ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ (2021-2025 ᠣᠨ)》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-11-29

      ᠨᠢᠭᠡ᠂ ᠲᠤᠭᠤᠷᠪᠢᠨ ᠪᠢᠴᠢᠭᠰᠡᠨ ᠠᠬᠤᠢ ᠪᠠᠢ᠌ᠳᠠᠯ
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠳᠤᠭ᠋ᠠᠷ ᠬᠤᠭᠤᠴᠠᠭ᠋ᠠᠨ᠎ᠤ ᠠᠷᠪᠠᠨ ᠭᠤᠷᠪᠠᠳᠤᠭ᠋ᠠᠷ ᠪᠥᠬᠥᠳᠡ ᠬᠤᠷᠠᠯ᠂ 2021 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠣᠷᠣᠭᠤᠯᠤᠯᠲᠠ ᠵᠢᠨ ᠴᠢᠩᠳᠠᠯᠢᠭ ᠴᠢᠨᠠᠷᠲᠠᠶ ᠨᠡᠮᠡᠭᠳᠡᠯ᠎ᠤᠨ ᠲᠣᠭᠲᠠᠴᠠ ᠪᠠ ᠨᠡᠢ᠌ᠭᠡᠮ᠎ᠤᠨ ᠣᠯᠠᠨ ᠠᠷᠭ᠎ᠠ ᠵᠠᠮ᠎ᠤᠨ ᠣᠷᠣᠭᠤᠯᠤᠯᠲᠠ ᠵᠢᠨ ᠤᠷᠮᠠᠰᠢᠭᠤᠯᠬᠤ ᠲᠣᠭᠲᠠᠴᠠ ᠵᠢ ᠪᠠᠢ᠌ᠭᠤᠯᠤᠨ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ ᠵᠢ ᠬᠡᠷᠡᠭᠵᠢᠭᠦᠯᠬᠦ ᠵᠢᠨ ᠲᠤᠰᠠᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ (2021-2025 ᠣᠨ)》 (ᠥᠪᠥᠷ ᠵᠠᠰᠠᠭ ᠠᠯᠪᠠᠨ ᠲᠠᠷᠬᠠᠭ᠋ᠠᠭᠰᠠᠨ [2021]35 ᠳ᠋ᠤᠭ᠋ᠠᠷ ᠲᠣᠭ᠋ᠠᠲᠤ) (ᠳᠣᠷᠣᠭᠰᠢ 《ᠲᠥᠰᠦᠯ》 ᠭᠡᠵᠦ ᠲᠣᠪᠴᠢᠯᠠᠨ᠎ᠠ)᠎ᠢ ᠲᠣᠭᠲᠠᠭ᠋ᠠᠪᠠ  ᠃
        ᠬᠣᠶᠠᠷ᠂ ᠭᠣᠣᠯ ᠠᠭᠤᠯᠭ᠎ᠠ
     《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠪᠥᠬᠥ ᠨᠡᠢ᠌ᠭᠡᠮ᠎ᠢ ᠬᠥᠲᠥᠯᠥᠨ ᠵᠢᠯᠣᠭᠣᠳᠴᠤ ᠳᠠᠢ᠌ᠴᠢᠯᠠᠨ ᠰᠤᠳᠤᠯᠤᠨ ᠨᠡᠭᠡᠭᠡᠬᠦ ᠣᠷᠣᠭᠤᠯᠤᠯᠲᠠ ᠵᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠥᠬᠥ ᠣᠷᠣᠨ᠎ᠤ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠬᠢᠷᠢ ᠬᠡᠮᠵᠢᠶ᠎ᠡ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠬᠦ ᠵᠢᠨ ᠲᠥᠯᠥᠭᠡ᠂ 《ᠲᠥᠰᠦᠯ》᠎ᠨᠢ ᠵᠠᠰᠠᠭ᠎ᠤᠨ ᠣᠷᠳᠣᠨ᠎ᠤ ᠬᠥᠲᠥᠯᠥᠨ ᠵᠢᠯᠣᠭᠣᠳᠴᠤ ᠳᠠᠢ᠌ᠴᠢᠯᠠᠬᠤ᠂ ᠰᠠᠯᠠᠭ᠎ᠠ ᠮᠥᠴᠢᠷ᠎ᠤᠨ ᠬᠠᠮᠵᠢᠯᠴᠠᠨ ᠬᠠᠮᠲᠤᠷᠠᠨ ᠬᠥᠳᠡᠯᠦᠯᠴᠡᠬᠦ᠂ ᠲᠥᠷᠥ ᠵᠢᠨ ᠪᠣᠳᠣᠯᠭ᠎ᠠ ᠵᠢᠨ ᠣᠨᠢᠨ ᠳᠡᠭᠡᠷ᠎ᠡ᠎ᠨᠢ ᠬᠦᠴᠦᠯᠡᠬᠦ᠂ ᠬᠢᠨᠠᠨ ᠰᠢᠯᠭ᠋ᠠᠵᠤ ᠦᠨᠡᠯᠡᠬᠦ ᠵᠡᠷᠭᠡ ᠲᠠᠯ᠎ᠠ ᠵᠢᠨ ᠲᠣᠭᠣᠷᠢᠨ᠎ᠳᠤ 20 ᠵᠤᠷᠪᠤᠰ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠳᠤᠷᠠᠳᠪᠠ  ᠃
        ᠨᠢᠭᠡ᠎ᠳᠤ᠂ ᠪᠣᠭᠣᠮᠲᠠ ᠰᠢᠪᠲᠤᠯᠬᠤ ᠬᠠᠷᠠᠯᠲᠠ ᠵᠢ ᠲᠣᠳᠣᠷᠬᠠᠢ᠌ᠯᠠᠨ᠎ᠠ  ᠃ ᠲᠥᠰᠦᠯ᠎ᠳᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠪᠥᠬᠥ ᠨᠡᠢ᠌ᠭᠡᠮ᠎ᠤᠨ ᠰᠤᠳᠤᠯᠤᠨ ᠨᠡᠭᠡᠭᠡᠬᠦ (R D) ᠵᠠᠷᠤᠳᠠᠯ᠎ᠤᠨ ᠣᠷᠣᠭᠤᠯᠤᠯᠲᠠ ᠵᠢ ᠵᠢᠯ ᠳᠤᠮᠳᠠᠴᠢ᠎ᠪᠠᠷ 20 %᠎ᠪᠠᠷ ᠨᠡᠮᠡᠭᠳᠡᠭᠦᠯᠵᠦ᠂ 2025 ᠣᠨ ᠪᠣᠯᠬᠤ᠎ᠳᠤ᠂ ᠪᠥᠬᠥ ᠨᠡᠢ᠌ᠭᠡᠮ᠎ᠤᠨ ᠰᠤᠳᠤᠯᠤᠨ ᠨᠡᠭᠡᠭᠡᠬᠦ(R&D)ᠵᠠᠷᠤᠳᠠᠯ᠎ᠤᠨ ᠣᠷᠣᠭᠤᠯᠤᠯᠲᠠ ᠵᠢᠨ ᠬᠡᠪᠴᠢᠶ᠎ᠡ ᠵᠢ 370 ᠳ᠋ᠦᠩᠰᠢᠭᠤᠷ ᠲᠥᠭᠥᠷᠢᠭ ᠣᠷᠴᠢᠮ᠎ᠳᠤ ᠬᠦᠷᠦᠭᠦᠯᠦᠨ᠎ᠡ  ᠃
      ᠬᠣᠶᠠᠷ᠎ᠲᠤ᠂ ᠬᠠᠮᠵᠢᠯᠴᠠᠨ ᠬᠦᠴᠦᠯᠡᠬᠦ ᠵᠢ ᠳᠣᠪᠣᠢ᠌ᠯᠭ᠋ᠠᠨ᠎ᠠ  ᠃ ᠨᠢᠭᠡ ᠲᠠᠯ᠎ᠠ᠎ᠪᠠᠷ᠂ ᠡᠯ᠎ᠡ ᠱᠠᠲᠤᠨ᠎ᠤ ᠵᠠᠰᠠᠭ᠎ᠤᠨ ᠣᠷᠳᠣᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ ᠵᠢᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠣᠷᠣᠭᠤᠯᠤᠯᠲᠠ ᠵᠢᠨ ᠴᠢᠩᠳᠠᠯᠢᠭ ᠴᠢᠨᠠᠷᠲᠠᠶ ᠨᠡᠮᠡᠭᠳᠡᠯ᠎ᠤᠨ ᠲᠣᠭᠲᠠᠴᠠ ᠵᠢ ᠪᠠᠢ᠌ᠭᠤᠯᠵᠤ᠂ ᠠᠵᠤ ᠠᠬᠤᠢ᠌ᠯᠠᠯ ᠪᠣᠯᠤᠨ ᠪᠥᠬᠥ ᠨᠡᠢ᠌ᠭᠡᠮ᠎ᠤᠨ᠎ᠬᠢᠨ᠎ᠢ ᠬᠥᠲᠥᠯᠥᠨ ᠵᠢᠯᠣᠭᠣᠳᠴᠤ ᠳᠠᠢ᠌ᠴᠢᠯᠠᠨ ᠪᠠᠯᠠ ᠣᠷᠣᠭᠤᠯᠤᠯᠲᠠ ᠵᠢ ᠤᠯᠠᠮ ᠨᠢᠭᠡ ᠠᠯᠬᠤᠮ ᠨᠡᠮᠡᠭᠳᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠪᠥᠬᠥ ᠨᠡᠢ᠌ᠭᠡᠮ᠎ᠤᠨ ᠰᠤᠳᠤᠯᠤᠨ ᠨᠡᠭᠡᠭᠡᠬᠦ(R&D)ᠵᠠᠷᠤᠳᠠᠯ᠎ᠤᠨ ᠣᠷᠣᠭᠤᠯᠤᠯᠲᠠ ᠵᠢᠨ ᠳᠤᠮᠳᠠ ᠵᠠᠰᠠᠭ᠎ᠤᠨ ᠣᠷᠳᠣᠨ᠎ᠤ ᠪᠠᠯᠠ ᠮᠥᠩᠭᠥ ᠵᠢ ᠵᠢᠯ ᠳᠤᠮᠳᠠᠴᠢ᠎ᠪᠠᠷ 20 %᠎ᠠᠴᠠ ᠳᠡᠭᠡᠭᠰᠢ ᠨᠡᠮᠡᠭᠳᠡᠭᠦᠯᠵᠦ᠂ 56 ᠳ᠋ᠦᠩᠰᠢᠭᠤᠷ ᠲᠥᠭᠥᠷᠢᠭ᠎ᠲᠤ ᠬᠦᠷᠦᠭᠦᠯᠬᠦ ᠬᠡᠷᠡᠭᠲᠡᠶ  ᠃ ᠨᠥᠭᠥᠭᠡ ᠲᠠᠯ᠎ᠠ᠎ᠪᠠᠷ᠂ ᠠᠵᠤ ᠠᠬᠤᠢ᠌ᠯᠠᠯ᠎ᠤᠨ᠎ᠬᠢᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠦᠢᠯᠡᠳᠦᠯ ᠵᠶ᠋ᠡᠨ ᠪᠠᠳᠠᠷᠠᠭᠤᠯᠵᠤ᠂ ᠲᠣᠰ ᠪᠡᠶ᠎ᠡ ᠵᠢᠨ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠠᠵᠤ ᠠᠬᠤᠢ᠌ᠯᠠᠯ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠡᠭᠦᠯᠴᠢ ᠵᠢᠨ R&D ᠵᠢᠨ ᠣᠷᠣᠭᠤᠯᠤᠯᠲᠠ ᠵᠢᠨ ᠡᠵᠡᠩᠨᠡᠯᠲᠡ ᠵᠢᠨ ᠣᠷᠣᠯᠭ᠎ᠠ᠎ᠳᠤ ᠡᠵᠡᠯᠡᠬᠦ ᠬᠤᠪᠢ ᠵᠢᠨ ᠵᠢᠩ᠎ᠢ 1 . 5 %᠎ᠠᠴᠠ ᠳᠡᠭᠡᠭᠰᠢ᠎ᠳᠤ ᠬᠦᠷᠦᠭᠦᠯᠬᠦ ᠬᠡᠷᠡᠭᠲᠡᠶ  ᠃ ᠡᠭᠦᠨ᠎ᠠᠴᠠ ᠭᠠᠳᠠᠨ᠎ᠠ᠂ ᠡᠯ᠎ᠡ ᠱᠠᠲᠤᠨ᠎ᠤ ᠮᠥᠩᠭᠥᠨ ᠭᠦᠢᠯᠭᠡᠭᠡᠨ᠎ᠤ ᠰᠠᠯᠠᠭ᠎ᠠ ᠮᠥᠴᠢᠷ᠂ ᠮᠥᠩᠭᠥᠨ ᠭᠦᠢᠯᠭᠡᠭᠡᠨ᠎ᠤ ᠪᠠᠢ᠌ᠭᠤᠯᠤᠮᠵᠢ᠎ᠨᠤᠭᠤᠳ ᠢᠲᠡᠭᠡᠮᠵᠢᠲᠦ ᠵᠢᠭᠡᠯᠡᠯᠭᠡ᠂ ᠪᠠᠯᠠ ᠲᠣᠬᠢᠷᠠᠭᠤᠯᠭ᠎ᠠ᠂ ᠳᠠᠭ᠋ᠠᠭ᠋ᠠᠯᠲᠠ ᠬᠢᠬᠦ᠂ ᠵᠠᠬ᠎ᠠ ᠳᠡᠯᠭᠡᠭᠦᠷ᠎ᠲᠤ ᠭᠠᠷᠭ᠋ᠠᠬᠤ ᠵᠡᠷᠭᠡ ᠲᠠᠯ᠎ᠠ᠎ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠦᠷᠢᠨ ᠲᠡᠭᠦᠯᠳᠡᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠥᠩᠭᠥᠨ ᠭᠦᠢᠯᠭᠡᠭᠡᠨ᠎ᠤ ᠰᠢᠰᠲ᠋ᠧᠮᠵᠢ ᠵᠢ ᠪᠦᠷᠢᠯᠳᠦᠭᠦᠯᠦᠨ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠪᠠᠯᠠ ᠮᠥᠩᠭᠥ ᠬᠦᠷᠦᠯᠴᠡᠬᠦ ᠥᠬᠡᠶ ᠪᠠᠢ᠌ᠬᠤ ᠠᠰᠠᠭᠤᠳᠠᠯ᠎ᠢ ᠲᠠᠰᠤᠷᠠᠯᠲᠠ ᠥᠬᠡᠶ ᠰᠢᠢᠳᠪᠦᠷᠢᠯᠡᠬᠦ ᠬᠡᠷᠡᠭᠲᠡᠶ  ᠃
        ᠭᠤᠷᠪᠠ᠎ᠳᠤ᠂ ᠵᠣᠷᠢᠭᠵᠢᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠳᠬᠠᠨ᠎ᠠ  ᠃ ᠥᠪᠡᠷᠲᠡᠭᠡᠨ ᠵᠠᠰᠠᠬᠤ ᠣᠷᠣᠨ᠎ᠠᠴᠠ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠵᠢ ᠳᠡᠮᠵᠢᠵᠦ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠢ ᠶᠡᠬᠡ᠎ᠪᠠᠷ ᠪᠣᠢ᠌ᠵᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠤᠨ ᠪᠦᠷᠢᠯᠳᠦᠬᠦ ᠲᠣᠭᠲᠠᠴᠠ ᠵᠢ ᠥᠭᠡᠷᠡᠴᠢᠯᠡᠵᠦ᠂ ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠂ ᠨᠡᠭᠡᠭᠡᠯᠲᠡ ᠬᠢᠵᠦ ᠬᠠᠮᠲᠤᠷᠠᠯᠴᠠᠬᠤ ᠶᠡᠬᠡ ᠪᠠᠢ᠌ᠷᠢᠰᠢᠯ᠎ᠢ ᠪᠠᠢ᠌ᠭᠤᠯᠬᠤ ᠵᠡᠷᠭᠡ ᠲᠠᠯ᠎ᠠ᠎ᠪᠠᠷ ᠤᠷᠮᠠᠰᠢᠭᠤᠯᠤᠨ ᠵᠢᠯᠣᠭᠣᠳᠬᠤ ᠡᠷᠴᠢᠮ ᠵᠶ᠋ᠡᠨ ᠴᠢᠩᠭ᠋ᠠᠷᠠᠭᠤᠯᠤᠨ᠎ᠠ  ᠃ ᠵᠢᠱ᠌ᠢᠶᠡᠯᠡᠪᠡᠯ᠄ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠣᠤᠯᠳᠠᠯᠭ᠎ᠠ᠎ᠲᠠᠢ ᠲᠥᠷᠥᠯ ᠵᠦᠢᠯ ᠵᠶ᠋ᠡᠷ ᠠᠵᠤ ᠠᠬᠤᠢ᠌ᠯᠠᠯ᠎ᠢ ᠳᠡᠮᠵᠢᠬᠦ ᠬᠠᠷᠢᠴᠠᠯ᠎ᠢ 60 %᠎ᠠᠴᠠ ᠳᠡᠭᠡᠭᠰᠢ᠎ᠳᠤ ᠬᠦᠷᠦᠭᠦᠯᠬᠦ ᠬᠡᠷᠡᠭᠲᠡᠶ; 《ᠵᠠᠷ ᠨᠡᠢ᠌ᠲᠡᠯᠡᠨ ᠮᠠᠩᠯᠠᠢ᠌ᠯᠠᠭᠤᠯᠬᠤ》᠂ 《ᠮᠣᠷᠢᠨ ᠤᠷᠤᠯᠳᠤᠭ᠋ᠠᠨ᠎ᠤ ᠳᠦᠷᠢᠮ》 ᠵᠡᠷᠭᠡ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠎ᠢ ᠵᠣᠬᠢᠶᠠᠨ ᠪᠠᠢ᠌ᠭᠤᠯᠤᠨ ᠬᠠᠮᠢᠶᠠᠷᠬᠤ ᠠᠷᠭ᠎ᠠ ᠮᠠᠶᠢᠭ᠎ᠢ ᠠᠪᠴᠤ᠂ ᠠᠵᠤ ᠠᠬᠤᠢ᠌ᠯᠠᠯ᠎ᠢ ᠬᠥᠲᠥᠯᠥᠨ ᠵᠢᠯᠣᠭᠣᠳᠴᠤ ᠪᠠᠢ᠌ᠭ᠋ᠠᠳ ᠰᠤᠳᠤᠯᠤᠨ ᠨᠡᠭᠡᠭᠡᠬᠦ ᠣᠷᠣᠭᠤᠯᠤᠯᠲᠠ ᠵᠢ᠎ᠨᠢ ᠨᠡᠮᠡᠭᠳᠡᠭᠦᠯᠦᠨ᠂ ᠠᠵᠤ ᠠᠬᠤᠢ᠌ᠯᠠᠯ᠎ᠤᠨ ᠭᠣᠣᠯᠳᠠᠯᠭ᠎ᠠ᠎ᠲᠠᠢ ᠵᠠᠩᠭᠢᠯᠠᠭ᠎ᠠ ᠵᠢᠨ ᠮᠡᠷᠭᠡᠵᠢᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠨ᠎ᠡ; ᠠᠩᠬ᠎ᠠ ᠤᠳᠠᠭ᠎ᠠ ᠵᠥᠪᠰᠢᠶᠡᠷᠡᠯ ᠣᠯᠤᠭᠰᠠᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠳᠤ 30 ᠲᠦᠮᠡᠨ ᠲᠥᠭᠥᠷᠢᠭ᠎ᠤᠨ ᠱᠠᠩᠨᠠᠯ ᠣᠯᠭᠣᠨ᠎ᠠ; ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠪᠣᠯᠤᠨ ᠬᠣᠤᠰ ᠲᠡᠷᠢᠭᠦᠨ ᠲᠠᠰ᠎ᠤᠨ ᠶᠡᠬᠡ ᠰᠤᠷᠭ᠋ᠠᠭᠤᠯᠢ ᠵᠢᠨ ᠮᠠᠨ᠎ᠤ ᠣᠷᠣᠨ᠎ᠳᠤ ᠢᠷᠡᠵᠦ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ ᠪᠠᠢ᠌ᠭᠤᠯᠬᠤ᠎ᠳᠤ 1000 ᠲᠦᠮᠡᠨ ᠲᠥᠭᠥᠷᠢᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠳᠡᠮᠵᠢᠯᠭᠡ ᠦᠵᠡᠭᠦᠯᠵᠦ ᠪᠣᠯᠤᠨ᠎ᠠ ᠭᠡᠬᠦ ᠮᠡᠲᠦ  ᠃
      ᠳᠥᠷᠪᠡ᠎ᠳᠤ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ  ᠃ ᠥᠪᠡᠷᠲᠡᠭᠡᠨ ᠵᠠᠰᠠᠬᠤ ᠣᠷᠣᠨ᠎ᠠᠴᠠ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠳᠬᠠᠨ᠂ ᠲᠣᠭ᠎ᠠ ᠪᠦᠷᠢᠳᠬᠡᠯ᠎ᠤᠨ ᠬᠢᠨᠠᠨ ᠬᠡᠮᠵᠢᠯᠲᠡ ᠬᠢᠭᠡᠳ ᠰᠢᠯᠭ᠋ᠠᠨ ᠬᠢᠨᠠᠵᠤ ᠦᠨᠡᠯᠡᠬᠦ ᠵᠢ ᠴᠢᠩᠭ᠋ᠠᠳᠬᠠᠵᠤ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ ᠵᠢᠨ ᠡᠯ᠎ᠡ ᠵᠦᠢᠯ᠎ᠤᠨ ᠡᠭᠦᠷᠭᠡ ᠵᠢᠨ ᠬᠠᠷᠠᠯᠲᠠ ᠵᠢ ᠤᠷᠤᠭᠰᠢᠲᠠᠶ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ  ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠤᠨ ᠬᠠᠮᠢᠶᠠᠷᠤᠯᠲᠠ ᠵᠢᠨ ᠠᠷᠭ᠎ᠠ (ᠵᠠᠰᠠᠪᠤᠷᠢ ᠣᠷᠣᠭᠤᠯᠤᠭᠰᠠᠨ)》 ᠵᠢᠨ ᠲᠠᠢ᠌ᠯᠤᠮᠵᠢ
ᠨᠢᠭᠡ ᠵᠢᠷᠤᠭ ᠵᠶ᠋ᠠᠷ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠡᠢ᠌ᠲᠡᠯᠡᠭᠰᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠣᠨᠳᠣᠤᠰᠢᠭᠤᠯᠬᠤ ᠵᠢᠱ᠌ᠢᠶ᠎ᠡ ᠦᠵᠡᠭᠦᠯᠬᠦ ᠣᠷᠣᠨ᠎ᠤ ᠪᠥᠲᠥᠭᠡᠨ ᠪᠠᠢ᠌ᠭᠤᠯᠤᠯᠲᠠ ᠵᠢᠨ ᠵᠢᠯᠣᠭᠣᠳᠤᠮᠵᠢ ᠵᠢ ᠣᠢ᠌ᠯᠠᠭ᠋ᠠᠵᠤ ᠪᠣᠯᠤᠨ᠎ᠠ
ᠵᠢᠷᠤᠭᠲᠤ ᠨᠠᠢ᠌ᠳᠡᠯᠡᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢ ᠲᠥᠬᠥᠭᠡᠷᠦᠮᠵᠢ ᠪᠠ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ᠎ᠤᠨ ᠲᠤᠬᠠᠶ ᠴᠢᠨᠦ ᠮᠡᠳᠡᠶ᠎ᠡ ᠭᠡᠵᠦ ᠪᠣᠳᠣᠵᠤ ᠪᠠᠢᠭ᠎ᠠ ᠵᠦᠢᠯ ᠪᠦᠷ ᠡᠨᠳᠡ ᠪᠠᠢ᠌ᠨ᠎ᠠ
ᠵᠢᠷᠤᠭᠲᠤ ᠨᠡᠢ᠌ᠳᠡᠯᠡᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠤᠨ ᠬᠠᠮᠢᠶᠠᠷᠤᠯᠲᠠ ᠵᠢᠨ ᠠᠷᠭ᠎ᠠ ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠭᠦᠯᠦᠭᠦᠷ ᠪᠠ ᠲᠦᠷᠭᠡᠳᠬᠡᠭᠦᠷ᠎ᠤᠨ ᠬᠠᠮᠢᠶᠠᠷᠤᠯᠲᠠ ᠵᠢᠨ ᠠᠷᠭ᠎ᠠ》 ᠵᠢᠨ ᠲᠠᠶ᠋ᠢᠯᠤᠮᠵᠢ
 
            