ᠰᠤᠷᠭ᠋ᠠᠨ ᠬᠥᠮᠦᠵᠢᠯ᠎ᠤᠨ ᠶᠠᠮᠤᠨ᠄ ᠶᠡᠬᠡ ᠳᠡᠭᠡᠳᠦ ᠰᠤᠷᠭ᠋ᠠᠭᠤᠯᠢ ᠵᠢᠨ ᠮᠡᠷᠭᠡᠵᠢᠯ ᠰᠢᠯᠵᠢᠭᠦᠯᠬᠦ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ ᠥᠷᠨᠢᠭᠦᠯᠬᠦ ᠵᠢ ᠳᠡᠮᠵᠢᠨ᠎ᠡ
ᠣᠶ᠋ᠢᠷ᠎ᠠ᠎ᠳᠤ᠂ ᠰᠤᠷᠭ᠋ᠠᠨ ᠬᠥᠮᠦᠵᠢᠯ᠎ᠤᠨ ᠶᠠᠮᠤᠨ 《ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠬᠡᠨ᠎ᠤ ᠦᠢ᠍ᠯᠡᠰ᠎ᠤᠨ ᠰᠢᠯᠵᠢᠭᠦᠯᠦᠯᠲᠡ ᠵᠢᠨ ᠳᠠᠭ᠋ᠠᠭ᠋ᠠᠮᠠᠯ᠎ᠤᠨ ᠬᠥᠮᠦᠵᠢᠭᠦᠯᠦᠯᠢ ᠴᠢᠩᠭ᠋ᠠᠳᠬᠠᠬᠤ ᠲᠤᠬᠠᠶ ᠰᠠᠨᠠᠯ ᠳᠤᠷᠠᠳᠤᠯᠭ᠎ᠠ》᠎ᠳᠤ ᠬᠠᠷᠢᠭᠤᠯᠲᠠ ᠥᠭᠪᠡ᠃ ᠬᠠᠷᠢᠭᠤᠯᠲᠠ ᠥᠭᠭᠦᠭᠰᠡᠨ᠎ᠨᠢ᠂ ᠰᠤᠷᠭ᠋ᠠᠨ ᠬᠥᠮᠦᠵᠢᠯ᠎ᠤᠨ ᠶᠠᠮᠤᠨ ᠳᠡᠭᠡᠳᠦ ᠰᠤᠷᠭ᠋ᠠᠭᠤᠯᠢ ᠵᠢᠨ ᠮᠡᠷᠭᠡᠵᠢᠯ ᠰᠢᠯᠵᠢᠬᠦᠯᠬᠦ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ ᠥᠷᠨᠢᠭᠦᠯᠬᠦ ᠵᠢ ᠳᠡᠮᠵᠢᠨ᠎ᠡ᠃
ᠬᠠᠷᠢᠭᠤ ᠥᠭᠴᠦ ᠵᠠᠳᠠᠷᠠᠭᠤᠯᠤᠭᠰᠠᠨ᠎ᠨᠢ᠂ ᠡᠷᠳᠡᠮ᠎ᠤᠨ ᠴᠣᠯᠠ ᠣᠯᠭᠣᠬᠤ ᠨᠢᠭᠡᠴᠡ ᠵᠢᠨ ᠤᠯᠤᠰ᠎ᠠᠴᠠ ᠲᠡᠬᠡᠲᠣ ᠳᠡᠰ ᠳᠠᠪᠬᠤᠷᠭ᠎ᠠ ᠵᠢᠨ ᠴᠢᠳᠠᠪᠤᠷᠢᠲᠠᠨ᠎ᠤ ᠬᠡᠷᠡᠭᠴᠡᠭᠡ ᠵᠢ ᠲᠦᠷᠭᠡᠨ ᠳᠠᠭ᠋ᠠᠵᠤ᠂ ᠰᠢᠨ᠎ᠡ᠎ᠪᠠᠷ ᠮᠠᠨᠳᠤᠭᠰᠠᠨ ᠰᠣᠯᠪᠢᠴᠠᠯ ᠰᠢᠨᠵᠢᠯᠡᠭᠡᠨ᠎ᠤ ᠬᠥᠭᠵᠢᠯᠲᠡ ᠵᠢ ᠴᠢᠩᠭ᠋ᠠᠳᠬᠠᠬᠤ ᠵᠢᠨ ᠲᠥᠯᠥᠭᠡ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠷᠳᠡᠮ᠎ᠤᠨ ᠴᠣᠯᠠ ᠵᠢᠨ ᠵᠥᠪᠯᠡᠯ᠂ ᠰᠤᠷᠭ᠋ᠠᠨ ᠬᠥᠮᠦᠵᠢᠯ᠎ᠤᠨ ᠶᠠᠮᠤᠨ᠎ᠤ ᠲᠠᠷᠤᠮᠠᠯᠠᠨ ᠲᠠᠷᠬᠠᠭ᠋ᠠᠭᠰᠠᠨ 《ᠡᠷᠳᠡᠮ᠎ᠤᠨ ᠴᠣᠯᠠ ᠣᠯᠭᠣᠬᠤ ᠪᠠ ᠴᠢᠳᠠᠪᠤᠷᠢᠲᠠᠨ ᠬᠥᠮᠦᠵᠢᠭᠦᠯᠬᠦ ᠰᠢᠨᠵᠢᠯᠡᠭᠡᠨ᠎ᠤ ᠭᠠᠷᠴᠠᠭ᠎ᠤᠨ ᠲᠣᠬᠢᠷᠠᠭᠤᠯᠤᠯᠲᠠ ᠬᠢᠭᠡᠳ ᠬᠠᠮᠢᠶᠠᠷᠤᠯᠲᠠ ᠵᠢᠨ ᠠᠷᠭ᠎ᠠ》 ᠡᠷᠳᠡᠮ᠎ᠤᠨ ᠴᠣᠯᠠ ᠣᠯᠭᠣᠬᠤ ᠨᠢᠭᠡᠴᠢ ᠵᠢᠨ ᠡᠷᠬᠡ ᠣᠯᠭᠣᠭᠰᠠᠨ ᠨᠢᠭᠡᠳᠦᠭᠡᠷ ᠳᠡᠰ᠎ᠤᠨ ᠰᠢᠨᠵᠢᠯᠡᠭᠡᠨ᠎ᠤ ᠰᠠᠯᠠᠭ᠎ᠠ ᠳᠤᠤᠷ᠎ᠠ ᠬᠣᠶᠠᠳᠤᠭ᠋ᠠᠷ ᠳᠡᠰ᠎ᠤᠨ ᠰᠢᠨᠵᠢᠯᠡᠭᠡᠨ᠎ᠤ ᠰᠠᠯᠠᠭ᠎ᠠ ᠵᠢ ᠡᠵᠡᠨ ᠮᠡᠳᠡᠵᠦ ᠪᠠᠶ᠋ᠢᠷᠢᠯᠠᠭᠤᠯᠬᠤ ᠪᠠ ᠲᠤᠬᠢᠷᠠᠭᠤᠯᠬᠤ ᠪᠠ ᠬᠣᠶᠠᠳᠤᠭ᠋ᠠᠷ ᠳᠡᠰ᠎ᠤᠨ ᠰᠢᠨᠵᠢᠯᠡᠭᠡᠨ᠎ᠤ ᠰᠠᠯᠠᠭ᠎ᠠ᠎ᠪᠠᠷ ᠬᠠᠮᠢᠶᠠᠷᠬᠤ ᠰᠣᠯᠪᠢᠴᠠᠯ ᠰᠢᠨᠵᠢᠯᠡᠭᠡᠨ᠎ᠤ ᠰᠠᠯᠠᠭ᠎ᠠ ᠵᠢ ᠳᠡᠮᠵᠢᠨ᠎ᠡ᠃ ᠮᠡᠷᠭᠡᠵᠢᠯ ᠰᠢᠯᠵᠢᠭᠦᠯᠬᠦ᠂ ᠲᠤᠰᠬᠠᠶ ᠠᠰᠢᠭ᠎ᠤᠨ ᠮᠡᠷᠭᠡᠵᠢᠯ ᠠᠷᠠᠯᠵᠢᠶᠠᠯᠠᠬᠤ ᠵᠡᠷᠭᠡ ᠬᠠᠮᠢᠶ᠎ᠠ ᠪᠦᠬᠦᠢ ᠭᠦᠷᠢᠶᠡᠨ᠎ᠳᠠᠬᠢ ᠲᠡᠬᠡᠲᠤ ᠳᠡᠰ ᠳᠠᠪᠬᠤᠷᠭ᠎ᠠ ᠵᠢᠨ ᠬᠠᠮ ᠴᠢᠳᠠᠪᠤᠷᠢᠲᠠᠨ᠎ᠢ ᠬᠥᠮᠦᠵᠢᠭᠦᠯᠬᠦ ᠠᠵᠢᠯ᠎ᠢ ᠴᠢᠩᠭ᠋ᠠᠳᠬᠠᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠮᠡᠷᠭᠡᠵᠢᠯ᠎ᠢ ᠰᠢᠯᠵᠢᠭᠦᠯᠬᠦ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠨ᠎ᠡ᠃
ᠣᠶ᠋ᠢᠯᠠᠭ᠋ᠠᠭᠰᠠᠨ ᠵᠶ᠋ᠠᠷ᠂ ᠣᠳᠣᠬᠠᠨ᠎ᠳᠤ ᠪᠡᠭᠡᠵᠢᠩ ᠶᠡᠬᠡ ᠰᠤᠷᠭ᠋ᠠᠭᠤᠯᠢ᠂ ᠴᠢᠩᠬᠤᠸᠠ ᠶᠡᠬᠡ ᠰᠤᠷᠭ᠋ᠠᠭᠤᠯᠢ᠂ ᠪᠠᠬᠡᠵᠢᠩᠤᠨ ᠪᠠᠶ᠋ᠢᠭ᠋ᠠᠯᠢ ᠲᠧᠭᠨᠢᠭ᠎ᠤᠨ ᠤᠬᠠᠭ᠋ᠠᠨ᠎ᠤ ᠶᠡᠬᠡ ᠰᠤᠷᠭ᠋ᠠᠭᠤᠯᠢ᠂ ᠬᠤᠨᠠᠨ ᠶᠡᠬᠡ ᠰᠤᠷᠭ᠋ᠠᠭᠤᠯᠢ᠂ ᠴᠠᠩᠵᠸᠦ ᠶᠡᠬᠡ ᠰᠤᠷᠭ᠋ᠠᠭᠤᠯᠢ ᠵᠡᠷᠭᠡ ᠳᠡᠭᠡᠳᠦ ᠰᠤᠷᠭ᠋ᠠᠭᠤᠯᠢ ᠨᠢᠭᠡᠨᠲᠡ ᠮᠡᠷᠭᠡᠵᠢᠯ᠎ᠤᠨ ᠳᠠᠭ᠋ᠠᠭ᠋ᠠᠮᠠᠯ᠎ᠤᠨ ᠬᠥᠮᠦᠵᠢᠭᠦᠯᠦᠯᠢ ᠦᠷᠨᠢᠬᠦᠯᠬᠦ ᠪᠤᠶᠤ ᠥᠷᠨᠢᠭᠦᠯᠬᠦ᠎ᠪᠠᠷ ᠪᠡᠯᠡᠳᠬᠡᠵᠦ ᠪᠠᠶ᠋ᠢᠨ᠎ᠠ᠃ ᠡᠭᠦᠨ᠎ᠠᠴᠠ ᠭᠠᠳᠠᠨ᠎ᠠ᠂ ᠪᠠᠰᠠ ᠨᠢᠭᠡ ᠪᠦᠯᠦᠭ ᠶᠡᠬᠡ ᠳᠡᠭᠡᠳᠦ ᠰᠤᠷᠭ᠋ᠠᠭᠤᠯᠢ ᠮᠡᠳᠡᠯᠭᠡ ᠵᠢᠨ ᠦᠮᠴᠢᠯᠡᠬᠦ ᠡᠷᠬᠡ ᠵᠢᠨ ᠳᠡᠭᠡᠳᠦ ᠰᠤᠷᠭ᠋ᠠᠭᠤᠯᠢ ᠵᠢ ᠪᠠᠶ᠋ᠢᠭᠤᠯᠵᠤ᠂ ᠮᠡᠳᠡᠯᠭᠡ ᠵᠢᠨ ᠥᠮᠴᠢᠯᠡᠬᠦ ᠡᠷᠬᠡ ᠵᠢᠨ ᠲᠤᠰᠬᠠᠶ᠋ᠢᠵᠢᠭᠰᠠᠨ ᠴᠢᠳᠠᠪᠤᠷᠢᠲᠠᠨ᠎ᠢ ᠰᠢᠰᠲ᠋ᠧᠮ᠎ᠲᠠᠢ ᠬᠥᠮᠦᠵᠢᠭᠦᠯᠪᠡ᠃
ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠬᠣᠷᠢᠶᠠᠨ᠎ᠤ ᠭᠤᠷᠪᠠ᠎ᠳᠤ ᠭᠠᠷ ᠬᠤᠷᠠᠯᠳᠤᠭ᠋ᠠᠨ᠎ᠤ 3185 ᠳ᠋ᠤᠭ᠋ᠠᠷ ᠲᠣᠭ᠋ᠠᠲᠤ (ᠰᠤᠷᠭ᠋ᠠᠨ ᠬᠥᠮᠦᠵᠢᠯ᠎ᠤᠨ ᠲᠥᠷᠥᠯ᠎ᠤᠨ 300 ᠳ᠋ᠤᠭ᠋ᠠᠷ ᠲᠣᠭ᠋ᠠᠲᠤ) ᠵᠢᠨ ᠰᠠᠨᠠᠯ ᠵᠥᠪᠯᠡᠯᠭᠡ᠎ᠳᠤ ᠬᠠᠷᠢᠭᠤᠯᠲᠠ ᠥᠭᠬᠦ ᠵᠠᠬᠢᠳᠠᠯ
ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠨᠠᠯ ᠵᠥᠪᠯᠡᠯᠭᠡ [202] 151 ᠳ᠋ᠦᠭᠡᠷ ᠲᠣᠭ᠋ᠠᠲᠤ
ᠬᠠᠷᠢᠭᠤᠯᠲᠠ᠄
ᠳᠤᠷᠠᠳᠤᠭᠰᠠᠨ 《ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠬᠡᠨ᠎ᠤ ᠦᠢ᠍ᠯᠡᠰ᠎ᠢ ᠰᠢᠯᠵᠢᠬᠦᠯᠤᠨ ᠡᠵᠡᠩᠨᠡᠭᠴᠢ ᠵᠢᠨ ᠬᠥᠮᠦᠵᠢᠯ᠎ᠢ ᠴᠢᠩᠭ᠋ᠠᠳᠬᠠᠬᠤ ᠲᠤᠬᠠᠶ ᠰᠠᠨᠠᠯ ᠵᠥᠪᠯᠡᠯᠭᠡ》 ᠵᠢ ᠣᠯᠵᠤ ᠣᠶ᠋ᠢᠯᠠᠭ᠋ᠠᠪᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠬᠤᠳᠠᠯᠳᠤᠭ᠎ᠠ ᠡᠷᠬᠢᠯᠡᠵᠤ᠂ ᠤᠳᠤ ᠳᠣᠤᠷᠠᠬᠢ ᠮᠡᠲᠦ ᠬᠠᠷᠢᠭᠤᠯᠲᠠ ᠥᠭᠭᠦᠶ᠎ᠡ᠄
ᠰᠤᠷᠭ᠋ᠠᠨ ᠬᠥᠮᠦᠵᠢᠯ᠎ᠤᠨ ᠶᠠᠮᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠳᠤᠮᠳᠠᠳᠤ ᠤᠯᠤᠰ᠎ᠠᠴᠠ ᠰᠢᠨᠵᠢᠯᠡᠬᠦ ᠤᠬᠠᠭ᠋ᠠᠨ᠎ᠤ ᠬᠦᠷᠢᠶᠡᠯᠡᠩ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠲᠤᠤᠱᠯᠠᠭᠤᠯᠤᠨ ᠨᠠᠢ᠍ᠳᠠᠪᠤᠷᠢᠵᠢᠭᠤᠯᠬᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠨᠡᠩ ᠲᠡᠭᠦᠯᠲᠡᠷᠵᠢᠬᠦᠯᠤᠭ᠌ᠰᠡᠨ ᠴᠢᠬᠤᠯᠠ ᠬᠦᠴᠦᠨ ᠵᠦᠢ᠍ᠯ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠᠶ᠋ᠢᠭᠤᠯᠤᠯ ᠲᠣᠭᠲᠠᠴᠠ ᠵᠢ ᠪᠠᠶ᠋ᠢᠭᠤᠯᠬᠤ ᠲᠤᠬᠠᠶ ᠰᠠᠨᠠᠯ》᠎ᠢ ᠢᠳᠡᠪᠬᠢᠲᠡᠶ ᠨᠠᠶ᠋ᠢᠳᠠᠪᠤᠷᠢᠵᠢᠭᠤᠯᠵᠤ᠂ ᠮᠡᠷᠭᠡᠵᠢᠯ᠎ᠤᠨ ᠴᠢᠬᠤᠯᠠ ᠬᠦᠴᠦᠨ ᠵᠦᠢ᠍ᠯ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠵᠢ ᠲᠦᠯᠬᠢᠨ ᠠᠬᠢᠭᠤᠯᠤᠨ᠎ᠠ᠃ ᠮᠡᠷᠭᠡᠵᠢᠯ᠎ᠤᠨ ᠡᠵᠡᠩᠨᠡᠨ ᠬᠠᠮᠢᠶᠠᠷᠤᠭᠴᠢ ᠵᠢ ᠪᠣᠶ᠋ᠢᠵᠢᠭᠤᠯᠤᠨ ᠬᠥᠭᠵᠢᠭᠦᠯᠬᠦ ᠶᠠᠪᠤᠳᠠᠯ᠎ᠢ ᠮᠡᠷᠭᠡᠵᠢᠯ᠎ᠤᠨ ᠡᠯᠧᠮᠧᠨ᠋ᠲ᠎ᠤᠨ ᠵᠠᠬ᠎ᠠ ᠳᠡᠯᠭᠡᠭᠦᠷ᠎ᠢ ᠲᠦᠷᠭᠡᠳᠬᠡᠨ ᠬᠥᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠲᠤᠰᠬᠠᠶ᠋ᠢᠵᠢᠭᠰᠠᠨ ᠦᠢ᠍ᠯᠡᠴ ᠢᠯᠡᠭᠡᠨᠤ ᠴᠢᠳᠠᠪᠤᠷᠢ ᠵᠢ ᠲᠦᠷᠭᠡᠳᠬᠡᠨ ᠳᠡᠭᠡᠭᠰᠢᠯᠡᠭᠦᠯᠵᠦ᠂ ᠶᠡᠬᠡ ᠳᠡᠭᠡᠳᠦ ᠰᠤᠷᠭ᠋ᠠᠭᠤᠯᠢ ᠵᠢᠨ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠤᠯᠤᠰ᠎ᠤᠨ ᠴᠢᠬᠤᠯᠠ ᠶᠡᠬᠡ ᠬᠡᠷᠡᠭᠴᠡᠬᠡ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ᠃
ᠨᠢᠭᠡ᠂ 《ᠮᠡᠷᠭᠡᠵᠢᠯ᠎ᠢ ᠰᠢᠯᠵᠢᠭᠦᠯᠬᠦ᠎ᠳᠤ ᠵᠣᠬᠢᠴᠠᠬᠤ ᠳᠠᠭ᠋ᠠᠭ᠋ᠠᠮᠠᠯ᠎ᠤᠨ ᠬᠥᠭᠵᠢᠯᠲᠡ ᠵᠢᠨ ᠰᠢᠨᠵᠢᠯᠡᠬᠦ ᠤᠬᠠᠭ᠋ᠠᠨ ᠮᠡᠷᠬᠡᠵᠢᠯ᠎ᠤᠨ ᠦᠢ᠍ᠯᠡᠴᠢᠯᠡᠬᠡᠨ᠎ᠤ ᠦᠢ᠍ᠯᠡᠰ᠎ᠤᠨ ᠵᠠᠬ᠎ᠠ ᠳᠡᠯᠭᠡᠭᠦᠷ᠎ᠢ ᠪᠤᠢ ᠪᠣᠯᠭ᠋ᠠᠬᠤ》 ᠲᠤᠬᠠᠶ
ᠤᠷᠲᠤ ᠬᠤᠭᠤᠴᠠᠭ᠋ᠠᠨ᠎ᠤ ᠲᠤᠷᠰᠢ᠂ ᠰᠤᠷᠭ᠋ᠠᠨ ᠬᠥᠮᠦᠵᠢᠯ᠎ᠤᠨ ᠶᠠᠮᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ 《ᠤᠯᠤᠰ᠎ᠤᠨ ᠮᠡᠷᠭᠡᠵᠢᠯ᠎ᠢ ᠰᠢᠯᠵᠢᠭᠦᠯᠬᠦ ᠰᠢᠰᠲ᠋ᠧᠮ᠎ᠤᠨ ᠪᠠᠶ᠋ᠢᠭᠤᠯᠤᠯᠲᠠ ᠵᠢᠨ ᠲᠦᠰᠤᠯ》᠎ᠢ ᠦᠷᠭᠦᠯᠵᠢᠯᠡᠨ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠮᠡᠷᠭᠡᠵᠢᠯ᠎ᠢ ᠰᠢᠯᠵᠢᠭᠦᠯᠬᠦ ᠡᠵᠡᠩᠨᠡᠭᠴᠢ ᠵᠢᠨ ᠬᠥᠭᠵᠢᠯᠲᠡ᠎ᠳᠤ ᠵᠣᠬᠢᠴᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠬᠡᠨ᠎ᠤ ᠦᠢ᠍ᠯᠡᠰ᠎ᠤᠨ ᠵᠠᠬ᠎ᠠ ᠳᠡᠯᠭᠡᠭᠦᠷ᠎ᠢ ᠢᠳᠡᠪᠬᠢᠲᠡᠶ᠎ᠪᠠᠷ ᠪᠤᠢ ᠪᠣᠯᠭ᠋ᠠᠨ᠎ᠠ᠃ ᠦᠨᠡᠯᠡᠨ ᠵᠢᠱ᠌ᠢᠯᠲᠡ᠎ᠠᠴᠠ ᠦᠵᠡᠪᠡᠯ ᠣᠳᠣᠬᠠᠨ᠎ᠳᠤ ᠪᠦᠬᠦ ᠤᠯᠤᠰ᠎ᠲᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠵᠢᠱ᠌ᠢᠶ᠎ᠡ ᠦᠵᠡᠭᠦᠯᠬᠦ ᠣᠷᠣᠨ 9 ᠪᠠᠶ᠋ᠢᠭᠤᠯᠵᠠᠶ᠃ 11 ᠤᠯᠤᠰ᠎ᠤᠨ ᠮᠡᠷᠭᠡᠵᠢᠯ᠎ᠤᠨ ᠰᠢᠯᠵᠢᠯᠲᠡ ᠵᠢᠨ ᠣᠷᠣᠨ ᠪᠦᠰᠡ ᠵᠢᠨ ᠲᠥᠪ᠂ 40 ᠭᠠᠷᠤᠶ ᠮᠡᠷᠭᠡᠵᠢᠯ᠎ᠤᠨ ᠠᠷᠠᠯᠵᠢᠶ᠎ᠠ ᠵᠢᠨ ᠵᠠᠬ᠎ᠠ ᠳᠡᠯᠭᠡᠭᠦᠷ 400 ᠭᠠᠷᠤᠶ ᠤᠯᠤᠰ᠎ᠤᠨ ᠮᠡᠷᠭᠡᠵᠢᠯ᠎ᠢ ᠰᠢᠯᠵᠢᠭᠦᠯᠬᠦ ᠵᠢᠱ᠌ᠢᠶ᠎ᠡ ᠦᠵᠡᠭᠦᠯᠬᠦ ᠪᠠᠶ᠋ᠢᠭᠤᠯᠤᠮᠵᠢ ᠪᠣᠯᠤᠨ ᠤᠯᠤᠰ᠎ᠤᠨ ᠮᠡᠷᠭᠡᠵᠢᠯ᠎ᠢ ᠰᠢᠯᠵᠢᠭᠦᠯᠬᠦ ᠴᠢᠳᠠᠪᠤᠷᠢᠲᠠᠨ᠎ᠢ ᠬᠥᠮᠦᠵᠢᠭᠦᠯᠬᠦ 11 ᠰᠠᠭᠤᠷᠢᠨ ᠭᠠᠵᠠᠷ ᠪᠦᠬᠦ ᠤᠯᠤᠰ᠎ᠤᠨ ᠨᠢᠭᠡᠳᠦᠯᠲᠡᠶ ᠮᠡᠷᠭᠡᠵᠢᠯ᠎ᠤᠨ ᠠᠷᠠᠯᠵᠢᠶᠠᠨ᠎ᠤ ᠭᠡᠷ᠎ᠡ ᠵᠢ ᠳᠠᠩᠰᠠᠯᠠᠬᠤ ᠦᠢ᠍ᠯᠡᠴᠢᠯᠡᠬᠡᠨ᠎ᠤ ᠰᠢᠰᠲᠸᠮ᠎ᠢ ᠪᠠᠶ᠋ᠢᠭᠤᠯᠪᠠ᠃ 2019 ᠣᠨ᠎ᠳᠤ ᠨᠡᠶ᠋ᠢᠲᠡ 484077 ᠮᠡᠷᠭᠡᠵᠢᠯ᠎ᠤᠨ ᠭᠡᠷ᠎ᠡ ᠲᠣᠭᠲᠠᠵᠤ᠂ ᠠᠷᠠᠯᠵᠢᠶ᠎ᠠ ᠪᠦᠲᠦᠭᠰᠡᠨ ᠲᠣᠭ᠎ᠠ 22398.4 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 17.5% ᠪᠠ 26.6%᠎ᠪᠠᠷ ᠨᠡᠮᠡᠭᠳᠡᠪᠡ᠃ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠲᠣᠭ᠎ᠠ ᠠᠩᠬ᠎ᠠ ᠤᠳᠠᠭ᠎ᠠ 2 ᠲᠦᠮᠡᠨ ᠳ᠋ᠦᠩᠰᠢᠭᠤᠷ ᠲᠥᠭᠥᠷᠢᠭ ᠢ ᠳᠠᠪᠠᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠬᠡᠨ᠎ᠤ ᠦᠢ᠍ᠯᠡᠰ᠎ᠤᠨ ᠵᠠᠬ᠎ᠠ ᠳᠡᠯᠭᠡᠭᠦᠷ ᠤᠯᠠᠮ᠎ᠠᠴᠠ ᠤᠯᠠᠮ ᠬᠥᠭᠵᠢᠶᠡᠨᠲᠡᠶ ᠪᠤᠯᠵᠤ ᠪᠠᠶ᠋ᠢᠨ᠎ᠠ᠃
ᠡᠭᠦᠨ᠎ᠤ ᠬᠠᠮᠲᠤ᠂ 《ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠬᠦᠯᠤᠨ ᠤᠯᠠᠷᠢᠭᠤᠯᠬᠤ ᠠᠵᠢᠯ᠎ᠢ ᠴᠢᠩᠭ᠋ᠠᠳᠬᠠᠬᠤ ᠲᠤᠬᠠᠶ ᠰᠤᠷᠭ᠋ᠠᠨ ᠬᠥᠮᠦᠵᠢᠯ᠎ᠤᠨ ᠶᠠᠮᠤᠨ᠎ᠤ ᠰᠢᠨᠵᠢᠯᠡᠬᠦ ᠤᠬᠠᠭ᠋ᠠᠨ ᠮᠡᠷᠬᠡᠵᠢᠯ᠎ᠤᠨ ᠶᠠᠮᠤᠨ᠎ᠤ ᠰᠠᠨᠠᠯ᠎ᠤᠳ》 《ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠲᠤᠰᠬᠠᠶ ᠠᠰᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠤᠯᠠᠷᠢᠭᠤᠯᠤᠨ ᠬᠡᠷᠡᠭᠯᠡᠬᠦ ᠵᠢ ᠠᠬᠢᠭᠤᠯᠬᠤ ᠲᠤᠬᠠᠶ ᠰᠤᠷᠭ᠋ᠠᠨ ᠬᠥᠮᠦᠵᠢᠯ᠎ᠤᠨ ᠶᠠᠮᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠰᠠᠨᠠᠯ᠎ᠤᠳ》 《ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠲᠤᠰᠬᠠᠢ᠌ᠵᠢᠭᠰᠠᠨ ᠮᠡᠷᠭᠡᠵᠢᠯ᠎ᠢ ᠰᠢᠯᠵᠢᠭᠦᠯᠬᠦ ᠪᠠᠶ᠋ᠢᠭᠤᠯᠤᠮᠵᠢ ᠵᠢᠨ ᠪᠥᠲᠥᠭᠡᠨ ᠪᠠᠶ᠋ᠢᠭᠤᠯᠤᠯᠲᠠ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠲᠤᠬᠠᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠎ᠤ ᠬᠡᠷᠡᠭᠵᠢᠭᠦᠯᠬᠦ ᠰᠠᠨᠠᠯ》 ᠵᠡᠷᠭᠡ ᠪᠢᠴᠢᠭ ᠮᠠᠲ᠋ᠧᠷᠢᠶᠠᠯ᠎ᠳᠤ᠂ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠮᠡᠷᠭᠡᠵᠢᠯ᠎ᠢ ᠰᠢᠯᠵᠢᠭᠦᠯᠬᠦ ᠪᠠᠶ᠋ᠢᠭᠤᠯᠤᠮᠵᠢ ᠪᠠ ᠴᠢᠳᠠᠪᠤᠷᠢᠲᠠᠨ᠎ᠤ ᠡᠩᠨᠡᠭᠡ ᠵᠢ ᠲᠤᠰᠬᠠᠶ᠋ᠢᠵᠢᠭᠤᠯᠬᠤ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠴᠥᠮ ᠪᠠᠶ᠋ᠢᠷᠢᠯᠠᠭᠤᠯᠤᠯᠲᠠ ᠬᠢᠪᠠ᠃ ᠲᠤᠰᠬᠠᠶ ᠮᠡᠷᠭᠡᠵᠢᠯ᠎ᠤᠨ ᠬᠥᠮᠦᠨ ᠵᠶ᠋ᠠᠷ ᠲᠤᠰᠬᠠᠶ ᠮᠡᠷᠭᠡᠵᠢᠯ᠎ᠤᠨ ᠠᠵᠢᠯ ᠬᠢᠯᠭᠡᠬᠦ ᠵᠢ ᠴᠢᠬᠤᠯᠠᠴᠢᠯᠠᠵᠤ᠂ ᠮᠡᠷᠭᠡᠵᠢᠯ᠎ᠤᠨ ᠳᠠᠭ᠋ᠠᠭ᠋ᠠᠮᠠᠯ᠎ᠤᠨ ᠲᠤᠰᠬᠠᠶ ᠮᠡᠷᠭᠡᠵᠢᠯ᠎ᠤᠨ ᠳᠠᠪᠠᠭᠤᠯᠢᠭ᠎ᠢ ᠪᠠᠳᠠᠷᠠᠭᠤᠯᠵᠤ᠂ ᠶᠡᠬᠡ ᠳᠡᠭᠡᠳᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠰᠢᠨᠵᠢᠯᠡᠬᠦ ᠮᠡᠷᠭᠡᠵᠢᠯ᠎ᠤᠨ ᠦᠷ᠎ᠡ ᠪᠦᠲᠦᠭᠡᠯ ᠵᠶ᠋ᠠᠨ ᠬᠤᠪᠢᠷᠠᠭᠤᠯᠬᠤ᠎ᠳᠤ ᠲᠤᠰᠬᠠᠶ᠋ᠢᠵᠢᠭᠰᠠᠨ ᠦᠢ᠍ᠯᠡᠴᠢᠯᠡᠬᠡ ᠬᠠᠩᠬᠠᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠥᠨᠳᠥᠷ ᠲᠦᠪᠰᠢᠨ ᠵᠶ᠋ᠠᠷ ᠡᠭᠦᠳᠦᠨ ᠪᠦᠲᠦᠭᠡᠬᠦ ᠪᠠ ᠦᠨᠲᠤᠷ ᠦᠷ᠎ᠡ ᠪᠦᠲᠦᠮᠵᠢ᠎ᠪᠠᠷ ᠤᠯᠠᠷᠢᠭᠤᠯᠬᠤ ᠵᠢ ᠠᠬᠢᠭᠤᠯᠤᠨ᠎ᠠ᠃ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠨᠢ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠤᠪᠢ ᠡᠵᠡᠮᠳᠡᠬᠦ ᠬᠢᠵᠠᠭ᠋ᠠᠷᠲᠤ ᠺᠣᠮᠫᠠᠨᠢ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠡᠵᠡᠩᠨᠡᠯᠲᠡ ᠬᠠᠮᠢᠶᠠᠷᠤᠯᠲᠠ ᠵᠢᠨ ᠲᠥᠪ ᠵᠢᠴᠢ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠡᠯ᠎ᠡ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠲᠠᠪᠴᠠᠩ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠬᠡᠨ᠎ᠤ ᠠᠵᠤ ᠦᠶ᠋ᠢᠯᠡᠰᠵᠢᠯᠲᠡ ᠵᠢᠨ ᠰᠢᠰᠲ᠋ᠧᠮ᠎ᠢ ᠨᠢᠭᠡᠨᠲᠡ ᠠᠩᠬ᠎ᠠ ᠠᠯᠬᠤᠮ ᠪᠠᠶ᠋ᠢᠭᠤᠯᠵᠤ᠂ ᠵᠠᠯᠭ᠋ᠠᠮᠵᠢ᠎ᠨᠢ ᠲᠠᠰᠤᠷᠠᠯᠳᠠ ᠦᠭᠡᠢ ᠴᠢᠩᠭ᠋ᠠᠳᠬᠠᠨ ᠲᠡᠭᠦᠯᠳᠡᠷᠵᠢᠭᠦᠯᠬᠦ ᠪᠣᠯᠤᠨ᠎ᠠ᠃
ᠡᠭᠦᠨ᠎ᠠᠴᠠ ᠭᠠᠳᠠᠨ᠎ᠠ᠂ 《ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠬᠠᠷᠢᠶ᠎ᠠ ᠠᠵᠤ ᠠᠬᠤᠶ᠋ᠢᠯᠠᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠵᠢᠯᠣᠭᠣᠳᠬᠤ ᠰᠠᠨᠠᠯ (ᠲᠥᠷᠥ ᠠᠯᠪᠠᠨ ᠲᠠᠷᠬᠠᠭ᠋ᠠᠭᠰᠠᠨ [2018] 42 ᠳ᠋ᠤᠭ᠋ᠠᠷ ᠲᠣᠭ᠋ᠠᠲᠤ)᠎ᠳᠤ 《ᠵᠠᠷᠴᠢᠮ ᠳᠡᠭᠡᠷ᠎ᠡ᠎ᠪᠠᠨ ᠳᠡᠭᠡᠳᠦ ᠰᠤᠷᠭ᠋ᠠᠭᠤᠯᠢ ᠳᠠᠭᠢᠵᠤ ᠠᠵᠤ ᠠᠬᠤᠶ᠋ᠢᠯᠠᠯ ᠰᠢᠨ᠎ᠡ᠎ᠪᠠᠷ ᠡᠷᠭᠢᠯᠡᠬᠦ ᠥᠬᠡᠶ》 ᠭᠡᠵᠦ ᠲᠣᠭᠲᠠᠭ᠋ᠠᠵᠠᠶ᠃ ᠣᠲᠣ ᠪᠠᠶ᠋ᠢᠭ᠎ᠠ ᠠᠵᠤ ᠠᠬᠤᠶ᠋ᠢᠯᠠᠯ᠎ᠢ ᠡᠩ ᠲᠡᠷᠢᠭᠦᠨ᠎ᠳᠤ ᠠᠮᠢᠳᠤᠯᠢᠭᠵᠢᠭᠤᠯᠵᠤ᠂ ᠮᠡᠷᠭᠡᠵᠢᠯ᠎ᠤᠨ ᠰᠢᠯᠵᠢᠯᠲᠡ᠂ ᠮᠡᠲᠡᠬᠡ ᠵᠢᠨ ᠥᠮᠴᠢᠯᠡᠬᠦ ᠡᠷᠬᠡ ᠵᠢᠨ ᠬᠠᠮᠢᠶᠠᠷᠤᠯᠲᠠ ᠵᠢᠨ ᠡᠵᠡᠩᠨᠡᠯᠲᠡ ᠵᠢᠨ ᠬᠡᠪᠴᠢᠶ᠎ᠡ ᠵᠢ ᠨᠡᠮᠡᠭᠲᠡᠭᠦᠯᠭᠦ ᠵᠢ ᠳᠡᠭᠡᠳᠦ ᠰᠤᠷᠭ᠋ᠠᠭᠤᠯᠢ᠎ᠳᠤ ᠰᠠᠨᠠᠭᠤᠯᠪᠠ; ᠣᠲᠣ ᠪᠠᠶ᠋ᠢᠭ᠎ᠠ ᠠᠵᠤ ᠠᠬᠤᠶ᠋ᠢᠯᠠᠯ᠎ᠨᠢ ᠦᠨᠡᠬᠡᠷ ᠳᠣᠭᠢᠷᠠᠬᠤ ᠥᠬᠡᠶ ᠪᠣᠯ᠂ ᠡᠳ᠋ ᠬᠥᠷᠥᠩᠭᠡ ᠵᠢᠨ ᠡᠵᠡᠩᠨᠡᠯᠲᠡ ᠵᠢᠨ ᠺᠣᠮᠫᠠᠨᠢ ᠵᠢᠨ ᠳᠣᠤᠷ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠨᠢᠭᠡᠳᠦᠯᠲᠡᠶ ᠬᠤᠪᠢ ᠡᠵᠡᠮᠰᠢᠬᠦ ᠲᠠᠪᠴᠠᠩ᠎ᠤᠨ ᠺᠣᠮᠫᠠᠨᠢ ᠪᠠᠶ᠋ᠢᠭᠤᠯᠵᠤ ᠪᠣᠯᠤᠨ᠎ᠠ; ᠲᠡᠬᠡᠲᠤ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠪᠠᠭ᠎ᠠ ᠪᠠᠢ᠌ᠪᠠᠯ᠂ ᠡᠳ᠋ ᠬᠦᠷᠦᠨᠭᠭᠡ ᠵᠢᠨ ᠡᠵᠡᠩᠨᠡᠯᠲᠡ ᠵᠢᠨ ᠺᠣᠮᠫᠠᠨᠢ᠎ᠠᠴᠠ ᠮᠡᠷᠭᠡᠵᠢᠯ᠎ᠢ ᠰᠢᠯᠵᠢᠭᠦᠯᠬᠦ᠂ ᠮᠡᠳᠡᠯᠭᠡ ᠵᠢᠨ ᠥᠮᠴᠢᠯᠡᠬᠦ ᠡᠷᠬᠡ ᠵᠢᠨ ᠬᠠᠮᠢᠶᠠᠷᠤᠯᠲᠠ ᠵᠢᠨ ᠦᠢ᠍ᠯᠡᠲᠤᠯᠢ ᠰᠢᠭᠤᠳ ᠪᠠᠳᠠᠷᠠᠭᠤᠯᠵᠤ ᠪᠣᠯᠤᠨ᠎ᠠ᠂ ᠵᠠᠪᠠᠯ ᠲᠣᠰᠠᠬᠠᠢ ᠺᠣᠮᠫᠠᠨᠢ ᠪᠠᠶ᠋ᠢᠭᠤᠯᠬᠤ ᠪᠢᠰᠢ ᠶᠤᠮ᠃ ᠡᠯ᠎ᠡ ᠰᠤᠷᠭ᠋ᠠᠭᠤᠯᠢ᠎ᠨᠤᠭᠤᠳ ᠲᠣᠰ ᠰᠤᠷᠭ᠋ᠠᠭᠤᠯᠢ ᠵᠢᠨ ᠵᠶ᠋ᠠᠨ ᠪᠣᠳᠠᠲᠤ ᠪᠠᠢ᠌ᠲᠠᠯᠲᠠᠢᠪᠠᠨ ᠤᠶᠠᠯᠳᠤᠭᠤᠯᠤᠨ ᠠᠵᠢᠯ ᠵᠶ᠋ᠠᠨ ᠥᠷᠨᠢᠭᠦᠯᠬᠦ ᠬᠡᠷᠡᠭᠲᠡᠶ᠃
ᠬᠣᠶᠠᠷ᠂ 《ᠮᠡᠷᠭᠡᠵᠢᠯ᠎ᠢ ᠰᠢᠯᠵᠢᠭᠦᠯᠬᠦ᠎ᠳᠤ ᠳᠣᠭᠢᠷᠠᠬᠤ ᠳᠠᠭ᠋ᠠᠭ᠋ᠠᠮᠠᠯ ᠰᠠᠶᠢ ᠬᠥᠮᠦᠵᠢᠭᠦᠯᠬᠦ ᠳᠡᠭᠡᠳᠦ ᠰᠣᠷᠭ᠋ᠠᠭᠤᠯᠢ ᠵᠢᠨ ᠬᠠᠮᠢᠶᠠᠷᠤᠯᠲᠠ ᠵᠢᠨ ᠪᠠᠶ᠋ᠢᠭᠤᠯᠤᠯ᠎ᠢ ᠪᠠᠶ᠋ᠢᠭᠤᠯᠬᠤ ᠲᠤᠬᠠᠶ
《ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠲᠤᠰᠬᠠᠶ᠋ᠢᠵᠢᠭᠰᠠᠨ ᠮᠡᠷᠭᠡᠵᠢᠯ᠎ᠤᠨ ᠰᠢᠯᠵᠢᠯᠲᠡ ᠵᠢᠨ ᠪᠠᠶ᠋ᠢᠭᠤᠯᠤᠮᠵᠢ ᠵᠢᠨ ᠪᠠᠶ᠋ᠢᠭᠤᠯᠤᠯᠲᠠ ᠬᠥᠭᠵᠢᠯᠲᠡ ᠵᠢ ᠤᠯᠠᠮ ᠨᠢᠭᠡ ᠠᠯᠬᠤᠮ ᠠᠬᠢᠭᠤᠯᠬᠤ ᠲᠤᠬᠠᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ ᠰᠤᠷᠭ᠋ᠠᠨ ᠬᠥᠮᠦᠵᠢᠯ᠎ᠤᠨ ᠶᠠᠮᠤᠨ᠎ᠤ ᠬᠡᠷᠡᠭᠵᠢᠭᠦᠯᠬᠦ ᠰᠠᠨᠠᠯ》᠎ᠳᠤ᠂ ᠮᠡᠷᠭᠡᠵᠢᠯ ᠰᠢᠯᠵᠢᠭᠦᠯᠬᠦ ᠪᠠᠢ᠌ᠭᠤᠯᠤᠮᠵᠢ᠎ᠨᠢ ᠥᠨᠳᠥᠷ ᠬᠢᠷᠢ ᠲᠦᠪᠰᠢᠨ᠂ ᠲᠤᠰᠬᠠᠶ᠋ᠢᠵᠢᠭᠰᠠᠨ ᠠᠵᠢᠯᠲᠠᠨ᠎ᠤ ᠡᠩᠨᠡᠭᠡ ᠵᠢ ᠪᠠᠶ᠋ᠢᠭᠤᠯᠬᠤ ᠬᠡᠷᠡᠭᠲᠡᠶ᠃ ᠡᠭᠦᠨ᠎ᠳᠤ ᠲᠤᠰᠬᠠᠶ᠋ᠢᠵᠢᠭᠰᠠᠨ ᠬᠥᠮᠦᠵᠢᠯ ᠪᠣᠯᠪᠠᠰᠤᠷᠠᠯ ᠬᠦᠷᠲᠡᠵᠦ ᠥᠩᠭᠡᠷᠡᠭᠰᠡᠨ ᠮᠡᠷᠭᠡᠵᠢᠯ᠎ᠤᠨ ᠳᠠᠭ᠋ᠠᠭ᠋ᠠᠮᠠᠯ᠂ ᠮᠡᠷᠬᠡᠵᠢᠯ᠎ᠤᠨ ᠵᠠᠭᠤᠴᠢᠯᠠᠭᠴᠢ ᠵᠢᠨ ᠬᠠᠷᠢᠴᠠᠯ᠎ᠢ 70%᠎ᠠᠴᠠ ᠳᠣᠤᠷ᠎ᠠ ᠪᠠᠶ᠋ᠢᠯᠭ᠋ᠠᠵᠤ ᠪᠣᠯᠬᠤ ᠦᠭᠡᠢ᠂ ᠲᠡᠷᠡᠴᠢᠯᠡᠨ ᠲᠧᠭᠨᠢᠭ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ᠂ ᠬᠠᠤᠯᠢ ᠴᠠᠭ᠋ᠠᠵᠠ ᠡᠳ᠋᠎ᠤᠨ ᠶᠠᠪᠤᠳᠠᠯ᠂ ᠠᠵᠤ ᠠᠬᠤᠢ᠌ᠯᠠᠯ᠎ᠤᠨ ᠬᠠᠮᠢᠶᠠᠷᠤᠯᠲᠠ᠂ ᠬᠤᠳᠠᠯᠳᠤᠭ᠋ᠠᠨ᠎ᠤ ᠬᠡᠯᠡᠯᠴᠡᠭᠡ ᠵᠡᠷᠭᠡ ᠲᠠᠯ᠎ᠠ ᠵᠢᠨ ᠬᠠᠮ ᠮᠡᠷᠭᠡᠵᠢᠯ᠎ᠤᠨ ᠮᠡᠳᠡᠯᠭᠡ ᠪᠠ ᠦᠢ᠍ᠯᠡᠴᠢᠯᠡᠬᠡᠨ᠎ᠤ ᠴᠢᠳᠠᠪᠤᠷᠢ᠎ᠲᠠᠢ ᠪᠠᠶ᠋ᠢᠳᠠᠭ᠃ ᠲᠣᠰ ᠬᠡᠷᠡᠭᠵᠢᠭᠦᠯᠬᠦ ᠰᠠᠨᠠᠯ᠎ᠨᠢ ᠳᠡᠭᠡᠳᠦ ᠰᠤᠷᠭ᠋ᠠᠭᠤᠯᠢ ᠵᠢᠨ ᠮᠡᠷᠭᠡᠵᠢᠯ᠎ᠤᠨ ᠡᠵᠡᠩᠨᠡᠨ ᠬᠠᠮᠢᠶᠠᠷᠤᠭᠴᠢ ᠵᠢ ᠭᠦᠮᠤᠵᠢᠬᠦᠯᠬᠦ ᠵᠢᠴᠢ ᠮᠡᠷᠭᠡᠵᠢᠯ᠎ᠤᠨ ᠡᠵᠡᠩᠨᠡᠨ ᠬᠠᠮᠢᠶᠠᠷᠤᠭᠴᠢ ᠬᠢᠭᠡᠳ ᠲᠤᠰᠬᠠᠶ᠋ᠢᠵᠢᠭᠰᠠᠨ ᠮᠡᠷᠭᠡᠵᠢᠯ᠎ᠤᠨ ᠰᠢᠯᠵᠢᠯᠲᠡ ᠵᠢᠨ ᠪᠠᠶ᠋ᠢᠭᠤᠯᠤᠮᠵᠢ ᠵᠢᠨ ᠪᠠᠶ᠋ᠢᠭᠤᠯᠤᠯᠲᠠ ᠵᠢᠨ ᠬᠠᠮᠵᠢᠯᠴᠠᠭ᠎ᠠ᠎ᠳᠤ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠬᠠᠩᠭ᠋ᠠᠵᠠᠢ᠃
《ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠣᠯᠠᠷᠢᠭᠤᠯᠬᠤ ᠠᠵᠢᠯ᠎ᠢ ᠴᠢᠩᠭ᠋ᠠᠳᠬᠠᠬᠤ ᠲᠤᠬᠠᠶ ᠰᠤᠷᠭ᠋ᠠᠨ ᠬᠥᠮᠦᠵᠢᠯ᠎ᠤᠨ ᠶᠠᠮᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠰᠠᠨᠠᠯ᠎ᠤᠳ》᠎ᠳᠤ ᠲᠣᠳᠣᠷᠬᠠᠶ ᠱᠠᠭ᠋ᠠᠷᠳᠠᠭᠰᠠᠨ᠎ᠨᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢᠨ ᠱᠠᠩᠨᠠᠯ ᠬᠥᠬᠢᠭᠦᠯᠦᠯ ᠪᠠ ᠠᠰᠢᠭ ᠣᠷᠣᠯᠭ᠎ᠠ ᠵᠢ ᠬᠤᠪᠢᠶᠠᠷᠢᠯᠠᠬᠤ ᠠᠷᠭ᠎ᠠ ᠵᠢ ᠲᠣᠭᠲᠠᠭ᠋ᠠᠬᠤ ᠦᠶᠡᠰ᠂ ᠳᠡᠭᠡᠳᠦ ᠰᠤᠷᠭ᠋ᠠᠭᠤᠯᠢ᠂ ᠳᠡᠭᠡᠳᠦ ᠰᠤᠷᠭ᠋ᠠᠭᠤᠯᠢ ᠰᠠᠯᠪᠤᠷᠢ᠂ ᠦᠷ᠎ᠡ ᠪᠦᠲᠦᠭᠡᠯ᠎ᠤᠨ ᠪᠡᠶᠡᠯᠡᠭᠦᠯᠦᠭᠴᠢ ᠪᠠ ᠲᠤᠰᠬᠠᠶ ᠮᠡᠷᠭᠡᠵᠢᠯ᠎ᠤᠨ ᠰᠢᠯᠵᠢᠭᠦᠯᠦᠨ ᠤᠯᠠᠷᠢᠭᠤᠯᠬᠤ ᠪᠠᠶ᠋ᠢᠭᠤᠯᠤᠮᠵᠢ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ᠎ᠳᠤ ᠣᠷᠣᠯᠴᠠᠭᠰᠠᠨ ᠡᠯ᠎ᠡ ᠲᠠᠯ᠎ᠠ ᠵᠢᠨ ᠠᠰᠢᠭ ᠲᠤᠰᠠ ᠵᠢ ᠬᠠᠮᠲᠤᠳᠤᠨᠢ ᠬᠠᠷᠠᠭ᠋ᠠᠯᠵᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠰᠢᠯᠵᠢᠭᠦᠯᠦᠨ ᠤᠯᠠᠷᠢᠭᠤᠯᠬᠤ ᠠᠰᠢᠭ ᠣᠷᠣᠯᠭ ᠠ ᠵᠢᠨ ᠱᠠᠩᠨᠠᠨ ᠬᠥᠬᠢᠭᠦᠯᠬᠦ ᠦᠢ᠍ᠯᠡᠴᠢᠯᠡᠬᠡᠨ᠎ᠤ ᠬᠥᠮᠦᠰ᠎ᠢ ᠵᠥᠪᠰᠢᠶᠡᠷᠡᠵᠦ᠂ ᠮᠡᠷᠭᠡᠵᠢᠯ ᠰᠢᠯᠵᠢᠭᠦᠯᠬᠦ ᠦᠢ᠍ᠯᠡᠴᠢᠯᠡᠬᠡᠨ᠎ᠤ ᠠᠵᠢᠯᠲᠠᠨ᠎ᠤ ᠬᠥᠭᠵᠢᠯᠲᠡ᠎ᠳᠤ ᠰᠠᠭᠤᠷᠢ ᠬᠠᠩᠭ᠋ᠠᠬᠤ ᠬᠡᠷᠡᠭᠲᠡᠶ᠃
ᠭᠤᠷᠪᠠ᠂ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠬᠡᠨ᠎ᠤ ᠦᠢ᠍ᠯᠡᠰ᠎ᠤᠨ ᠮᠡᠷᠭᠡᠵᠢᠯ᠎ᠢ ᠰᠢᠯᠵᠢᠭᠦᠯᠬᠦ ᠡᠵᠡᠩᠨᠡᠭᠴᠢ ᠵᠢᠨ ᠲᠤᠰᠬᠠᠶ ᠮᠡᠷᠭᠡᠵᠢᠯ᠎ᠤᠨ ᠬᠥᠮᠦᠵᠢᠭᠦᠯᠬᠦ ᠲᠦᠷᠢᠮ᠎ᠤᠨ ᠰᠢᠰᠲ᠋ᠧᠮ᠎ᠢ ᠪᠠᠶ᠋ᠢᠭᠤᠯᠬᠤ ᠲᠤᠬᠠᠶ》
ᠰᠤᠷᠭ᠋ᠠᠨ ᠬᠥᠮᠦᠵᠢᠯ᠎ᠤᠨ ᠶᠠᠮᠤᠨ ᠳᠡᠭᠡᠳᠦ ᠰᠤᠷᠭ᠋ᠠᠭᠤᠯᠢ ᠵᠢᠨ ᠮᠡᠷᠭᠡᠵᠢᠯ ᠰᠢᠯᠵᠢᠭᠦᠯᠬᠦ ᠰᠤᠷᠤᠯᠭ᠎ᠠ ᠵᠢᠨ ᠨᠠᠮᠲᠠᠷ ᠵᠢᠨ ᠰᠤᠷᠭ᠋ᠠᠨ ᠬᠥᠮᠦᠵᠢᠯ ᠥᠷᠨᠢᠭᠦᠯᠬᠦ ᠵᠢ ᠳᠡᠮᠵᠢᠨ᠎ᠡ᠃ ᠡᠷᠳᠡᠮ᠎ᠤᠨ ᠴᠣᠯᠠ ᠣᠯᠭᠣᠬᠤ ᠨᠢᠭᠡᠴᠡ ᠵᠢᠨ ᠤᠯᠤᠰ᠎ᠠᠴᠠ ᠲᠡᠬᠡᠲᠤ ᠳᠡᠰ ᠳᠠᠪᠬᠤᠷᠭ᠎ᠠ ᠵᠢᠨ ᠴᠢᠳᠠᠪᠤᠷᠢᠲᠠᠨ᠎ᠤ ᠬᠡᠷᠡᠭᠴᠡᠬᠡ ᠵᠢ ᠲᠦᠷᠭᠡᠨ ᠳᠠᠭ᠋ᠠᠬᠤ ᠵᠢ ᠠᠬᠢᠭᠤᠯᠬᠤ ᠵᠢᠨ ᠲᠥᠯᠥᠭᠡ᠂ ᠰᠢᠨ᠎ᠡ᠎ᠪᠠᠷ ᠬᠥᠭᠵᠢᠭᠰᠡᠨ ᠰᠣᠯᠪᠢᠴᠠᠯ ᠰᠢᠨᠵᠢᠯᠡᠭᠡᠨ᠎ᠤ ᠰᠠᠯᠠᠭ᠎ᠠ ᠵᠢᠨ ᠬᠥᠭᠵᠢᠯᠲᠡ ᠵᠢ ᠴᠢᠩᠭ᠋ᠠᠳᠬᠠᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠷᠳᠡᠮ᠎ᠤᠨ ᠴᠣᠯᠠ ᠵᠢᠨ ᠵᠥᠪᠯᠡᠯ᠂ ᠰᠤᠷᠭ᠋ᠠᠨ ᠬᠥᠮᠦᠵᠢᠯ᠎ᠤᠨ ᠶᠠᠮᠤᠨ᠎ᠤ ᠳᠠᠷᠤᠮᠠᠯᠯᠠᠨ ᠲᠠᠷᠬᠠᠭ᠋ᠠᠭᠰᠠᠨ 《ᠡᠷᠳᠡᠮ᠎ᠤᠨ ᠴᠣᠯᠠ ᠣᠯᠭᠣᠬᠤ ᠪᠠ ᠴᠢᠳᠠᠪᠤᠷᠢᠲᠠᠨ ᠬᠥᠮᠦᠵᠢᠭᠦᠯᠬᠦ ᠰᠢᠨᠵᠢᠯᠡᠭᠡᠨ᠎ᠤ ᠭᠠᠷᠴᠠᠭ᠎ᠤᠨ ᠲᠣᠬᠢᠷᠠᠭᠤᠯᠤᠯᠲᠠ ᠬᠢᠭᠡᠳ ᠬᠠᠮᠢᠶᠠᠷᠤᠯᠲᠠ ᠵᠢᠨ ᠠᠷᠭ᠎ᠠ》 ᠡᠷᠳᠡᠮ᠎ᠤᠨ ᠴᠣᠯᠠ ᠣᠯᠭᠣᠬᠤ ᠨᠢᠭᠡᠴᠢ ᠵᠢᠨ ᠡᠷᠬᠡ ᠣᠯᠭᠣᠭᠰᠠᠨ ᠨᠢᠭᠡᠳᠦᠭᠡᠷ ᠳᠡᠰ᠎ᠤᠨ ᠰᠢᠨᠵᠢᠯᠡᠭᠡᠨ᠎ᠤ ᠰᠠᠯᠠᠭ᠎ᠠ ᠳᠣᠣᠷ᠎ᠠ ᠬᠣᠶᠠᠳᠤᠭ᠋ᠠᠷ ᠳᠡᠰ᠎ᠤᠨ ᠰᠢᠨᠵᠢᠯᠡᠭᠡᠨ᠎ᠤ ᠰᠠᠯᠠᠭ᠎ᠠ ᠵᠢ ᠪᠡᠶ᠎ᠡ᠎ᠪᠠᠨ ᠳᠠᠭ᠋ᠠᠭ᠋ᠠᠵᠤ ᠪᠠᠶ᠋ᠢᠷᠢᠯᠠᠭᠤᠯᠬᠤ ᠪᠠ ᠲᠤᠬᠢᠷᠠᠭᠤᠯᠬᠤ ᠪᠠ ᠬᠣᠶᠠᠳᠤᠭ᠋ᠠᠷ ᠳᠡᠰ᠎ᠤᠨ ᠰᠢᠨᠵᠢᠯᠡᠭᠡᠨ᠎ᠤ ᠰᠠᠯᠠᠭ᠎ᠠ᠎ᠪᠠᠷ ᠬᠠᠮᠢᠶᠠᠷᠬᠤ ᠰᠣᠯᠪᠢᠴᠠᠯ ᠰᠢᠨᠵᠢᠯᠡᠭᠡᠨ᠎ᠤ ᠰᠠᠯᠠᠭ᠎ᠠ ᠵᠢ ᠳᠡᠮᠵᠢᠨ᠎ᠡ᠃ ᠮᠡᠷᠭᠡᠵᠢᠯ ᠰᠢᠯᠵᠢᠭᠦᠯᠬᠦ᠂ ᠲᠤᠰᠬᠠᠶ ᠠᠰᠢᠭ᠎ᠤᠨ ᠮᠡᠷᠭᠡᠵᠢᠯ ᠠᠷᠠᠯᠵᠢᠶᠠᠯᠠᠬᠤ ᠵᠡᠷᠭᠡ ᠬᠠᠮᠢᠶ᠎ᠠ ᠪᠦᠬᠦᠢ ᠭᠦᠷᠢᠶᠡᠨ᠎ᠳᠠᠬᠢ ᠲᠡᠬᠡᠲᠤ ᠳᠡᠰ ᠳᠠᠪᠬᠤᠷᠭ᠎ᠠ ᠵᠢᠨ ᠬᠠᠮ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠮᠡᠷᠭᠡᠵᠢᠯ᠎ᠢ ᠰᠢᠯᠵᠢᠭᠦᠯᠬᠦ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠨ᠎ᠡ᠃ ᠣᠶ᠋ᠢᠯᠠᠭ᠋ᠠᠭᠰᠠᠨ ᠵᠶ᠋ᠠᠷ᠂ ᠣᠳᠣᠬᠠᠨ᠎ᠳᠤ ᠨᠢᠭᠡᠨᠲᠡ ᠪᠡᠭᠡᠵᠢᠩ ᠶᠡᠬᠡ ᠰᠤᠷᠭ᠋ᠠᠭᠤᠯᠢ᠂ ᠴᠢᠩᠬᠤᠸᠠ ᠶᠡᠬᠡ ᠰᠤᠷᠭ᠋ᠠᠭᠤᠯᠢ᠂ ᠪᠡᠭᠡᠵᠢᠩ᠎ᠤᠨ ᠪᠠᠶ᠋ᠢᠭ᠋ᠠᠯᠢ ᠲᠧᠭᠨᠢᠭ᠎ᠤᠨ ᠤᠬᠠᠭ᠋ᠠᠨ᠎ᠤ ᠶᠡᠬᠡ ᠰᠤᠷᠭ᠋ᠠᠭᠤᠯᠢ᠂ ᠬᠤᠨᠠᠨ ᠶᠡᠬᠡ ᠰᠤᠷᠭ᠋ᠠᠭᠤᠯᠢ᠂ ᠴᠠᠡᠭᠵᠸᠤ ᠶᠡᠬᠡ ᠰᠤᠷᠭ᠋ᠠᠭᠤᠯᠢ ᠵᠡᠷᠭᠡ ᠳᠡᠭᠡᠳᠦ ᠰᠤᠷᠭ᠋ᠠᠭᠤᠯᠢ ᠨᠢᠭᠡᠨᠲᠡ ᠮᠡᠷᠭᠡᠵᠢᠯ᠎ᠤᠨ ᠳᠠᠭ᠋ᠠᠭ᠋ᠠᠮᠠᠯ᠎ᠤᠨ ᠬᠥᠮᠦᠵᠢᠭᠦᠯᠦᠯᠢ ᠥᠷᠨᠢᠭᠦᠯᠬᠦ᠎ᠪᠠᠷ ᠪᠡᠯᠡᠳᠬᠡᠵᠦ ᠪᠠᠶ᠋ᠢᠨ᠎ᠠ᠃ ᠡᠭᠦᠨ᠎ᠠᠴᠠ ᠭᠠᠳᠠᠨ᠎ᠠ᠂ ᠪᠠᠰᠠ ᠨᠢᠭᠡ ᠪᠦᠯᠦᠭ ᠶᠡᠬᠡ ᠳᠡᠭᠡᠳᠦ ᠰᠤᠷᠭ᠋ᠠᠭᠤᠯᠢ᠎ᠨᠢ ᠮᠡᠳᠡᠯᠭᠡ ᠵᠢᠨ ᠥᠮᠴᠢᠯᠡᠬᠦ ᠡᠷᠬᠡ ᠵᠢᠨ ᠳᠡᠭᠡᠳᠦ ᠰᠤᠷᠭ᠋ᠠᠭᠤᠯᠢ ᠵᠢ ᠪᠠᠶ᠋ᠢᠭᠤᠯᠵᠤ᠂ ᠮᠡᠳᠡᠯᠭᠡ ᠵᠢᠨ ᠥᠮᠴᠢᠯᠡᠬᠦ ᠡᠷᠬᠡ ᠵᠢᠨ ᠲᠤᠰᠬᠠᠶ᠋ᠢᠵᠢᠭᠰᠠᠨ ᠴᠢᠳᠠᠪᠤᠷᠢᠲᠠᠨ᠎ᠢ ᠰᠢᠰᠲ᠋ᠧᠮ᠎ᠲᠠᠢ ᠬᠥᠮᠦᠵᠢᠭᠦᠯᠪᠡ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ 《ᠤᠯᠤᠰ᠎ᠠᠴᠠ ᠮᠡᠷᠭᠡᠵᠢᠯ ᠰᠢᠯᠵᠢᠭᠦᠯᠬᠦ ᠲᠤᠰᠬᠠᠶ ᠮᠡᠷᠭᠡᠵᠢᠯ᠎ᠤᠨ ᠠᠵᠢᠯᠲᠠᠨ᠎ᠤ ᠴᠢᠳᠠᠪᠤᠷᠢ ᠵᠢᠨ ᠵᠡᠷᠭᠡ ᠳᠡᠰ᠎ᠤᠨ ᠪᠣᠯᠪᠠᠰᠤᠷᠠᠯ᠎ᠤᠨ ᠬᠥᠲᠥᠯᠪᠦᠷᠢ》 (ᠲᠤᠷᠰᠢᠨ ᠬᠡᠷᠡᠭᠵᠢᠭᠦᠯᠬᠦ) ᠵᠢ ᠳᠠᠷᠤᠮᠠᠯᠯᠠᠨ ᠲᠠᠷᠬᠠᠭ᠋ᠠᠵᠤ᠂ ᠮᠠᠨ᠎ᠤ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭ᠋ᠠᠨ ᠮᠡᠷᠬᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠵᠤ᠂ ᠮᠡᠷᠭᠡᠵᠢᠯ᠎ᠢ ᠰᠢᠯᠵᠢᠭᠦᠯᠬᠦ ᠠᠵᠢᠯ ᠡᠷᠬᠢᠯᠡᠭᠰᠡᠳ᠎ᠤᠨ ᠲᠤᠰᠬᠠᠶ ᠮᠡᠷᠭᠡᠵᠢᠯ᠎ᠤᠨ ᠬᠡᠪ ᠴᠢᠨᠠᠷ ᠪᠣᠯᠤᠨ ᠦᠢ᠍ᠯᠡᠯᠲᠤᠯᠬᠡ ᠵᠢᠨ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠬᠠᠷᠠᠯᠲᠠ ᠪᠣᠯᠭ᠋ᠠᠨ᠂ ᠡᠯ᠎ᠡ ᠭᠠᠵᠠᠷ᠎ᠤᠨ ᠮᠡᠷᠭᠡᠵᠢᠯ᠎ᠢ ᠰᠢᠯᠵᠢᠬᠦᠯᠤᠨ ᠴᠢᠳᠠᠪᠤᠷᠢᠲᠠᠨ ᠬᠥᠮᠦᠵᠢᠭᠦᠯᠬᠦ ᠲᠤᠷᠰᠢᠯᠭ᠎ᠠ ᠵᠢ ᠳ᠋ᠦᠩᠨᠡᠭᠰᠡᠨ ᠰᠠᠭᠤᠷᠢᠨ ᠳᠡᠭᠡᠷ᠎ᠡ ᠰᠢᠨ᠎ᠡ ᠪᠠᠢ᠍ᠳᠠᠯ᠎ᠤᠨ ᠳᠣᠣᠷᠠᠬᠢ ᠮᠡᠷᠭᠡᠵᠢᠯ᠎ᠢ ᠰᠢᠯᠵᠢᠭᠦᠯᠬᠦ ᠰᠢᠨ᠎ᠡ ᠬᠡᠪ ᠵᠠᠭᠪᠤᠷ᠂ ᠰᠢᠨ᠎ᠡ ᠣᠨᠴᠠᠯᠢᠭ᠎ᠢ ᠠᠭᠤᠰᠤᠯᠴᠠᠭᠤᠯᠵᠤ᠂ ᠣᠨᠣᠯ ᠬᠢᠭᠡᠳ ᠦᠢ᠍ᠯᠡᠳᠦᠯᠭᠡ᠂ ᠤᠯᠤᠰ᠎ᠠᠴᠠ ᠳᠣᠲᠣᠭ᠋ᠠᠳᠤ ᠬᠢᠭᠡᠳ ᠣᠯᠠᠨ ᠤᠯᠤᠰ᠎ᠠᠴᠠ ᠤᠶᠠᠯᠳᠤᠯ᠎ᠢ ᠴᠢᠬᠤᠯᠠᠴᠢᠯᠠᠵᠤ᠂ 《ᠬᠥᠲᠥᠯᠪᠦᠷᠢ + ᠰᠠᠭᠤᠷᠢᠨ ᠭᠠᠵᠠᠷ + ᠵᠢᠭ᠋ᠠᠬᠤ ᠮᠠᠲ᠋ᠧᠷᠢᠶᠠᠯ + ᠪᠠᠭᠰᠢ》 ᠳᠥᠷᠪᠡ ᠵᠢ ᠨᠢᠭᠡ ᠴᠤᠭᠴᠠᠭᠤᠯᠤᠭᠰᠠᠨ ᠤᠯᠤᠰ᠎ᠠᠴᠠ ᠮᠡᠷᠭᠡᠵᠢᠯ᠎ᠢ ᠰᠢᠯᠵᠢᠭᠦᠯᠬᠦ ᠴᠢᠳᠠᠪᠤᠷᠢᠲᠠᠨ᠎ᠢ ᠬᠥᠮᠦᠵᠢᠭᠦᠯᠬᠦ ᠰᠢᠰᠲ᠋ᠧᠮᠵᠢ ᠵᠢ ᠲᠦᠷᠭᠡᠳᠬᠡᠨ ᠲᠡᠭᠦᠯᠲᠡᠷᠵᠢᠬᠦᠯᠤᠨᠡ᠃ ᠤᠯᠤᠰ᠎ᠤᠨ ᠮᠡᠷᠭᠡᠵᠢᠯ᠎ᠢ ᠰᠢᠯᠵᠢᠭᠦᠯᠬᠦ ᠴᠢᠳᠠᠪᠤᠷᠢᠲᠠᠨ᠎ᠢ ᠬᠥᠮᠦᠵᠢᠭᠦᠯᠬᠦ ᠰᠠᠭᠤᠷᠢᠨ ᠭᠠᠵᠠᠷ᠂ ᠮᠡᠷᠭᠡᠵᠢᠯ᠎ᠢ ᠰᠢᠯᠵᠢᠬᠦᠯᠬᠦ ᠦᠢ᠍ᠯᠡᠴᠢᠯᠡᠬᠡᠨ᠎ᠤ ᠪᠠᠶ᠋ᠢᠭᠤᠯᠤᠮᠵᠢ ᠵᠡᠷᠭᠡ ᠮᠡᠷᠭᠡᠵᠢᠯ᠎ᠢ ᠰᠢᠯᠵᠢᠭᠦᠯᠬᠦ ᠠᠵᠢᠯ ᠡᠷᠬᠢᠯᠡᠭᠰᠡᠳ᠎ᠤᠨ ᠪᠤᠯᠪᠠᠰᠣᠷᠠᠭᠤᠯᠤᠯ ᠰᠢᠯᠭ᠋ᠠᠯᠲᠠ ᠥᠷᠨᠢᠭᠦᠯᠬᠦ᠎ᠳᠤ ᠴᠢᠬᠤᠯᠠ ᠦᠨᠳᠦᠰᠦᠯᠡᠯ ᠬᠠᠩᠭ᠋ᠠᠪᠠ᠃ ᠳᠤᠮᠳᠠᠳᠤ ᠤᠯᠤᠰ᠎ᠠᠴᠠ ᠰᠢᠨᠵᠢᠯᠡᠬᠦ ᠤᠬᠠᠭ᠋ᠠᠨ᠎ᠤ ᠬᠦᠷᠢᠶᠡᠯᠡᠩ ᠪᠣᠯᠪᠠᠰᠤᠷᠠᠯ ᠬᠦᠷᠲᠡᠭᠰᠡᠨ ᠪᠥᠭᠡᠳ ᠬᠢᠨᠠᠨ ᠰᠢᠯᠭ᠋ᠠᠬᠤ᠎ᠪᠠᠷ ᠳᠠᠮᠵᠢᠨ᠂ 475 ᠬᠥᠮᠦᠨ 《ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠮᠡᠳᠡᠯᠭᠡ ᠵᠢᠨ ᠦᠮᠴᠢᠯᠡᠬᠦ ᠡᠷᠬᠡ ᠵᠢᠨ ᠲᠤᠰᠬᠠᠶ ᠲᠤᠰᠢᠶᠠᠯᠲᠠᠨ》᠎ᠤ ᠡᠩᠨᠡᠭᠡ ᠵᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠠᠵᠢᠯ᠎ᠢ ᠲᠤᠰᠬᠠᠶ᠋ᠢᠯᠠᠨ ᠬᠢᠪᠡ᠃
ᠰᠤᠷᠭ᠋ᠠᠨ ᠬᠥᠮᠦᠵᠢᠯ᠎ᠤᠨ ᠶᠠᠮᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠳᠤᠮᠳᠠᠳᠤ ᠤᠯᠤᠰ᠎ᠠᠴᠠ ᠰᠢᠨᠵᠢᠯᠡᠬᠦ ᠤᠬᠠᠭ᠋ᠠᠨ᠎ᠤ ᠬᠦᠷᠢᠶᠡᠯᠡᠩ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠳᠤᠮᠳᠠᠳᠤ ᠤᠯᠤᠰ᠎ᠠᠴᠠ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠨᠠᠩ ᠲᠡᠭᠦᠯᠳᠡᠷᠵᠢᠭᠰᠡᠨ ᠴᠢᠬᠤᠯᠠ ᠡᠯᠸᠮᠸᠨᠲᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠᠶ᠋ᠢᠭᠤᠯᠤᠯ ᠲᠣᠭᠲᠠᠴᠠ ᠵᠢ ᠪᠠᠶ᠋ᠢᠭᠤᠯᠬᠤ ᠲᠤᠬᠠᠶ ᠰᠠᠨᠠᠯ》᠎ᠢ ᠦᠷᠭᠦᠯᠵᠢᠯᠡᠨ ᠭᠦᠨᠵᠡᠭᠡᠶ ᠨᠠᠢ᠍ᠳᠠᠪᠤᠷᠢᠵᠢᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠠᠵᠢᠯ᠎ᠤᠨ ᠳᠤᠮᠳᠠᠬᠢ ᠮᠡᠷᠬᠡᠵᠢᠯ᠎ᠤᠨ ᠳᠠᠭ᠋ᠠᠭ᠋ᠠᠮᠠᠯ᠎ᠤᠨ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠭᠠᠳᠠᠭ᠋ᠠᠳᠤ ᠵᠢᠨ ᠰᠠᠶ᠋ᠢᠨ ᠠᠷᠭ᠎ᠠ ᠪᠠᠷᠢᠯ ᠵᠶ᠋ᠠᠷ ᠲᠣᠯᠢ ᠪᠣᠯᠭ᠋ᠠᠵᠤ᠂ ᠤᠯᠤᠰ᠎ᠤᠨ ᠳᠣᠲᠣᠭ᠋ᠠᠳᠤ ᠵᠢᠨ ᠣᠯᠤᠭᠰᠠᠨ ᠠᠮᠵᠢᠯᠲᠠ ᠵᠢ ᠳ᠋ᠦᠩᠨᠡᠵᠦ᠂ ᠦᠵᠦ ᠲᠥᠯᠥᠪᠯᠡᠭᠡ ᠪᠠ ᠰᠢᠰᠲ᠋ᠧᠮ᠎ᠤᠨ ᠪᠠᠶ᠋ᠢᠷᠢᠯᠠᠭᠤᠯᠤᠯᠲᠠ ᠵᠢ ᠴᠢᠩᠭ᠋ᠠᠳᠬᠠᠵᠤ᠂ ᠮᠡᠷᠭᠡᠵᠢᠯ᠎ᠤᠨ ᠳᠠᠭ᠋ᠠᠭ᠋ᠠᠮᠠᠯᠤ ᠲᠤᠰᠬᠠᠶ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠴᠢᠩᠭ᠋ᠠᠳᠬᠠᠬᠤ ᠠᠵᠢᠯᠯᠠᠭ᠋ᠠᠨ᠎ᠤ ᠲᠥᠯᠥᠪᠯᠡᠭᠡ ᠪᠤᠶᠤ ᠵᠢᠯᠣᠭᠣᠳᠬᠤ ᠰᠠᠨᠠᠯ᠎ᠢ ᠰᠤᠳᠤᠯᠤᠨ ᠲᠣᠭᠲᠠᠭ᠋ᠠᠵᠤ᠂ ᠮᠡᠷᠭᠡᠵᠢᠯ᠎ᠤᠨ ᠳᠠᠭ᠋ᠠᠭ᠋ᠠᠮᠠᠯ᠎ᠤᠨ ᠲᠤᠰᠬᠠᠶ ᠮᠡᠷᠭᠡᠵᠢᠯ᠎ᠤᠨ ᠬᠥᠮᠦᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠤᠯᠤᠰ᠎ᠤᠨ ᠮᠡᠷᠭᠡᠵᠢᠯ᠎ᠢ ᠰᠢᠯᠵᠢᠭᠦᠯᠬᠦ ᠴᠢᠳᠠᠪᠤᠷᠢᠲᠠᠨ᠎ᠤ ᠡᠩᠨᠡᠭᠡ ᠵᠢ ᠲᠦᠷᠭᠡᠪᠴᠢᠯᠡᠨ ᠬᠥᠮᠦᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠵᠢ ᠲᠦᠷᠭᠡᠳᠬᠡᠨ᠎ᠡ᠃
ᠲᠠᠨ᠎ᠤ ᠰᠤᠷᠭ᠋ᠠᠨ ᠬᠥᠮᠦᠵᠢᠯ᠎ᠤᠨ ᠦᠢ᠍ᠯᠡᠰ᠎ᠢ ᠬᠠᠯᠠᠮᠵᠢᠯᠠᠨ ᠳᠡᠮᠵᠢᠭᠰᠡᠨ᠎ᠳᠤ ᠲᠠᠯᠠᠷᠬᠠᠵᠤ ᠪᠠᠢ᠍ᠨ᠎ᠠ᠃
ᠰᠤᠷᠭ᠋ᠠᠨ ᠬᠥᠮᠦᠵᠢᠯ᠎ᠤᠨ ᠶᠠᠮᠤᠨ
2020 ᠣᠨ᠎ᠤ 9 ᠰᠠᠷ᠎ᠠ ᠵᠢᠨ 30᠎ᠤ ᠡᠳᠦᠷ