ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ 2030 《ᠰᠢᠨ᠎ᠡ ᠨᠢᠭᠡ ᠦᠶ᠎ᠡ ᠵᠢᠨ ᠵᠣᠬᠢᠶᠠᠮᠠᠯ ᠣᠶᠤᠨ ᠴᠢᠳᠠᠪᠤᠷᠢ》 ᠵᠢᠨ ᠴᠢᠬᠤᠯᠠ ᠶᠡᠬᠡ ᠲᠥᠷᠥᠯ ᠵᠦᠢᠯ᠎ᠤᠨ 2022 ᠣᠨ᠎ᠤ ᠲᠥᠷᠥᠯ ᠵᠦᠢᠯ᠎ᠢ ᠵᠣᠬᠢᠶᠠᠨ ᠪᠠᠢ᠌ᠭᠤᠯᠵᠤ ᠭᠤᠶᠤᠴᠢᠯᠠᠨ ᠮᠡᠳᠡᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2022-09-08


   

      ᠡᠯ᠎ᠡ ᠠᠢ᠌ᠮᠠᠭ (ᠬᠣᠲᠠ)᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠬᠣᠯᠪᠣᠭᠳᠠᠯ ᠪᠦᠬᠦᠢ ᠨᠢᠭᠡᠴᠡ᠄
    《ᠲᠥᠪ᠎ᠤᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ (ᠲᠤᠰᠬᠠᠶ ᠵᠦᠢᠯ᠂ ᠰᠠᠭᠤᠷᠢ ᠮᠥᠩᠭᠥ ᠵᠡᠷᠭᠡ) ᠵᠢᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠶ ᠲᠥᠰᠦᠯ》 (ᠲᠥᠷᠥ ᠲᠠᠷᠬᠠᠭ᠋ᠠᠭᠰᠠᠨ 201464 ᠳ᠋ᠦ᠍ᠭᠡᠷ ᠲᠣᠭ᠋ᠠᠲᠤ) ᠪᠠ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠬᠠᠮᠢᠶ᠎ᠠ ᠪᠥᠬᠥᠶ ᠱᠠᠭ᠋ᠠᠷᠳᠠᠯᠭ᠎ᠠ ᠵᠢᠴᠢ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ 2030 - 《ᠰᠢᠨ᠎ᠡ ᠨᠢᠭᠡ ᠦᠶ᠎ᠡ ᠵᠢᠨ ᠵᠣᠬᠢᠶᠠᠮᠠᠯ ᠣᠶᠤᠨ ᠴᠢᠳᠠᠪᠤᠷᠢ》 ᠵᠢᠨ ᠴᠢᠬᠤᠯᠠ ᠶᠡᠬᠡ ᠲᠥᠷᠥᠯ ᠵᠦᠢᠯ᠎ᠤᠨ 2022 ᠣᠨ᠎ᠤ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠵᠦᠭᠯᠡᠭᠦᠷ᠎ᠢ ᠨᠡᠢ᠌ᠲᠡᠯᠡᠬᠦ ᠲᠤᠬᠠᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠮᠡᠳᠡᠭᠳᠡᠯ》 (ᠲᠥᠷᠥ ᠰᠢᠨᠵᠢᠯᠡᠬᠦ ᠲᠠᠷᠬᠠᠭ᠋ᠠᠭᠰᠠᠨ ᠬᠦᠨᠳᠦ 2022218 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠡᠳᠦᠭᠡ ᠮᠠᠨ᠎ᠤ ᠣᠷᠣᠨ᠎ᠤ ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ ᠲᠥᠷᠥᠯ ᠵᠦᠢᠯ᠎ᠢ ᠵᠣᠬᠢᠶᠠᠨ ᠪᠠᠢ᠌ᠭᠤᠯᠵᠤ ᠭᠤᠶᠤᠴᠢᠯᠠᠨ ᠮᠡᠳᠡᠭᠦᠯᠬᠦ ᠪᠠ ᠲᠠᠨᠢᠯᠴᠠᠭᠤᠯᠬᠤ ᠱᠠᠭ᠋ᠠᠷᠳᠠᠯᠭ᠎ᠠ ᠵᠢ ᠳᠣᠤᠷᠠᠬᠢ ᠮᠡᠲᠦ ᠮᠡᠳᠡᠭᠳᠡᠶ᠎ᠡ  ᠃
        ᠨᠢᠭᠡ᠂ ᠭᠤᠶᠤᠴᠢᠯᠠᠨ ᠮᠡᠳᠡᠭᠦᠯᠬᠦ ᠱᠠᠭ᠋ᠠᠷᠳᠠᠯᠭ᠎ᠠ
      1 . ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠨᠢᠭᠡᠴᠡ ᠵᠢᠴᠢ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠬᠠᠷᠢᠭᠤᠴᠠᠯᠭ᠋ᠠᠲᠠᠨ᠎ᠤ ᠬᠢᠷᠢ ᠬᠡᠮ᠎ᠤᠨ ᠱᠠᠭ᠋ᠠᠷᠳᠠᠯᠭ᠎ᠠ ᠵᠢ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ 2030 《ᠰᠢᠨ᠎ᠡ ᠨᠢᠭᠡ ᠦᠶ᠎ᠡ ᠵᠢᠨ ᠵᠣᠬᠢᠶᠠᠮᠠᠯ ᠣᠶᠤᠨ ᠴᠢᠳᠠᠪᠤᠷᠢ》 ᠵᠢᠨ ᠴᠢᠬᠤᠯᠠ ᠶᠡᠬᠡ ᠲᠥᠷᠥᠯ ᠵᠦᠢᠯ᠎ᠤᠨ 2022 ᠣᠨ᠎ᠤ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ ᠵᠦᠭᠯᠡᠭᠦᠷ᠎ᠢ ᠨᠡᠢ᠌ᠲᠡᠯᠡᠬᠦ ᠲᠤᠬᠠᠶ ᠮᠡᠳᠡᠭᠳᠡᠯ》 (ᠲᠥᠷᠥ ᠰᠢᠨᠵᠢᠯᠡᠬᠦ ᠲᠠᠷᠬᠠᠭ᠋ᠠᠭᠰᠠᠨ ᠬᠦᠨᠳᠦ 20222218 ᠳ᠋ᠤᠭ᠋ᠠᠷ ᠲᠣᠭ᠋ᠠᠲᠤ) (ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ http᠄ / / service . most . gov . cn᠎ᠳᠤ ᠲᠡᠮᠳᠡᠭᠯᠡᠪᠡᠯ ᠬᠠᠮᠢᠶ᠎ᠠ ᠪᠥᠬᠥᠶ ᠪᠢᠴᠢᠭ ᠮᠠᠲ᠋ᠧᠷᠢᠶᠠᠯ᠎ᠢ ᠪᠠᠢ᠌ᠴᠠᠭ᠋ᠠᠨ ᠦᠵᠡᠵᠦ ᠪᠣᠯᠤᠨ᠎ᠠ)᠎ᠳᠤ ᠨᠠᠷᠢᠨ ᠦᠵᠡ  ᠃
     2 . ᠡᠯ᠎ᠡ ᠪᠠᠲᠤᠯᠠᠨ ᠲᠠᠨᠢᠯᠴᠠᠭᠤᠯᠬᠤ ᠨᠢᠭᠡᠴᠡ᠎ᠨᠢ ᠬᠠᠮᠢᠶ᠎ᠠ ᠪᠥᠬᠥᠶ ᠱᠠᠭ᠋ᠠᠷᠳᠠᠯᠭ᠎ᠠ ᠶᠣᠰᠣᠭ᠋ᠠᠷ᠂ ᠲᠣᠰ ᠨᠢᠭᠡᠴᠡ ᠵᠢᠨ ᠡᠭᠦᠷᠭᠡ ᠴᠢᠳᠠᠪᠤᠷᠢ ᠪᠠ ᠲᠤᠬᠠᠢ᠌ᠯᠠᠭᠰᠠᠨ ᠠᠵᠢᠯ᠎ᠤᠨ ᠬᠦᠷᠢᠶ᠎ᠡ ᠬᠡᠪᠴᠢᠶ᠎ᠡ᠂ ᠲᠣᠰ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠳᠣᠲᠣᠷ᠎ᠠ ᠪᠠᠲᠤᠯᠠᠨ ᠲᠠᠨᠢᠯᠴᠠᠭᠤᠯᠬᠤ ᠵᠢᠨ ᠬᠠᠮᠲᠤ᠂ ᠭᠤᠶᠤᠴᠢᠯᠠᠨ ᠮᠡᠳᠡᠭᠦᠯᠦᠭᠰᠡᠨ ᠲᠥᠷᠥᠯ ᠵᠦᠢᠯ᠎ᠤᠨ ᠦᠨᠡᠨ ᠪᠣᠳᠠᠲᠤ ᠴᠢᠨᠠᠷ᠎ᠢ ᠴᠢᠩᠭ᠎ᠠ ᠬᠢᠨᠠᠨ ᠬᠠᠷᠭᠤᠭᠤᠯᠬᠤ ᠬᠡᠷᠡᠭᠲᠡᠶ  ᠃
