ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠪᠠᠮᠪᠠᠷ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠥᠪ
ᠭᠣᠣᠯ ᠡᠭᠦᠷᠭᠡ ᠬᠠᠷᠢᠭᠤᠴᠠᠯᠭ᠎ᠠ᠄
ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠨᠠᠶ᠋ᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠳᠡᠭᠡᠰᠦ ᠰᠢᠨ᠎ᠡ ᠮᠡᠷᠭᠡᠵᠢᠯ᠎ᠤᠨ ᠠᠵᠤ ᠦᠢ᠍ᠯᠡᠰᠵᠢᠭᠦᠯᠦᠨ ᠬᠥᠭᠵᠢᠭᠦᠯᠬᠦ ᠲᠥᠯᠥᠪᠵᠢᠭᠦᠯᠪᠡ᠂ ᠲᠥᠯᠥᠪᠯᠡᠭᠡ᠂ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠵᠢ ᠰᠤᠳᠤᠯᠤᠨ ᠳᠤᠷᠠᠳᠬᠤ ᠵᠢᠨ ᠬᠠᠮᠲᠤ ᠲᠤᠤᠱᠯᠠᠭᠤᠯᠤᠨ ᠨᠠᠶ᠋ᠢᠳᠠᠪᠤᠷᠢᠵᠢᠭᠤᠯᠤᠨ᠎ᠠ; ᠭᠠᠯ ᠪᠠᠮᠪᠠᠷ᠎ᠤᠨ ᠲᠥᠯᠥᠪᠯᠡᠭᠡ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠶ᠋ᠢᠯᠡᠰᠵᠢᠯᠲᠡ ᠵᠢᠨ ᠲᠥᠯᠥᠪᠯᠡᠭᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢᠴᠢ ᠵᠦᠶᠯᠡᠰ᠎ᠤᠨ ᠶᠠᠪᠤᠴᠠ ᠵᠢᠨ ᠬᠠᠮᠢᠶᠠᠷᠤᠯᠲᠠ ᠵᠢ ᠡᠭᠦᠷᠭᠡᠯᠡᠨ᠎ᠡ; ᠳᠡᠭᠡᠰᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠂ ᠣᠨᠴᠠᠯᠢᠭᠲᠤ ᠠᠵᠤ ᠦᠶ᠋ᠢᠯᠡᠰᠵᠢᠯᠲᠡ ᠵᠢᠨ ᠰᠠᠭᠤᠷᠢᠨ ᠭᠠᠵᠠᠷ ᠵᠡᠷᠭᠡ ᠳᠡᠭᠡᠰᠦ ᠰᠢᠨ᠎ᠡ ᠮᠡᠷᠭᠡᠵᠢᠯ᠎ᠤᠨ ᠠᠵᠤ ᠦᠶ᠋ᠢᠯᠡᠰᠵᠢᠯᠲᠡ ᠵᠢᠨ ᠠᠴᠢᠶᠠᠯᠠᠪᠤᠷᠢ ᠵᠢ ᠪᠣᠶ᠋ᠢᠵᠢᠭᠤᠯᠤᠨ ᠮᠠᠭ᠋ᠠᠳᠯᠠᠨ ᠲᠣᠭᠲᠠᠭ᠋ᠠᠬᠤ ᠵᠢᠴᠢ ᠬᠠᠮᠢᠶᠠᠷᠬᠤ ᠠᠵᠢᠯ᠎ᠢ ᠥᠷᠨᠢᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠭᠤᠷᠢ ᠨᠥᠬᠥᠴᠡᠯ᠎ᠤᠨ ᠲᠠᠪᠴᠠᠩ᠎ᠤᠨ ᠪᠠᠶ᠋ᠢᠭᠤᠯᠤᠯᠲᠠ ᠵᠢᠴᠢ ᠠᠵᠢᠯᠯᠠᠭ᠋ᠠᠨ᠎ᠤ ᠬᠠᠮᠢᠶᠠᠷᠤᠯᠲᠠ ᠵᠢ ᠡᠭᠦᠷᠭᠡᠯᠡᠨ᠎ᠡ; ᠬᠠᠮᠢᠶ᠎ᠠ ᠪᠦᠬᠦᠢ ᠲᠣᠭ᠎ᠠ ᠪᠦᠷᠢᠳᠬᠡᠯ᠎ᠤᠨ ᠵᠠᠳᠠᠯᠤᠯᠲᠠ᠂ ᠤᠬᠠᠭᠤᠯᠭ᠎ᠠ ᠪᠣᠯᠪᠠᠰᠤᠷᠠᠭᠤᠯᠤᠯ ᠵᠢᠴᠢ ᠬᠠᠮᠲᠤᠷᠠᠯᠴᠠᠭ᠎ᠠ ᠰᠣᠯᠢᠯᠴᠠᠭ᠎ᠠ ᠵᠡᠷᠭᠡ ᠦᠶᠯᠡᠴᠢᠯᠡᠭᠡᠨ᠎ᠤ ᠠᠵᠢᠯ᠎ᠢ ᠡᠭᠦᠷᠭᠡᠯᠡᠨ᠎ᠡ᠃ ᠪᠥᠬᠥ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠶᠯᠡᠳᠪᠦᠷᠢᠯᠡᠯ᠎ᠳᠤ ᠵᠠᠳᠠᠯᠤᠨ ᠰᠢᠨᠵᠢᠬᠦ ᠮᠡᠷᠭᠡᠵᠢᠯ᠎ᠤᠨ ᠦᠶᠯᠡᠴᠢᠯᠡᠭᠡ ᠬᠠᠩᠭ᠋ᠠᠨ᠎ᠠ᠃ ᠰᠢᠯᠭ᠋ᠠᠯᠲᠠ ᠵᠢᠨ ᠮᠡᠷᠭᠡᠵᠢᠯ ᠪᠠ ᠠᠷᠭ᠎ᠠ ᠵᠢᠨ ᠰᠤᠳᠤᠯᠭ᠋ᠠᠨ ᠵᠢᠴᠢ ᠪᠣᠯᠪᠠᠰᠤᠷᠠᠭᠤᠯᠤᠯ᠎ᠤᠨ ᠠᠵᠢᠯ᠎ᠢ ᠥᠷᠨᠢᠭᠦᠯᠦᠨ᠎ᠡ᠃
ᠡᠷᠬᠢᠯᠡᠭᠴᠢ᠄ ᠵᠢᠶᠠᠩ ᠪᠦᠦ ᠯᠢᠨ
ᠬᠠᠷᠢᠯᠴᠠᠬᠤ ᠤᠲᠠᠰᠤ᠄ 0471 — 6280581