ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠲᠦᠷᠢᠮ᠎ᠢ ᠭᠦᠨᠵᠡᠭᠡᠶ ᠬᠡᠷᠡᠭᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠭᠤᠷᠪᠠᠨ ᠵᠢᠯ᠎ᠤᠨ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ (2021-2023 ᠣᠨ)》 (ᠳᠣᠷᠣᠭᠰᠢ ᠲᠥᠰᠦᠯ ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ ᠃ ᠲᠥᠰᠦᠯ᠎ᠢ ᠲᠣᠭᠲᠠᠭ᠋ᠠᠭᠰᠠᠨ ᠦᠨᠳᠦᠰᠦᠯᠡᠯ᠎ᠨᠢ ᠶᠠᠭᠤ ᠪᠤᠢ? ᠶᠠᠮᠠᠷ ᠶᠠᠮᠠᠷ ᠪᠣᠳᠠᠲᠠᠶ ᠠᠭᠤᠯᠭ᠎ᠠ᠎ᠲᠠᠢ ᠬᠣᠯᠪᠣᠭᠳᠠᠬᠤ ᠪᠣᠶ? ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ ᠶᠠᠪᠤᠴᠠ᠎ᠳᠤ ᠶᠠᠮᠠᠷ ᠲᠥᠯᠥᠪᠵᠢᠭᠦᠯᠭᠡ ᠪᠠ ᠪᠣᠳᠠᠲᠠᠶ ᠠᠷᠭ᠎ᠠ ᠬᠡᠮᠵᠢᠶ᠎ᠡ ᠪᠠᠢ᠌ᠬᠤ ᠪᠣᠶ? ᠲᠥᠰᠦᠯ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠴᠢ ᠵᠢᠨ ᠠᠵᠢᠯ᠎ᠳᠤ ᠶᠠᠮᠠᠷ ᠶᠠᠮᠠᠷ ᠳᠡᠮᠵᠢᠯᠭᠡ ᠪᠠ ᠵᠣᠷᠢᠭᠵᠢᠭᠤᠯᠤᠯ᠎ᠤᠨ ᠲᠥᠷᠥ ᠵᠢᠨ ᠪᠣᠳᠣᠯᠭ᠎ᠠ ᠪᠠᠢ᠌ᠬᠤ ᠪᠣᠶ? ᠰᠢᠨ᠎ᠡ ᠵᠢ ᠡᠭᠦᠳᠬᠦ ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠬᠥᠳᠡᠭᠡ ᠲᠣᠰᠬᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ᠎ᠤᠨ ᠬᠠᠷᠢᠭᠤᠴᠠᠯᠭ᠋ᠠᠲᠠᠨ᠎ᠢ ᠣᠨᠴᠠᠭ᠋ᠠᠢ᠌ᠯᠠᠨ ᠤᠷᠢᠵᠤ 《ᠲᠥᠰᠦᠯ》᠎ᠳᠤ ᠡᠷᠬᠡ ᠰᠦᠷᠲᠦ ᠲᠠᠢ᠌ᠯᠤᠮᠵᠢ ᠬᠢᠯᠭᠡᠪᠡ ᠃
ᠠᠰᠠᠭᠤᠯᠲᠠ
《ᠲᠥᠰᠦᠯ》᠎ᠢ ᠲᠣᠭᠲᠠᠭ᠋ᠠᠭᠰᠠᠨ ᠦᠨᠳᠦᠰᠦᠯᠡᠯ᠎ᠨᠢ ᠶᠠᠭᠤ ᠪᠣᠶ?
ᠬᠠᠷᠢᠭᠤᠯᠲᠠ᠄ 《ᠬᠥᠳᠡᠭᠡ ᠲᠣᠰᠬᠣᠨ᠎ᠤ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠵᠢ ᠲᠦᠷᠭᠡᠳᠬᠡᠨ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠰᠠᠨᠠᠯ》 (ᠲᠥᠪ ᠠᠯᠪᠠᠨ ᠲᠠᠷᠬᠠᠭ᠋ᠠᠭᠰᠠᠨ 2021 - 9 ᠳ᠋ᠦ᠍ᠭᠡᠷ ᠲᠣᠭ᠋ᠠᠲᠤ)᠂ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠲᠦᠷᠢᠮ᠎ᠢ ᠭᠦᠨᠵᠡᠭᠡᠶ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠰᠠᠨᠠᠯ᠎ᠤᠳ》 (ᠲᠥᠷᠥ ᠠᠯᠪᠠᠨ ᠲᠠᠷᠬᠠᠭ᠋ᠠᠭᠰᠠᠨ 2016 - 32 ᠳ᠋ᠤᠭ᠋ᠠᠷ ᠲᠣᠭ᠋ᠠᠲᠤ)᠂ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠲᠦᠷᠢᠮ᠎ᠢ ᠭᠦᠨᠵᠡᠭᠡᠶ ᠬᠡᠷᠡᠭᠵᠢᠭᠦᠯᠬᠦ ᠲᠥᠰᠦᠯ᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠥᠰᠥᠭ . 2016 - 183 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠶᠣᠰᠣᠭ᠋ᠠᠷ᠂ ᠲᠣᠰ 《ᠲᠥᠰᠦᠯ》᠎ᠢ ᠲᠣᠭᠲᠠᠭ᠋ᠠᠪᠠ ᠃
ᠠᠰᠠᠭᠤᠯᠲᠠ
《ᠲᠥᠰᠦᠯ》᠎ᠢ ᠲᠣᠭᠲᠠᠭ᠋ᠠᠭᠰᠠᠨ ᠦᠨᠳᠦᠰᠦᠨ ᠵᠠᠷᠴᠢᠮ᠎ᠨᠢ ᠶᠠᠭᠤ ᠪᠣᠶ?
