ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠬᠠᠮᠠᠭ᠋ᠠᠯᠠᠯᠲᠠ
ᠮᠣᠩᠭᠣᠯ ᠡᠮ ᠡᠮᠨᠡᠯᠭᠡ ᠪᠣᠯ ᠮᠠᠨ᠎ᠤ ᠤᠯᠤᠰ᠎ᠠᠴᠠ ᠳᠥᠷᠪᠡᠨ ᠶᠡᠬᠡ ᠴᠥᠭᠡᠨ ᠲᠣᠭ᠋ᠠᠲᠤ ᠦᠨᠳᠦᠰᠦᠲᠡᠨ᠎ᠤ ᠡᠮ ᠡᠮᠨᠡᠯᠭᠡ ᠵᠢᠨ ᠰᠢᠰᠲ᠋ᠧᠮ᠎ᠤᠨ ᠨᠢᠭᠡ ᠪᠣᠯᠤᠨ᠎ᠠ᠂ ᠮᠣᠩᠭᠣᠯ ᠦᠨᠳᠦᠰᠦᠲᠡᠨ᠎ᠤ ᠤᠯᠠᠮᠵᠢᠯᠠᠯᠲᠤ ᠨᠡᠭᠦᠳᠡᠯ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠮᠥᠨ ᠪᠥᠭᠡᠳ ᠮᠣᠩᠭᠣᠯ ᠦᠨᠳᠦᠰᠦᠲᠡᠨ᠎ᠤ ᠠᠷᠠᠳ ᠲᠦᠮᠡᠨ᠎ᠤ ᠥᠨᠢ ᠤᠳᠠᠭ᠋ᠠᠨ ᠵᠢᠯ᠎ᠤᠨ ᠲᠤᠷᠰᠢ ᠪᠠᠶ᠋ᠢᠭ᠋ᠠᠯᠢ ᠪᠠ ᠡᠪᠡᠳᠴᠢᠨ ᠡᠮᠭᠡᠭ᠎ᠲᠠᠢ ᠲᠡᠮᠡᠴᠡᠭᠰᠡᠨ ᠤᠷᠲᠤ ᠬᠤᠭᠤᠴᠠᠭ᠋ᠠᠨ᠎ᠤ ᠦᠢ᠍ᠯᠡᠳᠦᠯᠭᠡ ᠳᠤᠮᠳᠠ ᠡᠭᠦᠳᠦᠨ ᠪᠦᠲᠦᠭᠡᠵᠦ᠂ ᠬᠤᠷᠠᠮᠳᠤᠭᠤᠯᠤᠭᠰᠠᠨ ᠪᠠ ᠨᠠᠷᠢᠨ ᠰᠣᠩᠭᠣᠵᠤ ᠭᠠᠷᠭ᠋ᠠᠭᠰᠠᠨ ᠥᠪᠡᠷᠮᠢᠴᠡ ᠬᠡᠪ ᠨᠠᠮᠪᠠ ᠪᠦᠬᠦᠢ ᠲᠤᠷᠰᠢᠯᠭ᠎ᠠ ᠵᠢᠨ ᠬᠤᠷᠠᠮᠳᠤᠯᠭ᠎ᠠ ᠪᠠ ᠤᠶᠤᠨ ᠤᠬᠠᠭ᠋ᠠᠨ᠎ᠤ ᠳ᠋ᠦᠩᠨᠡᠯᠲᠡ ᠮᠥᠨ᠃ ᠮᠣᠩᠭᠣᠯ ᠡᠮ ᠡᠮᠨᠡᠯᠭᠡ ᠪᠣᠯ ᠬᠠᠷᠢᠴᠠᠩᠭᠤᠶ ᠳᠠᠪᠠᠭᠤᠯᠢᠭ ᠪᠠ ᠣᠨᠴᠠᠯᠢᠭ᠎ᠲᠠᠢ ᠠᠵᠤ ᠦᠢ᠍ᠯᠡᠰ ᠪᠣᠯᠤᠨ᠎ᠠ᠂ ᠬᠦᠢ᠍ᠲᠡᠨ ᠡᠪᠡᠳᠴᠢᠨ᠂ ᠶᠠᠰᠤᠨ᠎ᠤ ᠭᠡᠮᠲᠦᠯ᠂ ᠬᠣᠳᠣᠭᠣᠳᠣ ᠭᠡᠳᠡᠰᠦᠨ᠎ᠤ ᠡᠪᠡᠳᠴᠢᠨ᠂ ᠵᠢᠷᠦᠬᠡ ᠲᠠᠷᠢᠬᠢ ᠴᠢᠰᠤᠨ ᠰᠤᠳᠠᠯ᠎ᠤᠨ ᠡᠪᠡᠳᠴᠢᠨ ᠵᠡᠷᠭᠡ ᠵᠢ ᠵᠠᠰᠠᠬᠤ ᠲᠠᠯ᠎ᠠ᠎ᠪᠠᠷ ᠥᠪᠡᠷᠮᠢᠴᠡ ᠡᠮᠴᠢᠯᠡᠭᠡᠨ᠎ᠤ ᠠᠴᠢ ᠲᠤᠰᠠᠲᠠᠢ᠂ ᠯᠤᠲᠤ ᠶᠡᠬᠡ ᠠᠵᠤ ᠠᠬᠤᠢ ᠵᠢᠨ ᠦᠨ᠎ᠡ ᠴᠡᠨ᠎ᠡ᠎ᠲᠠᠢ ᠪᠠᠶ᠋ᠢᠳᠠᠭ᠃ ᠡᠳᠦᠭᠡ ᠭᠣᠤᠯᠳᠠᠭᠤ ᠮᠠᠨ᠎ᠤ ᠤᠯᠤᠰ᠂ ᠮᠣᠩᠭᠣᠯ ᠤᠯᠤᠰ᠂ ᠣᠷᠣᠰ ᠵᠡᠷᠭᠡ ᠤᠯᠤᠰ᠎ᠲᠤ ᠥᠷᠭᠡᠨ ᠵᠶ᠋ᠠᠷ ᠬᠡᠷᠡᠭᠯᠡᠭᠳᠡᠵᠦ ᠪᠠᠢ᠌ᠨ᠎ᠠ᠃
ᠳᠡᠯᠡᠬᠡᠶ ᠳᠡᠭᠡᠷ᠎ᠡ ᠭᠠᠷᠤᠭᠰᠠᠨ᠎ᠤ ᠳᠠᠷᠠᠭ᠎ᠠ᠂ ᠮᠡᠳᠡᠯᠭᠡ ᠵᠢᠨ ᠥᠮᠴᠢᠯᠡᠬᠦ ᠡᠷᠬᠡ ᠵᠢᠨ ᠰᠢᠨ᠎ᠡ ᠳᠦᠷᠢᠮ (Trips ᠬᠡᠯᠡᠯᠴᠡᠭᠡᠷ)᠎ᠨᠢ ᠮᠠᠨ᠎ᠤ ᠤᠯᠤᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠲᠤ ᠤᠷᠢᠳ ᠡᠮᠦᠨ᠎ᠡ ᠪᠠᠶ᠋ᠢᠭ᠎ᠠ ᠥᠬᠡᠶ ᠥᠷᠢᠰᠥᠯᠳᠦᠭᠡᠨ ᠲᠤᠯᠭ᠋ᠠᠷᠠᠵᠤ ᠪᠠᠶ᠋ᠢᠨ᠎ᠠ᠃ ᠭᠡᠪᠡᠴᠦ᠂ ᠮᠠᠨ᠎ᠤ ᠥᠪᠡᠷᠮᠢᠴᠡ ᠳᠠᠪᠠᠭᠤᠯᠢᠭ ᠪᠠ ᠬᠦᠴᠦᠷᠬᠡᠭ ᠶᠡᠬᠡ ᠥᠷᠢᠰᠦᠯᠳᠦᠬᠦ ᠬᠦᠴᠦᠨ᠎ᠲᠠᠢ ᠮᠣᠩᠭᠣᠯ ᠡᠮ ᠡᠮᠨᠡᠯᠬᠡ ᠵᠢᠨ ᠠᠵᠤ ᠦᠢ᠍ᠯᠡᠰ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠠᠰᠠᠭᠤᠳᠠᠯ ᠪᠣᠯ ᠦᠷᠢᠰᠤᠯᠲᠡᠬᠡᠨᠠᠴᠠ ᠶᠡᠬᠡ ᠪᠠᠶ᠋ᠢᠳᠠᠭ᠃ ᠦᠷ᠎ᠡ ᠵᠢᠨ ᠵᠢᠯ᠎ᠳᠤ᠂ ᠤᠯᠤᠰ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠮᠣᠩᠭᠣᠯ ᠡᠮ ᠡᠮᠨᠡᠯᠭᠡ ᠵᠢᠴᠢ ᠲᠡᠭᠦᠨ᠎ᠤ ᠣᠯᠠᠮᠵᠢᠯᠡᠲᠤ ᠮᠡᠳᠡᠯᠭᠡ ᠵᠢ ᠬᠠᠮᠠᠭ᠋ᠠᠯᠠᠬᠤ ᠲᠠᠯ᠎ᠠ᠎ᠪᠠᠷ᠎ᠬᠢ ᠣᠷᠣᠭᠤᠯᠤᠯᠲᠠ᠎ᠪᠠᠨ ᠨᠡᠮᠡᠭᠳᠡᠭᠦᠯᠬᠦ ᠵᠢᠨ ᠬᠠᠮᠲᠤ ᠮᠣᠩᠭᠣᠯ ᠡᠮ ᠡᠮᠨᠡᠯᠭᠡ ᠵᠢᠨ ᠲᠡᠬᠡᠲᠤ ᠳᠡᠰ᠂ ᠣᠳᠣᠬᠢᠴᠢᠯᠠᠯᠲᠠ ᠵᠢ ᠠᠬᠢᠭᠤᠯᠵᠤ᠂ ᠮᠣᠩᠭᠣᠯ ᠡᠮ ᠡᠮᠨᠡᠯᠭᠡ ᠵᠢᠨ ᠪᠦᠬᠦ ᠤᠯᠤᠰ ᠪᠠ ᠤᠯᠤᠰ᠎ᠠᠴᠠ ᠭᠠᠷᠴᠤ ᠶᠠᠪᠤᠬᠤ ᠵᠢ ᠠᠬᠢᠭᠤᠯᠤᠨ᠎ᠠ᠃ ᠣᠯᠠᠨ ᠤᠯᠤᠰ᠎ᠤᠨ ᠠᠷᠠᠯᠵᠢᠶᠠᠨ᠎ᠤ ᠬᠥᠭᠵᠢᠯᠲᠡ ᠵᠢ ᠠᠬᠢᠭᠤᠯᠬᠤ ᠶᠠᠪᠤᠴᠠ᠎ᠳᠤ᠂ ᠮᠣᠩᠭᠣᠯ ᠡᠮ ᠡᠮᠨᠡᠯᠭᠡ ᠵᠢᠨ ᠮᠡᠲᠡᠯᠬᠡ ᠵᠢᠨ ᠥᠮᠴᠢᠯᠡᠬᠦ ᠡᠷᠬᠡ ᠵᠢᠨ ᠡᠭᠦᠳᠦᠨ ᠪᠦᠲᠦᠭᠡᠬᠦ᠂ ᠬᠠᠮᠠᠭ᠋ᠠᠯᠠᠬᠤ ᠪᠠ ᠬᠡᠷᠡᠭᠯᠡᠬᠦ ᠴᠢᠲᠠᠪᠤᠷᠢ ᠵᠢ ᠳᠡᠭᠡᠭᠰᠢᠯᠡᠭᠦᠯᠬᠦ ᠪᠣᠯ ᠳᠠᠷᠤᠶ ᠪᠢᠳᠡᠨ᠎ᠤ ᠠᠳᠬᠤᠬᠤ ᠬᠡᠷᠡᠭᠲᠡᠶ ᠠᠵᠠ ᠲᠣᠬᠢᠶᠠᠯ ᠪᠣᠯᠤᠨ᠎ᠠ᠃ ᠬᠡᠷᠪᠡ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠠᠰᠠᠭᠤᠳᠠᠯ᠎ᠢ ᠰᠢᠢ᠍ᠳᠪᠤᠷᠢᠯᠡᠬᠦ ᠦᠭᠡᠢ ᠪᠣᠯ ᠮᠣᠩᠭᠣᠯ ᠡᠮ ᠡᠮᠨᠡᠯᠭᠡ ᠵᠢᠴᠢ ᠲᠡᠭᠦᠨ᠎ᠤ ᠤᠯᠠᠮᠵᠢᠯᠠᠯᠲᠤ ᠮᠡᠳᠡᠯᠭᠡ᠎ᠨᠢ ᠬᠢᠲᠠᠳ ᠡᠮ ᠡᠮᠨᠡᠯᠭᠡ ᠵᠢᠨ ᠠᠮᠰᠠᠭᠰᠠᠨ ᠭᠠᠲᠠᠭ᠋ᠠᠲᠣ ᠵᠢᠨ ᠡᠮ ᠦᠢ᠍ᠯᠡᠳᠬᠦ ᠠᠵᠤ ᠠᠬᠤᠶ᠋ᠢᠯᠠᠯ᠎ᠤᠨ 《ᠬᠡᠪᠯᠡᠯ ᠬᠤᠯᠠᠭ᠋ᠠᠶ᠋ᠢᠯᠠᠬᠤ》 ᠪᠠᠶ᠋ᠢᠳᠠᠯ᠎ᠳᠤ ᠲᠤᠯᠭ᠋ᠠᠷᠠᠵᠤ᠂ ᠮᠣᠩᠭᠣᠯ ᠡᠮ ᠡᠮᠨᠡᠯᠭᠡ ᠵᠢᠨ ᠪᠦᠲᠦᠭᠡᠭᠳᠡᠬᠦᠨ ᠳᠡᠯᠡᠬᠡᠶ ᠵᠢᠨ ᠵᠠᠬ᠎ᠠ ᠳᠡᠯᠭᠡᠭᠦᠷ᠎ᠲᠤ ᠣᠷᠣᠬᠤ ᠦᠶ᠎ᠡ᠎ᠳᠤ ᠲᠣᠰ ᠪᠠᠶ᠎ᠡ ᠵᠢᠨ ᠠᠰᠢᠭ ᠲᠤᠰᠠ᠎ᠪᠠᠨ ᠬᠠᠮᠠᠭ᠋ᠠᠯᠠᠬᠤ᠎ᠳᠤ ᠪᠡᠷᠬᠡ ᠪᠣᠯᠤᠨ᠎ᠠ᠃ ᠡᠭᠦᠨ᠎ᠠᠴᠠ ᠪᠣᠯᠵᠤ ᠮᠣᠩᠭᠣᠯ ᠡᠮ ᠡᠮᠨᠡᠯᠭᠡ ᠵᠢᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠵᠢᠴᠢ ᠤᠯᠠᠮᠵᠢᠯᠠᠯᠲᠤ ᠮᠡᠳᠡᠯᠭᠡ ᠡᠳ᠋ ᠪᠠᠶᠠᠯᠢᠭ᠎ᠢ ᠠᠯᠳᠠᠭᠳᠠᠭᠤᠯᠬᠤ ᠪᠣᠯᠤᠨ᠎ᠠ᠃ ᠮᠣᠩᠭᠣᠯ ᠡᠮ ᠡᠮᠨᠡᠯᠭᠡ ᠵᠢᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠵᠢᠴᠢ ᠤᠯᠠᠮᠵᠢᠯᠠᠯᠲᠤ ᠮᠡᠳᠡᠯᠭᠡ ᠡᠳ᠋ ᠪᠠᠶᠠᠯᠢᠭ᠎ᠲᠤ ᠮᠡᠳᠡᠯᠭᠡ ᠵᠢᠨ ᠥᠮᠴᠢᠯᠡᠬᠦ ᠡᠷᠬᠡ ᠵᠢᠨ ᠪᠦᠲᠦᠮᠵᠢᠲᠡᠶ ᠬᠠᠮᠠᠭ᠋ᠠᠯᠠᠯᠲᠠ ᠬᠠᠩᠭ᠋ᠠᠵᠤ᠂ ᠳᠡᠯᠡᠬᠡᠶ ᠵᠢᠨ ᠬᠡᠪᠴᠢᠶᠡᠨ᠎ᠳᠤ ᠦᠨᠳᠦᠰᠦᠲᠡᠨ᠎ᠤ ᠰᠣᠶᠣᠯ᠎ᠢ ᠪᠠᠳᠠᠷᠠᠭᠤᠯᠬᠤ᠎ᠳᠤ ᠠᠰᠢᠭᠲᠠᠶ ᠮᠥᠷᠲᠡᠭᠡᠨ ᠮᠣᠩᠭᠣᠯ ᠡᠮ ᠡᠮᠨᠡᠯᠭᠡ ᠵᠢᠨ ᠠᠵᠤ ᠦᠢ᠍ᠯᠡᠰ᠎ᠤᠨ ᠠᠵᠤ ᠠᠬᠤᠶ ᠵᠢᠨ ᠰᠢᠨ᠎ᠡ ᠨᠡᠮᠡᠭᠳᠡᠯ᠎ᠤᠨ ᠴᠡᠭ ᠪᠣᠯᠬᠤ ᠵᠢ ᠠᠬᠢᠭᠤᠯᠵᠤ ᠴᠢᠳᠠᠨ᠎ᠠ᠃
ᠮᠣᠩᠭᠣᠯ ᠡᠮ ᠡᠮᠨᠡᠯᠭᠡ ᠶᠠᠭ ᠰᠠᠶ᠋ᠢᠬᠠᠨ ᠰᠠᠶ᠋ᠢᠨ ᠰᠠᠶ᠋ᠢᠬᠠᠨ ᠣᠷᠴᠢᠨ ᠲᠣᠭᠣᠷᠢᠨ ᠪᠠ ᠬᠥᠭᠵᠢᠯᠲᠡ ᠵᠢᠨ ᠠᠵᠠ ᠲᠣᠬᠢᠶᠠᠯ ᠢ ᠥᠩᠭᠡᠷᠡᠭᠦᠯᠵᠦ᠂ ᠮᠣᠩᠭᠣᠯ ᠡᠮ ᠡᠮᠨᠡᠯᠭᠡ ᠵᠢᠨ ᠣᠳᠣᠬᠢᠴᠢᠯᠠᠯᠲᠠ᠂ ᠠᠵᠤ ᠦᠶ᠋ᠢᠯᠡᠰᠵᠢᠯᠲᠡ ᠪᠠᠷᠢᠮᠵᠢᠶᠠᠭᠤᠯᠤᠯᠲᠠ᠂ ᠳᠡᠯᠡᠬᠡᠶ᠋ᠢᠵᠢᠯᠲᠡ ᠵᠢᠨ ᠪᠠᠶ᠋ᠢᠳᠠᠯ ᠬᠥᠭᠵᠢᠯ ᠪᠠᠳᠠᠷᠠᠯ ᠵᠶ᠋ᠠᠷ ᠪᠢᠯᠬᠠᠵᠤ ᠪᠠᠶ᠋ᠢᠨ᠎ᠠ᠃ ᠭᠡᠲᠡᠯ᠎ᠡ᠂ ᠡᠨᠡ ᠬᠦ᠌ ᠬᠥᠭᠵᠢᠯ ᠪᠠᠳᠠᠷᠠᠯ᠎ᠤᠨ ᠬᠥᠭᠵᠢᠯᠲᠡ ᠵᠢᠨ ᠪᠠᠶ᠋ᠢᠳᠠᠯ ᠳᠣᠤᠷ᠎ᠠ᠂ ᠮᠣᠩᠭᠣᠯ ᠡᠮ ᠡᠮᠨᠡᠯᠭᠡ᠎ᠨᠢ ᠬᠠᠷᠢᠨ ᠮᠣᠩᠭᠣᠯ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠥᠷᠢᠰᠥᠯᠳᠦᠬᠦ ᠬᠦᠴᠦᠨ ᠬᠦᠷᠦᠯᠴᠡᠬᠦ ᠥᠬᠡᠶ᠂ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠭᠰᠠᠨ ᠥᠬᠡᠶ ᠵᠡᠷᠭᠡ ᠠᠰᠠᠭᠤᠳᠠᠯ ᠨᠢᠭᠤᠭᠳᠠᠵᠤ ᠪᠠᠶ᠋ᠢᠨ᠎ᠠ᠃ ᠮᠠᠨ᠎ᠤ ᠤᠯᠤᠰ᠎ᠤᠨ ᠦᠨᠳᠦᠰᠦᠲᠡᠨ᠎ᠤ ᠡᠮ ᠡᠮᠨᠡᠯᠭᠡ ᠵᠢᠨ ᠨᠠᠷᠠᠲᠤ ᠲᠥᠷᠥᠯ ᠲᠡᠮᠳᠡᠭᠲᠦ ᠵᠢᠨ ᠬᠠᠮᠠᠭ᠋ᠠᠯᠠᠯᠲᠠ ᠵᠢᠨ ᠪᠠᠢ᠌ᠲᠠᠯ᠎ᠢ ᠠᠵᠢᠭᠯᠠᠪᠠᠯ᠂ ᠢᠯᠠᠩᠭᠤᠶ᠎ᠠ ᠲᠥᠪᠡᠳ ᠡᠮ ᠡᠮᠨᠡᠯᠭᠡ᠎ᠪᠠᠷ ᠳᠠᠪᠠᠭᠤᠯᠢᠭ ᠪᠣᠯᠭ᠋ᠠᠨ᠎ᠠ᠃ ᠲᠥᠪᠡᠳ ᠡᠮ ᠡᠮᠨᠡᠯᠭᠡ᠎ᠨᠢ ᠲᠥᠪᠡᠳ ᠡᠮ ᠡᠮᠨᠡᠯᠭᠡ ᠵᠢ ᠠᠬᠢᠭᠤᠯᠬᠤ ᠨᠡᠶ᠋ᠢᠭᠡᠮᠯᠢᠭ᠎ᠤᠨ ᠠᠬᠢᠭᠤᠯᠤᠯ ᠵᠶ᠋ᠠᠷ ᠤᠷᠢᠳ ᠭᠤᠵᠢᠳ 《ᠵᠢᠨ ᠢᠦᠶ》᠂ 《ᠴᠢ ᠵᠧᠩ》 ᠵᠡᠷᠭᠡ ᠤᠯᠤᠰ᠎ᠤᠨ ᠳᠣᠲᠣᠭ᠋ᠠᠳᠤ᠎ᠳᠤ ᠠᠯᠳᠠᠷᠲᠠᠶ ᠲᠥᠪᠡᠳ ᠡᠮ ᠡᠮᠨᠡᠯᠭᠡ ᠵᠢᠨ ᠦᠢ᠍ᠯᠡᠳᠪᠤᠷᠢᠯᠡᠯ᠎ᠤᠨ ᠠᠵᠤ ᠠᠬᠤᠶ᠋ᠢᠯᠠᠯ ᠪᠠ ᠨᠠᠷᠠᠲᠤ ᠲᠡᠮᠳᠡᠭ ᠪᠣᠶ ᠪᠣᠯᠵᠠᠶ᠃ ᠶᠠᠭ ᠡᠳᠡᠭᠡᠷ ᠲᠦᠷᠦᠯ ᠲᠡᠮᠳᠡᠭ᠎ᠤᠨ ᠬᠦᠴᠦᠨ ᠴᠢᠳᠠᠯ᠎ᠨᠢ ᠪᠦᠬᠦᠶ᠋ᠢᠯᠡ ᠲᠥᠪᠡᠳ ᠦᠨᠳᠦᠰᠦᠲᠡᠨ᠎ᠤ ᠡᠮ ᠡᠮᠨᠡᠯᠭᠡ ᠵᠢᠨ ᠰᠤᠶᠤᠯ᠎ᠤᠨ ᠤᠯᠠᠮᠵᠢᠯᠠᠭᠳᠠᠨ ᠴᠡᠴᠡᠭᠯᠡᠬᠦ ᠵᠢ ᠳᠠᠶ᠋ᠢᠴᠢᠯᠠᠭᠰᠠᠨ ᠪᠠᠶ᠋ᠢᠨ᠎ᠠ᠃ ᠲᠥᠪᠡᠳ ᠡᠮ ᠡᠮᠨᠡᠯᠭᠡ᠎ᠨᠢ ᠨᠡᠷᠡᠲᠦ ᠲᠡᠮᠳᠡᠭᠲᠦ᠎ᠪᠠᠷ ᠪᠠᠷᠠᠬᠤ ᠦᠭᠡᠢ ᠡᠮ ᠡᠮᠨᠡᠯᠭᠡ ᠵᠢᠨ ᠤᠬᠠᠭ᠋ᠠᠨ᠎ᠤ ᠰᠣᠶᠣᠯ᠎ᠤᠨ ᠬᠥᠭᠵᠢᠯᠲᠡ ᠵᠢ ᠠᠬᠢᠭᠤᠯᠵᠤ᠂ ᠪᠦᠬᠦᠯᠢ ᠴᠣᠭᠴᠠ ᠵᠢᠨ ᠠᠵᠤ ᠦᠢ᠍ᠯᠡᠰ᠎ᠤᠨ ᠬᠡᠯᠬᠢᠶ᠎ᠡ ᠵᠢ ᠪᠦᠷᠢᠯᠳᠦᠭᠦᠯᠵᠡᠶ᠃ ᠲᠥᠪᠡᠳ ᠦᠨᠳᠦᠰᠦᠲᠡᠨ᠎ᠤ ᠨᠥᠯᠥᠭᠡᠯᠡᠬᠦ ᠬᠦᠴᠦᠨ᠎ᠢ ᠥᠷᠭᠡᠳᠬᠡᠵᠦ᠂ ᠲᠥᠪᠡᠳ ᠣᠷᠣᠨ᠎ᠤ ᠠᠵᠤ ᠠᠬᠤᠶ ᠵᠢ ᠴᠡᠴᠡᠭᠯᠡᠭᠦᠯᠦᠨ ᠬᠥᠭᠵᠢᠭᠦᠯᠪᠡ᠃ ᠵᠢᠱ᠌ᠢᠶᠡᠯᠡᠪᠡᠯ ᠡᠯ᠎ᠡ ᠶᠡᠬᠡ ᠳᠤᠮᠳᠠ ᠬᠣᠲᠠ ᠬᠤᠷ᠎ᠠ ᠵᠢᠨ ᠳᠠᠷᠠᠭ᠋ᠠᠬᠢ ᠬᠤᠯᠤᠰᠤᠨ ᠰᠦᠶ᠎ᠡ ᠮᠡᠲᠦ ᠪᠠᠶ᠋ᠢᠭᠤᠯᠤᠭᠳᠠᠭᠰᠠᠨ ᠲᠥᠪᠡᠳ ᠡᠮ ᠡᠮᠨᠡᠯᠭᠡ ᠵᠢᠨ ᠣᠷᠳᠣᠨ ᠡᠨᠡ ᠪᠣᠯ ᠲᠥᠪᠡᠳ ᠦᠨᠳᠦᠰᠦᠲᠡᠨ᠎ᠤ ᠰᠣᠶᠣᠯ᠎ᠤᠨ ᠤᠬᠠᠭᠤᠯᠭ᠎ᠠ ᠵᠢᠨ ᠴᠣᠩᠬᠣ ᠮᠥᠨ᠃ ᠬᠡᠪᠴᠢᠶ᠎ᠡ᠎ᠪᠠᠷ ᠯᠤᠲᠤ ᠶᠡᠬᠡ ᠲᠥᠪᠡᠳ ᠡᠮ᠎ᠤᠨ ᠦᠢ᠍ᠯᠡᠳᠪᠤᠷᠢᠯᠡᠯ᠎ᠤᠨ ᠰᠠᠭᠤᠷᠢᠨ ᠭᠠᠵᠠᠷ᠎ᠨᠢ ᠠᠵᠤ ᠠᠬᠤᠶ ᠵᠢᠨ ᠦᠨ᠎ᠡ ᠥᠷᠲᠡᠭ᠎ᠢ ᠡᠭᠦᠳᠴᠡᠶ᠃ ᠤᠯᠤᠰ᠎ᠤᠨ ᠭᠠᠶ᠋ᠢᠯᠢ ᠲᠠᠲᠠᠪᠤᠷᠢ᠂ ᠲᠥᠪᠡᠳ ᠦᠨᠳᠦᠰᠦᠲᠡᠨ᠎ᠤ ᠠᠨᠠᠭ᠋ᠠᠬᠤ ᠤᠬᠠᠭ᠋ᠠᠨ᠎ᠤ ᠴᠢᠳᠠᠪᠤᠷᠢᠲᠠᠨ᠎ᠳᠤ ᠳᠡᠯᠭᠡᠨ ᠦᠵᠡᠬᠦᠯᠬᠦ ᠲᠠᠪᠴᠠᠩ ᠬᠠᠩᠭ᠋ᠠᠪᠠ ᠃ ᠮᠠᠨ᠎ᠤ ᠮᠣᠩᠭᠣᠯ ᠦᠨᠳᠦᠰᠦᠲᠡᠨ᠎ᠤ ᠡᠮ ᠡᠮᠨᠡᠯᠭᠡ ᠵᠢᠨ ᠠᠵᠤ ᠠᠬᠤᠶ᠋ᠢᠯᠠᠯ᠎ᠢ ᠤᠷᠪᠠᠭᠤᠯᠵᠤ ᠦᠵᠡᠪᠡᠯ᠂ ᠬᠡᠪᠴᠢᠶ᠎ᠡ᠎ᠨᠢ ᠪᠠᠭ᠎ᠠ᠂ ᠳᠡᠰ ᠳᠠᠪᠬᠤᠷᠭ᠎ᠠ᠎ᠨᠢ ᠳᠣᠤᠷ᠎ᠠ᠂ ᠨᠡᠷᠡᠲᠦ ᠲᠥᠷᠥᠯ ᠲᠡᠮᠳᠡᠭ᠎ᠨᠢ ᠪᠠᠭ᠎ᠠ᠂ ᠰᠢᠨ᠎ᠡ ᠵᠢ ᠡᠭᠦᠳᠬᠦ ᠴᠢᠳᠠᠪᠤᠷᠢ᠎ᠨᠢ ᠪᠠᠭᠤᠷᠠᠶ᠂ ᠲᠠᠷᠬᠠᠯᠲᠠ᠎ᠨᠢ ᠲᠠᠷᠠᠬᠠᠶ ᠪᠤᠲᠠᠷᠬᠠᠶ᠂ ᠵᠢᠯᠣᠭᠣᠳᠬᠤ ᠴᠢᠨᠠᠷ ᠦᠭᠡᠢ ᠵᠡᠷᠭᠡ ᠭᠠᠭᠴᠠᠭ᠋ᠠᠷ ᠵᠶ᠋ᠠᠷ ᠪᠠᠶ᠋ᠢᠯᠳᠤᠬᠤ ᠪᠠᠢ᠍ᠳᠠᠯ᠎ᠳᠤ ᠣᠷᠣᠰᠢᠵᠤ᠂ ᠨᠥᠯᠥᠭᠡᠯᠡᠬᠦ ᠬᠦᠴᠦᠨ ᠪᠣᠯᠤᠨ ᠠᠵᠤ ᠦᠢ᠍ᠯᠡᠰ᠎ᠤᠨ ᠲᠥᠪᠯᠡᠷᠡᠯᠤ ᠦᠷᠢᠯᠳᠦᠭᠦᠯᠦᠭᠡᠳᠦᠶ ᠪᠠᠶ᠋ᠢᠭᠰᠠᠭ᠋ᠠᠷ᠃
