ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠭ᠋ᠠᠵᠢ ᠬᠡᠷᠡᠭᠰᠡᠯ᠎ᠢ ᠴᠢᠯᠥᠭᠡᠲᠡᠶ ᠨᠡᠭᠡᠭᠡᠵᠦ ᠬᠠᠮᠲᠤ᠎ᠪᠠᠷ ᠭᠥᠷᠳᠡᠬᠦ ᠬᠦᠷᠢᠶᠡᠨ᠎ᠳᠠᠬᠢ ᠲᠤᠰᠬᠠᠶ ᠮᠡᠷᠭᠡᠵᠢᠯᠲᠡᠨ᠎ᠢ ᠡᠯᠰᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2023-02-08


    ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠯ᠎ᠡ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠄
    ᠥᠪᠡᠷᠲᠡᠭᠡᠨ ᠵᠠᠰᠠᠬᠤ ᠣᠷᠣᠨ᠎ᠤ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠭ᠋ᠠᠵᠢ ᠬᠡᠷᠡᠭᠰᠡᠯ᠎ᠢ ᠴᠢᠯᠥᠭᠡᠲᠡᠶ ᠪᠥᠭᠡᠳ ᠬᠠᠮᠲᠤᠪᠠᠷ ᠭᠥᠷᠳᠡᠬᠦ ᠵᠢ ᠠᠬᠢᠭᠤᠯᠵᠤ᠂ ᠵᠥᠪᠯᠡᠯᠭᠡ ᠥᠭᠴᠦ ᠨᠤᠲᠠᠯᠠᠯᠲᠠ ᠬᠢᠬᠦ᠂ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠨ ᠵᠢᠱ᠌ᠢᠬᠦ ᠵᠡᠷᠭᠡ ᠠᠵᠢᠯ᠎ᠢ ᠰᠠᠢ᠌ᠲᠤᠷ ᠬᠢᠬᠦ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ ᠪᠥᠬᠥ ᠣᠷᠣᠨ᠎ᠳᠤ ᠬᠠᠨᠳᠤᠭᠤᠯᠤᠨ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠭ᠋ᠠᠵᠢ ᠬᠡᠷᠡᠭᠰᠡᠯ᠎ᠢ ᠴᠢᠯᠥᠭᠡᠲᠡᠶ ᠪᠥᠭᠡᠳ ᠬᠠᠮᠲᠤᠪᠠᠷ ᠭᠥᠷᠳᠡᠬᠦ ᠬᠦᠷᠢᠶᠡᠨ᠎ᠤ ᠲᠤᠰᠬᠠᠶ ᠮᠡᠷᠭᠡᠵᠢᠯᠲᠡᠨ᠎ᠢ ᠢᠯᠡ᠎ᠪᠠᠷ ᠡᠯᠰᠡᠨ ᠴᠤᠭᠯᠠᠭᠤᠯᠵᠤ᠂ ᠨᠥᠬᠥᠴᠡᠯ᠎ᠳᠤ ᠨᠡᠢ᠌ᠴᠡᠬᠦ ᠲᠤᠰᠬᠠᠶ ᠮᠡᠷᠭᠡᠵᠢᠯᠲᠡᠨ᠎ᠢ ᠨᠢᠭᠡᠴᠡ᠎ᠠᠴᠠ ᠲᠠᠨᠢᠯᠴᠠᠭᠤᠯᠬᠤ ᠪᠤᠶᠤ ᠬᠠᠨᠳᠤᠯᠭ᠎ᠠ᠎ᠲᠠᠢ᠎ᠪᠠᠷ ᠤᠷᠢᠬᠤ ᠠᠷᠭ᠎ᠠ ᠮᠠᠶᠢᠭ ᠵᠶ᠋ᠠᠷ ᠳᠡᠮᠵᠢᠨ ᠬᠥᠮᠥᠷᠭᠡ᠎ᠳᠤ ᠣᠷᠣᠭᠤᠯᠬᠤ᠎ᠪᠠᠷ ᠭᠤᠶᠤᠴᠢᠯᠠᠵᠤ ᠪᠣᠯᠤᠨ᠎ᠠ  ᠃ ᠪᠣᠳᠠᠲᠠᠶ ᠵᠦᠢ᠍ᠯᠡᠰ᠎ᠢ ᠳᠣᠣᠷᠠᠬᠢ ᠮᠡᠲᠦ ᠮᠡᠳᠡᠭᠳᠡᠶ᠎ᠡ  ᠃
