ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨ᠎ᠠ ᠰᠢᠨᠵᠢᠯᠡᠬᠦ ᠤᠬᠠᠭ᠋ᠠᠨ᠎ᠤ ᠠᠵᠢᠭᠯᠠᠯᠲᠠ ᠵᠢᠨ ᠰᠤᠳᠤᠯᠭ᠋ᠠᠨ᠎ᠤ ᠥᠷᠲᠡᠭᠡ ᠵᠢᠨ ᠬᠠᠮᠢᠶᠠᠷᠤᠯᠲᠠ ᠵᠢᠨ ᠠᠷᠭ᠎ᠠ》 (ᠲᠤᠷᠰᠢᠨ ᠬᠡᠷᠡᠭᠵᠢᠭᠦᠯᠬᠦ) ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2022-05-05


ᠡᠯ᠎ᠡ ᠠᠶ᠋ᠢᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠶᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠡᠯ᠎ᠡ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠡᠯ᠎ᠡ ᠬᠣᠯᠪᠣᠭᠳᠠᠯ ᠪᠥᠬᠥᠶ ᠨᠢᠭᠡᠴᠢ᠎ᠳᠤ᠄
                                                                                 

                                                                                                  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
                                                                                                          2022 ᠣᠨ᠎ᠤ 4 ᠳ᠋ᠦᠭᠡᠷ ᠰᠠᠷ᠎ᠠ ᠵᠢᠨ 29᠎ᠤ ᠡᠳᠦᠷ



《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨ᠎ᠠ ᠰᠢᠨᠵᠢᠯᠡᠬᠦ ᠤᠬᠠᠭ᠋ᠠᠨ᠎ᠤ ᠠᠵᠢᠭᠯᠠᠯᠲᠠ ᠵᠢᠨ ᠰᠤᠳᠤᠯᠭ᠋ᠠᠨ᠎ᠤ ᠥᠷᠲᠡᠭᠡ ᠵᠢᠨ ᠬᠠᠮᠢᠶᠠᠷᠤᠯᠲᠠ ᠵᠢᠨ ᠠᠷᠭ᠎ᠠ》 (ᠲᠤᠷᠰᠢᠨ ᠬᠡᠷᠡᠭᠵᠢᠭᠦᠯᠬᠦ)


     
      ᠨᠢᠭᠡᠳᠦᠭᠡᠷ ᠪᠦᠯᠦᠭ   ᠶᠡᠷᠦᠩᠬᠡᠶ ᠳᠦᠷᠢᠮ

        ᠨᠢᠭᠡᠳᠦᠭᠡᠷ ᠵᠦᠶᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠰᠢᠨᠵᠢᠯᠡᠬᠦ ᠤᠬᠠᠭ᠋ᠠᠨ᠎ᠤ ᠠᠵᠢᠭᠯᠠᠯᠲᠠ ᠵᠢᠨ ᠰᠤᠳᠤᠯᠭ᠋ᠠᠨ᠎ᠤ ᠥᠷᠲᠡᠭᠡ (ᠳᠣᠷᠣᠭᠰᠢ 《ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠯᠲᠠ ᠵᠢᠨ ᠥᠷᠲᠡᠭᠡ》 ᠭᠡᠵᠦ ᠲᠣᠪᠴᠢᠯᠠᠨ᠎ᠠ) ᠵᠢᠨ ᠪᠥᠲᠥᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠬᠠᠮᠢᠶᠠᠷᠤᠯᠲᠠ ᠵᠢ ᠴᠢᠩᠭ᠋ᠠᠳᠬᠠᠨ ᠵᠢᠷᠤᠮᠵᠢᠭᠤᠯᠬᠤ ᠵᠢᠨ ᠲᠤᠰᠠᠳᠠ᠂ 《ᠤᠯᠤᠰ᠎ᠤᠨ ᠬᠡᠭᠡᠷ᠎ᠡ ᠭᠠᠳᠠᠨᠠᠬᠢ ᠰᠢᠨᠵᠢᠯᠡᠬᠦ ᠤᠬᠠᠭ᠋ᠠᠨ᠎ᠤ ᠠᠵᠢᠭᠯᠠᠯᠲᠠ ᠵᠢᠨ ᠰᠤᠳᠤᠯᠭ᠋ᠠᠨ᠎ᠤ ᠥᠷᠲᠡᠭᠡ ᠵᠢᠨ ᠬᠠᠮᠢᠶᠠᠷᠤᠯᠲᠠ ᠵᠢᠨ ᠠᠷᠭ᠎ᠠ》 (ᠲᠥᠷᠥ ᠰᠢᠨᠵᠢᠯᠡᠬᠦ ᠲᠠᠷᠬᠠᠭ᠋ᠠᠭᠰᠠᠨ ᠰᠠᠭᠤᠷᠢ 201871 ᠳ᠋ᠦᠭᠡᠷ ᠲᠣᠭ᠋ᠠᠲᠤ) ᠵᠡᠷᠭᠡ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠠᠶ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃  
     
      ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠯᠲᠠ ᠵᠢᠨ ᠥᠷᠲᠡᠭᠡ ᠪᠣᠯ ᠮᠠᠨ᠎ᠤ ᠣᠷᠣᠨ᠎ᠤ ᠪᠠᠶ᠋ᠢᠭ᠋ᠠᠯᠢ ᠵᠢᠨ ᠨᠥᠬᠥᠴᠡᠯ᠎ᠤᠨ ᠭᠠᠵᠠᠷ ᠵᠦᠶ ᠵᠢᠨ ᠤᠨᠳᠤᠤᠰᠢᠯ᠎ᠤᠨ ᠵᠢᠮ᠎ᠡ ᠶᠣᠰᠣ ᠵᠢ ᠦᠨᠳᠦᠰᠦᠯᠡᠨ᠂ ᠮᠠᠨ᠎ᠤ ᠣᠷᠣᠨ᠎ᠤ ᠠᠵᠤ ᠠᠬᠤᠶ ᠨᠡᠶ᠋ᠢᠭᠡᠮ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ᠎ᠳᠤ ᠬᠠᠨᠳᠤᠭᠤᠯᠵᠤ᠂ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠠᠬᠤᠶ ᠨᠡᠶ᠋ᠢᠭᠡᠮ᠎ᠤᠨ ᠦᠷᠭᠦᠯᠵᠢᠯᠡᠨ ᠬᠥᠭᠵᠢᠬᠦ᠎ᠳᠤ ᠰᠠᠭᠤᠷᠢ ᠲᠤᠯᠭ᠋ᠠᠭᠤᠷᠢᠯᠠᠯ ᠪᠠ ᠨᠥᠬᠥᠴᠡᠯ᠎ᠤᠨ ᠪᠠᠲᠤᠯᠠᠭ᠎ᠠ ᠬᠠᠩᠭ᠋ᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠭᠤᠷᠢᠨ ᠭᠠᠵᠠᠷ ᠪᠣᠯᠤᠨ᠎ᠠ᠃ ᠲᠡᠭᠦᠨ᠎ᠤ ᠭᠣᠣᠯ ᠲᠤᠰᠢᠶᠠᠯ ᠬᠠᠷᠢᠭᠤᠴᠠᠯᠭ᠎ᠠ ᠪᠣᠯ ᠠᠮᠢ ᠠᠬᠤᠢ ᠵᠢᠨ ᠤᠬᠠᠭ᠋ᠠᠨ᠂ ᠭᠠᠵᠠᠷ ᠵᠦᠢ ᠵᠢᠨ ᠤᠬᠠᠭ᠋ᠠᠨ᠂ ᠲᠠᠷᠢᠶᠠᠯᠠᠩ᠎ᠤᠨ ᠤᠬᠠᠭ᠋ᠠᠨ᠂ ᠣᠷᠴᠢᠨ ᠠᠬᠤᠢ ᠵᠢᠨ ᠰᠢᠨᠵᠢᠯᠡᠬᠦ ᠤᠬᠠᠭ᠋ᠠᠨ᠂ ᠮᠠᠲ᠋ᠧᠷᠢᠶᠠᠯ᠎ᠤᠨ ᠰᠢᠨᠵᠢᠯᠡᠬᠦ ᠤᠬᠠᠭ᠋ᠠᠨ᠂ ᠵᠠᠮ ᠬᠠᠷᠢᠯᠴᠠᠭ᠎ᠠ᠂ ᠡᠨᠧᠷᠭᠢ ᠵᠢᠨ ᠰᠤᠷᠪᠤᠯᠵᠢ ᠵᠢᠴᠢ ᠲᠣᠨᠣᠭᠯᠠᠯ ᠵᠡᠷᠭᠡ ᠬᠦᠷᠢᠶᠡᠨ᠎ᠤ ᠬᠥᠭᠵᠢᠯᠲᠡ᠎ᠳᠤ ᠦᠢ᠍ᠯᠡᠴᠢᠯᠡᠵᠦ᠂ ᠤᠷᠳᠤ ᠬᠤᠭᠤᠴᠠᠭ᠎ᠠ᠎ᠪᠠᠷ ᠬᠡᠭᠡᠷ᠎ᠡ ᠭᠠᠳᠠᠨ᠎ᠠ ᠣᠷᠣᠨ ᠪᠠᠶ᠋ᠢᠷᠢ ᠲᠣᠭᠲᠠᠭ᠋ᠠᠨ ᠠᠵᠢᠭᠯᠠᠨ ᠬᠡᠮᠵᠢᠭᠰᠡᠨ ᠲᠣᠭ᠎ᠠ ᠪᠠᠷᠢᠮᠲᠠ ᠵᠢ ᠤᠯᠬᠤ ᠵᠢᠨ ᠬᠠᠮᠲᠤ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯ᠎ᠢ ᠥᠷᠨᠢᠭᠦᠯᠦᠨ᠎ᠡ᠃
     
      ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠦᠷᠲᠡᠭᠡ᠎ᠨᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠶᠡᠬᠡ ᠳᠡᠭᠡᠳᠦ ᠰᠤᠷᠭ᠋ᠠᠭᠤᠯᠢ᠂ ᠠᠵᠤ ᠠᠬᠤᠶ᠋ᠢᠯᠠᠯ ᠵᠡᠷᠭᠡ ᠨᠢᠭᠡᠴᠢ᠎ᠳᠤ ᠲᠦᠰᠢᠭᠯᠡᠨ ᠪᠦᠲᠦᠭᠡᠨ ᠪᠠᠶ᠋ᠢᠭᠤᠯᠵᠤ᠂ 《ᠲᠥᠷᠥᠯ ᠬᠤᠪᠢᠶᠠᠨ ᠬᠠᠮᠢᠶᠠᠷᠬᠤ᠂ ᠬᠠᠮᠲᠤᠷᠠᠨ ᠬᠠᠮᠵᠢᠯᠴᠠᠬᠤ᠂ ᠡᠬᠢ ᠪᠠᠶᠠᠯᠢᠭ᠎ᠢ ᠬᠠᠮᠲᠤᠪᠠᠷ ᠬᠦᠷᠲᠡᠬᠦ᠂ ᠬᠥᠳᠡᠯᠦᠩᠭᠦᠶ᠎ᠪᠠᠷ ᠲᠣᠬᠢᠷᠠᠭᠤᠯᠬᠤ》 ᠠᠵᠢᠯᠯᠠᠭ᠋ᠠᠨ᠎ᠤ ᠲᠣᠭᠲᠠᠴᠠ ᠵᠢ ᠬᠡᠷᠡᠭᠵᠢᠭᠦᠯᠦᠨ᠎ᠡ᠃


      ᠬᠣᠶᠠᠳᠤᠭ᠋ᠠᠷ ᠪᠦᠯᠦᠭ   ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ  
     
      ᠳᠥᠷᠪᠡᠳᠦᠭᠡᠷ ᠵᠦᠢ᠍ᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ (ᠳᠣᠷᠣᠭᠰᠢ 《ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ》 ᠭᠡᠵᠦ ᠲᠣᠪᠴᠢᠯᠠᠨ᠎ᠠ)᠎ᠨᠢ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠬᠤ ᠥᠷᠲᠡᠭᠡ ᠵᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠂ ᠭᠤᠤᠯ ᠡᠭᠦᠷᠭᠡ ᠬᠠᠷᠢᠭᠤᠴᠠᠯᠭ᠎ᠠ᠎ᠨᠢ᠄
      (ᠨᠢᠭᠡ) ᠤᠯᠤᠰ᠎ᠤᠨ ᠬᠡᠭᠡᠷ᠎ᠡ ᠭᠠᠳᠠᠨ᠎ᠠ ᠠᠵᠢᠭᠯᠠᠨ ᠬᠡᠮᠵᠢᠬᠦ ᠥᠷᠲᠡᠭᠡ ᠵᠢᠨ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ;
     (ᠬᠣᠶᠠᠷ) ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠪᠠ ᠳᠦᠷᠢᠮ᠎ᠢ ᠲᠣᠭᠲᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠪᠦᠲᠦᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠢ ᠵᠢᠯᠣᠭᠣᠳᠤᠨ᠎ᠠ;
     (ᠭᠤᠷᠪᠠ) ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠪᠦᠷᠢᠳᠬᠡᠨ ᠳᠠᠩᠰᠠᠯᠠᠬᠤ᠂ ᠦᠨᠡᠯᠡᠨ ᠵᠢᠱ᠌ᠢᠬᠦ ᠵᠡᠷᠭᠡ ᠵᠦᠶᠯᠡᠰ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠤᠯᠤᠰ᠎ᠤᠨ ᠬᠡᠭᠡᠷ᠎ᠡ ᠭᠠᠳᠠᠨᠠᠬᠢ ᠰᠢᠨᠵᠢᠯᠡᠬᠦ ᠤᠬᠠᠭ᠋ᠠᠨ᠎ᠤ ᠠᠵᠢᠭᠯᠠᠨ ᠬᠡᠮᠵᠢᠬᠦ ᠰᠤᠳᠤᠯᠭ᠋ᠠᠨ᠎ᠤ ᠥᠷᠲᠡᠭᠡ᠎ᠪᠠᠷ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠦᠨ᠎ᠡ᠃

        ᠲᠠᠪᠤᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠶ ᠰᠠᠯᠠᠭ᠎ᠠ ᠮᠥᠴᠢᠷ᠂ ᠠᠶ᠋ᠢᠮᠠᠭ ᠬᠤᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠵᠢᠴᠢ ᠮᠠᠨ᠎ᠤ ᠣᠷᠣᠨ᠎ᠳᠤ ᠰᠠᠭᠤᠭ᠎ᠠ ᠲᠥᠪ᠎ᠤᠨ ᠬᠣᠯᠪᠣᠭᠳᠠᠯ ᠪᠦᠬᠦᠶ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠪᠣᠯ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨ᠎ᠠ ᠠᠵᠢᠭᠯᠠᠨ ᠬᠡᠮᠵᠢᠬᠦ ᠥᠷᠲᠡᠭᠡ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠂ ᠭᠤᠤᠯ ᠡᠭᠦᠷᠭᠡ ᠬᠠᠷᠢᠭᠤᠴᠠᠯᠭ᠎ᠠ᠎ᠨᠢ ᠪᠣᠯ᠄
     (ᠨᠢᠭᠡ) ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠪᠠ ᠲᠦᠷᠢᠮ ᠲᠣᠭᠲᠠᠭ᠋ᠠᠯ᠎ᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠪᠥᠲᠥᠭᠡᠨ ᠪᠠᠶ᠋ᠢᠭᠤᠯᠤᠯᠲᠠ ᠪᠠ ᠬᠥᠭᠵᠢᠯᠲᠡ ᠵᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠬᠠᠮᠢᠶᠠᠷᠤᠯᠲᠠ ᠵᠢᠨ ᠠᠵᠢᠯ᠎ᠢ ᠬᠠᠮᠵᠢᠯᠴᠠᠨ ᠰᠠᠶ᠋ᠢᠲᠤᠷ ᠬᠢᠨ᠎ᠠ;
     (ᠬᠣᠶᠠᠷ) ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨ᠎ᠠ ᠠᠵᠢᠭᠯᠠᠬᠤ ᠥᠷᠲᠡᠭᠡ ᠵᠢᠨ ᠪᠥᠲᠥᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠳᠤ ᠬᠡᠷᠡᠭᠰᠡᠬᠦ ᠬᠠᠮᠢᠶ᠎ᠠ ᠪᠥᠬᠥᠶ ᠨᠥᠬᠥᠴᠡᠯ᠎ᠢ ᠨᠠᠶ᠋ᠢᠳᠠᠪᠤᠷᠢᠵᠢᠭᠤᠯᠵᠤ᠂ ᠬᠠᠮᠢᠶ᠎ᠠ ᠪᠥᠬᠥᠶ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠶᠳᠪᠦᠷᠢᠯᠡᠬᠦ ᠬᠡᠷᠡᠭᠲᠡᠶ;
      (ᠭᠤᠷᠪᠠ) ᠲᠤᠰ ᠰᠠᠯᠠᠭ᠎ᠠ ᠮᠥᠴᠢᠷ᠂ ᠲᠤᠰ ᠣᠷᠣᠨ ᠪᠦᠰᠡ ᠵᠢᠨ ᠵᠶ᠋ᠠᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠬᠠᠮᠲᠤᠷᠠᠨ ᠬᠠᠮᠵᠢᠯᠴᠠᠵᠤ ᠠᠵᠢᠭᠯᠠᠨ ᠬᠡᠮᠵᠢᠬᠦ ᠪᠠ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠰᠤᠳᠤᠯᠤᠯ ᠥᠷᠨᠢᠭᠦᠯᠬᠦ ᠵᠢ ᠵᠣᠬᠢᠶᠠᠨ ᠪᠠᠶ᠋ᠢᠭᠤᠯᠬᠤ ᠵᠢᠨ ᠬᠠᠮᠲᠤ ᠳᠡᠮᠵᠢᠬᠦ ᠬᠡᠷᠡᠭᠲᠡᠶ;
     (ᠳᠥᠷᠪᠡ) ᠲᠤᠰ ᠰᠠᠯᠠᠭ᠎ᠠ ᠮᠥᠴᠢᠷ᠂ ᠲᠤᠰ ᠣᠷᠣᠨ ᠪᠦᠰᠡ ᠵᠢᠨ ᠵᠶ᠋ᠠᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠪᠦᠲᠦᠭᠡᠨ ᠪᠠᠶ᠋ᠢᠭᠤᠯᠵᠤ ᠪᠣᠶ᠋ᠢᠵᠢᠭᠤᠯᠬᠤ᠂ ᠬᠢᠨᠠᠨ ᠬᠠᠷᠭᠤᠭᠤᠯᠵᠤ ᠲᠠᠨᠢᠯᠴᠠᠭᠤᠯᠬᠤ ᠵᠡᠷᠭᠡ ᠠᠵᠢᠯ᠎ᠢ ᠬᠠᠷᠢᠭᠤᠴᠠᠨ᠎ᠠ᠃

      ᠵᠢᠷᠭᠤᠳᠤᠭ᠋ᠠᠷ ᠵᠦᠢ᠍ᠯ   ᠲᠦᠰᠢᠭ ᠨᠢᠭᠡᠴᠡ᠎ᠨᠢ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠪᠥᠲᠥᠭᠡᠨ ᠪᠠᠶ᠋ᠢᠭᠤᠯᠤᠯᠲᠠ ᠪᠠ ᠠᠵᠢᠯᠯᠠᠭ᠋ᠠᠨ᠎ᠤ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠭᠤᠤᠯ ᠴᠣᠭᠴᠠ ᠪᠣᠯᠤᠨ᠎ᠠ (ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠦᠰᠢᠭ ᠨᠢᠭᠡᠴᠡ᠎ᠨᠢ ᠠᠳᠠᠯᠢ ᠨᠢᠭᠡᠨ ᠨᠢᠭᠡᠴᠡ ᠪᠠᠶ᠋ᠢᠵᠤ ᠪᠣᠯᠤᠨ᠎ᠠ)᠂ ᠭᠤᠤᠯ ᠡᠭᠦᠷᠭᠡ ᠬᠠᠷᠢᠭᠤᠴᠠᠯᠭ᠎ᠠ᠎ᠨᠢ᠄
      (ᠨᠢᠭᠡ) ᠬᠡᠭᠡᠷ᠎ᠡ ᠭᠠᠳᠠᠨ᠎ᠠ ᠠᠵᠢᠭᠯᠠᠬᠤ ᠥᠷᠲᠡᠭᠡ ᠵᠢᠨ ᠪᠦᠲᠦᠭᠡᠨ ᠪᠠᠶ᠋ᠢᠭᠤᠯᠤᠯᠲᠠ ᠵᠢ ᠪᠣᠳᠠᠲᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠡᠭᠡᠷ᠎ᠡ ᠭᠠᠳᠠᠨ᠎ᠠ ᠠᠵᠢᠭᠯᠠᠬᠤ ᠥᠷᠲᠡᠭᠡ ᠵᠢᠨ ᠠᠵᠢᠯᠲᠠᠨ᠂ ᠲᠠᠯᠠᠪᠤᠷ᠂ ᠰᠤᠳᠤᠯᠭ᠋ᠠᠨ᠎ᠤ ᠲᠥᠬᠥᠭᠡᠷᠦᠮᠵᠢ᠂ ᠠᠵᠢᠯᠯᠠᠭ᠋ᠠᠨ᠎ᠤ ᠵᠠᠷᠤᠳᠠᠯ ᠵᠡᠷᠭᠡ ᠰᠠᠭᠤᠷᠢ ᠪᠠᠲᠤᠯᠠᠭ᠎ᠠ ᠵᠢ ᠬᠠᠩᠭ᠋ᠠᠵᠤ᠂ ᠪᠦᠲᠦᠭᠡᠨ ᠪᠠᠶ᠋ᠢᠭᠤᠯᠤᠯᠲᠠ ᠬᠢᠭᠡᠳ ᠠᠵᠢᠯᠯᠠᠭ᠋ᠠᠨ᠎ᠤ ᠳᠤᠮᠳᠠᠬᠢ ᠬᠣᠯᠪᠣᠭᠳᠠᠯ ᠪᠦᠬᠦᠢ ᠠᠰᠠᠭᠤᠳᠠᠯ᠎ᠢ ᠰᠢᠶᠳᠪᠦᠷᠢᠯᠡᠬᠦ ᠬᠡᠷᠡᠭᠲᠡᠶ;
      (ᠬᠣᠶᠠᠷ) ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠰᠤᠳᠤᠯᠤᠯ᠂ ᠮᠡᠷᠭᠡᠵᠢᠯ᠎ᠤᠨ ᠲᠤᠯᠭ᠋ᠠᠭᠤᠷᠢᠯᠠᠯ ᠪᠠ ᠬᠠᠮᠢᠶᠠᠷᠤᠯᠲᠠ ᠵᠢᠨ ᠡᠩᠨᠡᠭᠡ ᠵᠢ ᠲᠣᠬᠢᠷᠠᠭᠤᠯᠬᠤ ᠵᠢᠨ ᠬᠠᠮᠲᠤ ᠪᠦᠷᠢᠨᠰᠢᠭᠦᠯᠬᠦ ᠬᠡᠷᠡᠭᠲᠡᠶ;
      (ᠭᠤᠷᠪᠠ) ᠪᠦᠷᠢᠨ ᠲᠡᠭᠦᠯᠳᠡᠷ ᠬᠠᠮᠢᠶᠠᠷᠤᠯᠲᠠ ᠪᠠ ᠠᠵᠢᠯᠯᠠᠭ᠋ᠠᠨ᠎ᠤ ᠲᠣᠭᠲᠠᠴᠠ ᠵᠢ ᠪᠠᠶ᠋ᠢᠭᠤᠯᠤᠨ᠎ᠠ;
      (ᠳᠥᠷᠪᠡ) ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠯᠲᠠ ᠵᠢᠨ ᠥᠷᠲᠡᠭᠡ ᠵᠢᠨ ᠳᠠᠷᠤᠭ᠎ᠠ ᠪᠠ ᠡᠷᠳᠡᠮ ᠰᠢᠨᠵᠢᠯᠡᠭᠡᠨ᠎ᠤ ᠵᠥᠪᠯᠡᠯ᠎ᠤᠨ ᠡᠷᠬᠢᠯᠡᠭᠴᠢ ᠵᠢ ᠤᠷᠢᠨ ᠲᠣᠮᠢᠯᠠᠨ᠎ᠠ; (ᠲᠠᠪᠤ) ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠬᠤ ᠥᠷᠲᠡᠭᠡ ᠵᠢᠨ ᠣᠨ᠎ᠤ ᠮᠡᠳᠡᠭᠦᠯᠦᠯᠲᠡ᠂ ᠦᠨᠡᠯᠡᠨ ᠵᠢᠱ᠌ᠢᠬᠦ ᠵᠡᠷᠭᠡ ᠠᠵᠢᠯ᠎ᠢ ᠬᠠᠮᠵᠢᠯᠴᠠᠨ ᠰᠠᠶ᠋ᠢᠲᠤᠷ ᠬᠢᠨ᠎ᠠ᠃


