ᠨᠡᠶ᠋ᠢᠭᠡᠮ᠎ᠤᠨ ᠬᠥᠭᠵᠢᠯᠲᠡ ᠵᠢᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠯᠥᠪᠵᠢᠭᠦᠯᠪᠡ᠂ ᠲᠥᠷᠦ ᠵᠢᠨ ᠪᠣᠳᠣᠯᠭ᠎ᠠ ᠪᠠ ᠠᠷᠭ᠎ᠠ ᠬᠡᠮᠵᠢᠶ᠎ᠡ ᠵᠢ ᠵᠣᠬᠢᠶᠠᠨ ᠪᠠᠶ᠋ᠢᠭᠤᠯᠵᠤ ᠲᠤᠭᠤᠷᠪᠢᠨ ᠲᠣᠭᠲᠠᠭ᠋ᠠᠨ᠎ᠠ᠃ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠮᠡᠷᠭᠡᠵᠢᠯ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠵᠠᠳᠠᠯᠤᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠴᠢᠬᠤᠯᠠ ᠶᠡᠬᠡ ᠡᠭᠦᠷᠭᠡ ᠵᠢ ᠳᠤᠷᠠᠳᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠢᠬᠤᠯᠠ ᠶᠡᠬᠡ ᠪᠡᠷᠬᠡ ᠰᠡᠳᠦᠪ᠎ᠢ ᠰᠢᠶᠳᠪᠦᠷᠢᠯᠡᠬᠦ ᠵᠢ ᠲᠦᠯᠬᠢᠨ ᠠᠬᠢᠭᠤᠯᠤᠨ᠎ᠠ᠃ ᠬᠠᠮᠢᠶ᠎ᠠ ᠪᠦᠬᠦᠢ ᠬᠦᠷᠢᠶᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠶᠯ᠎ᠢ ᠵᠣᠬᠢᠶᠠᠨ ᠪᠠᠢ᠍ᠭᠤᠯᠤᠨ ᠬᠡᠷᠡᠭᠵᠢᠭᠦᠯᠦᠨ᠎ᠡ᠃ ᠠᠮᠢᠳᠤ ᠪᠣᠳᠠᠰ᠎ᠤᠨ ᠮᠡᠷᠭᠡᠵᠢᠯ᠎ᠤᠨ ᠬᠥᠭᠵᠢᠯᠲᠡ ᠵᠢᠴᠢ ᠠᠵᠤ ᠦᠶ᠋ᠢᠯᠡᠰᠵᠢᠯᠲᠡ ᠵᠢ ᠠᠬᠢᠭᠤᠯᠵᠤ᠂ ᠪᠣᠬᠢᠷᠲᠤᠯ ᠦᠭᠡᠢ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠲᠦᠯᠬᠢᠨ ᠠᠬᠢᠭᠤᠯᠵᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠢ ᠥᠷᠨᠢᠭᠦᠯᠦᠨ᠎ᠡ᠃ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠲᠠᠪᠴᠠᠩ᠂ ᠰᠠᠭᠤᠷᠢᠨ ᠭᠠᠵᠠᠷ᠎ᠤᠨ ᠲᠥᠯᠥᠪᠵᠢᠭᠦᠯᠭᠡ ᠵᠢᠨ ᠪᠠᠶ᠋ᠢᠷᠢᠰᠢᠭᠤᠯᠤᠯ᠎ᠢ ᠳᠤᠷᠠᠳᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
ᠬᠠᠷᠢᠯᠴᠠᠬᠤ ᠤᠲᠠᠰᠤ᠄ 0471 — 6328615
ᠬᠠᠶᠢᠭ᠄ ᠥᠪᠥᠷ ᠮᠣᠩᠭᠣᠯ᠎ᠤᠨ ᠬᠥᠬᠡ ᠬᠣᠲᠠ ᠵᠢᠨ ᠰᠠᠶ᠋ᠢᠬᠠᠨ ᠲᠣᠭᠣᠷᠢᠭ᠎ᠤᠨ ᠹᠧᠩᠵᠸᠤ ᠡᠮᠦᠨ᠎ᠡ ᠵᠠᠮ᠎ᠤᠨ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ (ᠰᠢᠤᠳᠠᠨ ᠳ᠋ᠤᠭ᠋ᠠᠷ 010010)
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ 8᠄ 30 — 17᠄ 30