ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠳᠣᠲᠣᠭᠠᠳᠤ ᠪᠠᠶ᠋ᠢᠷᠢᠯᠠᠭᠤᠯᠤᠯᠲᠠ᠎ᠶᠢᠨ ᠲᠠᠰᠤᠭ ᠭᠠᠵᠠᠷ
ᠬᠥᠳᠡᠭᠡ ᠲᠣᠰᠬᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ
ᠨᠡᠶ᠋ᠢᠲᠡᠯᠡᠭᠰᠡᠨ ᠴᠠᠭ᠄ 2019-09-05

 
    ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ᠎ᠤ ᠬᠥᠭᠵᠢᠯᠲᠡ ᠵᠢ ᠠᠬᠢᠭᠤᠯᠬᠤ ᠲᠥᠯᠥᠪᠵᠢᠭᠦᠯᠪᠡ᠂ ᠲᠥᠷᠥ ᠵᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠵᠢ ᠵᠣᠬᠢᠶᠠᠨ ᠪᠠᠶ᠋ᠢᠭᠤᠯᠤᠨ ᠲᠤᠭᠤᠷᠪᠢᠨ ᠲᠣᠭᠲᠠᠭ᠋ᠠᠨ᠎ᠠ᠃ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠮᠡᠷᠭᠡᠵᠢᠯ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠵᠠᠳᠠᠯᠤᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠴᠢᠬᠤᠯᠠ ᠶᠡᠬᠡ ᠡᠭᠦᠷᠭᠡ ᠵᠢ ᠳᠤᠷᠠᠳᠬᠤ ᠵᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠢᠬᠤᠯᠠ ᠶᠡᠬᠡ ᠪᠡᠷᠬᠡ ᠰᠡᠳᠦᠪ᠎ᠢ ᠰᠢᠶᠳᠪᠦᠷᠢᠯᠡᠬᠦ ᠵᠢ ᠲᠦᠯᠬᠢᠨ ᠠᠬᠢᠭᠤᠯᠤᠨ᠎ᠠ᠃ ᠬᠠᠮᠢᠶ᠎ᠠ ᠪᠦᠬᠦᠢ ᠬᠦᠷᠢᠶᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠶᠯ᠎ᠢ ᠵᠣᠬᠢᠶᠠᠨ ᠪᠠᠢ᠍ᠭᠤᠯᠤᠨ ᠬᠡᠷᠡᠭᠵᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠪᠣᠯᠤᠨ ᠰᠢᠶᠠᠨ᠎ᠤ ᠬᠡᠪᠴᠢᠶᠡᠨ᠎ᠤ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠠᠵᠢᠯ᠎ᠢ ᠵᠢᠯᠣᠭᠣᠳᠴᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠶᠠᠳᠠᠭᠤ ᠵᠢ ᠲᠡᠳᠬᠦᠬᠦ ᠠᠵᠢᠯ ᠪᠣᠯᠤᠨ ᠲᠠᠷᠢᠶᠠᠯᠠᠬᠤ ᠮᠠᠯᠵᠢᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠶ᠋ᠢᠭᠡᠮᠴᠢᠯᠡᠭᠰᠡᠨ ᠦᠶᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠵᠢᠨ ᠲᠠᠪᠴᠠᠩ᠂ ᠰᠠᠭᠤᠷᠢᠨ ᠭᠠᠵᠠᠷ᠎ᠤᠨ ᠲᠥᠯᠥᠪᠵᠢᠭᠦᠯᠭᠡ ᠵᠢᠨ ᠪᠠᠶ᠋ᠢᠷᠢᠰᠢᠭᠤᠯᠤᠯ᠎ᠢ ᠳᠤᠷᠠᠳᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
    ᠬᠠᠷᠢᠯᠴᠠᠬᠤ ᠤᠲᠠᠰᠤ᠄ 0471 - 6328608᠂ 0471 - 6328611
    ᠬᠠᠶᠢᠭ᠄ ᠥᠪᠥᠷ ᠮᠣᠩᠭᠣᠯ᠎ᠤᠨ ᠬᠥᠬᠡ ᠬᠣᠲᠠ ᠵᠢᠨ ᠰᠠᠶ᠋ᠢᠬᠠᠨ ᠲᠣᠭᠣᠷᠢᠭ᠎ᠤᠨ ᠹᠧᠩᠵᠸᠤ ᠡᠮᠦᠨ᠎ᠡ ᠵᠠᠮ᠎ᠤᠨ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ (ᠰᠢᠤᠳᠠᠨ ᠳ᠋ᠤᠭ᠋ᠠᠷ 010010)
    ᠠᠵᠢᠯᠯᠠᠬᠤ ᠴᠠᠭ᠄   ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ  8᠄ 30 — 17᠄ 30  

ᠢᠷᠡᠯᠲᠡ᠄
          
ᠬᠠᠮᠢᠶ᠎ᠡ ᠪᠦᠬᠦᠢ ᠰᠣᠨᠢᠨ
ᠨᠡᠢ᠍ᠭᠡᠮ᠎ᠤᠨ ᠬᠥᠭᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠭᠠᠵᠠᠷ (ᠭᠠᠳᠠᠭ᠋ᠠᠳᠤ ᠵᠢᠨ ᠲᠤᠰᠬᠠᠶ ᠮᠡᠷᠭᠡᠵᠢᠯᠲᠡᠨ᠎ᠤ ᠲᠣᠪᠴᠢᠶ᠎ᠠ)
ᠦᠷ᠎ᠡ ᠪᠦᠲᠦᠭᠡᠯ᠎ᠤᠨ ᠬᠠᠮᠢᠶᠠᠷᠤᠯᠲᠠ ᠬᠢᠭᠡᠳ ᠬᠤᠪᠢᠷᠠᠭᠤᠯᠤᠯᠲᠠ ᠵᠢᠨ ᠭᠠᠵᠠᠷ
ᠠᠵᠢᠯ᠎ᠠᠴᠠ ᠠᠮᠠᠷᠠᠭᠰᠠᠳ ᠎ᠤᠨ ᠠᠵᠢᠯ᠎ᠤᠨ ᠭᠠᠵᠠᠷ
 
            