ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠮᠣᠩᠭᠣᠯ ᠬᠡᠯᠡᠨ᠎ᠤ 《ᠭᠠᠷ ᠬᠣᠯᠪᠣᠬᠤ》 ᠵᠣᠬᠢᠶᠠᠮᠠᠯ ᠣᠶᠤᠨ ᠴᠢᠳᠠᠪᠤᠷᠢ
ᠨᠡᠶ᠋ᠢᠲᠡᠯᠡᠭᠰᠡᠨ ᠴᠠᠭ᠄ 2021-01-20

    ᠮᠣᠩᠭᠣᠯ ᠬᠡᠯᠡᠨ᠎ᠤ 《ᠭᠠᠷ ᠬᠣᠯᠪᠣᠬᠤ》 ᠵᠣᠬᠢᠶᠠᠮᠠᠯ ᠣᠶᠤᠨ ᠴᠢᠳᠠᠪᠤᠷᠢ
    ᠰᠢᠨ᠎ᠡ ᠵᠢ ᠡᠭᠦᠳᠬᠦ ᠪᠣᠯ ᠬᠥᠭᠵᠢᠯᠲᠡ ᠵᠢ ᠬᠥᠲᠥᠯᠥᠨ ᠳᠠᠭ᠋ᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠬᠥᠭᠥᠷᠭᠡᠨ ᠪᠡᠬᠢᠯᠡᠯᠲᠡ ᠪᠠ ᠭᠣᠣᠯ ᠵᠢᠭᠰᠠᠭ᠋ᠠᠯ᠎ᠤᠨ ᠭᠠᠵᠠᠷ ᠪᠣᠯᠤᠭᠰᠠᠨ᠎ᠤ ᠬᠤᠪᠢ᠎ᠳᠤ᠂ ᠤᠯᠤᠰ᠎ᠤᠨ ᠳᠡᠰ᠎ᠤᠨ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ ᠪᠣᠯ ᠥᠨᠳᠥᠷ ᠲᠦᠪᠰᠢᠨ ᠪᠦᠬᠦᠢ ᠰᠠᠭᠤᠷᠢ ᠪᠠ ᠬᠡᠷᠡᠭᠯᠡᠭᠡᠨ᠎ᠤ ᠰᠠᠭᠤᠷᠢ ᠰᠤᠳᠤᠯᠭ᠋ᠠᠨ᠎ᠢ ᠵᠣᠬᠢᠶᠠᠨ ᠪᠠᠢ᠌ᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠯᠢᠳᠡᠭ ᠴᠢᠳᠠᠪᠤᠷᠢᠲᠠᠨ᠎ᠢ ᠴᠤᠭᠯᠠᠭᠤᠯᠤᠨ ᠬᠥᠮᠦᠵᠢᠭᠦᠯᠬᠦ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠡᠷᠳᠡᠮ ᠰᠢᠨᠵᠢᠯᠡᠭᠡᠨ᠎ᠤ ᠰᠣᠯᠢᠯᠴᠠᠭ᠎ᠠ ᠵᠢ ᠥᠷᠨᠢᠭᠦᠯᠬᠦ᠂ ᠲᠡᠷᠢᠭᠦᠨ᠎ᠤ ᠰᠢᠨ᠎ᠡ ᠵᠢ ᠡᠭᠦᠳᠬᠦ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠴᠢᠬᠤᠯᠠ ᠰᠠᠭᠤᠷᠢᠨ ᠪᠣᠯᠤᠨ᠎ᠠ᠃
 《ᠰᠢᠨᠵᠢᠯᠡᠭᠡᠨ᠎ᠤ ᠬᠥᠭᠵᠢᠯᠲᠡ ᠵᠢᠨ ᠬᠣᠰᠢᠭᠤᠷᠠᠯ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠴᠢᠬᠤᠯᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶ᠎ᠡ ᠪᠠ ᠴᠢᠭᠯᠡᠯ᠎ᠳᠤ ᠴᠢᠭᠯᠡᠭᠦᠯᠦᠨ᠂ ᠰᠢᠨ᠎ᠡ ᠵᠢ ᠡᠭᠦᠳᠬᠦ ᠴᠢᠨᠠᠷᠲᠠᠶ ᠰᠤᠳᠤᠯᠭ᠋ᠠᠨ᠎ᠢ ᠥᠷᠨᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠥᠭᠡᠴᠡᠯᠡᠯᠲᠡ ᠪᠠ ᠠᠩᠬᠠᠨ᠎ᠤ ᠰᠢᠨ᠎ᠡ ᠵᠢ ᠡᠭᠦᠳᠬᠦ ᠴᠢᠳᠠᠪᠤᠷᠢ ᠵᠢ ᠴᠢᠩᠭ᠋ᠠᠷᠠᠭᠤᠯᠬᠤ》 ᠪᠣᠯ ᠤᠯᠤᠰ᠎ᠤᠨ ᠲᠠᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠭᠣᠤᠯ ᠡᠭᠦᠷᠭᠡ ᠪᠣᠯᠤᠨ᠎ᠠ᠃
    ᠣᠳᠣᠬᠠᠨ᠎ᠳᠤ᠂ ᠮᠠᠨ᠎ᠤ ᠣᠷᠣᠨ᠎ᠳᠤ ᠡᠯ᠎ᠡ ᠲᠥᠷᠥᠯ᠎ᠤᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ ᠨᠡᠢ᠌ᠲᠡ 151 ᠪᠠᠢ᠌ᠵᠤ᠂ ᠡᠭᠦᠨ᠎ᠳᠤ᠂ ᠤᠯᠤᠰ᠎ᠤᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ 3᠂ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ 148 ᠪᠠᠢ᠌ᠵᠤ᠂ ᠬᠢᠮᠢ ᠵᠢᠨ ᠠᠵᠤ ᠦᠢᠯᠡᠳᠪᠦᠷᠢ᠂ ᠮᠣᠩᠭᠣᠯ ᠬᠢᠲᠠᠳ ᠡᠮ ᠡᠮᠨᠡᠯᠭᠡ᠂ ᠲᠠᠷᠢᠶᠠᠯᠠᠩ ᠮᠠᠯ ᠠᠵᠤ ᠠᠬᠤᠶ᠂ ᠰᠢᠨ᠎ᠡ ᠡᠨᠧᠷᠭᠢ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠳᠠᠪᠠᠭᠤᠯᠢᠭ ᠣᠨᠴᠠᠯᠢᠭᠲᠤ ᠬᠦᠷᠢᠶ᠎ᠡ ᠵᠢ ᠬᠠᠮᠤᠷᠴᠤ ᠪᠠᠢ᠌ᠨ᠎ᠠ᠃ ᠡᠲᠡᠭᠡᠷ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠲᠤ᠂ ᠶᠡᠬᠡ ᠳᠡᠭᠡᠳᠦ ᠰᠤᠷᠭ᠋ᠠᠭᠤᠯᠢ᠎ᠳᠤ ᠲᠦᠰᠢᠭᠯᠡᠨ ᠪᠠᠢ᠌ᠭᠤᠯᠤᠭᠰᠠᠨ᠎ᠨᠢ 86 ᠪᠠᠢ᠌ᠵᠤ᠂ 57 % ᠵᠢ ᠡᠵᠡᠯᠡᠪᠡ; ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠪᠠ ᠡᠮᠨᠡᠯᠭᠡ ᠵᠢᠨ ᠬᠣᠷᠢᠶ᠎ᠠ᠎ᠳᠤ ᠲᠦᠰᠢᠭᠯᠡᠨ ᠪᠠᠢ᠌ᠭᠤᠯᠤᠭᠰᠠᠨ᠎ᠨᠢ 25 ᠪᠠᠢ᠌ᠵᠤ᠂ 17 % ᠵᠢ ᠡᠵᠡᠯᠡᠪᠡ; 40 ᠠᠵᠤ ᠠᠬᠤᠢ᠌ᠯᠠᠯ᠎ᠤᠨ ᠪᠠᠢ᠌ᠭᠤᠯᠤᠯᠲᠠ᠎ᠳᠤ ᠲᠦᠰᠢᠭᠯᠡᠨ᠂ 26 % ᠵᠢ ᠡᠵᠡᠯᠡᠪᠡ᠃
  ᠥᠨᠳᠥᠷ ᠬᠡᠮᠵᠢᠶᠡᠲᠤ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠲᠤ ᠶᠠᠮᠠᠷ ᠶᠠᠮᠠᠷ ᠦᠷ᠎ᠡ ᠪᠦᠲᠦᠮᠵᠢᠲᠡᠶ ᠰᠢᠨ᠎ᠡ ᠵᠢ ᠡᠭᠦᠳᠦᠭᠰᠡᠨ ᠬᠡᠷᠡᠭ᠎ᠤᠨ ᠵᠢᠱ᠌ᠢᠶ᠎ᠡ ᠪᠠᠢ᠌ᠬᠤ ᠪᠣᠶ? ᠶᠠᠮᠠᠷ ᠶᠠᠮᠠᠷ ᠬᠥᠮᠦᠨ ᠮᠡᠳᠡᠬᠦ ᠦᠭᠡᠢ ᠰᠢᠨ᠎ᠡ ᠵᠢ ᠡᠭᠦᠳᠦᠭᠰᠡᠨ ᠦᠯᠢᠭᠡᠷ ᠭᠠᠷᠤᠭᠰᠠᠨ ᠪᠤᠢ?ᠲᠤᠷᠰᠢᠯᠲᠠ ᠵᠢᠨ ᠲᠠᠰᠤᠭ᠎ᠤᠨ ᠮᠡᠷᠭᠡᠵᠢᠯ᠎ᠤᠨ ᠦᠷ᠎ᠡ ᠪᠦᠲᠦᠭᠡᠯ᠂ ᠰᠤᠳᠤᠯᠤᠨ ᠨᠡᠭᠡᠭᠡᠵᠦ ᠬᠡᠷᠡᠭᠯᠡᠭᠰᠡᠨ ᠵᠡᠷᠭᠡ᠎ᠨᠢ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠶᠠᠮᠠᠷ ᠶᠠᠮᠠᠷ ᠠᠰᠢᠭᠲᠠᠶ ᠲᠣᠯᠢᠯᠠᠯ ᠬᠠᠩᠭ᠋ᠠᠭᠰᠠᠨ ᠪᠣᠶ?
  ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠲᠢᠩᠬᠢᠮ ᠪᠣᠯᠤᠨ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠬᠡᠪᠯᠡᠯ ᠬᠠᠮᠲᠤᠪᠠᠷ 《ᠰᠢᠨ᠎ᠡ ᠵᠢ ᠡᠭᠦᠳᠬᠦ ᠲᠤᠷᠰᠢᠯᠲᠠ ᠵᠢᠨ ᠲᠠᠰᠤᠭ》᠎ᠤᠨ ᠲᠤᠰᠬᠠᠢ ᠪᠤᠯᠤᠩ᠎ᠢ ᠲᠥᠰᠦᠪᠯᠡᠵᠦ᠂ ᠤᠯᠠᠨ᠎ᠢ ᠳᠠᠭ᠋ᠠᠭᠤᠯᠤᠨ ᠡᠳᠡᠭᠡᠷ 《ᠥᠨᠳᠥᠷ ᠬᠦᠢ᠍ᠳᠡᠨ ᠨᠢᠭᠤᠴᠠᠭ᠋ᠠᠢ》 ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠪᠠᠢ᠌ᠭᠤᠯᠤᠮᠵᠢ᠎ᠳᠤ ᠬᠦᠷᠴᠦ ᠲᠤᠭᠤᠰᠢᠲᠠᠢ ᠠᠵᠢᠭᠯᠠᠯ᠎ᠠ᠂ ᠠᠩᠬᠠᠷᠤᠯ᠎ᠳᠠᠭᠠᠨ ᠠᠪᠤᠭ᠋ᠠᠷᠠᠢ᠃
  ᠮᠡᠳᠡᠭᠡ ᠵᠠᠩᠭᠢ ᠨᠢᠰᠬᠦ ᠮᠡᠲᠦ ᠲᠦᠷᠭᠡᠨ ᠬᠥᠭᠵᠢᠵᠦ ᠪᠠᠢ᠌ᠭ᠎ᠠ ᠪᠠᠢ᠌ᠳᠠᠯ ᠳᠣᠣᠷ᠎ᠠ᠂ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠂ ᠨᠣᠮ ᠪᠢᠴᠢᠭ ᠡᠷᠲᠡᠨ᠎ᠤ ᠨᠣᠮ ᠪᠢᠴᠢᠭ ᠵᠢᠴᠢ ᠳᠠᠭᠤ ᠳᠦᠷᠰᠦ ᠰᠢᠩᠭᠡᠭᠡᠯᠲᠡ ᠵᠢᠨ ᠪᠢᠴᠢᠭ ᠮᠠᠲ᠋ᠧᠷᠢᠶᠠᠯ᠎ᠢ ᠬᠡᠷᠬᠢᠨ ᠰᠠᠢ᠌ᠲᠤᠷ ᠤᠯᠠᠮᠵᠢᠯᠠᠨ ᠬᠠᠮᠠᠭ᠋ᠠᠯᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠠᠰᠢᠭ᠎ᠢ ᠭᠦᠢ᠍ᠴᠡᠳ ᠡᠳ᠋ᠯᠡᠭᠦᠯᠬᠦ ᠪᠤᠢ? ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠣᠯ ᠬᠡᠯᠡᠨ᠎ᠤ ᠮᠡᠳᠡᠭᠡ ᠵᠠᠩᠭᠢ ᠰᠢᠢᠳᠪᠦᠷᠢᠯᠡᠬᠦ ᠮᠡᠷᠭᠡᠵᠢᠯ᠎ᠤᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ (ᠳᠣᠷᠣᠭᠰᠢ ᠲᠤᠷᠰᠢᠯᠲᠠ ᠵᠢᠨ ᠲᠠᠰᠤᠭ ᠭᠡᠵᠦ ᠲᠣᠪᠴᠢᠯᠠᠨ᠎ᠠ)᠎ᠲᠤ᠂ ᠡᠢ᠌ᠮᠦ ᠨᠢᠭᠡᠨ ᠵᠠᠯᠠᠭᠤ ᠪᠦᠯᠬᠦᠮ ᠨᠡᠢ᠌ᠲᠡ ᠪᠣᠶ᠂ ᠲᠠᠳᠠ ᠦᠨᠳᠦᠰᠦᠲᠡᠨ᠎ᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠪᠠ ᠬᠠᠮᠠᠭ᠋ᠠᠯᠠᠬᠤ᠎ᠪᠠᠷ ᠡᠭᠦᠷᠭᠡ᠎ᠪᠠᠨ ᠪᠣᠯᠭ᠋ᠠᠵᠤ᠂ ᠮᠣᠩᠭᠣᠯ ᠬᠡᠯᠡᠨ᠎ᠤ ᠮᠡᠳᠡᠭᠡ ᠵᠠᠩᠭᠢᠵᠢᠯᠲᠠ ᠵᠢᠨ ᠬᠥᠭᠵᠢᠯᠲᠡ᠎ᠳᠤ ᠢᠮᠠᠭᠲᠠ ᠴᠥᠬᠥᠷᠡᠰᠢ ᠥᠬᠡᠶ ᠴᠢᠷᠮᠠᠢ᠌ᠯᠭ᠎ᠠ ᠭᠠᠷᠭ᠋ᠠᠪᠠ᠃
  ᠪᠥᠬᠥ ᠳᠡᠯᠡᠬᠡᠶ ᠵᠢᠨ ᠠᠩᠬᠠᠳᠠᠭᠴᠢ ᠶᠡᠷᠦᠩᠬᠡᠢ᠌ᠯᠡᠭᠰᠡᠨ ᠴᠢᠨᠠᠷᠲᠠᠶ ᠮᠣᠩᠭᠣᠯ ᠬᠡᠯᠡᠨ᠎ᠤ ᠵᠣᠬᠢᠶᠠᠮᠠᠯ ᠣᠶᠤᠨ ᠴᠢᠳᠠᠪᠤᠷᠢ ᠵᠢᠨ ᠮᠡᠳᠡᠭᠡ ᠵᠠᠩᠭᠢ ᠵᠢ ᠰᠢᠢᠳᠪᠦᠷᠢᠯᠡᠬᠦ ᠡᠭᠦᠯᠡᠨ ᠦᠢᠯᠡᠴᠢᠯᠡᠭᠡᠨ᠎ᠤ ᠲᠠᠪᠴᠠᠩ 《ᠮᠣᠩᠭᠣᠯ ᠬᠡᠯᠡᠨ᠎ᠤ ᠵᠣᠬᠢᠶᠠᠮᠠᠯ ᠣᠶᠤᠨ ᠴᠢᠳᠠᠪᠤᠷᠢ ᠵᠢᠨ AI ᠲᠠᠪᠴᠠᠩ》᠂ ᠤᠯᠤᠰ᠎ᠤᠨ ᠳᠣᠲᠣᠭ᠋ᠠᠳᠤ ᠵᠢᠨ ᠠᠩᠬᠠᠳᠠᠭᠴᠢ ᠮᠣᠩᠭᠣᠯ ᠬᠡᠯᠡᠨ᠎ᠤ 《ᠣᠶᠤᠨ AI ᠬᠠᠮ ᠨᠡᠪᠲᠡᠷᠡᠭᠦᠯᠦᠭᠴᠢ》᠂ ᠤᠯᠤᠰ᠎ᠤᠨ ᠳᠣᠲᠣᠭ᠋ᠠᠳᠤ ᠵᠢᠨ ᠠᠩᠬᠠᠳᠠᠭᠴᠢ ᠬᠡᠯᠪᠡᠷᠢ ᠵᠢᠨ ᠭᠠᠷ ᠵᠶ᠋ᠠᠷ ᠪᠢᠴᠢᠬᠦ ᠠᠪᠢᠶ᠎ᠠ ᠵᠢ ᠢᠯᠭ᠋ᠠᠨ ᠲᠠᠨᠢᠬᠤ ᠴᠢᠳᠠᠮᠵᠢ ᠪᠥᠬᠥᠶ ᠮᠣᠩᠭᠣᠯ ᠬᠡᠯᠡᠨ᠎ᠤ ᠣᠷᠣᠭᠤᠯᠬᠤ ᠠᠷᠭ᠎ᠠ ᠵᠡᠷᠭᠡ ᠠᠯᠢ ᠣᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠲᠤᠷᠰᠢᠯᠲᠠ ᠵᠢᠨ ᠲᠠᠰᠤᠭ᠎ᠠᠴᠠ ᠭᠠᠷᠭ᠋ᠠᠬᠤ ᠵᠢ ᠳᠠᠭ᠋ᠠᠯᠳᠤᠨ᠂ ᠦᠢᠯᠡᠳᠪᠦᠷᠢᠯᠡᠯ ᠠᠮᠢᠳᠤᠷᠠᠯ᠎ᠳᠤ ᠣᠷᠣᠵᠤ᠂ ᠮᠣᠩᠭᠣᠯ ᠬᠡᠯᠡ ᠬᠢᠭᠡᠳ ᠵᠣᠬᠢᠶᠠᠮᠠᠯ ᠣᠶᠤᠨ ᠴᠢᠳᠠᠪᠤᠷᠢ ᠵᠢᠨ ᠤᠶᠠᠯᠳᠤᠯ᠎ᠢ ᠬᠦᠰᠡᠯᠡᠩ᠎ᠠᠴᠠ ᠪᠣᠳᠠᠲᠠᠢ᠌ᠵᠢᠭᠤᠯᠬᠤ᠎ᠪᠠᠷ ᠪᠠᠷᠠᠬᠤ ᠥᠬᠡᠶ᠂ ᠮᠣᠩᠭᠣᠯ ᠬᠡᠯᠡ ᠵᠢ ᠰᠤᠷᠭ᠋ᠠᠨ ᠬᠥᠮᠦᠵᠢᠯ᠂ ᠴᠠᠭ ᠠᠭᠤᠷ᠂ ᠵᠠᠮ ᠬᠠᠷᠢᠯᠴᠠᠭ᠎ᠠ ᠵᠡᠷᠭᠡ ᠣᠯᠠᠨ ᠬᠦᠷᠢᠶᠡᠨ᠎ᠳᠤ ᠬᠡᠷᠡᠭᠯᠡᠬᠦ᠎ᠳᠤ ᠬᠦᠴᠦᠨ ᠨᠡᠮᠡᠷᠢᠯᠡᠵᠦ᠂ ᠮᠣᠩᠭᠣᠯ ᠦᠨᠳᠦᠰᠦᠲᠡᠨ᠎ᠤ ᠰᠣᠶᠣᠯ᠎ᠢ ᠰᠢᠨ᠎ᠡ ᠴᠠᠭ ᠦᠶ᠎ᠡ᠎ᠳᠤ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭ᠋ᠠᠨ᠎ᠠ᠃
  ᠺᠣᠮᠫᠢᠦ᠋ᠲ᠋ᠧᠷ  ᠎ᠪᠠᠷ 《ᠰᠣᠨᠣᠰᠴᠤ   ᠬᠡᠯᠡᠵᠤ ᠴᠢᠳᠠᠬᠤ》 ᠮᠣᠩᠭᠣᠯ ᠬᠡᠯᠡ
  ᠲᠤᠷᠰᠢᠯᠲᠠ ᠵᠢᠨ ᠲᠠᠰᠤᠭ᠎ᠤᠨ ᠳᠡᠳ᠋ ᠡᠷᠬᠢᠯᠡᠭᠴᠢ ᠹᠸᠢ ᠯᠦᠩᠫᠷᠤᠹᠸᠰᠰᠤᠷ ᠰᠤᠷᠪᠤᠯᠵᠢᠯᠠᠭᠴᠢ᠎ᠳᠤ ᠬᠡᠯᠡᠬᠦ᠎ᠳᠡᠭᠡᠨ《ᠮᠣᠩᠭᠣᠯ ᠬᠡᠯᠡᠨ᠎ᠤ ᠮᠡᠳᠡᠭᠡ ᠵᠠᠩᠭᠢᠵᠢᠯᠲᠠ ᠵᠢᠨ ᠠᠵᠢᠯ᠎ᠨᠢ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠴᠥᠮ ᠯᠠᠪᠯᠠᠯᠲᠠ ᠪᠣᠯᠭ᠋ᠠᠵᠤ ᠪᠣᠯᠬᠤ ᠪᠤᠶᠤ ᠬᠡᠷᠡᠭᠯᠡᠵᠦ ᠪᠣᠯᠬᠤ ᠮᠡᠷᠭᠡᠵᠢᠯ᠎ᠤᠨ ᠡᠬᠢ ᠪᠠᠶᠠᠯᠢᠭ ᠥᠬᠡᠶ᠎ᠠᠴᠠ ᠪᠣᠯᠵᠣ᠂ ᠮᠣᠩᠭᠣᠯ ᠦᠭᠡ ᠬᠡᠯᠡ ᠥᠰᠥᠭ ᠪᠢᠴᠢᠭ᠎ᠤᠨ ᠮᠡᠳᠡᠭᠡ ᠵᠠᠩᠭᠢ ᠰᠢᠢᠳᠪᠦᠷᠢᠯᠡᠬᠦ ᠮᠡᠷᠭᠡᠵᠢᠯ᠎ᠤᠨ ᠬᠥᠭᠵᠢᠯᠲᠡ ᠨᠡᠯᠢᠶᠡᠳ ᠬᠣᠴᠣᠷᠤᠩᠭᠤᠶ ᠪᠣᠯᠵᠣ᠂ ᠥᠩᠭᠡᠷᠡᠭᠰᠡᠨ᠎ᠳᠤ ᠮᠣᠩᠭᠣᠯ ᠬᠡᠯᠡ ᠪᠢᠴᠢᠭ ᠣᠷᠣᠭᠤᠯᠬᠤ ᠪᠦᠷᠢᠨ ᠭᠦᠢᠴᠡᠳ ᠴᠢᠳᠠᠮᠵᠢ ᠪᠥᠬᠥᠶ ᠠᠷᠭ᠎ᠠ ᠭᠡᠵᠦ ᠪᠠᠢ᠌ᠭᠰᠠᠨ ᠥᠬᠡᠶ》᠃ ᠤᠯᠤᠰ᠎ᠤᠨ ᠳᠣᠲᠣᠭ᠋ᠠᠳᠤ᠎ᠳᠤ᠂ ᠤᠯᠤᠰ᠎ᠤᠨ ᠨᠡᠢ᠌ᠳᠡᠮ ᠬᠡᠷᠡᠭᠯᠡᠬᠦ ᠦᠭᠡ ᠬᠡᠯᠡᠨ᠎ᠤ ᠮᠡᠳᠡᠭᠡ ᠵᠠᠩᠭᠢ ᠰᠢᠢᠳᠪᠦᠷᠢᠯᠡᠬᠦ ᠮᠡᠷᠭᠡᠵᠢᠯ ᠬᠠᠷᠢᠴᠠᠩᠭᠤᠶ ᠪᠣᠯᠪᠠᠰᠤᠷᠠᠩᠭᠤᠶ ᠪᠠᠢ᠌ᠵᠤ᠂ ᠪᠦᠯᠬᠦᠮ ᠨᠡᠢ᠌ᠲᠡ᠎ᠨᠢ ᠨᠡᠢ᠌ᠳᠡᠮ ᠬᠡᠷᠡᠭᠯᠡᠬᠦ ᠦᠭᠡ ᠬᠡᠯᠡᠨ᠎ᠤ ᠳᠠᠪᠠᠭᠤᠯᠢᠭ᠎ᠢ ᠠᠰᠢᠭᠯᠠᠨ᠂ ᠬᠠᠮᠢᠶ᠎ᠠ ᠪᠥᠬᠥᠶ ᠮᠡᠳᠡᠭᠡ ᠵᠠᠩᠭᠢᠵᠢᠯᠲᠠ ᠵᠢᠨ ᠮᠡᠷᠭᠡᠵᠢᠯ᠎ᠢ ᠥᠷᠭᠡᠨ ᠵᠶ᠋ᠡᠷ ᠰᠤᠷᠤᠯᠴᠠᠨ ᠲᠣᠯᠢᠳᠠᠨ᠎ᠠ᠃
  ᠠᠯᠢᠪᠠ ᠪᠦᠬᠦᠨ ᠲᠡᠭ᠎ᠠᠴᠠ ᠡᠬᠢᠯᠡᠵᠦ᠂ ᠪᠠᠭ᠎ᠠ ᠪᠠᠭ᠎ᠠ᠎ᠪᠠᠷ ᠬᠤᠷᠠᠮᠳᠤᠭᠤᠯᠬᠤ
  ᠬᠣᠯᠪᠣᠴᠠ ᠵᠢᠨ ᠵᠠᠭᠪᠤᠷ ᠪᠠᠢ᠌ᠭᠤᠯᠬᠤ ᠠᠰᠠᠭᠤᠳᠠᠯ ᠪᠣᠯ ᠠᠪᠢᠶ᠎ᠠ ᠵᠢᠨ ᠨᠡᠢ᠌ᠯᠡᠯᠭᠡ ᠵᠢᠨ ᠪᠠᠢ᠌ᠭ᠋ᠠᠯᠢ ᠬᠡᠮᠵᠢᠶ᠎ᠡ ᠪᠠ ᠣᠢ᠌ᠯᠠᠭ᠋ᠠᠮᠵᠢ ᠵᠢ ᠨᠥᠯᠥᠭᠡᠯᠡᠬᠦ ᠴᠢᠬᠤᠯᠠ ᠡᠯᠧᠮᠧᠨ᠋ᠲ ᠮᠥᠨ᠃ ᠭᠦᠨ ᠰᠤᠷᠤᠯᠴᠠᠬᠤ ᠮᠡᠷᠭᠡᠵᠢᠯ᠎ᠤᠨ ᠬᠥᠭᠵᠢᠯᠲᠡ ᠵᠢ ᠳᠠᠭ᠋ᠠᠯᠳᠤᠨ᠂ ᠶᠡᠬᠡ ᠬᠡᠮᠵᠢᠶᠡᠨ᠎ᠤ ᠲᠸᠺᠰᠲ ᠪᠠ ᠠᠪᠢᠶᠠᠨ᠎ᠤ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠳᠣᠣᠷ᠎ᠠ᠂ ᠠᠢ᠌ᠵᠠᠮ ᠴᠣᠬᠢᠯᠭ᠎ᠠ ᠵᠢᠨ ᠵᠠᠭᠪᠤᠷ᠎ᠨᠢ ᠬᠥᠮᠦᠰ᠎ᠲᠤ ᠬᠠᠨᠤᠮᠵᠢᠲᠠᠶ ᠦᠷ᠎ᠡ ᠪᠦᠲᠦᠮᠵᠢ ᠣᠯᠭᠣᠳᠠᠭ ᠪᠠᠢ᠌ᠨ᠎ᠠ᠃ ᠭᠡᠪᠡᠴᠦ ᠮᠣᠩᠭᠣᠯ ᠬᠡᠯᠡ ᠮᠡᠲᠦ ᠵᠢᠨ ᠡᠬᠢ ᠪᠠᠶᠠᠯᠢᠭ ᠪᠠᠭ᠋ᠠᠲᠠᠶ ᠬᠡᠯᠡᠨ᠎ᠤ ᠡᠮᠦᠨ᠎ᠡ᠂ ᠠᠢ᠌ᠵᠠᠮ ᠴᠣᠬᠢᠯᠭ᠎ᠠ ᠵᠢᠨ ᠵᠠᠭᠪᠤᠷ ᠮᠠᠰᠢ ᠣᠯᠠᠨ ᠥᠷᠢᠰᠥᠯᠳᠦᠭᠡᠨ᠎ᠲᠠᠢ ᠪᠠᠢ᠌ᠳᠠᠭ᠃
《ᠨᠢᠭᠡᠳᠦᠭᠡᠷ᠎ᠲᠤ᠂ ᠮᠣᠩᠭᠣᠯ ᠬᠡᠯᠡᠨ᠎ᠤ ᠠᠢ᠌ᠵᠠᠮ ᠴᠣᠬᠢᠯᠭ᠎ᠠ ᠵᠢᠨ ᠵᠠᠭᠪᠤᠷ᠎ᠤᠨ ᠲᠣᠭ᠎ᠠ ᠪᠠᠷᠢᠮᠲᠠ ᠵᠢᠨ ᠬᠡᠪᠴᠢᠶ᠎ᠡ᠎ᠨᠢ ᠬᠢᠵᠠᠭ᠋ᠠᠷ᠎ᠲᠠᠢ᠂ ᠶᠡᠬᠡ ᠬᠡᠮᠵᠢᠶᠡᠨ᠎ᠤ ᠲᠸᠺᠰᠲ ᠪᠠ ᠠᠪᠢᠶᠠᠨ᠎ᠤ ᠲᠣᠭ᠎ᠠ ᠪᠠᠷᠢᠮᠲᠠ ᠵᠢ ᠵᠠᠭᠪᠤᠷ᠎ᠲᠤ ᠬᠡᠷᠡᠭᠯᠡᠬᠦ ᠭᠦᠢᠴᠡᠳ ᠪᠣᠯᠪᠠᠰᠤᠷᠠᠯ ᠥᠬᠡᠶ; ᠬᠣᠶᠠᠳᠤᠭ᠋ᠠᠷ᠎ᠲᠤ᠂ ᠮᠣᠩᠭᠣᠯ ᠬᠡᠯᠡᠨ᠎ᠤ ᠨᠠᠭ᠋ᠠᠯᠳᠤᠮᠠᠯ ᠬᠡᠯᠡᠨ᠎ᠤ ᠥᠪᠡᠷᠮᠢᠴᠡ ᠰᠢᠨᠵᠢ᠎ᠠᠴᠠ ᠪᠣᠯᠵᠤ ᠮᠣᠩᠭᠣᠯ ᠬᠡᠯᠡᠨ᠎ᠤ ᠳᠠᠩ ᠦᠭᠡ᠎ᠨᠢ ᠪᠤᠳᠤᠯᠢᠶᠠᠨᠲᠠᠶ ᠦᠭᠡ ᠪᠦᠲᠦᠭᠡᠬᠦ ᠣᠨᠴᠠᠯᠢᠭ᠎ᠲᠠᠢ ᠪᠣᠯᠵᠤ᠂ ᠣᠳᠣ ᠪᠠᠢ᠌ᠭ᠎ᠠ ᠠᠢ᠌ᠵᠠᠮ ᠴᠣᠬᠢᠯᠭ᠎ᠠ ᠵᠢᠨ ᠵᠠᠭᠪᠤᠷ ᠪᠠᠢ᠌ᠭᠤᠯᠬᠤ ᠠᠷᠭ᠎ᠠ᠎ᠨᠢ ᠠᠢ᠌ᠵᠠᠮ ᠴᠣᠬᠢᠯᠭ᠎ᠠ ᠵᠢᠨ ᠢᠯᠡᠳᠬᠡᠯᠲᠡ᠎ᠲᠠᠢ ᠬᠣᠯᠪᠣᠭᠳᠠᠬᠤ ᠦᠭᠡ ᠪᠦᠲᠦᠭᠡᠬᠦ ᠣᠨᠴᠠᠯᠢᠭ᠎ᠢ ᠭᠦᠢ᠍ᠴᠡᠳ ᠠᠭᠤᠳᠠᠯᠵᠤ ᠮᠣᠩᠭᠣᠯ ᠬᠡᠯᠡᠨ᠎ᠤ ᠠᠢ᠌ᠵᠠᠮ ᠴᠣᠬᠢᠯᠭ᠎ᠠ ᠵᠢᠨ ᠵᠠᠭᠪᠤᠷ᠎ᠤᠨ ᠪᠣᠯᠪᠠᠰᠤᠷᠠᠯ᠎ᠳᠤ ᠬᠡᠷᠡᠭᠯᠡᠭᠰᠡᠨ ᠦᠭᠡᠢ᠃ ᠹᠧᠶ ᠯᠦᠩ ᠰᠤᠷᠪᠤᠯᠵᠢᠯᠠᠭᠴᠢ᠎ᠳᠤ ᠬᠡᠯᠡᠬᠦ᠎ᠳᠡᠭᠡᠨ᠂ ᠳᠡᠭᠡᠷᠡᠬᠢ ᠠᠰᠠᠭᠤᠳᠠᠯ᠎ᠢ ᠰᠢᠢᠳᠪᠦᠷᠢᠯᠡᠬᠦ ᠵᠢᠨ ᠲᠥᠯᠥᠭᠡ᠂ ᠰᠤᠳᠤᠯᠭ᠋ᠠᠨ᠎ᠤ ᠪᠦᠯᠬᠦᠮ᠎ᠤᠨ᠎ᠬᠢᠨ ᠨᠢᠭᠡ ᠵᠦᠢᠯ᠎ᠤᠨ ᠮᠣᠩᠭᠣᠯ ᠥᠰᠥᠭ᠎ᠤᠨ ᠲᠠᠩ ᠦᠭᠡᠰ᠎ᠢ ᠳᠤᠷᠠᠳᠤᠨ ᠭᠠᠷᠭ᠋ᠠᠵᠤ᠂ ᠣᠨᠴᠠᠯᠢᠭ ᠵᠶ᠋ᠠᠨ ᠴᠢᠩᠭ᠋ᠠᠳᠬᠠᠬᠤ ᠠᠷᠭ᠎ᠠ ᠵᠢ ᠢᠯᠡᠷᠬᠡᠢ᠌ᠯᠡᠬᠦ ᠵᠢᠨ ᠬᠠᠮᠲᠤ ᠥᠪᠡᠷ᠎ᠤᠨ ᠠᠩᠬᠠᠷᠤᠯ᠎ᠤᠨ ᠬᠦᠴᠦᠨ᠎ᠤ ᠲᠣᠭᠲᠠᠴᠠ ᠵᠢ ᠠᠭᠤᠰᠤᠯᠴᠠᠭᠤᠯᠤᠨ ᠬᠡᠮ ᠠᠢ᠌ᠵᠠᠮ᠎ᠤᠨ ᠱᠣᠰᠢᠭ᠎ᠠ ᠵᠢᠨ ᠵᠢᠱ᠌ᠢᠯᠲᠡ ᠬᠢᠪᠠ ᠭᠡᠵᠡᠶ᠃ ᠲᠤᠷᠰᠢᠯᠲᠠ ᠵᠢᠨ ᠦᠷ᠎ᠡ ᠳ᠋ᠦᠩ ᠭᠡᠷᠡᠴᠢᠯᠡᠭᠰᠡᠨ᠎ᠨᠢ᠂ ᠲᠣᠰ ᠠᠷᠭ᠎ᠠ᠎ᠨᠢ ᠮᠣᠩᠭᠣᠯ ᠬᠡᠯᠡᠨ᠎ᠤ ᠠᠢ᠌ᠵᠠᠮ ᠴᠣᠬᠢᠯᠭ᠎ᠠ ᠵᠢᠨ ᠨᠠᠷᠢᠯᠢᠭᠴᠠ ᠵᠢ ᠪᠦᠲᠦᠮᠵᠢᠲᠡᠶ ᠳᠡᠭᠡᠭᠰᠢᠯᠡᠭᠦᠯᠬᠦ ᠪᠥᠭᠡᠳ ᠡᠴᠦᠰ᠎ᠲᠡᠭᠡᠨ ᠮᠣᠩᠭᠣᠯ ᠬᠡᠯᠡᠨ᠎ᠤ ᠠᠪᠢᠶ᠎ᠠ ᠵᠢᠨ ᠨᠡᠢ᠌ᠯᠡᠮᠡᠯ ᠰᠢᠰᠲ᠋ᠧᠮ᠎ᠤᠨ ᠨᠡᠢ᠌ᠯᠡᠮᠡᠯ ᠠᠪᠢᠶᠠᠨ᠎ᠤ ᠪᠦᠬᠦᠯᠢ ᠴᠣᠭᠴᠠ ᠵᠢᠨ ᠢᠯᠡᠷᠡᠯ᠎ᠢ ᠳᠡᠭᠡᠭᠰᠢᠯᠡᠭᠦᠯᠵᠦ ᠴᠢᠳᠠᠨ᠎ᠠ᠃
  ᠹᠸᠢ ᠯᠦᠩ ᠫᠷᠤᠹᠧᠰᠰᠤᠷ ᠲᠤᠬᠠᠶ ᠵᠢᠨ ᠲᠠᠯᠠᠪᠤᠷ᠎ᠲᠤ ᠡᠨᠡ ᠬᠦ᠌ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠲᠠᠢ ᠭᠠᠷ ᠵᠶ᠋ᠠᠷ ᠪᠢᠴᠢᠬᠦ ᠠᠪᠢᠶᠠᠨ᠎ᠤ ᠴᠢᠳᠠᠮᠵᠢ᠎ᠲᠠᠢ ᠮᠣᠩᠭᠣᠯ ᠬᠡᠯᠡᠨ᠎ᠤ ᠣᠷᠣᠭᠤᠯᠬᠤ ᠠᠷᠭ᠎ᠠ ᠵᠢ ᠳᠡᠯᠭᠡᠨ ᠦᠵᠡᠭᠦᠯᠵᠡᠶ᠂ ᠲᠣᠰ ᠣᠷᠣᠭᠤᠯᠬᠤ ᠠᠷᠭ᠎ᠠ᠎ᠨᠢ ᠬᠡᠷᠡᠭᠯᠡᠭᠴᠢ ᠵᠢᠨ ᠬᠡᠯᠡᠭᠰᠡᠨ ᠮᠣᠩᠭᠣᠯ ᠬᠡᠯᠡ ᠵᠢ ᠣᠬᠣᠷᠬᠠᠨ ᠬᠡᠳᠦᠨ ᠰᠧᠺᠦᠨ᠋ᠳ᠋᠎ᠤᠨ ᠳᠣᠲᠣᠷ᠎ᠠ ᠬᠠᠷᠠᠭ᠋ᠠᠯᠵᠠᠭᠰᠠᠨ ᠲᠸᠺᠰᠲ᠎ᠤᠨ ᠠᠭᠤᠯᠭ᠎ᠠ ᠪᠣᠯᠭ᠋ᠠᠨ ᠬᠤᠪᠢᠷᠠᠭᠤᠯᠵᠤ ᠴᠢᠳᠠᠨ᠎ᠠ᠃ ᠡᠭᠦᠨ᠎ᠤ ᠬᠠᠮᠲᠤ᠂ ᠪᠠᠰᠠ ᠮᠣᠩᠭᠣᠯ ᠬᠡᠯᠡᠨ᠎ᠤ ᠭᠠᠷ ᠪᠢᠴᠢᠮᠡᠯ᠎ᠢ ᠢᠯᠭ᠋ᠠᠨ ᠲᠠᠨᠢᠵᠤ ᠣᠷᠣᠭᠤᠯᠬᠤ᠂ ᠮᠣᠩᠭᠣᠯ ᠬᠡᠯᠡᠨ᠎ᠤ ᠬᠣᠯᠪᠣᠭ᠎ᠠ ᠦᠭᠡ ᠵᠢ ᠬᠣᠯᠪᠣᠨ ᠪᠤᠳᠤᠵᠤ ᠣᠷᠣᠭᠤᠯᠬᠤ ᠵᠡᠷᠭᠡ 6 ᠵᠦᠢ᠍ᠯ᠎ᠤᠨ ᠴᠢᠳᠠᠪᠤᠷᠢ᠎ᠲᠠᠢ᠃ ᠣᠳᠣᠬᠠᠨ᠎ᠳᠤ᠂ ᠣᠶᠤᠨ ᠮᠣᠩᠭᠣᠯ ᠬᠡᠯᠡᠨ᠎ᠤ ᠣᠶᠤᠨᠯᠢᠭ ᠭᠠᠷ ᠤᠲᠠᠰᠤ ᠤᠭᠰᠠᠷᠠᠬᠤ ᠠᠷᠭ᠎ᠠ ᠨᠢᠭᠡᠨᠲᠡ 45 ᠲᠦᠮᠡ ᠵᠢ ᠳᠠᠪᠠᠭᠰᠠᠨ ᠪᠥᠭᠡᠳ ᠬᠡᠷᠡᠭᠯᠡᠭᠴᠢ ᠵᠢᠨ ᠥᠷᠭᠡᠨ ᠳᠡᠯᠭᠡᠷ ᠰᠠᠢ᠌ᠨ ᠦᠨᠡᠯᠡᠯᠲᠡ ᠵᠢ ᠣᠯᠤᠭᠰᠠᠨ ᠪᠠᠢ᠌ᠨ᠎ᠠ᠃
  ᠲᠤᠷᠰᠢᠯᠲᠠ ᠵᠢᠨ ᠲᠠᠰᠤᠭ᠎ᠤᠨ ᠡᠷᠬᠢᠯᠡᠭᠴᠢ ᠭᠣᠤ ᠭᠤᠸᠠᠩ ᠯᠠᠶᠫᠷᠤᠹᠸᠰᠰᠤᠷ ᠢᠯᠡᠷᠬᠡᠢ᠌ᠯᠡᠬᠦ᠎ᠳᠡᠭᠡᠨ《2007 ᠣᠨ᠎ᠳᠤ ᠲᠤᠷᠰᠢᠯᠲᠠ ᠵᠢᠨ ᠲᠠᠰᠤᠭ ᠪᠠᠢ᠌ᠭᠤᠯᠤᠭᠳᠠᠭᠰᠠᠨ᠎ᠠᠴᠠ ᠨᠠᠭ᠋ᠠᠰᠢ᠂ ᠮᠣᠩᠭᠣᠯ ᠬᠡᠯᠡᠨ᠎ᠤ ᠮᠡᠳᠡᠭᠡ ᠵᠠᠩᠭᠢ ᠵᠢ ᠡᠷᠢᠬᠦ ᠰᠢᠰᠲ᠋ᠧᠮ᠂ ᠮᠣᠩᠭᠣᠯ ᠬᠡᠯᠡᠨ᠎ᠤ ᠬᠡᠪᠯᠡᠯ᠎ᠤᠨ ᠲᠢᠭ᠎ᠢ ᠢᠯᠭ᠋ᠠᠨ ᠲᠠᠨᠢᠬᠤ ᠰᠢᠰᠲ᠋ᠧᠮ᠂ ᠮᠣᠩᠭᠣᠯ ᠬᠡᠯᠡᠨ᠎ᠤ ᠡᠷᠲᠡᠨ᠎ᠤ ᠨᠣᠮ ᠪᠢᠴᠢᠭ᠎ᠢ ᠡᠷᠢᠬᠦ ᠰᠢᠰᠲ᠋ᠧᠮ ᠵᠢᠴᠢ ᠮᠣᠩᠭᠣᠯ ᠬᠡᠯᠡ᠎ᠪᠠᠷ ᠭᠣᠤᠯ ᠪᠣᠯᠭ᠋ᠠᠭᠰᠠᠨ ᠣᠯᠠᠨ ᠬᠡᠯᠡᠨ᠎ᠤ ᠡᠯᠧᠺᠲᠷᠣᠨ ᠲᠣᠯᠢ ᠪᠢᠴᠢᠭ ᠵᠡᠷᠭᠡ ᠵᠥᠭᠡᠯᠡᠨ ᠬᠡᠷᠡᠭᠰᠡᠯ᠎ᠢ ᠰᠤᠳᠤᠯᠤᠨ ᠨᠡᠭᠡᠭᠡᠪᠡ᠃ ᠲᠤᠷᠰᠢᠯᠲᠠ ᠵᠢᠨ ᠲᠠᠰᠤᠭ᠎ᠤᠨ ᠰᠠᠭᠤᠷᠢ ᠰᠤᠳᠤᠯᠭ᠋ᠠᠨ ᠲᠠᠰᠤᠷᠠᠯᠲᠠ ᠥᠬᠡᠶ ᠳᠡᠭᠡᠭᠰᠢᠯᠡᠵᠦ᠂ ᠺᠣᠮᠫᠢᠦ᠋ᠲ᠋ᠧᠷ᠎ᠤᠨ 〈ᠰᠣᠨᠣᠰᠴᠤ ᠴᠢᠳᠠᠬᠤ ᠬᠡᠯᠡᠵᠦ ᠴᠢᠳᠠᠬᠤ〉 ᠮᠣᠩᠭᠣᠯ ᠬᠡᠯᠡᠨ᠎ᠳᠤ ᠰᠠᠭᠤᠷᠢ ᠲᠠᠯᠪᠢᠵᠤ ᠥᠭᠪᠡ》᠃
  ᠹᠸᠢ ᠯᠦᠩᠫᠷᠤᠹᠸᠰᠰᠤᠷ ᠰᠤᠷᠪᠤᠯᠵᠢᠯᠠᠭᠴᠢ᠎ᠳᠤ ᠬᠡᠯᠡᠬᠦ᠎ᠳᠡᠭᠡᠨ《ᠺᠣᠮᠫᠢᠦ᠋ᠲ᠋ᠧᠷ᠎ᠢ 〈ᠠᠮᠠ ᠨᠡᠭᠡᠭᠡᠯᠭᠡᠬᠦ〉 ᠦᠭᠡ ᠬᠡᠯᠡᠬᠦ ᠪᠣᠯ ᠺᠣᠮᠫᠢᠦ᠋ᠲ᠋ᠧᠷ᠎ᠤᠨ ᠠᠪᠢᠶ᠎ᠠ ᠵᠢᠨ ᠨᠡᠢ᠌ᠯᠡᠯᠭᠡ ᠵᠢᠨ ᠰᠤᠳᠤᠯᠭ᠋ᠠᠨ᠎ᠤ ᠦᠷ᠎ᠡ ᠪᠦᠲᠦᠭᠡᠯ ᠮᠥᠨ᠃ ᠵᠣᠬᠢᠶᠠᠮᠠᠯ ᠣᠶᠤᠨ ᠴᠢᠳᠠᠪᠤᠷᠢ ᠵᠢ ᠠᠰᠢᠭᠯᠠᠨ ᠮᠡᠷᠭᠡᠵᠢᠯ᠎ᠢ ᠭᠦᠨᠵᠡᠭᠡᠶ ᠰᠤᠷᠤᠯᠴᠠᠵᠤ᠂ ᠺᠣᠮᠫᠢᠦ᠋ᠲ᠋ᠧᠷ᠎ᠢ ᠮᠣᠩᠭᠣᠯ ᠬᠡᠯᠡ ᠵᠢ ᠰᠣᠨᠣᠰᠴᠤ ᠣᠢ᠌ᠯᠠᠭ᠋ᠠᠬᠤ ᠪᠣᠯᠭ᠋ᠠᠬᠤ᠎ᠪᠠᠷ ᠪᠠᠷᠠᠬᠤ ᠥᠬᠡᠶ ᠪᠠᠰᠠ ᠮᠣᠩᠭᠣᠯ ᠬᠡᠯᠡ ᠵᠢ 〈ᠬᠡᠯᠡᠵᠦ〉 ᠴᠢᠳᠠᠬᠤ ᠪᠣᠯᠭ᠋ᠠᠬᠤ ᠪᠣᠯ ᠪᠢᠳᠡᠨ᠎ᠤ ᠢᠮᠠᠭᠲᠠ ᠵᠢᠨ ᠴᠢᠷᠮᠠᠢ᠌ᠬᠤ ᠴᠢᠭᠯᠡᠯ ᠪᠣᠯᠤᠨ᠎ᠠ》᠃