      ᠬᠣᠶᠠᠷ᠂ ᠲᠠᠨᠢᠯᠴᠠᠭᠤᠯᠬᠤ ᠨᠢᠭᠡᠴᠢ
     1 . ᠭᠤᠶᠤᠴᠢᠯᠠᠨ ᠮᠡᠳᠡᠭᠦᠯᠬᠦ ᠨᠢᠭᠡᠴᠡ᠎ᠨᠢ ᠮᠡᠳᠡᠭᠳᠡᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ (http᠄ / / service . most . gov . cn) ᠵᠶ᠋ᠠᠷ ᠳᠠᠮᠵᠢᠭᠤᠯᠤᠨ 2022 ᠣᠨ᠎ᠤ 9 ᠳ᠋ᠦ᠍ᠭᠡᠷ ᠰᠠᠷ᠎ᠠ ᠵᠢᠨ 30᠎ᠤ ᠡᠳᠦᠷ᠎ᠤᠨ 16᠄ 00 ᠴᠠᠭ᠎ᠠᠴᠠ ᠡᠮᠦᠨ᠎ᠡ ᠰᠦᠯᠵᠢᠶᠡᠨ ᠳᠡᠭᠡᠷ᠎ᠡ ᠲᠥᠷᠥᠯ ᠵᠦᠢᠯ᠎ᠤᠨ ᠤᠷᠢᠳᠴᠢᠯᠠᠨ ᠮᠡᠳᠡᠭᠦᠯᠬᠦ ᠪᠢᠴᠢᠭ᠎ᠢ ᠲᠠᠭᠯᠠᠨ ᠮᠡᠳᠡᠭᠦᠯᠵᠦ᠂ ᠭᠤᠶᠤᠴᠢᠯᠠᠨ ᠮᠡᠳᠡᠭᠦᠯᠬᠦ ᠨᠢᠭᠡᠴᠡ᠎ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠰᠦᠯᠵᠢᠶᠡᠨ ᠳᠡᠭᠡᠷ᠎ᠡ ᠲᠤᠰᠢᠶᠠᠭᠰᠠᠨ᠎ᠤ ᠳᠠᠷᠠᠭ᠎ᠠ᠂ 9 ᠳ᠋ᠦ᠍ᠭᠡᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠭᠤᠶᠤᠴᠢᠯᠠᠨ ᠮᠡᠳᠡᠭᠦᠯᠬᠦ ᠪᠢᠴᠢᠭ ᠵᠢᠴᠢ ᠬᠠᠮᠢᠶ᠎ᠠ ᠪᠥᠬᠥᠶ ᠳᠠᠭ᠋ᠠᠯᠳᠤᠭᠤᠯᠤᠯ (ᠡᠯᠧᠺᠲᠷᠣᠨ ᠬᠡᠪᠯᠡᠯ) ᠵᠶ᠋ᠠᠨ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ ᠠᠩᠬᠠᠨ᠎ᠤ ᠬᠢᠨᠠᠯᠲᠠ ᠬᠢᠨ᠎ᠠ  ᠃ ᠳᠠᠩᠰᠠᠯᠠᠭᠤᠯᠤᠭ᠋ᠠᠳᠤᠶ᠎ᠪᠠᠷ ᠮᠡᠳᠡᠭᠦᠯᠦᠭᠰᠡᠨ ᠨᠢᠭᠡᠴᠡ᠎ᠨᠢ ᠰᠦᠯᠵᠢᠶᠡᠨ ᠥᠷᠲᠡᠭᠡ ᠵᠢᠨ ᠵᠢᠭ᠋ᠠᠨ ᠵᠢᠯᠣᠭᠣᠳᠣᠯᠭ᠎ᠠ ᠶᠣᠰᠣᠭ᠋ᠠᠷ ᠳᠠᠩᠰᠠᠯᠠᠭᠤᠯᠬᠤ ᠬᠡᠷᠡᠭᠲᠡᠶ (ᠮᠡᠷᠭᠡᠵᠢᠯ᠎ᠤᠨ ᠯᠠᠪᠯᠠᠭ᠎ᠠ ᠵᠢᠨ ᠤᠲᠠᠰᠤ᠄ 010 - 58882999) ᠪᠥᠭᠡᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ》᠎ᠢ ᠰᠣᠩᠭᠣᠨ ᠲᠠᠨᠢᠯᠴᠠᠭᠤᠯᠬᠤ ᠨᠢᠭᠡᠴᠡ ᠪᠣᠯᠭ᠋ᠠᠨ᠎ᠠ  ᠃
      2 . ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠤᠳ ᠲᠠᠨᠢᠯᠴᠠᠭᠤᠯᠤᠭᠰᠠᠨ ᠪᠢᠴᠢᠭ ᠮᠠᠲ᠋ᠧᠷᠢᠶᠠᠯ ᠵᠢᠴᠢ ᠲᠠᠨᠢᠯᠴᠠᠭᠤᠯᠤᠭᠰᠠᠨ ᠲᠥᠷᠥᠯ ᠵᠦᠢᠯ᠎ᠤᠨ ᠨᠠᠷᠢᠨ ᠬᠠᠭᠤᠳᠠᠰᠤ (ᠰᠢᠷᠪᠢᠭᠰᠡᠨ ᠪᠢᠴᠢᠭ ᠮᠠᠲ᠋ᠧᠷᠢᠶᠠᠯ) ᠵᠢ 9 ᠳ᠋ᠦ᠍ᠭᠡᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠡᠯᠧᠺᠲᠷᠣᠨ ᠰᠢᠦᠳᠠᠨ᠎ᠤ ᠬᠠᠢ᠌ᠷᠴᠠᠭ (nmgjhc @ 163 . com) ᠵᠶ᠋ᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠮᠡᠳᠡᠭᠦᠯᠦᠨ ᠬᠦᠷᠭᠡᠬᠦ ᠬᠡᠷᠡᠭᠲᠡᠶ  ᠃
     3 . ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠵᠥᠪᠬᠡᠨ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠤᠨ ᠪᠠᠲᠤᠯᠠᠨ ᠲᠠᠨᠢᠯᠴᠠᠭᠤᠯᠤᠭᠰᠠᠨ ᠲᠥᠷᠥᠯ ᠵᠦᠢᠯ᠎ᠢ ᠭᠥᠯᠢᠶᠡᠨ ᠠᠪᠴᠤ ᠰᠢᠢᠳᠪᠦᠷᠢᠯᠡᠨ᠂ 10 ᠳ᠋ᠤᠭ᠋ᠠᠷ ᠰᠠᠷ᠎ᠠ ᠵᠢᠨ 12᠎ᠤᠨ ᠡᠳᠦᠷ᠎ᠤᠨ 16᠄ 00 ᠴᠠᠭ᠎ᠠᠴᠠ ᠡᠮᠦᠨ᠎ᠡ ᠪᠠᠲᠤᠯᠠᠨ ᠲᠠᠨᠢᠯᠴᠠᠭᠤᠯᠤᠭᠰᠠᠨ ᠲᠥᠷᠥᠯ ᠵᠦᠢᠯ᠎ᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠳᠤ ᠲᠤᠰᠢᠶᠠᠨ᠎ᠠ  ᠃
      ᠭᠤᠷᠪᠠ᠂ ᠬᠠᠷᠢᠯᠴᠠᠬᠤ ᠬᠡᠯᠪᠡᠷᠢ
     1 ᠲᠤᠬᠠᠢ᠌ᠯᠠᠭᠰᠠᠨ ᠠᠵᠢᠯ᠎ᠤᠨ ᠯᠠᠪᠯᠠᠯᠭ᠎ᠠ  ᠃ᠬᠠᠷᠢᠯᠴᠠᠬᠤ ᠬᠥᠮᠦᠨ᠄ ᠳᠡᠭᠡᠳᠦ ᠰᠢᠨ᠎ᠡ ᠮᠡᠷᠭᠡᠵᠢᠯ᠎ᠤᠨ ᠭᠠᠵᠠᠷ ᠲᠦᠩ ᠶᠦᠩ ᠰᠢᠩ ᠤᠲᠠᠰᠤ᠄ 04716328607
     2 . ᠵᠣᠬᠢᠶᠠᠨ ᠪᠠᠢ᠌ᠭᠤᠯᠤᠯᠲᠠ᠎ᠠᠴᠠ ᠲᠠᠨᠢᠯᠴᠠᠭᠤᠯᠬᠤ  ᠃ᠬᠠᠷᠢᠯᠴᠠᠬᠤ ᠬᠥᠮᠦᠨ᠄ ᠪᠠᠢ᠌ᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢᠨ ᠭᠠᠵᠠᠷ᠎ᠤᠨ ᠶᠠᠩ ᠷᠦᠢ ᠤᠲᠠᠰᠤ᠄ 0471 - 6328708


                                                                            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ  
