ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠥᠨᠳᠥᠷ ᠴᠢᠳᠠᠪᠬᠢᠲᠤ ᠪᠣᠳᠣᠯᠭ᠎ᠠ ᠵᠢᠨ ᠡᠷᠳᠡᠮ ᠰᠢᠨᠵᠢᠯᠡᠭᠡᠨ᠎ᠤ ᠤᠷᠤᠯᠳᠤᠭ᠋ᠠᠨ ᠬᠦᠬᠡᠬᠤᠲᠡ᠎ᠳᠤ ᠡᠬᠢᠯᠡᠪᠡ
ᠨᠡᠶ᠋ᠢᠲᠡᠯᠡᠭᠰᠡᠨ ᠴᠠᠭ᠄ 2019-08-26

ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠥᠨᠳᠥᠷ ᠴᠢᠳᠠᠪᠬᠢᠲᠤ ᠪᠣᠳᠣᠯᠭ᠎ᠠ ᠵᠢᠨ ᠡᠷᠳᠡᠮ ᠰᠢᠨᠵᠢᠯᠡᠭᠡᠨ᠎ᠤ ᠤᠷᠤᠯᠳᠤᠭ᠋ᠠᠨ ᠬᠦᠬᠡᠬᠤᠲᠡ᠎ᠳᠤ ᠡᠬᠢᠯᠡᠪᠡ

   8 ᠰᠠᠷ᠎ᠠ ᠵᠢᠨ 22᠎ᠤᠨ ᠡᠳᠦᠷ᠂ ᠳᠤᠮᠳᠠᠳᠤ ᠤᠯᠤᠰ᠎ᠠᠴᠠ ᠺᠣᠮᠫᠢᠦ᠋ᠲ᠋ᠧᠷ᠎ᠤᠨ ᠨᠡᠶ᠋ᠢᠭᠡᠮᠯᠢᠭ᠎ᠠᠴᠠ ᠭᠣᠤᠯᠯᠠᠨ ᠡᠷᠬᠢᠯᠡᠵᠦ᠂ ᠳᠤᠮᠳᠠᠳᠤ ᠤᠯᠤᠰ᠎ᠠᠴᠠ ᠺᠣᠮᠫᠢᠦ᠋ᠲ᠋ᠧᠷ᠎ᠤᠨ ᠨᠡᠶ᠋ᠢᠭᠡᠮᠯᠢᠭ᠎ᠤᠨ ᠳᠡᠭᠡᠰᠦ ᠴᠢᠳᠠᠪᠬᠢᠲᠤ ᠪᠣᠳᠣᠯᠭ᠎ᠠ ᠵᠢᠨ ᠲᠤᠰᠬᠠᠶ ᠮᠡᠷᠭᠡᠵᠢᠯ᠎ᠤᠨ ᠵᠥᠪᠯᠡᠯ᠂ ᠥᠪᠥᠷ ᠮᠣᠩᠭᠣᠯ᠎ᠤᠨ ᠬᠣᠷᠢᠨᠭᠡᠷ ᠰᠢᠨ᠎ᠡ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠴᠢᠩᠬᠤᠸᠠ ᠶᠡᠬᠡ ᠰᠤᠷᠭ᠋ᠠᠭᠤᠯᠢ᠂ ᠥᠪᠥᠷ ᠮᠣᠩᠭᠣᠯ᠎ᠤᠨ ᠶᠡᠬᠡ ᠰᠤᠷᠭ᠋ᠠᠭᠤᠯᠢ᠎ᠠᠴᠠ ᠳᠠᠭ᠋ᠠᠭ᠋ᠠᠴᠢᠯᠠᠨ ᠡᠷᠬᠢᠯᠡᠵᠦ᠂ ᠪᠡᠭᠡᠵᠢᠩ᠎ᠤᠨ ᠰᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠎ᠠᠴᠠ ᠬᠠᠮᠲᠤᠷᠠᠨ ᠡᠷᠬᠢᠯᠡᠭᠰᠡᠨ ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠠᠴᠠ ᠳᠡᠭᠡᠰᠦ ᠴᠢᠳᠠᠪᠬᠢᠲᠤ ᠪᠣᠳᠣᠯᠭ᠎ᠠ ᠵᠢᠨ ᠡᠷᠳᠡᠮ ᠰᠢᠨᠵᠢᠯᠡᠭᠡᠨ᠎ᠤ ᠨᠡᠶ᠋ᠢᠭᠡᠮᠯᠢᠭ ᠬᠥᠬᠡ ᠬᠣᠲᠠ᠎ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠶ᠃
    ᠳᠤᠮᠳᠠᠳᠤ ᠤᠯᠤᠰ᠎ᠠᠴᠠ ᠡᠪ ᠬᠠᠮᠲᠤ ᠨᠠᠮ᠎ᠤᠨ ᠲᠥᠪ ᠬᠣᠷᠢᠶ᠎ᠠ᠂ ᠴᠡᠷᠢᠭ᠎ᠤᠨ ᠶᠠᠪᠤᠳᠠᠯ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠴᠢᠩᠬᠤᠸᠠ ᠶᠡᠬᠡ ᠰᠤᠷᠭ᠋ᠠᠭᠤᠯᠢ᠂ ᠳᠤᠮᠳᠠᠳᠤ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠡᠬᠡ ᠰᠤᠷᠭ᠋ᠠᠭᠤᠯᠢ᠂ ᠠᠮᠧᠷᠢᠺᠠ ᠵᠢᠨ ᠫᠦ᠌ ᠳ᠋ᠦ᠋ ᠶᠡᠬᠡ ᠰᠤᠷᠭ᠋ᠠᠭᠤᠯᠢ ᠵᠡᠷᠭᠡ ᠤᠯᠤᠰ᠎ᠠᠴᠠ ᠳᠣᠲᠣᠭ᠋ᠠᠳᠤ ᠭᠠᠳᠠᠭ᠋ᠠᠳᠤ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠶᠡᠬᠡ ᠳᠡᠭᠡᠰᠦ ᠰᠤᠷᠭ᠋ᠠᠭᠤᠯᠢ᠂ ᠺᠤᠨ᠂ ᠺᠤᠨ᠂ ᠬᠤᠸᠠ ᠸᠧᠶ᠂ ᠽᠤᠨ ᠸᠧᠶ᠂ ᠲᠦᠩ ᠹᠠᠩ᠂ ᠽᠤᠨ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠤᠯᠤᠰ᠎ᠠᠴᠠ ᠳᠣᠲᠣᠭ᠋ᠠᠳᠤ ᠭᠠᠳᠠᠭ᠋ᠠᠳᠤ ᠵᠢᠨ ᠠᠵᠢᠯ ᠲᠥᠷᠥᠯ᠎ᠤᠨ ᠳᠠᠭ᠋ᠠᠭᠤᠯᠤᠭᠴᠢ ᠠᠵᠤ ᠠᠬᠤᠢ᠍ᠯᠠᠯ᠎ᠤᠨ ᠲᠤᠰᠬᠠᠶ ᠮᠡᠷᠭᠡᠵᠢᠯᠲᠡᠨ ᠡᠷᠳᠡᠮᠲᠡᠨ ᠵᠢᠴᠢ ᠳᠡᠭᠡᠰᠦ ᠴᠢᠳᠠᠪᠬᠢᠲᠤ ᠲᠣᠭ᠋ᠠᠴᠠᠭ᠎ᠠ᠂ ᠲᠣᠮᠣ ᠳ᠋ᠠᠶ᠋ᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠵᠥᠭᠡᠯᠡᠨ ᠬᠠᠲᠠᠭᠤ ᠲᠣᠨᠣᠭ ᠵᠢᠴᠢ ᠬᠡᠷᠡᠭᠯᠡᠭᠡᠨ᠎ᠤ ᠲᠠᠯ᠎ᠠ ᠵᠢᠨ ᠲᠤᠰᠬᠠᠶ ᠮᠡᠷᠭᠡᠵᠢᠯ᠎ᠤᠨ ᠬᠥᠮᠦᠰ 2500 ᠭᠠᠷᠤᠶ ᠬᠥᠮᠦᠨ ᠬᠤᠷᠠᠯ᠎ᠳᠤ ᠣᠷᠣᠯᠴᠠᠵᠠᠶ᠃
    ᠲᠣᠰ ᠬᠤᠭᠤᠴᠠᠭ᠋ᠠᠨ᠎ᠤ ᠪᠥᠬᠥ ᠤᠯᠤᠰ᠎ᠠᠴᠠ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ᠎ᠬᠢᠨ 《ᠲᠣᠭ᠋ᠠᠴᠠᠭ᠎ᠠ ᠬᠢᠬᠦ᠎ᠳᠡᠭᠡᠨ ᠮᠡᠷᠭᠡᠨ ᠪᠠᠶ᠋ᠢᠵᠤ ᠢᠷᠡᠭᠡᠳᠦᠶ᠎ᠪᠠᠨ ᠠᠰᠢᠭ ᠬᠦᠷᠲᠡᠬᠦ》᠎ᠪᠠᠷ ᠭᠣᠤᠯ ᠰᠡᠳᠦᠪ ᠪᠣᠯᠭ᠋ᠠᠵᠤ᠂ ᠳᠡᠭᠡᠰᠦ ᠴᠢᠳᠠᠪᠬᠢᠲᠤ ᠪᠣᠳᠣᠯᠭ᠎ᠠ ᠵᠢᠨ ᠮᠡᠷᠭᠡᠵᠢᠯ᠎ᠤᠨ ᠬᠣᠰᠢᠭᠤᠷᠠᠯ ᠬᠥᠳᠡᠯᠦᠩᠭᠦᠶ ᠪᠠᠢ᠍ᠳᠠᠯ ᠪᠠ ᠬᠥᠭᠵᠢᠯᠲᠡ ᠵᠢᠨ ᠬᠠᠨᠳᠤᠰᠢ᠂ ᠴᠢᠬᠤᠯᠠ ᠶᠡᠬᠡ ᠬᠡᠷᠡᠭᠯᠡᠯᠲᠡ ᠵᠡᠷᠭᠡ ᠭᠣᠤᠯ ᠰᠡᠳᠦᠪ᠎ᠤᠳ ᠲᠣᠭᠣᠷᠢᠨ᠎ᠳᠤ ᠳᠡᠯᠭᠡᠭᠳᠡᠵᠦ᠂ ᠤᠯᠤᠰ᠎ᠠᠴᠠ ᠳᠣᠲᠣᠭ᠋ᠠᠳᠤ ᠭᠠᠳᠠᠭ᠋ᠠᠳᠤ ᠵᠢᠨ ᠳᠡᠭᠡᠰᠦ ᠴᠢᠳᠠᠪᠬᠢᠲᠤ ᠪᠣᠳᠣᠯᠭ᠎ᠠ ᠵᠢᠴᠢ ᠲᠡᠭᠦᠨ᠎ᠤ ᠬᠡᠷᠡᠭᠯᠡᠭᠡᠨ᠎ᠤ ᠬᠦᠷᠢᠶᠡᠨ᠎ᠳᠠᠬᠢ ᠲᠡᠷᠢᠭᠦᠨ ᠲᠡᠰ᠎ᠤᠨ ᠲᠤᠰᠬᠠᠶ ᠮᠡᠷᠭᠡᠵᠢᠯᠲᠡᠨ ᠡᠷᠳᠡᠮᠲᠡᠳ᠎ᠤᠨ ᠠᠪᠴᠢᠷᠠᠭᠰᠠᠨ ᠰᠢᠨ᠎ᠡ ᠦᠵᠡᠯ ᠰᠠᠨᠠᠭ᠎ᠠ᠂ ᠰᠢᠨ᠎ᠡ ᠮᠡᠷᠭᠡᠵᠢᠯ᠂ ᠰᠢᠨ᠎ᠡ ᠦᠷ᠎ᠡ ᠪᠦᠲᠦᠭᠡᠯ ᠪᠠᠶᠬᠤ᠎ᠪᠠᠷ ᠪᠠᠷᠠᠬᠤ ᠥᠬᠡᠶ᠂ ᠨᠠᠩ ᠴᠤ᠌ ᠬᠡᠲᠦ ᠪᠣᠳᠣᠯᠭ᠎ᠠ ᠵᠢᠨ ᠬᠠᠮᠤᠭ᠎ᠤᠨ ᠰᠢᠨ᠎ᠡ ᠳ᠋ᠦᠩ᠂ ᠦᠶᠯᠡᠳᠬᠦᠨ᠎ᠤ ᠦᠵᠡᠭᠦᠯᠦᠯᠭᠡ ᠵᠢᠴᠢ ᠣᠯᠠᠨ ᠳᠠᠪᠬᠤᠷ ᠭᠣᠢ᠍ᠳᠠ ᠰᠠᠶ᠋ᠢᠬᠠᠨ ᠠᠵᠢᠯᠯᠠᠭ᠎ᠠ ᠪᠣᠶ᠃
    ᠰᠦᠨ ᠵᠢᠶᠦ᠋ᠨ ᠴᠢᠩ ᠪᠠᠶᠠᠷ᠎ᠤᠨ ᠦᠭᠡ᠎ᠳᠡᠭᠡᠨ᠂ ᠪᠦᠬᠦ ᠤᠯᠤᠰ᠎ᠠᠴᠠ ᠳᠡᠭᠡᠰᠦ ᠴᠢᠳᠠᠪᠬᠢᠲᠤ ᠪᠣᠳᠣᠯᠭ᠎ᠠ ᠵᠢᠨ ᠡᠷᠳᠡᠮ ᠰᠢᠨᠵᠢᠯᠡᠭᠡᠨ᠎ᠤ ᠠᠵᠢᠯᠯᠠᠭ᠎ᠠ ᠠᠩᠬ᠎ᠠ ᠤᠳᠠᠭ᠎ᠠ ᠥᠪᠥᠷ ᠮᠣᠩᠭᠣᠯ᠎ᠳᠤ ᠶᠠᠪᠤᠭᠳᠠᠪᠠ᠂ ᠡᠨᠡ᠎ᠨᠢ ᠮᠠᠨ᠎ᠤ ᠤᠯᠤᠰ᠎ᠠᠴᠠ ᠳᠡᠭᠡᠰᠦ ᠴᠢᠳᠠᠪᠬᠢᠲᠤ ᠪᠣᠳᠣᠯᠭ᠎ᠠ ᠵᠢᠨ ᠡᠷᠳᠡᠮ ᠰᠢᠨᠵᠢᠯᠡᠭᠡᠨ᠎ᠤ ᠰᠢᠨ᠎ᠡ ᠡᠭᠦᠳᠦᠯᠲᠡ᠂ ᠠᠵᠤ ᠦᠢ᠍ᠯᠡᠰ᠎ᠤᠨ ᠬᠥᠭᠵᠢᠯᠲᠡ᠂ ᠠᠵᠤ ᠠᠬᠤᠢ᠍ᠯᠠᠯ᠎ᠤᠨ ᠦᠵᠡᠭᠦᠯᠦᠯᠭᠡ᠂ ᠴᠢᠳᠠᠪᠤᠷᠢᠲᠠᠨ᠎ᠤ ᠰᠣᠯᠢᠯᠴᠠᠭ᠎ᠠ ᠵᠢᠴᠢ ᠵᠥᠪᠳᠡᠯᠴᠡᠨ ᠬᠠᠮᠲᠤᠷᠠᠯᠴᠠᠭ᠎ᠠ ᠬᠢᠬᠦ᠎ᠳᠤ ᠨᠠᠩ ᠥᠨᠳᠥᠷ ᠦᠨ᠎ᠡ ᠥᠷᠲᠡᠭ ᠪᠣᠯᠤᠨ ᠨᠠᠩ ᠣᠯᠠᠨ ᠠᠵᠠ ᠲᠣᠬᠢᠶᠠᠯ ᠡᠭᠦᠳᠴᠦ ᠥᠭᠬᠦ᠎ᠪᠠᠷ ᠪᠠᠷᠠᠬᠤ ᠦᠭᠡᠢ ᠥᠪᠥᠷ ᠮᠣᠩᠭᠣᠯ᠎ᠤᠨ ᠳᠡᠭᠡᠰᠦ ᠴᠢᠳᠠᠪᠬᠢᠲᠤ ᠪᠣᠳᠣᠯᠭ᠎ᠠ᠂ ᠲᠣᠮᠣ ᠳ᠋ᠠᠶ᠋ᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠵᠦ᠂ ᠤᠶᠤᠨᠲᠤ ᠥᠪᠥᠷ ᠮᠣᠩᠭᠣᠯ᠎ᠤᠨ ᠪᠦᠲᠦᠭᠡᠨ ᠪᠠᠶ᠋ᠢᠭᠤᠯᠤᠯᠲᠠ ᠵᠢ ᠬᠦᠴᠦᠲᠡᠶ ᠠᠬᠢᠭᠤᠯᠬᠤ ᠪᠣᠯᠤᠨ᠎ᠠ᠃ ᠢᠯᠠᠩᠭᠤᠶ᠎ᠠ ᠥᠪᠥᠷ ᠮᠣᠩᠭᠣᠯ᠎ᠤᠨ ᠬᠡᠲᠦ ᠺᠣᠮᠫᠢᠦ᠋ᠲ᠋ᠧᠷ᠎ᠤᠨ ᠲᠠᠪᠴᠠᠩ᠎ᠤᠨ ᠪᠥᠬᠥ ᠤᠯᠤᠰ᠎ᠲᠠᠬᠢ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ᠂ ᠥᠪᠥᠷ ᠮᠣᠩᠭᠣᠯ᠎ᠤᠨ ᠬᠡᠲᠦ ᠺᠣᠮᠫᠢᠦ᠋ᠲ᠋ᠧᠷ᠎ᠤᠨ ᠲᠠᠪᠴᠠᠩ᠎ᠤᠨ ᠡᠯ᠎ᠡ ᠠᠵᠢᠯ ᠲᠥᠷᠥᠯ᠂ ᠡᠯ᠎ᠡ ᠬᠦᠷᠢᠶᠡᠨ᠎ᠳᠠᠬᠢ ᠬᠡᠷᠡᠭᠯᠡᠯᠲᠡ ᠵᠢ ᠲᠦᠯᠬᠢᠨ ᠠᠬᠢᠭᠤᠯᠬᠤ᠂ ᠥᠪᠥᠷ ᠮᠣᠩᠭᠣᠯ᠎ᠤᠨ ᠺᠣᠮᠫᠢᠦ᠋ᠲ᠋ᠧᠷ᠎ᠤᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠪᠣᠶ᠋ᠢᠵᠢᠭᠤᠯᠤᠨ ᠬᠥᠭᠵᠢᠭᠦᠯᠬᠦ ᠵᠡᠷᠭᠡ ᠲᠠᠯ᠎ᠠ᠎ᠪᠠᠷ ᠴᠥᠮ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠰᠢᠨ᠎ᠡ ᠬᠥᠭᠵᠢᠯᠲᠡ ᠵᠢᠨ ᠣᠢ᠍ᠯᠠᠭ᠋ᠠᠭᠳᠠᠬᠤᠨ᠎ᠢ ᠭᠦᠨᠵᠡᠭᠡᠶ ᠲᠤᠭᠤᠰᠢᠯᠠᠭᠤᠯᠵᠠᠶ᠂ ᠪᠠᠶ᠋ᠢᠯᠳᠤᠬᠤ ᠪᠣᠳᠣᠯᠭ᠎ᠠ ᠵᠢ ᠰᠠᠶ᠋ᠢᠲᠤᠷ ᠠᠳᠬᠤᠵᠤ᠂ ᠲᠥᠯᠥᠪᠵᠢᠭᠦᠯᠭᠡ ᠵᠢ ᠰᠠᠶ᠋ᠢᠲᠤᠷ ᠠᠳᠬᠤᠵᠤ᠂ ᠥᠭᠡᠷᠡᠴᠢᠯᠡᠯᠲᠡ ᠵᠢ ᠰᠠᠶ᠋ᠢᠲᠤᠷ ᠠᠳᠬᠤᠵᠤ᠂ ᠦᠶᠯᠡᠴᠢᠯᠡᠭᠡ ᠵᠢ ᠰᠠᠶ᠋ᠢᠲᠤᠷ ᠬᠢᠵᠦ᠂ ᠡᠯ᠎ᠡ ᠲᠠᠯ᠎ᠠ ᠵᠢᠨ ᠬᠦᠴᠦᠨ᠎ᠢ ᠴᠢᠷᠮᠠᠶ᠋ᠢᠨ ᠬᠥᠲᠥᠯᠥᠨ ᠵᠢᠯᠣᠭᠣᠳᠴᠤ᠂ ᠥᠨᠳᠥᠷ ᠴᠢᠳᠠᠪᠬᠢᠲᠤ ᠪᠣᠳᠣᠯᠭ᠎ᠠ ᠵᠢᠨ ᠠᠵᠤ ᠦᠶᠯᠡᠰ᠎ᠢ ᠬᠠᠮᠲᠤᠪᠠᠷ ᠨᠠᠩ ᠥᠨᠳᠥᠷ᠂ ᠨᠠᠩ ᠭᠦᠨ ᠳᠠᠪᠬᠤᠷᠭ᠎ᠠ ᠲᠡᠰᠢ ᠠᠬᠢᠭᠤᠯᠤᠨ᠎ᠠ᠃ ᠰᠦᠨ ᠵᠢᠶᠦ᠋ᠨ ᠴᠢᠩ ᠡᠯ᠎ᠡ ᠲᠤᠰᠬᠠᠶ ᠮᠡᠷᠭᠡᠵᠢᠯᠲᠡᠳ ᠲᠣᠰ ᠤᠳᠠᠭ᠋ᠠᠨ᠎ᠤ ᠬᠤᠷᠠᠯ ᠵᠶ᠋ᠠᠷ ᠳᠠᠮᠵᠢᠭᠤᠯᠤᠨ ᠢᠳᠡᠪᠬᠢᠲᠡᠶ᠎ᠪᠠᠷ ᠠᠷᠭ᠎ᠠ ᠤᠬᠠᠭ᠋ᠠᠨ ᠭᠠᠷᠭ᠋ᠠᠬᠤ ᠵᠢᠨ ᠬᠠᠮᠲᠤ ᠥᠪᠥᠷ ᠮᠣᠩᠭᠣᠯ᠎ᠤᠨ ᠬᠡᠲᠦ ᠺᠣᠮᠫᠢᠦ᠋ᠲ᠋ᠧᠷ᠎ᠤᠨ ᠲᠠᠪᠴᠠᠩ᠎ᠯᠤᠭ᠎ᠠ ᠵᠢᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠥᠪᠥᠷ ᠮᠣᠩᠭᠣᠯ᠎ᠢ ᠨᠠᠩ ᠥᠨᠳᠥᠷ ᠭᠠᠷᠤᠭ᠎ᠠ ᠳᠡᠭᠡᠷ᠎ᠡ ᠡᠬᠢᠯᠡᠭᠦᠯᠵᠦ᠂ ᠥᠪᠥᠷ ᠮᠣᠩᠭᠣᠯ᠂ ᠤᠯᠤᠰ ᠣᠷᠣᠨ᠎ᠯᠤᠭ᠎ᠠ ᠵᠢᠨ ᠨᠠᠩ ᠶᠡᠬᠡ ᠬᠤᠪᠢ ᠨᠡᠮᠡᠷᠢ ᠦᠵᠡᠭᠦᠯᠬᠦ ᠵᠢ ᠬᠦᠰᠡᠵᠦ ᠪᠠᠢ᠍ᠨ᠎ᠠ ᠭᠡᠵᠡᠶ᠃
    ᠬᠤᠷᠠᠯ ᠳᠡᠭᠡᠷ᠎ᠡ᠂ ᠥᠪᠥᠷ ᠮᠣᠩᠭᠣᠯ᠎ᠤᠨ ᠬᠣᠷᠢᠨᠭᠡᠷ ᠰᠢᠨ᠎ᠡ ᠲᠣᠭᠣᠷᠢᠭ ᠬᠢᠭᠡᠳ ᠬᠤᠸᠠ ᠸᠧᠶ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠾᠧ ᠡᠯᠧᠺᠲᠷᠣᠨ ᠮᠡᠳᠡᠭᠡ ᠵᠠᠩᠭᠢ ᠵᠢᠨ ᠠᠵᠤ ᠦᠢ᠍ᠯᠡᠰ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠾᠧ ᠮᠡᠳᠡᠭᠡ ᠵᠠᠩᠭᠢ ᠵᠢᠨ ᠠᠵᠤ ᠦᠢ᠍ᠯᠡᠰ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠲᠦᠩ ᠹᠠᠩ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳ᠋ᠠ ᠰᠢᠶᠦ᠋ᠨ ᠹᠧᠶ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠪᠡᠭᠡᠵᠢᠩ᠎ᠤᠨ ᠺᠤᠸᠠᠩ ᠱᠣ᠌ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠰᠠᠨᠰᠠᠷ᠎ᠤᠨ ᠠᠶᠠᠯᠠᠯ᠎ᠤᠨ ᠶᠦᠨ ᠰᠦᠯᠵᠢᠶᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ᠂ ᠪᠡᠭᠡᠵᠢᠩ᠎ᠤᠨ ᠳ᠋ᠦᠩ ᠹᠠᠩ ᠭᠦᠸᠧ ᠰᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠪᠡᠭᠡᠵᠢᠩ᠎ᠤᠨ ᠾᠧ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠬᠠᠮᠲᠤᠪᠠᠷ ᠥᠪᠥᠷ ᠮᠣᠩᠭᠣᠯ᠎ᠤᠨ ᠳᠡᠭᠡᠰᠦ ᠴᠢᠳᠠᠪᠬᠢᠲᠤ ᠪᠣᠳᠣᠯᠭ᠎ᠠ ᠵᠢᠨ ᠠᠵᠤ ᠦᠢ᠍ᠯᠡᠰ᠎ᠤᠨ ᠪᠠᠶ᠋ᠢᠯᠳᠤᠬᠤ ᠪᠣᠳᠣᠯᠭ᠎ᠠ ᠵᠢᠨ ᠬᠣᠯᠪᠣᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠬᠢᠷᠠᠯᠴᠠᠵᠤ᠂ ᠥᠪᠥᠷ ᠮᠣᠩᠭᠣᠯ᠎ᠤᠨ ᠳᠡᠭᠡᠰᠦ ᠴᠢᠳᠠᠪᠬᠢᠲᠤ ᠪᠣᠳᠣᠯᠭ᠎ᠠ ᠵᠢᠨ ᠣᠯᠠᠨ ᠨᠡᠢ᠍ᠢ᠍ᠲᠡ ᠵᠢᠨ ᠦᠶᠯᠡᠴᠢᠯᠡᠭᠡᠨ᠎ᠤ ᠲᠠᠪᠴᠠᠩ᠎ᠳᠤ ᠲᠦᠰᠢᠭᠯᠡᠪᠡ᠃ ᠬᠡᠲᠦ ᠺᠣᠮᠫᠢᠦ᠋ᠲ᠋ᠧᠷ᠎ᠤᠨ ᠳᠡᠭᠡᠰᠦ ᠳᠣᠣᠷᠠᠳᠤ ᠤᠷᠤᠰᠬᠠᠯ᠎ᠤᠨ ᠠᠵᠤ ᠠᠬᠤᠢ᠍ᠯᠠᠯ᠎ᠲᠠᠢ ᠬᠣᠯᠪᠣᠭ᠋ᠠᠯᠠᠨ ᠰᠢᠨᠵᠢᠯᠡᠬᠦ ᠤᠬᠠᠭ᠋ᠠᠨᠴᠢ᠎ᠪᠠᠷ ᠪᠤᠳᠤᠬᠤ ᠪᠠ ᠵᠣᠬᠢᠶᠠᠮᠠᠯ ᠣᠶᠤᠨ ᠴᠢᠳᠠᠪᠤᠷᠢ ᠵᠢᠨ ᠥᠨᠳᠥᠷ ᠴᠢᠳᠠᠪᠬᠢᠲᠤ ᠪᠤᠳᠤᠬᠤ ᠠᠵᠤ ᠦᠢ᠍ᠯᠡᠰ᠎ᠤᠨ ᠥᠪᠥᠷ ᠮᠣᠩᠭᠣᠯ᠎ᠤᠨ ᠬᠣᠷᠢᠨᠭᠡᠷ ᠰᠢᠨ᠎ᠡ ᠲᠣᠭᠣᠷᠢᠭ᠎ᠲᠠᠬᠢ ᠲᠦᠷᠭᠡᠨ ᠬᠥᠭᠵᠢᠯᠲᠡ ᠵᠢ ᠠᠬᠢᠭᠤᠯᠤᠨ᠎ᠠ᠃
    ᠣᠶ᠋ᠢᠯᠠᠭ᠋ᠠᠭᠰᠠᠨ ᠵᠶ᠋ᠠᠷ᠂ ᠥᠨᠳᠥᠷ ᠴᠢᠳᠠᠪᠬᠢᠲᠤ ᠪᠣᠳᠣᠯᠭ᠎ᠠ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠬᠤᠯᠠ ᠠᠷᠭ᠎ᠠ ᠪᠠᠷᠢᠯ ᠪᠣᠯᠤᠭᠰᠠᠨ᠎ᠤ ᠬᠤᠪᠢ᠎ᠳᠤ᠂ ᠨᠢᠭᠡᠨᠲᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠴᠢᠬᠤᠯᠠ ᠪᠡᠯᠭᠡ ᠲᠡᠮᠳᠡᠭ ᠪᠠ ᠤᠯᠤᠰ ᠪᠠ ᠭᠠᠵᠠᠷ ᠣᠷᠣᠨ᠎ᠤ ᠭᠣᠤᠯᠯᠠᠬᠤ ᠥᠷᠢᠰᠦᠯᠳᠦᠬᠦ ᠬᠦᠴᠦᠨ᠎ᠢ ᠬᠡᠮᠵᠢᠬᠦ ᠴᠢᠬᠤᠯᠠ ᠭᠦᠶᠴᠡᠳᠬᠡᠯ ᠲᠣᠭ᠎ᠠ ᠪᠣᠯᠤᠭᠰᠠᠨ ᠪᠠᠢ᠍ᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠡᠭᠦᠨ ᠣᠷᠣᠨ᠎ᠢ ᠵᠠᠯᠭ᠋ᠠᠮᠵᠢᠯᠠᠵᠤ ᠪᠠᠷᠠᠭᠤᠨ ᠣᠷᠣᠨ᠎ᠢ ᠰᠡᠩᠬᠡᠷᠡᠭᠦᠯᠵᠦ᠂ ᠣᠷᠣᠰ ᠮᠣᠩᠭᠣᠯ᠎ᠢ ᠬᠣᠯᠪᠣᠵᠤ᠂ ᠳᠣᠲᠣᠭ᠋ᠠᠳᠤ᠎ᠳᠠᠭᠠᠨ 《ᠤᠮᠠᠷᠠᠲᠤ ᠵᠢᠨ ᠭᠤᠷᠪᠠᠨ ᠣᠷᠣᠨ》᠎ᠲᠠᠢ ᠬᠣᠯᠪᠣᠭ᠋ᠠᠯᠠᠵᠤ᠂ 《ᠤᠮᠠᠷᠠᠲᠤ ᠵᠢᠨ ᠭᠤᠷᠪᠠᠨ ᠣᠷᠣᠨ》᠎ᠲᠠᠢ ᠣᠶ᠋ᠢᠷᠠᠲᠤᠨ᠂ ᠠᠭᠤᠷ ᠠᠮᠢᠰᠬᠤᠯ᠎ᠤᠨ ᠨᠥᠬᠥᠴᠡᠯ ᠲᠣᠬᠢᠷᠠᠮᠵᠢᠲᠠᠶ᠂ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ ᠲᠣᠭᠲᠠᠭᠤᠨ᠂ ᠡᠨᠧᠷᠭᠢ ᠵᠢᠨ ᠪᠠᠲᠤᠯᠠᠭ᠎ᠠ ᠭᠦᠶᠴᠡᠳ ᠪᠠᠶ᠋ᠢᠵᠤ᠂ ᠳᠡᠭᠡᠰᠦ ᠴᠢᠳᠠᠪᠬᠢᠲᠤ ᠪᠣᠳᠣᠯᠭ᠎ᠠ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶ᠋ᠢᠲ᠋ᠠ ᠵᠢᠨ ᠠᠵᠤ ᠦᠶᠯᠡᠰ᠎ᠢ ᠬᠥᠭᠵᠢᠭᠦᠯᠬᠦ ᠨᠥᠬᠥᠴᠡᠯ ᠣᠨᠴᠠ ᠰᠠᠶ᠋ᠢᠨ ᠪᠠᠶ᠋ᠢᠨ᠎ᠠ᠃ ᠤᠯᠤᠰ᠎ᠠᠴᠠ ᠲᠣᠮᠣ ᠳ᠋ᠠᠶ᠋ᠢᠲ᠋ᠠ ᠵᠢᠨ ᠶᠡᠷᠦᠩᠬᠡᠶ᠋ᠢᠯᠡᠭᠰᠡᠨ ᠲᠤᠷᠰᠢᠯᠲᠠ ᠵᠢᠨ ᠣᠷᠣᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠳ᠋ᠠᠶ᠋ᠢᠲ᠋ᠠ ᠵᠢᠨ ᠡᠬᠢ ᠪᠠᠶᠠᠯᠢᠭ᠎ᠤᠨ ᠰᠢᠨ᠎ᠡ ᠵᠢ ᠡᠭᠦᠳᠬᠦ ᠬᠡᠷᠡᠭᠯᠡᠯᠲᠡ ᠵᠢ ᠠᠬᠢᠭᠤᠯᠬᠤ᠂ ᠳ᠋ᠠᠶ᠋ᠢᠲ᠋ᠠ ᠵᠢᠨ ᠡᠬᠢ ᠪᠠᠶᠠᠯᠢᠭ᠎ᠤᠨ ᠡᠯᠧᠮᠧᠨ᠋ᠲ᠎ᠤᠨ ᠳᠠᠯᠳᠠ ᠬᠦᠴᠦᠨ᠎ᠢ ᠠᠭᠤᠳᠠᠯᠬᠤ ᠵᠡᠷᠭᠡ ᠲᠠᠯ᠎ᠠ᠎ᠪᠠᠷ ᠤᠷᠢᠳᠠᠪᠠᠷ ᠬᠢᠵᠦ ᠤᠷᠢᠳᠠᠪᠠᠷ ᠲᠤᠷᠰᠢᠬᠤ ᠴᠢᠬᠤᠯᠠ ᠡᠭᠦᠷᠭᠡ ᠵᠢ ᠡᠭᠦᠷᠭᠡᠯᠡᠵᠦ ᠪᠠᠶ᠋ᠢᠨ᠎ᠠ᠃ 2018 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠪᠣᠯᠤᠨ ᠬᠣᠷᠢᠨᠭᠡᠷ ᠰᠢᠨ᠎ᠡ ᠲᠣᠭᠣᠷᠢᠭ ᠬᠠᠮᠲᠤᠪᠠᠷ ᠬᠡᠲᠦ ᠺᠣᠮᠫᠢᠦ᠋ᠲ᠋ᠧᠷ᠎ᠤᠨ ᠲᠥᠪ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠡᠬᠢᠯᠡᠭᠦᠯᠵᠦ᠂ ᠥᠪᠥᠷ ᠮᠣᠩᠭᠣᠯ᠎ᠤᠨ ᠲᠣᠭ᠎ᠠ ᠪᠠᠷᠢᠮᠲᠠ ᠬᠠᠳᠠᠭ᠋ᠠᠯᠠᠬᠤ ᠴᠢᠳᠠᠪᠤᠷᠢ ᠪᠣᠯᠤᠨ ᠪᠣᠳᠣᠯᠭ᠎ᠠ ᠵᠢᠨ ᠴᠢᠳᠠᠪᠤᠷᠢ ᠵᠢᠨ ᠵᠡᠷᠭᠡᠪᠡᠷ ᠬᠥᠭᠵᠢᠬᠦ ᠵᠢ ᠠᠬᠢᠭᠤᠯᠵᠤ᠂ ᠥᠪᠥᠷ ᠮᠣᠩᠭᠣᠯ᠎ᠢ ᠬᠠᠮ ᠮᠡᠳᠡᠭᠡ ᠵᠠᠩᠭᠢ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠰᠠᠶ᠋ᠢᠨ ᠰᠠᠢ᠍ᠬᠠᠨ ᠠᠮᠢ ᠠᠬᠤᠢ ᠵᠢᠨ ᠣᠷᠣᠨ ᠪᠣᠯᠭ᠋ᠠᠨ ᠪᠦᠲᠦᠭᠡᠨ ᠪᠠᠶ᠋ᠢᠭᠤᠯᠬᠤ ᠵᠢᠨ ᠲᠥᠯᠥᠭᠡ ᠶᠤᠮ᠃

ᠢᠷᠡᠯᠲᠡ᠄
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ (ᠬᠥᠯᠥᠨ ᠪᠣᠶ᠋ᠢᠷ)᠎ᠤᠨ ᠪᠣᠬᠢᠷᠲᠤᠯ ᠥᠬᠡᠶ ᠲᠠᠷᠢᠶᠠᠯᠠᠩ᠎ᠤᠨ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠰᠣᠯᠢᠯᠴᠠᠭ᠋ᠠᠨ᠎ᠤ ᠲᠠᠪᠴᠠᠩ》 ᠵᠢᠩᠬᠢᠨᠢ᠎ᠪᠠᠷ ᠡᠬᠢᠯᠡᠪᠡ
ᠢᠳᠡᠰᠢᠨ ᠨᠣᠭᠣᠭ᠎ᠠ ᠵᠢᠨ ᠣᠶᠤᠨᠴᠢᠯᠠᠭᠰᠠᠨ ᠨᠠᠷᠢᠯᠢᠭ ᠦᠶᠯᠡᠳᠪᠦᠷᠢᠯᠡᠯ᠎ᠤᠨ ᠮᠡᠷᠭᠡᠵᠢᠯ ᠪᠣᠯᠤᠨ ᠲᠣᠨᠣᠭ ᠲᠥᠬᠥᠭᠡᠷᠦᠮᠵᠢ ᠵᠢᠨ ᠲᠤᠬᠠᠶ ᠵᠢᠨ ᠲᠠᠯᠠᠪᠠᠶ ᠵᠢᠨ ᠦᠵᠡᠭᠦᠯᠦᠯᠭᠡ ᠵᠢᠨ ᠬᠤᠷᠠᠯ ᠤᠯᠠᠭ᠋ᠠᠨᠴᠠᠪ ᠬᠣᠲᠠ᠎ᠳᠤ ᠶᠠᠪᠤᠭᠳᠠᠪᠠ
ᠰᠦᠨ ᠵᠢᠶᠦ᠋ᠨ ᠴᠢᠩ ᠥᠪᠥᠷ ᠮᠣᠩᠭᠣᠯ᠎ᠤᠨ ᠠᠩᠬᠠᠳᠠᠭᠴᠢ ᠤᠰᠤᠲᠥ᠋ᠷᠥᠭᠴᠢ ᠺᠠᠷᠲ᠎ᠤᠨ ᠰᠢᠨ᠎ᠡ ᠦᠢᠯᠡᠳᠬᠦᠨ᠎ᠤ ᠲᠡᠷᠭᠡ ᠲᠤᠰᠢᠶᠠᠬᠤ ᠶᠣᠰᠣᠯᠠᠯ᠎ᠳᠤ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠭᠤᠷᠪᠠ ᠨᠠᠢᠮᠠ ᠵᠢ ᠤᠭᠲᠤᠬᠤ》 ᠳᠠᠷᠤᠯᠲᠠ ᠵᠢ ᠵᠣᠬᠢᠴᠠᠭᠤᠯᠬᠤ ᠪᠠ ᠰᠡᠳᠬᠢᠴᠡ ᠵᠢᠨ ᠡᠷᠡᠭᠦᠯ ᠮᠡᠨᠳᠦ ᠵᠢᠨ ᠲᠤᠰᠬᠠᠶ ᠰᠡᠳᠦᠪᠲᠦ ᠲᠠᠢ᠌ᠯᠤᠮᠵᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠠᠵᠢᠯᠯᠠᠭ᠎ᠠ ᠥᠷᠨᠢᠭᠦᠯᠵᠦ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠪᠡ
 
            