  2019 ᠣᠨ᠎ᠳᠤ᠂ ᠤᠯᠤᠰ᠎ᠤᠨ ᠳᠣᠲᠣᠭ᠋ᠠᠳᠤ ᠵᠢᠨ ᠠᠩᠬᠠᠳᠠᠭᠴᠢ ᠮᠣᠩᠭᠣᠯ ᠬᠡᠯᠡᠨ᠎ᠤ 《ᠣᠶᠤᠨ AI ᠨᠡᠢ᠌ᠯᠡᠮᠡᠯ ᠭᠣᠤᠯ ᠨᠡᠪᠲᠡᠷᠡᠭᠦᠯᠭᠡ》 ᠵᠢᠨ ᠠᠩᠬᠠᠨ᠎ᠤ ᠦᠵᠡᠭᠦᠯᠦᠯᠭᠡ ᠠᠮᠵᠢᠯᠲᠠ᠎ᠲᠠᠢ ᠶᠠᠪᠤᠭᠳᠠᠵᠤ᠂ ᠮᠣᠩᠭᠣᠯ ᠬᠡᠯᠡ ᠬᠢᠭᠡᠳ ᠵᠣᠬᠢᠶᠠᠮᠠᠯ ᠣᠶᠤᠨ ᠴᠢᠳᠠᠪᠤᠷᠢ ᠪᠠ ᠰᠣᠨᠢᠨ ᠮᠡᠳᠡᠭᠡᠨ᠎ᠤ ᠰᠤᠷᠪᠤᠯᠵᠢᠯᠠᠨ ᠨᠠᠢ᠌ᠷᠠᠭᠤᠯᠬᠤ ᠭᠦᠨᠵᠡᠭᠡᠶ ᠠᠭᠤᠰᠤᠯᠴᠠᠯ᠎ᠢ ᠪᠡᠶᠡᠯᠡᠭᠦᠯᠪᠡ᠃
  ᠲᠣᠰ AI ᠨᠡᠢ᠌ᠯᠡᠮᠡᠯ ᠨᠡᠪᠲᠡᠷᠡᠭᠦᠯᠭᠡ᠎ᠨᠢ ᠮᠣᠩᠭᠣᠯ ᠬᠡᠯᠡᠨ᠎ᠤ ᠠᠪᠢᠶ᠎ᠠ ᠵᠢ ᠨᠡᠢ᠌ᠯᠡᠭᠦᠯᠬᠦ᠂ ᠮᠣᠩᠭᠣᠯ ᠬᠢᠲᠠᠳ ᠮᠠᠰᠢᠨ᠎ᠤ ᠣᠷᠴᠢᠭᠤᠯᠭ᠎ᠠ᠂ ᠬᠥᠮᠦᠨ᠎ᠤ ᠴᠢᠷᠠᠶ ᠵᠢᠨ ᠵᠠᠩᠭᠢᠯᠠᠭ᠎ᠠ ᠵᠢᠨ ᠴᠡᠭ᠎ᠤᠨ ᠰᠢᠯᠭ᠋ᠠᠨ ᠪᠠᠢ᠌ᠴᠠᠭ᠋ᠠᠯᠲᠠ᠂ ᠬᠥᠮᠦᠨ᠎ᠤ ᠴᠢᠷᠠᠶ ᠵᠢᠨ ᠣᠨᠴᠠᠯᠢᠭ ᠰᠢᠨᠵᠢ ᠵᠢ ᠭᠠᠷᠭ᠋ᠠᠨ ᠠᠪᠬᠤ᠂ ᠬᠥᠮᠦᠨ᠎ᠤ ᠵᠢᠰᠦ ᠵᠢ ᠳᠠᠬᠢᠨ ᠪᠦᠲᠦᠭᠡᠬᠦ᠂ ᠤᠷᠤᠭᠤᠯ ᠬᠡᠯᠡ ᠵᠢ ᠢᠯᠭ᠋ᠠᠨ ᠲᠠᠨᠢᠬᠤ᠂ ᠭᠠᠷ᠎ᠤᠨ ᠬᠡᠯᠪᠡᠷᠢ ᠪᠠᠢ᠌ᠳᠠᠯ᠎ᠤᠨ ᠨᠡᠢ᠌ᠯᠡᠯ ᠵᠡᠷᠭᠡ ᠣᠯᠠᠨ ᠵᠦᠢᠯ᠎ᠤᠨ ᠬᠣᠰᠢᠭᠤᠷᠠᠯ ᠮᠡᠷᠭᠡᠵᠢᠯ᠎ᠢ ᠬᠡᠷᠡᠭᠯᠡᠨ᠂ ᠦᠨᠡᠨ ᠬᠥᠮᠦᠨ᠎ᠲᠠᠢ ᠢᠯᠭ᠋ᠠᠭ᠎ᠠ ᠥᠬᠡᠶ ᠮᠣᠩᠭᠣᠯ ᠬᠡᠯᠡᠨ᠎ᠤ AI ᠰᠠᠯᠭ᠋ᠠᠬᠤ ᠵᠠᠭᠪᠤᠷ᠎ᠢ ᠪᠣᠶ ᠪᠣᠯᠭ᠋ᠠᠵᠤ᠂ ᠡᠭᠦᠨ᠎ᠤ ᠤᠯᠠᠮ᠎ᠠᠴᠠ ᠮᠡᠳᠡᠭᠡ ᠵᠠᠩᠭᠢ ᠵᠢ ᠢᠯᠡᠳᠬᠡᠬᠦ ᠪᠠ ᠳᠠᠮᠵᠢᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
  ᠣᠢ᠌ᠷ᠎ᠠ ᠵᠢᠨ ᠵᠢᠯ᠎ᠤᠳ᠎ᠲᠤ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠠᠴᠠ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠮᠡᠳᠡᠭᠡ ᠵᠠᠩᠭᠢᠵᠢᠯᠲᠠ ᠵᠢᠨ ᠠᠵᠢᠯ᠎ᠢ ᠶᠡᠬᠡᠪᠡᠷ ᠳᠥᠯᠭᠢᠨ ᠠᠬᠢᠭᠤᠯᠵᠤ᠂ ᠲᠤᠷᠰᠢᠯᠲᠠ ᠵᠢᠨ ᠲᠠᠰᠤᠭ᠎ᠤᠨ ᠮᠣᠩᠭᠣᠯ ᠬᠡᠯᠡᠨ᠎ᠤ ᠣᠶᠤᠨᠴᠢ ᠮᠡᠳᠡᠭᠡ ᠵᠠᠩᠭᠢᠵᠢᠯᠲᠠ ᠵᠢᠨ ᠰᠤᠳᠤᠯᠤᠨ ᠨᠡᠭᠡᠭᠡᠬᠦ ᠠᠵᠢᠯ᠎ᠢ ᠲᠤᠢ᠌ᠯ᠎ᠤᠨ ᠶᠡᠬᠡ᠎ᠪᠠᠷ ᠳᠥᠯᠭᠢᠨ ᠠᠬᠢᠭᠤᠯᠪᠠ᠃ ᠭᠣᠤ ᠭᠤᠸᠠᠩ ᠯᠠᠶ ᠵᠢᠨ ᠲᠠᠨᠢᠯᠴᠠᠭᠤᠯᠤᠭᠰᠠᠨ ᠵᠶ᠋ᠠᠷ᠂ ᠲᠤᠷᠰᠢᠯᠲᠠ ᠵᠢᠨ ᠲᠠᠰᠤᠭ ᠪᠠᠢ᠌ᠭᠤᠯᠤᠭᠳᠠᠭᠰᠠᠨ ᠠᠩᠬᠠᠨ᠎ᠤ ᠬᠦᠰᠡᠯ ᠪᠣᠯ ᠳᠠᠷᠤᠶ ᠮᠣᠩᠭᠣᠯ ᠬᠡᠯᠡᠨ᠎ᠤ ᠣᠶᠤᠨᠴᠢ ᠮᠡᠳᠡᠭᠡ ᠵᠠᠩᠭᠢ ᠵᠢ ᠰᠢᠢᠳᠪᠦᠷᠢᠯᠡᠬᠦ ᠰᠤᠳᠤᠯᠭ᠋ᠠᠨ ᠪᠣᠯᠤᠨ ᠮᠣᠩᠭᠣᠯ ᠬᠡᠯᠡᠨ᠎ᠤ ᠵᠥᠭᠡᠯᠡᠨ ᠲᠣᠨᠣᠭ᠎ᠢ ᠨᠡᠭᠡᠭᠡᠨ ᠬᠥᠭᠵᠢᠭᠦᠯᠬᠦ᠎ᠪᠠᠷ ᠭᠣᠤᠯᠳᠠᠯᠭ᠎ᠠ ᠪᠣᠯᠭ᠋ᠠᠨ᠎ᠠ᠃ ᠰᠤᠳᠤᠯᠭ᠋ᠠᠨ᠎ᠤ ᠪᠦᠯᠬᠦᠮ᠎ᠨᠢ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠺᠣᠮᠫᠢᠦ᠋ᠲ᠋ᠧᠷ᠎ᠤᠨ ᠳᠡᠭᠡᠳᠦ ᠰᠤᠷᠭ᠋ᠠᠭᠤᠯᠢ᠎ᠳᠤ ᠲᠦᠰᠢᠭᠯᠡᠨ᠂ ᠤᠷᠢᠳ ᠬᠣᠵᠢᠳ ᠤᠯᠤᠰ᠎ᠤᠨ ᠬᠠᠮᠢᠶ᠎ᠠ ᠪᠥᠬᠥᠶ ᠲᠥᠯᠥᠪᠯᠡᠭᠡ ᠵᠢᠨ ᠲᠤᠰᠬᠠᠶ ᠰᠡᠳᠦᠪ᠎ᠢ ᠡᠭᠦᠷᠭᠡᠯᠡᠵᠦ᠂ ᠭᠣᠤᠯ ᠰᠤᠳᠤᠯᠭ᠋ᠠᠨ᠎ᠤ ᠴᠢᠭᠯᠡᠯ᠎ᠳᠤ ᠮᠣᠩᠭᠣᠯ ᠬᠡᠯᠡᠨ᠎ᠤ ᠣᠶᠤᠨᠴᠢ ᠮᠡᠳᠡᠭᠡ ᠵᠠᠩᠭᠢ ᠵᠢ ᠰᠢᠢᠳᠪᠦᠷᠢᠯᠡᠬᠦ᠂ ᠵᠣᠬᠢᠶᠠᠮᠠᠯ ᠣᠶᠤᠨᠴᠢ ᠪᠠ ᠵᠠᠭᠪᠤᠷ᠎ᠢ ᠢᠯᠭ᠋ᠠᠨ ᠲᠠᠨᠢᠬᠤ᠂ ᠵᠢᠷᠤᠭ ᠳᠦᠷᠰᠦ ᠵᠢ ᠰᠢᠢᠳᠪᠦᠷᠢᠯᠡᠬᠦ ᠪᠠ ᠬᠡᠢ᠌ᠰᠪᠦᠷᠢᠯᠡᠬᠦ ᠠᠬᠤᠶ ᠪᠠᠢ᠌ᠳᠠᠯ ᠪᠠᠭᠲᠠᠨ᠎ᠠ᠃
  2019 ᠣᠨ᠎ᠳᠤ᠂ ᠲᠤᠷᠰᠢᠯᠲᠠ ᠵᠢᠨ ᠲᠠᠰᠤᠭ᠎ᠠᠴᠠ ᠤᠯᠤᠰ᠎ᠤᠨ ᠳᠣᠲᠣᠭ᠋ᠠᠳᠤ ᠵᠢᠨ ᠠᠩᠬᠠᠳᠠᠭᠴᠢ ᠮᠣᠩᠭᠣᠯ ᠬᠡᠯᠡᠨ᠎ᠤ ᠵᠣᠬᠢᠶᠠᠮᠠᠯ ᠣᠶᠤᠨ ᠴᠢᠳᠠᠪᠤᠷᠢ ᠵᠢᠨ AI ᠲᠠᠪᠴᠠᠩ᠎ᠢ ᠭᠠᠷᠭ᠋ᠠᠵᠤ᠂ ᠲᠣᠰ ᠲᠠᠪᠴᠠᠩ᠎ᠨᠢ ᠬᠡᠷᠡᠭᠯᠡᠭᠴᠢᠳ᠎ᠲᠤ ᠦᠨ᠎ᠡ ᠲᠥᠯᠥᠪᠦᠷᠢ ᠥᠬᠡᠶ᠎ᠪᠠᠷ 《ᠮᠣᠩᠭᠣᠯ ᠬᠡᠯᠡᠨ᠎ᠤ ᠬᠡᠪᠯᠡᠯ᠎ᠤᠨ ᠲᠢᠭ᠎ᠢ ᠢᠯᠭ᠋ᠠᠨ ᠲᠠᠨᠢᠬᠤ (OCR)》᠂ 《ᠮᠣᠩᠭᠣᠯ ᠬᠢᠲᠠᠳ ᠬᠠᠷᠢᠯᠴᠠᠨ ᠠᠦ᠋ᠲ᠋ᠣ᠋ ᠣᠷᠴᠢᠭᠤᠯᠬᠤ》᠂ 《ᠤᠯᠠᠮᠵᠢᠯᠠᠯᠲᠤ ᠮᠣᠩᠭᠣᠯ ᠬᠡᠯᠡ ᠪᠠ ᠰᠢᠨ᠎ᠡ ᠮᠣᠩᠭᠣᠯ ᠬᠡᠯᠡ ᠵᠢ ᠬᠠᠷᠢᠯᠴᠠᠨ ᠰᠣᠯᠢᠬᠤ》 ᠵᠡᠷᠭᠡ ᠠᠯᠢ ᠣᠯᠠᠨ ᠴᠢᠳᠠᠮᠵᠢ ᠵᠢ ᠬᠠᠩᠭ᠋ᠠᠵᠤ᠂ ᠮᠣᠩᠭᠣᠯ ᠦᠭᠡ ᠬᠡᠯᠡ ᠥᠰᠥᠭ ᠪᠢᠴᠢᠭ᠎ᠤᠨ ᠮᠡᠳᠡᠭᠡ ᠵᠠᠩᠭᠢ ᠵᠢ ᠰᠢᠢᠳᠪᠦᠷᠢᠯᠡᠬᠦ ᠡᠭᠦᠷᠭᠡ᠎ᠳᠤ ᠪᠥᠬᠥ ᠲᠠᠯ᠎ᠠ ᠵᠢᠨ ᠣᠶᠤᠨᠴᠢᠯᠠᠭᠰᠠᠨ ᠰᠢᠢᠳᠪᠦᠷᠢᠯᠡᠬᠦ ᠲᠥᠰᠦᠯ ᠬᠠᠩᠭ᠋ᠠᠭᠰᠠᠨ ᠪᠠᠢ᠌ᠨ᠎ᠠ᠃