      ᠭᠤᠷᠪᠠᠳᠤᠭ᠋ᠠᠷ ᠪᠦᠯᠦᠭ   ᠮᠡᠳᠡᠭᠦᠯᠬᠦ ᠪᠠ ᠳᠠᠩᠰᠠᠯᠠᠭᠤᠯᠬᠤ

        ᠳᠣᠯᠣᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠭ᠎ᠠ ᠵᠢᠨ ᠠᠵᠢᠭᠯᠠᠬᠤ ᠥᠷᠲᠡᠭᠡ᠎ᠪᠠᠷ ᠮᠡᠳᠡᠭᠦᠯᠬᠦ᠎ᠳᠤ᠂ ᠡᠷᠬᠡᠪᠰᠢ ᠳᠤᠤᠷᠠᠬᠢ ᠦᠨᠳᠦᠰᠦᠨ ᠨᠥᠬᠥᠴᠡᠯ᠎ᠢ ᠬᠠᠩᠭ᠋ᠠᠬᠤ ᠬᠡᠷᠡᠭᠲᠡᠶ᠄
      (ᠨᠢᠭᠡ) ᠨᠢᠭᠡᠴᠢ᠎ᠨᠢ ᠣᠷᠣᠨ᠎ᠤ ᠳᠣᠲᠣᠷᠠᠬᠢ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠠᠵᠤ ᠠᠬᠤᠶ᠋ᠢᠯᠠᠯ ᠵᠡᠷᠭᠡ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠪᠠᠶ᠋ᠢᠭᠤᠯᠤᠮᠵᠢ ᠪᠠᠶ᠋ᠢᠵᠤ᠂ ᠬᠡᠭᠡᠷ᠎ᠡ ᠭᠠᠳᠠᠨᠠᠬᠢ ᠠᠵᠢᠭᠯᠠᠬᠤ ᠥᠷᠲᠡᠭᠡ᠎ᠳᠤ ᠠᠵᠢᠯᠲᠠᠨ᠂ ᠲᠠᠯᠠᠪᠤᠷ ᠭᠠᠵᠠᠷ᠂ ᠰᠤᠳᠤᠯᠭ᠋ᠠᠨ᠎ᠤ ᠲᠥᠬᠥᠭᠡᠷᠦᠮᠵᠢ ᠵᠡᠷᠭᠡ ᠰᠠᠭᠤᠷᠢ ᠪᠠᠲᠤᠯᠠᠭ᠎ᠠ ᠬᠠᠩᠭ᠋ᠠᠵᠤ᠂ ᠵᠢᠯ ᠪᠦᠷᠢ ᠲᠣᠭᠲᠠᠪᠤᠷᠢᠲᠠᠶ ᠠᠵᠢᠯᠯᠠᠭ᠋ᠠᠨ᠎ᠤ ᠵᠠᠷᠤᠳᠠᠯ᠎ᠤᠨ ᠳᠡᠮᠵᠢᠯᠭᠡ ᠬᠠᠩᠭ᠋ᠠᠨ᠎ᠠ;
       (ᠬᠣᠶᠠᠷ) ᠤᠯᠤᠰ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠯᠳᠤᠬᠤ ᠪᠣᠳᠣᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠪᠠ ᠬᠢᠴᠢᠶᠡᠯ ᠲᠥᠷᠥᠯ᠎ᠤᠨ ᠬᠥᠭᠵᠢᠯᠲᠡ ᠵᠢᠨ ᠠᠯᠤᠰ ᠬᠡᠲᠦ ᠵᠢᠨ ᠬᠡᠷᠡᠭᠴᠡᠭᠡ᠎ᠳᠤ ᠬᠠᠨᠳᠤᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠶᠡᠷᠦᠩᠬᠡᠶ ᠲᠥᠯᠥᠪᠵᠢᠭᠦᠯᠭᠡ ᠪᠠ ᠪᠠᠶ᠋ᠢᠭ᠋ᠠᠯᠢ ᠵᠢᠨ ᠣᠷᠴᠢᠨ ᠲᠣᠭᠣᠷᠢᠨ᠎ᠤ ᠤᠨᠳᠤᠤᠰᠢᠬᠤ ᠵᠢᠮ᠎ᠡ ᠶᠣᠰᠣ ᠵᠢ ᠵᠢᠷᠤᠮᠯᠠᠵᠤ᠂ ᠨᠡᠶ᠋ᠢᠲᠡᠯᠢᠭ ᠵᠢᠱ᠌ᠢᠶ᠎ᠡ ᠵᠢᠨ ᠣᠷᠣᠨ ᠪᠦᠰᠡ ᠪᠤᠶᠤ ᠬᠦᠷᠢᠶ᠎ᠡ ᠴᠠᠷᠠᠭ᠎ᠠ ᠵᠢᠨ ᠲᠥᠯᠥᠭᠡᠯᠡᠬᠦ ᠴᠢᠨᠠᠷᠲᠠᠶ ᠪᠠᠶ᠋ᠢᠬᠤ ᠬᠡᠷᠡᠭᠲᠡᠶ;
      (ᠭᠤᠷᠪᠠ) ᠠᠵᠢᠭᠯᠠᠨ ᠬᠡᠮᠵᠢᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠲᠤᠷᠰᠢᠯᠲᠠ ᠵᠢᠨ ᠲᠠᠯᠠᠪᠤᠷ ᠭᠠᠵᠠᠷ᠎ᠲᠠᠢ᠂ ᠠᠵᠢᠭᠯᠠᠨ ᠬᠡᠮᠵᠢᠬᠦ ᠲᠤᠷᠰᠢᠯᠲᠠ ᠵᠢᠨ ᠰᠠᠭᠤᠷᠢ ᠪᠡᠯᠡᠳᠬᠡᠮᠵᠢ᠂ ᠠᠵᠢᠭᠯᠠᠨ ᠬᠡᠮᠵᠢᠬᠦ ᠲᠤᠷᠰᠢᠯᠲᠠ ᠵᠢᠨ ᠲᠠᠯᠠᠪᠤᠷ᠎ᠲᠠᠢ᠂ ᠰᠠᠭᠤᠷᠢ ᠪᠡᠯᠡᠳᠬᠡᠮᠵᠢ᠎ᠳᠤ ᠬᠡᠷᠡᠭᠯᠡᠬᠦ ᠭᠠᠵᠠᠷ᠎ᠨᠢ ᠭᠠᠵᠠᠷ ᠰᠢᠷᠣᠶ ᠬᠡᠷᠡᠭᠯᠡᠬᠦ ᠡᠷᠬᠡ ᠵᠢᠨ ᠦᠨᠡᠮᠯᠡᠯ᠎ᠲᠠᠢ ᠪᠤᠶᠤ ᠢᠷᠡᠭᠡᠳᠦᠶ ᠵᠢᠨ 20 ᠵᠢᠯ᠎ᠠᠴᠠ ᠳᠡᠭᠡᠭᠰᠢᠬᠢ ᠭᠠᠵᠠᠷ ᠰᠢᠷᠣᠶ ᠬᠡᠷᠡᠭᠯᠡᠭᠰᠡᠨ ᠭᠡᠷᠡᠴᠢ᠎ᠲᠠᠢ ᠪᠠᠶ᠋ᠢᠬᠤ ᠬᠡᠷᠡᠭᠲᠡᠶ;
       (ᠳᠥᠷᠪᠡ) ᠨᠡᠯᠢᠶᠡᠳ ᠥᠨᠳᠥᠷ ᠰᠢᠨᠵᠢᠯᠡᠬᠦ ᠤᠬᠠᠭ᠋ᠠᠨ᠎ᠤ ᠠᠵᠢᠭᠯᠠᠯᠲᠠ ᠪᠠ ᠲᠤᠷᠰᠢᠯᠲᠠ ᠵᠢᠨ ᠰᠤᠳᠤᠯᠭ᠋ᠠᠨ᠎ᠤ ᠬᠢᠷᠢ ᠬᠡᠮᠵᠢᠶ᠎ᠡ᠎ᠲᠠᠢ ᠪᠠᠶ᠋ᠢᠵᠤ᠂ ᠨᠢᠭᠡᠨᠲᠡ 2 ᠵᠢᠯ᠎ᠠᠴᠠ ᠳᠡᠭᠡᠭᠰᠢ ᠬᠡᠪ ᠵᠶ᠋ᠠᠷ ᠠᠵᠢᠯᠯᠠᠭᠰᠠᠨ ᠪᠥᠭᠡᠳ ᠦᠷᠭᠦᠯᠵᠢᠯᠡᠨ 2 ᠵᠢᠯ᠎ᠠᠴᠠ ᠳᠡᠭᠡᠭᠰᠢ ᠰᠢᠰᠲ᠋ᠧᠮᠲᠦ ᠴᠢᠨᠠᠷᠲᠠᠶ ᠠᠵᠢᠭᠯᠠᠯᠲᠠ ᠵᠢᠨ ᠲᠤᠷᠰᠢᠯᠲᠠ ᠵᠢᠨ ᠲᠣᠭ᠎ᠠ ᠪᠠᠷᠢᠮᠲᠠ᠎ᠲᠠᠢ ᠪᠠᠶ᠋ᠢᠬᠤ;