                                                                           2022 ᠣᠨ᠎ᠤ 9 ᠳ᠋ᠦ᠍ᠭᠡᠷ ᠰᠠᠷ᠎ᠠ ᠵᠢᠨ 5᠎ᠤ ᠡᠳᠦᠷ  

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ 《ᠰᠠᠭᠤᠷᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠥᠬᠥᠴᠡᠯ ᠬᠢᠭᠡᠳ ᠴᠢᠬᠤᠯᠠ ᠶᠡᠬᠡ ᠰᠢᠨᠵᠢᠯᠡᠬᠦ ᠤᠬᠠᠭ᠋ᠠᠨ᠎ᠤ ᠬᠡᠮᠵᠢᠭᠦᠷᠯᠢᠭ ᠲᠥᠬᠥᠭᠡᠷᠦᠮᠵᠢ ᠵᠢ ᠰᠤᠳᠤᠯᠤᠨ ᠨᠡᠭᠡᠭᠡᠬᠦ》 ᠭᠣᠤᠯᠳᠠᠯᠭ᠎ᠠ᠎ᠲᠠᠢ ᠲᠤᠰᠬᠠᠶ ᠵᠦᠢᠯ᠎ᠤᠨ 2022 ᠣᠨ᠎ᠤ ᠶᠠᠮᠤᠨ ᠬᠣᠲᠠ ᠵᠢᠨ ᠬᠠᠮᠲᠤᠷᠠᠨ ᠬᠥᠳᠡᠯᠦᠯᠴᠡᠬᠦ ᠲᠥᠷᠥᠯ ᠵᠦᠢᠯ᠎ᠢ ᠵᠣᠬᠢᠶᠠᠨ ᠪᠠᠢ᠌ᠭᠤᠯᠤᠨ ᠭᠤᠶᠤᠴᠢᠯᠠᠨ ᠮᠡᠳᠡᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠢᠨ 《ᠢᠨᠵᠧᠨᠧᠷᠢᠩ᠎ᠤᠨ ᠰᠢᠨᠵᠢᠯᠡᠬᠦ ᠤᠬᠠᠭ᠋ᠠᠨ ᠬᠢᠭᠡᠳ ᠶᠡᠷᠦᠩᠬᠡᠢ᠌ᠯᠡᠭᠰᠡᠨ ᠰᠣᠯᠪᠢᠴᠠᠯ》 ᠵᠡᠷᠭᠡ ᠭᠣᠤᠯᠳᠠᠯᠭ᠎ᠠ᠎ᠲᠠᠢ ᠲᠤᠰᠬᠠᠶ ᠵᠦᠢᠯ᠎ᠤᠨ 2022 ᠣᠨ᠎ᠤ ᠲᠥᠷᠥᠯ ᠵᠦᠢᠯ᠎ᠢ ᠵᠣᠬᠢᠶᠠᠨ ᠪᠠᠢ᠌ᠭᠤᠯᠵᠤ ᠭᠤᠶᠤᠴᠢᠯᠠᠨ ᠮᠡᠳᠡᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
2022 ᠣᠨ᠎ᠤ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ᠎ᠤᠨ ᠪᠦᠷᠢᠳᠬᠡᠨ ᠳᠠᠩᠰᠠᠯᠠᠬᠤ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠵᠢᠷᠭᠤᠳᠤᠭ᠋ᠠᠷ ᠪᠦᠯᠦᠭ ᠬᠥᠮᠥᠷᠭᠡ᠎ᠳᠤ ᠣᠷᠣᠭᠤᠯᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ ᠨᠡᠢ᠌ᠲᠡᠯᠡᠬᠦ ᠲᠤᠬᠠᠶ ᠮᠡᠳᠡᠭᠳᠡᠯ
ᠲᠤᠷᠰᠢᠯᠲᠠ ᠵᠢᠨ ᠠᠮᠢᠲᠠᠨ ᠦᠬᠡᠷ ᠬᠣᠨᠢᠨ᠎ᠤ ᠣᠷᠣᠨ ᠨᠤᠲᠤᠭ᠎ᠤᠨ ᠪᠠᠷᠢᠮᠵᠢᠶ᠎ᠠ ᠵᠢ ᠰᠤᠳᠤᠯᠤᠨ ᠦᠢᠯᠡᠳᠬᠦ ᠲᠥᠷᠥᠯ ᠵᠦᠢᠯ᠎ᠤᠨ ᠠᠷᠠᠯᠵᠢᠶ᠎ᠠ ᠪᠦᠲᠦᠭᠰᠡᠨ ᠦᠷ᠎ᠡ ᠳ᠋ᠦᠩ᠎ᠢ ᠵᠠᠷᠯᠠᠨ ᠨᠡᠢ᠌ᠲᠡᠯᠡᠪᠡ
 
            