      ᠨᠢᠭᠡ᠂ ᠲᠤᠰᠬᠠᠢ ᠮᠡᠷᠭᠡᠵᠢᠯᠲᠡᠨ᠎ᠤ ᠨᠥᠬᠥᠴᠡᠯ
     1 . ᠤᠯᠤᠰ ᠲᠥᠷᠥ ᠵᠢᠨ ᠵᠣᠭᠰᠣᠯᠲᠠ ᠪᠠᠲᠤ᠂ ᠪᠤᠰᠤᠳᠴᠢ ᠲᠥᠪ ᠭᠣᠤᠯᠴᠢ᠂ ᠵᠠᠷᠴᠢᠮ᠎ᠢ ᠪᠠᠷᠢᠮᠲᠠᠯᠠᠬᠤ᠂ ᠰᠠᠢ᠌ᠨ ᠰᠠᠢ᠌ᠬᠠᠨ ᠠᠵᠢᠯ ᠮᠡᠷᠭᠡᠵᠢᠯ᠎ᠤᠨ ᠶᠣᠰᠣ ᠮᠣᠷᠠᠯ ᠪᠠ ᠠᠵᠢᠯ ᠲᠥᠷᠥᠯ᠎ᠤᠨ ᠬᠡᠪ ᠰᠠᠬᠢᠯᠭ᠎ᠠ᠎ᠲᠠᠢ ᠪᠠᠢ᠌ᠵᠤ᠂ ᠡᠷᠳᠡᠮ ᠰᠢᠨᠵᠢᠯᠡᠭᠡᠨ᠎ᠤ ᠲᠥᠪ ᠪᠤᠰᠤ᠂ ᠰᠠᠬᠢᠯᠭ᠎ᠠ ᠪᠠᠲᠤ᠎ᠠᠴᠠ ᠵᠥᠷᠢᠴᠡᠭᠰᠡᠨ ᠪᠠ ᠪᠤᠰᠤᠳ ᠮᠠᠭᠤ ᠦᠢᠯᠡ ᠠᠵᠢᠯᠯᠠᠭ᠎ᠠ ᠵᠢᠨ ᠲᠡᠮᠳᠡᠭᠯᠡᠯ ᠪᠠᠢ᠌ᠬᠤ ᠥᠬᠡᠶ  ᠃
     2 . ᠲᠤᠰᠬᠠᠶ ᠮᠡᠷᠭᠡᠵᠢᠯᠲᠡᠨ᠎ᠤ ᠠᠵᠢᠯ᠎ᠢ ᠡᠭᠦᠷᠭᠡᠯᠡᠬᠦ ᠳᠤᠷᠠᠲᠠᠶ ᠪᠥᠭᠡᠳ ᠡᠭᠦᠷᠭᠡᠯᠡᠵᠦ ᠳᠡᠢ᠌ᠯᠬᠦ ᠵᠢᠨ ᠬᠠᠮᠲᠤ ᠲᠤᠬᠠᠢ᠌ᠯᠠᠭᠰᠠᠨ ᠠᠵᠢᠯ᠎ᠤᠨ ᠨᠠᠢ᠌ᠳᠠᠯᠭ᠎ᠠ ᠵᠢᠨ ᠱᠠᠭ᠋ᠠᠷᠳᠠᠯᠭ᠎ᠠ ᠵᠢᠨ ᠬᠠᠮᠢᠶᠠᠷᠤᠯᠲᠠ ᠵᠢᠨ ᠲᠣᠭᠲᠠᠭ᠋ᠠᠯ᠎ᠢ ᠵᠢᠷᠤᠮᠯᠠᠨ᠂ ᠬᠢᠨᠠᠨ ᠲᠣᠭᠲᠠᠭ᠋ᠠᠬᠤ᠂ ᠦᠨᠡᠯᠡᠨ ᠵᠢᠱ᠌ᠢᠬᠦ᠂ ᠠᠰᠠᠭᠤᠨ ᠯᠠᠪᠯᠠᠬᠤ᠂ ᠨᠤᠲᠠᠯᠠᠬᠤ ᠵᠡᠷᠭᠡ ᠠᠵᠢᠯ᠎ᠢ ᠪᠡᠶᠡᠯᠡᠭᠦᠯᠬᠦ ᠴᠠᠭ ᠪᠠ ᠣᠶᠤᠨ ᠴᠢᠳᠠᠯ ᠭᠦᠢᠴᠡᠳ ᠪᠠᠢ᠌ᠵᠤ᠂ ᠨᠠᠰᠤ ᠵᠢ᠎ᠨᠢ ᠪᠦᠬᠦᠯᠢ 65 ᠨᠠᠰᠤᠨ᠎ᠠᠴᠠ ᠬᠡᠲᠦᠷᠡᠭᠦᠯᠵᠦ ᠪᠣᠯᠬᠤ ᠥᠬᠡᠶ  ᠃
     3 . ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠡᠮᠵᠢᠭᠦᠷᠯᠢᠭ᠎ᠢ ᠴᠢᠯᠥᠭᠡᠲᠡᠶ ᠪᠥᠭᠡᠳ ᠬᠠᠮᠲᠤᠪᠠᠷ ᠭᠥᠷᠳᠡᠬᠦ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠴᠢᠯᠥᠭᠡᠲᠡᠶ ᠪᠥᠭᠡᠳ ᠬᠠᠮᠲᠤᠪᠠᠷ ᠭᠥᠷᠳᠡᠬᠦ ᠠᠵᠢᠯᠯᠠᠭ᠋ᠠᠨ᠎ᠤ ᠲᠣᠭᠲᠠᠴᠠ ᠵᠢᠴᠢ ᠠᠵᠢᠯ ᠲᠥᠷᠥᠯ᠎ᠤᠨ ᠬᠥᠭᠵᠢᠯᠲᠡ ᠵᠢᠨ ᠬᠥᠳᠡᠯᠦᠯ ᠪᠠᠢ᠌ᠳᠠᠯ᠎ᠢ ᠣᠢ᠌ᠯᠠᠭ᠋ᠠᠵᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠠᠮᠢᠶᠠᠷᠤᠯᠲᠠ᠂ ᠲᠤᠷᠰᠢᠯᠲᠠ ᠵᠢᠨ ᠲᠠᠰᠤᠭ᠎ᠤᠨ ᠶᠠᠰᠤ ᠴᠢᠨᠠᠷ᠎ᠤᠨ ᠬᠠᠮᠢᠶᠠᠷᠤᠯᠲᠠ᠂ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠰᠢᠨᠵᠢᠬᠦ ᠵᠠᠳᠠᠯᠤᠯᠲᠠ᠂ ᠲᠣᠭ᠎ᠠ ᠪᠠᠷᠢᠮᠲᠠ ᠵᠢ ᠪᠦᠷᠢᠳᠬᠡᠨ ᠵᠠᠳᠠᠯᠬᠤ᠂ ᠬᠡᠮᠵᠢᠭᠦᠷᠯᠢᠭ ᠲᠥᠬᠥᠭᠡᠷᠦᠮᠵᠢ ᠵᠢ ᠬᠡᠷᠡᠭᠯᠡᠬᠦ ᠪᠠ ᠬᠠᠮᠢᠶᠠᠷᠬᠤ᠂ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠡᠮᠵᠢᠭᠦᠷᠯᠢᠭ᠎ᠢ ᠴᠢᠯᠥᠭᠡᠲᠡᠶ ᠪᠥᠭᠡᠳ ᠬᠠᠮᠲᠤᠪᠠᠷ ᠭᠥᠷᠳᠡᠬᠦ ᠲᠠᠪᠴᠠᠩ᠎ᠢ ᠠᠵᠢᠯᠯᠠᠭᠤᠯᠤᠨ ᠡᠵᠡᠩᠨᠡᠵᠦ ᠬᠠᠮᠠᠭ᠋ᠠᠯᠠᠬᠤ ᠵᠡᠷᠭᠡ ᠬᠠᠮᠢᠶ᠎ᠠ ᠪᠥᠬᠥᠶ ᠠᠵᠢᠯ᠎ᠢ ᠪᠦᠬᠦᠯᠢ 5 ᠵᠢᠯ ᠬᠢᠪᠠ  ᠃
     4 . ᠡᠩ᠎ᠤᠨ ᠪᠠᠢ᠌ᠳᠠᠯ᠎ᠳᠤ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠪᠤᠶᠤ ᠳᠡᠳ᠋ ᠭᠠᠵᠠᠷ᠎ᠤᠨ ᠲᠠᠰ᠎ᠠᠴᠠ ᠳᠡᠭᠡᠭᠰᠢᠬᠢ ᠲᠤᠰᠢᠶᠠᠯ᠎ᠲᠠᠢ ᠪᠠᠢ᠌ᠵᠤ᠂ ᠡᠯᠪᠡᠭ ᠪᠠᠶᠠᠯᠢᠭ ᠣᠨᠣᠯ᠎ᠤᠨ ᠰᠠᠭᠤᠷᠢ ᠪᠠ ᠦᠢᠯᠡᠳᠦᠯᠭᠡ ᠵᠢᠨ ᠲᠤᠷᠰᠢᠯᠭ᠎ᠠ᠎ᠲᠠᠢ ᠪᠠᠢ᠌ᠬᠤ ᠬᠡᠷᠡᠭᠲᠡᠶ  ᠃
      ᠬᠣᠶᠠᠷ᠂ ᠡᠯᠰᠡᠬᠦ ᠠᠷᠭ᠎ᠠ ᠮᠠᠶᠢᠭ
     (ᠨᠢᠭᠡ) ᠨᠢᠭᠡᠴᠡ᠎ᠠᠴᠠ ᠪᠠᠲᠤᠯᠠᠨ ᠲᠠᠨᠢᠯᠴᠠᠭᠤᠯᠤᠭᠰᠠᠨ
     1 . ᠬᠣᠯᠪᠣᠭᠳᠠᠯ ᠪᠥᠬᠥᠶ ᠨᠢᠭᠡᠴᠡ ᠪᠠ ᠰᠠᠯᠠᠭ᠎ᠠ ᠮᠥᠴᠢᠷ᠎ᠨᠢ ᠬᠥᠮᠥᠷᠭᠡ᠎ᠳᠤ ᠣᠷᠣᠭᠤᠯᠬᠤ ᠲᠤᠰᠬᠠᠶ ᠮᠡᠷᠭᠡᠵᠢᠯᠲᠡᠨ᠎ᠤ ᠨᠥᠬᠥᠴᠡᠯ ᠪᠠ ᠱᠠᠭ᠋ᠠᠷᠳᠠᠯᠭ᠎ᠠ ᠵᠢ ᠦᠨᠳᠦᠰᠦᠯᠡᠨ᠂ ᠰᠢᠯᠢᠳᠡᠭ᠎ᠢ᠎ᠨᠢ ᠰᠣᠩᠭᠣᠨ ᠲᠠᠨᠢᠯᠴᠠᠭᠤᠯᠬᠤ ᠵᠢᠨ ᠬᠠᠮᠲᠤ᠂ 《ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠭ᠋ᠠᠵᠢ ᠬᠡᠷᠡᠭᠰᠡᠯ᠎ᠢ ᠴᠢᠯᠥᠭᠡᠲᠡᠶ ᠲᠠᠯᠪᠢᠵᠤ ᠬᠠᠮᠲᠤᠪᠠᠷ ᠭᠥᠷᠳᠡᠬᠦ ᠬᠦᠷᠢᠶ᠎ᠡ ᠴᠠᠷᠠᠭ᠎ᠠ ᠵᠢᠨ ᠲᠤᠰᠬᠠᠶ ᠮᠡᠷᠭᠡᠵᠢᠯᠲᠡᠨ᠎ᠤ ᠲᠠᠨᠢᠯᠴᠠᠭᠤᠯᠬᠤ ᠬᠦᠰᠦᠨᠦᠭᠲᠦ》 (ᠳᠠᠭ᠋ᠠᠯᠳᠤᠭᠤᠯᠤᠯ 1) ᠪᠠ 《ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠭ᠋ᠠᠵᠢ ᠬᠡᠷᠡᠭᠰᠡᠯ᠎ᠢ ᠴᠢᠯᠥᠭᠡᠲᠡᠶ ᠲᠠᠯᠪᠢᠵᠤ ᠬᠠᠮᠲᠤᠪᠠᠷ ᠭᠥᠷᠳᠡᠬᠦ ᠬᠦᠷᠢᠶ᠎ᠡ ᠴᠠᠷᠠᠭ᠎ᠠ ᠵᠢᠨ ᠲᠤᠰᠬᠠᠶ ᠮᠡᠷᠭᠡᠵᠢᠯᠲᠡᠨ᠎ᠤ ᠪᠠᠢ᠌ᠳᠠᠯ᠎ᠤᠨ ᠬᠦᠰᠦᠨᠦᠭᠲᠦ》 (ᠳᠠᠭ᠋ᠠᠯᠳᠤᠭᠤᠯᠤᠯ 2) ᠵᠢ ᠵᠣᠬᠢᠶᠠᠨ ᠪᠠᠢ᠌ᠭᠤᠯᠤᠨ ᠲᠠᠭᠯᠠᠵᠤ᠂ 2023 ᠣᠨ᠎ᠤ 3 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠲᠠᠨᠢᠯᠴᠠᠭᠤᠯᠤᠨ᠎ᠠ  ᠃ ᠡᠯᠧᠺᠲᠷᠣᠨ ᠬᠡᠪᠯᠡᠯ (word ᠬᠡᠪᠯᠡᠯ ᠪᠠ ᠲᠠᠮᠠᠭ᠎ᠠ ᠳᠠᠷᠤᠭᠰᠠᠨ ᠰᠢᠷᠪᠢᠭᠦᠷ)᠎ᠢ dypt 20222 @ 163 . com᠎ᠳᠤ ᠢᠯᠡᠭᠡᠵᠦ ᠪᠣᠯᠤᠨ᠎ᠠ᠃
     2 . ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠪᠠᠲᠤᠯᠠᠨ ᠲᠠᠨᠢᠯᠴᠠᠭᠤᠯᠤᠭᠰᠠᠨ ᠲᠤᠰᠬᠠᠶ ᠮᠡᠷᠭᠡᠵᠢᠯᠲᠡᠨ᠎ᠢ ᠬᠢᠨᠠᠨ ᠬᠠᠷᠭᠤᠭᠤᠯᠵᠤ᠂ ᠨᠥᠬᠥᠴᠡᠯ᠎ᠳᠤ ᠨᠡᠢ᠌ᠴᠡᠭᠰᠡᠨ ᠲᠤᠰᠬᠠᠶ ᠮᠡᠷᠭᠡᠵᠢᠯᠲᠡᠨ᠎ᠢ ᠤᠷᠢᠵᠤ ᠬᠥᠮᠥᠷᠭᠡ᠎ᠳᠤ ᠣᠷᠣᠭᠤᠯᠤᠨ᠂ ᠬᠠᠮᠢᠶᠠᠷᠤᠯᠲᠠ ᠵᠢᠨ ᠰᠢᠰᠲ᠋ᠧᠮ᠎ᠤᠨ ᠲᠤᠰᠬᠠᠶ ᠮᠡᠷᠭᠡᠵᠢᠯᠲᠡᠨ᠎ᠢ ᠪᠠᠢ᠌ᠭᠤᠯᠵᠤ ᠲᠠᠩᠰᠠᠨ ᠨᠣᠮᠧᠷ᠎ᠲᠤ ᠣᠷᠣᠭᠤᠯᠬᠤ ᠬᠡᠷᠡᠭᠲᠡᠶ  ᠃
     (ᠬᠣᠶᠠᠷ) ᠬᠠᠨᠳᠤᠯᠭ᠎ᠠ᠎ᠲᠠᠢ᠎ᠪᠠᠷ ᠤᠷᠢᠬᠤ  
     1 . 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠬᠢᠨᠠᠨ ᠲᠣᠭᠲᠠᠭ᠋ᠠᠬᠤ ᠬᠡᠷᠡᠭᠴᠡᠭᠡ ᠵᠢ ᠦᠨᠳᠦᠰᠦᠯᠡᠨ᠂ ᠬᠥᠮᠥᠷᠭᠡ᠎ᠳᠤ ᠣᠷᠣᠭᠤᠯᠬᠤ ᠨᠥᠬᠥᠴᠡᠯ᠎ᠳᠤ ᠨᠡᠢ᠌ᠴᠡᠭᠰᠡᠨ ᠲᠤᠰᠬᠠᠶ ᠮᠡᠷᠭᠡᠵᠢᠯᠲᠡᠨ᠎ᠳᠤ ᠬᠠᠨᠳᠤᠯᠭ᠎ᠠ᠎ᠲᠠᠢ᠎ᠪᠠᠷ ᠤᠷᠢᠯᠭ᠎ᠠ ᠶᠠᠪᠤᠭᠤᠯᠵᠤ᠂ ᠲᠣᠰ ᠬᠥᠮᠦᠨ᠎ᠤ ᠰᠠᠢ᠌ᠨ ᠳᠤᠷ᠎ᠠ ᠵᠢᠨ ᠪᠠᠢ᠌ᠬᠤ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠭ᠋ᠠᠵᠢ ᠬᠡᠷᠡᠭᠰᠡᠯ᠎ᠢ ᠴᠢᠯᠥᠭᠡᠲᠡᠶ ᠨᠡᠭᠡᠭᠡᠵᠦ ᠬᠠᠮᠲᠤᠪᠠᠷ ᠭᠥᠷᠳᠡᠬᠦ ᠬᠦᠷᠢᠶᠡᠨ᠎ᠤ ᠲᠤᠰᠬᠠᠶ ᠮᠡᠷᠭᠡᠵᠢᠯᠲᠡᠨ᠎ᠢ ᠣᠷᠣᠭᠤᠯᠤᠨ ᠠᠪᠴᠢᠷᠠᠨ᠎ᠠ  ᠃