ᠮᠣᠩᠭᠣᠯ ᠡᠮ ᠡᠮᠨᠡᠯᠭᠡ ᠪᠠᠰᠠ ᠮᠡᠳᠡᠯᠭᠡ ᠵᠢᠨ ᠥᠮᠴᠢᠯᠡᠬᠦ ᠡᠷᠬᠡ ᠵᠢᠨ ᠬᠠᠮᠠᠭ᠋ᠠᠯᠠᠯᠲᠠ ᠠᠰᠢᠭ ᠦᠬᠡᠢ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠡᠭᠦᠯᠳᠡᠷ ᠪᠤᠰᠤ ᠪᠠᠢ᠌ᠬᠤ ᠲᠦᠭᠰᠢᠭᠦᠷᠢ᠎ᠳᠤ ᠲᠤᠯᠭ᠋ᠠᠷᠠᠵᠤ ᠪᠠᠶ᠋ᠢᠨ᠎ᠠ᠃ ᠮᠠᠨ᠎ᠤ ᠤᠯᠤᠰ᠎ᠤᠨ ᠬᠢᠲᠠᠳ ᠡᠮ᠎ᠤᠨ ᠠᠵᠤ ᠦᠢ᠍ᠯᠡᠰ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠬᠠᠮᠠᠭ᠋ᠠᠯᠠᠯᠲᠠ ᠠᠰᠢᠭ ᠦᠭᠡᠢ᠎ᠠᠴᠠ ᠪᠤᠯᠵᠤ ᠶᠠᠭ ᠲᠡᠤᠬᠡᠨ ᠳᠡᠭᠡᠷᠡᠬᠢ ᠬᠠᠮᠤᠭ᠎ᠤᠨ ᠶᠡᠬᠡ ᠰᠢᠯᠭ᠋ᠠᠯᠲᠠ ᠪᠠ ᠯᠤᠲᠤ ᠶᠡᠬᠡ ᠠᠵᠤ ᠠᠬᠤᠶ ᠵᠢᠨ ᠬᠣᠬᠢᠷᠠᠯ᠎ᠳᠤ ᠲᠤᠯᠭ᠋ᠠᠷᠠᠵᠤ ᠪᠠᠶ᠋ᠢᠨ᠎ᠠ᠃ ᠮᠠᠨ᠎ᠤ ᠤᠯᠤᠰ WTO᠎ᠳᠤ ᠤᠷᠤᠭᠰᠠᠨ᠎ᠤ ᠳᠠᠷᠠᠭ᠎ᠠ᠂ ᠤᠯᠤᠰ ᠠᠯᠤᠰᠯᠠᠭᠰᠠᠨ ᠺᠣᠮᠫᠠᠨᠢ ᠲᠡᠳᠡᠨ᠎ᠤ ᠡᠯᠪᠡᠭ ᠪᠠᠶᠠᠯᠢᠭ ᠬᠥᠷᠥᠩᠭᠡ᠂ ᠲᠡᠷᠢᠭᠦᠨ᠎ᠤ ᠬᠠᠮᠢᠶᠠᠷᠤᠯᠲᠠ ᠵᠢᠨ ᠠᠷᠭ ᠠ ᠪᠣᠯᠤᠨ ᠰᠤᠳᠤᠯᠭ᠋ᠠᠨ᠎ᠤ ᠠᠷᠭ᠎ᠠ ᠪᠠᠷᠢᠯ᠎ᠢ ᠠᠰᠢᠭᠯᠠ ᠬᠢᠲᠠᠳ ᠡᠮ ᠡᠮᠨᠡᠯᠭᠡ ᠵᠢᠨ ᠰᠤᠳᠤᠯᠤᠯ᠎ᠢ ᠴᠢᠩᠭ᠋ᠠᠳᠬᠠᠵᠤ᠂ ᠡᠯᠪᠡᠭ ᠳᠡᠯᠪᠡᠭ ᠬᠠᠷᠠᠭ᠋ᠠᠯᠵᠠᠯ ᠵᠶ᠋ᠠᠷ ᠲᠤᠰᠬᠠᠶ ᠴᠢᠳᠠᠪᠤᠷᠢᠲᠠᠨ᠎ᠢ ᠲᠠᠲᠠᠵᠤ᠂ ᠲᠡᠳᠡᠨ᠎ᠤ ᠬᠢᠲᠠᠳ ᠡᠮ ᠡᠮᠨᠡᠯᠭᠡ ᠵᠢᠨ ᠰᠤᠳᠤᠯᠭ᠋ᠠᠨ᠎ᠤ ᠲᠠᠯ᠎ᠠ ᠵᠢᠨ ᠳᠠᠪᠠᠭᠤᠯᠢᠭ ᠲᠠᠯ᠎ᠠ ᠵᠢ ᠠᠰᠢᠭᠯᠠ᠂ ᠵᠣᠬᠢᠴᠠᠩᠭᠤᠶ ᠦᠷ᠎ᠡ ᠪᠦᠲᠦᠭᠡᠯ ᠣᠯᠵᠤ᠂ ᠮᠡᠳᠡᠯᠭᠡ ᠵᠢᠨ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠪᠦᠷᠢᠯᠳᠦᠭᠦᠯᠦᠭᠰᠡᠨ ᠪᠥᠭᠡᠳ ᠦᠢ᠍ᠯᠡᠳᠭᠦᠨ ᠪᠣᠯᠭ᠋ᠠᠨ ᠬᠤᠪᠢᠷᠠᠭᠤᠯᠤᠭ᠋ᠠᠳ ᠮᠠᠨ᠎ᠤ ᠤᠯᠤᠰ᠎ᠲᠤ ᠪᠣᠷᠣᠯᠠᠭᠤᠯᠪᠠ᠃ ᠵᠢᠱ᠌ᠢᠶᠡᠯᠡᠪᠡᠯ᠂ ᠮᠠᠨ᠎ᠤ ᠤᠯᠤᠰ᠎ᠤᠨ ᠡᠭᠦᠳᠦᠭᠰᠡᠨ ᠱᠦᠯᠬᠦᠭᠡ ᠡᠪᠡᠳᠴᠢᠨ᠎ᠢ ᠡᠰᠡᠷᠭᠦᠴᠡᠬᠦ ᠰᠢᠨ᠎ᠡ ᠡᠮ᠎ᠤᠨ ᠢᠰᠢᠭᠡᠨ ᠰᠢᠷᠠᠯᠵᠢ ᠵᠢᠨ ᠡᠳ᠋ ᠱᠦᠯᠬᠦᠭᠡ ᠡᠪᠡᠳᠴᠢᠨ᠎ᠢ ᠵᠠᠰᠠᠬᠤ᠎ᠨᠢ ᠺᠣᠶ᠋ᠢᠨᠢᠨᠠᠴᠠ ᠨᠡᠩ ᠥᠨᠳᠥᠷ ᠡᠮᠴᠢᠯᠡᠭᠡᠨ᠎ᠤ ᠦᠢ᠍ᠯᠡᠳᠦᠯ᠎ᠲᠠᠢ ᠮᠥᠷᠲᠡᠭᠡᠨ ᠡᠮ ᠳᠠᠭ᠋ᠠᠭ᠋ᠠᠬᠤ ᠦᠭᠡᠢ ᠪᠠᠶ᠋ᠢᠳᠠᠭ᠃ ᠭᠠᠳᠠᠭ᠋ᠠᠳᠤ ᠵᠢᠨ ᠠᠵᠤ ᠠᠬᠤᠶ᠋ᠢᠯᠠᠳᠤ ᠪᠠᠭ᠎ᠠ ᠬᠡᠮᠵᠢᠶᠡᠨ᠎ᠤ ᠥᠭᠡᠷᠡᠴᠢᠯᠡᠯᠲᠡ ᠬᠢᠵᠦ ᠲᠤᠰᠬᠠᠶ ᠠᠰᠢᠭ ᠭᠤᠶᠤᠴᠢᠯᠠᠪᠠ᠃ ᠣᠳᠣᠬᠠᠨ᠎ᠳᠤ᠂ ᠮᠠᠨ᠎ᠤ ᠤᠯᠤᠰ᠎ᠠᠴᠠ ᠭᠠᠳᠠᠭ᠋ᠠᠳᠤ᠎ᠳᠤ ᠭᠠᠷᠭ᠋ᠠᠬᠤ ᠬᠢᠲᠠᠳ ᠡᠮ᠎ᠤᠨ ᠮᠠᠲ᠋ᠧᠷᠢᠶᠠᠯ᠎ᠢ ᠵᠥᠪᠬᠡᠨ ᠲᠦᠭᠦᠬᠡ ᠵᠢᠨ ᠡᠮ᠎ᠤᠨ ᠮᠠᠲ᠋ᠧᠷᠢᠶᠠᠯ ᠵᠶ᠋ᠠᠷ ᠬᠢᠮᠳᠠ᠎ᠪᠠᠷ ᠬᠤᠳᠠᠯᠳᠤᠵᠤ ᠪᠣᠯᠤᠨ᠎ᠠ᠂ ᠬᠢᠲᠠᠳ ᠡᠮ᠎ᠤᠨ ᠲᠤᠰᠬᠠᠶ ᠠᠰᠢᠭ᠎ᠤᠨ ᠭᠤᠶᠤᠴᠢᠯᠠᠯ᠎ᠨᠢ ᠭᠠᠳᠠᠭ᠋ᠠᠳᠤ᠎ᠳᠤ ᠨᠢᠭᠡᠨᠲᠡ ᠮᠢᠩᠭ᠋ᠠᠨ ᠵᠦᠢ᠍ᠯ ᠪᠠᠶ᠋ᠢᠵᠤ᠂ ᠭᠠᠲᠠᠭ᠋ᠠᠲᠤ ᠵᠢᠨ᠎ᠬᠢᠨ ᠮᠠᠨ᠎ᠤ ᠤᠯᠤᠰ᠎ᠲᠤ ᠨᠢᠭᠡᠨᠲᠡ ᠲᠦᠮᠡ ᠭᠠᠷᠤᠶ ᠵᠦᠢ᠍ᠯ᠎ᠤᠨ ᠲᠤᠰᠬᠠᠶ ᠠᠰᠢᠭ᠎ᠤᠨ ᠭᠤᠶᠤᠴᠢᠯᠠᠯ ᠭᠠᠷᠭ᠋ᠠᠵᠤ᠂ ᠮᠠᠨ᠎ᠤ ᠤᠯᠤᠰ᠎ᠠᠴᠠ ᠶᠡᠬᠡ ᠬᠡᠮᠵᠢᠶᠡᠨ᠎ᠤ ᠬᠢᠲᠠᠳ ᠡᠮ᠎ᠤᠨ ᠳᠠᠯᠳᠠ ᠬᠥᠷᠥᠩᠭᠡ ᠵᠢ ᠠᠯᠳᠠᠭᠳᠠᠭᠤᠯᠵᠠᠶ᠃ ᠡᠭᠦᠨ᠎ᠠᠴᠠ ᠭᠠᠳᠠᠨ᠎ᠠ᠂ ᠬᠢᠲᠠᠳ ᠡᠮ ᠡᠮᠨᠡᠯᠭᠡ ᠵᠢᠨ ᠨᠡᠷᠡᠶ᠋ᠢᠳᠦᠯ᠎ᠢ 《ᠮᠠᠨ᠎ᠤ ᠤᠯᠤᠰ᠎ᠲᠤ ᠣᠴᠢᠭᠤᠯᠬᠤ》 ᠦᠵᠡᠭᠳᠡᠯ ᠲᠠᠰᠤᠷᠠᠯᠲᠠ ᠥᠬᠡᠶ ᠭᠠᠷᠴᠤ ᠪᠠᠶ᠋ᠢᠨ᠎ᠠ᠃ ᠺᠣᠷᠢᠶᠠ ᠨᠢᠭᠡᠨᠲᠡ 《ᠬᠢᠲᠠᠳ ᠠᠨᠠᠭ᠋ᠠᠬᠤ ᠤᠬᠠᠭ᠋ᠠᠨ》᠎ᠢ 《ᠺᠣᠷᠢᠶᠠ ᠵᠢᠨ ᠠᠨᠠᠭ᠋ᠠᠬᠤ ᠤᠬᠠᠭ᠋ᠠᠨ》 ᠭᠡᠵᠦ ᠬᠠᠯᠠᠪᠠ᠂ 《ᠬᠢᠲᠠᠳ ᠡᠮ》᠎ᠢ 《ᠺᠣᠷᠢᠶᠠ ᠡᠮ》 ᠭᠡᠵᠦ ᠥᠭᠡᠷᠡᠴᠢᠯᠡᠪᠡ᠃ ᠡᠭᠦᠨ᠎ᠠᠴᠠ ᠭᠠᠳᠠᠨ᠎ᠠ᠂ ᠶᠠᠫᠣᠨ ᠪᠠᠰᠠ ᠶᠠᠭ ᠨᠡᠷ᠎ᠡ᠎ᠪᠠᠨ ᠬᠠᠯᠠᠬᠤ᠎ᠪᠠᠷ ᠪᠡᠯᠡᠳᠬᠡᠵᠦ ᠪᠠᠢ᠍ᠨ᠎ᠠ᠃ ᠮᠣᠩᠭᠣᠯ ᠡᠮ ᠡᠮᠨᠡᠯᠭᠡ ᠵᠢᠨ ᠥᠪᠡᠷᠮᠢᠴᠡ ᠴᠢᠨᠠᠷ᠎ᠨᠢ ᠬᠢᠲᠠᠳ ᠡᠮ᠎ᠲᠠᠢ ᠠᠳᠠᠯᠢᠪᠲᠤᠷ ᠪᠠᠶ᠋ᠢᠳᠠᠭ᠃ ᠣᠯᠠᠩᠬᠢ᠎ᠨᠢ ᠬᠣᠯᠢᠮᠠᠭ ᠨᠠᠶ᠋ᠢᠷᠠᠯᠭ᠎ᠠ᠎ᠳᠤ ᠬᠠᠷᠢᠶᠠᠯᠠᠭᠳᠠᠨ᠎ᠠ᠂ ᠬᠡᠳᠦᠨ ᠵᠦᠢ᠍ᠯ ᠪᠤᠶᠤ ᠬᠡᠳᠦᠨ ᠠᠷᠪᠠᠨ ᠵᠦᠢ᠍ᠯ᠎ᠤᠨ ᠪᠣᠲᠠᠰ ᠬᠣᠯᠢᠯᠳᠤᠨ ᠨᠡᠶ᠋ᠢᠯᠡᠨᠡ᠃ ᠪᠣᠯᠪᠠᠰᠤᠷᠠᠭᠤᠯᠤᠨ ᠰᠢᠢ᠍ᠳᠪᠦᠷᠢᠯᠡᠬᠦ ᠶᠠᠪᠤᠴᠠ᠎ᠳᠤ ᠡᠳᠡᠭᠡᠷ ᠪᠣᠳᠠᠰ᠎ᠲᠤ ᠪᠤᠳᠤᠯᠢᠶᠠᠨᠲᠠᠢ ᠬᠢᠮᠢ ᠵᠢᠨ ᠤᠷᠪᠠᠯ ᠡᠭ ᠡᠭᠦᠰᠴᠤ ᠮᠡᠳᠡᠨ᠎ᠡ᠃ ᠡᠶ᠋ᠢᠮᠦ᠎ᠠᠴᠠ ᠪᠦᠲᠦᠭᠡᠭᠳᠡᠬᠦᠨ᠎ᠤ ᠳᠠᠷᠠᠭ᠎ᠠ᠂ ᠠᠩᠬᠠᠨ᠎ᠤ ᠨᠠᠶ᠋ᠢᠷᠠᠯᠭ᠎ᠠ ᠪᠠ ᠦᠢ᠍ᠯᠡᠳᠪᠦᠷᠢᠯᠡᠯ᠎ᠤᠨ ᠤᠷ᠎ᠠ ᠮᠡᠷᠭᠡᠰᠢᠯ ᠢ᠎ᠨᠢ ᠣᠨᠣᠪᠴᠢᠲᠠᠢ ᠵᠠᠳᠠᠯᠵᠤ ᠴᠢᠳᠠᠬᠤ ᠦᠭᠡᠢ ᠪᠠᠶ᠋ᠢᠳᠠᠭ᠃ ᠡᠶ᠋ᠢᠮᠦ᠎ᠠᠴᠠ ᠦᠢ᠍ᠯᠡᠲᠤᠯᠭᠡ ᠵᠢᠨ ᠳᠤᠮᠳᠠ ᠪᠤᠰᠤᠳ ᠬᠥᠮᠦᠨ᠎ᠤ ᠡᠷᠬᠡ᠎ᠳᠤ ᠬᠠᠯᠳᠠᠭᠰᠠᠨ ᠡᠰᠡᠬᠦ ᠵᠢ ᠭᠡᠷᠡᠴᠢᠯᠡᠬᠦ᠎ᠳᠤ ᠪᠡᠷᠬᠡᠲᠡᠶ ᠪᠠᠶ᠋ᠢᠳᠠᠭ᠃ ᠡᠭᠦᠨ᠎ᠠᠴᠠ ᠭᠠᠳᠠᠨ᠎ᠠ᠂ ᠮᠣᠩᠭᠣᠯ ᠡᠮ ᠡᠮᠨᠡᠯᠭᠡ ᠵᠢᠨ ᠳᠣᠲᠣᠷᠠᠬᠢ ᠤᠯᠠᠮᠵᠢᠯᠠᠯᠲᠤ ᠵᠣᠷ᠂ ᠡᠮᠲᠦ ᠤᠬᠢᠶᠠᠯ ᠵᠠᠰᠠᠯ᠎ᠤᠨ ᠠᠷᠭ᠎ᠠ᠂ ᠶᠠᠰᠤ ᠵᠠᠯᠭ᠋ᠠᠬᠤ ᠠᠷᠭ᠎ᠠ ᠵᠡᠷᠭᠡ ᠤᠯᠠᠮᠵᠢᠯᠠᠯᠲᠤ ᠮᠡᠳᠡᠯᠭᠡ ᠵᠢ ᠲᠤᠰᠬᠠᠶ ᠠᠰᠢᠭ᠎ᠤᠨ ᠬᠠᠤᠯᠢ ᠵᠢᠨ ᠬᠠᠮᠠᠭ᠋ᠠᠯᠠᠯᠲᠠ ᠵᠢᠨ ᠠᠶᠠᠴᠠ ᠭᠠᠳᠠᠭᠤᠷᠴᠢᠯᠠᠳᠠᠭ᠃ ᠡᠶ᠋ᠢᠮᠦ᠎ᠠᠴᠠ ᠣᠳᠣᠬᠠᠨ᠎ᠤ ᠮᠡᠳᠡᠯᠭᠡ ᠵᠢᠨ ᠥᠮᠴᠢᠯᠡᠬᠦ ᠡᠷᠬᠡ ᠵᠢᠨ ᠲᠦᠷᠢᠮ᠎ᠤᠨ ᠪᠣᠷᠣ ᠲᠥᠯᠥᠪ ᠲᠤᠤᠷ᠎ᠠ᠂ ᠮᠣᠩᠭᠣᠯ ᠡᠮ ᠡᠮᠨᠡᠯᠭᠡ ᠵᠢᠨ ᠮᠠᠰᠢ ᠣᠯᠠᠨ ᠠᠭᠤᠯᠭ᠎ᠠ ᠵᠢ ᠬᠠᠮᠠᠭ᠋ᠠᠯᠠᠬᠤ᠎ᠳᠤ ᠬᠦᠴᠢᠷᠲᠡᠶ ᠪᠠᠶ᠋ᠢᠨ᠎ᠠ᠃ ᠡᠭᠦᠨ᠎ᠤ᠎ᠳᠤ ᠬᠠᠮᠲᠤ᠂ ᠮᠠᠨ᠎ᠤ ᠤᠯᠤᠰ᠎ᠲᠤ ᠣᠳᠣᠬᠠᠨ᠎ᠳᠤ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠲᠤᠰᠬᠠᠶ ᠪᠠᠶ᠋ᠢᠭᠤᠯᠤᠮᠵᠢ ᠳᠤᠲᠠᠭᠳᠠᠵᠤ ᠪᠠᠶ᠋ᠢᠨ᠎ᠠ᠂ ᠡᠨᠡ᠎ᠨᠢ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠰᠤᠳᠤᠯᠭ᠋ᠠᠨ᠎ᠢ ᠢᠮᠠᠭᠲᠠ ᠠᠷᠠᠳ᠎ᠤᠨ ᠳᠤᠮᠳᠠ ᠲᠠᠷᠠᠬᠠᠶ ᠪᠤᠲᠠᠷᠬᠠᠶ ᠪᠠᠶ᠋ᠢᠳᠠᠯ᠎ᠳᠤ ᠪᠠᠶ᠋ᠢᠯᠭ᠋ᠠᠵᠤ᠂ ᠮᠠᠨ᠎ᠤ ᠤᠯᠤᠰ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠬᠣᠯᠪᠣᠭᠳᠠᠯ ᠪᠦᠬᠦᠢ ᠬᠠᠤᠯᠢ ᠴᠠᠭ᠋ᠠᠵᠠ ᠪᠠ ᠲᠦᠷᠦ ᠵᠢᠨ ᠪᠤᠳᠤᠯᠭ᠎ᠠ᠎ᠳᠤ ᠨᠡᠩ ᠶᠡᠬᠡ ᠰᠢᠢ᠍ᠳᠪᠤᠷᠢᠲᠤ ᠪᠤᠳᠤᠯᠭ᠎ᠠ ᠵᠢᠨ ᠲᠤᠯᠭ᠋ᠠᠭᠤᠷᠢᠯᠠᠬᠤ ᠦᠢ᠍ᠯᠡᠲᠣᠯ ᠪᠠᠳᠠᠷᠠᠭᠤᠯᠬᠤ᠎ᠳᠤ ᠪᠡᠷᠬᠡ ᠪᠣᠯᠭ᠋ᠠᠵᠠᠶ᠃
ᠮᠣᠩᠭᠣᠯ ᠡᠮ ᠡᠮᠨᠡᠯᠭᠡ᠎ᠨᠢ ᠳᠤᠮᠳᠠᠳᠤ ᠵᠢᠨ ᠦᠨᠳᠦᠰᠦᠲᠡᠨ ᠢᠯᠠᠩᠭᠤᠶ᠎ᠠ ᠮᠣᠩᠭᠣᠯ ᠦᠨᠳᠦᠰᠦᠲᠡᠨ᠎ᠤ ᠠᠷᠠᠳ ᠲᠦᠮᠡᠨ᠎ᠤ ᠦᠷᠡᠵᠢᠨ ᠦᠷᠡᠵᠢᠬᠦ᠎ᠳᠤ ᠯᠤᠲᠤ ᠶᠡᠬᠡ ᠬᠤᠪᠢ ᠨᠡᠮᠡᠷᠢ ᠦᠵᠡᠭᠦᠯᠵᠡᠶ᠃ ᠡᠭᠦᠨ᠎ᠤ ᠬᠠᠮᠲᠤ ᠪᠠᠰᠠ ᠲᠡᠭᠦᠨ᠎ᠤ ᠭᠠᠶ᠋ᠢᠬᠠᠮᠰᠢᠭᠲᠤ ᠡᠮᠴᠢᠯᠡᠭᠡᠨ᠎ᠤ ᠠᠴᠢ ᠲᠤᠰᠠ᠎ᠠᠴᠠ ᠪᠣᠯᠵᠤ ᠯᠤᠲᠤ ᠶᠡᠬᠡ ᠠᠵᠤ ᠠᠬᠤᠢ ᠵᠢᠨ ᠦᠨ᠎ᠡ ᠥᠷᠲᠡᠭ ᠬᠠᠳᠠᠭ᠋ᠠᠯᠠᠭᠳᠠᠵᠤ ᠪᠠᠢ᠌ᠲᠠᠭ᠃ ᠡᠨᠡ ᠬᠦ᠌ ᠥᠷᠲᠡᠭ᠎ᠤᠨ ᠪᠡᠶᠡᠯᠡᠭᠳᠡᠯ᠎ᠨᠢ ᠡᠷᠬᠡᠪᠰᠢ ᠲᠡᠭᠦᠨ᠎ᠢ ᠠᠵᠤ ᠦᠢ᠍ᠯᠡᠰᠵᠢᠭᠦᠯᠬᠦ᠎ᠳᠤ ᠲᠦᠰᠢᠭᠯᠡᠵᠦ᠂ ᠮᠣᠩᠭᠣᠯ ᠡᠮ ᠡᠮᠨᠡᠯᠭᠡ ᠵᠢᠨ ᠪᠦᠲᠦᠭᠡᠭᠳᠡᠬᠦᠨ᠎ᠢ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠡᠮ᠎ᠤᠨ ᠵᠦᠢ᠍ᠯ᠎ᠤᠨ ᠵᠠᠬ᠎ᠠ ᠲᠡᠯᠬᠡᠭᠦᠷ᠎ᠲᠤ ᠣᠷᠣᠨ ᠪᠠᠶ᠋ᠢᠷᠢ ᠡᠵᠡᠯᠡᠬᠦ ᠪᠣᠯᠭ᠋ᠠᠬᠤ ᠬᠡᠷᠡᠭᠲᠡᠢ᠃ ᠮᠠᠨ᠎ᠤ ᠤᠯᠤᠰ᠎ᠤᠨ ᠬᠢᠲᠠᠳ ᠡᠮ ᠡᠮᠨᠡᠯᠭᠡ ᠵᠢᠨ ᠠᠵᠤ ᠦᠢ᠍ᠯᠡᠰᠵᠢᠯᠲᠡ ᠵᠢᠨ ᠶᠠᠪᠤᠴᠠ᠎ᠳᠤ ᠬᠣᠯᠪᠣᠭᠳᠠᠯ ᠪᠦᠬᠦᠢ ᠮᠡᠲᠡᠯᠬᠡ ᠵᠢᠨ ᠥᠮᠴᠢᠯᠡᠬᠦ ᠡᠷᠬᠡ ᠵᠢᠨ ᠠᠯᠳᠠᠭᠳᠠᠯ᠎ᠠᠴᠠ ᠪᠣᠯᠤᠭᠰᠠᠨ ᠯᠤᠲᠤ ᠶᠡᠬᠡ ᠠᠵᠤ ᠠᠬᠤᠢ ᠵᠢᠨ ᠬᠤᠷᠬᠢᠷᠠᠯ ᠨᠢᠭᠡᠨᠲᠡ ᠪᠢᠳᠡᠨ᠎ᠳᠤ ᠰᠡᠷᠡᠮᠵᠢ ᠵᠢᠨ ᠲᠤᠬᠢᠶ᠎ᠠ ᠥᠭᠭᠦᠭᠰᠡᠨ ᠪᠠᠶ᠋ᠢᠨ᠎ᠠ᠃ ᠮᠣᠩᠭᠣᠯ ᠡᠮ ᠡᠮᠨᠡᠯᠭᠡ ᠵᠢᠨ ᠠᠵᠤ ᠦᠢ᠍ᠯᠡᠰᠵᠢᠯᠲᠡ ᠵᠢ ᠲᠦᠯᠬᠢᠨ ᠠᠬᠢᠭᠤᠯᠵᠤ᠂ ᠠᠵᠤ ᠠᠬᠤᠢ ᠵᠢᠨ ᠦᠨ᠎ᠡ ᠥᠷᠲᠡᠭ᠎ᠢ ᠪᠠᠢ᠌ᠯᠡᠬᠦᠯᠬᠦ ᠵᠢᠨ ᠬᠠᠮᠲᠤ ᠡᠷᠬᠡᠪᠰᠢ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢ ᠤᠯᠬᠤ᠂ ᠬᠠᠮᠠᠭ᠋ᠠᠯᠠᠬᠤ ᠪᠠ ᠬᠡᠷᠡᠭᠯᠡᠬᠦ ᠴᠢᠳᠠᠪᠤᠷᠢ ᠵᠢ ᠴᠢᠩᠭ᠋ᠠᠳᠬᠠᠬᠤ ᠬᠡᠷᠡᠭᠲᠡᠢ᠃
(ᠨᠢᠭᠡ) ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠪᠠᠶ᠋ᠢᠯᠳᠤᠬᠤ ᠪᠣᠳᠣᠯᠭ᠎ᠠ ᠵᠢ ᠰᠤᠳᠤᠯᠤᠨ ᠠᠬᠢᠭᠤᠯᠤᠨ᠎ᠠ
ᠣᠳᠣᠬᠠᠨ᠎ᠳᠤ᠂ ᠮᠣᠩᠭᠣᠯ ᠡᠮ ᠡᠮᠨᠡᠯᠭᠡ ᠵᠢᠨ ᠣᠳᠣᠬᠢᠴᠢᠯᠠᠯᠲᠠ᠂ ᠳᠡᠯᠡᠬᠡᠶ᠋ᠢᠵᠢᠯᠲᠡ ᠵᠢᠨ ᠬᠥᠭᠵᠢᠯᠲᠡ ᠲᠠᠰᠤᠷᠠᠯᠲᠠ ᠥᠬᠡᠶ ᠭᠦᠨᠵᠡᠭᠡᠶ᠋ᠢᠷᠡᠵᠦ ᠪᠠᠶ᠋ᠢᠨ᠎ᠠ᠃ ᠭᠡᠪᠡᠴᠦ ᠳᠡᠯᠡᠬᠡᠶ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠳᠤ ᠤᠷᠤᠭᠰᠠᠨ᠎ᠤ ᠳᠠᠷᠠᠭ᠋ᠠᠬᠢ ᠰᠢᠨ᠎ᠡ ᠠᠷᠠᠯᠵᠢᠶᠠᠨ᠎ᠤ ᠳᠦᠷᠢᠮ ᠲᠣᠭᠲᠠᠭ᠋ᠠᠯ᠎ᠤᠨ ᠡᠮᠦᠨ᠎ᠡ᠂ ᠮᠣᠩᠭᠣᠯ ᠡᠮ ᠡᠮᠨᠡᠯᠭᠡ ᠵᠢᠨ ᠠᠵᠤ ᠦᠢ᠍ᠯᠡᠰ᠎ᠤᠨ 21 ᠳ᠋ᠦᠭᠡᠷ ᠵᠠᠭᠤᠨ᠎ᠤ ᠠᠵᠤ ᠠᠬᠤᠢ ᠵᠢᠨ ᠳᠡᠯᠡᠬᠡᠶ᠋ᠢᠴᠢᠯᠡᠯᠲᠡ ᠵᠢᠨ ᠠᠬᠤᠶ ᠪᠠᠢ᠍ᠳᠠᠯ ᠳᠣᠣᠷ᠎ᠠ ᠦᠷᠭᠦᠯᠵᠢᠯᠡᠨ᠂ ᠲᠦᠷᠭᠡᠨ ᠪᠥᠭᠡᠳ ᠡᠷᠡᠭᠦᠯ ᠵᠶ᠋ᠠᠷ ᠬᠥᠭᠵᠢᠬᠦ ᠵᠢ ᠪᠠᠲᠤᠯᠠᠵᠤ᠂ ᠮᠣᠩᠭᠣᠯ ᠡᠮ ᠡᠮᠨᠡᠯᠭᠡ ᠵᠢᠨ ᠠᠵᠤ ᠦᠢ᠍ᠯᠡᠰ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠰᠤᠳᠤᠯᠤᠨ ᠠᠬᠢᠭᠤᠯᠬᠤ ᠵᠢᠨ ᠲᠥᠯᠥᠭᠡ᠂ ᠲᠤᠶ᠋ᠢᠯ᠎ᠤᠨ ᠴᠢᠬᠤᠯᠠ ᠣᠨᠣᠯ ᠪᠠ ᠪᠣᠳᠠᠲᠤ ᠠᠴᠢ ᠬᠣᠯᠪᠣᠭᠳᠠᠯ᠎ᠲᠠᠢ ᠶᠤᠮ᠃ ᠮᠡᠳᠡᠯᠭᠡ ᠵᠢᠨ ᠥᠮᠴᠢᠯᠡᠬᠦ ᠡᠷᠬᠡ ᠵᠢᠨ ᠲᠦᠷᠢᠮ᠎ᠲᠠᠢ ᠬᠠᠷᠢᠴᠠᠭᠤᠯᠪᠠᠯ᠂ ᠮᠡᠳᠡᠯᠭᠡ ᠵᠢᠨ ᠥᠮᠴᠢᠯᠡᠬᠦ ᠡᠷᠬᠡ ᠵᠢᠨ ᠪᠠᠶ᠋ᠢᠯᠳᠤᠬᠤ ᠪᠤᠳᠤᠯᠭ᠎ᠠ᠎ᠨᠢ ᠮᠥᠨ ᠴᠢᠨᠠᠷ ᠳᠡᠭᠡᠷ᠎ᠡ᠎ᠪᠠᠨ ᠲᠦᠷᠢᠮ᠎ᠤᠨ ᠠᠬᠤᠶ ᠪᠠᠶ᠋ᠢᠳᠠᠯ ᠳᠣᠤᠷ᠎ᠠ ᠪᠠ ᠪᠣᠷᠣ ᠲᠥᠯᠥᠪ᠎ᠤᠨ ᠳᠣᠲᠣᠷ᠎ᠠ ᠮᠡᠳᠡᠯᠭᠡ ᠵᠢᠨ ᠥᠮᠴᠢᠯᠡᠬᠦ ᠡᠷᠬᠡ ᠵᠢᠨ ᠲᠦᠷᠢᠮ᠎ᠢ ᠬᠡᠷᠬᠢᠨ ᠪᠦᠲᠦᠮᠵᠢᠲᠡᠶ ᠬᠡᠷᠡᠭᠯᠡᠨ ᠬᠡᠷᠡᠭᠵᠢᠭᠦᠯᠬᠦ ᠲᠤᠬᠠᠶ ᠰᠤᠳᠤᠯᠭ᠋ᠠᠨ᠎ᠳᠤ ᠲᠣᠭ᠋ᠠᠴᠠᠭᠳᠠᠨ᠎ᠠ᠃
ᠣᠯᠠᠨ᠎ᠤ ᠮᠡᠳᠡᠭᠡᠵᠢ᠎ᠪᠠᠷ ᠮᠣᠩᠭᠣᠯ ᠡᠮ ᠡᠮᠨᠡᠯᠭᠡ ᠵᠢᠨ ᠠᠵᠤ ᠦᠢ᠍ᠯᠡᠰ᠎ᠨᠢ ᠮᠠᠨ᠎ᠤ ᠤᠯᠤᠰ᠎ᠤᠨ ᠬᠠᠷᠢᠴᠠᠩᠭᠤᠶ ᠬᠠᠷᠢᠴᠠᠩᠭᠤᠶ ᠳᠠᠪᠠᠭᠤᠯᠢᠭ ᠪᠠ ᠣᠨᠴᠠᠯᠢᠭ᠎ᠲᠠᠢ ᠠᠵᠤ ᠦᠢ᠍ᠯᠡᠰ ᠪᠣᠯᠤᠭᠰᠠᠨ᠎ᠤ ᠬᠤᠪᠢ᠎ᠳᠤ᠂ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠬᠦ ᠡᠷᠬᠡ ᠵᠢ ᠬᠠᠮᠤᠭ᠎ᠤᠨ ᠠᠮᠠᠷᠬᠠᠨ ᠤᠯᠬᠤ ᠤᠷᠢᠳᠠᠪᠠᠷ ᠬᠥᠭᠵᠢᠭᠦᠯᠬᠦ ᠬᠦᠷᠢᠶ᠎ᠡ ᠪᠣᠯᠤᠨ᠎ᠠ᠃ ᠮᠡᠳᠡᠭᠦᠯᠦᠯᠲᠡ᠎ᠠᠴᠠ ᠲᠤᠰᠬᠠᠶ ᠠᠰᠢᠭ ᠵᠢᠴᠢ ᠲᠠᠸᠠᠷ᠎ᠤᠨ ᠲᠡᠮᠳᠡᠭ ᠵᠡᠷᠭᠡ ᠵᠢᠨ ᠲᠤᠬᠠᠶ ᠵᠠᠳᠠᠯᠤᠯᠲᠠ ᠵᠢᠨ ᠦᠷ᠎ᠡ ᠳ᠋ᠦᠩ᠎ᠢ ᠦᠨᠳᠦᠰᠦᠯᠡᠪᠡᠯ᠂ ᠮᠠᠨ᠎ᠤ ᠤᠯᠤᠰ᠎ᠠᠴᠠ ᠮᠣᠩᠭᠣᠯ ᠡᠮ ᠡᠮᠨᠡᠯᠭᠡ ᠵᠢᠨ ᠰᠤᠳᠤᠯᠭ᠋ᠠᠨ᠎ᠤ ᠪᠠᠶ᠋ᠢᠭᠤᠯᠤᠮᠵᠢ ᠵᠢᠴᠢ ᠠᠵᠤ ᠠᠬᠤᠶ᠋ᠢᠯᠠᠯ ᠮᠡᠳᠡᠯᠭᠡ ᠵᠢᠨ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢᠨ ᠴᠢᠬᠤᠯᠠ ᠴᠢᠨᠠᠷ ᠢ ᠨᠢᠭᠡᠨᠲᠡ ᠰᠡᠷᠡᠵᠦ ᠮᠡᠲᠡᠭᠰᠡᠨ ᠪᠣᠯᠪᠠᠴᠤ ᠮᠡᠳᠡᠯᠭᠡ ᠵᠢᠨ ᠥᠮᠴᠢᠯᠡᠬᠦ ᠡᠷᠬᠡ ᠵᠢᠨ ᠬᠡᠷᠡᠭᠯᠡᠭᠡᠨ᠎ᠤ ᠴᠢᠳᠠᠪᠤᠷᠢ ᠨᠡᠯᠢᠶᠡᠳ ᠠᠨᠠᠶ᠂ ᠬᠠᠮᠠᠭ᠋ᠠᠯᠠᠬᠤ ᠤᠬᠠᠮᠰᠠᠷ ᠪᠠᠭᠤᠷᠠᠶ᠂ ᠬᠠᠮᠠᠭ᠋ᠠᠯᠠᠬᠤ ᠡᠷᠴᠢᠮ ᠢᠯᠡᠳᠲᠡ ᠬᠦᠷᠦᠯᠴᠡᠬᠦ ᠦᠭᠡᠢ᠂ ᠮᠡᠳᠡᠯᠭᠡ ᠵᠢᠨ ᠥᠮᠴᠢᠯᠡᠬᠦ ᠡᠷᠬᠡ ᠵᠢᠨ ᠪᠠᠶ᠋ᠢᠳᠠᠯ᠎ᠢ ᠦᠨᠳᠦᠰᠦᠯᠡᠨ ᠰᠢᠨ᠎ᠡ ᠡᠮ᠎ᠢ ᠪᠡᠶ᠎ᠡ ᠪᠠᠨ ᠳᠠᠭ᠋ᠠᠭ᠋ᠠᠵᠤ ᠰᠤᠳᠤᠯᠤᠨ ᠨᠡᠭᠡᠭᠡᠬᠦ ᠴᠢᠳᠠᠪᠤᠷᠢ᠎ᠪᠠᠷ ᠳᠤᠲᠠᠮᠠᠭ᠂ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠰᠤᠳᠤᠯᠭ᠋ᠠᠨ ᠪᠠ ᠬᠠᠮᠢᠶᠠᠷᠤᠯᠲᠠ ᠵᠢᠨ ᠲᠤᠰᠬᠠᠶ ᠴᠢᠳᠠᠪᠤᠷᠢᠲᠠᠨ᠎ᠲᠤ ᠲᠠᠭᠳᠠᠵᠤ᠂ ᠮᠣᠩᠭᠣᠯ ᠡᠮ ᠡᠮᠨᠡᠯᠭᠡ ᠵᠢᠨ ᠤᠯᠠᠮᠵᠢᠯᠠᠯᠲᠤ ᠮᠡᠳᠡᠯᠭᠡ ᠵᠢ ᠬᠠᠮᠠᠭ᠋ᠠᠯᠠᠬᠤ᠎ᠳᠤ ᠪᠡᠷᠬᠡ᠂ ᠦᠢ᠍ᠯᠡᠳᠬᠦᠨ᠎ᠤ ᠮᠡᠷᠭᠡᠵᠢᠯ ᠪᠠ ᠬᠠᠤᠯᠢ ᠴᠠᠭ᠋ᠠᠵᠠ ᠵᠢᠨ ᠪᠡᠬᠢᠯᠡᠯᠲᠡ ᠵᠢ ᠦᠨᠡᠨ ᠬᠦ᠌ ᠪᠠᠶ᠋ᠢᠭᠤᠯᠬᠤ ᠵᠢᠨ ᠠᠷᠭ᠎ᠠ ᠦᠬᠡᠢ᠂ ᠡᠨᠡ᠎ᠨᠢ ᠮᠣᠩᠭᠣᠯ ᠡᠮ ᠡᠮᠨᠡᠯᠭᠡ ᠵᠢᠨ ᠵᠠᠬ᠎ᠠ ᠳᠡᠯᠭᠡᠭᠦᠷ᠎ᠤᠨ ᠲᠥᠪ ᠪᠤᠰᠤ ᠥᠷᠢᠰᠥᠯᠳᠦᠭᠡᠨ᠎ᠤ ᠪᠠᠶ᠋ᠢᠳᠠᠯ᠎ᠢ ᠬᠤᠷᠴᠠᠳᠬᠠᠵᠤ᠂ ᠮᠣᠩᠭᠣᠯ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠤᠨ ᠥᠷᠢᠰᠦᠯᠳᠦᠬᠦ ᠴᠢᠳᠠᠪᠤᠷᠢ ᠵᠢ ᠲᠤᠶ᠋ᠢᠯ᠎ᠤᠨ ᠶᠡᠬᠡ᠎ᠪᠠᠷ ᠪᠠᠭᠤᠷᠠᠭᠤᠯᠤᠨ᠎ᠠ᠃
ᠡᠶ᠋ᠢᠮᠦ᠎ᠠᠴᠠ᠂ ᠮᠣᠩᠭᠣᠯ ᠡᠮ ᠡᠮᠨᠡᠯᠭᠡ ᠵᠢᠨ ᠠᠵᠢᠯ ᠲᠥᠷᠥᠯ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠠᠬᠢᠭᠤᠯᠵᠤ᠂ ᠮᠣᠩᠭᠣᠯ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠪᠠᠢ᠌ᠯᠲᠤᠬᠤ ᠪᠣᠳᠣᠯᠭ᠎ᠠ᠂ ᠢᠯᠠᠩᠭᠤᠶ᠎ᠠ ᠣᠯᠠᠨ ᠤᠯᠤᠰ᠎ᠠᠴᠠ ᠥᠷᠢᠰᠥᠯᠳᠦᠭᠡᠨ᠎ᠤ ᠳᠠᠪᠠᠭᠤᠯᠢᠭ ᠪᠦᠬᠦᠢ ᠮᠣᠩᠭᠣᠯ ᠡᠮ ᠡᠮᠨᠡᠯᠬᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠪᠠᠶ᠋ᠢᠯᠳᠤᠬᠤ ᠪᠣᠳᠣᠯᠭ᠎ᠠ ᠵᠢ ᠢᠲᠡᠪᠬᠢᠲᠠᠢ᠎ᠪᠠᠷ ᠬᠡᠷᠡᠭᠵᠢᠭᠦᠯᠬᠦ ᠵᠢ ᠵᠣᠷᠢᠭᠵᠢᠭᠤᠯᠤᠨ᠎ᠠ᠃ ᠲᠤᠰᠬᠠᠶ ᠠᠰᠢᠭ᠂ ᠲᠠᠸᠠᠷ᠎ᠤᠨ ᠲᠡᠮᠳᠡᠭ᠂ ᠵᠣᠬᠢᠶᠠᠯ ᠪᠦᠲᠦᠭᠡᠯ᠎ᠤᠨ ᠡᠷᠬᠡ᠂ ᠤᠷᠭᠤᠮᠠᠯ ᠰᠢᠨ᠎ᠡ ᠡᠭᠦᠯᠳᠡᠷ᠂ ᠭᠠᠵᠠᠷ ᠵᠦᠶ ᠵᠢᠨ ᠲᠡᠮᠳᠡᠭ ᠵᠡᠷᠭᠡ ᠮᠡᠳᠡᠯᠭᠡ ᠵᠢᠨ ᠥᠮᠴᠢᠯᠡᠬᠦ ᠡᠷᠬᠡ ᠵᠢᠨ ᠳᠦᠷᠢᠮ᠎ᠤᠨ ᠣᠨᠴᠠᠯᠢᠭ ᠪᠠ ᠴᠢᠳᠠᠮᠵᠢ ᠵᠢ ᠬᠡᠷᠡᠭᠯᠡᠬᠦ᠎ᠪᠠᠷ ᠳᠠᠮᠵᠢᠭᠤᠯᠤᠨ᠂ ᠬᠠᠤᠯᠢ ᠴᠠᠭ᠋ᠠᠵᠠ᠂ ᠠᠵᠤ ᠠᠬᠤᠶ ᠪᠠ ᠮᠡᠷᠭᠡᠵᠢᠯ᠎ᠤᠨ ᠲᠠᠯ᠎ᠠ᠎ᠠᠴᠠ᠂ ᠮᠣᠩᠭᠣᠯ ᠡᠮ ᠡᠮᠨᠡᠯᠭᠡ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠢᠨ᠎ᠡ ᠵᠢ ᠡᠭᠦᠳᠬᠦ ᠠᠵᠢᠯᠯᠠᠭ᠎ᠠ᠎ᠳᠤ ᠮᠡᠲᠡᠯᠬᠡ ᠵᠢᠨ ᠥᠮᠴᠢᠯᠡᠬᠦ ᠡᠷᠬᠡ ᠵᠢ ᠣᠯᠬᠤ᠂ ᠬᠠᠮᠠᠭ᠋ᠠᠯᠠᠬᠤ ᠪᠠ ᠬᠡᠷᠡᠭᠯᠡᠬᠦ ᠶᠡᠷᠦᠩᠬᠡᠶ ᠲᠣᠬᠢᠷᠠᠭ ᠤᠯᠤᠯᠲᠠ ᠪᠠ ᠨᠢᠭᠡᠳᠦᠯᠲᠡᠶ ᠲᠥᠯᠥᠪᠵᠢᠭᠦᠯᠪᠡ ᠬᠢᠬᠦ᠎ᠨᠢ ᠮᠣᠩᠭᠣᠯ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠮᠡᠲᠡᠯᠬᠡ ᠵᠢᠨ ᠥᠮᠴᠢᠯᠡᠬᠦ ᠡᠷᠬᠡ ᠵᠢᠨ ᠬᠡᠷᠡᠭᠯᠡᠭᠡᠨ᠎ᠤ ᠴᠢᠳᠠᠪᠤᠷᠢ ᠵᠢᠴᠢ ᠬᠠᠮᠢᠶᠠᠷᠤᠯᠲᠠ ᠵᠢᠨ ᠬᠢᠷᠢ ᠬᠡᠮᠵᠢᠶ᠎ᠡ᠎ᠪᠠᠨ ᠴᠢᠩᠭ᠋ᠠᠳᠬᠠᠬᠤ ᠵᠢ ᠠᠬᠢᠭᠤᠯᠵᠤ ᠴᠢᠳᠠᠨ᠎ᠠ᠃ ᠮᠣᠩᠭᠣᠯ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠭᠣᠣᠯᠯᠠᠭᠴᠢ ᠥᠷᠢᠰᠦᠯᠳᠦᠬᠦ ᠬᠦᠴᠦᠨ᠎ᠢ ᠠᠬᠢᠭᠤᠯᠵᠤ᠂ ᠮᠣᠩᠭᠣᠯ ᠡᠮ ᠡᠮᠨᠡᠯᠭᠡ ᠵᠢᠨ ᠵᠠᠬ᠎ᠠ ᠳᠡᠯᠭᠡᠭᠦᠷ᠎ᠤᠨ ᠡᠮᠬᠢ ᠵᠢᠷᠤᠮ᠎ᠲᠠᠢ ᠥᠷᠢᠰᠥᠯᠳᠦᠭᠡᠨ᠎ᠢ ᠠᠬᠢᠭᠤᠯᠵᠤ᠂ ᠮᠣᠩᠭᠣᠯ ᠡᠮ ᠡᠮᠨᠡᠯᠭᠡ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠨ᠎ᠡ ᠵᠢ ᠡᠭᠦᠳᠬᠦ ᠵᠢ ᠠᠬᠢᠭᠤᠯᠵᠤ᠂ ᠮᠣᠩᠭᠣᠯ ᠡᠮ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠮᠣᠩᠭᠣᠯ ᠡᠮ᠎ᠤᠨ ᠰᠢᠨ᠎ᠡ ᠪᠦᠲᠦᠭᠡᠭᠳᠡᠬᠦᠨ᠎ᠢ ᠨᠡᠭᠡᠭᠡᠨ ᠬᠦᠭᠵᠢᠬᠦᠯᠬᠦ ᠵᠢ ᠲᠦᠯᠬᠢᠨ ᠠᠬᠢᠭᠤᠯᠵᠤ᠂ ᠮᠣᠩᠭᠣᠯ ᠡᠮ ᠡᠮᠨᠡᠯᠭᠡ ᠵᠢᠨ ᠣᠳᠣᠬᠢᠴᠢᠯᠠᠯᠲᠠ᠂ ᠪᠠᠷᠢᠮᠵᠢᠶᠠᠵᠢᠭᠤᠯᠤᠯᠲᠠ ᠪᠠ ᠳᠡᠯᠡᠬᠡᠶ᠋ᠢᠵᠢᠯᠲᠡ ᠵᠢᠨ ᠬᠠᠷᠠᠯᠲᠠ ᠵᠢ ᠪᠡᠶᠡᠯᠡᠭᠦᠯᠦᠨ᠎ᠡ᠃
(ᠬᠣᠶᠠᠷ) ᠮᠣᠩᠭᠣᠯ ᠡᠮ ᠡᠮᠨᠡᠯᠭᠡ ᠵᠢᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠤᠰᠬᠠᠶ ᠠᠰᠢᠭ᠎ᠤᠨ ᠪᠠᠶ᠋ᠢᠷᠢᠯᠠ ᠭᠤᠯᠤᠯᠲᠠ ᠵᠢ ᠠᠬᠢᠭᠤᠯᠤᠨ᠎ᠠ
ᠮᠣᠩᠭᠣᠯ ᠡᠮ᠎ᠨᠢ ᠨᠢᠭᠡ ᠵᠦᠢ᠍ᠯ᠎ᠤᠨ ᠪᠦᠲᠦᠭᠡᠭᠳᠡᠬᠦᠨ ᠪᠣᠯᠤᠭᠰᠠᠨ᠎ᠤ ᠬᠤᠪᠢ᠎ᠳᠤ᠂ ᠮᠠᠨ᠎ᠤ ᠤᠯᠤᠰ᠎ᠤᠨ 《ᠲᠤᠰᠬᠠᠶ ᠠᠰᠢᠭ᠎ᠤᠨ ᠬᠠᠤᠯᠢ》 ᠵᠢᠨ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠬᠠᠮᠠᠭ᠋ᠠᠯᠠᠯᠲᠠ ᠵᠢᠨ ᠪᠤᠰᠤᠳᠴᠢ ᠴᠣᠭᠴᠠ᠎ᠳᠤ ᠬᠠᠷᠢᠶᠠᠯᠠᠭᠳᠠᠪᠠᠯ᠂ ᠲᠤᠰᠬᠠᠶ ᠠᠰᠢᠭ᠎ᠤᠨ ᠬᠠᠮᠠᠭ᠋ᠠᠯᠠᠯᠲᠠ ᠭᠤᠶᠤᠴᠢᠯᠠᠵᠤ ᠪᠣᠯᠤᠨ᠎ᠠ᠃ ᠬᠣᠯᠪᠣᠭᠳᠠᠯ ᠪᠦᠬᠦᠢ ᠪᠡᠯᠡᠳᠬᠡᠬᠦ ᠠᠷᠭ᠎ᠠ᠂ ᠰᠢᠨ᠎ᠡ ᠬᠡᠷᠡᠭᠴᠡᠭᠡ᠎ᠨᠢ ᠮᠥᠨ ᠴᠦ᠍ ᠲᠤᠰᠬᠠᠶ ᠠᠰᠢᠭ᠎ᠤᠨ ᠬᠠᠮᠠᠭ᠋ᠠᠯᠠᠯᠲᠠ ᠵᠢᠨ ᠡᠲᠡᠬᠡᠳ ᠪᠣᠯᠬᠤ ᠶᠤᠮ᠃ ᠮᠣᠩᠭᠣᠯ ᠡᠮ᠎ᠤᠨ ᠪᠦᠲᠦᠭᠡᠭᠳᠡᠬᠦᠨ᠎ᠢ ᠲᠤᠰᠬᠠᠶ ᠠᠰᠢᠭᠵᠢᠭᠤᠯᠵᠤ ᠪᠣᠯᠬᠤ ᠡᠲᠡᠭᠡᠳ᠎ᠲᠤ ᠮᠣᠩᠭᠣᠯ ᠡᠮ᠎ᠤᠨ ᠮᠠᠲ᠋ᠧᠷᠢᠶᠠᠯ᠂ ᠮᠣᠩᠭᠣᠯ ᠡᠮ᠎ᠤᠨ ᠨᠡᠶ᠋ᠢᠯᠡᠮᠡᠯ ᠨᠠᠶ᠋ᠢᠷᠠᠯᠭ᠎ᠠ᠂ ᠮᠣᠩᠭᠣᠯ ᠡᠮ᠎ᠤᠨ ᠮᠠᠲ᠋ᠧᠷᠢᠶᠠᠯ᠎ᠠᠴᠠ ᠭᠠᠷᠭ᠋ᠠᠨ ᠠᠪᠤᠭᠰᠠᠨ ᠢᠳᠡᠪᠬᠢ ᠪᠦᠷᠢᠯᠳᠦᠬᠦᠨ ᠵᠢᠴᠢ ᠮᠣᠩᠭᠣᠯ ᠡᠮ᠎ᠤᠨ ᠮᠠᠲ᠋ᠧᠷᠢᠶᠠᠯ ᠵᠶ᠋ᠠᠷ ᠰᠠᠭᠤᠷᠢ ᠪᠣᠯᠭ᠋ᠠᠭᠰᠠᠨ ᠡᠷᠡᠭᠦᠯᠵᠢᠯ᠎ᠤᠨ ᠡᠳ᠋ / ᠡᠳᠦᠷ ᠲᠤᠲᠤᠮ᠎ᠤᠨ ᠬᠡᠷᠡᠭᠰᠡᠯ / ᠢᠳᠡᠭᠡᠨ ᠪᠠᠭᠲᠠᠨ᠎ᠠ᠃ ᠮᠣᠩᠭᠣᠯ ᠡᠮ᠎ᠢ ᠦᠢ᠍ᠯᠡᠳᠴᠦ ᠪᠡᠯᠡᠳᠬᠡᠬᠦ ᠠᠷᠭ᠎ᠠ᠎ᠨᠢ ᠲᠤᠰᠬᠠᠢ ᠠᠰᠢᠭᠴᠢᠯᠠᠵᠤ ᠪᠣᠯᠬᠤ ᠡᠲᠡᠭᠡᠳ᠎ᠲᠤ ᠮᠣᠩᠭᠣᠯ ᠡᠮ᠎ᠤᠨ ᠢᠳᠡᠪᠬᠢ ᠪᠦᠷᠢᠯᠳᠦᠬᠦᠨ᠎ᠢ ᠭᠠᠷᠭ᠋ᠠᠨ ᠠᠪᠬᠤ᠂ ᠰᠠᠯᠭ᠋ᠠᠬᠤ ᠪᠠ ᠴᠡᠪᠡᠷᠵᠢᠭᠦᠯᠬᠦ ᠠᠷᠭ᠎ᠠ ᠪᠠᠭᠲᠠᠨ᠎ᠠ᠃ ᠮᠣᠩᠭᠣᠯ ᠡᠮ᠎ᠤᠨ ᠨᠠᠶ᠋ᠢᠷᠠᠯᠭ᠎ᠠ ᠵᠢ ᠪᠡᠯᠡᠳᠬᠡᠬᠦ ᠠᠷᠭ᠎ᠠ᠂ ᠮᠣᠩᠭᠣᠯ ᠡᠮ᠎ᠤᠨ ᠮᠠᠲ᠋ᠧᠷᠢᠶᠠᠯ᠎ᠢ ᠪᠣᠯᠪᠠᠰᠤᠷᠠᠭᠤᠯᠬᠤ ᠠᠷᠭ᠎ᠠ ᠵᠡᠷᠭᠡ ᠪᠤᠢ᠃ ᠮᠣᠩᠭᠣᠯ ᠡᠮ᠎ᠤᠨ ᠰᠢᠨ᠎ᠡ ᠬᠡᠷᠡᠭᠯᠡᠭᠡᠨ᠎ᠳᠠᠬᠢ ᠲᠤᠰᠬᠠᠶ ᠠᠰᠢᠭ᠎ᠤᠨ ᠡᠲᠡᠬᠡᠳ᠎ᠨᠢ ᠨᠢᠭᠡᠨᠲᠡ ᠮᠡᠳᠡᠭᠰᠡᠨ ᠮᠣᠩᠭᠣᠯ ᠡᠮ᠎ᠤᠨ ᠮᠠᠲ᠋ᠧᠷᠢᠶᠠᠯ᠎ᠤᠨ ᠰᠢᠨ᠎ᠡ ᠬᠡᠷᠡᠭᠴᠡᠭᠡ᠂ ᠰᠢᠨ᠎ᠡ / ᠨᠢᠭᠡᠨᠲᠡ ᠮᠡᠳᠡᠭᠰᠡᠨ ᠮᠣᠩᠭᠣᠯ ᠡᠮ᠎ᠤᠨ ᠢᠳᠡᠪᠬᠢ ᠪᠦᠷᠢᠯᠲᠠᠭᠦᠨᠤ ᠰᠢᠨ᠎ᠡ ᠬᠡᠷᠡᠭᠴᠡᠭᠡ᠂ ᠨᠢᠭᠡᠨᠲᠡ ᠮᠡᠳᠡᠭᠰᠡᠨ ᠮᠣᠩᠭᠣᠯ ᠡᠮ᠎ᠤᠨ ᠨᠠᠶ᠋ᠢᠷᠠᠯᠲᠠ ᠵᠢᠨ ᠰᠢᠨ᠎ᠡ ᠬᠡᠷᠡᠭᠴᠡᠬᠡ ᠵᠡᠷᠭᠡ ᠪᠠᠭᠲᠠᠨ᠎ᠠ᠃ ᠡᠭᠦᠨ᠎ᠠᠴᠠ ᠭᠠᠳᠠᠨ᠎ᠠ᠂ ᠮᠣᠩᠭᠣᠯ ᠡᠮᠨᠡᠯᠭᠡ ᠵᠢᠨ ᠤᠯᠠᠮᠵᠢᠯᠠᠯᠲᠤ ᠵᠠᠰᠠᠯᠭ᠎ᠠ᠎ᠳᠤ ᠬᠡᠷᠡᠭᠯᠡᠭᠰᠡᠨ ᠲᠠᠪᠤᠨ ᠵᠠᠰᠠᠯ᠎ᠤᠨ ᠪᠠᠭ᠋ᠠᠵᠢ᠂ ᠶᠠᠰᠤ ᠪᠠᠷᠢᠬᠤ ᠪᠠᠭ᠋ᠠᠵᠢ ᠵᠡᠷᠭᠡ᠎ᠨᠢ ᠮᠥᠨ ᠴᠦ᠍ ᠮᠠᠨ᠎ᠤ ᠤᠯᠤᠰ᠎ᠤᠨ 《ᠲᠤᠰᠬᠠᠢ ᠠᠰᠢᠭ᠎ᠤᠨ ᠬᠠᠤᠯᠢ》 ᠵᠢ ᠬᠠᠮᠠᠭ᠋ᠠᠯᠠᠬᠤ ᠪᠤᠰᠤᠳᠴᠢ ᠴᠣᠭᠴᠠ᠎ᠳᠤ ᠬᠠᠷᠢᠶᠠᠯᠠᠭᠳᠠᠨ᠎ᠠ᠃ ᠮᠡᠳᠡᠭᠦᠯᠦᠯᠲᠡ᠎ᠠᠴᠠ ᠲᠤᠰᠬᠠᠶ ᠠᠰᠢᠭ᠎ᠤᠨ ᠵᠠᠳᠠᠯᠤᠯᠲᠠ ᠵᠢᠨ ᠠᠭᠤᠯᠭ᠎ᠠ ᠵᠢᠨ ᠬᠡᠰᠡᠭ᠎ᠢ ᠮᠡᠳᠡᠵᠦ ᠪᠣᠯᠤᠨ᠎ᠠ᠂ ᠣᠳᠣᠬᠠᠨ᠎ᠳᠤ ᠮᠠᠨ᠎ᠤ ᠤᠯᠤᠰ᠎ᠤᠨ ᠲᠤᠰᠬᠠᠶ ᠠᠰᠢᠭ᠎ᠤᠨ ᠭᠤᠶᠤᠴᠢᠯᠠᠯ᠎ᠳᠤ ᠳᠡᠭᠡᠷ᠎ᠡ ᠳᠤᠷᠠᠳᠤᠭᠰᠠᠨ ᠬᠡᠳᠦᠨ ᠵᠦᠢ᠍ᠯ᠎ᠤᠨ ᠮᠤᠩᠭᠣᠯ ᠡᠮ᠎ᠤᠨ ᠦᠢ᠍ᠯᠡᠳᠬᠦᠨ᠂ ᠦᠢ᠍ᠯᠡᠳᠬᠦ ᠠᠷᠭ᠎ᠠ ᠵᠢᠴᠢ ᠰᠢᠨ᠎ᠡ ᠬᠡᠷᠡᠭᠯᠡᠭᠡᠨ᠎ᠤ ᠲᠥᠷᠥᠯ᠎ᠤᠨ ᠲᠤᠰᠬᠠᠶ ᠠᠰᠢᠭ᠎ᠤᠨ ᠬᠠᠮᠠᠭ᠋ᠠᠯᠠᠯᠲᠠ ᠵᠢᠨ ᠪᠤᠰᠤᠳᠴᠢ ᠴᠣᠭᠴᠠ ᠴᠥᠮ ᠬᠣᠯᠪᠣᠭᠳᠠᠵᠤ ᠪᠠᠶ᠋ᠢᠨ᠎ᠠ᠂ ᠡᠭᠦᠨ᠎ᠳᠤ ᠮᠣᠩᠭᠣᠯ ᠡᠮ᠎ᠤᠨ ᠰᠢᠨ᠎ᠡ ᠬᠡᠷᠡᠭᠯᠡᠬᠡᠨ᠎ᠤ ᠲᠠᠯ᠎ᠠ᠎ᠪᠠᠷ᠎ᠬᠢ ᠲᠤᠰᠬᠠᠶ ᠠᠰᠢᠭ᠎ᠤᠨ ᠭᠤᠶᠤᠴᠢᠯᠠᠯ᠎ᠳᠤ ᠮᠣᠩᠭᠣᠯ ᠡᠮ᠎ᠤᠨ ᠢᠳᠡᠪᠬᠢ ᠴᠢᠨᠠᠷᠲᠠᠶ ᠪᠤᠷᠢᠯᠲᠤᠬᠦᠨᠤ ᠬᠡᠷᠡᠭᠴᠡᠭᠡᠨ᠎ᠤ ᠲᠥᠷᠥᠯ᠎ᠤᠨ ᠲᠤᠰᠬᠠᠶ ᠠᠰᠢᠭ ᠨᠡᠯᠢᠶᠡᠳ ᠣᠯᠠᠨ ᠬᠣᠯᠪᠣᠭᠳᠠᠵᠤ ᠪᠠᠶ᠋ᠢᠨ᠎ᠠ᠃ ᠨᠢᠭᠡᠨᠲᠡ ᠮᠡᠳᠡᠭᠰᠡᠨ ᠮᠣᠩᠭᠣᠯ ᠡᠮ᠎ᠤᠨ ᠰᠢᠨ᠎ᠡ ᠬᠡᠷᠡᠭᠴᠡᠭᠡ ᠨᠡᠯᠢᠶᠡᠳ ᠪᠠᠭ᠎ᠠ᠂ ᠵᠥᠪᠬᠡᠨ ᠭᠤᠷᠪᠠᠨ ᠦᠷ᠎ᠡ ᠵᠢᠨ ᠲᠠᠷᠬᠠᠭ᠋ᠠᠯᠢ ᠬᠣᠷᠢᠭᠯᠠᠨ ᠦᠷᠪᠢᠰᠦᠯ᠎ᠢ ᠳᠠᠷᠤᠬᠤ ᠲᠠᠯ᠎ᠠ᠎ᠪᠠᠷ ᠬᠡᠷᠡᠭᠯᠡᠬᠦ ᠭᠠᠳᠠᠭ᠋ᠠᠳᠤ ᠬᠡᠷᠡᠭᠴᠡᠭᠡ᠂ ᠣᠷᠬᠣᠳᠠᠢ ᠵᠢᠨ ᠦᠷ᠎ᠡ ᠵᠢ ᠶᠠᠰᠤᠨ᠎ᠤ ᠡᠳ᠋ ᠰᠡᠶ᠋ᠢᠷᠡᠭᠵᠢᠭᠰᠡᠨ ᠡᠪᠡᠳᠴᠢᠨ᠎ᠢ ᠵᠠᠰᠠᠬᠤ᠎ᠳᠤ ᠬᠡᠷᠡᠭᠯᠡᠨ᠎ᠡ᠃ ᠲᠤᠰᠬᠠᠶ ᠠᠰᠢᠭ ᠭᠤᠶᠤᠴᠢᠯᠠᠭᠴᠢ ᠵᠢᠨ ᠵᠠᠳᠠᠯᠤᠯᠲᠠ ᠵᠢ ᠦᠨᠳᠦᠰᠦᠯᠡᠪᠡᠯ᠂ ᠮᠠᠨ᠎ᠤ ᠤᠯᠤᠰ ᠣᠳᠣᠬᠠᠨ᠎ᠳᠤ ᠨᠡᠶ᠋ᠢᠲᠡ 600 ᠰᠢᠬᠠᠮ ᠮᠣᠩᠭᠣᠯ ᠡᠮ ᠡᠮᠨᠡᠯᠭᠡ ᠵᠢᠨ ᠬᠠᠮᠢᠶ᠎ᠠ ᠪᠥᠬᠥᠶ ᠲᠤᠰᠬᠠᠶ ᠠᠰᠢᠭ᠎ᠤᠨ ᠭᠤᠶᠤᠴᠢᠯᠠᠯ ᠭᠠᠷᠭ᠋ᠠᠵᠤ᠂ ᠬᠣᠯᠪᠣᠭᠳᠠᠭᠰᠠᠨ ᠲᠤᠰᠬᠠᠶ ᠠᠰᠢᠭ᠎ᠤᠨ ᠭᠤᠶᠤᠴᠢᠯᠠᠭᠴᠢ᠎ᠨᠢ 300 ᠭᠠᠷᠤᠶ ᠪᠠᠶ᠋ᠢᠨ᠎ᠠ᠃ ᠭᠤᠶᠤᠴᠢᠯᠠᠭᠴᠢ ᠨᠢᠭᠡᠪᠦᠷᠢ ᠵᠢᠨ ᠭᠤᠶᠤᠴᠢᠯᠠᠯ᠎ᠤᠨ ᠳᠤᠮᠳᠠᠴᠢ ᠬᠡᠮᠵᠢᠶ᠎ᠡ᠎ᠨᠢ 2 ᠬᠤᠪᠢ ᠬᠦᠷᠬᠦ ᠦᠭᠡᠢ ᠪᠠᠶ᠋ᠢᠨ᠎ᠠ᠃ ᠡᠭᠦᠨ᠎ᠠᠴᠠ ᠲᠣᠭ᠎ᠠ ᠪᠠᠷᠢᠮᠲᠠ ᠮᠡᠳᠡᠵᠦ ᠪᠣᠯᠤᠨ᠎ᠠ᠂ ᠬᠡᠳᠦᠶ᠋ᠢᠪᠡᠷ ᠤᠯᠤᠰ᠎ᠤᠨ ᠳᠣᠲᠣᠭ᠋ᠠᠳᠤ᠎ᠳᠤ ᠮᠣᠩᠭᠣᠯ ᠡᠮ ᠡᠮᠨᠡᠯᠭᠡ ᠵᠢᠨ ᠬᠣᠯᠪᠣᠭᠳᠠᠯ ᠪᠦᠬᠦᠢ ᠡᠭᠦᠳᠦᠯᠲᠡ ᠪᠤᠲᠤᠬᠡᠯᠲᠡ ᠵᠢᠨ ᠬᠠᠮᠠᠭ᠋ᠠᠯᠠᠯᠲᠠ ᠵᠢᠨ ᠴᠢᠭᠯᠡᠯ᠎ᠳᠤ ᠪᠦᠷ ᠬᠣᠯᠪᠣᠭᠳᠠᠭᠰᠠᠨ ᠪᠣᠯᠪᠠᠴᠤ ᠣᠳᠣᠬᠢ ᠱᠠᠲᠤᠨ᠎ᠳᠤ ᠵᠥᠪᠬᠡᠨ ᠴᠡᠭ᠎ᠤᠨ ᠬᠠᠮᠠᠭ᠋ᠠᠯᠠᠯᠲᠠ ᠲᠡᠳᠦᠢ ᠶᠤᠮ᠃ ᠬᠦᠴᠦᠨ ᠪᠦᠬᠦᠢ ᠲᠤᠰᠬᠠᠶ ᠠᠰᠢᠭ᠎ᠤᠨ ᠨᠡᠶ᠋ᠢᠯᠡᠯᠲᠡ ᠪᠣᠯᠵᠤ ᠪᠦᠷᠢᠯᠳᠦᠭᠰᠡᠨ ᠦᠭᠡᠢ᠃
ᠨᠢᠭᠡᠨᠲᠡ ᠮᠡᠳᠡᠭᠰᠡᠨ ᠮᠣᠩᠭᠣᠯ ᠡᠮ᠎ᠤᠨ ᠰᠢᠨ᠎ᠡ ᠬᠡᠷᠡᠭᠯᠡᠭᠡᠨ᠎ᠤ ᠴᠢᠭᠯᠡᠯ᠎ᠤᠨ ᠲᠤᠰᠬᠠᠶ ᠠᠰᠢᠭ᠎ᠤᠨ ᠠᠰᠠᠭᠤᠳᠠᠯ ᠮᠣᠩᠭᠣᠯ ᠡᠮ ᠡᠮᠨᠡᠯᠭᠡ ᠵᠢᠨ ᠰᠤᠳᠤᠯᠭ᠋ᠠᠨ᠎ᠤ ᠪᠠᠶ᠋ᠢᠭᠤᠯᠤᠮᠵᠢ ᠪᠣᠯᠤᠨ ᠮᠣᠩᠭᠣᠯ ᠡᠮ ᠡᠮᠨᠡᠯᠭᠡ ᠵᠢᠨ ᠠᠵᠤ ᠠᠬᠤᠶ᠋ᠢᠯᠠᠯ᠎ᠲᠤ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠳᠦᠷᠢᠮ᠎ᠤᠨ ᠬᠡᠷᠡᠭᠯᠡᠯᠲᠡ ᠵᠢᠨ ᠬᠠᠮᠢᠶ᠎ᠠ ᠪᠦᠬᠦᠢ ᠪᠣᠯᠪᠠᠰᠤᠷᠠᠭᠤᠯᠤᠯ ᠵᠢᠴᠢ ᠮᠡᠳᠡᠯᠭᠡ ᠵᠢᠨ ᠥᠮᠴᠢᠯᠡᠬᠦ ᠡᠷᠬᠡ ᠵᠢ ᠠᠭᠤᠳᠠᠯᠬᠤ᠂ ᠪᠣᠶ᠋ᠢᠵᠢᠭᠤᠯᠬᠤ ᠠᠵᠢᠯ᠎ᠢ ᠥᠷᠨᠢᠭᠦᠯᠬᠦ᠎ᠪᠠᠷ ᠳᠠᠮᠵᠢᠨ᠂ ᠨᠠᠩ ᠣᠯᠠᠨ ᠤᠯᠠᠮᠵᠢᠯᠠᠯᠲᠤ ᠮᠣᠩᠭᠣᠯ ᠡᠮ᠎ᠤᠨ ᠰᠢᠨ᠎ᠡ ᠬᠡᠷᠡᠭᠴᠡᠭᠡ ᠵᠢᠨ ᠲᠤᠰᠬᠠᠶ ᠠᠰᠢᠭᠵᠢᠯᠲᠠ ᠵᠢ ᠠᠬᠢᠭᠤᠯᠤᠨ᠎ᠠ᠃
ᠲᠤᠰᠬᠠᠶ ᠠᠰᠢᠭ᠎ᠤᠨ ᠪᠠᠶ᠋ᠢᠷᠢᠯᠠᠭᠤᠯᠤᠯᠲᠠ ᠵᠢᠨ ᠠᠰᠠᠭᠤᠳᠠᠯ᠎ᠤᠨ ᠲᠤᠬᠠᠶ᠂ ᠨᠢᠭᠡ ᠲᠠᠯ᠎ᠠ᠎ᠪᠠᠷ ᠬᠡᠳᠦᠨ ᠮᠣᠩᠭᠣᠯ ᠡᠮ ᠡᠮᠨᠡᠯᠭᠡ ᠵᠢᠨ ᠬᠥᠲᠥᠴᠢ ᠠᠵᠤ ᠠᠬᠤᠶ᠋ᠢᠯᠠᠯ᠎ᠢ ᠰᠣᠩᠭᠣᠵᠤ 《ᠲᠤᠰᠬᠠᠶ ᠠᠰᠢᠭ᠎ᠢ ᠰᠢᠯᠢᠳᠡᠭᠵᠢᠭᠦᠯᠬᠦ ᠢᠨᠵᠧᠨᠧᠷᠢᠩ》᠎ᠢ ᠥᠷᠨᠢᠭᠦᠯᠬᠦ᠎ᠪᠠᠷ ᠳᠠᠮᠵᠢᠨ᠂ ᠲᠡᠳᠡᠨ᠎ᠤ ᠲᠤᠰᠬᠠᠶ ᠠᠰᠢᠭ ᠣᠯᠬᠤ ᠴᠢᠲᠠᠪᠤᠷᠢ ᠵᠢ ᠳᠡᠭᠡᠭᠰᠢᠯᠡᠭᠦᠯᠵᠦ ᠪᠣᠯᠤᠨ᠎ᠠ᠃ ᠡᠭᠦᠨ᠎ᠤ ᠤᠯᠠᠮ ᠵᠶ᠋ᠠᠷ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠤᠰᠬᠠᠶ ᠠᠰᠢᠭ᠎ᠤᠨ ᠪᠠᠶ᠋ᠢᠷᠢᠯᠠᠭᠤᠯᠤᠯᠲᠠ ᠵᠢ ᠲᠦᠯᠬᠢᠨ ᠠᠬᠢᠭᠤᠯᠤᠨ᠎ᠠ; ᠨᠥᠭᠥᠭᠡ ᠲᠠᠯ᠎ᠠ᠎ᠪᠠᠷ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠲᠤᠰᠬᠠᠢ ᠪᠠᠶ᠋ᠢᠭᠤᠯᠤᠮᠵᠢ ᠪᠠᠶ᠋ᠢᠭᠤᠯᠬᠤ᠎ᠪᠠᠷ ᠳᠠᠮᠵᠢᠨ᠂ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢᠨ ᠰᠤᠳᠤᠯᠭ᠋ᠠᠨ᠎ᠤ ᠠᠵᠢᠯ᠎ᠢ ᠥᠷᠨᠢᠭᠦᠯᠵᠦ᠂ ᠮᠣᠩᠭᠣᠯ ᠡᠮ ᠡᠮᠨᠡᠯᠭᠡ ᠵᠢᠨ ᠠᠵᠤ ᠠᠬᠤᠶ᠋ᠢᠯᠠᠳᠤ ᠰᠢᠢ᠍ᠳᠪᠤᠷᠢᠲᠤ ᠪᠣᠳᠣᠯᠭ᠎ᠠ ᠵᠢᠨ ᠵᠥᠪᠯᠡᠯᠭᠡ ᠥᠭᠬᠦ ᠦᠢ᠍ᠯᠡᠴᠢᠯᠡᠬᠡ ᠬᠠᠩᠭ᠋ᠠᠵᠤ᠂ ᠡᠭᠦᠨ᠎ᠳᠤ ᠮᠡᠳᠡᠯᠭᠡ ᠵᠢᠨ ᠥᠮᠴᠢᠯᠡᠬᠦ ᠡᠷᠬᠡ ᠵᠢᠨ ᠪᠠᠶ᠋ᠢᠯᠳᠤᠬᠤ ᠪᠣᠳᠣᠯᠭ᠎ᠠ᠂ ᠮᠡᠳᠡᠯᠭᠡ ᠵᠢᠨ ᠥᠮᠴᠢᠯᠡᠬᠦ ᠡᠷᠬᠡ ᠵᠢᠨ ᠬᠠᠮᠢᠶᠠᠷᠤᠯᠲᠠ ᠵᠢᠨ ᠰᠢᠰᠲ᠋ᠧᠮᠵᠢ ᠵᠢᠨ ᠪᠠᠶ᠋ᠢᠭᠤᠯᠤᠯᠲᠠ᠂ ᠮᠡᠳᠡᠯᠭᠡ ᠵᠢᠨ ᠥᠮᠴᠢᠯᠡᠬᠦ ᠡᠷᠬᠡ ᠵᠢᠨ ᠵᠠᠳᠠᠯᠤᠯᠲᠠ ᠦᠨᠡᠯᠡᠯᠲᠡ᠂ ᠮᠡᠳᠡᠯᠭᠡ ᠵᠢᠨ ᠥᠮᠴᠢᠯᠡᠬᠦ ᠡᠷᠬᠡ ᠵᠢᠨ ᠦᠨᠡᠯᠡᠨ ᠵᠢᠱ᠌ᠢᠯᠲᠡ᠂ ᠮᠡᠳᠡᠯᠭᠡ ᠵᠢᠨ ᠥᠮᠴᠢᠯᠡᠬᠦ ᠡᠷᠬᠡ ᠵᠢᠨ ᠡᠵᠡᠩᠨᠡᠯᠲᠡ ᠲᠡᠯᠬᠡᠷᠡᠭᠦᠯᠤᠯᠲᠡ᠂ ᠮᠡᠳᠡᠯᠭᠡ ᠵᠢᠨ ᠥᠮᠴᠢᠯᠡᠬᠦ ᠡᠷᠬᠡ ᠵᠢᠨ ᠲᠣᠭ᠎ᠠ ᠪᠠᠷᠢᠮᠲᠠ ᠵᠢᠨ ᠡᠬᠢ ᠪᠠᠶᠠᠯᠢᠭ᠂ ᠮᠡᠳᠡᠯᠭᠡ ᠵᠢᠨ ᠥᠮᠴᠢᠯᠡᠬᠦ ᠡᠷᠬᠡ ᠵᠢᠨ ᠪᠠᠶ᠋ᠢᠷᠢᠯᠠᠭᠤᠯᠤᠯᠲᠠ ᠵᠢᠴᠢ ᠮᠡᠳᠡᠯᠭᠡ ᠵᠢᠨ ᠥᠮᠴᠢᠯᠡᠬᠦ ᠡᠷᠬᠡ ᠵᠢᠨ ᠬᠠᠤᠯᠢ ᠴᠠᠭ᠋ᠠᠵᠠ ᠵᠢᠨ ᠡᠷᠬᠡ ᠠᠰᠢᠭ᠎ᠢ ᠬᠠᠮᠠᠭ᠋ᠠᠯᠠᠬᠤ ᠵᠡᠷᠭᠡ ᠪᠠᠭᠲᠠᠨ᠎ᠠ᠃ ᠡᠭᠦᠨ᠎ᠠᠴᠠ ᠭᠠᠳᠠᠨ᠎ᠠ᠂ ᠪᠠᠰᠠ ᠲᠠᠶ᠋ᠢᠸᠠᠨ᠎ᠤ ᠢᠨᠵᠧᠨᠧᠷᠢᠩ᠎ᠤᠨ ᠰᠤᠳᠤᠯᠭ᠋ᠠᠨ᠎ᠤ ᠬᠦᠷᠢᠶᠡᠯᠡᠩ ᠵᠡᠷᠭᠡ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠠᠮᠢᠶ᠎ᠠ ᠪᠥᠬᠥᠶ ᠪᠠᠶ᠋ᠢᠭᠤᠯᠤᠮᠵᠢ ᠵᠢᠨ ᠲᠤᠰᠬᠠᠶ ᠠᠰᠢᠭ᠎ᠤᠨ ᠪᠠᠶ᠋ᠢᠷᠢᠰᠢᠭᠤᠯᠤᠯᠲᠠ ᠵᠢᠨ ᠠᠮᠵᠢᠯᠲᠠ᠎ᠲᠠᠢ ᠲᠤᠷᠰᠢᠯᠭ᠎ᠠ᠎ᠪᠠᠷ ᠯᠠᠪᠯᠠᠯᠲᠠ ᠪᠣᠯᠭ᠋ᠠᠵᠤ᠂ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠪᠠᠶ᠋ᠢᠭᠤᠯᠤᠮᠵᠢ᠎ᠪᠠᠷ ᠭᠣᠤᠯᠯᠠᠭᠤᠯᠤᠨ 《ᠮᠣᠩᠭᠣᠯ ᠡᠮ ᠡᠮᠨᠡᠯᠭᠡ ᠵᠢᠨ ᠲᠤᠰᠬᠠᠶ ᠠᠰᠢᠭ᠎ᠤᠨ ᠲᠠᠲᠠᠭ᠋ᠠᠯ》᠎ᠢ ᠪᠠᠶ᠋ᠢᠭᠤᠯᠬᠤ ᠠᠷᠭ᠎ᠠ ᠮᠠᠶᠢᠭ ᠵᠶ᠋ᠠᠷ ᠮᠣᠩᠭᠣᠯ ᠡᠮ ᠡᠮᠨᠡᠯᠭᠡ ᠵᠢᠨ ᠲᠤᠰᠬᠠᠶ ᠠᠰᠢᠭ᠎ᠢ ᠨᠢᠭᠡᠳᠦᠯᠲᠡᠶ ᠡᠵᠡᠩᠨᠡᠵᠦ ᠪᠣᠯᠤᠨ᠎ᠠ᠃ ᠣᠲᠣ ᠵᠢᠨ ᠪᠠᠶ᠋ᠢᠭ᠎ᠠ ᠮᠣᠩᠭᠣᠯ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠥᠪᠡᠷ᠎ᠤᠨ ᠲᠤᠰᠬᠠᠶ ᠠᠰᠢᠭ᠎ᠤᠨ ᠬᠠᠮᠠᠭ᠋ᠠᠯᠠᠯ ᠲᠠᠨ᠎ᠢ ᠬᠡᠲᠦ ᠪᠠᠭᠤᠷᠠᠶ ᠪᠠᠶ᠋ᠢᠵᠤ᠂ ᠲᠤᠰᠬᠠᠶ ᠠᠰᠢᠭ᠎ᠤᠨ ᠪᠠᠶ᠋ᠢᠷᠢᠰᠢᠭᠤᠯᠤᠯᠲᠠ ᠪᠣᠯᠵᠣ ᠪᠦᠷᠢᠯᠳᠦᠭᠰᠡᠨ ᠥᠬᠡᠶ ᠠᠰᠠᠭᠤᠲᠠᠯ᠎ᠢ ᠨᠥᠬᠥᠪᠥᠷᠢᠯᠡᠨ᠎ᠡ᠃ ᠡᠭᠦᠨ᠎ᠠᠴᠠ ᠭᠠᠳᠠᠨ᠎ᠠ᠂ 《ᠮᠣᠩᠭᠣᠯ ᠡᠮ ᠡᠮᠨᠡᠯᠭᠡ ᠵᠢᠨ ᠲᠤᠰᠬᠠᠶ ᠠᠰᠢᠭ᠎ᠤᠨ ᠲᠠᠲᠠᠭ᠋ᠠᠯ》᠎ᠢ ᠪᠠᠶ᠋ᠢᠭᠤᠯᠪᠠᠯ ᠮᠣᠩᠭᠣᠯ ᠡᠮ ᠡᠮᠨᠡᠯᠭᠡ ᠵᠢᠨ ᠬᠠᠮᠢᠶ᠎ᠠ ᠪᠥᠬᠥᠶ ᠲᠤᠰᠬᠠᠶ ᠠᠰᠢᠭ᠎ᠤᠨ ᠵᠥᠪᠰᠢᠶᠡᠷᠡᠯ᠂ ᠰᠢᠯᠵᠢᠭᠦᠯᠦᠨ ᠥᠭᠬᠦ ᠵᠡᠷᠭᠡ ᠵᠢ ᠲᠦᠷᠭᠡᠳᠬᠡᠵᠦ᠂ ᠮᠣᠩᠭᠣᠯ ᠡᠮ ᠡᠮᠨᠡᠯᠭᠡ ᠵᠢᠨ ᠮᠡᠷᠭᠡᠵᠢᠯ᠎ᠤᠨ ᠠᠵᠤ ᠦᠶ᠋ᠢᠯᠡᠰᠵᠢᠯᠲᠡ᠂ ᠵᠠᠬ᠎ᠠ ᠳᠡᠯᠭᠡᠭᠦᠷᠴᠢᠯᠡᠯᠲᠡ ᠵᠢ ᠠᠬᠢᠭᠤᠯᠵᠤ ᠪᠣᠯᠤᠨ᠎ᠠ᠃
(ᠭᠤᠷᠪᠠ) ᠳᠡᠯᠡᠬᠡᠶ᠎ᠳᠤ ᠠᠯᠳᠠᠷᠲᠠᠶ ᠮᠣᠩᠭᠣᠯ ᠡᠮ ᠡᠮᠨᠡᠯᠭᠡ ᠵᠢᠨ ᠨᠠᠷᠠᠲᠤ ᠲᠥᠷᠥᠯ ᠲᠡᠮᠳᠡᠭᠲᠦ ᠵᠢ ᠪᠣᠶ ᠪᠤᠯᠭ᠋ᠠᠵᠤ᠂ ᠭᠠᠵᠠᠷ ᠵᠦᠶ ᠵᠢᠨ ᠲᠡᠮᠳᠡᠭ᠎ᠢ ᠪᠦᠲᠦᠮᠵᠢᠲᠡᠶ ᠠᠰᠢᠭᠯᠠᠬᠤ ᠬᠠᠮᠠᠭ᠋ᠠᠯᠠᠯᠲᠠ
ᠨᠡᠷᠡᠲᠦ ᠲᠥᠷᠥᠯ ᠲᠡᠮᠳᠡᠭᠲᠦ ᠵᠢᠨ ᠪᠠᠶ᠋ᠢᠯᠳᠤᠬᠤ ᠪᠣᠳᠣᠯᠭ᠎ᠠ ᠵᠢᠨ ᠬᠡᠷᠡᠭᠵᠢᠭᠦᠯᠦᠯᠲᠡ᠎ᠨᠢ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠢᠨ ᠰᠠᠭᠤᠷᠢᠨ ᠳᠡᠭᠡᠷ᠎ᠡ ᠪᠠᠶ᠋ᠢᠭᠤᠯᠤᠭᠳᠠᠭᠰᠠᠨ᠂ ᠮᠡᠳᠡᠯᠭᠡ ᠵᠢᠨ ᠥᠮᠴᠢᠯᠡᠬᠦ ᠡᠷᠬᠡ ᠵᠢᠨ ᠲᠤᠬᠠᠶ ᠪᠦᠷᠢᠨ ᠲᠡᠭᠦᠯᠳᠡᠷ ᠬᠠᠤᠯᠢ ᠴᠠᠭ᠋ᠠᠵᠠ ᠬᠠᠤᠯᠢ ᠲᠤᠭᠲᠠᠭ᠋ᠠᠯ ᠪᠠᠶ᠋ᠢᠬᠤ ᠦᠭᠡᠢ ᠪᠣᠯ ᠲᠦᠷᠦᠯ ᠲᠡᠮᠳᠡᠭ᠎ᠤᠨ ᠪᠠᠶ᠋ᠢᠯᠳᠤᠬᠤ ᠪᠤᠳᠤᠯᠭ᠎ᠠ᠎ᠨᠢ ᠵᠥᠪᠬᠡᠨ ᠵᠠᠷ ᠮᠡᠳᠡᠭᠡᠨ᠎ᠤ ᠲᠠᠢ᠌ᠨ᠂ ᠦᠨ᠎ᠡ ᠬᠠᠩᠰᠢ ᠵᠢᠨ ᠪᠠᠶ᠋ᠢᠯᠳᠤᠭ᠋ᠠᠨ ᠪᠤᠯᠵᠤ ᠲᠤᠷᠤᠢ᠍ᠢ᠍ᠳᠠᠬᠤ ᠪᠣᠯᠤᠨ᠎ᠠ᠃ ᠡᠶ᠋ᠢᠮᠦ᠎ᠠᠴᠠ ᠨᠠᠷᠠᠲᠤ ᠲᠥᠷᠥᠯ ᠲᠡᠮᠳᠡᠭᠲᠦ ᠵᠢᠨ ᠪᠠᠶ᠋ᠢᠯᠳᠤᠬᠤ ᠪᠣᠳᠣᠯᠭ᠎ᠠ ᠵᠢᠨ ᠭᠣᠤᠯᠳᠠᠯᠭ᠎ᠠ᠎ᠨᠢ ᠲᠠᠸᠠᠷ᠎ᠤᠨ ᠲᠡᠮᠳᠡᠭᠲᠦ ᠵᠢ ᠬᠠᠮᠠᠭ᠋ᠠᠯᠠᠬᠤ ᠶᠠᠪᠤᠳᠠᠯ ᠪᠣᠯᠤᠨ᠎ᠠ᠃ ᠥᠪᠡᠷ᠎ᠤᠨ ᠨᠡᠷᠡᠲᠦ ᠲᠡᠮᠳᠡᠭ ᠵᠶ᠋ᠠᠨ ᠬᠠᠮᠠᠭ᠋ᠠᠯᠠᠬᠤ ᠭᠡᠪᠡᠯ᠂ ᠡᠩ ᠲᠡᠷᠢᠭᠦᠨ᠎ᠳᠤ ᠲᠠᠸᠠᠷ᠎ᠤᠨ ᠲᠡᠮᠳᠡᠭ᠎ᠤᠨ ᠲᠤᠰᠬᠠᠶ ᠬᠡᠷᠡᠭᠯᠡᠬᠦ ᠡᠷᠬᠡ ᠵᠢ ᠣᠯᠬᠤ ᠬᠡᠷᠡᠭᠲᠡᠶ᠂ ᠳᠠᠷᠠᠭ᠎ᠠ᠎ᠳᠤ᠎ᠨᠢ ᠲᠠᠸᠠᠷ᠎ᠤᠨ ᠲᠡᠮᠳᠡᠭ᠎ᠤᠨ ᠲᠥᠷᠥᠯ ᠵᠦᠢ᠍ᠯ᠎ᠢ ᠨᠡᠶ᠋ᠢᠯᠡᠭᠦᠯᠦᠨ ᠳᠠᠩᠰᠠᠯᠠᠬᠤ ᠵᠢ ᠠᠩᠬᠠᠷᠴᠤ᠂ ᠰᠢᠨᠵᠢᠯᠡᠬᠦ ᠤᠬᠠᠭ᠋ᠠᠨᠴᠢ᠎ᠪᠠᠷ ᠨᠡᠶ᠋ᠢᠯᠡᠭᠦᠯᠦᠨ ᠳᠠᠩᠰᠠᠯᠠᠭᠤᠯᠬᠤ᠎ᠪᠠᠷ ᠳᠠᠮᠵᠢᠨ᠂ ᠨᠢᠭᠡᠨ ᠨᠢᠭᠲᠠ ᠴᠢᠩᠭ᠎ᠠ ᠬᠠᠮᠠᠭ᠋ᠠᠯᠠᠯᠲᠠ ᠵᠢᠨ ᠲᠣᠣᠷ ᠰᠦᠯᠵᠢᠭᠡᠳ ᠪᠤᠰᠤᠳ ᠬᠥᠮᠦᠨ᠎ᠤ ᠲᠡᠷᠭᠡᠨ᠎ᠳᠤ ᠰᠠᠭᠤᠵᠤ ᠠᠰᠢᠭ ᠣᠯᠬᠤ᠎ᠳᠤ ᠬᠦᠴᠢᠷ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠳᠡᠭᠡᠷᠡᠬᠢ ᠲᠠᠸᠠᠷ᠎ᠤᠨ ᠲᠡᠮᠳᠡᠭ᠎ᠤᠨ ᠵᠠᠳᠠᠯᠤᠯᠲᠠ ᠵᠢᠨ ᠠᠭᠤᠯᠭ᠎ᠠ ᠵᠢ ᠦᠨᠳᠦᠰᠦᠯᠡᠪᠡᠯ᠂ ᠮᠣᠩᠭᠣᠯ ᠡᠮ ᠡᠮᠨᠡᠯᠭᠡ ᠵᠢᠨ ᠠᠵᠤ ᠠᠬᠤᠶ᠋ᠢᠯᠠᠯ ᠥᠪᠡᠷ᠎ᠤᠨ ᠮᠣᠩᠭᠣᠯ ᠡᠮ᠎ᠤᠨ ᠨᠠᠷᠠᠲᠤ ᠲᠥᠷᠥᠯ ᠲᠡᠮᠳᠡᠭᠲᠦ ᠵᠢᠨ ᠨᠡᠷᠡᠶ᠋ᠢᠳᠦᠯ ᠵᠶ᠋ᠠᠨ ᠲᠠᠸᠠᠷ᠎ᠤᠨ ᠲᠡᠮᠳᠡᠭᠲᠦ ᠳᠠᠩᠰᠠᠯᠠᠭᠤᠯᠪᠠ᠃ ᠭᠡᠪᠡᠴᠦ ᠮᠣᠩᠭᠣᠯ ᠡᠮ᠎ᠤᠨ ᠨᠠᠷᠠᠲᠤ ᠲᠡᠮᠳᠡᠭ᠎ᠤᠨ ᠠᠯᠳᠠᠷᠰᠢᠯ᠎ᠢ ᠪᠠᠰᠠ ᠳᠡᠭᠡᠭᠰᠢᠯᠡᠭᠦᠯᠬᠦ ᠴᠢᠬᠤᠯᠠᠲᠠᠶ ᠪᠠᠶ᠋ᠢᠨ᠎ᠠ᠃ ᠮᠣᠩᠭᠣᠯ ᠡᠮ ᠡᠮᠨᠡᠯᠭᠡ ᠵᠢᠨ ᠨᠡᠷᠡᠲᠦ ᠲᠥᠷᠥᠯ ᠲᠡᠮᠳᠡᠭᠲᠦ ᠵᠢ ᠦᠨᠡᠯᠡᠬᠦ᠂ ᠪᠣᠶ᠋ᠢᠵᠢᠭᠤᠯᠬᠤ᠂ ᠬᠠᠮᠠᠭ᠋ᠠᠯᠠᠬᠤ᠂ ᠤᠬᠠᠭᠤᠯᠬᠤ ᠬᠠᠮᠢᠶᠠᠷᠤᠯᠲᠠ ᠵᠢᠨ ᠰᠢᠰᠲ᠋ᠧᠮ ᠪᠠ ᠲᠣᠭᠲᠠᠴᠠ ᠵᠢ ᠪᠠᠶ᠋ᠢᠭᠤᠯᠬᠤ᠎ᠪᠠᠷ ᠳᠠᠮᠵᠢᠨ᠂ ᠨᠡᠷᠡᠲᠦ ᠲᠥᠷᠥᠯ ᠲᠡᠮᠳᠡᠭᠲᠦ ᠵᠢᠨ ᠪᠠᠶ᠋ᠢᠭᠤᠯᠤᠯᠲᠠ ᠬᠢᠭᠡᠳ ᠪᠣᠶ᠋ᠢᠵᠢᠭᠤᠯᠬᠤ ᠡᠷᠴᠢᠮ᠎ᠢ ᠴᠢᠩᠭ᠋ᠠᠷᠠᠭᠤᠯᠵᠤ᠂ ᠨᠡᠷᠡᠲᠦ ᠲᠥᠷᠥᠯ ᠲᠡᠮᠳᠡᠭᠲᠦ ᠵᠢᠨ ᠰᠢᠨ᠎ᠡ ᠵᠢ ᠡᠭᠦᠳᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠮᠣᠩᠭᠣᠯ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠮᠣᠩᠭᠣᠯ ᠡᠮ ᠡᠮᠨᠡᠯᠭᠡ ᠵᠢᠨ ᠨᠡᠷᠡᠲᠦ ᠲᠥᠷᠥᠯ ᠲᠡᠮᠳᠡᠭᠲᠦ ᠵᠢᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠤ ᠢᠳᠡᠪᠬᠢᠵᠢᠯ ᠪᠠ ᠪᠦᠲᠦᠭᠡᠯᠴᠢ ᠬᠦᠴᠦᠨ᠎ᠢ ᠬᠥᠭᠵᠢᠭᠡᠵᠦ᠂ ᠮᠣᠩᠭᠣᠯ ᠡᠮ ᠡᠮᠨᠡᠯᠭᠡ ᠵᠢᠨ ᠤᠯᠤᠰ᠎ᠠᠴᠠ ᠳᠣᠲᠣᠭ᠋ᠠᠳᠤ ᠭᠠᠳᠠᠭ᠋ᠠᠳᠤ ᠵᠢᠨ ᠨᠢᠭᠡ ᠪᠦᠯᠦᠭ ᠨᠡᠷᠡᠲᠦ ᠲᠥᠷᠥᠯ ᠲᠡᠮᠳᠡᠭᠲᠦ ᠵᠢ ᠪᠤᠢ ᠪᠤᠯᠭ᠋ᠠᠨ᠎ᠠ᠃ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ ᠪᠠ ᠠᠵᠤ ᠠᠬᠤᠶ᠋ᠢᠯᠠᠯ᠎ᠤᠨ ᠵᠣᠬᠢᠬᠤ ᠨᠥᠯᠥᠭᠡᠯᠡᠬᠦ ᠬᠦᠴᠦᠨ᠎ᠲᠠᠢ ᠣᠷᠣᠨ ᠪᠦᠰᠡ ᠵᠢᠨ ᠨᠡᠷᠡᠲᠦ ᠲᠡᠮᠳᠡᠭ᠂ ᠠᠵᠤ ᠠᠬᠤᠶ᠋ᠢᠯᠠᠯ᠎ᠤᠨ ᠨᠡᠷᠡᠲᠦ ᠲᠡᠮᠳᠡᠭ᠂ ᠪᠦᠲᠦᠭᠡᠭᠳᠡᠬᠦᠨ᠎ᠤ ᠨᠡᠷᠡᠲᠦ ᠲᠡᠮᠳᠡᠭ᠎ᠲᠤ ᠣᠯᠠᠨ ᠤᠯᠤᠰ᠎ᠠᠴᠠ ᠲᠠᠸᠠᠷ᠎ᠤᠨ ᠲᠡᠮᠳᠡᠭ ᠳᠠᠩᠰᠠᠯᠠᠭᠤᠯᠬᠤ ᠵᠢ ᠵᠣᠷᠢᠭᠵᠢᠭᠤᠯᠤᠨ᠎ᠠ᠃ ᠣᠯᠠᠨ ᠤᠯᠤᠰ᠎ᠠᠴᠠ ᠥᠷᠢᠰᠥᠯᠳᠦᠭᠡᠨ᠎ᠳᠤ ᠣᠷᠣᠯᠴᠠᠬᠤ ᠵᠢᠨ ᠬᠠᠮᠲᠤ ᠠᠵᠤ ᠠᠬᠤᠶ᠋ᠢᠯᠠᠯ᠎ᠤᠨ ᠲᠠᠸᠠᠷ᠎ᠤᠨ ᠲᠡᠮᠳᠡᠭ᠎ᠤᠨ ᠠᠭᠤᠯᠤᠭᠲᠠᠬᠤ᠎ᠨᠢ ᠪᠠᠶᠠᠯᠢᠭᠵᠢᠭᠤᠯᠬᠤ ᠵᠢ ᠵᠣᠷᠢᠭᠵᠢᠭᠤᠯᠵᠤ᠂ ᠲᠠᠸᠠᠷ᠎ᠤᠨ ᠲᠡᠮᠳᠡᠭ᠎ᠤᠨ ᠡᠳ᠋ ᠬᠥᠷᠥᠩᠭᠡ ᠵᠢᠨ ᠥᠷᠲᠡᠭ᠎ᠢ ᠨᠡᠮᠡᠭᠳᠡᠭᠦᠯᠵᠦ᠂ ᠲᠠᠸᠠᠷ᠎ᠤᠨ ᠲᠡᠮᠳᠡᠭ᠎ᠤᠨ ᠠᠯᠳᠠᠷᠰᠢᠯ᠎ᠢ ᠳᠡᠭᠡᠭᠰᠢᠯᠡᠭᠦᠯᠦᠨ᠂ ᠨᠡᠷᠡᠲᠦ ᠲᠠᠸᠠᠷ᠎ᠤᠨ ᠲᠡᠮᠳᠡᠭ᠎ᠢ ᠪᠤᠢ ᠪᠣᠯᠭ᠋ᠠᠬᠤ ᠬᠡᠷᠡᠭᠲᠡᠶ᠃