  ᠣᠳᠣᠬᠠᠨ᠎ᠳᠤ᠂ ᠲᠣᠰ ᠲᠠᠪᠴᠠᠩ᠎ᠨᠢ ᠨᠢᠭᠡᠨᠲᠡ ᠳᠤᠮᠳᠠᠳᠤ ᠤᠯᠤᠰ ᠪᠠ ᠮᠣᠩᠭᠣᠯ ᠤᠯᠤᠰ᠎ᠲᠤ ᠥᠷᠭᠡᠨ ᠵᠶ᠋ᠡᠷ ᠬᠡᠷᠡᠭᠯᠡᠭᠳᠡᠵᠦ᠂ ᠤᠬᠠᠭᠤᠯᠭ᠎ᠠ᠂ ᠰᠤᠷᠭ᠋ᠠᠨ ᠬᠥᠮᠦᠵᠢᠯ᠂ ᠰᠣᠶᠣᠯ᠂ ᠬᠠᠤᠯᠢ ᠴᠠᠭ᠋ᠠᠵᠠ᠂ ᠠᠯᠪᠠᠨ ᠠᠵᠢᠯ᠂ ᠵᠠᠰᠠᠭ᠎ᠤᠨ ᠶᠠᠪᠤᠳᠠᠯ ᠵᠡᠷᠭᠡ ᠬᠦᠷᠢᠶᠡᠨ᠎ᠳᠠᠬᠢ ᠮᠣᠩᠭᠣᠯ ᠦᠭᠡ ᠬᠡᠯᠡ ᠥᠰᠥᠭ ᠪᠢᠴᠢᠭ᠎ᠤᠨ ᠣᠶᠤᠨᠴᠢ ᠮᠡᠳᠡᠭᠡ ᠵᠠᠩᠭᠢ ᠵᠢ ᠰᠢᠢᠳᠪᠦᠷᠢᠯᠡᠬᠦ ᠬᠡᠷᠡᠭᠴᠡᠭᠡ ᠵᠢ ᠬᠠᠩᠭ᠋ᠠᠵᠤ᠂ ᠮᠠᠨ᠎ᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠣᠶᠤᠨᠴᠢᠯᠠᠭᠰᠠᠨ ᠬᠢᠷᠢ ᠲᠦᠪᠰᠢᠨ᠎ᠢ ᠳᠡᠭᠡᠭᠰᠢᠯᠡᠭᠦᠯᠦᠭᠰᠡᠨ ᠪᠠᠢ᠌ᠨ᠎ᠠ᠂ ᠡᠨᠡ᠎ᠨᠢ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠥᠰᠥᠭ ᠪᠢᠴᠢᠭ ᠬᠢᠭᠡᠳ ᠣᠨᠴᠠᠯᠢᠭᠲᠤ ᠰᠣᠶᠣᠯ᠎ᠢ ᠬᠠᠮᠠᠭ᠋ᠠᠯᠠᠨ ᠵᠠᠯᠭ᠋ᠠᠮᠵᠢᠯᠠᠬᠤ᠂ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠶ ᠵᠢ ᠬᠥᠭᠵᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
  ᠮᠡᠳᠡᠭᠡ ᠵᠠᠩᠭᠢᠵᠢᠯᠲᠠ ᠵᠢᠨ ᠦᠷ᠎ᠡ ᠪᠦᠲᠦᠭᠡᠯ ᠵᠶ᠋ᠡᠷ ᠰᠣᠶᠣᠯ᠎ᠤᠨ ᠡᠷᠲᠡᠨ᠎ᠤ ᠨᠣᠮ ᠰᠤᠳᠤᠷ᠎ᠢ ᠤᠯᠠᠮᠵᠢᠯᠠᠨ ᠵᠠᠯᠭ᠋ᠠᠮᠵᠢᠯᠠᠵᠤ ᠬᠠᠮᠠᠭ᠋ᠠᠯᠠᠨ᠎ᠠ
  ᠣᠳᠣᠬᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠮᠠᠰᠢ ᠣᠯᠠᠨ ᠨᠢᠭᠡᠴᠡ᠎ᠨᠦᠭᠦᠳ ᠡᠷᠲᠡ ᠦᠶ᠎ᠡ᠎ᠳᠤ ᠬᠡᠪᠯᠡᠨ ᠲᠠᠷᠬᠠᠭ᠋ᠠᠭᠰᠠᠨ ᠮᠣᠩᠭᠣᠯ ᠨᠣᠮ ᠪᠢᠴᠢᠭ᠂ ᠰᠣᠨᠢᠨ ᠪᠠ ᠪᠢᠴᠢᠭ ᠮᠠᠲ᠋ᠧᠷᠢᠶᠠᠯ᠎ᠢ ᠶᠡᠬᠡ ᠬᠡᠮᠵᠢᠶ᠎ᠡ᠎ᠪᠠᠷ ᠬᠠᠳᠠᠭ᠋ᠠᠯᠠᠵᠤ ᠪᠠᠢ᠌ᠭ᠎ᠠ ᠪᠣᠯᠬᠣᠷ ᠮᠠᠰᠢ ᠬᠣᠪᠣᠷ ᠨᠠᠨᠳᠢᠨ ᠰᠤᠷᠪᠤᠯᠵᠢ ᠪᠢᠴᠢᠭ᠎ᠤᠨ ᠡᠬᠢ ᠪᠠᠶᠠᠯᠢᠭ ᠪᠣᠯᠬᠤ ᠶᠤᠮ᠃ ᠡᠲᠡᠭᠡᠷ ᠡᠬᠢ ᠪᠠᠶᠠᠯᠢᠭ᠎ᠲᠤ ᠰᠠᠭᠤᠷᠢᠯᠠᠨ᠂ ᠮᠣᠩᠭᠣᠯ ᠬᠡᠯᠡᠨ᠎ᠤ ᠮᠡᠳᠡᠭᠡ ᠵᠠᠩᠭᠢ ᠰᠢᠢᠳᠪᠦᠷᠢᠯᠡᠬᠦ ᠮᠡᠷᠭᠡᠵᠢᠯ᠎ᠢ ᠠᠰᠢᠭᠯᠠᠨ᠂ ᠮᠣᠩᠭᠣᠯ ᠬᠡᠯᠡᠨ᠎ᠤ ᠲᠣᠮᠣ ᠳ᠋ᠠᠢ᠌ᠲ᠋ᠠ ᠵᠢᠨ ᠡᠬᠢ ᠪᠠᠶᠠᠯᠢᠭ᠎ᠤᠨ ᠬᠥᠮᠥᠷᠭᠡ ᠵᠢ ᠪᠠᠢ᠌ᠭᠤᠯᠬᠤ᠎ᠨᠢ ᠮᠣᠩᠭᠣᠯ ᠦᠭᠡ ᠬᠡᠯᠡ ᠥᠰᠥᠭ ᠪᠢᠴᠢᠭ᠎ᠤᠨ ᠮᠡᠳᠡᠭᠡ ᠵᠠᠩᠭᠢᠵᠢᠯᠲᠠ ᠵᠢᠨ ᠬᠥᠭᠵᠢᠯᠲᠡ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
  ᠡᠲᠡᠭᠡᠷ ᠬᠣᠪᠣᠷ ᠨᠠᠨᠳᠢᠨ ᠰᠤᠷᠪᠤᠯᠵᠢ ᠪᠢᠴᠢᠭ᠎ᠢ ᠲᠣᠭ᠋ᠠᠴᠢᠯᠠᠬᠤ ᠶᠠᠪᠤᠴᠠ᠎ᠳᠤ᠂ ᠡᠷᠲᠡ ᠦᠶ᠎ᠡ᠎ᠳᠤ ᠢᠯᠡ ᠨᠡᠢ᠌ᠲᠡᠯᠡᠭᠰᠡᠨ ᠮᠣᠩᠭᠣᠯ ᠬᠡᠯᠡᠨ᠎ᠤ ᠬᠡᠪᠯᠡᠯ᠎ᠤᠨ ᠲᠢᠭ᠎ᠢ ᠢᠯᠭ᠋ᠠᠨ ᠲᠠᠨᠢᠬᠤ ᠰᠢᠰᠲ᠋ᠧᠮ᠎ᠨᠢ ᠵᠥᠪᠬᠡᠨ ᠮᠣᠩᠭᠣᠯ ᠬᠡᠯᠡᠨ᠎ᠤ ᠴᠠᠭ᠋ᠠᠨ ᠲᠢᠭ᠎ᠤᠨ ᠬᠡᠪᠯᠡᠯ᠎ᠤᠨ ᠳ᠋ᠣᠺ᠎ᠢ ᠰᠢᠢᠳᠪᠦᠷᠢᠯᠡᠵᠦ᠂ ᠢᠯᠭ᠋ᠠᠨ ᠲᠠᠨᠢᠬᠤ ᠣᠨᠣᠪᠴᠢ ᠵᠢᠨ ᠬᠡᠮᠵᠢᠶ᠎ᠡ᠎ᠨᠢ ᠨᠡᠯᠢᠶᠡᠳ ᠳᠣᠤᠷ᠎ᠠ ᠪᠠᠢ᠌ᠵᠤ᠂ ᠪᠣᠳᠠᠲᠠᠶ ᠬᠡᠷᠡᠭᠯᠡᠭᠡᠨ᠎ᠤ ᠬᠡᠷᠡᠭᠴᠡᠭᠡ ᠵᠢ ᠬᠠᠩᠭ᠋ᠠᠵᠤ ᠳᠡᠢ᠌ᠯᠬᠦ ᠥᠬᠡᠶ ᠪᠠᠢ᠌ᠪᠠ᠃
  ᠮᠣᠩᠭᠣᠯ ᠬᠡᠯᠡ ᠵᠢ ᠬᠠᠮᠲᠤᠪᠠᠷ ᠡᠳ᠋ᠯᠡᠬᠦ ᠢᠨᠵᠧᠨᠧᠷᠢᠩ᠂ ᠮᠣᠩᠭᠣᠯ ᠬᠡᠯᠡᠨ᠎ᠤ ᠬᠡᠷᠡᠭᠯᠡᠯᠲᠡ ᠳᠡᠯᠭᠡᠷᠡᠭᠦᠯᠦᠯᠲᠡ ᠪᠠ ᠮᠣᠩᠭᠣᠯ ᠬᠡᠯᠡᠨ᠎ᠤ ᠮᠡᠳᠡᠭᠡ ᠵᠠᠩᠭᠢᠵᠢᠯᠲᠠ ᠵᠢᠨ ᠬᠠᠮᠢᠶ᠎ᠠ ᠪᠥᠬᠥᠶ ᠪᠠᠢ᠌ᠭᠤᠯᠤᠯᠲᠠ ᠵᠢᠨ ᠬᠡᠷᠡᠭᠴᠡᠭᠡ᠎ᠳᠤ ᠬᠠᠨᠳᠤᠭᠤᠯᠤᠨ᠂ ᠲᠤᠷᠰᠢᠯᠲᠠ ᠵᠢᠨ ᠲᠠᠰᠤᠭ ᠶᠡᠬᠡ ᠬᠡᠮᠵᠢᠶᠡᠨ᠎ᠤ ᠠᠵᠢᠯ ᠬᠢᠵᠦ᠂ 《ᠮᠣᠩᠭᠣᠯ ᠬᠡᠯᠡᠨ᠎ᠤ OCR ᠰᠢᠰᠲ᠋ᠧᠮ》 ᠵᠡᠷᠭᠡ ᠬᠡᠷᠡᠭᠯᠡᠭᠡᠨ᠎ᠤ ᠲᠠᠪᠴᠠᠩ ᠪᠠ ᠵᠥᠭᠡᠯᠡᠨ ᠲᠣᠨᠣᠭ᠎ᠤᠨ ᠪᠦᠲᠦᠭᠡᠭᠳᠡᠬᠦᠨ᠎ᠢ ᠦᠷᠭᠦᠯᠵᠢᠯᠡᠨ ᠰᠤᠳᠤᠯᠤᠨ ᠨᠡᠭᠡᠭᠡᠵᠦ᠂ ᠮᠣᠩᠭᠣᠯ ᠬᠡᠯᠡᠨ᠎ᠤ ᠲᠣᠭ᠋ᠠᠴᠢᠯᠠᠯᠲᠠ ᠵᠢ ᠳᠡᠮᠵᠢᠬᠦ ᠪᠦᠲᠦᠮᠵᠢᠲᠡᠶ ᠠᠷᠭ᠎ᠠ ᠵᠠᠮ ᠪᠣᠯᠤᠭᠰᠠᠨ ᠪᠠᠢ᠌ᠨ᠎ᠠ᠃
  ᠮᠣᠩᠭᠣᠯ ᠦᠭᠡ ᠬᠡᠯᠡ ᠥᠰᠥᠭ ᠪᠢᠴᠢᠭ ᠣᠨ ᠮᠡᠳᠡᠭᠡ ᠵᠠᠩᠭᠢᠵᠢᠭᠤᠯᠬᠤ ᠪᠥᠳᠥᠭᠡᠨ ᠪᠠᠢ᠌ᠭᠤᠯᠤᠯᠲᠠ᠎ᠪᠠᠷ ᠳᠠᠮᠵᠢᠭᠤᠯᠤᠨ᠂ ᠣᠷᠣᠨ ᠤ ᠳᠣᠲᠣᠷ᠎ᠠ ᠭᠠᠳᠠᠨᠠᠬᠢ ᠬᠠᠮᠢᠶ᠎ᠠ ᠪᠥᠬᠥᠢ ᠠᠵᠤ ᠠᠬᠤᠢ᠌ᠯᠠᠯ ᠠᠵᠢᠯ ᠦᠢ᠍ᠯᠡᠰ ᠣᠨ ᠨᠢᠭᠡᠴᠡ᠂ ᠰᠢᠨᠵᠢᠯᠡᠬᠦ ᠤᠬᠠᠭ᠋ᠠᠨ ᠤ ᠰᠤᠳᠤᠯᠤᠯ ᠣᠨ ᠳᠡᠭᠡᠳᠦ ᠰᠤᠷᠭ᠋ᠠᠭᠤᠯᠢ ᠵᠢᠨ ᠬᠣᠭᠣᠷᠣᠨᠳᠣᠬᠢ ᠮᠡᠷᠭᠡᠵᠢᠯ ᠣᠨ ᠰᠣᠯᠢᠯᠴᠠᠭ᠎ᠠ ᠪᠣᠯᠤᠨ ᠬᠠᠷᠢᠯᠴᠠᠨ ᠬᠠᠮᠵᠢᠯᠴᠠᠬᠤ ᠵᠢ ᠲᠥᠯᠬᠢᠨ ᠠᠬᠢᠭᠤᠯᠵᠤ᠂ ᠮᠣᠩᠭᠣᠯ ᠦᠭᠡ ᠬᠡᠯᠡ ᠥᠰᠥᠭ ᠪᠢᠴᠢᠭ ᠣᠨ ᠮᠡᠳᠡᠭᠡ ᠵᠠᠩᠭᠢᠵᠢᠭᠤᠯᠬᠤ ᠵᠢᠨ ᠰᠠᠭᠤᠷᠢ ᠰᠤᠳᠤᠯᠤᠯ᠂ ᠴᠢᠳᠠᠪᠤᠷᠢᠲᠠᠨ ᠬᠥᠮᠦᠵᠢᠭᠦᠯᠬᠦ᠂ ᠮᠡᠷᠭᠡᠵᠢᠯ ᠣᠨ ᠰᠤᠳᠤᠯᠤᠨ ᠨᠡᠭᠡᠭᠡᠬᠦ᠂ ᠡᠬᠢ ᠪᠠᠶᠠᠯᠢᠭ ᠣᠨ ᠪᠥᠳᠥᠭᠡᠨ ᠪᠠᠢ᠌ᠭᠤᠯᠤᠯᠲᠠ᠂ ᠳᠡᠯᠭᠡᠷᠡᠭᠦᠯᠦᠨ ᠬᠡᠷᠡᠭᠯᠡᠬᠦ ᠵᠡᠷᠭᠡ ᠬᠦᠷᠢᠶᠡᠨ᠎ᠲᠠᠬᠢ ᠪᠥᠬᠥ ᠲᠠᠯ᠎ᠠ ᠵᠢᠨ ᠬᠥᠭᠵᠢᠯᠲᠡ ᠵᠢ ᠠᠬᠢᠭᠤᠯᠵᠤ᠂ ᠮᠡᠳᠡᠭᠡ ᠵᠠᠩᠭᠢᠵᠢᠭᠤᠯᠬᠤ ᠪᠥᠳᠥᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ ᠵᠶ᠋ᠡᠷ ᠦᠨᠳᠦᠰᠦᠲᠡᠨ᠎ᠨᠦᠭᠦᠳ ᠣᠨ ᠤᠯᠠᠨ ᠲᠦᠮᠡᠨ᠎ᠲᠤ ᠲᠠᠰᠤᠷᠠᠯᠳᠠ ᠥᠭᠡᠢ ᠠᠰᠢᠭ ᠬᠦᠷᠲᠡᠭᠡᠬᠦ ᠵᠢ ᠠᠬᠢᠭᠤᠯᠪᠠ᠃
 《ᠵᠣᠬᠢᠶᠠᠮᠠᠯ ᠣᠶᠤᠨ ᠴᠢᠳᠠᠪᠤᠷᠢ᠂ 〈ᠢᠨᠲ᠋ᠧᠷ ᠰᠦᠯᠵᠢᠶ᠎ᠡ +〉 ᠵᠢᠨ ᠴᠠᠭ ᠦᠶ᠎ᠡ᠎ᠳᠤ᠂ ᠮᠡᠳᠡᠭᠡ ᠵᠠᠩᠭᠢ ᠵᠢᠨ ᠬᠣᠯᠪᠣᠭᠳᠠᠯ ᠪᠥᠬᠥᠶ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠲᠤᠬᠠᠶ ᠨᠡᠢ᠌ᠭᠡᠮ᠎ᠤᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ ᠪᠠᠢ᠌ᠨ᠎ᠠ᠂ ᠪᠢᠳᠡᠨ᠎ᠤ ᠬᠢᠵᠦ ᠪᠠᠢ᠌ᠭ᠎ᠠ᠎ᠨᠢ ᠶᠠᠭ ᠴᠤ᠌ ᠪᠦᠷᠢᠨ ᠲᠡᠭᠦᠯᠳᠡᠷ ᠵᠥᠭᠡᠯᠡᠨ ᠪᠠ ᠬᠠᠲᠠᠭᠤ ᠬᠡᠷᠡᠭᠰᠡᠯ᠎ᠤᠨ ᠲᠥᠬᠥᠭᠡᠷᠦᠮᠵᠢ ᠬᠢᠭᠡᠳ ᠬᠦᠴᠦᠷᠬᠡᠭ ᠶᠡᠬᠡ ᠪᠠᠭᠰᠢ ᠵᠢᠨ ᠬᠦᠴᠦᠨ ᠵᠶ᠋ᠡᠷ ᠤᠯᠤᠰ᠎ᠲᠤ ᠴᠢᠨᠠᠷ ᠰᠠᠢ᠌ᠲᠠᠶ ᠴᠢᠳᠠᠪᠤᠷᠢᠲᠠᠨ᠎ᠢ ᠬᠥᠮᠦᠵᠢᠭᠦᠯᠬᠦ ᠪᠠ ᠬᠦᠷᠭᠡᠬᠦ ᠶᠠᠪᠤᠳᠠᠯ ᠪᠣᠯᠤᠨ᠎ᠠ᠃ ᠭᠤᠤ ᠭᠤᠸᠠᠩ ᠯᠠᠢ ᠫᠷᠤᠹᠸᠰᠰᠤᠷ᠎ᠤᠨ ᠦᠵᠡᠬᠦ᠎ᠪᠠᠷ᠂ ᠮᠣᠩᠭᠣᠯ ᠬᠡᠯᠡᠨ᠎ᠤ ᠵᠣᠬᠢᠶᠠᠮᠠᠯ ᠤᠶᠤᠨ ᠴᠢᠳᠠᠪᠤᠷᠢ ᠵᠢᠨ ᠬᠥᠭᠵᠢᠯᠲᠡ ᠵᠢᠨ ᠵᠠᠩᠭᠢᠯᠠᠭ᠎ᠠ᠎ᠨᠢ ᠰᠢᠯᠢᠳᠡᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠲᠥᠪᠯᠡᠷᠡᠭᠦᠯᠦᠨ ᠬᠥᠮᠦᠵᠢᠭᠦᠯᠬᠦ᠎ᠳᠤ ᠪᠠᠢ᠌ᠨ᠎ᠠ᠃
    ᠭᠣᠤ ᠭᠤᠸᠠᠩ ᠯᠠᠶ ᠵᠢᠨ ᠲᠠᠨᠢᠯᠴᠠᠭᠤᠯᠤᠭᠰᠠᠨ ᠵᠶ᠋ᠠᠷ᠂ ᠲᠤᠷᠰᠢᠯᠲᠠ ᠵᠢᠨ ᠲᠠᠰᠤᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠦᠯᠬᠦᠮ᠎ᠨᠢ ᠬᠠᠮᠤᠭ ᠠᠩᠬᠠᠨ᠎ᠤ 5 - 6 ᠬᠥᠮᠦᠨ᠎ᠠᠴᠠ ᠣᠲᠣ ᠪᠣᠯᠲᠠᠯ᠎ᠠ 19 ᠬᠥᠮᠦᠨ ᠪᠠᠢ᠌ᠵᠤ᠂ ᠡᠭᠦᠨ᠎ᠳᠤ 17 ᠬᠥᠮᠦᠨ᠎ᠨᠢ ᠳ᠋ᠣᠺᠲ᠋ᠣᠷ ᠴᠣᠯᠠ᠎ᠲᠠᠢ᠂ 12 ᠬᠥᠮᠦᠨ᠎ᠨᠢ ᠤᠯᠤᠰ᠎ᠤᠨ ᠳᠣᠲᠣᠭ᠋ᠠᠳᠤ ᠭᠠᠳᠠᠭ᠋ᠠᠳᠤ᠎ᠠᠴᠠ ᠣᠷᠣᠭᠤᠯᠤᠭᠰᠠᠨ ᠡᠷᠳᠡᠮ ᠰᠢᠨᠵᠢᠯᠡᠭᠡᠨ᠎ᠤ ᠭᠣᠤᠯᠯᠠᠭᠴᠢ ᠬᠦᠴᠦᠨ ᠪᠠ ᠰᠢᠯᠢᠳᠡᠭ ᠳ᠋ᠣᠺᠲ᠋ᠣᠷ ᠪᠣᠯᠬᠤ ᠪᠥᠭᠡᠳ ᠪᠦᠯᠬᠦᠮ᠎ᠤᠨ ᠳᠣᠲᠣᠷᠠᠬᠢ 4 ᠬᠥᠮᠦᠨ᠎ᠨᠢ ᠮᠣᠩᠭᠣᠯ ᠬᠢᠲᠠᠳ ᠠᠩᠭᠯᠢ ᠬᠡᠯᠡᠨ᠎ᠳᠤ ᠨᠡᠪᠲᠡᠷᠡᠭᠰᠡᠨ ᠮᠣᠩᠭᠣᠯ ᠦᠨᠳᠦᠰᠦᠲᠡᠨ᠎ᠤ ᠳ᠋ᠣᠺᠲ᠋ᠣᠷ ᠪᠣᠯᠤᠨ᠎ᠠ᠃ ᠣᠳᠣᠬᠠᠨ᠎ᠳᠤ᠂ ᠲᠤᠷᠰᠢᠯᠲᠠ ᠵᠢᠨ ᠲᠠᠰᠤᠭ᠎ᠲᠤ 16 