       (ᠲᠠᠪᠤ) ᠲᠣᠰ ᠬᠦᠷᠢᠶᠡᠨ᠎ᠳᠤ ᠨᠡᠯᠢᠶᠡᠳ ᠶᠡᠬᠡ ᠨᠥᠯᠥᠭᠡ᠎ᠲᠠᠢ ᠪᠠᠶ᠋ᠢᠵᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠭᠦᠷᠭᠡ ᠵᠢ ᠡᠭᠦᠷᠭᠡᠯᠡᠬᠦ ᠴᠢᠳᠠᠪᠤᠷᠢ᠎ᠲᠠᠢ ᠪᠠᠶ᠋ᠢᠬᠤ;
       (ᠵᠢᠷᠭᠤᠭ᠎ᠠ) ᠪᠦᠲᠦᠴᠡ᠎ᠨᠢ ᠵᠦᠢ ᠵᠣᠬᠢᠰᠲᠠᠶ ᠥᠨᠳᠥᠷ ᠬᠢᠷᠢ ᠬᠡᠮᠵᠢᠶᠡᠨ᠎ᠤ ᠰᠤᠳᠤᠯᠤᠯ᠂ ᠮᠡᠷᠭᠡᠵᠢᠯ᠎ᠤᠨ ᠲᠤᠯᠭ᠋ᠠᠭᠤᠷᠢᠯᠠᠯ ᠪᠠ ᠬᠠᠮᠢᠶᠠᠷᠤᠯᠲᠠ ᠵᠢᠨ ᠡᠩᠨᠡᠭᠡ᠎ᠲᠠᠢ ᠪᠠᠶ᠋ᠢᠵᠤ᠂ ᠲᠣᠭᠲᠠᠮᠠᠯ ᠠᠵᠢᠯᠲᠠᠨ᠎ᠤ ᠶᠡᠷᠦᠩᠬᠡᠶ ᠲᠣᠭ᠎ᠠ᠎ᠨᠢ 10 ᠬᠥᠮᠦᠨ᠎ᠠᠴᠠ ᠳᠡᠭᠡᠭᠰᠢ ᠪᠠᠶ᠋ᠢᠬᠤ;
       (ᠳᠣᠯᠣᠭ᠎ᠠ) ᠬᠠᠮᠢᠶ᠎ᠠ ᠪᠥᠬᠥᠶ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ᠎ᠢ ᠵᠢᠷᠤᠮᠯᠠᠭᠰᠠᠨ ᠤᠷᠢᠲᠠᠯ ᠳᠤᠤᠷ᠎ᠠ᠂ ᠬᠡᠭᠡᠷ᠎ᠡ ᠭᠠᠳᠠᠨ᠎ᠠ ᠠᠵᠢᠭᠯᠠᠨ ᠬᠡᠮᠵᠢᠬᠦ ᠥᠷᠲᠡᠭᠡ ᠵᠢᠨ ᠠᠵᠢᠭᠯᠠᠨ ᠬᠡᠮᠵᠢᠬᠦ ᠪᠠ ᠲᠤᠷᠰᠢᠯᠲᠠ ᠵᠢᠨ ᠲᠣᠭ᠎ᠠ ᠪᠠᠷᠢᠮᠲᠠ᠂ ᠬᠡᠮᠵᠢᠭᠦᠷᠯᠢᠭ ᠲᠥᠬᠥᠭᠡᠷᠦᠮᠵᠢ ᠪᠡᠯᠡᠳᠬᠡᠮᠵᠢ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠨᠡᠭᠡᠭᠡᠯᠲᠡ᠎ᠲᠠᠢ᠎ᠪᠠᠷ ᠬᠠᠮᠲᠤ᠎ᠳᠤ᠎ᠪᠠᠨ ᠭᠥᠷᠳᠡᠵᠦ᠂ ᠨᠡᠶ᠋ᠢᠭᠡᠮ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠬᠠᠮᠲᠤ᠎ᠳᠤ᠎ᠪᠠᠨ ᠭᠥᠷᠳᠡᠬᠦ ᠦᠶᠯᠡᠴᠢᠯᠡᠭᠡ ᠬᠠᠩᠭ᠋ᠠᠨ᠎ᠠ;
        (ᠨᠠᠶᠮᠠ) ᠪᠤᠰᠤᠳ ᠬᠠᠩᠭ᠋ᠠᠬᠤ ᠴᠢᠬᠤᠯᠠ᠎ᠲᠠᠢ ᠨᠥᠬᠥᠴᠡᠯ᠃

        ᠨᠠᠶᠮᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠪᠦᠷᠢᠳᠬᠡᠨ ᠳᠠᠩᠰᠠᠯᠠᠭᠤᠯᠬᠤ ᠭᠤᠶᠤᠴᠢᠯᠠᠯ᠎ᠳᠤ ᠵᠢᠯ ᠲᠤᠷᠰᠢ ᠬᠦᠯᠢᠶᠡᠨ ᠠᠪᠴᠤ ᠰᠢᠶᠳᠪᠦᠷᠢᠯᠡᠬᠦ ᠠᠷᠭ᠎ᠠ ᠮᠠᠶᠢᠭ᠎ᠢ ᠬᠡᠷᠡᠭᠵᠢᠭᠦᠯᠦᠨ᠎ᠡ᠃ ᠳᠠᠩᠰᠠᠯᠠᠭᠤᠯᠬᠤ᠎ᠪᠠᠷ ᠪᠠᠶ᠋ᠢᠭ᠎ᠠ ᠬᠡᠭᠡᠷ᠎ᠡ ᠭᠠᠳᠠᠨ᠎ᠠ ᠠᠵᠢᠭᠯᠠᠨ ᠬᠡᠮᠵᠢᠬᠦ ᠥᠷᠲᠡᠭᠡ᠎ᠨᠢ ᠨᠢᠭᠡᠴᠡ ᠵᠢᠨ ᠵᠶ᠋ᠠᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠠᠨ ᠳᠤᠷᠠᠳᠴᠤ᠂ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠬᠠᠷᠭᠤᠭᠤᠯᠬᠤ ᠪᠠ ᠲᠤᠬᠠᠶ ᠵᠢᠨ ᠭᠠᠵᠠᠷ᠎ᠲᠤᠨᠢ ᠬᠢᠨᠠᠨ ᠪᠠᠶ᠋ᠢᠴᠠᠭ᠋ᠠᠯᠭ᠋ᠠᠵᠤ᠂ ᠠᠳᠠᠭ᠎ᠲᠠᠭᠠᠨ 5 ᠠᠵᠢᠯᠯᠠᠬᠤ ᠡᠳᠦᠷ ᠵᠠᠷᠯᠠᠨ ᠨᠡᠶ᠋ᠢᠲᠡᠯᠡᠵᠦ᠂ ᠣᠨᠳᠣᠣ ᠰᠠᠨᠠᠯ ᠦᠭᠡᠶ ᠪᠣᠯ ᠪᠠᠲᠤᠯᠠᠨ ᠲᠠᠨᠢᠯᠴᠠᠭᠤᠯᠤᠭᠰᠠᠨ ᠰᠠᠨᠠᠯ ᠵᠶ᠋ᠠᠨ ᠪᠢᠴᠢᠭ ᠵᠶ᠋ᠠᠷ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠢᠨᠠᠨ ᠬᠠᠷᠭᠤᠭᠤᠯᠤᠭᠰᠠᠨ᠎ᠤ ᠳᠠᠷᠠᠭ᠎ᠠ ᠨᠥᠬᠥᠴᠡᠯ᠎ᠳᠤ ᠨᠡᠶ᠋ᠢᠴᠡᠬᠦ ᠬᠡᠭᠡᠷ᠎ᠡ ᠭᠠᠳᠠᠨ᠎ᠠ ᠠᠵᠢᠭᠯᠠᠨ ᠬᠡᠮᠵᠢᠬᠦ ᠥᠷᠲᠡᠭᠡ ᠵᠢ ᠳᠠᠩᠰᠠᠯᠠᠭᠤᠯᠤᠨ᠎ᠠ᠃
     
      ᠶᠢᠰᠦᠳᠦᠭᠡᠷ ᠵᠦᠢ᠍ᠯ   ᠨᠢᠭᠡᠨᠲᠡ ᠳᠠᠩᠰᠠᠯᠠᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠯᠲᠠ ᠵᠢᠨ ᠥᠷᠲᠡᠭᠡ᠎ᠨᠢ ᠥᠷᠲᠡᠭᠡ ᠵᠢᠨ ᠬᠠᠶᠢᠭ ᠪᠤᠶᠤ ᠰᠤᠳᠤᠯᠭ᠋ᠠᠨ᠎ᠤ ᠴᠢᠭᠯᠡᠯ ᠵᠶ᠋ᠠᠨ ᠳᠣᠭᠢᠷᠠᠭᠤᠯᠵᠤ᠂ ᠨᠡᠷᠡᠶ᠋ᠢᠳᠦᠯ᠂ ᠥᠷᠲᠡᠭᠡᠨ ᠳᠠᠷᠤᠭ᠎ᠠ ᠪᠠ ᠡᠷᠳᠡᠮ ᠰᠢᠨᠵᠢᠯᠡᠭᠡᠨ᠎ᠤ ᠵᠥᠪᠯᠡᠯ᠎ᠤᠨ ᠡᠷᠬᠢᠯᠡᠭᠴᠢ ᠵᠢ ᠬᠤᠪᠢᠷᠠᠭ᠋ᠠᠬᠤ᠎ᠳᠤ᠂ ᠡᠷᠬᠡᠪᠰᠢ ᠡᠷᠳᠡᠮ ᠰᠢᠨᠵᠢᠯᠡᠭᠡᠨ᠎ᠤ ᠵᠥᠪᠯᠡᠯ ᠵᠶ᠋ᠠᠷ ᠬᠢᠨᠠᠨ ᠵᠥᠪᠯᠡᠭᠦᠯᠵᠦ᠂ ᠲᠦᠰᠢᠭ ᠪᠣᠯᠤᠭᠰᠠᠨ ᠨᠢᠭᠡᠴᠡ ᠪᠠ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ 3 ᠰᠠᠷ᠎ᠠ ᠵᠢᠨ ᠳᠣᠲᠣᠷ᠎ᠠ ᠪᠦᠷᠢᠳᠬᠡᠨ ᠳᠡᠩᠰᠡᠯᠡᠵᠦ ᠬᠤᠪᠢᠷᠠᠭᠤᠯᠬᠤ ᠵᠢ ᠪᠡᠶᠡᠯᠡᠭᠦᠯᠬᠦ ᠬᠡᠷᠡᠭᠲᠡᠶ᠃
     
      ᠠᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠨᠢᠭᠡᠨᠲᠡ ᠳᠠᠩᠰᠠᠯᠠᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢ ᠰᠤᠭᠤᠴᠢᠨ ᠪᠠᠶ᠋ᠢᠴᠠᠭ᠋ᠠᠵᠤ ᠳᠠᠬᠢᠨ ᠬᠢᠨᠠᠵᠤ᠂ ᠲᠣᠰ ᠠᠷᠭ᠎ᠠ ᠵᠢᠨ ᠬᠠᠮᠢᠶ᠎ᠠ ᠪᠥᠬᠥᠶ ᠨᠥᠬᠥᠴᠡᠯ᠎ᠳᠤ ᠨᠡᠶ᠋ᠢᠴᠡᠪᠡᠯ᠂ ᠳᠠᠩᠰᠠᠯᠠᠭᠤᠯᠬᠤ ᠬᠢᠷᠢ ᠬᠡᠮ᠎ᠨᠢ ᠦᠷᠭᠦᠯᠵᠢᠯᠡᠨ ᠬᠦᠴᠦᠨ᠎ᠲᠠᠢ᠂ ᠲᠣᠰ ᠠᠷᠭ᠎ᠠ ᠵᠢᠨ ᠬᠠᠮᠢᠶ᠎ᠠ ᠪᠥᠬᠥᠶ ᠨᠥᠬᠥᠴᠡᠯ᠎ᠳᠤ ᠨᠡᠶ᠋ᠢᠴᠡᠬᠦ ᠥᠬᠡᠶ ᠪᠣᠯ ᠳᠠᠩᠰᠠᠯᠠᠭᠤᠯᠬᠤ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠨ᠎ᠠ᠃    
     
      ᠠᠷᠪᠠᠨ ᠨᠢᠭᠡᠳᠦᠭᠡᠷ ᠵᠦᠢ᠍ᠯ   ᠨᠢᠭᠡᠨᠲᠡ ᠳᠠᠩᠰᠠᠯᠠᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ᠎ᠨᠢ ᠳᠤᠤᠷᠠᠬᠢ ᠦᠶᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠪᠦᠷᠢᠳᠬᠡᠨ ᠳᠠᠩᠰᠠᠯᠠᠭᠤᠯᠬᠤ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠬᠤ ᠵᠢᠨ ᠬᠠᠮᠲᠤ ᠵᠠᠷᠯᠠᠨ ᠨᠡᠶ᠋ᠢᠲᠡᠯᠡᠨ᠎ᠡ᠄
      (ᠨᠢᠭᠡ) ᠴᠢᠬᠤᠯᠠ ᠶᠡᠬᠡ ᠵᠦᠢ᠍ᠯᠡᠰ᠎ᠤᠨ ᠬᠤᠪᠢᠷᠠᠯᠲᠠ᠎ᠠᠴᠠ ᠪᠤᠯᠵᠤ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠭᠰᠠᠨ;
      (ᠬᠣᠶᠠᠷ) ᠬᠦᠨᠳᠦ ᠨᠣᠴᠢᠲᠠᠢ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠦᠢ᠍ᠯᠡ ᠠᠵᠢᠯᠯᠠᠭ᠎ᠠ᠎ᠲᠠᠢ ᠪᠠᠶ᠋ᠢᠬᠤ;
      (ᠭᠤᠷᠪᠠ) ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠨᠳᠦ ᠨᠣᠴᠢᠲᠠᠢ ᠢᠲᠡᠭᠡᠯ ᠠᠯᠳᠠᠭᠰᠠᠨ ᠠᠵᠢᠯᠯᠠᠭ᠎ᠠ ᠡᠭᠦᠰᠦᠭᠰᠡᠨ;
      (ᠳᠥᠷᠪᠡ) ᠳᠠᠩᠰᠠᠯᠠᠭᠤᠯᠤᠭᠰᠠᠨ ᠮᠡᠳᠡᠭᠡ ᠵᠠᠩᠭᠢ᠎ᠪᠠᠨ ᠬᠤᠭᠤᠴᠠᠭ᠎ᠠ ᠶᠣᠰᠣᠭ᠋ᠠᠷ ᠰᠢᠨᠡᠳᠬᠡᠭᠰᠡᠨ ᠦᠭᠡᠶ;
      (ᠲᠠᠪᠤ) ᠬᠠᠤᠯᠢ ᠶᠣᠰᠣᠭ᠋ᠠᠷ ᠳᠠᠩᠰᠠᠯᠠᠭᠤᠯᠬᠤ ᠬᠢᠷᠢ ᠬᠡᠮ ᠵᠶ᠋ᠠᠨ ᠬᠠᠰᠤᠭᠤᠯᠤᠭᠰᠠᠨ ᠪᠤᠰᠤᠳ ᠦᠢ᠍ᠯᠡ ᠠᠵᠢᠯᠯᠠᠭ᠎ᠠ᠃


      ᠳᠥᠷᠪᠡᠳᠦᠭᠡᠷ ᠪᠦᠯᠦᠭ   ᠠᠵᠢᠯᠯᠠᠭ᠋ᠠᠨ ᠬᠢᠭᠡᠳ ᠬᠠᠮᠢᠶᠠᠷᠤᠯᠲᠠ
     

      ᠠᠷᠪᠠᠨ ᠬᠣᠶᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ᠎ᠨᠢ ᠨᠢᠭᠡᠴᠡ ᠵᠢᠨ ᠤᠳᠤᠷᠢᠳᠤᠯᠭ᠎ᠠ ᠳᠤᠤᠷᠠᠬᠢ ᠥᠷᠲᠡᠭᠡᠨ ᠳᠠᠷᠤᠭ᠎ᠠ᠎ᠳᠤ ᠲᠦᠰᠢᠭᠯᠡᠬᠦ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠦᠨ᠎ᠡ᠃      
   
      ᠠᠷᠪᠠᠨ ᠭᠤᠷᠪᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠳᠠᠷᠤᠭ᠎ᠠ ᠵᠢᠨ ᠲᠤᠰᠢᠶᠠᠯ᠎ᠢ ᠲᠦᠰᠢᠭᠯᠡᠯ ᠨᠢᠭᠡᠴᠡ ᠵᠢᠨ ᠠᠵᠢᠯ᠎ᠤᠨ ᠪᠠᠶ᠋ᠢᠷᠢ᠎ᠳᠤ ᠪᠠᠶ᠋ᠢᠭ᠎ᠠ ᠬᠥᠮᠦᠰ ᠡᠭᠦᠷᠭᠡᠯᠡᠨ᠎ᠡ᠂ ᠲᠣᠰ ᠬᠦᠷᠢᠶ᠎ᠡ ᠬᠡᠪᠴᠢᠶᠡᠨ᠎ᠤ᠎ᠪᠠᠨ ᠥᠨᠳᠥᠷ ᠬᠢᠷᠢ ᠬᠡᠮᠵᠢᠶ᠎ᠡ᠎ᠲᠠᠢ ᠡᠷᠳᠡᠮ ᠰᠢᠨᠵᠢᠯᠡᠭᠡᠨ᠎ᠤ ᠳᠠᠭ᠋ᠠᠭᠤᠯᠤᠭᠴᠢ ᠪᠠᠶ᠋ᠢᠵᠤ᠂ ᠨᠡᠯᠢᠶᠡᠳ ᠴᠢᠩᠭ᠎ᠠ ᠵᠣᠬᠢᠶᠠᠨ ᠪᠠᠶ᠋ᠢᠭᠤᠯᠤᠨ ᠬᠠᠮᠢᠶᠠᠷᠬᠤ ᠪᠠ ᠵᠣᠬᠢᠴᠠᠭᠤᠯᠬᠤ ᠴᠢᠳᠠᠪᠤᠷᠢ᠎ᠲᠠᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠨᠡᠨᠴᠢ ᠢᠲᠡᠭᠡᠮᠵᠢ ᠵᠢᠨ ᠲᠡᠮᠳᠡᠭᠯᠡᠯ᠎ᠨᠢ ᠰᠠᠶ᠋ᠢᠨ᠂ ᠲᠤᠰᠢᠶᠠᠯ ᠡᠭᠦᠷᠭᠡᠯᠡᠬᠦ ᠨᠠᠰᠤ᠎ᠨᠢ ᠡᠩ᠎ᠤᠨ ᠪᠠᠶ᠋ᠢᠳᠠᠯ᠎ᠳᠤ ᠪᠦᠬᠦᠯᠢ 60 ᠨᠠᠰᠤ ᠵᠢ ᠬᠡᠲᠦᠷᠡᠵᠦ ᠪᠣᠯᠬᠤ ᠥᠬᠡᠶ᠂ ᠬᠤᠭᠤᠴᠠᠭ᠎ᠠ ᠪᠦᠷᠢ ᠵᠢᠨ ᠲᠤᠰᠢᠶᠠᠯ᠎ᠤᠨ ᠬᠤᠭᠤᠴᠠᠭ᠎ᠠ᠎ᠨᠢ 5 ᠵᠢᠯ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠡᠳᠦᠷ ᠲᠤᠲᠤᠮ᠎ᠤᠨ ᠬᠠᠮᠢᠶᠠᠷᠤᠯᠲᠠ ᠵᠢᠨ ᠠᠵᠢᠯ᠎ᠢ ᠪᠣᠳᠠᠲᠠᠶ ᠬᠠᠷᠢᠭᠤᠴᠠᠨ᠎ᠠ᠃
   
      ᠠᠷᠪᠠᠨ ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ᠎ᠨᠢ ᠡᠷᠳᠡᠮ ᠰᠢᠨᠵᠢᠯᠡᠭᠡᠨ᠎ᠤ ᠺᠣᠮᠢᠰ ᠪᠠᠶ᠋ᠢᠭᠤᠯᠬᠤ ᠬᠡᠷᠡᠭᠲᠡᠶ᠃
     (ᠨᠢᠭᠡ) ᠡᠷᠳᠡᠮ ᠰᠢᠨᠵᠢᠯᠡᠭᠡᠨ᠎ᠤ ᠺᠣᠮᠢᠰ᠎ᠨᠢ ᠣᠷᠣᠨ᠎ᠤ ᠳᠣᠲᠣᠷ᠎ᠠ ᠭᠠᠳᠠᠨᠠᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠳᠦᠭᠡᠷ ᠹᠷᠣᠨᠲ᠎ᠤᠨ ᠰᠢᠯᠢᠳᠡᠭ ᠰᠢᠨᠵᠢᠯᠡᠬᠦ ᠤᠬᠠᠭ᠋ᠠᠨᠲᠠᠨ ᠪᠠ ᠬᠢᠨᠠᠨ ᠰᠢᠨᠵᠢᠬᠦ ᠬᠦᠷᠢᠶ᠎ᠡ ᠴᠠᠷᠠᠭ᠎ᠠ ᠵᠢᠨ ᠲᠤᠰᠬᠠᠶ ᠮᠡᠷᠭᠡᠵᠢᠯᠲᠡᠨ ᠵᠶ᠋ᠠᠷ ᠪᠦᠷᠢᠯᠳᠦᠵᠦ᠂ ᠬᠥᠮᠦᠨ᠎ᠤ ᠲᠣᠭ᠎ᠠ ᠵᠢ 11 ᠬᠥᠮᠦᠨ᠎ᠠᠴᠠ ᠬᠡᠲᠦᠷᠡᠭᠦᠯᠵᠦ ᠪᠣᠯᠬᠤ ᠥᠬᠡᠶ᠂ ᠡᠭᠦᠨ᠎ᠳᠤ ᠲᠦᠰᠢᠭᠯᠡᠬᠦ ᠨᠢᠭᠡᠴᠡ ᠵᠢᠨ ᠠᠵᠢᠯᠲᠠᠨ᠎ᠢ 1 / 3᠎ᠠᠴᠠ ᠬᠡᠲᠦᠷᠡᠭᠦᠯᠵᠦ ᠪᠣᠯᠬᠤ ᠥᠬᠡᠶ᠃ ᠬᠤᠭᠤᠴᠠᠭ᠎ᠠ ᠪᠦᠷᠢ ᠵᠢᠨ ᠲᠤᠰᠢᠶᠠᠯ᠎ᠤᠨ ᠬᠤᠭᠤᠴᠠᠭ᠎ᠠ 5 ᠵᠢᠯ᠂ ᠤᠳᠠᠭ᠎ᠠ ᠪᠦᠷᠢ ᠵᠢᠨ ᠬᠤᠭᠤᠴᠠᠭ᠎ᠠ ᠰᠣᠯᠢᠬᠤ᠎ᠳᠤ 1 / 3᠎ᠠᠴᠠ ᠳᠡᠭᠡᠭᠰᠢᠬᠢ ᠪᠦᠷᠢᠯᠳᠦᠬᠦᠨ᠎ᠢ ᠰᠣᠯᠢᠬᠤ ᠬᠡᠷᠡᠭᠲᠡᠢ᠃
     (ᠬᠣᠶᠠᠷ) ᠡᠷᠳᠡᠮ ᠰᠢᠨᠵᠢᠯᠡᠭᠡᠨ᠎ᠤ ᠵᠥᠪᠯᠡᠯ᠎ᠤᠨ ᠡᠭᠦᠷᠭᠡ ᠬᠠᠷᠢᠭᠤᠴᠠᠯᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠯᠲᠠ ᠵᠢᠨ ᠥᠷᠲᠡᠭᠡ ᠵᠢᠨ ᠬᠥᠭᠵᠢᠯᠲᠡ ᠵᠢᠨ ᠴᠢᠭᠯᠡᠯ᠂ ᠠᠵᠢᠭᠯᠠᠯᠲᠠ ᠲᠤᠷᠰᠢᠯᠲᠠ ᠵᠢᠨ ᠰᠤᠳᠤᠯᠭ᠋ᠠᠨ᠎ᠤ ᠬᠠᠷᠠᠯᠲᠠ᠂ ᠴᠢᠬᠤᠯᠠ ᠡᠷᠳᠡᠮ ᠰᠢᠨᠵᠢᠯᠡᠭᠡᠨ᠎ᠤ ᠠᠬᠢᠴᠠ᠂ ᠣᠨ᠎ᠤ ᠠᠵᠢᠯ᠎ᠤᠨ ᠮᠡᠳᠡᠭᠦᠯᠦᠯᠲᠡ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠴᠢ ᠪᠤᠰᠤᠳ ᠴᠢᠬᠤᠯᠠ ᠵᠦᠶᠯᠡᠰ᠎ᠢ ᠬᠢᠨᠠᠨ ᠵᠥᠪᠯᠡᠨ᠎ᠡ᠃
      (ᠭᠤᠷᠪᠠ) ᠡᠷᠳᠡᠮ ᠰᠢᠨᠵᠢᠯᠡᠭᠡᠨ᠎ᠤ ᠺᠣᠮᠢᠰ ᠵᠢᠯ ᠪᠦᠷᠢ ᠠᠳᠠᠭ᠎ᠲᠠᠭᠠᠨ 1 ᠤᠳᠠᠭ᠎ᠠ ᠬᠤᠷᠠᠯ ᠬᠤᠷᠠᠯᠳᠤᠭᠤᠯᠵᠤ᠂ ᠤᠳᠠᠭ᠎ᠠ ᠪᠦᠷᠢ ᠵᠢᠨ ᠪᠣᠳᠠᠲᠠᠶ ᠬᠥᠮᠦᠨ᠎ᠤ ᠲᠣᠭ᠎ᠠ ᠵᠢ 2 / 3᠎ᠠᠴᠠ ᠳᠤᠲᠠᠭᠤ ᠦᠭᠡᠶ ᠪᠠᠶ᠋ᠢᠯᠭ᠋ᠠᠬᠤ ᠬᠡᠷᠡᠭᠲᠡᠶ᠃

      ᠠᠷᠪᠠᠨ ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ᠎ᠨᠢ ᠪᠦᠲᠦᠴᠡ᠎ᠨᠢ ᠵᠦᠢ ᠵᠣᠬᠢᠰᠲᠠᠶ ᠨᠢᠭᠡᠨ ᠰᠠᠯᠠᠭ᠎ᠠ ᠰᠤᠳᠤᠯᠤᠯ᠂ ᠮᠡᠷᠭᠡᠵᠢᠯ᠎ᠤᠨ ᠲᠤᠯᠭ᠋ᠠᠭᠤᠷᠢᠯᠠᠯ ᠪᠠ ᠬᠠᠮᠢᠶᠠᠷᠤᠯᠲᠠ ᠵᠢᠨ ᠡᠩᠨᠡᠭᠡ ᠵᠢ ᠪᠦᠲᠦᠭᠡᠨ ᠪᠠᠶ᠋ᠢᠭᠤᠯᠬᠤ ᠪᠠ ᠲᠣᠭᠲᠠᠪᠤᠷᠢᠵᠢᠭᠤᠯᠵᠤ᠂ ᠡᠷᠳᠡᠮ ᠰᠢᠨᠵᠢᠯᠡᠭᠡᠨ᠎ᠤ ᠱᠠᠲᠤᠯᠵᠢᠨ ᠡᠩᠨᠡᠭᠡ ᠵᠢᠨ ᠪᠠᠶ᠋ᠢᠭᠤᠯᠤᠯᠲᠠ ᠵᠢ ᠴᠢᠬᠤᠯᠠᠴᠢᠯᠠᠨ᠂ ᠣᠷᠣᠨ᠎ᠤ ᠳᠣᠲᠣᠷ᠎ᠠ ᠭᠠᠳᠠᠨᠠᠬᠢ ᠬᠣᠷᠰᠢᠯᠴᠠᠭ᠋ᠠᠨ᠎ᠤ ᠰᠤᠳᠤᠯᠤᠯ ᠪᠠ ᠡᠷᠳᠡᠮ ᠰᠢᠨᠵᠢᠯᠡᠭᠡᠨ᠎ᠤ ᠰᠣᠯᠢᠯᠴᠠᠭ᠎ᠠ ᠵᠢ ᠢᠳᠡᠪᠬᠢᠲᠡᠶ ᠥᠷᠨᠢᠭᠦᠯᠬᠦ ᠬᠡᠷᠡᠭᠲᠡᠶ᠃

      ᠠᠷᠪᠠᠨ ᠵᠢᠷᠭᠤᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ᠎ᠨᠢ ᠠᠵᠢᠯᠯᠠᠭ᠋ᠠᠨ᠎ᠤ ᠬᠠᠮᠢᠶᠠᠷᠤᠯᠲᠠ ᠵᠢ ᠴᠢᠬᠤᠯᠠᠴᠢᠯᠠᠨ ᠴᠢᠩᠭ᠋ᠠᠳᠬᠠᠵᠤ᠂ ᠳᠣᠲᠣᠭ᠋ᠠᠳᠤ ᠵᠢᠨ ᠲᠦᠷᠢᠮ ᠲᠣᠭᠲᠠᠭ᠋ᠠᠯ᠎ᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠶ᠃ ᠥᠷᠲᠡᠭᠡᠨ᠎ᠤ ᠶᠠᠪᠤᠳᠠᠯ᠎ᠢ ᠢᠯᠡ ᠪᠣᠯᠭ᠋ᠠᠬᠤ ᠵᠢ ᠴᠢᠩᠭ᠋ᠠᠳᠬᠠᠵᠤ᠂ ᠴᠢᠬᠤᠯᠠ ᠶᠡᠬᠡ ᠵᠦᠶᠯᠡᠰ᠎ᠤᠨ ᠰᠢᠶᠳᠪᠦᠷᠢᠲᠦ ᠪᠣᠳᠣᠯᠭ᠎ᠠ ᠵᠢ ᠢᠯᠡ ᠪᠣᠯᠭ᠋ᠠᠬᠤ ᠬᠡᠷᠡᠭᠲᠡᠶ᠃ ᠠᠶᠤᠯ ᠥᠬᠡᠶ ᠦᠶᠯᠡᠳᠪᠦᠷᠢᠯᠡᠯ᠂ ᠠᠮᠢᠳᠤ ᠪᠣᠳᠠᠰ᠎ᠤᠨ ᠠᠮᠤᠷ ᠲᠦᠪᠰᠢᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠨᠢᠭᠤᠴᠠ ᠵᠢ ᠬᠠᠮᠠᠭ᠋ᠠᠯᠠᠬᠤ ᠠᠵᠢᠯ᠎ᠤᠨ ᠬᠣᠯᠪᠣᠭᠳᠠᠯ ᠪᠥᠬᠥᠶ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨ᠎ᠠ ᠠᠵᠢᠭᠯᠠᠬᠤ ᠥᠷᠲᠡᠭᠡ ᠵᠢᠨ ᠠᠮᠤᠷ ᠲᠦᠪᠰᠢᠨ ᠵᠶ᠋ᠠᠷ ᠠᠵᠢᠯᠯᠠᠭᠤᠯᠬᠤ᠂ ᠣᠷᠴᠢᠨ ᠲᠣᠭᠣᠷᠢᠨ᠎ᠢ ᠬᠠᠮᠠᠭ᠋ᠠᠯᠠᠬᠤ᠂ ᠨᠢᠭᠤᠴᠠ ᠵᠢ ᠬᠠᠮᠠᠭ᠋ᠠᠯᠠᠬᠤ ᠬᠠᠷᠢᠭᠤᠴᠠᠯᠭ᠎ᠠ ᠵᠢᠨ ᠰᠢᠰᠲ᠋ᠧᠮᠵᠢ ᠪᠠ ᠠᠵᠢᠯ᠎ᠤᠨ ᠲᠣᠭᠲᠠᠴᠠ ᠵᠢ ᠪᠠᠶ᠋ᠢᠭᠤᠯᠬᠤ ᠬᠡᠷᠡᠭᠲᠡᠶ᠃

      ᠠᠷᠪᠠᠨ ᠳᠣᠯᠣᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠬᠤ ᠥᠷᠲᠡᠭᠡ᠎ᠨᠢ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠬᠤ ᠥᠷᠲᠡᠭᠡ ᠵᠢᠨ ᠪᠡᠶᠡᠯᠡᠭᠦᠯᠦᠭᠰᠡᠨ ᠳ᠋ᠠᠶ᠋ᠢᠲ᠋ᠠ ᠬᠥᠮᠥᠷᠭᠡ᠂ ᠲᠤᠰᠬᠠᠶ ᠵᠣᠬᠢᠶᠠᠯ᠂ ᠥᠭᠦᠯᠡᠯ᠂ ᠵᠥᠭᠡᠯᠡᠨ ᠲᠣᠨᠣᠭ ᠵᠡᠷᠭᠡ ᠰᠤᠳᠤᠯᠭ᠋ᠠᠨ᠎ᠤ ᠦᠷ᠎ᠡ ᠪᠦᠲᠦᠭᠡᠯ᠎ᠳᠤ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠬᠤ ᠥᠷᠲᠡᠭᠡ ᠵᠢᠨ ᠨᠡᠷᠡᠶ᠋ᠢᠳᠦᠯ᠎ᠢ ᠲᠣᠳᠣᠷᠬᠠᠶ᠋ᠢᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠠᠵᠢᠭᠯᠠᠨ ᠬᠡᠮᠵᠢᠭᠰᠡᠨ ᠲᠣᠭ᠎ᠠ ᠪᠠᠷᠢᠮᠲᠠ᠂ ᠲᠤᠷᠰᠢᠯᠲᠠ ᠵᠢᠨ ᠪᠡᠯᠡᠳᠬᠡᠮᠵᠢ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠠᠰᠢᠭᠯᠠᠨ ᠪᠡᠶᠡᠯᠡᠭᠦᠯᠦᠭᠰᠡᠨ ᠦᠷ᠎ᠡ ᠪᠦᠲᠦᠭᠡᠯ᠎ᠳᠤ ᠢᠷᠡᠯᠲᠡ ᠵᠢ᠎ᠨᠢ ᠲᠣᠳᠣᠷᠬᠠᠶ᠋ᠢᠯᠠᠬᠤ ᠬᠡᠷᠡᠭᠲᠡᠶ᠃

        ᠠᠷᠪᠠᠨ ᠨᠠᠶᠮᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ᠎ᠨᠢ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠠ ᠨᠡᠶ᠋ᠢᠭᠡᠮ᠎ᠤᠨ ᠦᠢ᠍ᠯᠡᠴᠢᠯᠡᠭᠡᠨ᠎ᠢ ᠥᠷᠨᠢᠭᠦᠯᠵᠦ᠂ ᠨᠡᠶ᠋ᠢᠭᠡᠮ ᠨᠡᠶ᠋ᠢᠲᠡ᠎ᠳᠤ ᠰᠦᠢ᠍ᠳᠬᠡᠯ ᠬᠤᠷᠢᠶᠠᠬᠤ ᠦᠭᠡᠶ᠎ᠪᠠᠷ ᠨᠡᠭᠡᠭᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠬᠢᠭᠡᠳ ᠣᠷᠣᠨ᠎ᠤ ᠳᠣᠲᠣᠷ᠎ᠠ ᠭᠠᠳᠠᠨᠠᠬᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠳᠡᠭᠡᠳᠦ ᠰᠤᠷᠭ᠋ᠠᠭᠤᠯᠢ ᠵᠡᠷᠭᠡ ᠨᠢᠭᠡᠴᠡ᠎ᠯᠦᠭᠡ ᠵᠢᠭ᠋ᠠᠨ ᠰᠤᠷᠭ᠋ᠠᠬᠤ᠂ ᠳᠠᠳᠤᠯᠭ᠎ᠠ ᠬᠢᠬᠦ᠂ ᠴᠢᠳᠠᠪᠤᠷᠢᠲᠠᠨ ᠬᠥᠮᠦᠵᠢᠭᠦᠯᠬᠦ ᠬᠢᠭᠡᠳ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠠᠭᠤᠷᠢᠨ ᠭᠠᠵᠠᠷ᠎ᠢ ᠬᠠᠮᠲᠤᠪᠠᠷ ᠪᠠᠶ᠋ᠢᠭᠤᠯᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ ᠪᠤᠶᠤ ᠨᠡᠶ᠋ᠢᠭᠡᠮ᠎ᠤᠨ ᠪᠦᠯᠬᠦᠮ᠎ᠯᠦᠭᠡ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠰᠠᠭᠤᠷᠢᠨ ᠭᠠᠵᠠᠷ᠎ᠢ ᠬᠠᠮᠲᠤᠷᠠᠨ ᠪᠠᠶ᠋ᠢᠭᠤᠯᠬᠤ ᠵᠢ ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨ᠎ᠠ ᠠᠵᠢᠭᠯᠠᠨ ᠰᠢᠨᠵᠢᠬᠦ ᠥᠷᠲᠡᠭᠡ ᠵᠢᠨ ᠳ᠋ᠠᠶ᠋ᠢᠲ᠋ᠠ ᠬᠥᠮᠥᠷᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠵᠣᠷᠢᠭᠵᠢᠭᠤᠯᠵᠤ᠂ ᠬᠡᠭᠡᠷ᠎ᠡ ᠭᠠᠳᠠᠨ᠎ᠠ ᠠᠵᠢᠭᠯᠠᠨ ᠰᠢᠨᠵᠢᠬᠦ ᠡᠯ᠎ᠡ ᠥᠷᠲᠡᠭᠡ ᠵᠢᠨ ᠳ᠋ᠠᠶ᠋ᠢᠲ᠋ᠠ ᠵᠢ ᠬᠤᠷᠢᠶᠠᠩᠭᠤᠶ᠋ᠢᠯᠠᠨ ᠲᠤᠰᠢᠶᠠᠬᠤ ᠵᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠳ᠋ᠠᠶ᠋ᠢᠲ᠋ᠠ ᠵᠢ ᠬᠠᠮᠲᠤᠪᠠᠷ ᠭᠥᠷᠳᠡᠬᠦ ᠦᠶᠯᠡᠴᠢᠯᠡᠭᠡ ᠬᠠᠩᠭ᠋ᠠᠨ᠎ᠠ᠃

      ᠠᠷᠪᠠ ᠶᠢᠰᠦᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠭ᠎ᠠ ᠵᠢᠨ ᠠᠵᠢᠭᠯᠠᠨ ᠬᠡᠮᠵᠢᠬᠦ ᠥᠷᠲᠡᠭᠡ᠎ᠨᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠨᠡᠨᠴᠢ ᠢᠲᠡᠭᠡᠮᠵᠢ ᠵᠢ ᠪᠠᠲᠤ ᠰᠠᠬᠢᠵᠤ᠂ ᠡᠷᠳᠡᠮ ᠰᠢᠨᠵᠢᠯᠡᠭᠡᠨ᠎ᠤ ᠶᠣᠰᠣ ᠮᠣᠷᠠᠯ᠎ᠢ ᠬᠢᠴᠢᠶᠡᠩᠭᠦᠶ᠋ᠢᠯᠡᠨ ᠰᠠᠬᠢᠵᠤ᠂ ᠰᠤᠷᠤᠯᠴᠠᠬᠤ ᠰᠤᠷᠲᠠᠯ᠎ᠤᠨ ᠪᠠᠶ᠋ᠢᠭᠤᠯᠤᠯᠲᠠ ᠵᠢ ᠴᠢᠬᠤᠯᠠᠴᠢᠯᠠᠨ᠂ ᠦᠨᠳᠦᠰᠦᠨ ᠱᠠᠲᠤᠨ᠎ᠳᠤ ᠦᠨᠳᠦᠰᠦ ᠬᠠᠳᠬᠤᠬᠤ᠂ ᠵᠣᠪᠠᠭᠤᠷᠢ ᠵᠦᠳᠡᠭᠦᠷᠢ ᠵᠢ ᠲᠡᠰᠪᠦᠷᠢᠯᠡᠬᠦ᠂ ᠪᠦᠯᠬᠦᠮᠳᠡᠨ ᠬᠠᠮᠵᠢᠯᠴᠠᠬᠤ᠂ ᠦᠨᠡᠨ᠎ᠢ ᠪᠠᠷᠢᠮᠲᠠᠯᠠᠨ ᠪᠣᠳᠠᠲᠠᠶ ᠵᠢ ᠡᠷᠬᠢᠮᠯᠡᠬᠦ᠂ ᠵᠠᠮ ᠨᠡᠭᠡᠭᠡᠨ ᠰᠢᠨ᠎ᠡ ᠵᠢ ᠡᠭᠦᠳᠬᠦ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ ᠬᠡᠷᠡᠭᠲᠡᠶ᠃

     

      ᠲᠠᠪᠤᠳᠤᠭ᠋ᠠᠷ ᠪᠦᠯᠦᠭ   ᠬᠢᠨᠠᠨ ᠰᠢᠯᠭ᠋ᠠᠬᠤ ᠪᠠ ᠦᠨᠡᠯᠡᠨ ᠵᠢᠱ᠌ᠢᠬᠦ

        ᠬᠣᠷᠢᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠭ᠎ᠠ ᠵᠢᠨ ᠠᠵᠢᠭᠯᠠᠨ ᠬᠡᠮᠵᠢᠬᠦ ᠥᠷᠲᠡᠭᠡ᠎ᠨᠢ ᠣᠨ᠎ᠤ ᠮᠡᠳᠡᠭᠦᠯᠦᠯᠲᠡ ᠬᠢᠭᠡᠳ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠬᠦ ᠵᠢ ᠬᠠᠷᠢᠯᠴᠠᠨ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠮᠢᠶ᠎ᠠ ᠪᠦᠬᠦᠢ ᠪᠠᠶ᠋ᠢᠭᠤᠯᠤᠮᠵᠢ᠎ᠳᠤ ᠨᠠᠶ᠋ᠢᠳᠠᠬᠤ ᠪᠤᠶᠤ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃

        ᠬᠣᠷᠢᠨ ᠨᠢᠭᠡᠳᠦᠭᠡᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠯᠲᠠ ᠵᠢᠨ ᠥᠷᠲᠡᠭᠡ᠎ᠨᠢ ᠵᠢᠯ ᠪᠦᠷᠢ ᠵᠢᠨ 1 ᠳ᠋ᠦᠭᠡᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠳᠤ ᠳᠡᠭᠡᠷ᠎ᠡ ᠵᠢᠯ᠎ᠤᠨ ᠠᠵᠢᠯ᠎ᠤᠨ ᠮᠡᠳᠡᠭᠦᠯᠦᠯᠲᠡ᠎ᠪᠠᠨ ᠲᠤᠰᠢᠶᠠᠵᠤ᠂ ᠬᠡᠭᠡᠷ᠎ᠡ ᠭᠠᠳᠠᠨᠠᠬᠢ ᠠᠵᠢᠭᠯᠠᠯᠲᠠ ᠵᠢᠨ ᠥᠷᠲᠡᠭᠡ ᠵᠢᠨ ᠳᠡᠭᠡᠷ᠎ᠡ ᠨᠢᠭᠡ ᠵᠢᠯ᠎ᠤᠨ ᠠᠵᠢᠭᠯᠠᠯᠲᠠ ᠵᠢᠨ ᠲᠣᠭ᠎ᠠ ᠬᠡᠮᠵᠢᠶ᠎ᠡ ᠵᠢᠴᠢ ᠶᠠᠰᠤ ᠴᠢᠨᠠᠷ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠬᠢᠴᠠ᠂ ᠨᠡᠭᠡᠭᠡᠯᠲᠡ ᠬᠢᠵᠦ ᠬᠠᠮᠲᠤ᠎ᠳᠤ᠎ᠪᠠᠨ ᠭᠥᠷᠳᠡᠬᠦ ᠪᠠ ᠠᠵᠢᠯᠯᠠᠭ᠋ᠠᠨ᠎ᠤ ᠬᠠᠮᠢᠶᠠᠷᠤᠯᠲᠠ ᠵᠢᠨ ᠪᠠᠶ᠋ᠢᠳᠠᠯ ᠵᠡᠷᠭᠡ ᠵᠢ ᠮᠡᠳᠡᠭᠦᠯᠵᠦ᠂ ᠣᠨ᠎ᠤ ᠠᠵᠢᠯ᠎ᠤᠨ ᠮᠡᠳᠡᠭᠦᠯᠦᠯᠲᠡ᠎ᠪᠠᠨ ᠲᠤᠰᠢᠶᠠᠭᠰᠠᠨ ᠪᠠᠶ᠋ᠢᠳᠠᠯ᠎ᠢ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠯᠲᠠ ᠵᠢᠨ ᠥᠷᠲᠡᠭᠡ ᠵᠢᠨ ᠰᠢᠯᠭ᠋ᠠᠨ ᠬᠢᠨᠠᠵᠤ ᠦᠨᠡᠯᠡᠨ ᠵᠢᠱ᠌ᠢᠬᠦ ᠵᠢᠨ ᠴᠢᠬᠤᠯᠠ ᠯᠠᠪᠯᠠᠯᠲᠠ ᠪᠣᠯᠭ᠋ᠠᠬᠤ ᠬᠡᠷᠡᠭᠲᠡᠶ᠃

      ᠬᠣᠷᠢᠨ ᠬᠣᠶᠠᠳᠤᠭ᠋ᠠᠷ ᠵᠦᠢ᠍ᠯ   ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠬᠦ ᠵᠢ ᠬᠦᠷᠢᠶ᠎ᠡ ᠴᠠᠷᠠᠭ᠎ᠠ ᠵᠢᠨ ᠶᠣᠰᠣᠭ᠋ᠠᠷ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠂ ᠦᠨᠡᠯᠡᠨ ᠵᠢᠱ᠌ᠢᠬᠦ ᠦᠶᠡᠯᠡᠯ᠎ᠤᠨ ᠬᠤᠭᠤᠴᠠᠭ᠎ᠠ᠎ᠨᠢ ᠡᠩ᠎ᠤᠨ ᠪᠠᠶ᠋ᠢᠳᠠᠯ᠎ᠳᠤ 3 ᠵᠢᠯ ᠪᠣᠯᠤᠨ᠎ᠠ᠂ ᠦᠨᠡᠯᠡᠨ ᠵᠢᠱ᠌ᠢᠬᠦ ᠭᠤᠤᠯᠳᠠᠯᠭ᠎ᠠ᠎ᠨᠢ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠠᠵᠢᠭᠯᠠᠨ ᠬᠡᠮᠵᠢᠬᠦ ᠶᠠᠰᠤ ᠴᠢᠨᠠᠷ᠂ ᠰᠤᠳᠤᠯᠭ᠋ᠠᠨ᠎ᠤ ᠦᠷ᠎ᠡ ᠪᠦᠲᠦᠭᠡᠯ ᠪᠠ ᠬᠢᠷᠢ ᠬᠡᠮᠵᠢᠶ᠎ᠡ᠂ ᠵᠢᠱ᠌ᠢᠶ᠎ᠡ ᠦᠵᠡᠭᠦᠯᠬᠦ ᠦᠷ᠎ᠡ ᠪᠦᠲᠦᠮᠵᠢ᠂ ᠴᠢᠳᠠᠪᠤᠷᠢᠲᠠᠨ᠎ᠤ ᠡᠩᠨᠡᠭᠡ᠂ ᠰᠠᠭᠤᠷᠢ ᠪᠡᠯᠡᠳᠬᠡᠮᠵᠢ᠂ ᠨᠡᠭᠡᠭᠡᠯᠲᠡ ᠬᠢᠵᠦ ᠬᠠᠮᠲᠤ᠎ᠳᠤ᠎ᠪᠠᠨ ᠭᠥᠷᠳᠡᠬᠦ ᠬᠢᠭᠡᠳ ᠠᠵᠢᠯᠯᠠᠭ᠋ᠠᠨ᠎ᠤ ᠬᠠᠮᠢᠶᠠᠷᠤᠯᠲᠠ ᠵᠢᠨ ᠬᠢᠷᠢ ᠬᠡᠮᠵᠢᠶ᠎ᠡ ᠵᠡᠷᠭᠡ ᠪᠣᠯᠤᠨ᠎ᠠ᠃

