ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠬᠣᠶᠠᠷ᠎ᠢ ᠰᠢᠯᠢᠳᠡᠭᠵᠢᠭᠦᠯᠬᠦ》 ᠲᠤᠰᠬᠠᠶ ᠠᠵᠢᠯᠯᠠᠭ᠎ᠠ ᠵᠢᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠬᠡᠷᠡᠭᠵᠢᠭᠦᠯᠬᠦ ᠪᠠᠷᠢᠮᠵᠢᠶ᠎ᠠ ᠵᠢ ᠨᠡᠢ᠌ᠲᠡᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-02-17



      ᠡᠯ᠎ᠡ ᠠᠢ᠌ᠮᠠᠭ (ᠬᠣᠲᠠ)᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠬᠣᠯᠪᠣᠭᠳᠠᠯ ᠪᠦᠬᠦᠢ ᠨᠢᠭᠡᠴᠡ᠄
    《〈ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢ ᠰᠢᠯᠢᠳᠡᠭᠵᠢᠭᠦᠯᠬᠦ ᠠᠵᠢᠯ᠎ᠤᠨ ᠴᠤᠪᠤᠷᠠᠯ〉᠎ᠢ ᠰᠢᠯᠢᠳᠡᠭᠵᠢᠭᠦᠯᠬᠦ ᠲᠤᠰᠬᠠᠶ ᠠᠵᠢᠯᠯᠠᠭ᠎ᠠ ᠵᠢ ᠥᠷᠨᠢᠭᠦᠯᠵᠦ ᠪᠥᠬᠥ ᠲᠠᠯ᠎ᠠ ᠵᠢᠨ ᠪᠡᠶ᠎ᠡ ᠮᠠᠬᠠᠪᠣᠳ᠎ᠤᠨ ᠦᠷ᠎ᠡ ᠠᠰᠢᠭ᠎ᠢ ᠨᠡᠮᠡᠭᠳᠡᠭᠦᠯᠬᠦ᠎ᠳᠤ ᠦᠢᠯᠡᠴᠢᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠨᠠᠮ ᠠᠯᠪᠠᠨ ᠲᠠᠷᠬᠠᠭ᠋ᠠᠭᠰᠠᠨ ᠴᠠᠬᠢᠯᠭ᠋ᠠᠨ 202225 ᠳ᠋ᠤᠭ᠋ᠠᠷ ᠲᠣᠭ᠋ᠠᠲᠤ) ᠵᠡᠷᠭᠡ ᠬᠠᠮᠢᠶ᠎ᠠ ᠪᠥᠬᠥᠶ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠡᠳᠦᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ 《ᠬᠣᠶᠠᠷ ᠰᠢᠯᠢᠳᠡᠭ》 ᠲᠤᠰᠬᠠᠶ ᠠᠵᠢᠯᠯᠠᠭ᠎ᠠ ᠵᠢ ᠢᠯᠭ᠋ᠠᠷᠠᠭᠤᠯᠬᠤ ᠵᠦᠢᠯᠡᠰ᠎ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠬᠡᠷᠡᠭᠵᠢᠭᠦᠯᠬᠦ ᠪᠠᠷᠢᠮᠵᠢᠶ᠎ᠠ ᠵᠢᠨ ᠪᠠᠢ᠌ᠳᠠᠯ᠎ᠢ ᠳᠣᠤᠷᠠᠬᠢ ᠮᠡᠲᠦ ᠨᠡᠢ᠌ᠲᠡᠯᠡᠪᠡ  ᠃
      ᠨᠢᠭᠡ᠂ ᠭᠠᠳᠠᠭ᠋ᠠᠳᠤ ᠶᠠᠪᠤᠳᠠᠯ᠎ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠬᠡᠷᠡᠭᠵᠢᠭᠦᠯᠬᠦ ᠪᠠᠷᠢᠮᠵᠢᠶ᠎ᠠ ᠵᠢᠨ ᠪᠠᠢ᠌ᠳᠠᠯ᠎ᠢ ᠳᠣᠷᠣᠭᠰᠢ ᠪᠠᠭᠤᠯᠭ᠋ᠠᠨ᠎ᠠ  ᠃《ᠬᠥᠬᠡᠬᠣᠲᠠ᠎ᠳᠤ ᠰᠠᠭᠤᠭ᠎ᠠ ᠰᠢᠭᠤᠳ ᠬᠠᠷᠢᠶ᠎ᠠ ᠨᠢᠭᠡᠴᠢ ᠭᠠᠳᠠᠭ᠋ᠠᠳᠤ ᠵᠢᠨ ᠬᠥᠮᠦᠨ᠎ᠤ ᠳᠤᠮᠳᠠᠳᠤ ᠤᠯᠤᠰ᠎ᠲᠤ ᠢᠷᠡᠵᠦ ᠠᠵᠢᠯᠯᠠᠬᠤ ᠵᠥᠪᠰᠢᠶᠡᠷᠡᠯ》᠎ᠤᠨ ᠡᠷᠬᠡ ᠲᠤᠰᠢᠶᠠᠯ᠎ᠢ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠎ᠳᠤ ᠰᠢᠭᠤᠳ ᠪᠠᠭᠤᠯᠭ᠋ᠠᠨ ᠳᠠᠭ᠋ᠠᠭ᠋ᠠᠯᠭ᠋ᠠᠵᠤ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠎ᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠪᠠᠷ ᠣᠷᠣᠵᠤ ᠭᠠᠷᠬᠤ ᠬᠠᠮᠢᠶᠠᠷᠤᠯᠲᠠ ᠵᠢᠨ ᠬᠠᠤᠯᠢ》 (2012 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ᠎ᠤᠨ ᠲᠡᠷᠢᠭᠦᠯᠡᠭᠴᠢ ᠵᠢᠨ ᠵᠠᠷᠯᠢᠭ 57 ᠳ᠋ᠤᠭ᠋ᠠᠷ ᠲᠣᠭ᠋ᠠᠲᠤ)᠂ 《ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠦᠯᠡᠳᠡᠭᠡᠬᠦ ᠴᠢᠬᠤᠯᠠᠲᠠᠶ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠥᠷᠥᠯ ᠵᠦᠢᠯ᠎ᠳᠤ ᠵᠠᠰᠠᠭ ᠵᠠᠬᠢᠷᠭ᠋ᠠᠨ᠎ᠤ ᠵᠥᠪᠰᠢᠶᠡᠷᠡᠯ ᠲᠣᠭᠲᠠᠭ᠋ᠠᠬᠤ ᠲᠤᠬᠠᠶ ᠲᠣᠭᠲᠠᠭ᠋ᠠᠯ》 (2016 ᠣᠨ)᠂ ᠭᠠᠳᠠᠭ᠋ᠠᠳᠤ ᠵᠢᠨ ᠬᠥᠮᠦᠨ᠎ᠤ ᠳᠤᠮᠳᠠᠳᠤ ᠤᠯᠤᠰ᠎ᠲᠤ ᠢᠷᠡᠵᠦ ᠠᠵᠢᠯᠯᠠᠬᠤ ᠵᠥᠪᠰᠢᠶᠡᠷᠡᠯ᠎ᠤᠨ ᠦᠢᠯᠡᠴᠢᠯᠡᠭᠡᠨ᠎ᠤ ᠵᠦᠭᠯᠡᠭᠦᠷ (ᠲᠦᠷ ᠬᠡᠷᠡᠭᠵᠢᠭᠦᠯᠬᠦ) ᠵᠡᠷᠭᠡ ᠬᠠᠮᠢᠶ᠎ᠠ ᠪᠥᠬᠥᠶ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ᠂ ᠭᠠᠳᠠᠭ᠋ᠠᠳᠤ ᠵᠢᠨ ᠬᠥᠮᠦᠨ᠎ᠤ ᠳᠤᠮᠳᠠᠳᠤ ᠤᠯᠤᠰ᠎ᠲᠤ ᠢᠷᠡᠵᠦ ᠠᠵᠢᠯᠯᠠᠬᠤ ᠬᠠᠮᠢᠶᠠᠷᠤᠯᠲᠠ ᠵᠢᠨ ᠦᠢᠯᠡᠴᠢᠯᠡᠭᠡᠨ᠎ᠤ ᠰᠢᠰᠲ᠋ᠧᠮ ᠵᠶ᠋ᠡᠷ ᠳᠠᠮᠵᠢᠭᠤᠯᠤᠨ ᠲᠤᠰᠬᠠᠶ ᠰᠦᠯᠵᠢᠶ᠎ᠡ᠎ᠪᠠᠷ ᠲᠤᠰᠬᠠᠶ ᠭᠦᠢᠴᠡᠳᠬᠡᠨ᠎ᠡ  ᠃
      ᠬᠣᠶᠠᠷ᠂ ᠭᠠᠳᠠᠭ᠋ᠠᠳᠤ ᠶᠠᠪᠤᠳᠠᠯ᠎ᠤᠨ 《ᠮᠠᠲ᠋ᠧᠷᠢᠶᠠᠯ᠎ᠢ ᠪᠠᠭ᠋ᠠᠰᠬᠠᠬᠤ᠂ ᠭᠣᠭᠴᠣᠭ᠎ᠠ ᠵᠢ ᠪᠠᠭ᠋ᠠᠰᠬᠠᠬᠤ᠂ ᠴᠠᠭ᠎ᠤᠨ ᠬᠢᠵᠠᠭ᠋ᠠᠷ᠎ᠢ ᠪᠠᠭ᠋ᠠᠰᠬᠠᠬᠤ》 ᠠᠵᠢᠯ ᠶᠠᠪᠤᠳᠠᠯ ᠭᠦᠢᠴᠡᠳᠬᠡᠬᠦ ᠵᠦᠭᠯᠡᠭᠦᠷ 《br /》  ᠃ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠵᠦᠢᠯᠡᠰ᠎ᠲᠤ ᠭᠣᠭᠴᠣᠭ᠋ᠠᠨ᠎ᠤ ᠠᠩᠬᠠᠨ᠎ᠤ ᠦᠨᠡᠯᠡᠯᠲᠡ ᠵᠢᠨ ᠤᠳᠠᠭ᠎ᠠ ᠵᠢ ᠴᠣᠮᠬᠠᠳᠬᠠᠵᠤ᠂ ᠤᠤᠯ᠎ᠤᠨ ᠬᠣᠶᠠᠷ ᠡᠭᠡᠯᠵᠢ᠎ᠠᠴᠠ ᠨᠢᠭᠡ ᠡᠭᠡᠯᠵᠢ ᠪᠣᠯᠭ᠋ᠠᠨ ᠬᠤᠪᠢᠷᠠᠭᠤᠯᠵᠤ᠂ ᠨᠡᠷ᠎ᠡ ᠳᠤᠷᠠᠳᠬᠤ ᠱᠠᠲᠤᠨ᠎ᠳᠤ ᠴᠠᠭ᠋ᠠᠰᠤᠨ ᠮᠠᠲ᠋ᠧᠷᠢᠶᠠᠯ ᠬᠠᠩᠭ᠋ᠠᠬᠤ ᠴᠢᠬᠤᠯᠠ ᠥᠬᠡᠶ᠂ ᠭᠦᠢᠴᠡᠳᠬᠡᠬᠦ ᠵᠦᠢᠯᠡᠰ᠎ᠢ ᠪᠥᠬᠥ ᠶᠠᠪᠤᠴᠠ᠎ᠳᠤ ᠮᠡᠳᠡᠭᠡ ᠵᠠᠩᠭᠢᠵᠢᠭᠤᠯᠤᠨ ᠭᠦᠢᠴᠡᠳᠬᠡᠬᠦ ᠵᠢ ᠪᠡᠶᠡᠯᠡᠭᠦᠯᠪᠡ; ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠡᠩᠰᠡᠯᠡᠨ ᠲᠡᠮᠳᠡᠭᠯᠡᠬᠦ ᠵᠦᠢᠯᠡᠰ᠎ᠢ ᠪᠥᠬᠥ ᠶᠠᠪᠤᠴᠠ᠎ᠳᠤ ᠰᠦᠯᠵᠢᠶ᠎ᠡ᠎ᠪᠠᠷ ᠭᠦᠢᠴᠡᠳᠬᠡᠬᠦ ᠵᠢ ᠪᠡᠶᠡᠯᠡᠭᠦᠯᠵᠦ᠂ ᠭᠦᠢᠴᠡᠳᠬᠡᠬᠦ ᠴᠠᠭ᠎ᠤᠨ ᠬᠢᠵᠠᠭ᠋ᠠᠷ᠎ᠢ ᠤᠤᠯ᠎ᠤᠨ 30 ᠠᠵᠢᠯᠯᠠᠬᠤ ᠡᠳᠦᠷ ᠪᠠᠢ᠌ᠭᠰᠠᠨ᠎ᠠᠴᠠ᠎ᠨᠢ ᠬᠠᠰᠤᠭ᠋ᠠᠳ 20 ᠠᠵᠢᠯᠯᠠᠬᠤ ᠡᠳᠦᠷ ᠪᠣᠯᠭ᠋ᠠᠪᠠ; ᠲᠤᠷᠰᠢᠯᠲᠠ ᠵᠢᠨ ᠠᠮᠢᠲᠠᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠎ᠳᠤ ᠮᠠᠲ᠋ᠧᠷᠢᠶᠠᠯ᠎ᠢ ᠬᠠᠰᠤᠬᠤ ᠲᠠᠯ᠎ᠠ᠎ᠪᠠᠷ ᠤᠤᠯ᠎ᠤᠨ ᠭᠤᠶᠤᠴᠢᠯᠠᠨ ᠮᠡᠳᠡᠭᠦᠯᠬᠦ᠎ᠳᠤ ᠬᠡᠷᠡᠭᠰᠡᠬᠦ 10 ᠵᠦᠢᠯ᠎ᠤᠨ ᠮᠠᠲ᠋ᠧᠷᠢᠶᠠᠯ᠎ᠢ ᠬᠠᠰᠤᠭ᠋ᠠᠳ 6 ᠵᠦᠢᠯ ᠪᠣᠯᠭ᠋ᠠᠵᠤ᠂ ᠴᠠᠭ᠎ᠤᠨ ᠬᠢᠵᠠᠭ᠋ᠠᠷ᠎ᠢ ᠬᠠᠰᠤᠬᠤ ᠲᠠᠯ᠎ᠠ᠎ᠪᠠᠷ ᠤᠤᠯ᠎ᠤᠨ 20 ᠠᠵᠢᠯᠯᠠᠬᠤ ᠡᠳᠦᠷ᠎ᠢ ᠬᠠᠰᠤᠭ᠋ᠠᠳ 14 ᠠᠵᠢᠯᠯᠠᠬᠤ ᠡᠳᠦᠷ ᠪᠣᠯᠭ᠋ᠠᠪᠠ  ᠃ ᠳᠡᠭᠡᠷᠡᠬᠢ ᠭᠦᠢᠴᠡᠳᠬᠡᠬᠦ ᠵᠦᠢᠯᠡᠰ᠎ᠨᠢ ᠴᠥᠮ ᠬᠠᠮᠢᠶ᠎ᠠ ᠪᠥᠬᠥᠶ ᠴᠤᠪᠤᠷᠠᠯ᠎ᠳᠤ ᠵᠠᠰᠠᠪᠤᠷᠢ ᠣᠷᠣᠭᠤᠯᠬᠤ ᠪᠠ ᠰᠢᠯᠢᠳᠡᠭᠵᠢᠭᠦᠯᠬᠦ ᠠᠵᠢᠯ᠎ᠢ ᠪᠡᠶᠡᠯᠡᠭᠦᠯᠦᠭᠰᠡᠨ ᠪᠠᠢ᠌ᠪᠠᠯ᠂ ᠴᠣᠮᠬᠠᠳᠬᠠᠭᠰᠠᠨ᠎ᠤ ᠳᠠᠷᠠᠭ᠋ᠠᠬᠢ ᠱᠠᠭ᠋ᠠᠷᠳᠠᠯᠭ᠎ᠠ ᠶᠣᠰᠣᠭ᠋ᠠᠷ ᠭᠦᠢᠴᠡᠳᠬᠡᠨ᠎ᠡ  ᠃
        ᠭᠤᠷᠪᠠ᠂ ᠳᠣᠲᠣᠭ᠋ᠠᠳᠤ ᠵᠢᠨ ᠡᠷᠬᠡ ᠵᠢᠨ ᠬᠡᠷᠡᠭ ᠶᠠᠪᠤᠳᠠᠯ᠎ᠢ ᠳᠣᠷᠣᠭᠰᠢ ᠪᠠᠭᠤᠯᠭ᠋ᠠᠵᠤ ᠬᠡᠷᠡᠭ ᠡᠷᠬᠢᠯᠡᠬᠦ ᠵᠦᠭᠯᠡᠭᠦᠷ
      ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠰᠤᠳᠤᠯᠤᠨ ᠨᠡᠭᠡᠭᠡᠨ ᠬᠥᠭᠵᠢᠭᠦᠯᠬᠦ ᠲᠥᠪ᠎ᠤᠨ ᠮᠠᠭ᠋ᠠᠳᠯᠠᠨ ᠲᠣᠭᠲᠠᠭ᠋ᠠᠵᠤ ᠬᠠᠮᠢᠶᠠᠷᠬᠤ ᠡᠷᠬᠡ ᠮᠡᠳᠡᠯ᠎ᠢ ᠳᠣᠷᠣᠭᠰᠢ ᠪᠠᠭᠤᠯᠭ᠋ᠠᠵᠤ᠂ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠲᠠᠪᠴᠠᠩ᠎ᠳᠤ ᠪᠦᠷᠢᠳᠬᠡᠨ ᠳᠠᠩᠰᠠᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠰᠤᠳᠤᠯᠤᠨ ᠨᠡᠭᠡᠭᠡᠨ ᠬᠥᠭᠵᠢᠭᠦᠯᠬᠦ ᠲᠥᠪ᠎ᠤᠨ ᠮᠠᠭ᠋ᠠᠳᠯᠠᠨ ᠲᠣᠭᠲᠠᠭ᠋ᠠᠵᠤ ᠬᠠᠮᠢᠶᠠᠷᠬᠤ ᠵᠦᠢᠯᠡᠰ᠎ᠤᠨ ᠪᠥᠬᠥ ᠶᠠᠪᠤᠴᠠ ᠵᠢ ᠰᠦᠯᠵᠢᠶ᠎ᠡ᠎ᠪᠠᠷ ᠭᠦᠢᠴᠡᠳᠬᠡᠬᠦ ᠵᠢ ᠪᠡᠶᠡᠯᠡᠭᠦᠯᠦᠨ᠎ᠡ  ᠃
        ᠳᠥᠷᠪᠡ᠂ ᠳᠣᠲᠣᠭ᠋ᠠᠳᠤ ᠵᠢᠨ ᠵᠦᠢᠯᠡᠰ᠎ᠤᠨ 《ᠮᠠᠲ᠋ᠧᠷᠢᠶᠠᠯ᠎ᠢ ᠬᠠᠰᠤᠬᠤ᠂ ᠭᠣᠭᠴᠣᠭ᠎ᠠ ᠵᠢ ᠬᠠᠰᠤᠬᠤ᠂ ᠴᠠᠭ᠎ᠤᠨ ᠬᠢᠵᠠᠭ᠋ᠠᠷ᠎ᠢ ᠪᠠᠭ᠋ᠠᠰᠬᠠᠬᠤ》 ᠲᠣᠳᠣᠷᠬᠠᠶ ᠬᠠᠭᠤᠳᠠᠰᠤ
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠨ᠎ᠳᠠᠬᠢ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠵᠦ᠂ 1 + 1 ᠬᠠᠮᠵᠢᠯᠴᠠᠬᠤ ᠲᠣᠭᠲᠠᠴᠠ ᠵᠢ ᠪᠠᠢ᠌ᠭᠤᠯᠬᠤ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠭ᠎ᠠ ᠪᠠᠷᠢᠮᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠬᠠᠮᠲᠤ᠎ᠪᠠᠷ ᠡᠳ᠋ᠯᠡᠨ᠎ᠡ; ᠥᠪᠡᠷᠲᠡᠭᠡᠨ ᠵᠠᠰᠠᠬᠤ ᠣᠷᠣᠨ᠎ᠤ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠰᠠᠭᠤᠷᠢᠨ ᠭᠠᠵᠠᠷ᠎ᠢ ᠮᠠᠭ᠋ᠠᠳᠯᠠᠨ ᠲᠣᠭᠲᠠᠭ᠋ᠠᠬᠤ᠎ᠪᠠᠨ ᠪᠦᠷᠢᠳᠬᠡᠨ ᠳᠠᠩᠰᠠᠯᠠᠭᠤᠯᠬᠤ ᠪᠣᠯᠭ᠋ᠠᠨ ᠬᠤᠪᠢᠷᠠᠭᠤᠯᠵᠤ᠂ ᠮᠠᠭ᠋ᠠᠳᠯᠠᠨ ᠲᠣᠭᠲᠠᠭ᠋ᠠᠬᠤ ᠲᠦᠷᠢᠮ ᠵᠶ᠋ᠡᠨ ᠪᠦᠷᠢᠳᠬᠡᠨ ᠳᠠᠩᠰᠠᠯᠠᠭᠤᠯᠬᠤ ᠲᠦᠷᠢᠮ ᠪᠣᠯᠭ᠋ᠠᠨ ᠬᠤᠪᠢᠷᠠᠭᠤᠯᠵᠤ᠂ ᠲᠤᠰᠬᠠᠶ ᠮᠡᠷᠭᠡᠵᠢᠯᠲᠡᠨ ᠵᠶ᠋ᠡᠷ ᠬᠢᠨᠠᠨ ᠲᠣᠭᠲᠠᠭ᠋ᠠᠯᠭ᠋ᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠮᠠᠭ᠋ᠠᠳᠯᠠᠨ ᠲᠣᠭᠲᠠᠭ᠋ᠠᠬᠤ ᠮᠡᠳᠡᠭᠳᠡᠯ᠎ᠤᠨ ᠭᠣᠭᠴᠣᠭ᠎ᠠ ᠵᠢ ᠪᠠᠭ᠋ᠠᠰᠬᠠᠪᠠ; ᠲᠢᠩᠬᠢᠮ (ᠠᠢ᠌ᠮᠠᠭ) ᠬᠣᠲᠠ ᠵᠢᠨ᠎ᠬᠢᠨ ᠵᠥᠪᠳᠡᠯᠴᠡᠵᠦ᠂ ᠤᠤᠯ᠎ᠤᠨ 7 ᠭᠣᠭᠴᠣᠭ᠎ᠠ ᠵᠢᠨ ᠲᠣᠭ᠎ᠠ ᠬᠡᠮᠵᠢᠶ᠎ᠡ ᠵᠢ 2 ᠭᠣᠭᠴᠣᠭ᠎ᠠ ᠪᠣᠯᠭ᠋ᠠᠨ ᠬᠠᠰᠤᠵᠤ᠂ ᠭᠦᠢᠴᠡᠳᠬᠡᠬᠦ ᠴᠠᠭ᠎ᠤᠨ ᠬᠢᠵᠠᠭ᠋ᠠᠷ᠎ᠢ ᠤᠤᠯ᠎ᠤᠨ 60 ᠠᠵᠢᠯᠯᠠᠬᠤ ᠡᠳᠦᠷ ᠪᠠᠢ᠌ᠭᠰᠠᠨ᠎ᠠᠴᠠ᠎ᠨᠢ 30 ᠠᠵᠢᠯᠯᠠᠬᠤ ᠡᠳᠦᠷ ᠪᠣᠯᠭ᠋ᠠᠨ ᠪᠣᠭᠣᠨᠢᠰᠬᠠᠪᠠ  ᠃
        ᠬᠠᠷᠢᠯᠴᠠᠬᠤ ᠬᠥᠮᠦᠨ᠄ ᠵᠠᠩ ᠰᠢᠶᠤᠤ ᠶᠢᠩ᠂ ᠬᠠᠷᠢᠯᠴᠠᠬᠤ ᠤᠲᠠᠰᠤ᠄ 6328712
                                 
                                               

                              ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ  
