ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ
ᠭᠣᠣᠯ ᠡᠭᠦᠷᠭᠡ ᠬᠠᠷᠢᠭᠤᠴᠠᠯᠭ᠎ᠠ᠄
ᠥᠪᠡᠷᠲᠡᠭᠡᠨ ᠵᠠᠰᠠᠬᠤ ᠣᠷᠣᠨ᠎ᠤ ᠳᠡᠭᠡᠰᠦ ᠰᠢᠨ᠎ᠡ ᠮᠡᠷᠭᠡᠵᠢᠯ᠎ᠤᠨ ᠠᠵᠤ ᠦᠶᠯᠡᠰ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠡᠭᠡᠭᠡᠨ ᠬᠥᠭᠵᠢᠭᠦᠯᠬᠦ ᠠᠵᠢᠯ᠎ᠢ ᠵᠣᠬᠢᠶᠠᠨ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠳᠡᠭᠡᠰᠦ ᠰᠢᠨ᠎ᠡ ᠮᠡᠷᠭᠡᠵᠢᠯ᠎ᠤᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠵᠦᠶᠯᠡᠰ᠎ᠤᠨ ᠶᠠᠪᠤᠴᠠ ᠵᠢᠨ ᠬᠠᠮᠢᠶᠠᠷᠤᠯᠲᠠ ᠵᠢ ᠡᠭᠦᠷᠭᠡᠯᠡᠨ᠎ᠡ; ᠡᠮᠦᠨ᠎ᠡ ᠵᠠᠬ᠎ᠠ ᠵᠢᠨ ᠬᠦᠷᠢᠶ᠎ᠡ ᠴᠠᠷᠠᠭ᠎ᠠ ᠵᠢᠨ ᠰᠤᠳᠤᠯᠤᠨ ᠨᠡᠭᠡᠭᠡᠬᠦ ᠪᠠᠶ᠋ᠢᠭᠤᠯᠤᠮᠵᠢ ᠵᠢ ᠨᠡᠶ᠋ᠢᠳᠬᠡᠵᠦ᠂ ᠰᠢᠨ᠎ᠡ ᠵᠢ ᠡᠭᠦᠳᠬᠦ ᠰᠤᠳᠤᠯᠤᠨ ᠨᠡᠭᠡᠭᠡᠬᠦ ᠲᠠᠪᠴᠠᠩ ᠢ ᠪᠠᠢ᠍ᠭᠤᠯᠤᠨᠠ; ᠰᠢᠨ᠎ᠡ ᠵᠢ ᠡᠭᠦᠳᠬᠦ ᠠᠴᠢᠶᠠᠯᠠᠪᠤᠷᠢ ᠵᠢᠨ ᠪᠠᠶ᠋ᠢᠭᠤᠯᠤᠯᠲᠠ ᠵᠢ ᠥᠷᠨᠢᠭᠦᠯᠦᠨ᠎ᠡ; ᠣᠷᠣᠨ᠎ᠤ ᠳᠣᠲᠣᠷ᠎ᠠ ᠭᠠᠳᠠᠨᠠᠬᠢ ᠳᠡᠭᠡᠰᠦ ᠳᠡᠰ ᠳᠠᠪᠬᠤᠷᠭ᠎ᠠ ᠵᠢᠨ ᠲᠤᠰᠬᠠᠶ ᠮᠡᠷᠭᠡᠵᠢᠯᠲᠡᠨ ᠵᠶ᠋ᠠᠷ ᠭᠣᠤᠯᠯᠠᠭᠴᠢ ᠬᠦᠴᠦᠨ ᠪᠣᠯᠭ᠋ᠠᠬᠤ ᠵᠢ ᠵᠣᠬᠢᠶᠠᠨ ᠪᠠᠢ᠍ᠭᠤᠯᠵᠤ᠂ ᠤᠯᠤᠰ᠎ᠠᠴᠠ ᠴᠢᠬᠤᠯᠠ ᠶᠡᠬᠡ ᠰᠤᠳᠤᠯᠤᠨ ᠨᠡᠭᠡᠭᠡᠬᠦ ᠲᠥᠷᠥᠯ ᠵᠦᠶᠯ᠎ᠢ ᠭᠤᠶᠤᠴᠢᠯᠠᠨ ᠮᠡᠳᠡᠭᠦᠯᠬᠦ᠂ ᠴᠢᠷᠮᠠᠶ᠋ᠢᠨ ᠣᠯᠬᠤ ᠪᠠ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠶᠯ᠎ᠢ ᠵᠣᠬᠢᠶᠠᠨ ᠪᠠᠢ᠍ᠭᠤᠯᠤᠨ ᠬᠡᠷᠡᠭᠵᠢᠭᠦᠯᠵᠦ᠂ ᠴᠢᠬᠤᠯᠠ ᠶᠡᠬᠡ ᠲᠥᠯᠥᠪᠯᠡᠭᠡ ᠵᠢᠨ ᠲᠥᠷᠥᠯ ᠵᠦᠶᠯ᠎ᠢ ᠬᠡᠷᠡᠭᠵᠢᠭᠦᠯᠬᠦ ᠶᠠᠪᠤᠴᠠ᠎ᠳᠠᠬᠢ ᠬᠠᠮᠢᠶᠠᠷᠤᠯᠲᠠ ᠬᠢᠭᠡᠳ ᠦᠶᠯᠡᠴᠢᠯᠡᠭᠡ ᠵᠢ ᠥᠷᠨᠢᠭᠦᠯᠦᠨ᠎ᠡ; ᠳᠡᠭᠡᠰᠦ ᠳᠡᠰ ᠳᠠᠪᠬᠤᠷᠭ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ; ᠤᠯᠤᠰ᠎ᠠᠴᠠ ᠳᠣᠲᠣᠭ᠋ᠠᠳᠤ ᠭᠠᠳᠠᠭ᠋ᠠᠳᠤ ᠵᠢᠨ ᠡᠷᠳᠡᠮ ᠰᠢᠨᠵᠢᠯᠡᠭᠡᠨ᠎ᠤ ᠰᠣᠯᠢᠯᠴᠠᠭ᠎ᠠ ᠪᠠ ᠬᠠᠮᠲᠤᠷᠠᠨ ᠰᠤᠳᠤᠯᠵᠤ ᠨᠡᠭᠡᠭᠡᠬᠦ᠂ ᠠᠵᠤ ᠦᠢ᠍ᠯᠡᠰᠴᠢᠯᠡᠬᠦ ᠠᠵᠢᠯ᠎ᠢ ᠥᠷᠨᠢᠭᠦᠯᠦᠨ᠎ᠡ; ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠎ᠳᠤ ᠴᠢᠳᠠᠪᠤᠷᠢᠲᠠᠨ ᠬᠥᠮᠦᠵᠢᠭᠦᠯᠬᠦ᠂ ᠵᠦᠶᠯᠡᠰ᠎ᠢ ᠵᠣᠬᠢᠶᠠᠨ ᠪᠠᠶ᠋ᠢᠭᠤᠯᠬᠤ᠂ ᠳᠡᠭᠡᠰᠦ ᠰᠢᠨ᠎ᠡ ᠮᠡᠷᠭᠡᠵᠢᠯ᠎ᠤᠨ ᠠᠵᠤ ᠦᠶᠯᠡᠰ᠎ᠢ ᠬᠥᠭᠵᠢᠭᠦᠯᠬᠦ᠎ᠳᠤ ᠮᠡᠳᠡᠭᠡ ᠵᠠᠩᠭᠢ᠂ ᠵᠥᠪᠯᠡᠯᠭᠡ ᠥᠭᠬᠦ᠂ ᠦᠨᠡᠯᠡᠨ ᠵᠢᠱ᠌ᠢᠬᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ᠂ ᠪᠣᠯᠪᠠᠰᠤᠷᠠᠭᠤᠯᠬᠤ; ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠤᠰᠬᠠᠶ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠣᠷᠣᠭᠤᠯᠤᠨ ᠠᠪᠴᠢᠷᠠᠬᠤ᠂ ᠬᠤᠪᠢᠷᠠᠭᠤᠯᠬᠤ ᠠᠵᠢᠯ ᠵᠢᠴᠢ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠠᠵᠤ ᠦᠶᠯᠡᠳᠪᠦᠷᠢ ᠵᠢᠨ ᠴᠢᠨᠠᠷᠲᠠᠶ ᠲᠤᠷᠰᠢᠯᠲᠠ ᠵᠢᠨ ᠲᠥᠷᠥᠯ ᠵᠦᠶᠯ᠎ᠢ ᠬᠡᠷᠡᠭᠵᠢᠭᠦᠯᠬᠦ ᠵᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠦᠶᠯᠡᠴᠢᠯᠡᠭᠡᠨ᠎ᠤ ᠬᠦᠷᠢᠶᠡᠯᠡᠩ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠶ᠋ᠢᠭᠤᠯᠤᠯᠲᠠ ᠵᠢᠨ ᠰᠠᠭᠤᠷᠢ ᠴᠢᠨᠠᠷᠲᠠᠶ ᠵᠡᠷᠭᠡ ᠠᠵᠢᠯ᠎ᠢ ᠳᠠᠭ᠋ᠠᠭ᠋ᠠᠨ ᠡᠷᠬᠢᠯᠡᠨᠡᠮ᠃
ᠳᠡᠳ᠋ ᠬᠣᠷᠢᠶᠠᠨ ᠳᠠᠷᠤᠭ᠎ᠠ᠄ ᠯᠢᠦ ᠶᠢᠩ ᠷᠦ᠋ (ᠠᠵᠢᠯ ᠡᠷᠬᠢᠯᠡᠬᠦ)
ᠬᠠᠷᠢᠯᠴᠠᠬᠤ ᠤᠲᠠᠰᠤ᠄ 0471 — 66673᠃