ᠳᠡᠭᠡᠷᠡᠬᠢ ᠬᠠᠶᠢᠭ᠎ᠤᠨ ᠲᠡᠮᠳᠡᠭ᠎ᠤᠨ ᠪᠠᠶ᠋ᠢᠳᠠᠯ᠎ᠢ ᠦᠨᠳᠦᠰᠦᠯᠡᠨ ᠵᠠᠳᠠᠯᠵᠤ ᠦᠵᠡᠪᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠠᠵᠢᠯ ᠲᠥᠷᠥᠯ᠎ᠤᠨ ᠨᠡᠶ᠋ᠢᠭᠡᠮᠯᠢᠭ᠎ᠨᠢ ᠲᠣᠰ ᠭᠠᠵᠠᠷ ᠣᠷᠣᠨ᠎ᠤ᠎ᠪᠠᠨ ᠮᠣᠩᠭᠣᠯ ᠡᠮ᠎ᠤᠨ ᠮᠠᠲ᠋ᠧᠷᠢᠶᠠᠯ᠎ᠤᠨ ᠬᠠᠮᠢᠶ᠎ᠠ ᠪᠥᠬᠥᠶ ᠪᠦᠲᠦᠭᠡᠭᠳᠡᠬᠦᠨ᠎ᠳᠤ ᠭᠠᠵᠠᠷ ᠵᠦᠶ ᠵᠢᠨ ᠪᠡᠯᠭᠡ ᠳᠡᠮᠳᠡᠭ᠎ᠤᠨ ᠬᠠᠮᠠᠭ᠋ᠠᠯᠠᠯᠲᠠ ᠭᠤᠶᠤᠴᠢᠯᠠᠵᠤ᠂ ᠬᠤᠨᠴᠢᠷ᠂ ᠴᠠᠭ᠋ᠠᠨ ᠭᠣᠶᠣᠣ᠂ ᠴᠢᠨ᠋᠊ ᠣᠠ᠋ ᠵᠢᠨ ᠬᠠᠷᠮᠠᠭ᠂ ᠡᠯᠡᠰᠦᠨ ᠰᠣᠩᠭᠢᠨ᠎ᠠ ᠵᠡᠷᠭᠡ᠎ᠳᠤ ᠬᠣᠯᠪᠣᠭᠳᠠᠵᠠᠶ᠃ ᠡᠳᠡᠭᠡᠷ ᠭᠠᠵᠠᠷ ᠵᠦᠢ ᠵᠢᠨ ᠪᠡᠯᠭᠡ ᠳᠡᠮᠳᠡᠭ᠎ᠢ ᠳᠠᠩᠰᠠᠯᠠᠭᠤᠯᠤᠭᠰᠠᠨ ᠪᠠ ᠬᠡᠷᠡᠭᠯᠡᠭᠰᠡᠨ᠎ᠨᠢ ᠲᠤᠬᠠᠢ ᠵᠢᠨ ᠭᠠᠵᠠᠷ᠎ᠤᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠪᠡ᠃ ᠭᠡᠪᠡᠴᠦ᠂ ᠮᠣᠩᠭᠣᠯ ᠡᠮ᠎ᠤᠨ ᠮᠠᠲ᠋ᠧᠷᠢᠶᠠᠯ᠎ᠤᠨ ᠭᠠᠵᠠᠷ ᠵᠦᠶ ᠵᠢᠨ ᠲᠡᠮᠳᠡᠭ᠎ᠲᠠᠢ ᠬᠠᠷᠢᠴᠠᠭᠤᠯᠪᠠᠯ᠂ ᠳᠠᠩᠰᠠᠯᠠᠭᠤᠯᠬᠤ᠎ᠪᠠᠷ ᠭᠤᠶᠤᠴᠢᠯᠠᠭᠰᠠᠨ᠎ᠨᠢ ᠵᠥᠪᠬᠡᠨ ᠪᠠᠭ᠎ᠠ ᠬᠡᠰᠡᠭ᠂ ᠣᠯᠠᠩᠬᠢ ᠭᠠᠵᠠᠷ ᠵᠦᠶ ᠵᠢᠨ ᠲᠡᠮᠳᠡᠭ᠎ᠤᠨ ᠬᠡᠷᠡᠭᠯᠡᠭᠴᠢᠳ ᠪᠠᠰᠠ ᠥᠪᠡᠷ᠎ᠤᠨ ᠡᠷᠬᠡ ᠠᠰᠢᠭ ᠵᠶ᠋ᠠᠨ ᠬᠡᠷᠬᠢᠨ ᠬᠠᠮᠠᠭ᠋ᠠᠯᠠᠬᠤ ᠵᠢ ᠮᠡᠳᠡᠬᠦ ᠦᠭᠡᠢ᠂ ᠲᠡᠭᠦᠨ᠎ᠤ ᠭᠠᠵᠠᠷ ᠵᠦᠢ ᠵᠢᠨ ᠪᠡᠯᠭᠡ ᠳᠡᠮᠳᠡᠭ᠎ᠤᠨ ᠬᠡᠷᠡᠭᠯᠡᠯᠲᠡ᠎ᠨᠢ ᠠᠶᠠᠨᠳᠠᠭ᠋ᠠᠨ ᠪᠤᠢ ᠪᠣᠯᠤᠭᠰᠠᠨ ᠪᠠᠶ᠋ᠢᠳᠠᠯ᠎ᠳᠤ ᠪᠠᠶ᠋ᠢᠵᠤ᠂ ᠬᠠᠮᠠᠭ᠋ᠠᠯᠠᠬᠤ᠎ᠳᠤ ᠠᠰᠢᠭ ᠦᠬᠡᠢ ᠮᠥᠷᠲᠡᠭᠡᠨ ᠭᠠᠵᠠᠷ ᠵᠦᠢ ᠵᠢᠨ ᠪᠡᠯᠭᠡ ᠳᠡᠮᠳᠡᠭ᠎ᠤᠨ ᠳᠠᠪᠠᠭᠤᠯᠢᠭ᠎ᠢ ᠪᠠᠲᠠᠷᠠᠭᠤᠯᠬᠤ᠎ᠳᠤ ᠴᠤ᠌ ᠠᠰᠢᠭ ᠦᠬᠡᠢ ᠶᠤᠮ᠃ ᠬᠡᠷᠪᠡ ᠡᠶ᠋ᠢᠮᠦ ᠪᠠᠶ᠋ᠢᠳᠠᠯ᠎ᠢ ᠬᠤᠪᠢᠷᠠᠭᠤᠯᠬᠤ ᠦᠭᠡᠢ ᠪᠣᠯ ᠬᠠᠷᠢᠨ ᠮᠣᠩᠭᠣᠯ ᠡᠮ᠎ᠤᠨ ᠮᠠᠲ᠋ᠧᠷᠢᠶᠠᠯ ᠲᠠᠷᠢᠵᠤ ᠦᠢ᠍ᠯᠡᠳᠪᠤᠷᠢᠯᠡᠬᠦ ᠠᠵᠤ ᠠᠬᠤᠶ᠋ᠢᠯᠠᠯ ᠪᠣᠯᠤᠨ ᠲᠠᠷᠢᠶᠠᠴᠢᠳ ᠭᠠᠵᠠᠷ ᠵᠦᠶ ᠵᠢᠨ ᠪᠡᠯᠭᠡ ᠲᠡᠮᠳᠡᠭ᠎ᠠᠴᠠ ᠠᠰᠢᠭ ᠬᠦᠷᠲᠡᠬᠦ᠎ᠳᠤ ᠪᠡᠷᠬᠡ᠂ ᠮᠣᠩᠭᠣᠯ ᠡᠮ᠎ᠤᠨ ᠮᠠᠲ᠋ᠧᠷᠢᠶᠠᠯ᠎ᠤᠨ ᠪᠦᠲᠤᠭ᠌ᠲᠡᠭᠦᠨ ᠴᠦ᠍ ᠳᠡᠯᠡᠬᠡᠶ ᠵᠢᠨ ᠵᠠᠬ᠎ᠠ ᠳᠡᠯᠭᠡᠭᠦᠷ᠎ᠲᠤ ᠥᠷᠢᠰᠦᠯᠳᠦᠬᠦ ᠬᠦᠴᠦᠨ᠎ᠲᠠᠢ ᠪᠣᠯᠵᠤ ᠴᠢᠳᠠᠬᠤ ᠦᠭᠡᠢ ᠶᠤᠮ᠃ ᠳᠡᠯᠡᠬᠡᠶ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠳᠤ ᠣᠷᠣᠬᠤ ᠱᠠᠭ᠋ᠠᠷᠳᠠᠯᠭ᠎ᠠ᠎ᠳᠤ ᠵᠣᠬᠢᠴᠠᠬᠤ᠎ᠳᠤ ᠬᠦᠴᠢᠷ᠃ ᠡᠶ᠋ᠢᠮᠦ᠎ᠠᠴᠠ ᠭᠠᠵᠠᠷ ᠵᠦᠢ ᠵᠢᠨ ᠪᠡᠯᠭᠡ ᠳᠡᠮᠳᠡᠭ᠎ᠢ ᠬᠠᠮᠠᠭ᠋ᠠᠯᠠᠬᠤ ᠠᠵᠢᠯ ᠮᠥᠨ ᠮᠠᠰᠢ ᠤᠯᠠᠨ ᠪᠠᠶ᠋ᠢᠬᠤ ᠶᠤᠮ᠃ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠭ᠎ᠠ ᠪᠠ ᠮᠣᠩᠭᠣᠯ ᠡᠮ᠎ᠤᠨ ᠮᠠᠲᠸᠷᠢᠶᠠᠯ᠎ᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠮᠣᠩᠭᠣᠯ ᠡᠮ᠎ᠤᠨ ᠮᠠᠲ᠋ᠧᠷᠢᠶᠠᠯ ᠲᠠᠷᠢᠵᠤ ᠦᠢ᠍ᠯᠡᠳᠪᠦᠷᠢᠯᠡᠬᠦ ᠠᠵᠤ ᠠᠬᠤᠶ᠋ᠢᠯᠠᠯ ᠪᠠ ᠲᠠᠷᠢᠶᠠᠴᠢᠳ᠎ᠲᠤ ᠭᠠᠵᠠᠷ ᠵᠦᠢ ᠵᠢᠨ ᠪᠡᠯᠭᠡ ᠳᠡᠮᠳᠡᠭ᠎ᠢ ᠬᠠᠮᠠᠭ᠋ᠠᠯᠠᠬᠤ ᠬᠠᠤᠯᠢ ᠴᠠᠭ᠋ᠠᠵᠠ ᠵᠢᠨ ᠮᠡᠳᠡᠯᠭᠡ ᠵᠢ ᠢᠳᠡᠪᠬᠢᠲᠡᠢ ᠤᠬᠠᠭᠤᠯᠤᠨ ᠲᠦᠭᠡᠮᠡᠯᠵᠢᠭᠦᠯᠵᠦ᠂ ᠡᠯ᠎ᠡ ᠭᠠᠵᠠᠷ᠎ᠤᠨ ᠮᠣᠩᠭᠣᠯ ᠡᠮ ᠡᠮᠨᠡᠯᠭᠡ ᠵᠢᠨ ᠠᠵᠢᠯ ᠲᠥᠷᠥᠯ᠎ᠤᠨ ᠨᠡᠶ᠋ᠢᠭᠡᠮᠯᠢᠭ᠎ᠤᠨ ᠦᠢ᠍ᠯᠡᠴᠢᠯᠡᠭᠡᠨ᠎ᠤ ᠴᠢᠳᠠᠮᠵᠢ ᠵᠢ ᠪᠠᠳᠠᠷᠠᠭᠤᠯᠬᠤ ᠬᠡᠷᠡᠭᠲᠡᠢ᠃ ᠮᠣᠩᠭᠣᠯ ᠡᠮ᠎ᠤᠨ ᠮᠠᠲ᠋ᠧᠷᠢᠶᠠᠯ᠎ᠤᠨ ᠭᠠᠵᠠᠷ ᠵᠦᠶ ᠵᠢᠨ ᠲᠡᠮᠳᠡᠭ᠎ᠤᠨ ᠡᠬᠢ ᠪᠠᠶᠠᠯᠢᠭ᠎ᠤᠨ ᠨᠡᠶ᠋ᠢᠳᠡᠮ ᠪᠠᠶ᠋ᠢᠴᠠᠭ᠋ᠠᠯᠲᠠ᠎ᠪᠠᠷ ᠳᠠᠮᠵᠢᠭᠤᠯᠤᠨ᠂ ᠭᠠᠵᠠᠷ ᠵᠦᠶ ᠵᠢᠨ ᠲᠡᠮᠳᠡᠭ᠎ᠢ ᠬᠠᠮᠠᠭ᠋ᠠᠯᠠᠬᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠮᠣᠩᠭᠣᠯ ᠡᠮ᠎ᠤᠨ ᠮᠠᠲ᠋ᠧᠷᠢᠶᠠᠯ᠎ᠤᠨ ᠡᠬᠢ ᠪᠠᠶᠠᠯᠢᠭ᠎ᠤᠨ ᠪᠠᠢ᠍ᠳᠠᠯ᠂ ᠲᠣᠭ᠎ᠠ ᠬᠡᠮᠵᠢᠶ᠎ᠡ᠂ ᠲᠥᠷᠥᠯ ᠬᠡᠯᠪᠡᠷᠢ᠂ ᠲᠠᠷᠬᠠᠯᠲᠠ᠂ ᠶᠠᠰᠤ ᠴᠢᠨᠠᠷ᠎ᠤᠨ ᠣᠨᠴᠠᠯᠢᠭ᠂ ᠲᠠᠷᠢᠵᠤ ᠤᠷᠭᠤᠭᠤᠯᠬᠤ᠂ ᠡᠳᠰᠢᠭᠦᠯᠬᠦ ᠵᠡᠷᠭᠡ ᠪᠠᠶ᠋ᠢᠳᠠᠯ᠎ᠢ ᠭᠦᠨᠵᠡᠭᠡᠶ ᠣᠶ᠋ᠢᠯᠠᠭ᠋ᠠᠵᠤ᠂ ᠡᠯ᠎ᠡ ᠭᠠᠵᠠᠷ᠎ᠤᠨ ᠮᠣᠩᠭᠣᠯ ᠡᠮ ᠡᠮᠨᠡᠯᠭᠡ ᠵᠢᠨ ᠠᠵᠢᠯ ᠲᠥᠷᠥᠯ᠎ᠤᠨ ᠨᠡᠶ᠋ᠢᠭᠡᠮᠯᠢᠭ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠮᠣᠩᠭᠣᠯ ᠡᠮ᠎ᠤᠨ ᠮᠠᠲ᠋ᠧᠷᠢᠶᠠᠯ᠎ᠤᠨ ᠦᠢ᠍ᠯᠡᠳᠬᠦᠨ᠎ᠤ ᠭᠠᠵᠠᠷ ᠵᠦᠶ ᠵᠢᠨ ᠲᠡᠮᠳᠡᠭ ᠪᠤᠶᠤ ᠭᠡᠷᠡᠴᠢᠯᠡᠬᠦ ᠲᠠᠸᠠᠷ᠎ᠤᠨ ᠲᠡᠮᠳᠡᠭ᠎ᠤᠨ ᠭᠤᠶᠤᠴᠢᠯᠠᠯ᠎ᠤᠨ ᠭᠣᠤᠯ ᠴᠣᠭᠴᠠ ᠪᠣᠯᠭ᠋ᠠᠨ᠎ᠠ᠃ ᠱᠠᠭ᠋ᠠᠷᠳᠠᠯᠭ᠎ᠠ᠎ᠳᠤ ᠨᠡᠶ᠋ᠢᠴᠡᠭᠰᠡᠨ ᠮᠣᠩᠭᠣᠯ ᠡᠮ᠎ᠤᠨ ᠮᠠᠲ᠋ᠧᠷᠢᠶᠠᠯ᠎ᠤᠨ ᠪᠦᠲᠦᠭᠡᠭᠳᠡᠬᠦᠨ᠎ᠢ ᠴᠢᠨᠠᠷ ᠢ ᠰᠢᠯᠭ᠋ᠠᠨ ᠪᠠᠢ᠌ᠴᠠᠭ᠋ᠠᠬᠤ ᠲᠣᠪᠴᠢᠶ᠎ᠠ᠂ ᠲᠠᠷᠢᠶᠠᠯᠠᠩ᠎ᠤᠨ ᠶᠠᠮᠤᠨ ᠪᠤᠶᠤ ᠲᠠᠸᠠᠷ᠎ᠤᠨ ᠲᠡᠮᠳᠡᠭ᠎ᠤᠨ ᠲᠣᠪᠴᠢᠶ᠎ᠠ ᠵᠢᠨ ᠠᠷᠭ᠎ᠠ ᠵᠠᠮ ᠵᠶ᠋ᠠᠷ ᠭᠠᠵᠠᠷ ᠵᠦᠶ ᠵᠢᠨ ᠲᠡᠮᠳᠡᠭ᠎ᠤᠨ ᠬᠠᠮᠠᠭ᠋ᠠᠯᠠᠯᠲᠠ ᠵᠢ ᠣᠯᠵᠤ᠂ ᠡᠭᠦᠨ᠎ᠤ ᠬᠠᠮᠲᠤ ᠮᠣᠩᠭᠣᠯ ᠡᠮ ᠳᠠᠷᠢᠵᠤ ᠦᠢ᠍ᠯᠡᠳᠪᠤᠷᠢᠯᠡᠬᠦ ᠠᠵᠤ ᠠᠬᠤᠶ᠋ᠢᠯᠠᠯ ᠪᠣᠯᠤᠨ ᠲᠠᠷᠢᠶᠠᠴᠢᠳ᠎ᠤᠨ ᠭᠠᠵᠠᠷ ᠵᠦᠶ ᠵᠢᠨ ᠲᠡᠮᠳᠡᠭ ᠪᠥᠬᠥᠶ ᠮᠣᠩᠭᠣᠯ ᠡᠮ᠎ᠤᠨ ᠮᠠᠲ᠋ᠧᠷᠢᠶᠠᠯ᠎ᠢ ᠦᠢ᠍ᠯᠡᠳᠪᠤᠷᠢᠯᠡᠬᠦ ᠡᠵᠡᠩᠨᠡᠬᠦ ᠵᠢ ᠳᠡᠮᠵᠢᠨ᠎ᠡ᠃ ᠮᠣᠩᠭᠣᠯ ᠡᠮ᠎ᠤᠨ ᠮᠠᠲ᠋ᠧᠷᠢᠶᠠᠯ᠎ᠤᠨ ᠪᠦᠲᠦᠭᠡᠭᠳᠡᠬᠦᠨ᠎ᠤ ᠭᠠᠵᠠᠷ ᠵᠦᠶ ᠵᠢᠨ ᠲᠡᠮᠳᠡᠭ᠎ᠤᠨ ᠬᠠᠮᠠᠭ᠋ᠠᠯᠠᠯᠲᠠ ᠭᠤᠶᠤᠴᠢᠯᠡᠬᠤ ᠵᠢ ᠠᠬᠢᠭᠤᠯᠬᠤ᠎ᠪᠠᠷ ᠳᠠᠮᠵᠢᠨ᠂ ᠪᠠᠰᠠ ᠮᠣᠩᠭᠣᠯ ᠡᠮ᠎ᠤᠨ ᠮᠠᠲ᠋ᠧᠷᠢᠶᠠᠯ᠎ᠤᠨ ᠵᠠᠬ᠎ᠠ ᠳᠡᠯᠭᠡᠭᠦᠷ᠎ᠢ ᠳᠦᠷᠢᠮᠵᠢᠭᠦᠯᠵᠦ᠂ ᠮᠠᠭᠤ᠎ᠪᠠᠷ ᠰᠠᠶ᠋ᠢᠨ᠎ᠢ ᠤᠷᠤᠭᠤᠯᠬᠤ ᠪᠠᠶ᠋ᠢᠳᠠᠯ᠎ᠢ ᠲᠠᠰᠤ ᠬᠣᠷᠢᠭᠯᠠᠵᠤ᠂ ᠴᠢᠨᠠᠷ ᠮᠠᠭᠤᠲᠠᠶ ᠮᠣᠩᠭᠣᠯ ᠡᠮ᠎ᠤᠨ ᠮᠠᠲ᠋ᠧᠷᠢᠶᠠᠯ᠎ᠤᠨ ᠵᠠᠬ᠎ᠠ ᠳᠡᠯᠭᠡᠭᠦᠷ᠎ᠲᠠᠬᠢ ᠬᠦᠢ᠍ᠯᠬᠡᠬᠡᠨ᠎ᠤ ᠬᠡᠮᠵᠢᠶ᠎ᠡ ᠵᠢ ᠪᠦᠲᠦᠮᠵᠢᠲᠡᠶ ᠪᠠᠭᠤᠷᠠᠭᠤᠯᠤᠨ᠎ᠠ᠃
(ᠳᠥᠷᠪᠡ) ᠮᠣᠩᠭᠣᠯ ᠡᠮ ᠡᠮᠨᠡᠯᠭᠡ ᠵᠢᠨ ᠣᠯᠠᠨ ᠲᠥᠷᠥᠯ ᠬᠡᠯᠪᠡᠷᠢ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠲᠤᠭᠲᠠᠴᠠ ᠵᠢ ᠪᠠᠶ᠋ᠢᠭᠤᠯᠵᠤ᠂ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠬᠠᠤᠯᠢ ᠴᠠᠭ᠋ᠠᠵᠠ ᠵᠢᠨ ᠰᠢᠰᠲ᠋ᠧᠮᠵᠢ ᠵᠢ ᠪᠦᠷᠢᠨᠰᠢᠭᠦᠯᠦᠨ᠎ᠡ
ᠤᠳᠠᠭ᠋ᠠᠨ ᠵᠢᠯ᠎ᠤᠨ ᠲᠤᠷᠰᠢ᠂ ᠮᠣᠩᠭᠣᠯ ᠡᠮ ᠡᠮᠨᠡᠯᠭᠡ ᠵᠢᠨ ᠤᠬᠠᠭ᠋ᠠᠨ᠎ᠤ ᠰᠢᠰᠲ᠋ᠧᠮ᠎ᠤᠨ ᠣᠨᠣᠯ᠎ᠤᠨ ᠰᠠᠭᠤᠷᠢ ᠲᠠᠯᠪᠢᠬᠤ ᠪᠠ ᠤᠯᠠᠮᠵᠢᠯᠠᠨ ᠵᠠᠯᠭ᠋ᠠᠮᠵᠢᠯᠠᠬᠤ ᠬᠥᠭᠵᠢᠯᠲᠡ ᠵᠢᠨ ᠶᠠᠪᠤᠴᠠ᠎ᠳᠤ ᠠᠨᠠᠭ᠋ᠠᠬᠤ ᠤᠬᠠᠭ᠋ᠠᠨ᠎ᠤ ᠶᠡᠬᠡ ᠬᠡᠮᠵᠢᠶᠡᠨ᠎ᠤ ᠰᠤᠷᠪᠤᠯᠵᠢ ᠪᠢᠴᠢᠭ᠎ᠢ ᠪᠦᠷᠢᠯᠲᠤᠭᠦᠯᠤᠨ ᠬᠠᠳᠠᠭ᠋ᠠᠯᠠᠵᠠᠢ᠃ ᠡᠭᠦᠨ᠎ᠳᠤ ᠲᠥᠯᠥᠭᠡᠯᠡᠬᠦ ᠴᠢᠨᠠᠷᠲᠠᠶ᠎ᠨᠢ 《ᠰᠤᠳᠠᠯ᠎ᠤᠨ ᠠᠨᠢᠰᠤ ᠵᠢᠨ ᠲᠣᠪᠴᠢ》᠂ 《ᠡᠮ᠎ᠤᠨ ᠢᠯᠭ᠋ᠠᠨ ᠲᠠᠨᠢᠯᠲᠠ》᠂ 《ᠷᠠᠰᠢᠶᠠᠨ᠎ᠤ ᠲᠣᠰᠣᠯ ᠰᠤᠪᠤᠳ》᠂ 《ᠷᠠᠰᠢᠶᠠᠨ᠎ᠤ ᠡᠪᠡᠳᠴᠢᠨ᠎ᠢ ᠢᠯᠭ᠋ᠠᠨ ᠳᠣᠲᠣᠯᠠᠬᠤ ᠣᠨᠣᠯ᠎ᠤᠨ ᠡᠮᠴᠢᠯᠡᠭᠡᠨ᠎ᠤ ᠲᠡᠭᠦᠪᠦᠷᠢ》᠂ 《ᠡᠮ ᠲᠠᠨᠢᠬᠤ ᠲᠠᠯᠠᠰᠲᠤ ᠲᠣᠯᠢ》 ᠵᠡᠷᠭᠡ ᠢᠵᠢ ᠪᠦᠷᠢᠨ ᠮᠣᠩᠭᠣᠯ ᠡᠮ ᠡᠮᠨᠡᠯᠭᠡ ᠵᠢᠨ ᠵᠣᠬᠢᠶᠠᠯ ᠪᠦᠲᠤᠬᠡᠯ ᠪᠣᠯᠤᠨ᠎ᠠ᠃ ᠡᠭᠦᠨ᠎ᠠᠴᠠ ᠭᠠᠳᠠᠨ᠎ᠠ ᠪᠠᠰᠠ 《ᠪᠠᠱ᠌ᠡᠰᠤᠨᠤ ᠡᠮ ᠬᠢᠬᠦ ᠠᠷᠭ᠎ᠠ》᠂ 《ᠠᠨᠠᠭ᠋ᠠᠬᠤ ᠤᠬᠠᠭ᠋ᠠᠨ᠎ᠤ ᠳᠠᠯᠠᠢ ᠵᠢᠨ ᠲᠣᠯᠢ》᠂ 《 ᠮᠤᠩᠭᠤᠯ ᠡᠮ᠎ᠤᠨ ᠭᠣᠣᠯ ᠲᠣᠯᠢ》᠂ 《ᠷᠠᠰᠢᠶᠠᠨ᠎ᠤ ᠠᠨᠠᠭ᠋ᠠᠬᠤ ᠤᠬᠠᠭ᠋ᠠᠨ》᠂ 《ᠬᠡᠷᠡᠭᠯᠡᠭᠡᠨ᠎ᠤ ᠮᠣᠩᠭᠣᠯ ᠡᠮ ᠡᠮᠨᠡᠯᠭᠡ ᠶᠢᠨ ᠤᠬᠠᠭ᠋ᠠᠨ》 ᠵᠡᠷᠭᠡ ᠵᠣᠬᠢᠶᠠᠯ ᠪᠦᠲᠦᠭᠡᠯ ᠪᠤᠢ᠃ ᠡᠳᠡᠭᠡᠷ ᠰᠤᠷᠪᠤᠯᠵᠢ ᠪᠢᠴᠢᠭ ᠪᠣᠯ ᠮᠣᠩᠭᠣᠯ ᠡᠮ ᠡᠮᠨᠡᠯᠭᠡ ᠵᠢᠨ ᠤᠯᠠᠮᠵᠢᠯᠠᠯᠲᠤ ᠮᠡᠳᠡᠯᠭᠡ ᠵᠢᠨ ᠭᠣᠣᠯ ᠠᠴᠢᠶᠠᠯᠠᠭᠴᠢ ᠪᠣᠯᠤᠨ᠎ᠠ᠃ ᠮᠣᠩᠭᠣᠯ ᠡᠮ ᠡᠮᠨᠡᠯᠭᠡ ᠵᠢᠨ ᠤᠯᠠᠮᠵᠢᠯᠠᠨ ᠵᠠᠯᠭ᠋ᠠᠮᠵᠢᠯᠠᠬᠤ ᠪᠠ ᠬᠥᠭᠵᠢᠭᠦᠯᠬᠦ ᠵᠢᠨ ᠪᠠᠲᠤ ᠪᠡᠬᠢ ᠰᠠᠭᠤᠷᠢ ᠪᠣᠯᠬᠤ ᠪᠥᠭᠡᠳ ᠪᠠᠰᠠ ᠴᠤ᠌ ᠡᠮᠴᠢᠯᠡᠭᠡ ᠪᠠ ᠰᠢᠨ᠎ᠡ ᠡᠮ᠎ᠢ ᠨᠡᠭᠡᠭᠡᠨ ᠬᠥᠭᠵᠢᠭᠦᠯᠵᠦ ᠰᠤᠳᠤᠯᠬᠤ ᠵᠢᠨ ᠴᠢᠬᠤᠯᠠ ᠦᠨᠳᠦᠰᠦᠯᠡᠯ ᠪᠠ ᠨᠢᠭᠤᠴᠠ ᠮᠡᠳᠡᠭᠡᠨ᠎ᠤ ᠢᠷᠡᠯᠲᠡ ᠪᠣᠯᠤᠨ᠎ᠠ᠃ ᠮᠣᠩᠭᠣᠯ ᠡᠮ ᠡᠮᠨᠡᠯᠭᠡ ᠵᠢᠨ ᠡᠯᠪᠡᠭ ᠪᠠᠶᠠᠯᠢᠭ ᠰᠤᠷᠪᠤᠯᠵᠢ ᠪᠢᠴᠢᠭ᠎ᠤᠨ ᠡᠬᠢ ᠪᠠᠶᠠᠯᠢᠭ᠎ᠨᠢ ᠮᠣᠩᠭᠣᠯ ᠡᠮ ᠠᠮᠨᠡᠯᠬᠡ ᠵᠢᠨ ᠤᠬᠠᠭ᠋ᠠᠨ᠎ᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠢᠯᠡ ᠲᠣᠳᠣ ᠤᠮᠠᠷᠠᠲᠤ ᠵᠢᠨ ᠦᠨᠳᠦᠰᠦᠲᠡᠨ᠎ᠤ ᠡᠮ ᠡᠮᠨᠡᠯᠬᠡ ᠵᠢᠨ ᠣᠨᠴᠠᠯᠢᠭ ᠪᠠ ᠭᠠᠵᠠᠷ ᠣᠷᠣᠨ᠎ᠤ ᠣᠨᠴᠠᠯᠢᠭ᠎ᠲᠠᠢ ᠣᠷᠴᠢᠨ ᠦᠶ᠎ᠡ ᠵᠢᠨ ᠮᠣᠩᠭᠣᠯ ᠡᠮ ᠡᠮᠨᠡᠯᠭᠡ ᠵᠢᠨ ᠤᠬᠠᠭ᠋ᠠᠨ᠎ᠢ ᠪᠦᠷᠢᠯᠳᠦᠭᠦᠯᠦᠭᠰᠡᠨ ᠪᠠᠶ᠋ᠢᠨ᠎ᠠ᠃ ᠭᠡᠲᠡᠯ᠎ᠡ᠂ ᠡᠳᠡᠭᠡᠷ᠎ᠨᠢ ᠮᠣᠩᠭᠣᠯ ᠡᠮ ᠡᠮᠨᠡᠯᠭᠡ ᠵᠢᠨ ᠤᠯᠠᠮᠵᠢᠯᠠᠯᠲᠤ ᠮᠡᠳᠡᠯᠭᠡ ᠵᠢ ᠲᠡᠮᠳᠡᠭᠯᠡᠭᠰᠡᠨ ᠬᠣᠪᠣᠷ ᠨᠠᠨᠳᠢᠨ ᠡᠷᠲᠡᠨ᠎ᠤᠨ ᠨᠣᠮ ᠪᠢᠴᠢᠭ᠎ᠨᠢ ᠬᠠᠷᠢᠨ ᠬᠠᠮᠠᠭ᠋ᠠᠯᠠᠬᠤ ᠬᠤᠭᠤᠴᠠᠭ᠋ᠠᠨ᠎ᠤ ᠠᠰᠠᠭᠤᠳᠠᠯ᠎ᠠᠴᠠ ᠪᠤᠯᠵᠤ ᠤᠳᠤ ᠪᠠᠶ᠋ᠢᠭ᠎ᠠ ᠵᠣᠬᠢᠶᠠᠯ ᠪᠦᠲᠤᠬᠡᠯ᠎ᠤᠨ ᠡᠷᠬᠡ ᠵᠢᠨ ᠲᠦᠷᠢᠮ ᠵᠶ᠋ᠠᠷ ᠳᠠᠮᠵᠢᠭᠤᠯᠤᠨ ᠬᠠᠮᠠᠭ᠋ᠠᠯᠠᠬᠤ ᠵᠢᠨ ᠠᠷᠭ᠎ᠠ ᠦᠭᠡᠢ ᠶᠤᠮ᠃ ᠮᠣᠩᠭᠣᠯ ᠡᠮ ᠡᠮᠨᠡᠯᠭᠡ ᠵᠢᠨ ᠡᠷᠲᠡᠨ᠎ᠤ ᠨᠣᠮ ᠪᠢᠴᠢᠭ᠎ᠢ ᠬᠠᠳᠠᠭ᠋ᠠᠯᠠᠵᠤ ᠤᠯᠠᠮᠵᠢᠯᠠᠬᠤ ᠵᠢᠨ ᠲᠥᠯᠥᠭᠡ᠂ ᠥᠪᠥᠷ ᠮᠣᠩᠭᠣᠯ᠎ᠤᠨ ᠮᠣᠩᠭᠣᠯ ᠡᠮ ᠡᠮᠨᠡᠯᠭᠡ ᠵᠢᠨ ᠰᠤᠳᠤᠯᠭ᠋ᠠᠨ᠎ᠤ ᠬᠦᠷᠢᠶᠡᠯᠡᠩ ᠮᠣᠩᠭᠣᠯ ᠡᠮ ᠡᠮᠨᠡᠯᠭᠡ ᠵᠢᠨ ᠡᠷᠲᠡᠨ᠎ᠤᠨ ᠨᠣᠮ ᠪᠢᠴᠢᠭ᠎ᠢ ᠡᠮᠬᠢᠯᠡᠬᠦ ᠪᠠ ᠡᠯᠤᠺᠲᠷᠤᠨᠴᠢᠯᠠᠬᠤ ᠠᠵᠢᠯ ᠬᠢᠵᠦ᠂ 《ᠮᠣᠩᠭᠣᠯ ᠡᠮ ᠡᠮᠨᠡᠯᠭᠡ ᠵᠢᠨ ᠮᠦᠽᠧᠢ》 ᠵᠢ ᠪᠠᠶ᠋ᠢᠭᠤᠯᠪᠠ᠃ ᠣᠳᠣ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠪᠠ ᠠᠷᠭ᠎ᠠ ᠪᠠᠷᠢᠯ᠎ᠢ ᠬᠡᠷᠡᠭᠯᠡᠵᠦ᠂ ᠵᠣᠬᠢᠬᠤ ᠬᠡᠮᠵᠢᠶᠡᠨ ᠳᠡᠭᠡᠷ᠎ᠡ ᠰᠤᠷᠪᠤᠯᠵᠢ ᠪᠢᠴᠢᠭ ᠡᠷᠲᠡᠨ᠎ᠤ ᠨᠣᠮ ᠰᠤᠳᠤᠷ ᠵᠶ᠋ᠠᠨ ᠭᠡᠭᠡᠬᠦ᠎ᠠᠴᠠ ᠵᠠᠶ᠋ᠢᠯᠠᠰᠬᠢᠵᠦ᠂ ᠬᠥᠮᠦᠰ᠎ᠤᠨ ᠴᠠᠭ ᠢᠮᠠᠭᠲᠠ ᠪᠠᠶ᠋ᠢᠴᠠᠭ᠋ᠠᠨ ᠦᠵᠡᠬᠦ᠎ᠳᠤ ᠳᠦᠭᠦᠮ ᠦᠵᠡᠭᠦᠯᠪᠡ᠃ ᠭᠡᠪᠡᠴᠦ ᠮᠣᠩᠭᠣᠯ ᠡᠮ ᠡᠮᠨᠡᠯᠭᠡ ᠵᠢᠨ ᠡᠷᠲᠡᠨ᠎ᠤ ᠨᠣᠮ ᠪᠢᠴᠢᠭ᠎ᠢ ᠤᠬᠠᠭᠤᠯᠤᠨ ᠳᠡᠯᠭᠡᠷᠡᠭᠦᠯᠬᠦ ᠵᠢ ᠢᠯᠡᠳᠲᠡ ᠠᠬᠢᠭᠤᠯᠤᠭᠰᠠᠨ ᠦᠭᠡᠢ᠃
ᠮᠣᠩᠭᠣᠯ ᠦᠨᠳᠦᠰᠦᠲᠡᠨ᠎ᠤ ᠡᠪᠦᠭᠡ ᠳᠡᠭᠡᠳᠦᠰ ᠮᠠᠰᠢ ᠣᠯᠠᠨ ᠣᠨᠣᠯ᠎ᠤᠨ ᠮᠡᠳᠡᠯᠭᠡ ᠵᠢ ᠬᠤᠷᠠᠮᠳᠤᠭᠤᠯᠤᠭᠰᠠᠨ ᠵᠶ᠋ᠠᠷ ᠪᠠᠷᠠᠬᠤ ᠦᠭᠡᠢ ᠪᠠᠰᠠ ᠮᠠᠰᠢ ᠣᠯᠠᠨ ᠥᠪᠡᠷᠮᠢᠴᠡ ᠣᠨᠴᠠᠯᠢᠭ᠎ᠲᠠᠢ ᠡᠮᠨᠡᠨ ᠵᠠᠰᠠᠬᠤ ᠠᠷᠭ᠎ᠠ ᠵᠢ ᠡᠭᠦᠳᠴᠡᠢ᠃ ᠬᠣᠶᠠᠷ ᠮᠢᠩᠭ᠋ᠠᠨ ᠵᠢᠯ᠎ᠤᠨ ᠡᠮᠦᠨ᠎ᠡ ᠮᠣᠩᠭᠣᠯ ᠡᠮᠨᠡᠯᠭᠡ ᠵᠢᠨ 《ᠳᠠᠯᠠᠨ ᠬᠣᠶᠠᠷ ᠰᠤᠳᠠᠯ ᠴᠢᠰᠤ ᠭᠠᠷᠭ᠋ᠠᠬᠤ》᠂ ᠲᠠᠷᠢᠬᠢ ᠳᠣᠷᠭᠢᠭᠤᠯᠬᠤ ᠵᠠᠰᠠᠯ᠂ ᠠᠷᠠᠰᠤ ᠲᠠᠯᠪᠢᠬᠤ ᠵᠠᠰᠠᠯ᠂ ᠴᠡᠭᠡ ᠠᠷᠢᠬᠢᠨ᠎ᠤ ᠵᠠᠰᠠᠯ᠎ᠨᠢ ᠨᠢᠭᠡᠨᠲᠡ ᠦᠨᠳᠦᠰᠦᠲᠡᠨ᠎ᠤ ᠣᠨᠴᠠᠯᠢᠭ ᠪᠦᠬᠦᠢ ᠵᠠᠰᠠᠯ᠎ᠤᠨ ᠨᠢᠭᠡ ᠪᠤᠯᠤᠭᠰᠠᠨ ᠪᠠᠶ᠋ᠢᠨ᠎ᠠ᠃ ᠡᠭᠦᠨ᠎ᠠᠴᠠ ᠭᠠᠳᠠᠨ᠎ᠠ ᠪᠠᠰᠠ ᠬᠦᠴᠢᠯᠯᠢᠭ ᠭᠡᠭᠦᠦ ᠵᠢᠨ ᠵᠠᠰᠠᠯ᠂ ᠦᠩᠭᠡᠨ ᠪᠦᠰᠦ ᠵᠢᠨ ᠵᠠᠰᠠᠯ᠂ ᠷᠠᠰᠢᠶᠠᠨ ᠵᠠᠰᠠᠯ᠂ ᠵᠡᠭᠦᠦ ᠬᠠᠳᠬᠤᠬᠤ᠂ ᠲᠥᠭᠡᠨᠡᠯᠭᠡ ᠵᠢᠨ ᠵᠠᠰᠠᠯ᠂ ᠰᠣᠷᠣᠭᠤᠯ ᠲᠠᠯᠪᠢᠬᠤ ᠵᠠᠰᠠᠯ᠂ ᠬᠦᠢ᠍ᠲᠡᠨ ᠬᠠᠯᠠᠭᠤᠨ ᠵᠢᠩ ᠳᠠᠯᠠᠯᠭ᠎ᠠ᠂ ᠶᠠᠰᠤ ᠪᠠᠷᠢᠬᠤ ᠵᠠᠰᠠᠯ᠂ ᠡᠮᠲᠦ ᠤᠬᠢᠶᠠᠯᠭ᠎ᠠ᠂ ᠮᠣᠩᠭᠣᠯ ᠡᠮᠨᠡᠯᠭᠡ ᠵᠢᠨ ᠭᠠᠯ ᠵᠠᠰᠠᠯ᠂ ᠴᠠᠢ ᠵᠢᠨ ᠵᠠᠰᠠᠯ᠂ ᠮᠣᠩᠭᠣᠯ ᠡᠮ᠎ᠤᠨ ᠤᠲᠤᠯᠭ᠎ᠠ᠂ ᠳᠠᠪᠤᠰᠤᠨ ᠤᠬᠢᠶᠠᠯᠭ᠎ᠠ ᠵᠡᠷᠭᠡ ᠪᠣᠢ᠃ ᠭᠡᠪᠡᠴᠦ ᠳᠡᠭᠡᠷ᠎ᠡ ᠳᠤᠷᠠᠳᠤᠭᠰᠠᠨ ᠡᠮᠴᠢᠯᠡᠭᠡᠨ᠎ᠤ ᠠᠷᠭ᠎ᠠ ᠵᠢᠨ ᠲᠥᠷᠥᠯ᠎ᠤᠨ ᠤᠯᠠᠮᠵᠢᠯᠠᠯᠲᠤ ᠮᠡᠳᠡᠯᠭᠡ᠎ᠨᠢ ᠬᠠᠷᠢᠨ ᠲᠤᠰᠬᠠᠢ ᠠᠰᠢᠭ᠎ᠤᠨ ᠬᠠᠤᠯᠢ ᠵᠢᠨ ᠬᠠᠮᠠᠭ᠋ᠠᠯᠠᠯᠲᠠ ᠵᠢᠨ ᠬᠡᠪᠴᠢᠶᠡᠨ᠎ᠠᠴᠠ ᠭᠠᠳᠠᠭᠤᠷᠴᠢᠯᠠᠭᠳᠠᠭᠰᠠᠨ ᠪᠠᠶ᠋ᠢᠨ᠎ᠠ᠃
ᠣᠳᠣᠬᠠᠨ᠎ᠤ ᠮᠡᠳᠡᠯᠭᠡ ᠵᠢᠨ ᠥᠮᠴᠢᠯᠡᠬᠦ ᠡᠷᠬᠡ ᠵᠢᠨ ᠲᠦᠷᠢᠮ᠎ᠤᠨ ᠪᠣᠷᠣ ᠲᠥᠯᠥᠪ᠎ᠤᠨ ᠳᠣᠤᠷ᠎ᠠ᠂ ᠮᠣᠩᠭᠣᠯ ᠡᠮ ᠡᠮᠨᠡᠯᠭᠡ ᠵᠢᠨ ᠤᠯᠠᠮᠵᠢᠯᠠᠯᠲᠤ ᠮᠡᠳᠡᠯᠭᠡ ᠵᠢᠨ ᠮᠠᠰᠢ ᠣᠯᠠᠨ ᠠᠭᠤᠯᠭ᠎ᠠ ᠵᠢ ᠬᠠᠮᠠᠭ᠋ᠠᠯᠠᠬᠤ᠎ᠳᠤ ᠪᠡᠷᠬᠡ ᠪᠠᠶ᠋ᠢᠨ᠎ᠠ᠃ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠵᠠᠯᠭ᠋ᠠᠮᠵᠢᠯᠠᠨ ᠪᠠᠳᠠᠷᠠᠭᠤᠯᠬᠤ ᠵᠢ ᠠᠬᠢᠭᠤᠯᠬᠤ ᠵᠢᠨ ᠲᠥᠯᠥᠭᠡ᠂ ᠮᠠᠨ᠎ᠤ ᠤᠯᠤᠰ 2011 ᠣᠨ᠎ᠳᠤ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ》 (ᠳᠣᠷᠣᠭᠰᠢ 《ᠭᠡᠷᠢᠶᠡᠰ ᠪᠤᠰᠤ ᠬᠠᠤᠯᠢ》 ᠭᠡᠵᠦ ᠲᠣᠪᠴᠢᠯᠠᠨ᠎ᠠ) ᠵᠢ ᠨᠡᠶ᠋ᠢᠲᠡᠯᠡᠨ ᠬᠡᠷᠡᠭᠵᠢᠭᠦᠯᠵᠦ᠂ ᠲᠡᠤᠬᠡ᠂ ᠤᠳᠬ᠎ᠠ ᠵᠣᠬᠢᠶᠠᠯ᠂ ᠤᠷᠠᠯᠢᠭ᠂ ᠰᠢᠨᠵᠢᠯᠡᠬᠦ ᠤᠬᠠᠭ᠋ᠠᠨ᠎ᠤ ᠦᠨ᠎ᠡ ᠴᠡᠨ᠎ᠡ᠎ᠲᠠᠢ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠳᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ ᠠᠵᠢᠯ᠎ᠢ ᠴᠢᠩᠭ᠋ᠠᠳᠬᠠᠬᠤ᠎ᠳᠤ ᠬᠡᠷᠡᠭᠯᠡᠵᠡᠶ᠃ 《ᠦᠯᠡᠳᠡᠭᠳᠡᠯ ᠪᠤᠰᠤ ᠬᠠᠤᠯᠢ》 ᠵᠢᠨ ᠬᠣᠶᠠᠳᠤᠭ᠋ᠠᠷ ᠵᠦᠶᠯ᠎ᠳᠤ ᠤᠯᠠᠮᠵᠢᠯᠠᠯᠲᠤ ᠡᠮ ᠡᠮᠨᠡᠯᠭᠡ᠎ᠨᠢ ᠪᠣᠳᠠᠰ᠎ᠤᠨ ᠪᠤᠰᠤ ᠰᠣᠶᠣᠯ᠎ᠤᠨ ᠥᠪ᠎ᠲᠤ ᠲᠣᠭ᠋ᠠᠴᠠᠭᠳᠠᠬᠤ ᠵᠢ ᠲᠣᠭᠲᠠᠭ᠋ᠠᠭᠰᠠᠨ ᠪᠥᠭᠡᠳ ᠤᠯᠤᠰ᠎ᠠᠴᠠ ᠪᠣᠳᠠᠰ᠎ᠤᠨ ᠪᠤᠰᠤ ᠰᠣᠶᠣᠯ᠎ᠤᠨ ᠥᠪ᠎ᠲᠤ ᠮᠠᠭ᠋ᠠᠳᠯᠠᠨ ᠲᠣᠭᠲᠠᠭ᠋ᠠᠬᠤ᠂ ᠲᠡᠮᠳᠡᠭᠯᠡᠬᠦ᠂ ᠲᠠᠨᠭ᠌ᠰᠠ ᠡᠪᠬᠡᠮᠡᠯ ᠪᠠᠶ᠋ᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ ᠬᠠᠳᠠᠭ᠋ᠠᠯᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃ ᠡᠭᠦᠨ᠎ᠠᠴᠠ ᠭᠠᠳᠠᠨ᠎ᠠ᠂ 《ᠤᠯᠤᠰ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠪᠠᠶ᠋ᠢᠯᠳᠤᠬᠤ ᠪᠤᠳᠤᠯᠭ᠎ᠠ ᠵᠢᠨ ᠲᠣᠪᠴᠢ》 ᠵᠢᠨ (ᠵᠢᠷᠭᠤᠭ᠎ᠠ) ᠳ᠋ᠤᠭ᠋ᠠᠷ ᠵᠤᠷᠪᠤᠰ᠎ᠤᠨ ᠣᠨᠴᠠ ᠲᠣᠭᠲᠠᠭ᠋ᠠᠭᠰᠠᠨ ᠮᠡᠳᠡᠯᠭᠡ ᠵᠢᠨ ᠥᠮᠴᠢᠯᠡᠬᠦ ᠡᠷᠬᠡ ᠵᠢᠨ ᠬᠡᠰᠡᠭ᠎ᠤᠨ (34) ᠳ᠋ᠦᠭᠡᠷ ᠵᠤᠷᠪᠤᠰ᠎ᠲᠤ ᠪᠠᠰᠠ 《ᠤᠯᠠᠮᠵᠢᠯᠠᠯᠲᠤ ᠮᠡᠳᠡᠯᠭᠡ ᠵᠢ ᠬᠠᠮᠠᠭ᠋ᠠᠯᠠᠬᠤ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠤᠯᠠᠮᠵᠢᠯᠠᠯᠲᠤ ᠮᠡᠳᠡᠯᠭᠡ ᠵᠢ ᠡᠮᠬᠢᠳᠬᠡᠬᠦ ᠪᠠ ᠤᠯᠠᠮᠵᠢᠯᠠᠨ ᠵᠠᠯᠭ᠋ᠠᠮᠵᠢᠯᠠᠬᠤ ᠵᠢ ᠲᠡᠳᠬᠦᠨ ᠲᠡᠮᠵᠢᠨ᠎ᠠ᠃ ᠤᠯᠠᠮᠵᠢᠯᠠᠯᠲᠤ ᠮᠡᠳᠡᠯᠭᠡ ᠵᠢᠨ ᠬᠥᠭᠵᠢᠯᠲᠡ ᠵᠢ ᠠᠬᠢᠭᠤᠯᠵᠤ᠂ ᠤᠯᠠᠮᠵᠢᠯᠠᠯᠲᠤ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠬᠠᠮᠢᠶᠠᠷᠤᠯᠲᠠ᠂ ᠬᠠᠮᠠᠭ᠋ᠠᠯᠠᠯᠲᠠ ᠪᠠ ᠠᠰᠢᠭᠯᠠᠯᠲᠠ ᠵᠢᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ》᠃ ᠳᠡᠭᠡᠷ᠎ᠡ ᠳᠤᠷᠠᠳᠤᠭᠰᠠᠨ ᠮᠣᠩᠭᠣᠯ ᠡᠮ ᠡᠮᠨᠡᠯᠭᠡ ᠵᠢᠨ ᠡᠷᠲᠡᠨ᠎ᠤ ᠪᠢᠴᠢᠭ ᠵᠢᠴᠢ ᠮᠣᠩᠭᠣᠯ ᠡᠮ ᠡᠮᠨᠡᠯᠭᠡ ᠵᠢᠨ ᠤᠯᠠᠮᠵᠢᠯᠠᠯᠲᠤ ᠡᠮᠨᠡᠬᠦ ᠠᠷᠭ᠎ᠠ᠎ᠨᠢ ᠤᠯᠠᠮᠵᠢᠯᠠᠯᠲᠤ ᠮᠡᠳᠡᠯᠭᠡ᠎ᠳᠤ ᠬᠠᠷᠢᠶᠠᠯᠠᠭᠳᠠᠨ᠎ᠠ᠂ ᠲᠡᠭᠦᠨ᠎ᠢ ᠬᠠᠮᠠᠭ᠋ᠠᠯᠠᠬᠤ ᠭᠤᠤᠯᠲᠠᠯᠭ᠎ᠠ᠎ᠨᠢ ᠴᠤᠭᠯᠠᠭᠤᠯᠬᠤ᠂ ᠡᠮᠬᠢᠳᠬᠡᠬᠦ᠂ ᠤᠯᠠᠮᠵᠢᠯᠠᠬᠤ ᠵᠢᠴᠢ ᠤᠯᠠᠮᠵᠢᠯᠠᠬᠤ ᠪᠣᠯᠤᠨ᠎ᠠ᠃ ᠡᠶ᠋ᠢᠮᠦ᠎ᠠᠴᠠ ᠡᠶ᠋ᠢᠮᠦᠷᠬᠦᠦ ᠤᠯᠠᠮᠵᠢᠯᠠᠯᠲᠤ ᠮᠡᠳᠡᠯᠭᠡ ᠵᠢ 《ᠭᠡᠷᠢᠶᠡᠰᠯᠡᠬᠦ ᠪᠤᠰᠤ ᠠᠷᠭ᠎ᠠ》᠎ᠪᠠᠷ ᠳᠠᠮᠵᠢᠭᠤᠯᠤᠨ ᠬᠠᠮᠠᠭ᠋ᠠᠯᠠᠬᠤ᠎ᠳᠤ ᠬᠠᠮᠤᠭ᠎ᠠᠴᠠ ᠲᠣᠬᠢᠷᠠᠮᠵᠢᠲᠠᠢ ᠪᠠᠶ᠋ᠢᠳᠠᠭ᠃ ᠮᠡᠳᠡᠭᠦᠯᠦᠯᠲᠡ ᠵᠢ ᠦᠨᠳᠦᠰᠦᠯᠡᠪᠡᠯ᠂ ᠳᠤᠮᠳᠠᠳᠤ ᠮᠣᠩᠭᠣᠯ᠎ᠤᠨ ᠡᠮ ᠡᠮᠨᠡᠯᠭᠡ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠨᠡᠷᠡᠰ᠎ᠤᠨ ᠵᠢᠭᠰᠠᠭ᠋ᠠᠯᠲᠠ ᠵᠢ ᠮᠡᠳᠡᠭᠦᠯᠦᠭᠰᠡᠨ ᠪᠠᠶ᠋ᠢᠳᠠᠯ᠎ᠤᠨ ᠵᠠᠳᠠᠯᠤᠯᠲᠠ᠎ᠠᠴᠠ ᠦᠵᠡᠪᠡᠯ᠂ ᠣᠳᠣᠬᠠᠨ᠎ᠳᠤ ᠵᠥᠪᠬᠡᠨ ᠽᠠᠮᠪᠠᠯᠳᠣᠷᠵᠢ᠂ ᠭᠠᠯ ᠵᠡᠭᠦᠤ ᠵᠢᠨ ᠵᠠᠰᠠᠯ᠂ ᠮᠣᠩᠭᠣᠯ ᠡᠮᠨᠡᠯᠭᠡ ᠵᠢᠨ ᠤᠯᠠᠮᠵᠢᠯᠠᠯᠲᠤ ᠶᠠᠰᠤ ᠪᠠᠷᠢᠬᠤ ᠵᠠᠰᠠᠯ᠂ ᠮᠣᠩᠭᠣᠯ ᠡᠮᠨᠡᠯᠭᠡ ᠵᠢᠨ ᠶᠠᠰᠤ ᠪᠠᠷᠢᠬᠤ ᠵᠠᠰᠠᠯ᠂ ᠴᠢᠰᠤᠨ᠎ᠤ ᠳᠣᠷᠣᠢ᠍ᠲᠠᠯᠤᠨ ᠵᠠᠰᠠᠯ ᠵᠡᠷᠭᠡ ᠲᠠᠪᠤᠨ ᠵᠦᠢ᠍ᠯ᠎ᠤᠨ ᠮᠣᠩᠭᠣᠯ ᠡᠮ ᠡᠮᠨᠡᠯᠭᠡ ᠵᠢᠨ ᠤᠯᠠᠮᠵᠢᠯᠠᠯᠲᠤ ᠵᠠᠰᠠᠯ᠎ᠨᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠮᠠᠨ᠎ᠤ ᠤᠯᠤᠰ᠎ᠤᠨ ᠤᠯᠤᠰ᠎ᠤᠨ ᠨᠡᠷᠡᠰ᠎ᠤᠨ ᠵᠢᠭᠰᠠᠭ᠋ᠠᠯᠲᠠ᠎ᠳᠤ ᠲᠡᠮᠳᠡᠭᠯᠡᠭᠳᠡᠵᠡᠶ᠃ ᠮᠣᠩᠭᠣᠯ ᠡᠮ ᠡᠮᠨᠡᠯᠭᠡ᠎ᠲᠠᠢ ᠬᠠᠮᠢᠶ᠎ᠠ ᠪᠦᠬᠦᠢ ᠤᠯᠠᠮᠵᠢᠯᠠᠯᠲᠤ ᠮᠡᠳᠡᠯᠭᠡ ᠬᠠᠷᠠᠬᠠᠨ ᠣᠯᠠᠨ ᠤᠯᠤᠰ᠎ᠠᠴᠠ ᠨᠡᠷᠡᠰ᠎ᠲᠤ ᠤᠷᠤᠭᠰᠠᠨ ᠦᠭᠡᠢ᠃ ᠣᠳᠣᠬᠠᠨ᠎ᠳᠤ ᠮᠣᠩᠭᠣᠯ ᠡᠮ ᠡᠮᠨᠡᠯᠭᠡ ᠵᠢᠨ ᠡᠷᠲᠡᠨ᠎ᠤ ᠨᠣᠮ ᠪᠢᠴᠢᠭ᠂ ᠤᠯᠠᠮᠵᠢᠯᠠᠯᠲᠤ ᠡᠮᠨᠡᠬᠦ ᠠᠷᠭ᠎ᠠ ᠵᠡᠷᠭᠡ ᠤᠯᠠᠮᠵᠢᠯᠡᠲᠤ ᠮᠡᠳᠡᠯᠭᠡ ᠵᠢᠨ ᠪᠣᠳᠠᠰ᠎ᠤᠨ ᠪᠤᠰᠤ ᠥᠪ᠎ᠢ ᠬᠠᠮᠠᠭ᠋ᠠᠯᠠᠬᠤ ᠠᠵᠢᠯ᠎ᠢ ᠪᠠᠰᠠ ᠲᠡᠭᠦᠯᠳᠡᠷᠵᠢᠭᠦᠯᠬᠦ ᠴᠢᠬᠤᠯᠠᠲᠠᠢ᠎ᠨᠢ ᠢᠯᠡᠷᠬᠡᠶ ᠪᠠᠶ᠋ᠢᠨ᠎ᠠ᠃ ᠮᠣᠩᠭᠣᠯ ᠡᠮ ᠡᠮᠨᠡᠯᠭᠡ ᠵᠢᠨ ᠭᠣᠣᠯᠯᠠᠨ ᠬᠠᠮᠢᠶᠠᠷᠬᠤ ᠪᠠᠶ᠋ᠢᠭᠤᠯᠭ᠎ᠠ ᠲᠦᠷᠦᠭᠦᠯᠡᠨ ᠠᠷᠠᠳ᠎ᠤᠨ ᠳᠤᠮᠳᠠᠬᠢ ᠮᠣᠩᠭᠣᠯ ᠡᠮ ᠡᠮᠨᠡᠯᠭᠡ ᠵᠢᠨ ᠤᠯᠠᠮᠵᠢᠯᠠᠯᠲᠤ ᠮᠡᠳᠡᠯᠭᠡ ᠵᠢ ᠴᠤᠭᠯᠠᠭᠤᠯᠤᠨ ᠡᠮᠬᠢᠳᠬᠡᠵᠦ᠂ ᠤᠯᠤᠰ᠎ᠠᠴᠠ ᠨᠡᠷᠡᠰ᠎ᠤᠨ ᠵᠢᠭᠰᠠᠭ᠋ᠠᠯᠲᠠ ᠵᠢ ᠮᠡᠳᠡᠭᠦᠯᠵᠦ᠂ ᠲᠥᠯᠥᠭᠡᠯᠡᠬᠦ ᠴᠢᠨᠠᠷᠲᠠᠶ ᠮᠣᠩᠭᠣᠯ ᠡᠮ ᠡᠮᠨᠡᠯᠭᠡ ᠵᠢᠨ ᠤᠯᠠᠮᠵᠢᠯᠠᠯᠲᠤ ᠮᠡᠳᠡᠯᠭᠡ ᠵᠢ ᠰᠣᠩᠭᠣᠵᠤ ᠣᠯᠠᠨ ᠤᠯᠤᠰ᠎ᠠᠴᠠ ᠨᠡᠷᠡᠰ᠎ᠤᠨ ᠵᠢᠭᠰᠠᠭ᠋ᠠᠯᠲᠠ ᠵᠢ ᠭᠤᠶᠤᠴᠢᠯᠠᠨ ᠮᠡᠳᠡᠭᠦᠯᠵᠦ᠂ ᠨᠠᠩ ᠣᠯᠠᠨ ᠮᠣᠩᠭᠣᠯ ᠡᠮ ᠡᠮᠨᠡᠯᠭᠡ ᠵᠢᠨ ᠣᠯᠠᠮᠵᠢᠯᠠᠲᠤ ᠮᠡᠳᠡᠯᠭᠡ ᠵᠢ ᠤᠯᠠᠮᠵᠢᠯᠠᠨ ᠵᠠᠯᠭ᠋ᠠᠮᠵᠢᠯᠠᠵᠤ᠂ ᠮᠣᠩᠭᠣᠯ ᠡᠮ ᠡᠮᠨᠡᠯᠭᠡ ᠵᠢᠨ ᠤᠯᠠᠮᠵᠢᠯᠠᠯᠲᠤ ᠮᠡᠳᠡᠯᠭᠡ ᠵᠢ ᠣᠯᠠᠨ ᠤᠯᠤᠰ᠎ᠤᠨ ᠠᠩᠬᠠᠷᠤᠯ᠎ᠢ ᠲᠠᠲᠠᠭᠰᠠᠨ᠎ᠨᠢ ᠮᠣᠩᠭᠣᠯ ᠡᠮ ᠡᠮᠨᠡᠯᠭᠡ ᠵᠢᠨ ᠠᠵᠤ ᠦᠢ᠍ᠯᠡᠰ᠎ᠤᠨ ᠳᠡᠯᠡᠬᠡᠶ᠋ᠢᠵᠢᠯᠲᠡ ᠵᠢᠨ ᠬᠥᠭᠵᠢᠯᠲᠡ ᠵᠢ ᠠᠬᠢᠭᠤᠯᠬᠤ᠎ᠳᠤ ᠠᠰᠢᠭᠲᠠᠶ ᠶᠤᠮ᠃
《ᠭᠡᠷᠢᠶᠡᠰ ᠪᠤᠰᠤ ᠬᠠᠤᠯᠢ》 ᠵᠢ ᠭᠣᠣᠯᠳᠠᠭᠤ ᠬᠠᠳᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ᠎ᠳᠤ ᠬᠡᠷᠡᠭᠯᠡᠳᠡᠭ᠃ ᠭᠡᠪᠡᠴᠦ ᠮᠣᠩᠭᠣᠯ ᠡᠮ ᠡᠮᠨᠡᠯᠭᠡ ᠵᠢ ᠵᠠᠯᠭ᠋ᠠᠮᠵᠢᠯᠠᠬᠤ ᠪᠠ ᠪᠠᠳᠠᠷᠠᠭᠤᠯᠬᠤ ᠴᠢᠬᠤᠯᠠᠲᠠᠶ ᠮᠥᠷᠲᠡᠭᠡᠨ ᠪᠠᠰᠠ ᠰᠢᠨ᠎ᠡ ᠵᠢ ᠡᠭᠦᠳᠬᠦ ᠪᠠ ᠬᠠᠮᠠᠭ᠋ᠠᠯᠠᠬᠤ ᠴᠢᠬᠤᠯᠠᠲᠠᠶ ᠶᠤᠮ᠃ ᠮᠣᠩᠭᠣᠯ ᠡᠮ ᠡᠮᠨᠡᠯᠭᠡ ᠵᠢᠨ ᠣᠳᠣᠬᠢᠴᠢᠯᠠᠯᠲᠠ ᠵᠢᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠣᠲᠣ ᠵᠢᠨ ᠪᠠᠢ᠌ᠭ᠎ᠠ ᠮᠡᠳᠡᠯᠭᠡ ᠵᠢᠨ ᠥᠮᠴᠢᠯᠡᠬᠦ ᠡᠷᠬᠡ ᠵᠢᠨ ᠲᠦᠷᠢᠮ᠎ᠢ ᠪᠦᠲᠦᠮᠵᠢᠲᠡᠶ ᠠᠰᠢᠭᠯᠠᠨ ᠬᠠᠮᠠᠭ᠋ᠠᠯᠠᠵᠤ᠂ ᠮᠣᠩᠭᠣᠯ ᠡᠮ ᠡᠮᠨᠡᠯᠭᠡ ᠵᠢᠨ ᠰᠢᠨ᠎ᠡ ᠨᠡᠶ᠋ᠢᠯᠡᠮᠡᠯ ᠵᠣᠷ᠎ᠤᠨ ᠨᠠᠶ᠋ᠢᠷᠠᠯᠲᠠ᠂ ᠤᠯᠠᠮᠵᠢᠯᠠᠯᠲᠤ ᠮᠣᠩᠭᠣᠯ ᠡᠮ ᠢ ᠦᠢ᠍ᠯᠡᠳᠬᠦ ᠰᠢᠨ᠎ᠡ ᠠᠷᠭ᠎ᠠ ᠵᠢᠴᠢ ᠡᠮ᠎ᠤᠨ ᠬᠡᠯᠪᠡᠷᠢ᠂ ᠮᠣᠩᠭᠣᠯ ᠡᠮ᠎ᠤᠨ ᠮᠠᠲ᠋ᠧᠷᠢᠶᠠᠯ᠎ᠢ ᠳᠠᠷᠢᠵᠤ ᠰᠢᠢ᠍ᠳᠪᠤᠷᠢᠯᠡᠬᠦ ᠠᠷᠭ᠎ᠠ᠂ ᠮᠣᠩᠭᠣᠯ ᠡᠮ ᠡᠮᠨᠡᠯᠭᠡ ᠵᠢᠨ ᠰᠠᠭᠤᠷᠢᠯᠠᠭᠰᠠᠨ ᠡᠷᠡᠭᠦᠯᠵᠢᠯ᠎ᠤᠨ ᠡᠳ᠋᠂ ᠮᠣᠩᠭᠣᠯ ᠡᠮ ᠡᠮᠨᠡᠯᠭᠡ ᠵᠢᠨ ᠦᠢ᠍ᠯᠡᠳᠪᠤᠷᠢᠯᠡᠯ᠎ᠤᠨ ᠲᠥᠬᠥᠭᠡᠷᠦᠮᠵᠢ ᠵᠡᠷᠭᠡ᠎ᠳᠤ ᠲᠤᠰᠬᠠᠶ ᠠᠰᠢᠭ᠎ᠤᠨ ᠡᠷᠬᠡ ᠠᠪᠴᠤ ᠬᠠᠮᠠᠭ᠋ᠠᠯᠠᠨ᠎ᠠ; ᠵᠠᠬ᠎ᠠ ᠳᠡᠯᠭᠡᠭᠦᠷ᠎ᠲᠤ ᠭᠠᠷᠤᠭᠰᠠᠨ ᠮᠣᠩᠭᠣᠯ ᠡᠮ᠎ᠤᠨ ᠮᠠᠲ᠋ᠧᠷᠢᠶᠠᠯ ᠪᠣᠯᠤᠨ ᠮᠣᠩᠭᠣᠯ ᠡᠮ᠎ᠤᠨ ᠪᠦᠲᠦᠭᠡᠭᠳᠡᠬᠦᠨ᠎ᠢ ᠲᠠᠸᠠᠷ᠎ᠤᠨ ᠲᠡᠮᠳᠡᠭ᠂ ᠭᠠᠵᠠᠷ ᠵᠦᠶ ᠵᠢᠨ ᠲᠡᠮᠳᠡᠭ ᠵᠶ᠋ᠠᠷ ᠳᠠᠮᠵᠢᠭᠤᠯᠤᠨ ᠬᠠᠮᠠᠭ᠋ᠠᠯᠠᠨ᠎ᠠ; ᠮᠣᠩᠭᠣᠯ ᠡᠮ ᠡᠮᠨᠡᠯᠭᠡ ᠵᠢᠨ ᠲᠠᠯ᠎ᠠ᠎ᠪᠠᠷ᠎ᠬᠢ ᠰᠢᠨ᠎ᠡ ᠪᠦᠲᠦᠭᠡᠯ᠎ᠢ ᠬᠡᠪᠯᠡᠯ᠎ᠤᠨ ᠡᠷᠬᠡ᠎ᠪᠠᠷ ᠬᠠᠮᠠᠭ᠋ᠠᠯᠠᠪᠠ; ᠬᠡᠭᠡᠷ᠎ᠡ ᠵᠢᠨ ᠮᠣᠩᠭᠣᠯ ᠡᠮ᠎ᠤᠨ ᠮᠠᠲ᠋ᠧᠷᠢᠶᠠᠯ᠎ᠢ ᠨᠣᠮᠣᠬᠠᠳᠬᠠᠭᠰᠠᠨ ᠡᠭᠦᠯᠳᠡᠷ᠎ᠢ ᠤᠷᠭᠤᠮᠠᠯ᠎ᠤᠨ ᠰᠢᠨ᠎ᠡ ᠡᠭᠦᠯᠳᠡᠷ ᠵᠶ᠋ᠠᠷ ᠳᠠᠮᠵᠢᠨ ᠬᠠᠮᠠᠭ᠋ᠠᠯᠠᠨ᠎ᠠ᠃
ᠪᠦᠷᠢᠳᠬᠡᠯ᠎ᠢ ᠦᠨᠳᠦᠰᠦᠯᠡᠪᠡᠯ᠂ ᠮᠣᠩᠭᠣᠯ ᠡᠮ᠎ᠤᠨ ᠮᠠᠲ᠋ᠧᠷᠢᠶᠠᠯ᠎ᠤᠨ ᠲᠥᠷᠥᠯ ᠵᠦᠢ᠍ᠯ᠎ᠨᠢ ᠬᠣᠶᠠᠷ ᠮᠢᠩᠭ᠎ᠠ ᠭᠠᠷᠤᠶ ᠵᠦᠢ᠍ᠯ ᠪᠠᠶ᠋ᠢᠵᠤ᠂ ᠡᠮ ᠬᠡᠷᠡᠭᠯᠡᠬᠦ ᠬᠡᠰᠡᠭ᠎ᠲᠤ ᠦᠷ᠎ᠡ᠂ ᠵᠢᠮᠢᠰ᠂ ᠦᠨᠳᠦᠰᠦ ᠵᠢᠴᠢ ᠦᠨᠳᠦᠰᠦ ᠵᠢᠨ ᠡᠰᠢ᠂ ᠪᠥᠬᠥ ᠡᠪᠠᠰᠤ᠂ ᠰᠠᠯᠠᠭ᠎ᠠ ᠨᠠᠪᠴᠢ᠂ ᠴᠡᠴᠡᠭ ᠵᠡᠷᠭᠡ ᠪᠠᠭᠲᠠᠨ᠎ᠠ᠃ ᠡᠶ᠋ᠢᠮᠦᠷᠬᠦᠦ ᠡᠯᠪᠡᠭ ᠪᠠᠶᠠᠯᠢᠭ ᠮᠣᠩᠭᠣᠯ ᠡᠮ᠎ᠤᠨ ᠡᠬᠢ ᠪᠠᠶᠠᠯᠢᠭ ᠪᠣᠯ ᠮᠣᠩᠭᠣᠯ ᠡᠮ ᠡᠮᠨᠡᠯᠭᠡ ᠵᠢᠨ ᠦᠢ᠍ᠯᠡᠰ ᠦᠷᠨᠢᠨ ᠬᠥᠭᠵᠢᠬᠦ ᠵᠢᠨ ᠤᠷᠢᠲᠠᠯ ᠪᠣᠯᠤᠨ᠎ᠠ᠃ ᠭᠡᠲᠡᠯ᠎ᠡ ᠬᠣᠲᠠᠴᠢᠯᠠᠯᠲᠠ ᠵᠢᠨ ᠠᠬᠢᠴᠠ ᠵᠢᠨ ᠲᠦᠷᠭᠡᠳᠬᠦ᠂ ᠣᠷᠳᠣ ᠬᠤᠭᠤᠴᠠᠭ᠎ᠠ᠎ᠪᠠᠷ ᠴᠤᠭᠯᠠᠭᠤᠯᠬᠤ ᠵᠢᠴᠢ ᠣᠷᠴᠢᠨ ᠲᠣᠭᠣᠷᠢᠨ᠎ᠤ ᠬᠤᠪᠢᠷᠠᠯᠲᠠ ᠵᠢ ᠳᠠᠭ᠋ᠠᠯᠳᠤᠨ᠂ ᠤᠯᠠᠮ᠎ᠠᠴᠠ ᠤᠯᠠᠮ ᠣᠯᠠᠨ ᠵᠡᠷᠯᠢᠭ ᠮᠣᠩᠭᠣᠯ ᠡᠮ᠎ᠤᠨ ᠤᠷᠭᠤᠮᠠᠯ ᠤᠰᠠᠳᠬᠤ ᠠᠶᠤᠯ᠎ᠳᠤ ᠲᠤᠯᠭ᠋ᠠᠷᠠᠵᠤ ᠪᠠᠶ᠋ᠢᠨ᠎ᠠ᠃ ᠡᠭᠦᠨ᠎ᠤ ᠲᠤᠯᠠᠳᠠ ᠵᠠᠷᠢᠮ ᠰᠢᠨᠵᠢᠯᠡᠬᠦ ᠤᠬᠠᠭ᠋ᠠᠨᠲᠠᠳ ᠬᠡᠭᠡᠷ᠎ᠡ ᠵᠢᠨ ᠮᠣᠩᠭᠣᠯ ᠡᠮ ᠤᠷᠭᠤᠮᠠᠯ᠎ᠢ ᠨᠣᠮᠣᠬᠠᠳᠬᠠᠬᠤ ᠲᠠᠯ᠎ᠠ᠎ᠪᠠᠷ ᠰᠤᠳᠤᠯᠭ᠋ᠠᠨ ᠥᠷᠨᠢᠭᠦᠯᠦᠭᠰᠡᠨ ᠪᠥᠭᠡᠳ ᠠᠮᠵᠢᠯᠲᠠ ᠣᠯᠤᠭᠰᠠᠨ ᠪᠠᠶ᠋ᠢᠨ᠎ᠠ᠃ ᠮᠡᠳᠡᠭᠦᠯᠦᠯᠲᠡ᠎ᠳᠠᠬᠢ ᠲᠤᠰᠬᠠᠶ ᠠᠰᠢᠭ᠎ᠤᠨ ᠵᠠᠳᠠᠯᠤᠯᠲᠠ ᠵᠢ ᠦᠨᠳᠦᠰᠦᠯᠡᠪᠡᠯ᠂ ᠵᠡᠷᠯᠢᠭ ᠮᠣᠩᠭᠣᠯ ᠡᠮ ᠤᠷᠭᠤᠮᠠᠯ᠎ᠢ ᠨᠣᠮᠣᠬᠠᠳᠬᠠᠵᠤ ᠲᠡᠵᠢᠭᠡᠨ ᠦᠷᠡᠵᠢᠭᠦᠯᠬᠦ ᠮᠡᠷᠭᠡᠵᠢᠯ᠎ᠤᠨ ᠴᠢᠭᠯᠡᠯ᠎ᠳᠤ ᠬᠤᠯᠪᠤᠭᠲᠠᠬᠤ ᠤᠷᠭᠤᠮᠠᠯ᠎ᠤᠨ ᠲᠥᠷᠥᠯ ᠬᠡᠯᠪᠡᠷᠢ ᠵᠢᠨ ᠲᠤᠰᠬᠠᠶ ᠠᠰᠢᠭ᠎ᠤᠨ ᠭᠤᠶᠤᠴᠢᠯᠠᠯ 30 ᠭᠠᠷᠤᠶ ᠬᠤᠪᠢ ᠪᠠᠶ᠋ᠢᠵᠤ᠂ ᠡᠭᠦᠨ᠎ᠲᠤ ᠠᠷᠭ᠎ᠠ᠂ ᠡᠯᠡᠰᠦᠨ ᠰᠣᠩᠭᠢᠨ᠎ᠠ᠂ ᠸᠤᠨ ᠭᠤᠸᠠᠨ ᠮᠣᠳᠣ᠂ ᠬᠠᠪᠢᠷᠭ᠋ᠠᠨ ᠪᠠᠭ᠋ᠠᠨ᠎ᠠ ᠵᠢᠨ ᠴᠡᠴᠡᠭ᠂ ᠤᠮᠠᠷᠠᠲᠤ ᠡᠯᠡᠰᠦᠨ ᠣᠷᠬᠣᠳᠠᠶ᠂ ᠡᠯᠡᠰᠦᠨ ᠥᠷᠭᠡᠰᠦ᠂ ᠵᠦᠯᠭᠡ᠂ ᠤᠯᠠᠯᠵᠢᠨ ᠴᠡᠴᠡᠭ᠂ ᠱᠣᠷᠣᠯᠵᠢᠨ ᠨᠠᠪᠴᠢᠲᠤ ᠬᠠᠭᠤᠷᠮᠠᠭ ᠯᠣᠤ ᠵᠢᠨ ᠰᠥᠰᠥ᠂ ᠴᠥᠪᠥᠷᠢᠭᠦᠲᠦ ᠤᠭᠤᠲᠠ ᠡᠪᠡᠰᠦ᠂ ᠦᠨᠦᠷᠲᠦ ᠬᠥᠬᠡ ᠴᠠᠬᠢᠷᠮ᠎ᠠ᠂ ᠳ᠋ᠢᠭ᠋ᠠᠯᠵᠢᠨ ᠨᠣᠭᠣᠭ᠎ᠠ ᠵᠡᠷᠭᠡ ᠪᠠᠭᠲᠠᠨ᠎ᠠ᠃ ᠲᠤᠰᠬᠠᠢ ᠠᠰᠢᠭ ᠵᠶ᠋ᠠᠷ ᠳᠠᠮᠵᠢᠨ ᠬᠡᠭᠡᠷ᠎ᠡ ᠵᠢᠨ ᠮᠣᠩᠭᠣᠯ ᠡᠮ᠎ᠤᠨ ᠮᠠᠲ᠋ᠧᠷᠢᠶᠠᠯ᠎ᠢ ᠨᠣᠮᠣᠬᠠᠳᠬᠠᠵᠤ ᠴᠢᠳᠠᠬᠤ ᠪᠤᠯᠪᠠᠴᠤ ᠨᠣᠮᠣᠬᠠᠳᠬᠠᠬᠤ᠎ᠪᠠᠷ ᠳᠠᠮᠵᠢᠨ ᠣᠯᠤᠭᠰᠠᠨ ᠤᠷᠭᠤᠮᠠᠯ᠎ᠤᠨ ᠡᠭᠦᠯᠳᠡᠷ᠎ᠢ ᠬᠠᠮᠠᠭ᠋ᠠᠯᠠᠵᠤ ᠴᠢᠳᠠᠬᠤ ᠦᠭᠡᠢ᠃ ᠬᠡᠭᠡᠷ᠎ᠡ ᠵᠢᠨ ᠤᠷᠭᠤᠮᠠᠯ᠎ᠢ ᠨᠡᠭᠡᠭᠡᠨ ᠠᠰᠢᠭᠯᠠᠵᠤ ᠣᠯᠤᠭᠰᠠᠨ ᠰᠢᠨ᠎ᠡ ᠤᠷᠭᠤᠮᠠᠯ᠎ᠤᠨ ᠡᠭᠦᠯᠳᠡᠷ ᠪᠣᠯ ᠮᠠᠨ᠎ᠤ ᠤᠯᠤᠰ᠎ᠤᠨ 《ᠤᠷᠭᠤᠮᠠᠯ᠎ᠤᠨ ᠰᠢᠨ᠎ᠡ ᠡᠭᠦᠯᠳᠡᠷ᠎ᠢ ᠬᠠᠮᠠᠭ᠋ᠠᠯᠠᠬᠤ ᠲᠦᠷᠢᠮ》᠎ᠢ ᠦᠨᠳᠦᠰᠦᠯᠡᠨ ᠤᠷᠭᠤᠮᠠᠯ᠎ᠤᠨ ᠰᠢᠨ᠎ᠡ ᠲᠦᠷᠦᠯ ᠵᠦᠢ᠍ᠯ᠎ᠢ ᠭᠤᠶᠤᠴᠢᠯᠠᠵᠤ ᠪᠠᠶ᠋ᠢᠭ᠋ᠠᠳ ᠪᠤᠰᠤᠳ᠎ᠢ ᠭᠠᠳᠠᠭᠤᠷᠴᠢᠯᠠᠬᠤ ᠴᠢᠨᠠᠷᠲᠠᠶ ᠬᠠᠮᠠᠭ᠋ᠠᠯᠠᠯᠲᠠ ᠵᠢ ᠣᠯᠵᠤ ᠪᠣᠯᠤᠨ᠎ᠠ᠃ ᠮᠠᠨ᠎ᠤ ᠤᠯᠤᠰ᠎ᠤᠨ 《ᠤᠷᠭᠤᠮᠠᠯ᠎ᠤᠨ ᠰᠢᠨ᠎ᠡ ᠡᠭᠦᠯᠳᠡᠷ᠎ᠢ ᠬᠠᠮᠠᠭ᠋ᠠᠯᠠᠬᠤ ᠳᠦᠷᠢᠮ》᠎ᠤᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠪᠡᠯ᠂ 《ᠡᠭᠦᠯᠳᠡᠷ ᠪᠣᠶ᠋ᠢᠵᠢᠭᠤᠯᠬᠤ ᠵᠢ ᠪᠡᠶᠡᠯᠡᠭᠦᠯᠦᠭᠰᠡᠨ ᠨᠢᠭᠡᠴᠢ ᠪᠤᠶᠤ ᠬᠤᠪᠢ ᠬᠦᠮᠤᠨ ᠲᠡᠭᠦᠨ᠎ᠳᠤ ᠡᠷᠬᠡ ᠣᠯᠭᠣᠭᠰᠠᠨ ᠲᠥᠷᠥᠯ ᠵᠦᠢ᠍ᠯ᠃ ᠥᠪᠡᠷ᠎ᠡ ᠪᠤᠰᠤᠳ᠎ᠢ ᠡᠷᠬᠡᠰᠢᠶᠡᠭᠰᠡᠨ ᠶᠠᠮᠠᠷᠪᠠ ᠨᠢᠭᠡᠴᠢ ᠪᠤᠶᠤ ᠬᠤᠪᠢ ᠬᠥᠮᠦᠨ ᠲᠦᠷᠦᠯ ᠵᠦᠢ᠍ᠯ᠎ᠤᠨ ᠡᠷᠬᠡ ᠵᠢᠨ ᠥᠮᠴᠢᠯᠡᠭᠴᠢ ᠵᠢᠨ ᠵᠥᠪᠰᠢᠶᠡᠷᠡᠯ ᠦᠭᠡᠢ᠎ᠪᠠᠷ ᠬᠤᠳᠠᠯᠳᠤᠭ᠋ᠠᠨ᠎ᠤ ᠵᠣᠷᠢᠯᠭ᠎ᠠ᠎ᠪᠠᠷ ᠲᠤᠰ ᠡᠷᠬᠡ ᠣᠯᠭᠣᠭᠰᠠᠨ ᠲᠦᠷᠦᠯ ᠵᠦᠢ᠍ᠯ᠎ᠤᠨ ᠦᠷᠡᠵᠢᠯ᠎ᠤᠨ ᠮᠠᠲ᠋ᠧᠷᠢᠶᠠᠯ᠎ᠢ ᠦᠢ᠍ᠯᠡᠳᠪᠤᠷᠢᠯᠡᠬᠦ ᠪᠤᠶᠤ ᠪᠣᠷᠣᠯᠠᠭᠤᠯᠵᠤ ᠪᠣᠯᠬᠤ ᠦᠭᠡᠢ᠃ ᠬᠤᠳᠠᠯᠳᠤᠭ᠋ᠠᠨ᠎ᠤ ᠵᠣᠷᠢᠯᠭ᠎ᠠ᠎ᠪᠠᠷ ᠲᠤᠰ ᠡᠷᠬᠡ ᠣᠯᠭᠣᠭᠰᠠᠨ ᠡᠭᠦᠯᠳᠡᠷ᠎ᠤᠨ ᠦᠷᠡᠵᠢᠯ᠎ᠤᠨ ᠮᠠᠲ᠋ᠧᠷᠢᠶᠠᠯ᠎ᠢ ᠥᠭᠡᠷ᠎ᠡ ᠨᠢᠭᠡ ᠡᠭᠦᠯᠳᠡᠷ᠎ᠤᠨ ᠦᠷᠡᠵᠢᠯ᠎ᠤᠨ ᠮᠠᠲ᠋ᠧᠷᠢᠶᠠᠯ᠎ᠢ ᠦᠢ᠍ᠯᠡᠳᠪᠤᠷᠢᠯᠡᠬᠦ᠎ᠳᠤ ᠲᠠᠬᠢᠨ ᠳᠠᠪᠲᠠᠨ ᠬᠡᠷᠡᠭᠯᠡᠵᠦ ᠪᠣᠯᠬᠤ ᠦᠭᠡᠢ》 ᠭᠡᠵᠦ ᠵᠠᠰᠠᠪᠠ᠃ ᠬᠠᠷᠠᠮᠰᠠᠯᠲᠠᠶ᠎ᠨᠢ᠂ ᠲᠠᠷᠢᠶᠠᠯᠠᠩ᠎ᠤᠨ ᠶᠠᠮᠤᠨ ᠪᠣᠯᠤᠨ ᠣᠶ ᠰᠢᠭᠤᠶ ᠵᠢᠨ ᠶᠠᠮᠤᠨ᠎ᠤ ᠤᠷᠭᠤᠮᠠᠯ᠎ᠤᠨ ᠰᠢᠨ᠎ᠡ ᠡᠭᠦᠯᠳᠡᠷ᠎ᠤᠨ ᠳ᠋ᠠᠶ᠋ᠢᠲ᠋ᠠ ᠬᠥᠮᠥᠷᠭᠡ ᠵᠢ ᠡᠷᠢᠵᠦ ᠣᠯᠤᠭᠰᠠᠨ ᠪᠣᠯᠪᠠᠴᠤ ᠣᠳᠣᠬᠠᠨ᠎ᠳᠤ ᠪᠠᠰᠠ ᠮᠣᠩᠭᠣᠯ ᠡᠮ᠎ᠤᠨ ᠮᠠᠲ᠋ᠧᠷᠢᠶᠠᠯ᠎ᠲᠠᠢ ᠬᠤᠯᠪᠤᠭᠲᠠᠭᠰᠠᠨ ᠤᠷᠭᠤᠮᠠᠯ᠎ᠤᠨ ᠰᠢᠨ᠎ᠡ ᠡᠭᠦᠯᠳᠡᠷ᠎ᠢ ᠡᠷᠢᠵᠦ ᠣᠯᠤᠭ᠋ᠠᠳᠤᠶ ᠪᠠᠶ᠋ᠢᠭᠰᠠᠭ᠋ᠠᠷ᠃ ᠡᠭᠦᠨ᠎ᠠᠴᠠ ᠭᠠᠳᠠᠨ᠎ᠠ᠂ ᠬᠤᠨᠴᠢᠷ᠂ ᠵᠡᠭᠡᠷᠭᠡᠨ᠎ᠡ᠂ ᠴᠠᠭ᠋ᠠᠨ ᠭᠣᠶᠣᠣ᠂ ᠴᠢᠴᠠᠷᠭ᠋ᠠᠨ᠎ᠠ ᠵᠡᠷᠭᠡ ᠣᠯᠠᠩᠬᠢ ᠡᠮ᠎ᠤᠨ ᠮᠠᠲ᠋ᠧᠷᠢᠶᠠᠯ ᠪᠣᠯ ᠥᠪᠥᠷ ᠮᠣᠩᠭᠤᠯ᠎ᠤᠨ ᠨᠡᠷᠡᠲᠡᠶ ᠵᠢᠩᠬᠢᠨᠢ ᠭᠠᠵᠠᠷ᠎ᠤᠨ ᠡᠮ᠎ᠤᠨ ᠮᠠᠲ᠋ᠧᠷᠢᠶᠠᠯ ᠪᠣᠯᠤᠨ᠎ᠠ᠂ ᠭᠠᠵᠠᠷ ᠵᠦᠶ ᠵᠢᠨ ᠲᠡᠮᠳᠡᠭ᠎ᠨᠢ ᠶᠠᠰᠤ ᠴᠢᠨᠠᠷ᠎ᠤᠨ ᠪᠠᠶ᠋ᠢᠴᠠᠭ᠋ᠠᠯᠲᠠ᠂ ᠲᠠᠷᠢᠶᠠᠯᠠᠩ᠎ᠤᠨ ᠶᠠᠮᠤᠨ ᠪᠤᠶᠤ ᠲᠠᠸᠠᠷ᠎ᠤᠨ ᠲᠡᠮᠳᠡᠭ᠎ᠤᠨ ᠶᠡᠷᠦᠩᠬᠡᠶ ᠲᠤᠪᠴᠢᠶᠠᠨ ᠵᠡᠷᠭᠡ ᠰᠢᠰᠲ᠋ᠧᠮ ᠵᠶ᠋ᠠᠷ ᠳᠡᠮᠵᠢᠨ ᠬᠠᠮᠠᠭ᠋ᠠᠯᠠᠯᠲᠠ᠎ᠪᠠᠨ ᠴᠢᠩᠭ᠋ᠠᠳᠬᠠᠬᠤ ᠵᠢ ᠭᠤᠶᠤᠴᠢᠯᠠᠵᠤ ᠪᠣᠯᠤᠨ᠎ᠠ᠃ ᠭᠠᠵᠠᠷ ᠵᠦᠶ ᠵᠢᠨ ᠲᠡᠮᠳᠡᠭ᠎ᠢ ᠪᠦᠲᠦᠮᠵᠢᠲᠡᠶ ᠠᠰᠢᠭᠯᠠᠬᠤ᠎ᠨᠢ ᠮᠣᠩᠭᠣᠯ ᠡᠮ᠎ᠤᠨ ᠮᠠᠲ᠋ᠧᠷᠢᠶᠠᠯ᠎ᠤᠨ ᠶᠠᠰᠤ ᠴᠢᠨᠠᠷ ᠢ ᠪᠠᠲᠤᠯᠠᠵᠤ᠂ ᠮᠣᠩᠭᠣᠯ ᠡᠮ᠎ᠤᠨ ᠮᠠᠲ᠋ᠧᠷᠢᠶᠠᠯ᠎ᠤᠨ ᠪᠣᠷᠣᠯᠠᠭᠤᠯᠭ᠎ᠠ ᠵᠢᠨ ᠬᠡᠮᠵᠢᠶ᠎ᠡ ᠵᠢ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠵᠢᠩᠬᠢᠨᠢ ᠮᠣᠩᠭᠣᠯ ᠡᠮ᠎ᠤᠨ ᠮᠠᠲ᠋ᠧᠷᠢᠶᠠᠯ᠎ᠤᠨ ᠠᠯᠳᠠᠷᠰᠢᠯ᠎ᠢ ᠤᠯᠠᠮ ᠨᠢᠭᠡ ᠠᠯᠬᠤᠮ ᠲᠡᠬᠡᠰᠢᠯᠡᠭᠦᠯᠤᠨᠡ᠃
(ᠲᠠᠪᠤ) ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠪᠠᠶ᠋ᠢᠭᠤᠯᠤᠮᠵᠢ ᠵᠢ ᠪᠠᠶ᠋ᠢᠭᠤᠯᠵᠤ᠂ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠴᠢᠳᠠᠪᠤᠷᠢᠲᠠᠨ᠎ᠢ ᠪᠣᠶ᠋ᠢᠵᠢᠭᠤᠯᠤᠨ᠎ᠠ