ᠳ᠋ᠣᠺᠲ᠋ᠣᠷᠠᠨᠲ ᠪᠠ 113 ᠠᠰᠫᠢᠷᠠᠨᠲ᠎ᠢ ᠬᠥᠮᠦᠵᠢᠭᠦᠯᠵᠦ ᠪᠠᠢ᠌ᠨ᠎ᠠ᠂ ᠡᠭᠦᠨ᠎ᠳᠤ 16 ᠡᠷᠳᠡᠮ ᠰᠢᠨᠵᠢᠯᠡᠭᠡᠨ᠎ᠤ ᠬᠡᠯᠪᠡᠷᠢ ᠵᠢᠨ ᠠᠰᠫᠢᠷᠠᠨᠲ ᠪᠠ 19 ᠲᠤᠰᠬᠠᠶ ᠮᠡᠷᠭᠡᠵᠢᠯ᠎ᠤᠨ ᠡᠷᠳᠡᠮ᠎ᠤᠨ ᠴᠣᠯᠠ ᠵᠢᠨ ᠠᠰᠫᠢᠷᠠᠨᠲ ᠨᠢᠭᠡᠨᠲᠡ ᠲᠡᠭᠦᠰᠦᠭᠰᠡᠨ ᠪᠥᠭᠡᠳ ᠮᠠᠰᠲ᠋ᠧᠷ ᠴᠣᠯᠠ ᠬᠠᠮᠠᠭ᠋ᠠᠯᠠᠵᠤ᠂ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠮᠡᠳᠡᠭᠡ ᠵᠠᠩᠭᠢᠵᠢᠯᠲᠠ ᠵᠢᠨ ᠬᠥᠭᠵᠢᠯᠲᠡ᠎ᠳᠤ ᠴᠢᠳᠠᠪᠤᠷᠢᠲᠠᠨ᠎ᠤ ᠪᠠᠲᠤᠯᠠᠭ᠎ᠠ ᠪᠠ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃
    ᠣᠳᠣᠬᠠᠨ᠎ᠳᠤ᠂ ᠲᠤᠷᠰᠢᠯᠲᠠ ᠵᠢᠨ ᠲᠠᠰᠤᠭ ᠨᠡᠢ᠌ᠲᠡ 34 ᠵᠦᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠦᠢᠯᠡᠰ᠎ᠢ ᠡᠭᠦᠷᠭᠡᠯᠡᠵᠦ ᠪᠠᠢ᠌ᠨ᠎ᠠ᠂ ᠡᠭᠦᠨ᠎ᠳᠤ ᠤᠯᠤᠰ᠎ᠤᠨ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ (ᠵᠠᠰᠠᠭ᠎ᠤᠨ ᠣᠷᠳᠣᠨ᠎ᠤ ᠬᠣᠭᠣᠷᠣᠨᠳᠣᠬᠢ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠭᠣᠤᠯᠳᠠᠯᠭ᠎ᠠ᠎ᠲᠠᠢ ᠲᠤᠰᠬᠠᠶ ᠵᠦᠢᠯ) 1 ᠵᠦᠢᠯ᠂ ᠤᠯᠤᠰ᠎ᠤᠨ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ 10 ᠵᠦᠢᠯ ᠪᠠᠭᠲᠠᠨ᠎ᠠ᠃ 2019 ᠣᠨ ᠪᠣᠯᠤᠨ 2020 ᠣᠨ᠎ᠳᠤ᠂ ᠲᠤᠷᠰᠢᠯᠲᠠ ᠵᠢᠨ ᠲᠠᠰᠤᠭ᠎ᠤᠨ ᠶᠡᠷᠦᠩᠬᠡᠶ ᠪᠠᠯᠠ ᠣᠷᠣᠭᠤᠯᠤᠯᠲᠠ᠎ᠨᠢ 605 ᠲᠦᠮᠡᠨ ᠲᠥᠭᠥᠷᠢᠭ᠎ᠲᠤ ᠬᠦᠷᠴᠦ᠂ GPU ᠵᠢᠨ ᠪᠤᠳᠤᠬᠤ ᠴᠤᠭᠯᠠᠷᠠᠯ᠎ᠢ ᠬᠤᠳᠠᠯᠳᠤᠨ ᠠᠪᠴᠤ᠂ ᠲᠤᠷᠰᠢᠯᠲᠠ ᠵᠢᠨ ᠲᠠᠰᠤᠭ᠎ᠤᠨ ᠪᠤᠳᠤᠬᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠨᠳᠥᠷ ᠬᠢᠷᠢ ᠲᠦᠪᠰᠢᠨ ᠪᠥᠬᠥᠶ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ ᠭᠠᠷᠭ᠋ᠠᠬᠤ᠎ᠳᠤ ᠪᠠᠲᠤᠯᠠᠭ᠎ᠠ ᠬᠠᠩᠭ᠋ᠠᠪᠠ᠃
    ᠮᠣᠩᠭᠣᠯ ᠬᠡᠯᠡᠨ᠎ᠤ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ᠎ᠨᠢ ᠮᠣᠩᠭᠣᠯ ᠦᠨᠳᠦᠰᠦᠲᠡᠨ᠎ᠤ ᠰᠣᠶᠣᠯ᠎ᠤᠨ ᠬᠥᠭᠵᠢᠯᠲᠡ᠎ᠳᠤ ᠴᠢᠬᠤᠯᠠ ᠬᠠᠮᠠᠭ᠋ᠠᠯᠠᠬᠤ ᠵᠢᠴᠢ ᠤᠯᠠᠮᠵᠢᠯᠠᠬᠤ ᠦᠢᠯᠡᠳᠦᠯ᠎ᠲᠠᠢ ᠶᠤᠮ᠂ ᠡᠢ᠌ᠮᠦ᠎ᠠᠴᠠ ᠮᠣᠩᠭᠣᠯ ᠬᠡᠯᠡᠨ᠎ᠤ ᠮᠡᠳᠡᠭᠡ ᠵᠠᠩᠭᠢᠵᠢᠯᠲᠠ ᠪᠠ ᠵᠣᠬᠢᠶᠠᠮᠠᠯ ᠤᠶᠤᠨᠴᠢᠯᠠᠯᠳᠠ ᠵᠢ ᠪᠢᠳᠡ ᠥᠩᠭᠡᠷᠡᠭᠰᠡᠨ᠎ᠳᠤ ᠰᠤᠳᠤᠯᠵᠤ ᠪᠠᠢ᠌ᠵᠠᠶ᠂ ᠣᠲᠣ ᠰᠤᠳᠤᠯᠵᠤ ᠪᠠᠢ᠌ᠨ᠎ᠠ᠂ ᠬᠣᠢ᠌ᠰᠢᠳᠠ ᠪᠠᠰᠠ ᠦᠷᠭᠦᠯᠵᠢᠯᠡᠨ ᠰᠤᠳᠤᠯᠵᠤ᠂ ᠮᠣᠩᠭᠣᠯ ᠦᠨᠳᠦᠰᠦᠲᠡᠨ᠎ᠤ ᠰᠣᠶᠣᠯ᠎ᠢ ᠳᠡᠯᠡᠬᠡᠶ ᠳ᠋ᠠᠬᠢᠨ᠎ᠳᠤ ᠲᠤᠰᠠᠯᠠᠬᠤ ᠪᠣᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠰᠢᠰᠲᠸᠮ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ
ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠪᠣᠯ ᠤᠯᠤᠰ᠎ᠤᠨ ᠠᠮᠤᠷ ᠲᠦᠪᠰᠢᠨ᠎ᠤ ᠴᠢᠬᠤᠯᠠ ᠬᠠᠯᠬᠠᠪᠴᠢ ᠮᠥᠨ
《ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠵᠤ ᠣᠪᠣᠷ ᠰᠤᠷᠲᠠᠯ ᠪᠠ ᠰᠤᠷᠤᠯᠴᠠᠬᠤ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠲᠥᠰᠦᠯ》᠎ᠤᠨ ᠲᠠᠢ᠌ᠯᠤᠮᠵᠢ
ᠰᠤᠳᠤᠯᠤᠨ ᠨᠡᠭᠡᠭᠡᠬᠦ ᠵᠠᠷᠤᠳᠠᠯ᠎ᠢ ᠨᠡᠮᠡᠨ ᠪᠣᠳᠣᠵᠤ ᠰᠠᠭᠤᠯᠭ᠋ᠠᠨ ᠠᠪᠬᠤ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠶᠠᠭᠤ ᠵᠢ ᠥᠨᠳᠥᠷ ᠥᠷᠲᠡᠭᠲᠦ ᠡᠭᠦᠳᠦᠯᠲᠡ ᠵᠢᠨ ᠲᠤᠰᠬᠠᠶ ᠠᠰᠢᠭ ᠭᠡᠨ᠎ᠡ? ᠲᠣᠮᠢᠶᠠᠯᠠᠭᠰᠠᠨ!
 
            