      2 . ᠤᠷᠢᠯᠭ᠎ᠠ ᠵᠢ ᠭᠥᠯᠢᠶᠡᠨ ᠠᠪᠤᠭᠰᠠᠨ ᠲᠤᠰᠬᠠᠶ ᠮᠡᠷᠭᠡᠵᠢᠯᠲᠡᠨ ᠲᠣᠰ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ᠂ 《ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠭ᠋ᠠᠵᠢ ᠬᠡᠷᠡᠭᠰᠡᠯ᠎ᠢ ᠴᠢᠯᠥᠭᠡᠲᠡᠶ ᠲᠠᠯᠪᠢᠵᠤ ᠬᠠᠮᠲᠤ᠎ᠪᠠᠷ ᠭᠥᠷᠳᠡᠬᠦ ᠬᠦᠷᠢᠶᠡᠨ᠎ᠳᠠᠬᠢ ᠲᠤᠰᠬᠠᠶ ᠮᠡᠷᠭᠡᠵᠢᠯᠲᠡᠨ᠎ᠤ ᠪᠠᠢ᠌ᠳᠠᠯ᠎ᠤᠨ ᠬᠦᠰᠦᠨᠦᠭᠲᠦ》 (ᠳᠠᠭ᠋ᠠᠯᠳᠤᠭᠤᠯᠤᠯ 2) ᠵᠢ ᠲᠠᠭᠯᠠᠬᠤ ᠵᠢᠨ ᠬᠠᠮᠲᠤ 2023 ᠣᠨ᠎ᠤ 3 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ ᠡᠮᠦᠨ᠎ᠡ ᠡᠯᠧᠺᠲᠷᠣᠨ ᠬᠡᠪᠯᠡᠯ (word ᠬᠡᠪᠯᠡᠯ ᠪᠠ ᠲᠠᠮᠠᠭ᠎ᠠ ᠳᠠᠷᠤᠭᠰᠠᠨ ᠰᠢᠷᠪᠢᠯᠲᠡ ᠵᠢᠨ ᠮᠠᠲ᠋ᠧᠷᠢᠶᠠᠯ)᠎ᠢ dypt 2022 @ 163 . com᠎ᠳᠤ ᠢᠯᠡᠭᠡᠬᠦ ᠬᠡᠷᠡᠭᠲᠡᠶ  ᠃
      ᠭᠤᠷᠪᠠ᠂ ᠲᠤᠰᠬᠠᠶ ᠮᠡᠷᠭᠡᠵᠢᠯᠲᠡᠳ ᠰᠤᠷᠠᠭ ᠵᠠᠩᠭᠢ ᠵᠢ ᠲᠡᠭᠦᠯᠳᠡᠷᠵᠢᠭᠦᠯᠬᠦ  
      ᠠᠩᠬ᠎ᠠ ᠤᠳᠠᠭ᠎ᠠ ᠬᠥᠮᠥᠷᠭᠡ᠎ᠳᠤ ᠣᠷᠣᠭᠤᠯᠬᠤ᠎ᠪᠠᠷ ᠭᠤᠶᠤᠴᠢᠯᠠᠭᠰᠠᠨ ᠲᠤᠰᠬᠠᠶ ᠮᠡᠷᠭᠡᠵᠢᠯᠲᠡᠨ᠂ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 4 ᠳ᠋ᠦ᠍ᠭᠡᠷ ᠰᠠᠷ᠎ᠠ ᠵᠢᠨ 14᠎ᠤ ᠡᠳᠦᠷ ᠪᠣᠯᠲᠠᠯ᠎ᠠ᠂ ᠭᠠᠷ ᠤᠲᠠᠰᠤᠨ᠎ᠤ ᠨᠣᠮᠧᠷ ᠵᠢᠴᠢ ᠣᠬᠣᠷ ᠮᠡᠳᠡᠭᠡ᠎ᠪᠠᠷ ᠶᠠᠪᠤᠭᠤᠯᠬᠤ ᠴᠠᠭ᠎ᠤᠨ ᠨᠢᠭᠤᠴᠠ ᠨᠣᠮᠧᠷ ᠵᠶ᠋ᠡᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠰᠢᠰᠲ᠋ᠧᠮ (ᠰᠦᠯᠵᠢᠶᠡᠨ᠎ᠤ ᠬᠠᠶᠢᠭ᠄ https᠄ / / f . nmkjt . org . cn / zjk)᠎ᠳᠤ ᠭᠠᠷᠴᠤ᠂ ᠨᠢᠭᠡᠨᠲᠡ ᠮᠡᠳᠡᠭᠦᠯᠦᠨ ᠬᠦᠷᠭᠡᠭᠰᠡᠨ 《ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠭ᠋ᠠᠵᠢ ᠬᠡᠷᠡᠭᠰᠡᠯ᠎ᠢ ᠴᠢᠯᠥᠭᠡᠲᠡᠶ ᠲᠠᠯᠪᠢᠵᠤ ᠬᠠᠮᠲᠤ᠎ᠪᠠᠷ ᠭᠥᠷᠳᠡᠬᠦ ᠬᠦᠷᠢᠶᠡᠨ᠎ᠤ ᠲᠤᠰᠬᠠᠶ ᠮᠡᠷᠭᠡᠵᠢᠯᠲᠡᠨ᠎ᠤ ᠪᠠᠢ᠌ᠳᠠᠯ᠎ᠤᠨ ᠬᠦᠰᠦᠨᠦᠭᠲᠦ》 ᠶᠣᠰᠣᠭ᠋ᠠᠷ᠂ ᠬᠠᠮᠢᠶ᠎ᠠ ᠪᠥᠬᠥᠶ ᠬᠦᠷᠢᠶᠡᠨ᠎ᠤ ᠲᠤᠰᠬᠠᠶ ᠮᠡᠷᠭᠡᠵᠢᠯ᠎ᠤᠨ ᠰᠤᠳᠤᠯᠭ᠋ᠠᠨ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠠᠵᠢᠯ᠎ᠢ ᠬᠢᠵᠦ ᠪᠠᠢ᠌ᠭ᠎ᠠ ᠪᠠᠢ᠌ᠳᠠᠯ ᠵᠶ᠋ᠠᠨ ᠦᠨᠡᠨ ᠮᠥᠨ ᠵᠶ᠋ᠡᠷ ᠲᠠᠭᠯᠠᠨ ᠪᠢᠴᠢᠬᠦ ᠵᠢᠨ ᠬᠠᠮᠲᠤ᠂ ᠬᠤᠪᠢ ᠬᠥᠮᠦᠨ᠎ᠤ  ᠃
      ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠶ ᠮᠡᠷᠭᠡᠵᠢᠯᠲᠡᠨ᠎ᠤ ᠬᠥᠮᠥᠷᠭᠡ᠎ᠳᠤ ᠪᠠᠢ᠌ᠭ᠎ᠠ ᠲᠤᠰᠬᠠᠶ ᠮᠡᠷᠭᠡᠵᠢᠯᠲᠡᠨ᠂ ᠰᠢᠰᠲ᠋ᠧᠮ᠎ᠳᠤ ᠣᠷᠣᠭᠰᠠᠨ᠎ᠤ ᠳᠠᠷᠠᠭ᠎ᠠ᠂ ᠵᠥᠪᠬᠡᠨ ᠨᠢᠭᠡᠨᠲᠡ ᠮᠡᠳᠡᠭᠦᠯᠦᠨ ᠬᠦᠷᠭᠡᠭᠰᠡᠨ 《ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ᠎ᠢ ᠴᠢᠯᠥᠭᠡᠲᠡᠶ ᠨᠡᠭᠡᠭᠡᠵᠦ ᠬᠠᠮᠲᠤ᠎ᠪᠠᠷ ᠭᠥᠷᠳᠡᠬᠦ ᠬᠦᠷᠢᠶ᠎ᠡ ᠴᠠᠷᠠᠭ᠎ᠠ ᠵᠢᠨ ᠲᠤᠰᠬᠠᠶ ᠮᠡᠷᠭᠡᠵᠢᠯᠲᠡᠨ᠎ᠤ ᠪᠠᠢ᠌ᠳᠠᠯ᠎ᠤᠨ ᠬᠦᠰᠦᠨᠦᠭᠲᠦ》 ᠶᠣᠰᠣᠭ᠋ᠠᠷ᠂ ᠬᠠᠮᠢᠶ᠎ᠠ ᠪᠥᠬᠥᠶ ᠬᠦᠷᠢᠶ᠎ᠡ ᠴᠠᠷᠠᠭ᠎ᠠ ᠵᠢᠨ ᠲᠤᠰᠬᠠᠶ ᠮᠡᠷᠭᠡᠵᠢᠯ᠎ᠤᠨ ᠰᠤᠳᠤᠯᠭ᠋ᠠᠨ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠠᠵᠢᠯ᠎ᠢ ᠬᠢᠵᠦ ᠪᠠᠢ᠌ᠭ᠎ᠠ ᠪᠠᠢ᠌ᠳᠠᠯ ᠵᠶ᠋ᠠᠨ ᠦᠨᠡᠨ ᠮᠥᠨ ᠵᠶ᠋ᠡᠷ ᠲᠠᠭᠯᠠᠨ ᠪᠢᠴᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠳᠤ ᠳᠡᠪᠰᠢᠭᠦᠯᠦᠨ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ᠂ ᠳᠠᠷᠤᠶ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ᠎ᠢ ᠴᠢᠯᠥᠭᠡᠲᠡᠶ ᠨᠡᠭᠡᠭᠡᠵᠦ ᠬᠠᠮᠲᠤ᠎ᠪᠠᠷ ᠭᠥᠷᠳᠡᠬᠦ ᠬᠦᠷᠢᠶ᠎ᠡ ᠴᠠᠷᠠᠭ᠎ᠠ ᠵᠢᠨ ᠲᠤᠰᠬᠠᠶ ᠮᠡᠷᠭᠡᠵᠢᠯᠲᠡᠨ ᠵᠶ᠋ᠡᠷ ᠰᠢᠨ᠎ᠡ᠎ᠪᠠᠷ ᠨᠡᠮᠡᠭᠳᠡᠭᠦᠯᠦᠨ᠎ᠡ  ᠃
      ᠲᠦᠷᠪᠡ᠂ ᠬᠠᠷᠢᠯᠴᠠᠬᠤ ᠬᠡᠯᠪᠡᠷᠢ
      ᠬᠠᠷᠢᠯᠴᠠᠬᠤ ᠬᠥᠮᠦᠨ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠥᠪ᠄ ᠰᠢᠨ᠎ᠡ ᠵᠢ ᠪᠠᠢ᠌ᠭᠤᠯᠬᠤ᠎ᠳᠤ ᠣᠷᠣᠯᠴᠠᠨ᠎ᠠ᠃ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠰᠠᠭᠤᠷᠢ ᠰᠤᠳᠤᠯᠤᠯ᠎ᠤᠨ ᠭᠠᠵᠠᠷ᠄ ᠵᠦ᠍ ᠶᠧ ᠳ᠋ᠠᠨ
      ᠤᠲᠠᠰᠤ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠥᠪ᠄ 0471 - 6328521
      ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠰᠠᠭᠤᠷᠢ ᠰᠤᠳᠤᠯᠤᠯ᠎ᠤᠨ ᠭᠠᠵᠠᠷ᠄ 0471 - 6328736

      ᠳᠠᠭ᠋ᠠᠯᠳᠤᠭᠤᠯᠤᠯ᠄ 1 . ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠭ᠋ᠠᠵᠢ ᠬᠡᠷᠡᠭᠰᠡᠯ᠎ᠢ ᠴᠢᠯᠥᠭᠡᠲᠡᠶ ᠨᠡᠭᠡᠭᠡᠵᠦ ᠬᠠᠮᠲᠤ᠎ᠪᠠᠷ ᠭᠥᠷᠳᠡᠬᠦ ᠬᠦᠷᠢᠶᠡᠨ᠎ᠳᠠᠬᠢ ᠲᠤᠰᠬᠠᠶ ᠮᠡᠷᠭᠡᠵᠢᠯᠲᠡᠨ᠎ᠤ ᠲᠠᠨᠢᠯᠴᠠᠭᠤᠯᠤᠭᠰᠠᠨ ᠬᠦᠰᠦᠨᠦᠭᠲᠦ
                     2 . ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ᠎ᠤᠨ ᠨᠡᠭᠡᠭᠡᠯᠲᠡ ᠬᠢᠵᠦ ᠬᠠᠮᠲᠤ᠎ᠪᠠᠷ ᠡᠳ᠋ᠯᠡᠬᠦ ᠬᠦᠷᠢᠶᠡᠨ᠎ᠳᠠᠬᠢ ᠲᠤᠰᠬᠠᠶ ᠮᠡᠷᠭᠡᠵᠢᠯᠲᠡᠨ᠎ᠤ ᠪᠠᠢ᠌ᠳᠠᠯ᠎ᠤᠨ ᠬᠦᠰᠦᠨᠦᠭᠲᠦ
     