ᠣᠳᠣᠬᠠᠨ᠎ᠳᠤ᠂ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢᠨ ᠲᠣᠬᠠᠢ ᠰᠤᠳᠤᠯᠭ᠋ᠠᠨ᠎ᠨᠢ ᠢᠮᠠᠭᠲᠠ ᠠᠷᠠᠳ᠎ᠤᠨ ᠳᠤᠮᠳᠠᠬᠢ ᠡᠮᠬᠢ ᠵᠠᠮᠪᠠᠷᠠᠭ᠎ᠠ ᠦᠭᠡᠢ ᠪᠠᠢ᠍ᠳᠠᠯ᠎ᠳᠤ ᠣᠷᠣᠰᠢᠵᠤ᠂ ᠲᠡᠭᠦᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠨᠢ ᠨᠥᠯᠥᠭᠡᠯᠡᠬᠦ ᠬᠦᠴᠦᠨ ᠪᠣᠯᠵᠤ ᠴᠢᠳᠠᠬᠤ ᠦᠭᠡᠢ ᠶᠤᠮ᠃ ᠤᠯᠤᠰ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠲᠤᠭᠲᠠᠭ᠋ᠠᠬᠤ᠎ᠳᠤ ᠨᠠᠩ ᠶᠡᠬᠡ ᠯᠠᠪᠯᠠᠬᠤ ᠦᠢ᠍ᠯᠡᠳᠦᠯ ᠦᠵᠡᠭᠦᠯᠵᠦ ᠪᠣᠯᠬᠤ ᠦᠭᠡᠢ᠂ ᠮᠣᠩᠭᠣᠯ ᠡᠮ ᠡᠮᠨᠡᠯᠭᠡ ᠵᠢᠨ ᠠᠵᠤ ᠠᠬᠤᠶ᠋ᠢᠯᠠᠳᠤ ᠮᠡᠳᠡᠯᠭᠡ ᠵᠢᠨ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢᠨ ᠬᠦᠴᠦᠲᠡᠶ ᠦᠢ᠍ᠯᠡᠴᠢᠯᠡᠬᠡ ᠬᠠᠩᠭ᠋ᠠᠵᠤ ᠴᠢᠳᠠᠬᠤ ᠦᠭᠡᠢ᠃ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠪᠠᠢ᠌ᠭᠤᠯᠤᠮᠵᠢ ᠵᠢ ᠪᠠᠶ᠋ᠢᠭᠤᠯᠵᠤ᠂ ᠮᠣᠩᠭᠣᠯ ᠡᠮ ᠡᠮᠨᠡᠯᠭᠡ᠂ ᠮᠡᠳᠡᠯᠭᠡ ᠵᠢᠨ ᠥᠮᠴᠢᠯᠡᠬᠦ ᠡᠷᠬᠡ᠂ ᠣᠯᠠᠨ ᠤᠯᠤᠰ᠎ᠠᠴᠠ ᠠᠷᠠᠯᠵᠢᠶ ᠠ ᠵᠡᠷᠭᠡ ᠲᠠᠯ᠎ᠠ ᠵᠢᠨ ᠲᠤᠰᠬᠠᠶ ᠮᠡᠷᠭᠡᠵᠢᠯᠲᠡᠨ᠎ᠢ ᠴᠤᠭᠯᠠᠭᠤᠯᠵᠤ᠂ ᠪᠦᠬᠦ ᠨᠡᠶ᠋ᠢᠭᠡᠮ᠎ᠤᠨ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠰᠠᠨᠠᠭ᠎ᠠ ᠵᠢ ᠳᠡᠭᠡᠭᠰᠢᠯᠡᠭᠦᠯᠵᠦ᠂ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠣᠯᠤᠨ ᠠᠵᠤ ᠠᠬᠤᠶ᠋ᠢᠯᠠᠯ᠎ᠲᠠᠢ ᠨᠢᠭᠲᠠ ᠬᠠᠮᠵᠢᠯᠴᠠᠨ ᠮᠣᠩᠭᠣᠯ ᠡᠮ ᠡᠮᠨᠡᠯᠬᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠪᠠᠶ᠋ᠢᠯᠳᠤᠬᠤ ᠪᠣᠳᠣᠯᠭ᠎ᠠ ᠵᠢ ᠲᠤᠭᠲᠠᠭ᠋ᠠᠨ ᠬᠡᠷᠡᠭᠵᠢᠭᠦᠯᠬᠦ ᠵᠢ ᠠᠬᠢᠭᠤᠯᠵᠤ᠂ ᠰᠤᠳᠤᠯᠭ᠋ᠠᠨ ᠪᠣᠯᠤᠨ ᠦᠢ᠍ᠯᠡᠲᠤᠯᠬᠡᠪᠠᠷ ᠳᠠᠮᠵᠢᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠬᠠᠤᠯᠢ ᠴᠠᠭ᠋ᠠᠵᠠ ᠪᠣᠯᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠲᠡᠭᠦᠯᠲᠡᠷᠵᠢᠬᠦᠯᠬᠦ᠎ᠳᠤ ᠯᠠᠪᠯᠠᠯᠲᠠ ᠬᠠᠩᠭ᠋ᠠᠬᠤ ᠬᠡᠷᠡᠭᠲᠡᠶ᠃ ᠮᠣᠩᠭᠣᠯ ᠡᠮ ᠡᠮᠨᠡᠯᠭᠡ ᠵᠢᠨ ᠠᠵᠢᠯ ᠲᠥᠷᠥᠯ᠎ᠤᠨ ᠮᠡᠳᠡᠯᠭᠡ ᠵᠢᠨ ᠥᠮᠴᠢᠯᠡᠬᠦ ᠡᠷᠬᠡ ᠵᠢᠨ ᠦᠢ᠍ᠯᠡᠴᠢᠯᠡᠬᠡ ᠵᠢᠴᠢ ᠬᠠᠮᠢᠶᠠᠷᠤᠯᠲᠠ ᠵᠢᠨ ᠰᠢᠰᠲ᠋ᠧᠮᠵᠢ ᠵᠢ ᠪᠦᠷᠢᠨᠰᠢᠬᠦᠯᠵᠦ ᠮᠠᠨ᠎ᠤ ᠤᠯᠤᠰ᠎ᠠᠴᠠ ᠮᠣᠩᠭᠣᠯ ᠡᠮ ᠡᠮᠨᠠᠯᠬᠡ ᠵᠢᠨ ᠠᠵᠤ ᠠᠬᠤᠶ᠋ᠢᠯᠠᠯ᠎ᠤᠨ ᠤᠯᠤᠰ᠎ᠠᠴᠠ ᠳᠣᠲᠣᠭ᠋ᠠᠳᠤ ᠭᠠᠳᠠᠭ᠋ᠠᠳᠤ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠬᠠᠤᠯᠢ ᠴᠠᠭ᠋ᠠᠵᠠ ᠬᠢᠭᠡᠳ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠪᠠᠶ᠋ᠢᠳᠠᠯ᠎ᠢ ᠡᠵᠡᠮᠰᠢᠬᠦ᠂ ᠠᠵᠤ ᠠᠬᠤᠶ᠋ᠢᠯᠠᠯ᠎ᠤᠨ ᠭᠣᠤᠯᠯᠠᠬᠤ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ᠎ᠳᠤ ᠳᠡᠮᠵᠢᠯᠭᠡ ᠬᠠᠩᠭ᠋ᠠᠨ᠎ᠠ᠃ ᠮᠣᠩᠭᠣᠯ ᠡᠮ ᠡᠮᠨᠡᠯᠭᠡ ᠵᠢᠨ ᠳᠡᠯᠡᠬᠡᠶ᠋ᠢᠵᠢᠬᠦ ᠶᠠᠪᠤᠴᠠ᠎ᠳᠠᠬᠢ ᠮᠡᠳᠡᠯᠭᠡ ᠵᠢᠨ ᠥᠮᠴᠢᠯᠡᠬᠦ ᠡᠷᠬᠡ ᠵᠢᠨ ᠠᠷᠭ᠎ᠠ ᠪᠣᠳᠣᠯᠭ᠎ᠠ ᠵᠢᠨ ᠰᠤᠳᠤᠯᠭ᠋ᠠᠨ᠎ᠢ ᠥᠷᠨᠢᠭᠦᠯᠵᠦ᠂ ᠭᠠᠳᠠᠭ᠋ᠠᠳᠤ᠎ᠳᠤ ᠭᠠᠷᠭ᠋ᠠᠬᠤ ᠤᠯᠤᠰ᠂ ᠳᠡᠯᠡᠬᠡᠶ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ ᠵᠢᠨ ᠭᠡᠰᠢᠭᠦᠨ ᠤᠯᠤᠰ᠎ᠤᠨ ᠮᠣᠩᠭᠣᠯ ᠡᠮ ᠡᠮᠨᠡᠯᠭᠡ ᠵᠢᠨ ᠬᠦᠷᠢᠶᠡᠨ᠎ᠳᠠᠬᠢ ᠮᠡᠳᠡᠯᠭᠡ ᠵᠢᠨ ᠥᠮᠴᠢᠯᠡᠬᠦ ᠡᠷᠬᠡ ᠵᠢᠨ ᠲᠦᠷᠤ ᠵᠢᠨ ᠪᠣᠳᠣᠯᠭ᠎ᠠ ᠪᠠ ᠬᠠᠤᠯᠢ ᠴᠠᠭ᠋ᠠᠵᠠ ᠵᠢᠨ ᠣᠷᠴᠢᠨ ᠲᠣᠭᠣᠷᠢᠨ᠎ᠳᠤ ᠪᠠᠶ᠋ᠢᠴᠠᠭ᠋ᠠᠨ ᠰᠤᠳᠤᠯᠤᠯᠲᠠ ᠬᠢᠵᠦ᠂ ᠮᠣᠩᠭᠣᠯ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠭᠠᠳᠠᠭ᠋ᠠᠳᠤ᠎ᠳᠤ ᠭᠠᠷᠬᠤ᠎ᠳᠤ ᠮᠡᠳᠡᠯᠭᠡ ᠵᠢᠨ ᠥᠮᠴᠢᠯᠡᠬᠦ ᠡᠷᠬᠡ ᠵᠢᠨ ᠪᠠᠲᠤᠯᠠᠭ᠎ᠠ ᠬᠠᠩᠭ᠋ᠠᠵᠤ᠂ ᠮᠣᠩᠭᠣᠯ ᠡᠮ ᠡᠮᠨᠡᠯᠭᠡ ᠵᠢᠨ ᠣᠯᠠᠨ ᠤᠯᠤᠰ᠎ᠠᠴᠠ ᠨᠡᠷᠡᠲᠦ ᠲᠥᠷᠥᠯ ᠲᠡᠮᠳᠡᠭᠲᠦ ᠵᠢ ᠪᠣᠶ᠋ᠢᠵᠢᠭᠤᠯᠬᠤ᠎ᠳᠤ ᠳᠡᠮᠵᠢᠯᠭᠡ ᠬᠠᠩᠭ᠋ᠠᠵᠤ᠂ ᠮᠣᠩᠭᠣᠯ ᠡᠮ ᠡᠮᠨᠡᠯᠭᠡ ᠵᠢᠨ ᠠᠵᠤ ᠠᠬᠤᠶ᠋ᠢᠯᠠᠯ᠎ᠤᠨ ᠣᠯᠠᠨ ᠤᠯᠤᠰ᠎ᠠᠴᠠ ᠵᠠᠬ᠎ᠠ ᠳᠡᠯᠭᠡᠭᠦᠷ᠎ᠤᠨ ᠦᠷᠢᠰᠤᠯᠲᠡᠬᠡᠨ ᠳᠤᠮᠳᠠ ᠳᠠᠪᠠᠭᠤᠯᠢᠭ ᠲᠠᠯ᠎ᠠ᠎ᠪᠠᠨ ᠪᠠᠲᠤᠯᠠᠨ᠎ᠠ᠃
ᠮᠣᠩᠭᠣᠯ ᠡᠮ ᠡᠮᠨᠡᠯᠭᠡ ᠵᠢᠨ ᠲᠡᠬᠡᠲᠤ ᠰᠤᠷᠭ᠋ᠠᠭᠤᠯᠢ᠎ᠳᠤ ᠮᠡᠳᠡᠯᠭᠡ ᠵᠢᠨ ᠥᠮᠴᠢᠯᠡᠬᠦ ᠡᠷᠬᠡ ᠵᠢᠨ ᠬᠢᠴᠢᠶᠡᠯ ᠨᠡᠭᠡᠭᠡᠬᠦ᠎ᠪᠠᠷ ᠳᠠᠮᠵᠢᠭᠤᠯᠤᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠮᠣᠩᠭᠣᠯ ᠡᠮ ᠡᠮᠨᠡᠯᠭᠡ ᠵᠢᠨ ᠰᠤᠳᠤᠯᠭ᠋ᠠᠨ᠎ᠤ ᠪᠠᠶ᠋ᠢᠭᠤᠯᠤᠮᠵᠢ ᠵᠢᠴᠢ ᠠᠵᠤ ᠠᠬᠤᠶ ᠢᠯᠠᠯᠳᠤ ᠮᠡᠳᠡᠯᠭᠡ ᠵᠢᠨ ᠥᠮᠴᠢᠯᠡᠬᠦ ᠡᠷᠬᠡ ᠵᠢᠨ ᠲᠤᠬᠠᠶ᠋ᠢᠯᠠᠭᠰᠠᠨ ᠠᠵᠢᠯ᠎ᠤᠨ ᠴᠢᠳᠠᠪᠤᠷᠢᠲᠠᠨ ᠢ ᠬᠥᠮᠦᠵᠢᠭᠦᠯᠵᠦ᠂ ᠤᠯᠤᠰ᠎ᠠᠴᠠ ᠳᠣᠲᠣᠭ᠋ᠠᠳᠤ ᠭᠠᠳᠠᠭ᠋ᠠᠳᠤ ᠵᠢᠨ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠳᠦᠷᠢᠮ ᠢ ᠰᠠᠶ᠋ᠢᠨ ᠡᠵᠡᠮᠰᠢᠭᠰᠡᠨ᠂ ᠣᠯᠠᠨ ᠤᠯᠤᠰ᠎ᠠᠴᠠ ᠠᠷᠠᠯᠵᠢᠶᠠᠨ᠎ᠤ ᠳᠦᠷᠢᠮ ᠢ ᠰᠠᠶ᠋ᠢᠨ ᠡᠵᠡᠮᠰᠢᠭᠰᠡᠨ ᠮᠣᠩᠭᠣᠯ ᠡᠮ ᠡᠮᠨᠡᠯᠭᠡ ᠵᠢᠨ ᠬᠦᠷᠢᠶ᠎ᠡ ᠴᠠᠷᠠᠭ᠎ᠠ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠲᠡᠬᠡᠲᠤ ᠲᠡᠰ᠎ᠤᠨ ᠴᠢᠳᠠᠪᠤᠷᠢᠲᠠᠨ᠎ᠢ ᠬᠥᠮᠦᠵᠢᠭᠦᠯᠵᠦ᠂ ᠢᠩᠭᠢᠭᠡᠳ ᠮᠠᠨ᠎ᠤ ᠤᠯᠤᠰ᠎ᠤᠨ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠮᠣᠩᠭᠣᠯ ᠡᠮ ᠡᠮᠨᠡᠯᠭᠡ ᠵᠢᠨ ᠣᠯᠠᠨ ᠤᠯᠤᠰ᠎ᠤᠨ ᠠᠷᠠᠯᠵᠢᠶᠠᠨ᠎ᠳᠤ ᠰᠠᠭᠤᠷᠢ ᠲᠠᠯᠪᠢᠵᠤ ᠥᠭᠪᠡ᠃
ᠳᠡᠭᠡᠷ᠎ᠡ ᠶᠠᠷᠢᠭᠰᠠᠨ᠎ᠢ ᠬᠤᠷᠢᠶᠠᠩᠭᠤᠶ᠋ᠢᠯᠠᠪᠠᠯ᠂ ᠳᠡᠯᠡᠬᠡᠶ ᠳᠡᠭᠡᠷ᠎ᠡ ᠤᠷᠤᠭᠰᠠᠨ᠎ᠤ ᠳᠠᠷᠠᠭ᠋ᠠᠬᠢ ᠰᠢᠨ᠎ᠡ ᠠᠷᠠᠯᠵᠢᠶᠠᠨ᠎ᠤ ᠳᠦᠷᠢᠮ ᠮᠣᠩᠭᠣᠯ ᠡᠮ ᠡᠮᠨᠡᠯᠭᠡ ᠵᠢᠨ ᠣᠳᠣᠬᠢᠴᠢᠯᠠᠯᠲᠠ᠂ ᠵᠠᠬ᠎ᠠ ᠳᠡᠯᠭᠡᠭᠦᠷᠴᠢᠯᠡᠯᠲᠡ ᠪᠠ ᠳᠡᠯᠡᠬᠡᠶ᠋ᠢᠴᠢᠯᠡᠯᠲᠡ ᠵᠢᠨ ᠱᠣᠭᠣᠮ᠎ᠳᠤ ᠥᠷᠢᠰᠥᠯᠳᠦᠭᠡᠨ ᠳᠤᠷᠠᠳᠴᠤ᠂ ᠵᠠᠰᠠᠭ᠎ᠤᠨ ᠣᠷᠳᠣᠨ᠂ ᠰᠤᠳᠤᠯᠭ᠋ᠠᠨ᠎ᠤ ᠪᠠᠶ᠋ᠢᠭᠤᠯᠤᠮᠵᠢ ᠪᠠ ᠠᠵᠤ ᠠᠬᠤᠶ᠋ᠢᠯᠠᠯ᠎ᠤᠨ ᠡᠯ᠎ᠡ ᠱᠠᠲᠤᠨ᠎ᠤ ᠬᠡᠪᠴᠢᠶᠡᠨ᠎ᠳᠤ ᠴᠦ᠍ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢ ᠬᠠᠮᠠᠭ᠋ᠠᠯᠠᠬᠤ ᠲᠠᠯ᠎ᠠ᠎ᠪᠠᠷ ᠵᠣᠬᠢᠬᠤ ᠠᠮᠵᠢᠯᠲᠠ ᠣᠯᠵᠠᠶ᠃ ᠭᠡᠪᠡᠴᠦ ᠬᠠᠮᠠᠭ᠋ᠠᠯᠠᠯᠲᠠ ᠵᠢᠨ ᠲᠦᠷᠢᠮ ᠲᠡᠭᠦᠯᠳᠡᠷᠵᠢᠭᠡᠳᠦᠶ᠂ ᠬᠠᠮᠠᠭ᠋ᠠᠯᠠᠯᠲᠠ ᠵᠢᠨ ᠡᠷᠴᠢᠮ ᠬᠦᠷᠦᠯᠴᠡᠬᠦ ᠥᠬᠡᠶ᠂ ᠪᠠᠶ᠋ᠢᠭᠤᠯᠤᠮᠵᠢ ᠳᠤᠲᠠᠭᠳᠠᠬᠤ᠂ ᠴᠢᠳᠠᠪᠤᠷᠢᠲᠠᠨ ᠳᠤᠲᠠᠭᠳᠠᠬᠤ᠂ ᠲᠤᠰᠬᠠᠶ ᠪᠠᠯᠠ ᠮᠥᠩᠭᠥ ᠵᠢᠨ ᠣᠷᠣᠭᠤᠯᠤᠯᠲᠠ ᠭᠦᠷᠤᠯᠴᠠᠭᠦ ᠥᠬᠡᠶ ᠵᠡᠷᠭᠡ ᠠᠰᠠᠭᠤᠳᠠᠯ ᠮᠥᠨ ᠬᠦ᠌ ᠣᠷᠣᠰᠢᠵᠤ ᠪᠠᠶ᠋ᠢᠨ᠎ᠠ᠃ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢ ᠤᠯᠬᠤ᠂ ᠬᠠᠮᠠᠭ᠋ᠠᠯᠠᠬᠤ ᠪᠠ ᠬᠡᠷᠡᠭᠯᠡᠬᠦ ᠴᠢᠳᠠᠪᠤᠷᠢ ᠵᠢ ᠳᠡᠭᠡᠭᠰᠢᠯᠡᠭᠦᠯᠬᠦ ᠶᠠᠪᠤᠳᠠᠯ ᠨᠢᠭᠡᠨᠲᠡ ᠲᠤᠯᠭ᠋ᠠᠮ᠎ᠠ ᠱᠠᠭ᠋ᠠᠷᠳᠠᠭᠳᠠᠵᠤ ᠪᠠᠶ᠋ᠢᠨ᠎ᠠ᠃ ᠬᠡᠷᠪᠡ ᠴᠢᠬᠤᠯᠠᠴᠢᠯᠠᠨ ᠦᠵᠡᠬᠦ ᠦᠭᠡᠢ ᠪᠣᠯ ᠮᠠᠨ᠎ᠤ ᠮᠣᠩᠭᠣᠯ ᠡᠮ ᠡᠮᠨᠡᠯᠭᠡ ᠵᠢᠴᠢ ᠲᠡᠭᠦᠨ᠎ᠤ ᠤᠯᠠᠮᠵᠢᠯᠠᠯᠲᠤ ᠮᠡᠲᠡᠯᠬᠡ᠎ᠳᠤ ᠪᠠᠰᠠ ᠬᠢᠲᠠᠳ ᠡᠮ ᠡᠮᠨᠡᠯᠭᠡ ᠵᠢᠨ ᠬᠦᠷᠲᠡᠭᠰᠡᠨ ᠭᠠᠳᠠᠭ᠋ᠠᠳᠤ ᠵᠢᠨ ᠡᠮ ᠦᠢ᠍ᠯᠡᠳᠬᠦ ᠠᠵᠤ ᠠᠬᠤᠶ᠋ᠢᠯᠠᠯ᠎ᠤᠨ 《ᠬᠡᠪᠯᠡᠯ ᠬᠤᠯᠠᠭ᠋ᠠᠶ᠋ᠢᠯᠠᠬᠤ》 ᠪᠠᠢ᠍ᠳᠠᠯ ᠲᠤᠯᠭ᠋ᠠᠷᠠᠬᠤ ᠪᠣᠯᠤᠨ᠎ᠠ᠃ ᠳᠡᠭᠡᠷ᠎ᠡ ᠳᠤᠷᠠᠳᠤᠭᠰᠠᠨ ᠠᠰᠠᠭᠤᠳᠠᠯ᠎ᠢ ᠰᠢᠢ᠍ᠳᠪᠤᠷᠢᠯᠡᠬᠦ ᠦᠭᠡᠢ ᠪᠣᠯ ᠮᠣᠩᠭᠣᠯ ᠡᠮ ᠡᠮᠨᠡᠯᠭᠡ ᠵᠢᠨ ᠪᠦᠲᠦᠭᠡᠭᠳᠡᠬᠦᠨ᠎ᠨᠢ ᠳᠡᠯᠡᠬᠡᠶ ᠵᠢᠨ ᠵᠠᠬ᠎ᠠ ᠳᠡᠯᠭᠡᠭᠦᠷ᠎ᠲᠤ ᠣᠷᠣᠬᠤ ᠣᠶ᠋ᠢᠶ᠎ᠠ᠎ᠳᠤ ᠲᠣᠰ ᠪᠡᠶ᠎ᠡ ᠵᠢᠨ ᠠᠰᠢᠭ ᠲᠤᠰᠠ᠎ᠪᠠᠨ ᠬᠠᠮᠠᠭ᠋ᠠᠯᠠᠬᠤ᠎ᠳᠤ ᠬᠦᠴᠢᠷ ᠪᠣᠯᠵᠤ᠂ ᠮᠣᠩᠭᠣᠯ ᠡᠮ ᠡᠮᠨᠡᠯᠭᠡ ᠵᠢᠨ ᠤᠯᠠᠮᠵᠢᠯᠡᠲᠤ ᠮᠡᠳᠡᠯᠭᠡ ᠡᠳ᠋ ᠪᠠᠶᠠᠯᠢᠭ ᠵᠶ᠋ᠠᠨ ᠠᠯᠳᠠᠭᠤᠯᠤᠨ᠎ᠠ᠃ ᠪᠤᠰᠤᠳ ᠤᠯᠤᠰ᠎ᠤᠨ ᠮᠡᠳᠡᠯᠭᠡ ᠵᠢᠨ ᠥᠮᠴᠢᠯᠡᠬᠦ ᠡᠷᠬᠡ ᠪᠣᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠣᠯ ᠪᠦᠬᠦ ᠤᠯᠤᠰ᠎ᠠᠴᠠ ᠮᠣᠩᠭᠣᠯ ᠡᠮ ᠡᠮᠨᠡᠯᠭᠡ ᠵᠢᠨ ᠲᠡᠬᠡᠲᠤ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠬᠠᠷᠢᠴᠠᠩᠭᠤᠶ᠎ᠪᠠᠷ ᠲᠥᠪᠯᠡᠷᠡᠭᠰᠡᠨ ᠭᠠᠵᠠᠷ ᠣᠷᠣᠨ ᠪᠣᠯᠤᠨ᠎ᠠ᠂ ᠪᠦᠬᠦ ᠤᠯᠤᠰ ᠴᠢᠨᠠᠭᠰᠢᠯᠠᠪᠠᠯ ᠳᠡᠯᠡᠬᠡᠶ ᠳᠡᠭᠡᠷ᠎ᠡ ᠬᠠᠮᠤᠭ ᠲᠥᠪᠯᠡᠷᠡᠭᠰᠡᠨ ᠮᠣᠩᠭᠣᠯ ᠡᠮ ᠡᠮᠨᠡᠯᠭᠡ ᠵᠢᠨ ᠠᠵᠤ ᠠᠬᠤᠢ᠌ᠯᠡᠯ᠎ᠤᠨ ᠰᠦᠷᠦᠭ᠎ᠲᠠᠢ ᠪᠠᠶ᠋ᠢᠵᠤ᠂ ᠮᠣᠩᠭᠣᠯ ᠡᠮ᠎ᠤᠨ ᠠᠵᠤ ᠦᠢ᠍ᠯᠡᠰ᠎ᠢ ᠬᠥᠭᠵᠢᠭᠦᠯᠬᠦ᠎ᠳᠤ ᠣᠯᠠᠨ᠎ᠠᠴᠠ ᠣᠨᠴᠠᠭ᠋ᠠᠢ ᠳᠠᠪᠠᠭᠤᠯᠢᠭ ᠲᠠᠯ᠎ᠠ᠎ᠲᠠᠢ ᠶᠤᠮ᠂ ᠡᠭᠦᠨ᠎ᠤ ᠬᠠᠮᠲᠤ ᠮᠣᠩᠭᠣᠯ ᠡᠮ ᠡᠮᠨᠡᠯᠭᠡ ᠵᠢᠨ ᠤᠬᠠᠭ᠋ᠠᠨ᠎ᠤ ᠴᠢᠬᠤᠯᠠ ᠤᠯᠠᠮᠵᠢᠯᠠᠯ᠎ᠤᠨ ᠭᠠᠵᠠᠷ ᠣᠷᠣᠨ ᠪᠣᠯᠤᠭᠰᠠᠨ᠎ᠤ ᠬᠤᠪᠢ᠎ᠳᠤ ᠪᠠᠰᠠ ᠮᠣᠩᠭᠣᠯ ᠡᠮ᠎ᠢ ᠬᠠᠮᠠᠭ᠋ᠠᠯᠠᠬᠤ᠂ ᠤᠯᠠᠮᠵᠢᠯᠠᠬᠤ ᠪᠠ ᠬᠥᠭᠵᠢᠭᠦᠯᠬᠦ ᠲᠡᠦᠬᠡᠲᠦ ᠬᠠᠷᠢᠭᠤᠴᠠᠯᠭ᠎ᠠ ᠵᠢ ᠡᠭᠦᠷᠭᠡᠯᠡᠵᠦ ᠪᠠᠶ᠋ᠢᠳᠠᠭ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠣᠯ ᠡᠮ ᠡᠮᠨᠡᠯᠭᠡ ᠵᠢᠨ ᠠᠵᠤ ᠦᠢ᠍ᠯᠡᠰ᠎ᠤᠨ ᠬᠥᠭᠵᠢᠯᠲᠡ ᠲᠡᠬᠡᠷᠡᠬᠢ ᠡᠬᠢ ᠪᠠᠶᠠᠯᠢᠭ᠎ᠤᠨ ᠳᠠᠪᠠᠭᠤᠯᠢᠭ ᠪᠠ ᠣᠷᠣᠨ ᠪᠦᠰᠡ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ 《ᠮᠣᠩᠭᠣᠯ ᠡᠮ᠎ᠤᠨ ᠲᠥᠷᠥᠯ ᠵᠦᠢ᠍ᠯ᠎ᠢ ᠬᠠᠮᠠᠭ᠋ᠠᠯᠠᠬᠤ ᠲᠦᠷᠢᠮ》᠎ᠢ ᠲᠣᠭᠲᠠᠭ᠋ᠠᠬᠤ᠂ ᠮᠣᠩᠭᠣᠯ ᠡᠮ ᠡᠮᠨᠡᠯᠭᠡ ᠵᠢᠨ ᠮᠡᠲᠡᠯᠬᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢᠨ ᠪᠠᠶ᠋ᠢᠭᠤᠯᠤᠮᠵᠢ ᠵᠢ ᠪᠠᠶ᠋ᠢᠭᠤᠯᠬᠤ᠂ ᠮᠣᠩᠭᠣᠯ ᠡᠮ ᠡᠮᠨᠡᠯᠭᠡ ᠵᠢᠨ ᠮᠡᠳᠡᠯᠭᠡ ᠵᠢᠨ ᠥᠮᠴᠢᠯᠡᠬᠦ ᠡᠷᠬᠡ ᠵᠢᠨ ᠴᠢᠳᠠᠪᠤᠷᠢᠲᠠᠨ᠂ ᠢᠵᠢ ᠪᠥᠷᠢᠳᠦᠭᠦᠯᠬᠦ ᠲᠤᠰᠬᠠᠶ ᠪᠠᠯᠠ ᠮᠥᠩᠭᠥ ᠵᠢ ᠤᠷᠢᠳᠠᠪᠠᠷ ᠳᠤᠷᠠᠳᠤᠨ ᠭᠠᠷᠭ᠋ᠠᠵᠤ᠂ ᠡᠭᠦᠨ᠎ᠤ ᠤᠯᠠᠮ ᠵᠶ᠋ᠠᠷ ᠮᠡᠳᠡᠯᠭᠡ ᠵᠢᠨ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠮᠠᠨ᠎ᠤ ᠤᠯᠤᠰ᠎ᠤᠨ ᠮᠣᠩᠭᠣᠯ ᠡᠮ ᠠᠮᠨᠡᠯᠬᠡ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠵᠠᠮ ᠳᠡᠭᠡᠷᠡᠬᠢ ᠵᠠᠯᠠᠭᠤᠷᠴᠢᠨ ᠪᠣᠯᠭ᠋ᠠᠬᠤ ᠬᠡᠷᠡᠭᠲᠡᠶ᠃