ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠢᠩᠭᠢᠮ᠎ᠤᠨ ᠰᠢᠭᠤᠳ ᠬᠠᠷᠢᠶ᠎ᠠ ᠪᠠᠶ᠋ᠢᠭᠤᠯᠤᠯᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ᠎ᠯᠤᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠣᠯᠢᠯᠴᠠᠭ᠋ᠠᠨ᠎ᠤ ᠲᠥᠪ
ᠨᠡᠶ᠋ᠢᠲᠡᠯᠡᠭᠰᠡᠨ ᠴᠠᠭ᠄ 2019-09-06

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ᠎ᠯᠤᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠣᠯᠢᠯᠴᠠᠭ᠋ᠠᠨ᠎ᠤ ᠲᠥᠪ
    ᠭᠣᠣᠯ ᠡᠭᠦᠷᠭᠡ ᠬᠠᠷᠢᠭᠤᠴᠠᠯᠭ᠎ᠠ᠄
    ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠨᠠᠶ᠋ᠢᠳᠠᠭᠰᠠᠨ ᠤᠯᠤᠰ᠎ᠠᠴᠠ ᠳᠣᠲᠣᠭ᠋ᠠᠳᠤ ᠭᠠᠳᠠᠭ᠋ᠠᠳᠤ ᠵᠢᠨ ᠵᠠᠰᠠᠭ᠎ᠤᠨ ᠣᠷᠳᠣᠨ᠎ᠤ ᠬᠣᠭᠣᠷᠣᠨᠳᠣᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠪᠠ ᠰᠣᠯᠢᠯᠴᠠᠭ᠋ᠠᠨ᠎ᠤ ᠪᠣᠳᠠᠲᠠᠶ ᠵᠦᠶᠯᠡᠰ᠎ᠢ ᠡᠭᠦᠷᠭᠡᠯᠡᠨ᠎ᠡ; ᠬᠢᠯᠢ ᠵᠢᠨ ᠳᠣᠲᠣᠨ᠎ᠠ ᠭᠠᠳᠠᠨ᠎ᠠ ᠡᠯ᠎ᠡ ᠲᠥᠷᠥᠯ᠎ᠤᠨ ᠮᠡᠷᠭᠡᠵᠢᠯ ᠪᠠ ᠬᠠᠮᠢᠶᠠᠷᠤᠯᠲᠠ ᠵᠢᠨ ᠪᠣᠯᠪᠠᠰᠤᠷᠠᠭᠤᠯᠤᠯ ᠡᠷᠬᠢᠯᠡᠬᠦ ᠡᠭᠦᠷᠭᠡ ᠵᠢ ᠡᠭᠦᠷᠭᠡᠯᠡᠨ᠎ᠡ; ᠭᠠᠳᠠᠭ᠋ᠠᠳᠤ ᠵᠢᠨ ᠲᠤᠰᠬᠠᠶ ᠮᠡᠷᠭᠡᠵᠢᠯᠲᠡᠨ᠂ ᠭᠠᠳᠠᠭ᠋ᠠᠳᠤ ᠵᠢᠨ ᠬᠠᠷᠢᠶ᠎ᠠ᠎ᠲᠠᠢ ᠬᠥᠮᠦᠰ ᠪᠣᠯᠤᠨ ᠡᠯ᠎ᠡ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠣᠯᠢᠯᠴᠠᠭ᠋ᠠᠨ᠎ᠤ ᠪᠦᠯᠬᠦᠮ ᠳᠤᠭᠤᠢ᠍ᠯᠠᠩ ᠢ ᠤᠷᠢᠵᠤ ᠬᠦᠯᠢᠶᠡᠨ ᠠᠪᠴᠤ ᠮᠠᠨ᠎ᠤ ᠣᠷᠣᠨ᠎ᠳᠤ ᠢᠷᠡᠵᠦ ᠰᠤᠷᠪᠤᠯᠵᠢᠯᠠᠨ ᠰᠢᠨᠵᠢᠯᠡᠨ ᠪᠠᠢ᠍ᠴᠠᠭ᠋ᠠᠬᠤ᠂ ᠮᠡᠷᠭᠡᠵᠢᠯ᠎ᠤᠨ ᠵᠢᠯᠣᠭᠣᠳᠤᠯᠭ᠎ᠠ ᠬᠢᠬᠦ᠂ ᠡᠷᠳᠡᠮ ᠰᠢᠨᠵᠢᠯᠡᠭᠡᠨ᠎ᠤ ᠶᠠᠷᠢᠶ᠎ᠠ ᠲᠠᠯᠪᠢᠬᠤ ᠪᠠ ᠵᠥᠪᠳᠡᠯᠴᠡᠨ ᠬᠠᠮᠲᠤᠷᠠᠯᠴᠠᠬᠤ; ᠲᠤᠰᠬᠠᠶ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠶ᠋ᠢᠭᠤᠯᠤᠨ ᠭᠠᠳᠠᠭ᠋ᠠᠳᠤ᠎ᠳᠤ ᠠᠢ᠍ᠯᠴᠢᠯᠠᠯᠲᠠ ᠬᠢᠯᠭᠡᠬᠦ᠂ ᠰᠢᠨᠵᠢᠯᠡᠨ ᠪᠠᠶ᠋ᠢᠴᠠᠭ᠋ᠠᠬᠤ᠂ ᠰᠤᠳᠤᠯᠤᠨ ᠰᠤᠷᠤᠯᠴᠠᠬᠤ ᠪᠠ ᠵᠥᠪᠳᠡᠯᠴᠡᠨ ᠶᠠᠷᠢᠯᠴᠠᠬᠤ ᠵᠡᠷᠭᠡ ᠠᠵᠢᠯ᠎ᠢ ᠡᠭᠦᠷᠭᠡᠯᠡᠨ᠎ᠡ᠃
    ᠳᠡᠳ᠋ ᠡᠷᠬᠢᠯᠡᠭᠴᠢ᠄ ᠶᠢᠨ ᠰᠢᠶᠣᠤ ᠬᠣᠩ (ᠠᠵᠢᠯ ᠡᠷᠬᠢᠯᠡᠬᠦ)
    ᠬᠠᠷᠢᠯᠴᠠᠬᠤ ᠤᠲᠠᠰᠤ᠄ 0471 — 6288985  

ᠢᠷᠡᠯᠲᠡ᠄
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠶᠯᠡᠳᠪᠦᠷᠢᠯᠡᠯ᠎ᠤᠨ ᠬᠦᠴᠦᠨ᠎ᠢ ᠠᠬᠢᠭᠤᠯᠬᠤ ᠲᠥᠪ ᠭᠣᠣᠯ ᠡᠭᠦᠷᠭᠡ ᠬᠠᠷᠢᠭᠤᠴᠠᠯᠭ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠭᠰᠢᠭᠦᠷᠢ ᠵᠢᠨ ᠰᠠᠭᠤᠷᠢ ᠮᠥᠩᠭᠥ ᠵᠢᠨ ᠬᠠᠮᠢᠶᠠᠷᠤᠯᠲᠠ ᠪᠠ ᠠᠵᠢᠯᠯᠠᠭ᠋ᠠᠨ᠎ᠢ ᠡᠭᠦᠷᠭᠡᠯᠡᠨ᠎ᠡ᠃ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠭᠤᠷᠢ ᠮᠥᠩᠭᠥ ᠵᠢᠨ ᠲᠥᠷᠥᠯ ᠵᠦᠶᠯ᠎ᠢ ᠭᠤᠶᠤᠴᠢᠯᠠᠨ ᠮᠡᠳᠡᠭᠦᠯᠬᠦ ᠪᠠ ᠬᠠᠮᠢᠶᠠᠷᠬᠤ ᠠᠵᠢᠯ᠎ᠢ ᠡᠭᠦᠷᠭᠡᠯᠡᠨ᠎ᠡ; ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠪᠥᠬᠥ ᠶᠠᠪᠤᠴᠠ ᠵᠢᠨ ᠢᠵᠢ ᠪᠦᠷᠢᠳᠦᠭᠦᠯᠬᠦ ᠶᠡᠷᠦᠩᠬᠡᠶ᠋ᠢᠯᠡᠭᠰᠡᠨ ᠦᠶᠯᠡᠴᠢᠯᠡᠭᠡ ᠬᠠᠩᠭ᠋ᠠᠨ᠎ᠠ (ᠲᠥᠷᠥᠯ ᠵᠦᠶᠯ᠎ᠢ ᠰᠢᠯᠢᠨ ᠰᠣᠩᠭᠣᠬᠤ᠂ ᠬᠢᠨᠠᠨ ᠲᠣᠭᠲᠠᠭ᠋ᠠᠵᠤ ᠦᠨᠡᠯᠡᠨ ᠵᠢᠱ᠌ᠢᠬᠦ᠂ ᠮᠡᠷᠭᠡᠵᠢᠯ ᠬᠢᠭᠡᠳ ᠬᠠᠮᠢᠶᠠᠷᠤᠯᠲᠠ ᠵᠢᠨ ᠣᠨᠣᠰᠢᠯᠠᠯᠲᠠ᠂ ᠰᠣᠹᠲ ᠨᠤᠲᠠᠯᠠᠯᠲᠠ᠂ ᠮᠡᠳᠡᠭᠡ ᠵᠠᠩᠭᠢᠵᠢᠯᠲᠠ ᠵᠢᠨ ᠦᠶᠯᠡᠴᠢᠯᠡᠭᠡ᠂ ᠮᠡᠷᠭᠡᠵᠢᠯ᠎ᠤᠨ ᠪᠠᠷᠢᠮᠵᠢᠶ᠎ᠠ ᠵᠢᠨ ᠦᠶᠯᠡᠴᠢᠯᠡᠭᠡ᠂ ᠮᠡᠷᠭᠡᠵᠢᠯ᠎ᠤᠨ ᠰᠢᠯᠵᠢᠭᠦᠯᠦᠯᠲᠡ᠂ ᠰᠢᠨ᠎ᠡ ᠵᠢ ᠡᠭᠦᠳᠬᠦ ᠠᠷᠭ᠎ᠠ ᠵᠢ ᠳᠡᠯᠭᠡᠷᠡᠭᠦᠯᠦᠨ ᠬᠡᠷᠡᠭᠯᠡᠬᠦ ᠵᠡᠷᠭᠡ ᠪᠠᠭᠲᠠᠨ᠎ᠠ); ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠣᠯᠢᠯᠴᠠᠭ᠎ᠠ᠂ ᠪᠣᠯᠪᠠᠰᠤᠷᠠᠭᠤᠯᠤᠯ ᠬᠢᠭᠡᠳ ᠯᠠᠪᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ; ᠦᠶᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠬᠠᠮᠵᠢᠯᠴᠠᠭ᠎ᠠ ᠵᠢ ᠵᠣᠬᠢᠶᠠᠨ ᠪᠠᠶ᠋ᠢᠭᠤᠯᠵᠤ᠂ ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠬᠤᠪᠢᠷᠠᠭᠤᠯᠬᠤ ᠵᠢ ᠠᠬᠢᠭᠤᠯᠤᠨ᠎ᠠ᠃ ᠡᠷᠬᠢᠯᠡᠭᠴᠢ᠄ ᠮᠠ ᠳ᠋ᠧ ᠴᠢᠩ ᠬᠠᠷᠢᠯᠴᠠᠬᠤ ᠤᠲᠠᠰᠤ᠄ 0471 — 6280850
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠤᠯᠤᠰ᠎ᠠᠴᠠ ᠴᠢᠳᠠᠪᠤᠷᠢᠲᠠᠨ᠎ᠤ ᠰᠣᠯᠢᠯᠴᠠᠭ᠋ᠠᠨ᠎ᠤ ᠲᠥᠪ
 
            