                               2023 ᠣᠨ᠎ᠤ 2 ᠳ᠋ᠤᠭ᠋ᠠᠷ ᠰᠠᠷ᠎ᠠ ᠵᠢᠨ 11᠎ᠤ ᠡᠳᠦᠷ  

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠲᠠᠷᠢᠶᠠᠯᠠᠩ ᠮᠠᠯ ᠠᠵᠤ ᠠᠬᠤᠶ᠂ ᠡᠨᠧᠷᠭᠢ ᠵᠢᠨ ᠬᠦᠷᠢᠶ᠎ᠡ ᠴᠠᠷᠠᠭ᠎ᠠ ᠵᠢᠨ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠰᠢᠯᠢᠳᠡᠭᠵᠢᠭᠦᠯᠦᠨ ᠳᠠᠬᠢᠨ ᠪᠠᠢ᠌ᠭᠤᠯᠤᠭᠰᠠᠨ ᠦᠷ᠎ᠡ ᠳ᠋ᠦᠩ᠎ᠢ ᠨᠡᠢ᠌ᠲᠡᠯᠡᠬᠦ ᠲᠤᠬᠠᠶ ᠮᠡᠳᠡᠭᠳᠡᠯ
2022 ᠣᠨ᠎ᠤ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠰᠢᠨᠵᠢᠯᠡᠬᠦ ᠤᠬᠠᠭ᠋ᠠᠨ᠎ᠤ ᠠᠵᠢᠭᠯᠠᠯᠲᠠ ᠰᠤᠳᠤᠯᠭ᠋ᠠᠨ᠎ᠤ ᠥᠷᠲᠡᠭᠡ ᠵᠢᠨ ᠪᠦᠷᠢᠳᠬᠡᠨ ᠳᠠᠩᠰᠠᠯᠠᠬᠤ ᠨᠡᠷᠡᠰ᠎ᠢ ᠨᠡᠢ᠌ᠲᠡᠯᠡᠬᠦ ᠲᠤᠬᠠᠶ ᠮᠡᠳᠡᠭᠳᠡᠯ
2024 ᠣᠨ᠎ᠤ ᠮᠡᠷᠭᠡᠵᠢᠯ᠎ᠤᠨ ᠠᠷᠠᠯᠵᠢᠶ᠎ᠠ ᠵᠢᠨ ᠳᠠᠷᠠᠭ᠋ᠠᠬᠢ ᠨᠥᠬᠥᠪᠥᠷᠢ ᠵᠢᠨ ᠲᠥᠷᠥᠯ ᠵᠦᠢᠯ᠎ᠢ ᠴᠤᠭᠯᠠᠭᠤᠯᠬᠤ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠲᠠᠪᠤᠳᠤᠭ᠋ᠠᠷ ᠪᠦᠯᠦᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ ᠨᠡᠢ᠌ᠲᠡᠯᠡᠬᠦ ᠲᠤᠬᠠᠶ ᠮᠡᠳᠡᠭᠳᠡᠯ
2023 ᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠰᠡᠳᠦᠪ ᠲᠣᠭᠲᠠᠭ᠋ᠠᠬᠤ ᠲᠥᠷᠥᠯ ᠵᠦᠢᠯ᠎ᠢ ᠵᠠᠷᠯᠠᠨ ᠨᠡᠢ᠌ᠲᠡᠯᠡᠬᠦ ᠲᠤᠬᠠᠶ ᠮᠡᠳᠡᠭᠳᠡᠯ
 
            