ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ 《ᠰᠠᠨᠠᠭᠤᠯᠭ᠎ᠠ》 ᠵᠢᠨ ᠲᠠᠶ᠋ᠢᠯᠤᠮᠵᠢ᠄ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ᠎ᠳᠤ ᠶᠠᠮᠠᠷ ᠶᠠᠮᠠᠷ ᠭᠣᠤᠯᠳᠠᠯᠭ᠎ᠠ ᠵᠢ ᠡᠵᠡᠮᠳᠡᠬᠦ ᠴᠢᠬᠤᠯᠠᠲᠠᠶ ᠪᠣᠶ?
ᠨᠡᠶ᠋ᠢᠲᠡᠯᠡᠭᠰᠡᠨ ᠴᠠᠭ᠄ 2020-12-11

    ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ 《ᠰᠠᠨᠠᠭᠤᠯᠭ᠎ᠠ》 ᠵᠢᠨ ᠲᠠᠶ᠋ᠢᠯᠤᠮᠵᠢ᠄ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ᠎ᠳᠤ ᠶᠠᠮᠠᠷ ᠶᠠᠮᠠᠷ ᠭᠣᠤᠯᠳᠠᠯᠭ᠎ᠠ ᠵᠢ ᠡᠵᠡᠮᠳᠡᠬᠦ ᠴᠢᠬᠤᠯᠠᠲᠠᠶ ᠪᠣᠶ?
    ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠵᠤ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠲᠦᠭᠡᠨ ᠪᠠᠶ᠋ᠢᠭᠤᠯᠬᠤ ᠵᠢᠨ ᠴᠢᠬᠤᠯᠠ ᠬᠠᠷᠠᠯᠲᠠ᠂ ᠳᠤᠮᠳᠠᠳᠤ ᠤᠯᠤᠰ᠎ᠠᠴᠠ ᠣᠨᠴᠠᠯᠢᠭ ᠪᠦᠬᠦᠢ ᠨᠡᠶ᠋ᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠵᠢᠨ ᠮᠥᠨ ᠴᠢᠨᠠᠷ᠎ᠤᠨ ᠱᠠᠭ᠋ᠠᠷᠳᠠᠯᠭ ᠎ᠠ ᠪᠠ ᠴᠢᠬᠤᠯᠠ ᠪᠠᠲᠤᠯᠠᠭ᠎ᠠ ᠪᠣᠯᠤᠨ᠎ᠠ᠃ ᠨᠡᠶ᠋ᠢᠭᠡᠮ᠎ᠤᠨ ᠠᠮᠢᠵᠢᠷᠠᠯ᠎ᠤᠨ ᠬᠦᠴᠦᠨ᠎ᠢ ᠴᠢᠯᠥᠭᠡᠯᠡᠨ ᠨᠡᠮᠡᠭᠳᠡᠭᠦᠯᠵᠦ᠂ ᠨᠡᠶ᠋ᠢᠭᠡᠮ᠎ᠤᠨ ᠲᠥᠪ ᠭᠣᠤᠯᠴᠢ ᠰᠢᠳᠤᠷᠭᠤ ᠶᠣᠰᠣ ᠵᠢ ᠠᠬᠢᠭᠤᠯᠵᠤ᠂ ᠨᠡᠶ᠋ᠢᠭᠡᠮ᠎ᠤᠨ ᠡᠶ᠎ᠡ ᠵᠣᠬᠢᠴᠠᠯ ᠪᠠ ᠲᠣᠭᠲᠠᠭᠤᠨ ᠪᠠᠶ᠋ᠢᠳᠠᠯ᠎ᠢ ᠬᠠᠮᠠᠭ᠋ᠠᠯᠠᠵᠤ᠂ ᠤᠯᠤᠰ ᠣᠷᠣᠨ᠎ᠤ ᠥᠨᠢ ᠤᠳᠠᠭ᠋ᠠᠨ ᠠᠮᠤᠷ ᠲᠦᠪᠰᠢᠨ ᠪᠠᠶ᠋ᠢᠬᠤ ᠵᠢ ᠦᠨᠡᠨ ᠬᠦ᠌ ᠪᠠᠲᠤᠯᠠᠬᠤ ᠵᠢᠨ ᠦᠨᠳᠦᠰᠦᠨ ᠱᠠᠭ᠋ᠠᠷᠳᠠᠯᠭ᠎ᠠ ᠮᠥᠨ᠃ 《ᠰᠠᠨᠠᠭᠤᠯᠭ᠎ᠠ》᠎ᠳᠤ 2035᠎ᠤᠨ ᠪᠣᠯᠬᠤ᠎ᠳᠤ ᠬᠠᠤᠯᠢ᠎ᠪᠠᠷ ᠵᠠᠰᠠᠬᠤ ᠤᠯᠤᠰ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠂ ᠬᠠᠤᠯᠢ᠎ᠪᠠᠷ ᠵᠠᠰᠠᠬᠤ ᠨᠡᠶ᠋ᠢᠭᠡᠮ᠎ᠢ ᠦᠨᠳᠦᠰᠦᠨ᠎ᠳᠡᠭᠡᠨ ᠪᠠᠶ᠋ᠢᠭᠤᠯᠬᠤ ᠬᠠᠷᠠᠯᠲᠠ ᠵᠢ ᠲᠣᠭᠲᠠᠭ᠋ᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ 《ᠨᠡᠶ᠋ᠢᠭᠡᠮ ᠵᠢᠷᠤᠮ᠎ᠤᠨ ᠠᠷᠠᠴᠢᠯᠡᠯ ᠪᠠ ᠬᠠᠤᠯᠢᠵᠢᠯ ᠤᠯᠠᠮ ᠲᠡᠭᠦᠯᠳᠡᠷᠵᠢᠬᠦ》 ᠬᠠᠷᠠᠯᠲᠠ ᠱᠠᠭ᠋ᠠᠷᠳᠠᠯᠭ᠎ᠠ ᠵᠢ ᠲᠣᠳᠣᠷᠬᠠᠶ ᠳᠤᠷᠠᠳᠴᠤ᠂ 《ᠬᠠᠤᠯᠢ᠎ᠪᠠᠷ ᠵᠠᠰᠠᠬᠤ ᠵᠢᠨ ᠦᠨᠳᠦᠰᠦ ᠰᠠᠭᠤᠷᠢ ᠵᠢ ᠪᠡᠬᠢᠵᠢᠭᠦᠯᠬᠦ᠂ ᠵᠢᠱ᠌ᠢᠯᠲᠡ ᠵᠢ ᠲᠣᠭᠲᠠᠪᠤᠷᠢᠵᠢᠭᠤᠯᠬᠤ᠂ ᠠᠯᠤᠰ ᠭᠡᠳᠦ᠎ᠳᠤ ᠠᠰᠢᠭᠲᠠᠶ ᠪᠠᠶ᠋ᠢᠯᠭ᠋ᠠᠬᠤ ᠪᠠᠲᠤᠯᠠᠭ᠎ᠠ ᠵᠢᠨ ᠦᠢ᠍ᠯᠡᠲᠤᠯ᠎ᠢ ᠪᠦᠲᠦᠮᠵᠢᠲᠡᠶ ᠪᠠᠳᠠᠷᠠᠭᠤᠯᠵᠤ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ》᠃ 《ᠰᠠᠨᠠᠭᠤᠯᠭ᠎ᠠ》 ᠵᠢᠨ ᠪᠠᠶ᠋ᠢᠷᠢᠯᠠᠭᠤᠯᠤᠯᠲᠠ ᠪᠠ ᠱᠠᠭ᠋ᠠᠷᠳᠠᠯᠭ᠎ᠠ ᠶᠣᠰᠣᠭ᠋ᠠᠷ᠂ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠬᠤ᠎ᠳᠤ 3 ᠲᠠᠯ᠎ᠠ ᠵᠢᠨ ᠭᠣᠤᠯᠳᠠᠯᠭ᠎ᠠ᠎ᠲᠠᠢ ᠡᠭᠦᠷᠭᠡ ᠵᠢ ᠰᠠᠶ᠋ᠢᠲᠤᠷ ᠠᠳᠬᠤᠬᠤ ᠬᠡᠷᠡᠭᠲᠡᠶ᠃
    ᠨᠢᠭᠡᠳᠦᠭᠡᠷ᠎ᠲᠤ᠂ ᠦᠨᠳᠦᠰᠦᠨ ᠬᠠᠤᠯᠢ᠎ᠪᠠᠷ ᠭᠣᠤᠯᠯᠠᠭᠤᠯᠤᠭᠰᠠᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠤᠯᠢ ᠴᠠᠭ᠋ᠠᠵᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠰᠠᠶ᠋ᠢᠨ ᠬᠠᠤᠯᠢ ᠪᠣᠯ ᠰᠠᠶ᠋ᠢᠨ ᠵᠠᠰᠠᠬᠤ ᠵᠢᠨ ᠤᠷᠢᠲᠠᠯ ᠮᠥᠨ᠃ ᠦᠨᠳᠦᠰᠦᠨ ᠬᠠᠤᠯᠢ᠎ᠪᠠᠷ ᠭᠣᠤᠯᠯᠠᠭᠤᠯᠤᠭᠰᠠᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠤᠯᠢ ᠴᠠᠭ᠋ᠠᠵᠠ ᠵᠢᠨ ᠰᠢᠰᠲ᠋ᠧᠮ᠎ᠢ ᠲᠡᠭᠦᠯᠳᠡᠷᠵᠢᠭᠦᠯᠬᠦ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠢᠰᠲ᠋ᠧᠮ᠎ᠢ ᠪᠠᠶ᠋ᠢᠭᠤᠯᠬᠤ ᠵᠢᠨ ᠰᠠᠭᠤᠷᠢ ᠢᠨᠵᠧᠨᠧᠷᠢᠩ ᠮᠥᠨ᠃ ᠤᠷᠢᠳ ᠵᠶ᠋ᠠᠷ ᠬᠠᠤᠯᠢ ᠲᠣᠭᠲᠠᠭ᠋ᠠᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠠᠷᠠᠴᠢᠯᠡᠯ ᠵᠶ᠋ᠠᠷ ᠬᠠᠤᠯᠢ ᠲᠣᠭᠲᠠᠭ᠋ᠠᠬᠤ᠂ ᠬᠠᠤᠯᠢ ᠶᠣᠰᠣᠭ᠋ᠠᠷ ᠬᠠᠤᠯᠢ ᠲᠣᠭᠲᠠᠭ᠋ᠠᠬᠤ ᠵᠢ ᠲᠦᠯᠬᠢᠨ ᠠᠬᠢᠭᠤᠯᠵᠤ᠂ ᠬᠠᠤᠯᠢ ᠲᠤᠭᠲᠠᠭ᠋ᠠᠬᠤ ᠵᠦᠢ᠍ᠯ ᠨᠢᠭᠡᠪᠦᠷᠢ ᠵᠢ ᠴᠥᠮ ᠦᠨᠳᠦᠰᠦᠨ ᠬᠠᠤᠯᠢ ᠵᠢᠨ ᠵᠣᠷᠢᠭ ᠰᠠᠨᠠᠭ᠎ᠠ᠎ᠲᠠᠢ ᠦᠨᠡᠨ ᠬᠦ᠌ ᠨᠡᠶ᠋ᠢᠴᠡᠭᠦᠯᠬᠦ᠂ ᠠᠷᠠᠳ ᠲᠦᠮᠡᠨ᠎ᠤ ᠬᠦᠰᠡᠯ ᠵᠣᠷᠢᠭ᠎ᠢ ᠲᠤᠰᠬᠠᠬᠤ᠂ ᠠᠷᠠᠳ ᠲᠦᠮᠡᠨ᠎ᠤ ᠬᠦᠷᠢᠶᠡᠯᠡᠯ᠎ᠢ ᠤᠯᠬᠤ ᠪᠣᠯᠭ᠋ᠠᠬᠤ ᠬᠡᠷᠡᠭᠲᠡᠶ᠃ ᠲᠥᠪ ᠭᠣᠣᠯᠴᠢ᠂ ᠡᠷᠬᠡ ᠲᠡᠭᠰᠢ᠂ ᠢᠯᠡ ᠪᠠᠶ᠋ᠢᠯᠭ᠋ᠠᠬᠤ ᠵᠠᠷᠴᠢᠮ ᠢ ᠬᠠᠤᠯᠢ ᠲᠣᠭᠲᠠᠭ᠋ᠠᠬᠤ ᠪᠦᠬᠦ ᠶᠠᠪᠤᠴᠠ᠎ᠳᠤ ᠲᠣᠣᠱ᠌ᠢᠯᠠᠭᠣᠯᠬᠣ᠂ ᠬᠠᠤᠯᠢ ᠲᠣᠭᠲᠠᠭ᠋ᠠᠬᠤ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠵᠦ᠂ ᠨᠠᠮ᠎ᠤᠨ ᠬᠣᠷᠢᠶ᠎ᠠ ᠤᠳᠤᠷᠢᠳᠬᠤ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠶ᠋ᠠᠷ ᠭᠣᠤᠯᠯᠠᠭᠤᠯᠬᠤ ᠵᠠᠰᠠᠭ᠎ᠤᠨ ᠣᠷᠳᠣᠨ᠎ᠤ ᠲᠦᠰᠢᠭ ᠲᠤᠯᠭ᠋ᠠᠭᠤᠷᠢ ᠵᠢ ᠲᠡᠭᠦᠯᠳᠡᠷᠵᠢᠭᠦᠯᠵᠦ᠂ ᠡᠯ᠎ᠡ ᠲᠠᠯ᠎ᠠ ᠵᠢᠨ᠎ᠬᠢᠨ᠎ᠤ ᠣᠷᠣᠯᠴᠠᠭᠰᠠᠨ ᠬᠠᠤᠯᠢ ᠲᠣᠭᠲᠠᠭ᠋ᠠᠬᠤ ᠠᠵᠢᠯ᠎ᠤᠨ ᠪᠠᠶ᠋ᠢᠷᠢᠰᠢᠯ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠴᠠᠭ ᠲᠤᠬᠠᠢ᠍ᠢ᠍ᠴᠢ ᠴᠢᠨᠠᠷ᠂ ᠰᠢᠰᠲ᠋ᠧᠮᠲᠦ ᠴᠢᠨᠠᠷ᠂ ᠬᠠᠨᠳᠤᠯᠭ᠋ᠠᠲᠤ ᠴᠢᠨᠠᠷ᠂ ᠪᠦᠲᠦᠮᠵᠢᠲᠦ ᠴᠢᠨᠠᠷ᠎ᠢ ᠴᠢᠩᠭ᠋ᠠᠳᠬᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠠᠷᠠᠳ ᠣᠯᠠᠨ᠎ᠤ ᠦᠢ᠍ᠯᠡᠳᠪᠤᠷᠢᠯᠷᠯ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ ᠦᠨᠳᠦᠰᠦᠨ ᠴᠢᠨᠠᠷᠲᠠᠶ ᠬᠠᠤᠯᠢ ᠳᠤᠭᠲᠠᠭ᠋ᠠᠬᠤ ᠡᠷᠴᠢᠮ ᠵᠶ᠋ᠠᠨ ᠴᠢᠩᠭ᠍ᠠᠳᠬᠠᠵᠤ᠂ ᠠᠵᠤ ᠠᠬᠤᠶ᠂ ᠨᠡᠶ᠋ᠢᠭᠡᠮ᠂ ᠠᠷᠠᠳ᠎ᠤᠨ ᠠᠮᠢᠳᠤᠷᠠᠯ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠭᠣᠤᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠲᠣᠭᠲᠠᠭ᠋ᠠᠬᠤ ᠵᠢ ᠴᠢᠩᠭ᠍ᠠᠳᠬᠠᠨ᠎ᠠ᠃ ᠡᠷᠬᠡ ᠲᠡᠭᠰᠢ᠂ ᠲᠣᠬᠢᠶᠠᠯ ᠭᠣᠣᠯᠴᠢ᠂ ᠳᠦᠷᠢᠮ ᠭᠣᠣᠯᠴᠢ ᠪᠠᠶ᠋ᠢᠬᠤ ᠵᠢ ᠪᠠᠷᠢᠮᠲᠠᠯᠠᠵᠤ᠂ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠦᠷᠢᠨ ᠲᠡᠭᠦᠯᠳᠡᠷ ᠬᠠᠤᠯᠢ ᠴᠠᠭ᠋ᠠᠵᠠ ᠵᠢᠨ ᠰᠢᠰᠲ᠋ᠧᠮ᠎ᠢ ᠲᠦᠷᠭᠡᠨ ᠪᠤᠷᠢᠯᠲᠤᠭᠦᠯᠵᠤ᠂ ᠠᠷᠠᠳ ᠣᠯᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠠᠤᠯᠢ ᠴᠠᠭ᠋ᠠᠵᠠ ᠵᠢᠨ ᠳᠦᠷᠢᠮ ᠢ ᠳᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠨᠡᠩ ᠭᠦᠢ᠍ᠴᠠᠳ ᠦᠨᠳᠦᠰᠦᠨ ᠬᠠᠤᠯᠢ ᠴᠠᠭ᠋ᠠᠵᠠ ᠵᠢᠨ ᠵᠢᠷᠤᠮᠯᠠᠯ ᠬᠠᠩᠭ᠋ᠠᠪᠠ᠃ ᠢᠨᠲᠸᠷ ᠰᠦᠯᠵᠢᠶ᠎ᠡ᠂ ᠲᠤᠮᠤ ᠳ᠋ᠠᠶ᠋ᠢᠲ᠋ᠠ᠂ ᠵᠢᠯᠣᠭᠣᠴᠢ ᠦᠭᠡᠢ ᠵᠢᠯᠣᠭᠣᠳᠬᠤ᠂ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠵᠡᠷᠭᠡ ᠰᠢᠨ᠎ᠡ᠎ᠪᠠᠷ ᠮᠠᠨᠳᠤᠭᠰᠠᠨ ᠬᠦᠷᠢᠶᠡᠨ᠎ᠤ ᠬᠠᠤᠯᠢ ᠲᠣᠭᠲᠠᠭ᠋ᠠᠯᠲᠠ ᠵᠢ ᠲᠦᠷᠭᠡᠳᠬᠡᠵᠦ᠂ ᠬᠠᠤᠯᠢ ᠴᠠᠭ᠋ᠠᠵᠠ ᠵᠢᠨ ᠲᠦᠷᠢᠮ᠎ᠤᠨ ᠰᠢᠨ᠎ᠡ ᠪᠠᠶ᠋ᠢᠳᠠᠯ᠎ᠳᠤ ᠵᠣᠬᠢᠴᠠᠭᠤᠯᠤᠨ ᠰᠢᠨ᠎ᠡ ᠠᠰᠠᠭᠤᠳᠠᠯ᠎ᠢ ᠰᠢᠢ᠍ᠳᠪᠤᠷᠢᠯᠡᠬᠦ ᠵᠢ ᠦᠨᠡᠨ ᠬᠦ᠌ ᠪᠠᠲᠤᠯᠠᠨ᠎ᠠ᠃ ᠭᠠᠳᠠᠭ᠋ᠠᠳᠤ᠎ᠳᠤ ᠬᠣᠯᠪᠣᠭᠳᠠᠬᠤ ᠬᠦᠷᠢᠶᠡᠨ᠎ᠳᠠᠬᠢ ᠬᠠᠤᠯᠢ ᠲᠣᠭᠲᠠᠭ᠋ᠠᠯᠲᠠ ᠵᠢ ᠴᠢᠩᠭ᠋ᠠᠳᠬᠠᠵᠤ᠂ ᠭᠠᠳᠠᠭ᠋ᠠᠳᠤ᠎ᠳᠤ ᠬᠣᠯᠪᠣ ᠭ᠋ᠳᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠵᠢᠨ ᠠᠰᠢᠭ ᠲᠤᠰᠠ ᠵᠢ ᠬᠠᠮᠠᠭ᠋ᠠᠯᠠᠬᠤ᠎ᠳᠤ ᠬᠦᠴᠦᠲᠡᠶ ᠬᠠᠤᠯᠢ ᠴᠠᠭ᠋ᠠᠵᠠ ᠵᠢᠨ ᠳᠡᠮᠵᠢᠯᠭᠡ ᠬᠠᠩᠭ᠋ᠠᠬᠤ ᠬᠡᠷᠡᠭᠲᠡᠶ᠃ ᠪᠦᠷᠢᠨ ᠲᠡᠭᠦᠯᠳᠡᠷ ᠬᠠᠤᠯᠢ ᠴᠠᠭ᠋ᠠᠵᠠ ᠵᠢᠨ ᠳᠦᠷᠢᠮᠵᠢᠯ᠎ᠤᠨ ᠰᠢᠰᠲ᠋ᠧᠮ᠎ᠢ ᠲᠦᠷᠭᠡᠨ ᠪᠦᠷᠢᠯᠳᠦᠭᠦᠯᠬᠦ ᠵᠢᠨ ᠬᠠᠮᠲᠤ᠂ ᠥᠨᠳᠥᠷ ᠪᠦᠲᠦᠮᠵᠢᠲᠡᠶ ᠬᠠᠤᠯᠢ᠎ᠪᠠᠷ ᠵᠠᠰᠠᠬᠤ ᠵᠢ ᠬᠡᠷᠡᠭᠵᠢᠭᠦᠯᠬᠦ ᠰᠢᠰᠲ᠋ᠧᠮ᠂ ᠨᠢᠭᠲᠠ ᠴᠢᠩᠭ᠎ᠠ ᠬᠠᠤᠯᠢ᠎ᠪᠠᠷ ᠵᠠᠰᠠᠬᠤ᠎ᠳᠤ ᠬᠢᠨᠠᠯᠲᠠ ᠲᠠᠯᠪᠢᠬᠤ ᠰᠢᠰᠲ᠋ᠧᠮ᠂ ᠬᠠᠤᠯᠢ᠎ᠪᠠᠷ ᠵᠠᠰᠠᠬᠤ ᠬᠦᠴᠦᠲᠡᠶ ᠪᠠᠲᠤᠯᠠᠭ᠎ᠠ ᠵᠢᠨ ᠰᠢᠰᠲ᠋ᠧᠮ ᠪᠠ ᠲᠡᠭᠦᠯᠲᠡᠷᠵᠢᠬᠦᠯᠤᠭ᠌ᠰᠡᠨ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠲᠦᠷᠭᠡᠪᠴᠢᠯᠡᠨ ᠪᠤᠢ ᠪᠣᠯᠭ᠋ᠠᠵᠤ᠂ ᠨᠠᠮ ᠪᠠ ᠤᠯᠤᠰ᠎ᠤᠨ ᠡᠯ᠎ᠡ ᠵᠦᠢ᠍ᠯ᠎ᠤᠨ ᠠᠵᠢᠯ ᠦᠢ᠍ᠯᠡᠰ᠂ ᠡᠯ᠎ᠡ ᠵᠦᠢ᠍ᠯ᠎ᠤᠨ ᠠᠵᠢᠯ᠎ᠢ ᠬᠠᠤᠯᠢ᠎ᠪᠠᠷ ᠵᠠᠰᠠᠬᠤ ᠵᠠᠮ᠎ᠳᠤ ᠦᠨᠡᠨ ᠬᠦ᠌ ᠣᠷᠣᠭᠤᠯᠬᠤ ᠬᠡᠷᠡᠭᠲᠡᠶ᠃
    ᠬᠣᠶᠠᠳᠤᠭ᠋ᠠᠷ᠎ᠲᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠦᠨ᠎ᠡ᠃ ᠬᠠᠤᠯᠢ ᠬᠡᠷᠡᠭᠵᠢᠭᠦᠯᠬᠦ ᠪᠣᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ᠎ᠤᠨ ᠣᠷᠳᠣᠨ᠎ᠤ ᠡᠭᠦᠷᠭᠡ ᠴᠢᠲᠠᠪᠤᠷᠢ᠎ᠪᠠᠨ ᠬᠦᠢ᠍ᠴᠠᠳᠬᠡᠬᠦ᠂ ᠠᠵᠤ ᠠᠬᠤᠶ ᠨᠡᠶ᠋ᠢᠭᠡᠮ᠎ᠤᠨ ᠬᠡᠷᠡᠭ ᠶᠠᠪᠤᠳᠠᠯ᠎ᠢ ᠬᠠᠮᠢᠶᠠᠷᠬᠤ ᠭᠣᠤᠯ ᠠᠷᠭ᠎ᠠ ᠮᠠᠶᠢᠭ ᠮᠥᠨ᠃ ᠲᠤᠰᠢᠶᠠᠯ ᠬᠠᠷᠢᠭᠤᠴᠠᠯᠭ᠎ᠠ᠎ᠨᠢ ᠲᠣᠳᠣᠷᠬᠠᠶ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠠᠰᠠᠭ᠎ᠤᠨ ᠣᠷᠳᠣᠨ᠎ᠤ ᠵᠠᠰᠠᠯᠲᠠ ᠵᠢᠨ ᠰᠢᠰᠲ᠋ᠧᠮ᠎ᠢ ᠪᠠᠶ᠋ᠢᠭᠤᠯᠵᠤ᠂ ᠬᠠᠤᠯᠢ ᠶᠣᠰᠣᠭ᠋ᠠᠷ ᠰᠢᠢ᠍ᠳᠪᠤᠷᠢᠲᠤ ᠪᠣᠳᠣᠯᠭ᠎ᠠ ᠲᠣᠭᠲᠠᠭ᠋ᠠᠬᠤ ᠲᠣᠭᠲᠠᠴᠠ ᠵᠢ ᠲᠡᠭᠦᠯᠳᠡᠷᠵᠢᠭᠦᠯᠵᠦ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠳᠣᠲᠣᠭ᠋ᠠᠳᠤ ᠵᠢᠨ ᠴᠢᠬᠤᠯᠠ ᠶᠡᠬᠡ ᠰᠢᠢ᠍ᠳᠪᠤᠷᠢᠲᠤ ᠪᠣᠳᠣᠯᠭ᠎ᠠ ᠲᠣᠭᠲᠠᠭ᠋ᠠᠬᠤ ᠬᠠᠤᠯᠢ ᠶᠤᠰᠤᠨ᠎ᠤ ᠴᠢᠨᠠᠷ ᠢ ᠬᠢᠨᠠᠨ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠵᠤ᠂ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠥᠪᠯᠡᠭᠴᠢ ᠵᠢᠨ ᠳᠦᠷᠢᠮ ᠢ ᠢᠳᠡᠪᠬᠢᠲᠡᠢ ᠬᠡᠷᠡᠭᠵᠢᠭᠦᠯᠵᠦ᠂ ᠪᠠᠶ᠋ᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠮᠡᠳᠡᠯ᠂ ᠳᠡᠰ ᠳᠠᠷᠠᠭ᠋ᠠᠯᠠᠯ᠂ ᠬᠠᠷᠢᠭᠤᠴᠠᠯᠭ᠎ᠠ ᠵᠢ ᠬᠠᠤᠯᠢ  ᠎ᠪᠠᠷ ᠲᠣᠭᠲᠠᠭ᠋ᠠᠬᠤ ᠵᠢ ᠠᠬᠢᠭᠤᠯᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠᠵᠢᠯ ᠶᠠᠪᠤᠳᠠᠯ᠎ᠤᠨ ᠡᠷᠬᠡ ᠵᠢ ᠵᠢᠷᠤᠮᠵᠢᠭᠤᠯᠬᠤ᠂ ᠬᠠᠤᠯᠢᠵᠢᠭᠤᠯᠬᠤ ᠵᠢ ᠠᠬᠢᠭᠤᠯᠵᠤ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠠᠤᠯᠢ᠎ᠳᠤ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ᠎ᠪᠠᠨ ᠡᠷᠬᠡᠪᠰᠢ ᠬᠢᠬᠦ᠂ ᠬᠠᠤᠯᠢ ᠶᠣᠰᠣᠭ᠋ᠠᠷ ᠡᠷᠬᠡ ᠣᠯᠭᠣᠭᠰᠠᠨ ᠦᠭᠡᠢ ᠪᠣᠯ ᠬᠢᠵᠦ ᠦᠯᠦ ᠪᠣᠯᠬᠤ ᠵᠢ ᠪᠠᠷᠢᠮᠲᠠᠯᠠᠬᠤ ᠵᠢ ᠠᠬᠢᠭᠤᠯᠬᠤ᠂ ᠡᠭᠦᠷᠭᠡ ᠲᠤᠰᠢᠶᠠᠯ ᠵᠶ᠋ᠠᠨ ᠬᠠᠤᠯᠢ ᠶᠣᠰᠣᠭ᠋ᠠᠷ ᠪᠦᠬᠦ ᠲᠠᠯ᠎ᠠ᠎ᠪᠠᠷ ᠭᠦᠢ᠍ᠴᠠᠳᠬᠡᠪᠠ᠃ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠪᠦᠬᠦ ᠲᠠᠯ᠎ᠠ᠎ᠪᠠᠷ ᠠᠬᠢᠭᠤᠯᠵᠤ᠂ ᠵᠠᠰᠠᠭ ᠵᠠᠬᠢᠷᠭ᠋ᠠᠨ᠎ᠤ ᠡᠷᠬᠡ ᠵᠢ ᠬᠢᠵᠠᠭ᠋ᠠᠷᠯᠠᠬᠤ ᠪᠠ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠬᠢᠷᠢ ᠬᠡᠮ᠎ᠢ ᠴᠢᠩᠳᠠᠯᠠᠵᠤ᠂ ᠬᠠᠤᠯᠢ ᠬᠡᠷᠡᠭᠵᠢᠭᠦᠯᠬᠦ ᠳᠡᠰ ᠳᠠᠷᠠᠭ᠋ᠠᠯᠠᠯ᠎ᠢ ᠲᠡᠭᠦᠯᠲᠡᠷᠵᠢᠬᠦᠯᠵᠤ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠳᠦᠷᠢᠮ ᠢ ᠪᠠᠢ᠌ᠭᠤᠯᠤᠨ ᠲᠡᠭᠦᠯᠳᠡᠷᠵᠢᠭᠦᠯᠵᠦ᠂ ᠬᠠᠤᠯᠢ ᠴᠠᠭ᠋ᠠᠵᠠ ᠵᠢᠨ ᠲᠥᠪ ᠭᠣᠤᠯᠴᠢ᠂ ᠪᠦᠲᠦᠮᠵᠢᠲᠡᠶ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠨ᠎ᠠ᠃ ᠵᠠᠰᠠᠭ ᠵᠠᠬᠢᠷᠭ᠋ᠠᠨ᠎ᠤ ᠰᠢᠭᠦᠨ ᠲᠠᠰᠤᠯᠤᠯᠲᠠ ᠵᠢᠨ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠢᠬᠡᠢ᠌ᠷᠡᠭᠦᠯᠵᠤ᠂ ᠡᠯ᠎ᠡ ᠲᠠᠯ᠎ᠠ ᠵᠢᠨ᠎ᠬᠢᠨ᠎ᠤ ᠵᠠᠰᠠᠭ᠎ᠤᠨ ᠣᠷᠳᠣᠨ᠎ᠤ ᠬᠠᠤᠯᠢ ᠶᠣᠰᠣᠭ᠋ᠠᠷ ᠵᠠᠰᠠᠭ ᠶᠠᠪᠤᠭᠤᠯᠬᠤ᠎ᠳᠤ ᠬᠢᠨᠠᠯᠲᠠ ᠲᠠᠯᠪᠢᠬᠤ ᠵᠢ ᠳᠡᠮᠵᠢᠵᠦ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠬᠤ ᠬᠡᠷᠡᠭᠲᠡᠶ᠃
    ᠭᠤᠷᠪᠠᠳᠤᠭ᠋ᠠᠷ᠎ᠲᠤ᠂ ᠬᠢᠨᠠᠨ ᠪᠠᠶ᠋ᠢᠴᠠᠭ᠋ᠠᠬᠤ ᠡᠷᠬᠡ᠂ ᠰᠢᠭᠦᠨ ᠲᠠᠰᠤᠯᠬᠤ ᠡᠷᠬᠡ᠂ ᠪᠠᠶ᠋ᠢᠴᠠᠭ᠋ᠠᠬᠤ ᠡᠷᠬᠡ ᠵᠢᠨ ᠠᠵᠢᠯᠯᠠᠭ᠎ᠠ ᠪᠠ ᠬᠢᠨᠠᠯᠲᠠ ᠲᠠᠯᠪᠢᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠲᠥᠪ ᠭᠣᠤᠯᠴᠢ᠎ᠪᠠᠷ ᠬᠠᠤᠯᠢ ᠪᠠᠷᠢᠬᠤ ᠪᠣᠯ ᠨᠡᠶ᠋ᠢᠭᠡᠮ᠎ᠤᠨ ᠲᠥᠪ ᠭᠣᠤᠯᠴᠢ ᠰᠢᠳᠤᠷᠭᠤ ᠶᠣᠰᠣ ᠵᠢ ᠬᠠᠮᠠᠭ᠋ᠠᠯᠠᠬᠤ ᠬᠠᠮᠤᠭ ᠡᠴᠦᠰ᠎ᠤᠨ ᠰᠡᠷᠭᠡᠶ᠋ᠢᠯᠡᠯᠲᠡ ᠵᠢᠨ ᠱᠤᠭᠤᠮ ᠮᠥᠨ᠃ ᠬᠠᠤᠯᠢ ᠪᠠᠷᠢᠬᠤ ᠲᠥᠪ ᠭᠣᠤᠯᠴᠢ ᠪᠠᠶ᠋ᠢᠬᠤ᠎ᠨᠢ ᠨᠡᠶ᠋ᠢᠭᠡᠮ᠎ᠤᠨ ᠲᠥᠪ ᠭᠣᠤᠯᠴᠢ᠎ᠳᠤ ᠴᠢᠬᠤᠯᠠ ᠬᠥᠲᠥᠯᠥᠨ ᠳᠠᠭ᠋ᠠᠭᠤᠯᠬᠤ ᠪᠠ ᠬᠠᠮᠠᠭ᠋ᠠᠯᠠᠬᠤ ᠦᠢ᠍ᠯᠡᠲᠣᠯ᠎ᠲᠠᠢ ᠶᠤᠮ᠃ ᠬᠠᠤᠯᠢ ᠴᠠᠭ᠋ᠠᠵᠠ ᠵᠢᠨ ᠲᠥᠪ ᠭᠣᠣᠯᠴᠢ ᠵᠢ ᠠᠬᠢᠭᠤᠯᠬᠤ᠎ᠳᠤ ᠬᠠᠤᠯᠢ ᠴᠠᠭ᠋ᠠᠵᠠ ᠵᠢᠨ ᠪᠠᠶ᠋ᠢᠭᠤᠯᠤᠯ᠎ᠤᠨ ᠶᠡᠷᠤᠩᠬᠡᠢ᠌ᠯᠡᠭᠰᠡᠨ ᠲᠦᠬᠦᠬᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠪᠠᠶ᠋ᠢᠭᠤᠯᠤᠯ᠎ᠤᠨ ᠴᠢᠨᠠᠷᠲᠠᠶ᠂ ᠲᠣᠭᠲᠠᠴᠠ ᠵᠢᠨ ᠴᠢᠨᠠᠷᠲᠠᠶ᠂ ᠪᠠᠲᠤᠯᠠᠭ᠎ᠠ ᠵᠢᠨ ᠴᠢᠨᠠᠷᠲᠠᠶ ᠬᠠᠷᠰᠢ ᠰᠠᠭ᠋ᠠᠳ᠎ᠢ ᠭᠦᠴᠤᠯᠡᠨ ᠰᠢᠢ᠍ᠳᠪᠤᠷᠢᠯᠡᠵᠤ᠂ ᠬᠢᠨᠠᠨ ᠪᠠᠶ᠋ᠢᠴᠠᠭ᠋ᠠᠬᠤ ᠡᠷᠬᠡ᠂ ᠰᠢᠭᠦᠨ ᠲᠠᠰᠤᠯᠬᠤ ᠡᠷᠬᠡ᠂ ᠪᠠᠶ᠋ᠢᠴᠠᠭ᠋ᠠᠬᠤ ᠡᠷᠬᠡ ᠵᠢᠨ ᠠᠵᠢᠯᠯᠠᠭ᠋ᠠᠨ ᠪᠠ ᠬᠢᠨᠠᠯᠲᠠ ᠲᠠᠯᠪᠢᠬᠤ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠢᠨᠠᠨ ᠪᠠᠶ᠋ᠢᠴᠠᠭ᠋ᠠᠬᠤ ᠡᠷᠬᠡ᠂ ᠰᠢᠭᠦᠨ ᠲᠠᠰᠤᠯᠬᠤ ᠡᠷᠬᠡ᠂ ᠪᠠᠶ᠋ᠢᠴᠠᠭ᠋ᠠᠬᠤ ᠡᠷᠬᠡ ᠵᠢ ᠬᠠᠤᠯᠢ ᠶᠣᠰᠣᠭ᠋ᠠᠷ ᠵᠥᠪ ᠬᠡᠷᠡᠭᠵᠢᠬᠦᠯᠬᠦ ᠵᠢ ᠦᠨᠡᠨ ᠬᠦ᠌ ᠪᠠᠲᠤᠯᠠᠪᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠭ᠎ᠠ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠂ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠂ ᠰᠢᠭᠦᠨ ᠲᠠᠰᠤᠯᠬᠤ ᠪᠠᠶ᠋ᠢᠭᠤᠯᠭ᠎ᠠ᠂ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠮᠡᠲᠡᠬᠡ ᠵᠠᠩᠭᠢ ᠵᠢ ᠬᠠᠮᠲᠤ᠎ᠪᠠᠷ ᠡᠳ᠋ᠯᠡᠬᠦ᠂ ᠬᠡᠷᠡᠭ᠎ᠤᠨ ᠪᠠᠶ᠋ᠢᠳᠠᠯ᠎ᠢ ᠮᠡᠳᠡᠭᠳᠡᠬᠦ᠂ ᠬᠡᠷᠡᠭ᠎ᠢ ᠰᠢᠯᠵᠢᠭᠦᠯᠦᠨ ᠬᠦᠷᠭᠡᠬᠦ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠬᠠᠷᠢᠯᠴᠠᠨ ᠰᠠᠯᠤᠩᠭᠢᠷᠠᠵᠤ᠂ ᠲᠣᠰ ᠲᠣᠰ᠎ᠤᠨ ᠵᠢᠭᠰᠠᠭ᠋ᠠᠯ ᠪᠣᠯᠬᠤ ᠠᠰᠠᠭᠤᠳᠠᠯ᠎ᠢ ᠪᠦᠲᠦᠮᠵᠢᠲᠡᠶ ᠰᠢᠢ᠍ᠳᠪᠤᠷᠢᠯᠡᠨ᠎ᠡ᠃ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠳᠦᠷᠢᠮ ᠢ ᠪᠦᠬᠦ ᠲᠠᠯ᠎ᠠ᠎ᠪᠠᠷ ᠨᠠᠢ᠍ᠳᠠᠪᠤᠷᠢᠵᠢᠭᠤᠯᠬᠤ᠂ ᠬᠠᠤᠯᠢᠴᠢ ᠵᠢᠨ ᠳᠦᠷᠢᠮ ᠢ ᠲᠡᠭᠦᠯᠳᠡᠷᠵᠢᠭᠦᠯᠵᠦ᠂ ᠬᠠᠤᠯᠢ ᠪᠠᠷᠢᠬᠤ ᠠᠵᠢᠯᠯᠠᠭ᠎ᠠ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠂ ᠰᠢᠭᠦᠨ ᠲᠠᠰᠤᠯᠬᠤ ᠪᠠᠶ᠋ᠢᠭᠤᠯᠭ᠎ᠠ᠂ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠬᠡᠷᠡᠭ ᠰᠢᠢ᠍ᠳᠪᠤᠷᠢᠯᠡᠬᠦ ᠬᠡᠷᠡᠭ᠎ᠢ ᠰᠢᠭᠦᠨ ᠲᠠᠰᠤᠯᠬᠤ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠲᠥᠪ ᠭᠣᠤᠯᠴᠢ᠎ᠪᠠᠷ ᠬᠠᠤᠯᠢ ᠪᠠᠷᠢᠬᠤ᠎ᠪᠠᠷ ᠠᠷᠠᠳ ᠤᠯᠠᠨ᠎ᠤ ᠬᠦᠷᠲᠡᠮᠵᠢ ᠵᠢᠨ ᠲᠦᠷᠦᠭᠳᠡᠯ᠎ᠢ ᠨᠡᠮᠡᠭᠳᠡᠭᠦᠯᠵᠦ᠂ ᠠᠷᠠᠳ ᠤᠯᠠᠨ᠎ᠳᠤ ᠬᠠᠤᠯᠢ ᠪᠠᠷᠢᠬᠤ ᠬᠡᠷᠡᠭ ᠪᠣᠯᠭ᠋ᠠᠨ᠎ᠠᠴᠠ ᠲᠥᠪ ᠭᠣᠤᠯᠴᠢ ᠰᠢᠳᠤᠷᠭᠤ ᠶᠣᠰᠣ ᠵᠢ ᠮᠡᠳᠡᠷᠡᠭᠦᠯᠬᠦ᠎ᠪᠠᠷ ᠴᠢᠷᠮᠡᠢ᠌ᠬᠤ ᠬᠡᠷᠡᠭᠲᠡᠶ᠃ ᠬᠥᠮᠦᠨ᠎ᠤ ᠡᠷᠬᠡ ᠵᠢᠨ ᠬᠠᠤᠯᠢ᠎ᠪᠠᠷ ᠵᠠᠰᠠᠬᠤ ᠪᠠᠲᠤᠯᠠᠭ᠎ᠠ ᠵᠢ ᠴᠢᠩᠭ᠋ᠠᠳᠬᠠᠵᠤ᠂ ᠬᠥᠮᠦᠨ᠎ᠤ ᠡᠷᠬᠡ ᠵᠢ ᠪᠠᠲᠤᠯᠠᠬᠤ ᠬᠠᠣᠯᠡᠢ ᠬᠡᠷᠡᠭᠵᠢᠭᠦᠯᠬᠦ ᠬᠠᠤᠯᠢ ᠪᠠᠷᠢᠬᠤ ᠲᠦᠷᠢᠮ᠎ᠢ ᠲᠡᠭᠦᠯᠳᠡᠷᠵᠢᠭᠦᠯᠵᠦ᠂ ᠬᠥᠮᠦᠨ᠎ᠤ ᠡᠷᠬᠡ ᠵᠢᠨ ᠦᠢ᠍ᠯᠡᠰ᠎ᠤᠨ ᠪᠦᠬᠦ ᠲᠠᠯ᠎ᠠ ᠵᠢᠨ ᠬᠥᠭᠵᠢᠯᠲᠡ ᠵᠢ ᠬᠠᠤᠯᠢ ᠶᠣᠰᠣᠭ᠋ᠠᠷ ᠠᠬᠢᠭᠤᠯᠬᠤ ᠬᠡᠷᠡᠭᠲᠡᠶ᠃ ᠡᠭᠦᠨ᠎ᠠᠴᠠ ᠭᠠᠳᠠᠨ᠎ᠠ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠪᠠᠰᠠ ᠭᠦᠨᠵᠡᠭᠡᠶ ᠥᠷᠨᠢᠭᠦᠯᠵᠦ᠂ ᠢᠷᠭᠡᠨ᠎ᠤ ᠬᠠᠤᠯᠢ ᠵᠢᠨ ᠪᠢᠴᠢᠭ ᠵᠡᠷᠭᠡ ᠬᠠᠤᠯᠢ ᠴᠠᠭ᠋ᠠᠵᠠ ᠵᠢ ᠤᠬᠠᠭᠤᠯᠤᠨ ᠲᠦᠭᠡᠮᠡᠯᠵᠢᠭᠦᠯᠬᠦ ᠠᠵᠢᠯ᠎ᠢ ᠰᠠᠶ᠋ᠢᠲᠤᠷ ᠠᠳᠬᠤᠵᠤ᠂ ᠨᠡᠶ᠋ᠢᠭᠡᠮ ᠳᠠᠶᠠᠭ᠋ᠠᠷ᠎ᠲᠤ ᠢᠲᠡᠭᠡᠮᠵᠢ ᠵᠢᠨ ᠬᠠᠤᠯᠢ᠂ ᠬᠠᠤᠯᠢ ᠵᠢ ᠰᠤᠷᠤᠯᠴᠠᠬᠤ᠂ ᠬᠠᠤᠯᠢ ᠵᠢ ᠣᠶ᠋ᠢᠯᠠᠭ᠋ᠠᠵᠤ ᠬᠠᠤᠯᠢ ᠵᠢ ᠰᠠᠬᠢᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠬᠠᠤᠯᠢ᠎ᠪᠠᠷ ᠵᠠᠰᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠰᠡᠳᠬᠢᠬᠦᠶ ᠪᠠ ᠬᠠᠤᠯᠢ᠎ᠪᠠᠷ ᠵᠠᠰᠠᠬᠤ ᠠᠷᠭ᠎ᠠ ᠮᠠᠶᠢᠭ᠎ᠢ ᠬᠡᠷᠡᠭᠯᠡᠨ ᠬᠥᠭᠵᠢᠯᠲᠡ ᠵᠢ ᠠᠬᠢᠭᠤᠯᠬᠤ᠎ᠳᠠᠭᠠᠨ ᠴᠢᠳᠠᠮᠠᠭ᠋ᠠᠶ ᠪᠠᠶ᠋ᠢᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠬᠠᠤᠯᠢ᠎ᠪᠠᠷ ᠵᠠᠰᠠᠬᠤ ᠵᠠᠮ᠎ᠳᠤ ᠬᠠᠮᠲᠤ᠎ᠪᠠᠷ ᠴᠢᠷᠮᠠᠶ᠋ᠢᠨ᠎ᠠ᠃
    ᠶᠡᠷᠦᠩᠬᠡᠶ᠋ᠢᠯᠡᠭᠡᠳ ᠬᠡᠯᠡᠪᠡᠯ᠂ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ᠂ ᠬᠠᠤᠯᠢ ᠶᠣᠰᠣᠭ᠋ᠠᠷ ᠲᠥᠷᠥ ᠪᠠᠷᠢᠬᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠬᠠᠮᠲᠤ᠎ᠪᠠᠷ ᠠᠬᠢᠭᠤᠯᠬᠤ ᠵᠢ ᠪᠠᠷᠢᠮᠲᠠᠯᠠᠵᠤ᠂ ᠬᠠᠤᠯᠢ᠎ᠪᠠᠷ ᠵᠠᠰᠠᠬᠤ ᠤᠯᠤᠰ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠂ ᠬᠠᠤᠯᠢ᠎ᠪᠠᠷ ᠵᠠᠰᠠᠬᠤ ᠨᠡᠶ᠋ᠢᠭᠡᠮ᠎ᠢ ᠨᠡᠩ ᠴᠤᠬ᠍ᠴᠠᠵᠢᠭᠤᠯᠤᠨ ᠪᠠᠶ᠋ᠢᠭᠤᠯᠬᠤ ᠵᠢ ᠪᠠᠷᠢᠮᠲᠠᠯᠠᠬᠤ᠎ᠳᠤ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠬᠠᠤᠯᠢ ᠵᠢ ᠴᠢᠩᠭ᠎ᠠ ᠬᠡᠷᠡᠭᠵᠢᠭᠦᠯᠬᠦ᠂ ᠲᠥᠪ ᠭᠣᠤᠯᠴᠢ᠎ᠪᠠᠷ ᠬᠠᠤᠯᠢ ᠪᠠᠷᠢᠬᠤ᠂ ᠪᠦᠬᠦ ᠠᠷᠠᠳ ᠵᠶ᠋ᠠᠷ ᠵᠶ᠋ᠠᠨ ᠬᠠᠤᠯᠢ ᠵᠢ ᠰᠠᠬᠢᠬᠤ ᠪᠦᠲᠦᠮᠵᠢᠲᠡᠶ ᠬᠠᠮᠵᠢᠯᠴᠠᠬᠤ ᠵᠢ ᠪᠡᠶᠡᠯᠡᠭᠦᠯᠬᠦ ᠬᠡᠷᠡᠭᠲᠡᠶ᠃ ᠨᠠᠮ ᠪᠦᠬᠦ ᠲᠠᠯ᠎ᠠ ᠵᠢ ᠶᠡᠷᠦᠩᠬᠡᠶ᠋ᠢᠯᠡᠨ ᠡᠵᠡᠮᠳᠡᠬᠦ᠂ ᠡᠯ᠎ᠡ ᠲᠠᠯ᠎ᠠ ᠵᠢᠨ᠎ᠬᠢᠨ᠎ᠢ ᠵᠣᠬᠢᠴᠠᠭᠤᠯᠬᠤ ᠵᠢ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠥᠷᠥ ᠵᠢᠨ ᠵᠥᠪᠯᠡᠯᠭᠡᠨ᠂ ᠬᠢᠨᠠᠨ ᠪᠠᠢ᠌ᠴᠠᠭ᠋ᠠᠬᠤ ᠪᠠᠶ᠋ᠢᠭᠤᠯᠤᠯᠭ᠎ᠠ᠂ ᠰᠢᠭᠦᠨ ᠲᠠᠰᠤᠯᠬᠤ ᠪᠠᠶ᠋ᠢᠭᠤᠯᠤᠯᠭ᠎ᠠ᠂ ᠪᠠᠶ᠋ᠢᠴᠠᠭ᠋ᠠᠬᠤ ᠪᠠᠶ᠋ᠢᠭᠤᠯᠤᠯᠭ᠎ᠠ ᠵᠢᠨ ᠬᠠᠤᠯᠢ ᠶᠣᠰᠣᠭ᠋ᠠᠷ ᠳᠦᠷᠢᠮ ᠲᠣᠭᠲᠠᠭ᠋ᠠᠯ ᠶᠣᠰᠣᠭ᠋ᠠᠷ ᠡᠭᠦᠷᠭᠡ ᠴᠢᠳᠠᠪᠤᠷᠢ᠎ᠪᠠᠨ ᠬᠦᠢ᠍ᠴᠠᠳᠬᠡᠬᠦ᠂ ᠠᠵᠢᠯ ᠵᠶ᠋ᠠᠨ ᠥᠷᠨᠢᠭᠦᠯᠬᠦ᠎ᠲᠠᠢ ᠨᠢᠭᠡᠳᠦᠭᠦᠯᠬᠦ ᠬᠡᠷᠡᠭᠲᠡᠶ᠃ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠬᠦᠴᠦᠷᠬᠡᠭ ᠶᠡᠬᠡ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ᠃

   

ᠢᠷᠡᠯᠲᠡ᠄
          
ᠬᠠᠮᠢᠶ᠎ᠡ ᠪᠦᠬᠦᠢ ᠰᠣᠨᠢᠨ
ᠮᠣᠩᠭᠣᠯ ᠬᠡᠯᠡᠨ᠎ᠤ 《ᠭᠠᠷ ᠬᠣᠯᠪᠣᠬᠤ》 ᠵᠣᠬᠢᠶᠠᠮᠠᠯ ᠣᠶᠤᠨ ᠴᠢᠳᠠᠪᠤᠷᠢ
ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠰᠢᠰᠲᠸᠮ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ
ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠪᠣᠯ ᠤᠯᠤᠰ᠎ᠤᠨ ᠠᠮᠤᠷ ᠲᠦᠪᠰᠢᠨ᠎ᠤ ᠴᠢᠬᠤᠯᠠ ᠬᠠᠯᠬᠠᠪᠴᠢ ᠮᠥᠨ
《ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠵᠤ ᠣᠪᠣᠷ ᠰᠤᠷᠲᠠᠯ ᠪᠠ ᠰᠤᠷᠤᠯᠴᠠᠬᠤ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠲᠥᠰᠦᠯ》᠎ᠤᠨ ᠲᠠᠢ᠌ᠯᠤᠮᠵᠢ
ᠰᠤᠳᠤᠯᠤᠨ ᠨᠡᠭᠡᠭᠡᠬᠦ ᠵᠠᠷᠤᠳᠠᠯ᠎ᠢ ᠨᠡᠮᠡᠨ ᠪᠣᠳᠣᠵᠤ ᠰᠠᠭᠤᠯᠭ᠋ᠠᠨ ᠠᠪᠬᠤ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
 
            