


3 ᠳ᠋ᠤᠭ᠋ᠠᠷ ᠰᠠᠷ᠎ᠠ ᠵᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠥᠪᠥᠷ ᠮᠣᠩᠭᠣᠯ᠎ᠤᠨ ᠠᠩᠬᠠᠳᠠᠭᠴᠢ 100 KW ᠲᠠᠰ᠎ᠤᠨ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠨᠳᠦ ᠠᠴᠢᠶᠠᠨ᠎ᠤ ᠮᠠᠰᠢᠨ ᠲᠡᠷᠭᠡᠨ᠎ᠤ ᠰᠢᠨ᠎ᠡ ᠮᠠᠰᠢᠨ ᠲᠡᠷᠭᠡ ᠨᠡᠢ᠌ᠲᠡᠯᠡᠬᠦ ᠵᠢᠴᠢ ᠲᠡᠷᠭᠡ ᠲᠤᠰᠢᠶᠠᠬᠤ ᠶᠣᠰᠣᠯᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃ ᠤᠮᠠᠷᠠᠲᠤ ᠵᠢᠨ ᠪᠧᠨ᠋ᠽᠧᠨ ᠬᠦᠨᠳᠦ ᠮᠠᠰᠢᠨ ᠲᠡᠷᠭᠡᠨ᠎ᠤ ᠠᠩᠬᠠᠳᠠᠭᠴᠢ ᠢᠵᠢ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠢ ᠰᠦᠯᠵᠢᠶᠡᠨ᠎ᠠᠴᠠ ᠭᠠᠷᠭ᠋ᠠᠭᠰᠠᠨ᠎ᠨᠢ ᠥᠪᠥᠷ ᠮᠣᠩᠭᠣᠯ ᠤᠰᠤᠲᠥ᠋ᠷᠥᠭᠴᠢ ᠡᠨᠧᠷᠭᠢ ᠵᠢᠨ ᠬᠡᠷᠡᠭᠯᠡᠭᠡᠨ᠎ᠤ ᠰᠢᠨ᠎ᠡ ᠴᠠᠭ ᠦᠶ᠎ᠡ ᠵᠢ ᠡᠬᠢᠯᠡᠭᠦᠯᠦᠭᠰᠡᠨᠢ ᠬᠠᠷᠠᠭᠤᠯᠵᠤ᠂ ᠪᠠᠰᠠ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠰᠢᠨ᠎ᠡ ᠦᠷ᠎ᠡ ᠪᠦᠲᠦᠭᠡᠯ ᠣᠯᠤᠭᠰᠠᠨ᠎ᠢ ᠬᠠᠷᠠᠭᠤᠯᠵᠤ ᠪᠠᠢ᠌ᠨ᠎ᠠ᠃ ᠲᠣᠰ ᠲᠥᠷᠥᠯ ᠵᠦᠢᠯ᠎ᠢ ᠥᠪᠡᠷᠲᠡᠭᠡᠨ ᠵᠠᠰᠠᠬᠤ ᠣᠷᠣᠨ᠎ᠤ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠲᠤᠰᠬᠠᠶ ᠳᠡᠮᠵᠢᠯᠭᠡ᠂ ᠤᠮᠠᠷᠠᠲᠤ ᠵᠢᠨᠪᠸᠨ᠋ᠣᠣᠢ ᠬᠦᠨᠳᠦ ᠬᠡᠯᠪᠡᠷᠢ ᠵᠢᠨ ᠮᠠᠰᠢᠨ ᠲᠡᠷᠭᠡᠨ᠎ᠤ ᠪᠦᠯᠦᠭᠯᠡᠯ ᠪᠣᠯᠤᠨ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠬᠠᠮᠲᠤ᠎ᠪᠠᠷ ᠬᠡᠷᠡᠭᠵᠢᠭᠦᠯᠵᠦ᠂ 《4 + 8 + N》 ᠬᠠᠮᠲᠤᠷᠠᠯᠴᠠᠭ᠋ᠠᠨ᠎ᠤ ᠲᠣᠭᠲᠠᠴᠠ ᠵᠢᠨ ᠠᠬᠢᠭᠤᠯᠤᠯ ᠳᠣᠤᠷᠠᠬᠢ ᠨᠢᠭᠡᠨ ᠴᠢᠬᠤᠯᠠ ᠦᠷ᠎ᠡ ᠪᠦᠲᠦᠭᠡᠯ ᠮᠥᠨ᠂ ᠪᠠᠰᠠ ᠴᠤ᠌ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ ᠪᠠᠢ᠌ᠭᠤᠯᠤᠭᠳᠠᠭᠰᠠᠨ᠎ᠠᠴᠠ ᠨᠠᠰᠢ ᠮᠠᠨ᠎ᠤ ᠣᠷᠣᠨ᠎ᠤ ᠠᠵᠤ ᠠᠬᠤᠢ᠌ᠯᠠᠯ᠎ᠲᠠᠢ ᠬᠠᠮᠵᠢᠯᠴᠠᠨ ᠰᠢᠨ᠎ᠡ ᠵᠢ ᠡᠭᠦᠳᠦᠭᠰᠡᠨ ᠴᠢᠬᠤᠯᠠ ᠦᠷ᠎ᠡ ᠪᠦᠲᠦᠭᠡᠯ ᠮᠥᠨ᠂ ᠨᠠᠩ ᠴᠤ᠌ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠳᠤᠷᠠᠳᠤᠭᠰᠠᠨ 《ᠲᠠᠪᠤᠨ ᠶᠡᠬᠡ ᠬᠦᠷᠢᠶ᠎ᠡ》 ᠵᠢᠨ ᠪᠡᠷᠬᠡ ᠰᠡᠳᠦᠪ᠎ᠢ ᠰᠢᠢᠳᠪᠦᠷᠢᠯᠡᠭᠰᠡᠨ ᠴᠢᠬᠤᠯᠠ ᠶᠡᠬᠡ ᠦᠷ᠎ᠡ ᠪᠦᠲᠦᠭᠡᠯ ᠮᠥᠨ᠃
ᠰᠦᠨ ᠵᠢᠶᠦ᠋ᠨ ᠴᠢᠩ᠂ ᠪᠤᠭᠤᠲᠤ ᠬᠤᠳᠠ ᠵᠢᠨ᠎ᠬᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠵᠤ᠂ ᠪᠤᠭᠤᠲᠤ ᠵᠢᠨ ᠲᠤᠷᠰᠢᠯᠭ᠎ᠠ ᠵᠢ ᠬᠠᠩᠭ᠋ᠠᠵᠤ᠂ ᠪᠤᠭᠤᠲᠤ ᠵᠢᠨ ᠵᠠᠭᠪᠤᠷ᠎ᠢ ᠡᠭᠦᠳᠴᠦ᠂ ᠪᠦᠬᠦ ᠣᠷᠣᠨ᠎ᠤ ᠰᠢᠨ᠎ᠡ ᠵᠢ ᠡᠭᠦᠳᠬᠦ ᠥᠨᠳᠥᠷᠯᠢᠭ᠎ᠢ ᠪᠠᠢ᠌ᠭᠤᠯᠵᠤ᠂ ᠪᠦᠬᠦ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠬᠦᠳᠦᠯᠥᠨ ᠳᠠᠭ᠋ᠠᠭᠤᠯᠬᠤ ᠵᠢ ᠬᠦᠰᠡᠵᠦ ᠪᠠᠢ᠌ᠨ᠎ᠠ᠃ ᠪᠧ ᠪᠧᠨ ᠬᠦᠨᠳᠦ ᠬᠡᠯᠪᠡᠷᠢ ᠵᠢᠨ ᠮᠠᠰᠢᠨ᠎ᠤ ᠪᠦᠯᠦᠭᠯᠡᠯ ᠤᠯᠤᠰ᠎ᠤᠨ ᠳᠣᠲᠣᠭ᠋ᠠᠳᠤ ᠵᠢᠨ ᠳᠡᠭᠡᠳᠦ ᠰᠤᠷᠭ᠋ᠠᠭᠤᠯᠢ ᠵᠢᠴᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠯᠤᠭ᠎ᠠ ᠵᠢᠨ ᠦᠢᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠳᠡᠭᠡᠳᠦ ᠳᠣᠤᠷᠠᠳᠤ ᠤᠷᠤᠰᠬᠠᠯ᠎ᠤᠨ ᠠᠵᠤ ᠠᠬᠤᠢ᠌ᠯᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠬᠤ ᠵᠢ ᠬᠦᠰᠡᠵᠦ ᠪᠠᠢ᠌ᠨ᠎ᠠ ᠭᠡᠵᠡᠶ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠳᠬᠠᠬᠤ ᠵᠢ ᠪᠠᠷᠢᠮᠲᠠᠯᠠᠵᠤ᠂ ᠰᠢᠨ᠎ᠡ ᠵᠢ ᠡᠭᠦᠳᠬᠦ ᠡᠬᠢ ᠪᠠᠶᠠᠯᠢᠭ᠎ᠢ ᠠᠵᠤ ᠠᠬᠤᠢ᠌ᠯᠠᠯ ᠲᠡᠢ᠌ᠰᠢ ᠲᠥᠪᠯᠡᠷᠡᠭᠦᠯᠬᠦ ᠵᠢ ᠠᠬᠢᠭᠤᠯᠵᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠲᠦᠷᠭᠡᠳᠬᠡᠨ ᠳᠡᠭᠡᠭᠰᠢᠯᠡᠭᠦᠯᠵᠦ᠂ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠪᠣᠯᠤᠨ ᠥᠪᠥᠷ ᠮᠣᠩᠭᠣᠯ᠎ᠤᠨ ᠠᠵᠤ ᠠᠬᠤᠢ᠌ᠯᠠᠯ᠎ᠤᠨ ᠬᠣᠭᠣᠷᠣᠨᠳᠣᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠦᠨᠵᠡᠭᠡᠶ ᠬᠠᠮᠲᠤᠷᠠᠯᠴᠠᠭ᠎ᠠ ᠥᠷᠨᠢᠭᠦᠯᠬᠦ ᠵᠢ ᠥᠩᠭᠡᠷᠡᠭᠰᠡᠨ᠎ᠲᠠᠢ᠎ᠪᠠᠨ ᠠᠳᠠᠯᠢ᠎ᠪᠠᠷ ᠳᠡᠮᠵᠢᠵᠦ᠂ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ᠎ᠠᠴᠠ ᠥᠪᠥᠷ ᠮᠣᠩᠭᠣᠯ᠎ᠠᠴᠠ ᠨᠠᠩ ᠣᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠷᠣᠭᠤᠯᠤᠨ ᠠᠪᠴᠢᠷᠠᠬᠤ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠤᠨ ᠮᠡᠷᠭᠡᠵᠢᠯ᠎ᠤᠨ ᠲᠦᠪᠰᠢᠨ᠎ᠢ ᠳᠡᠭᠡᠭᠰᠢᠯᠡᠭᠦᠯᠦᠨ᠎ᠡ᠃
ᠲᠤᠰ ᠡᠳᠦᠷ᠂ ᠰᠦᠨ ᠵᠢᠶᠦ᠋ᠨ ᠴᠢᠩ ᠪᠠᠰᠠ ᠪᠤᠭᠤᠲᠤ ᠵᠢᠨ ᠬᠣᠪᠣᠷ ᠰᠢᠷᠣᠢ ᠵᠢᠨ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠲᠤᠰᠬᠠᠢ ᠰᠡᠳᠦᠪ ᠵᠶ᠋ᠡᠷ ᠪᠠᠢ᠌ᠴᠠᠭ᠋ᠠᠨ ᠰᠤᠳᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠴᠢ ᠬᠣᠯᠪᠣᠭᠳᠠᠯ ᠪᠦᠬᠦᠢ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠲᠦᠷᠦᠯ ᠵᠦᠢ᠍ᠯ᠎ᠤᠨ ᠠᠬᠢᠴᠠ ᠵᠢᠨ ᠪᠠᠢ᠌ᠳᠠᠯ᠎ᠢ ᠰᠢᠨᠵᠢᠯᠡᠨ ᠪᠠᠢ᠌ᠴᠠᠭ᠋ᠠᠪᠠ᠃