠢᠴᠢ 《ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ 〈ᠢᠨᠵᠧᠨᠧᠷᠢᠩ᠎ᠤᠨ ᠰᠢᠨᠵᠢᠯᠡᠬᠦ ᠤᠬᠠᠭ᠋ᠠᠨ ᠬᠢᠭᠡᠳ ᠶᠡᠷᠦᠩᠬᠡᠢ᠌ᠯᠡᠭᠰᠡᠨ ᠰᠣᠯᠪᠢᠴᠠᠯ〉 ᠵᠡᠷᠭᠡ ᠭᠣᠤᠯᠳᠠᠯᠭ᠎ᠠ᠎ᠲᠠᠢ ᠲᠤᠰᠬᠠᠶ ᠵᠦᠢᠯ᠎ᠤᠨ 2022 ᠣᠨ᠎ᠤ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠵᠦᠭᠯᠡᠭᠦᠷ᠎ᠢ ᠨᠡᠢ᠌ᠲᠡᠯᠡᠬᠦ ᠲᠤᠬᠠᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠮᠡᠳᠡᠭᠳᠡᠯ》 (ᠲᠥᠷᠥ ᠰᠢᠨᠵᠢᠯᠡᠬᠦ ᠲᠠᠷᠬᠠᠭ᠋ᠠᠭᠰᠠᠨ ᠡᠬᠢ 202222224 ᠳ᠋ᠦ᠍ᠭᠡᠷ ᠲᠣᠭ᠋ᠠᠲᠤ)᠂ ᠡᠳᠦᠭᠡ ᠮᠠᠨ᠎ᠤ ᠣᠷᠣᠨ᠎ᠤ ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ ᠲᠥᠷᠥᠯ ᠵᠦᠢᠯ᠎ᠢ ᠵᠣᠬᠢᠶᠠᠨ ᠪᠠᠢ᠌ᠭᠤᠯᠤᠨ ᠭᠤᠶᠤᠴᠢᠯᠠᠨ ᠮᠡᠳᠡᠭᠦᠯᠬᠦ ᠪᠠ ᠪᠠᠲᠤᠯᠠᠨ ᠲᠠᠨᠢᠯᠴᠠᠭᠤᠯᠬᠤ ᠱᠠᠭ᠋ᠠᠷᠳᠠᠯᠭ᠎ᠠ ᠵᠢ ᠳᠣᠤᠷᠠᠬᠢ ᠮᠡᠲᠦ ᠮᠡᠳᠡᠭᠳᠡᠶ᠎ᠡ  ᠃
     
      ᠨᠢᠭᠡ᠂ ᠭᠤᠶᠤᠴᠢᠯᠠᠨ ᠮᠡᠳᠡᠭᠦᠯᠬᠦ ᠱᠠᠭ᠋ᠠᠷᠳᠠᠯᠭ᠎ᠠ
      1 . ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠨᠢᠭᠡᠴᠡ ᠵᠢᠴᠢ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠬᠠᠷᠢᠭᠤᠴᠠᠯᠭ᠋ᠠᠲᠠᠨ᠎ᠤ ᠬᠢᠷᠢ ᠬᠡᠮ᠎ᠤᠨ ᠱᠠᠭ᠋ᠠᠷᠳᠠᠯᠭ᠎ᠠ᠂ 《ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ 〈ᠢᠨᠵᠧᠨᠧᠷᠢᠩ᠎ᠤᠨ ᠰᠢᠨᠵᠢᠯᠡᠬᠦ ᠤᠬᠠᠭ᠋ᠠᠨ ᠬᠢᠭᠡᠳ ᠶᠡᠷᠦᠩᠬᠡᠢ᠌ᠯᠡᠭᠰᠡᠨ ᠰᠣᠯᠪᠢᠴᠠᠯ〉 ᠵᠡᠷᠭᠡ ᠭᠣᠤᠯᠳᠠᠯᠭ᠎ᠠ᠎ᠲᠠᠢ ᠲᠤᠰᠬᠠᠶ ᠵᠦᠢᠯ᠎ᠤᠨ 2022 ᠣᠨ᠎ᠤ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠵᠦᠭᠯᠡᠭᠦᠷ᠎ᠢ ᠨᠡᠢ᠌ᠲᠡᠯᠡᠬᠦ ᠲᠤᠬᠠᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠮᠡᠳᠡᠭᠳᠡᠯ》 (ᠤᠯᠤᠰ᠎ᠤᠨ ᠰᠢᠨᠵᠢᠯᠡᠬᠦ ᠤᠬᠠᠭ᠋ᠠᠨ ᠲᠠᠷᠬᠠᠭ᠋ᠠᠭᠰᠠᠨ ᠡᠬᠢ ᠪᠠᠶᠠᠯᠢᠭ 202222224 ᠳ᠋ᠦ᠍ᠭᠡᠷ ᠲᠣᠭ᠋ᠠᠲᠤ) (ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ http᠄ / / service . most . gov . cn᠎ᠳᠤ ᠨᠡᠪᠲᠡᠷᠡᠪᠡᠯ ᠬᠠᠮᠢᠶ᠎ᠠ ᠪᠥᠬᠥᠶ ᠪᠢᠴᠢᠭ ᠮᠠᠲ᠋ᠧᠷᠢᠶᠠᠯ᠎ᠢ ᠪᠠᠢ᠌ᠴᠠᠭ᠋ᠠᠨ ᠦᠵᠡᠵᠦ ᠪᠣᠯᠤᠨ᠎ᠠ)᠎ᠳᠤ ᠨᠠᠷᠢᠨ ᠦᠵᠡ  ᠃
     2 . ᠡᠯ᠎ᠡ ᠪᠠᠲᠤᠯᠠᠨ ᠲᠠᠨᠢᠯᠴᠠᠭᠤᠯᠬᠤ ᠨᠢᠭᠡᠴᠡ᠎ᠨᠢ ᠬᠠᠮᠢᠶ᠎ᠠ ᠪᠥᠬᠥᠶ ᠱᠠᠭ᠋ᠠᠷᠳᠠᠯᠭ᠎ᠠ ᠶᠣᠰᠣᠭ᠋ᠠᠷ᠂ ᠲᠣᠰ ᠨᠢᠭᠡᠴᠡ ᠵᠢᠨ ᠡᠭᠦᠷᠭᠡ ᠴᠢᠳᠠᠪᠤᠷᠢ ᠪᠠ ᠲᠤᠬᠠᠢ᠌ᠯᠠᠭᠰᠠᠨ ᠠᠵᠢᠯ᠎ᠤᠨ ᠬᠦᠷᠢᠶ᠎ᠡ ᠬᠡᠪᠴᠢᠶ᠎ᠡ᠂ ᠲᠣᠰ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠳᠣᠲᠣᠷ᠎ᠠ ᠪᠠᠲᠤᠯᠠᠨ ᠲᠠᠨᠢᠯᠴᠠᠭᠤᠯᠬᠤ ᠵᠢᠨ ᠬᠠᠮᠲᠤ᠂ ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ᠎ᠤᠨ ᠦᠨᠡᠨ ᠪᠣᠳᠠᠲᠤ ᠴᠢᠨᠠᠷ᠎ᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠶ  ᠃
     
      ᠬᠣᠶᠠᠷ᠂ ᠲᠠᠨᠢᠯᠴᠠᠭᠤᠯᠬᠤ ᠨᠢᠭᠡᠴᠢ
    1 . ᠭᠤᠶᠤᠴᠢᠯᠠᠨ ᠮᠡᠳᠡᠭᠦᠯᠬᠦ ᠨᠢᠭᠡᠴᠡ᠎ᠨᠢ ᠮᠡᠳᠡᠭᠳᠡᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ (http᠄ / / service . most . gov . cn) ᠵᠶ᠋ᠠᠷ ᠳᠠᠮᠵᠢᠭᠤᠯᠤᠨ 2022 ᠣᠨ᠎ᠤ 9 ᠳ᠋ᠦ᠍ᠭᠡᠷ ᠰᠠᠷ᠎ᠠ ᠵᠢᠨ 26᠎ᠤ ᠡᠳᠦᠷ᠎ᠤᠨ 16᠄ 00 ᠴᠠᠭ᠎ᠠᠴᠠ ᠡᠮᠦᠨ᠎ᠡ ᠰᠦᠯᠵᠢᠶᠡᠨ ᠳᠡᠭᠡᠷ᠎ᠡ ᠲᠥᠷᠥᠯ ᠵᠦᠢᠯ᠎ᠤᠨ ᠤᠷᠢᠳᠴᠢᠯᠠᠨ ᠮᠡᠳᠡᠭᠦᠯᠬᠦ ᠪᠢᠴᠢᠭ᠎ᠢ ᠲᠠᠭᠯᠠᠨ ᠮᠡᠳᠡᠭᠦᠯᠵᠦ᠂ ᠭᠤᠶᠤᠴᠢᠯᠠᠨ ᠮᠡᠳᠡᠭᠦᠯᠬᠦ ᠨᠢᠭᠡᠴᠡ᠎ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠰᠦᠯᠵᠢᠶᠡᠨ ᠳᠡᠭᠡᠷ᠎ᠡ ᠲᠤᠰᠢᠶᠠᠭᠰᠠᠨ᠎ᠤ ᠳᠠᠷᠠᠭ᠎ᠠ᠂ 9 ᠳ᠋ᠦ᠍ᠭᠡᠷ ᠰᠠᠷ᠎ᠠ ᠵᠢᠨ 26᠎ᠤ ᠡᠳᠦᠷ᠎ᠠᠴᠠ ᠡᠮᠦᠨ᠎ᠡ ᠭᠤᠶᠤᠴᠢᠯᠠᠨ ᠮᠡᠳᠡᠭᠦᠯᠬᠦ ᠪᠢᠴᠢᠭ ᠵᠢᠴᠢ ᠬᠠᠮᠢᠶ᠎ᠠ ᠪᠥᠬᠥᠶ ᠳᠠᠭ᠋ᠠᠯᠳᠤᠭᠤᠯᠤᠯ (ᠡᠯᠧᠺᠲᠷᠣᠨ ᠬᠡᠪᠯᠡᠯ) ᠵᠶ᠋ᠠᠨ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ ᠠᠩᠬᠠᠨ᠎ᠤ ᠬᠢᠨᠠᠯᠲᠠ ᠬᠢᠨ᠎ᠠ  ᠃ ᠳᠠᠩᠰᠠᠯᠠᠭᠤᠯᠤᠭ᠋ᠠᠳᠤᠶ᠎ᠪᠠᠷ ᠮᠡᠳᠡᠭᠦᠯᠦᠭᠰᠡᠨ ᠨᠢᠭᠡᠴᠡ᠎ᠨᠢ ᠰᠦᠯᠵᠢᠶᠡᠨ ᠥᠷᠲᠡᠭᠡ ᠵᠢᠨ ᠵᠢᠭ᠋ᠠᠨ ᠵᠢᠯᠣᠭᠣᠳᠣᠯᠭ᠎ᠠ ᠶᠣᠰᠣᠭ᠋ᠠᠷ ᠳᠠᠩᠰᠠᠯᠠᠭᠤᠯᠬᠤ ᠬᠡᠷᠡᠭᠲᠡᠶ (ᠮᠡᠷᠭᠡᠵᠢᠯ᠎ᠤᠨ ᠯᠠᠪᠯᠠᠭ᠎ᠠ ᠵᠢᠨ ᠤᠲᠠᠰᠤ᠄ 010 - 58882999) ᠪᠥᠭᠡᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ》᠎ᠢ ᠰᠣᠩᠭᠣᠨ ᠲᠠᠨᠢᠯᠴᠠᠭᠤᠯᠬᠤ ᠨᠢᠭᠡᠴᠡ ᠪᠣᠯᠭ᠋ᠠᠨ᠎ᠠ  ᠃
      2 . ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠤᠳ ᠲᠠᠨᠢᠯᠴᠠᠭᠤᠯᠤᠭᠰᠠᠨ ᠪᠢᠴᠢᠭ ᠮᠠᠲ᠋ᠧᠷᠢᠶᠠᠯ ᠵᠢᠴᠢ ᠲᠠᠨᠢᠯᠴᠠᠭᠤᠯᠤᠭᠰᠠᠨ ᠲᠥᠷᠥᠯ ᠵᠦᠢᠯ᠎ᠤᠨ ᠨᠠᠷᠢᠨ ᠬᠠᠭᠤᠳᠠᠰᠤ (ᠰᠢᠷᠪᠢᠭᠰᠡᠨ ᠪᠢᠴᠢᠭ ᠮᠠᠲ᠋ᠧᠷᠢᠶᠠᠯ) ᠵᠢ 9 ᠳ᠋ᠦ᠍ᠭᠡᠷ ᠰᠠᠷ᠎ᠠ ᠵᠢᠨ 27᠎ᠤ ᠡᠳᠦᠷ᠎ᠠᠴᠠ ᠡᠮᠦᠨ᠎ᠡ ᠡᠯᠧᠺᠲᠷᠣᠨ ᠰᠢᠦᠳᠠᠨ᠎ᠤ ᠬᠠᠢ᠌ᠷᠴᠠᠭ (nmgjhc @ 163 . com) ᠵᠶ᠋ᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠮᠡᠳᠡᠭᠦᠯᠦᠨ ᠬᠦᠷᠭᠡᠬᠦ ᠬᠡᠷᠡᠭᠲᠡᠶ  ᠃
   
        ᠭᠤᠷᠪᠠ᠂ ᠬᠠᠷᠢᠯᠴᠠᠬᠤ ᠬᠡᠯᠪᠡᠷᠢ
      1. ᠲᠤᠬᠠᠢ᠌ᠯᠠᠭᠰᠠᠨ ᠠᠵᠢᠯ᠎ᠤᠨ ᠯᠠᠪᠯᠠᠯᠭ᠎ᠠ  ᠃ᠬᠠᠷᠢᠯᠴᠠᠬᠤ ᠬᠥᠮᠦᠨ᠄ ᠰᠠᠭᠤᠷᠢ ᠰᠤᠳᠤᠯᠭ᠋ᠠᠨ᠎ᠤ ᠭᠠᠵᠠᠷ᠂ ᠬᠦᠳᠡᠷ ᠤᠲᠠᠰᠤ᠄ 0471 - 6328716
        ᠳᠡᠭᠡᠳᠦ ᠰᠢᠨ᠎ᠡ ᠮᠡᠷᠭᠡᠵᠢᠯ᠎ᠤᠨ ᠭᠠᠵᠠᠷ ᠯᠢ ᠶᠠᠨ ᠯᠢ ᠤᠲᠠᠰᠤ᠄ 0471 - 6328606