                                                            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
                                                            2023 ᠣᠨ᠎ᠤ 2 ᠳ᠋ᠤᠭ᠋ᠠᠷ ᠰᠠᠷ᠎ᠠ ᠵᠢᠨ 6᠎ᠤ ᠡᠳᠦᠷ  

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠬᠣᠶᠠᠷ᠎ᠢ ᠰᠢᠯᠢᠳᠡᠭᠵᠢᠭᠦᠯᠬᠦ》 ᠲᠤᠰᠬᠠᠶ ᠠᠵᠢᠯᠯᠠᠭ᠎ᠠ ᠵᠢᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠬᠡᠷᠡᠭᠵᠢᠭᠦᠯᠬᠦ ᠪᠠᠷᠢᠮᠵᠢᠶ᠎ᠠ ᠵᠢ ᠨᠡᠢ᠌ᠲᠡᠯᠡᠬᠦ ᠲᠤᠬᠠᠶ ᠮᠡᠳᠡᠭᠳᠡᠯ
ᠲᠠᠷᠢᠶᠠᠯᠠᠩ ᠮᠠᠯ ᠠᠵᠤ ᠠᠬᠤᠶ᠂ ᠡᠨᠧᠷᠭᠢ ᠵᠢᠨ ᠬᠦᠷᠢᠶ᠎ᠡ ᠴᠠᠷᠠᠭ᠎ᠠ ᠵᠢᠨ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠢ ᠰᠢᠯᠢᠳᠡᠭᠵᠢᠭᠦᠯᠦᠨ ᠳᠠᠬᠢᠨ ᠪᠠᠢ᠌ᠭᠤᠯᠤᠭᠰᠠᠨ ᠦᠷ᠎ᠡ ᠳ᠋ᠦᠩ᠎ᠢ ᠨᠡᠢ᠌ᠲᠡᠯᠡᠬᠦ ᠲᠤᠬᠠᠶ ᠮᠡᠳᠡᠭᠳᠡᠯ
2022 ᠣᠨ᠎ᠤ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠰᠢᠨᠵᠢᠯᠡᠬᠦ ᠤᠬᠠᠭ᠋ᠠᠨ᠎ᠤ ᠠᠵᠢᠭᠯᠠᠯᠲᠠ ᠰᠤᠳᠤᠯᠭ᠋ᠠᠨ᠎ᠤ ᠥᠷᠲᠡᠭᠡ ᠵᠢᠨ ᠪᠦᠷᠢᠳᠬᠡᠨ ᠳᠠᠩᠰᠠᠯᠠᠬᠤ ᠨᠡᠷᠡᠰ᠎ᠢ ᠨᠡᠢ᠌ᠲᠡᠯᠡᠬᠦ ᠲᠤᠬᠠᠶ ᠮᠡᠳᠡᠭᠳᠡᠯ
2024 ᠣᠨ᠎ᠤ ᠮᠡᠷᠭᠡᠵᠢᠯ᠎ᠤᠨ ᠠᠷᠠᠯᠵᠢᠶ᠎ᠠ ᠵᠢᠨ ᠳᠠᠷᠠᠭ᠋ᠠᠬᠢ ᠨᠥᠬᠥᠪᠥᠷᠢ ᠵᠢᠨ ᠲᠥᠷᠥᠯ ᠵᠦᠢᠯ᠎ᠢ ᠴᠤᠭᠯᠠᠭᠤᠯᠬᠤ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠲᠠᠪᠤᠳᠤᠭ᠋ᠠᠷ ᠪᠦᠯᠦᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠢ ᠨᠡᠢ᠌ᠲᠡᠯᠡᠬᠦ ᠲᠤᠬᠠᠶ ᠮᠡᠳᠡᠭᠳᠡᠯ
 
            