      ᠬᠣᠷᠢᠨ ᠭᠤᠷᠪᠠᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠣᠨ᠎ᠤ ᠮᠡᠳᠡᠭᠦᠯᠦᠯᠲᠡ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠭᠰᠡᠨ ᠦᠷ᠎ᠡ ᠳ᠋ᠦᠩ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ᠎ᠳᠤ ᠲᠣᠬᠢᠷᠠᠭᠤᠯᠤᠯᠲᠠ ᠬᠢᠬᠦ ᠪᠠ ᠲᠡᠭᠦᠨ᠎ᠢ ᠬᠦᠴᠦᠨ ᠦᠭᠡᠶ ᠪᠣᠯᠭ᠋ᠠᠨ᠎ᠠ᠃ ᠦᠨᠡᠯᠡᠨ ᠵᠢᠱ᠌ᠢᠭᠰᠡᠨ ᠦᠷ᠎ᠡ ᠳ᠋ᠦᠩ᠎ᠢ 《ᠰᠢᠯᠢᠳᠡᠭ》᠂ 《ᠬᠢᠷᠢ ᠲᠡᠩᠴᠡᠭᠰᠡᠨ》 ᠪᠠ 《ᠬᠢᠷᠢ ᠲᠡᠩᠴᠡᠭᠰᠡᠨ ᠥᠬᠡᠶ》 ᠭᠡᠵᠦ 3 ᠲᠥᠷᠥᠯ᠎ᠳᠤ ᠬᠤᠪᠢᠶᠠᠨ᠎ᠠ᠃ ᠦᠨᠡᠯᠡᠨ ᠵᠢᠱ᠌ᠢᠭᠰᠡᠨ ᠦᠷ᠎ᠡ ᠳ᠋ᠦᠩ᠎ᠨᠢ 《ᠰᠢᠯᠢᠳᠡᠭ》 ᠪᠣᠯᠬᠤ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢᠨ ᠥᠷᠨᠢᠭᠦᠯᠦᠭᠰᠡᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠶᠯ᠎ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠤᠰᠠᠯᠠᠮᠵᠢ ᠵᠢ ᠭᠤᠶᠤᠴᠢᠯᠠᠵᠤ᠂ ᠠᠳᠠᠯᠢ ᠨᠥᠬᠥᠴᠡᠯ᠎ᠤᠨ ᠳᠤᠤᠷ᠎ᠠ ᠵᠣᠬᠢᠬᠤ ᠬᠡᠮᠵᠢᠶ᠎ᠡ᠎ᠪᠠᠷ ᠬᠡᠯᠪᠡᠶ᠋ᠢᠯᠭᠡᠨ ᠳᠡᠮᠵᠢᠨ᠎ᠡ; ᠭᠤᠶᠤᠴᠢᠯᠠᠨ ᠮᠡᠳᠡᠭᠦᠯᠬᠦ ᠬᠣᠯᠪᠣᠭᠳᠠᠯ ᠪᠦᠬᠦᠢ ᠨᠥᠬᠥᠴᠡᠯ᠎ᠳᠤ ᠨᠡᠶ᠋ᠢᠴᠡᠪᠡᠯ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠡᠩ ᠲᠡᠷᠢᠭᠦᠨ᠎ᠳᠤ ᠲᠡᠭᠦᠨ᠎ᠢ ᠤᠯᠤᠰ᠎ᠤᠨ ᠬᠡᠭᠡᠷ᠎ᠡ ᠭᠠᠳᠠᠨ᠎ᠠ ᠰᠢᠨᠵᠢᠯᠡᠬᠦ ᠤᠬᠠᠭ᠋ᠠᠨ᠎ᠤ ᠠᠵᠢᠭᠯᠠᠯᠲᠠ ᠰᠤᠳᠤᠯᠭ᠋ᠠᠨ᠎ᠤ ᠥᠷᠲᠡᠭᠡ ᠪᠤᠶᠤ ᠤᠯᠤᠰ᠎ᠤᠨ ᠬᠣᠯᠪᠣᠭᠳᠠᠯ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ ᠵᠶ᠋ᠠᠷ ᠪᠠᠲᠤᠯᠠᠨ ᠲᠠᠨᠢᠯᠴᠠᠭᠤᠯᠵᠤ ᠪᠣᠯᠤᠨ᠎ᠠ᠃ ᠪᠦᠲᠦᠭᠡᠨ ᠪᠠᠶ᠋ᠢᠭᠤᠯᠬᠤ᠎ᠪᠠᠷ ᠵᠥᠪᠰᠢᠶᠡᠷᠡᠭᠳᠡᠭᠰᠡᠨ ᠤᠯᠤᠰ᠎ᠤᠨ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠠᠵᠢᠭᠯᠠᠯᠲᠠ ᠰᠤᠳᠤᠯᠭ᠋ᠠᠨ᠎ᠤ ᠥᠷᠲᠡᠭᠡ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 《〈ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ〉 ᠠᠵᠢᠯᠯᠠᠭ᠎ᠠ ᠵᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠲᠤᠬᠠᠶ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠳᠡᠮᠵᠢᠯᠭᠡ ᠦᠵᠡᠭᠦᠯᠦᠨ᠎ᠡ᠃
      ᠦᠨᠡᠯᠡᠨ ᠵᠢᠱ᠌ᠢᠭᠰᠡᠨ ᠦᠷ᠎ᠡ ᠳ᠋ᠦᠩ᠎ᠨᠢ 《ᠬᠢᠷᠢ ᠲᠡᠩᠴᠡᠭᠰᠡᠨ ᠥᠬᠡᠶ》 ᠵᠢᠴᠢ ᠵᠦᠶ ᠶᠣᠰᠣᠨ᠎ᠤ ᠰᠢᠯᠲᠠᠭ᠋ᠠᠨ ᠥᠬᠡᠶ᠎ᠪᠠᠷ ᠦᠨᠡᠯᠡᠨ ᠵᠢᠱ᠌ᠢᠯᠲᠡ᠎ᠳᠤ ᠣᠷᠣᠯᠴᠠᠬᠤ ᠥᠬᠡᠶ ᠪᠤᠶᠤ ᠳᠤᠮᠳᠠ᠎ᠠᠴᠠ᠎ᠨᠢ ᠦᠨᠡᠯᠡᠨ ᠵᠢᠱ᠌ᠢᠯᠲᠡ᠎ᠠᠴᠠ ᠭᠠᠷᠤᠭᠰᠠᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢ ᠪᠦᠷᠢᠳᠬᠡᠨ ᠳᠠᠩᠰᠠᠯᠠᠭᠤᠯᠬᠤ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠵᠤ᠂ ᠬᠦᠴᠦᠨ ᠥᠬᠡᠶ ᠪᠣᠯᠭ᠋ᠠᠭᠰᠠᠨ ᠡᠳᠦᠷ᠎ᠠᠴᠠ ᠡᠬᠢᠯᠡᠨ᠂ 3 ᠵᠢᠯ᠎ᠤᠨ ᠳᠣᠲᠣᠷ᠎ᠠ ᠳᠠᠬᠢᠨᠲᠠ ᠳᠠᠩᠰᠠᠯᠠᠭᠤᠯᠬᠤ᠎ᠪᠠᠷ ᠭᠤᠶᠤᠴᠢᠯᠠᠵᠤ ᠪᠣᠯᠬᠤ ᠥᠬᠡᠶ᠃ 、

      ᠬᠣᠷᠢᠨ ᠳᠥᠷᠪᠡᠳᠦᠭᠡᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠨ ᠬᠡᠮᠵᠢᠬᠦ ᠥᠷᠲᠡᠭᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠵᠦ᠂ ᠦᠷ᠎ᠡ ᠳ᠋ᠦᠩ᠎ᠢ ᠬᠢᠨᠠᠨ ᠬᠠᠷᠭᠤᠭᠤᠯᠬᠤ ᠪᠠ ᠨᠡᠶ᠋ᠢᠲᠡᠯᠡᠵᠦ᠂ ᠦᠨᠡᠯᠡᠨ ᠵᠢᠱ᠌ᠢᠭᠰᠡᠨ ᠦᠷ᠎ᠡ ᠳ᠋ᠦᠩ᠎ᠢ ᠡᠬᠢ ᠪᠠᠶᠠᠯᠢᠭ᠎ᠢ ᠲᠣᠬᠢᠷᠠᠭᠤᠯᠬᠤ ᠪᠠ ᠪᠠᠶ᠋ᠢᠷᠢᠰᠢᠭᠤᠯᠤᠯ᠎ᠢ ᠲᠣᠬᠢᠷᠠᠭᠤᠯᠬᠤ ᠵᠢᠨ ᠴᠢᠬᠤᠯᠠ ᠦᠨᠳᠦᠰᠦᠯᠡᠯ ᠪᠣᠯᠭ᠋ᠠᠬᠤ ᠬᠡᠷᠡᠭᠲᠡᠶ᠃

     
      ᠵᠢᠷᠭᠤᠳᠤᠭ᠋ᠠᠷ ᠪᠦᠯᠦᠭ   ᠳᠠᠭ᠋ᠠᠯᠳᠤᠭᠤᠯᠤᠭᠰᠠᠨ ᠲᠦᠷᠢᠮ

      ᠬᠣᠷᠢᠨ ᠲᠠᠪᠤᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠠᠵᠢᠭᠯᠠᠯᠲᠠ ᠵᠢᠨ ᠥᠷᠲᠡᠭᠡ ᠵᠢᠨ ᠨᠡᠷᠡᠶ᠋ᠢᠳᠦᠯ᠎ᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠨᠢᠭᠡᠳᠦᠯᠲᠡᠢ᠎ᠳᠤ ᠨᠡᠷᠡᠶ᠋ᠢᠳᠦᠨ᠎ᠡ᠂ ᠶᠡᠷᠦ᠎ᠳᠡᠭᠡᠨ 《ᠭᠠᠵᠠᠷ᠎ᠤᠨ ᠨᠡᠷ᠎ᠡ + ᠬᠦᠷᠢᠶ᠎ᠡ ᠴᠠᠷᠠᠭ᠎ᠠ (ᠰᠢᠨᠵᠢᠯᠡᠭᠡᠨ) + ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠭᠠᠳᠠᠨᠠᠬᠢ ᠰᠢᠨᠵᠢᠯᠡᠬᠦ ᠤᠬᠠᠭ᠋ᠠᠨ᠎ᠤ ᠠᠵᠢᠭᠯᠠᠯᠲᠠ ᠵᠢᠨ ᠰᠤᠳᠤᠯᠭ᠋ᠠᠨ᠎ᠤ ᠥᠷᠲᠡᠭᠡ》᠂ ᠠᠨᠭ᠌ᠭ᠍ᠯᠢ ᠬᠡᠯᠡᠨ᠎ᠤ ᠨᠡᠷᠡᠶ᠋ᠢᠳᠦᠯ᠎ᠢ 《Address᠂ Research Field (Discipline)᠂ Observation and Research Station of Inner Mongolia》 ᠭᠡᠵᠦ᠂ ᠵᠢᠩᠬᠢᠨᠢ᠎ᠪᠠᠷ ᠨᠡᠶ᠋ᠢᠲᠡᠯᠡᠭᠰᠡᠨ᠎ᠤ ᠳᠠᠷᠠᠭ᠎ᠠ ᠬᠡᠷᠡᠭᠯᠡᠨ᠎ᠡ᠃

      ᠬᠣᠷᠢᠨ ᠵᠢᠷᠭᠤᠳᠤᠭ᠋ᠠᠷ ᠵᠦᠢ᠍ᠯ   ᠲᠤᠰ ᠠᠷᠭ᠎ᠠ ᠵᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠂ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃



ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠪᠥᠲᠥᠭᠡᠨ ᠪᠠᠶ᠋ᠢᠭᠤᠯᠤᠯᠲᠠ ᠬᠢᠭᠡᠳ ᠠᠵᠢᠯᠯᠠᠭ᠋ᠠᠨ᠎ᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠢ ᠰᠢᠯᠵᠢᠭᠦᠯᠬᠦ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠶᠯ᠎ᠤᠨ ᠵᠠᠷᠤᠯᠭ᠎ᠠ ᠵᠢᠨ ᠠᠮᠵᠢᠯᠲᠠ ᠪᠦᠲᠦᠮᠵᠢ ᠵᠢ ᠦᠨᠡᠯᠡᠬᠦ ᠠᠵᠢᠯ᠎ᠤᠨ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠬᠤ ᠠᠷᠭ᠎ᠠ ᠵᠢ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠮᠡᠳᠡᠭᠳᠡᠯ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠤᠷᠮᠠᠰᠢᠭᠤᠯᠤᠯ᠎ᠢ ᠤᠯᠠᠮ ᠨᠢᠭᠡ ᠠᠯᠬᠤᠮ ᠴᠢᠩᠭ᠋ᠠᠷᠠᠭᠤᠯᠬᠤ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
            