      2 . ᠵᠣᠬᠢᠶᠠᠨ ᠪᠠᠢ᠌ᠭᠤᠯᠤᠯᠲᠠ᠎ᠠᠴᠠ ᠲᠠᠨᠢᠯᠴᠠᠭᠤᠯᠬᠤ  ᠃ᠬᠠᠷᠢᠯᠴᠠᠬᠤ ᠬᠥᠮᠦᠨ᠄ ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢᠨ ᠭᠠᠵᠠᠷ᠎ᠤᠨ ᠶᠠᠩ ᠷᠦᠢ ᠤᠲᠠᠰᠤ᠄ 0471 - 6328708


                                                            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ  
                                                            2022 ᠣᠨ᠎ᠤ 9 ᠳ᠋ᠦ᠍ᠭᠡᠷ ᠰᠠᠷ᠎ᠠ ᠵᠢᠨ 5᠎ᠤ ᠡᠳᠦᠷ  

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2022 ᠣᠨ᠎ᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ᠎ᠤᠨ ᠪᠦᠷᠢᠳᠬᠡᠨ ᠳᠠᠩᠰᠠᠯᠠᠬᠤ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠵᠢᠷᠭᠤᠳᠤᠭ᠋ᠠᠷ ᠪᠦᠯᠦᠭ ᠬᠥᠮᠥᠷᠭᠡ᠎ᠳᠤ ᠣᠷᠣᠭᠤᠯᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ ᠨᠡᠢ᠌ᠲᠡᠯᠡᠬᠦ ᠲᠤᠬᠠᠶ ᠮᠡᠳᠡᠭᠳᠡᠯ
ᠲᠤᠷᠰᠢᠯᠲᠠ ᠵᠢᠨ ᠠᠮᠢᠲᠠᠨ ᠦᠬᠡᠷ ᠬᠣᠨᠢᠨ᠎ᠤ ᠣᠷᠣᠨ ᠨᠤᠲᠤᠭ᠎ᠤᠨ ᠪᠠᠷᠢᠮᠵᠢᠶ᠎ᠠ ᠵᠢ ᠰᠤᠳᠤᠯᠤᠨ ᠦᠢᠯᠡᠳᠬᠦ ᠲᠥᠷᠥᠯ ᠵᠦᠢᠯ᠎ᠤᠨ ᠠᠷᠠᠯᠵᠢᠶ᠎ᠠ ᠪᠦᠲᠦᠭᠰᠡᠨ ᠦᠷ᠎ᠡ ᠳ᠋ᠦᠩ᠎ᠢ ᠵᠠᠷᠯᠠᠨ ᠨᠡᠢ᠌ᠲᠡᠯᠡᠪᠡ
2022 ᠣᠨ᠎ᠤ ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠨᠡᠷᠡᠰ᠎ᠢ ᠢᠯᠡ᠎ᠪᠠᠷ ᠲᠠᠨᠢᠯᠴᠠᠭᠤᠯᠬᠤ ᠲᠤᠬᠠᠶ ᠮᠡᠳᠡᠭᠳᠡᠯ
2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠦᠢᠯᠡᠴᠢᠯᠡᠭᠡᠨ᠎ᠤ ᠪᠠᠢ᠌ᠭᠤᠯᠤᠮᠵᠢ ᠵᠢᠨ ᠦᠢᠯᠡᠴᠢᠯᠡᠭᠡᠨ᠎ᠤ ᠠᠮᠵᠢᠯᠲᠠ ᠪᠦᠲᠦᠮᠵᠢ ᠵᠢ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
 
            