ᠬᠠᠷᠢᠭᠤᠯᠲᠠ᠄《ᠲᠥᠰᠦᠯ》᠎ᠢ ᠲᠣᠭᠲᠠᠭ᠋ᠠᠬᠤ᠎ᠳᠠᠭᠠᠨ᠂ 《ᠳᠡᠭᠡᠳᠦ ᠳᠣᠤᠷᠠᠳᠤ ᠱᠠᠲᠤ ᠬᠠᠮᠲᠤᠷᠠᠨ ᠬᠥᠳᠡᠯᠦᠯᠴᠡᠬᠦ᠂ ᠱᠠᠲᠤ ᠬᠤᠪᠢᠶᠠᠨ ᠬᠠᠷᠢᠭᠤᠴᠠᠬᠤ᠂ ᠠᠵᠤ ᠦᠢᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠬᠦ᠂ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠳᠤ ᠬᠦᠴᠦ ᠨᠡᠮᠡᠷᠢᠯᠡᠬᠦ᠂ ᠠᠰᠢᠭ ᠲᠤᠰᠠ ᠵᠢ ᠬᠠᠮᠲᠤ᠎ᠪᠠᠷ ᠭᠥᠷᠳᠡᠬᠦ᠂ ᠲᠦᠭᠰᠢᠭᠦᠷᠢ ᠵᠢ ᠬᠠᠮᠲᠤ᠎ᠪᠠᠷ ᠡᠭᠦᠷᠭᠡᠯᠡᠬᠦ》 ᠵᠠᠷᠴᠢᠮ ᠶᠣᠰᠣᠭ᠋ᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠤᠨ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤ ᠳᠠᠰᠢ ᠰᠢᠯᠵᠢᠬᠦ ᠵᠢ ᠠᠬᠢᠭᠤᠯᠬᠤ ᠲᠠᠯ᠎ᠠ᠎ᠪᠠᠷ᠎ᠬᠢ ᠵᠠᠰᠠᠭ᠎ᠤᠨ ᠣᠷᠳᠣᠨ᠎ᠤ ᠬᠥᠲᠥᠯᠦᠨ ᠵᠢᠯᠣᠭᠣᠳᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠵᠣᠬᠢᠴᠠᠯᠳᠤᠨ ᠬᠠᠮᠲᠤᠷᠠᠨ ᠬᠥᠳᠡᠯᠦᠯᠴᠡᠵᠦ᠂ ᠱᠠᠲᠤ ᠬᠤᠪᠢᠶᠠᠨ ᠬᠠᠷᠢᠭᠤᠴᠠᠵᠤ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠪᠠᠨ ᠲᠡᠭᠦᠯᠳᠡᠷᠵᠢᠭᠦᠯᠦᠨ᠂ ᠳᠡᠮᠵᠢᠬᠦ ᠠᠷᠭ᠎ᠠ ᠮᠠᠶᠢᠭ ᠵᠶ᠋ᠠᠨ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠢ ᠵᠣᠬᠢᠶᠠᠨ ᠪᠠᠢ᠌ᠭᠤᠯᠤᠨ ᠮᠠᠯᠵᠢᠬᠤ ᠲᠠᠷᠢᠶᠠᠯᠠᠬᠤ ᠣᠷᠣᠨ᠎ᠳᠤ ᠭᠦᠨᠵᠡᠭᠡᠢ᠌ᠷᠡᠭᠦᠯᠦᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡ ᠪᠠ ᠰᠢᠨ᠎ᠡ ᠵᠢ ᠡᠭᠦᠳᠦᠨ ᠠᠳᠠᠯ ᠦᠢᠯᠡᠰ; ᠮᠠᠯ ᠠᠵᠤ ᠠᠬᠤᠶ ᠲᠠᠷᠢᠶᠠᠯᠠᠩ᠎ᠤᠨ ᠴᠢᠨᠠᠷ ᠰᠠᠢ᠌ᠲᠠᠶ ᠬᠥᠭᠵᠢᠯᠲᠡ ᠵᠢᠨ ᠭᠣᠤᠯᠳᠠᠯᠭ᠎ᠠ᠎ᠲᠠᠢ ᠠᠵᠤ ᠦᠢᠯᠡᠰ᠎ᠤᠨ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠴᠢ ᠵᠢᠨ ᠣᠲᠣ ᠦᠶ᠎ᠡ ᠵᠢᠨ ᠮᠠᠯ ᠠᠵᠤ ᠠᠬᠤᠶ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠦᠢᠯᠡᠳᠪᠦᠷᠢᠯᠡᠯ᠂ ᠡᠵᠡᠩᠨᠡᠯᠲᠡ ᠵᠢᠨ ᠰᠢᠰᠲ᠋ᠧᠮ᠎ᠤᠨ ᠪᠠᠢ᠌ᠭᠤᠯᠤᠯᠲᠠ ᠳᠤᠮᠳᠠᠬᠢ ᠴᠢᠬᠤᠯᠠ ᠦᠢᠯᠡᠳᠦᠯ᠎ᠢ ᠪᠠᠳᠠᠷᠠᠭᠤᠯᠵᠤ᠂ ᠮᠠᠯ ᠠᠵᠤ ᠠᠬᠤᠶ ᠲᠠᠷᠢᠶᠠᠯᠠᠩ᠎ᠤᠨ ᠬᠥᠭᠵᠢᠯᠲᠡ᠂ ᠮᠠᠯᠵᠢᠬᠤ ᠲᠠᠷᠢᠶᠠᠯᠠᠬᠤ ᠣᠷᠣᠨ᠎ᠤ ᠬᠥᠭᠵᠢᠯ ᠴᠡᠴᠡᠭᠯᠡᠯ ᠪᠣᠯᠤᠨ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠢ ᠠᠬᠢᠭᠤᠯᠤᠨ᠎ᠠ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠮᠠᠯᠵᠢᠬᠤ ᠲᠠᠷᠢᠶᠠᠯᠠᠬᠤ ᠣᠷᠣᠨ᠎ᠳᠤ ᠭᠦᠨᠵᠡᠭᠡᠢ᠌ᠷᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠳᠠᠯ ᠦᠢᠯᠡᠰ ᠴᠣᠭᠴᠠᠯᠠᠬᠤ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡᠨ ᠥᠷᠨᠢᠭᠦᠯᠵᠦ᠂ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ᠂ ᠦᠢᠯᠡᠴᠢᠯᠡᠭᠡᠨ ᠪᠠ ᠰᠢᠨ᠎ᠡ ᠵᠢ ᠡᠭᠦᠳᠬᠦ ᠭᠣᠤᠯ ᠴᠣᠭᠴᠠ ᠵᠢ ᠪᠣᠢ᠌ᠵᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠳᠠᠯ ᠦᠢᠯᠡᠰ ᠴᠣᠭᠴᠠᠯᠠᠬᠤ᠎ᠪᠠᠷ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭᠳᠡᠭᠦᠯᠬᠦ ᠵᠢ ᠳᠠᠢ᠌ᠴᠢᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ ᠪᠠ ᠮᠠᠯᠴᠢᠨ ᠲᠠᠷᠢᠶᠠᠴᠢᠨ ᠣᠯᠠᠨ ᠲᠦᠮᠡᠨ᠎ᠤ ᠠᠰᠢᠭ ᠲᠤᠰᠠ ᠵᠢ ᠬᠠᠮᠲᠤ᠎ᠪᠠᠷ ᠬᠦᠷᠲᠡᠬᠦ᠂ ᠲᠦᠭᠰᠢᠭᠦᠷᠢ ᠵᠢ ᠬᠠᠮᠲᠤ᠎ᠪᠠᠷ ᠡᠭᠦᠷᠭᠡᠯᠡᠬᠦ ᠲᠣᠭᠲᠠᠴᠠ ᠵᠢ ᠪᠦᠷᠢᠯᠳᠦᠭᠦᠯᠦᠨ᠂ 《ᠬᠣᠤᠰ ᠠᠮᠵᠢᠯᠲᠠ ᠣᠯᠬᠤ》 ᠬᠠᠷᠠᠯᠲᠠ ᠵᠢ ᠪᠡᠶᠡᠯᠡᠭᠦᠯᠦᠨ᠎ᠡ ᠃
ᠠᠰᠠᠭᠤᠯᠲᠠ
《ᠲᠥᠰᠦᠯ》᠎ᠳᠤ ᠶᠠᠮᠠᠷ ᠬᠡᠷᠡᠭᠵᠢᠭᠦᠯᠬᠦ ᠬᠠᠷᠠᠯᠲᠠ ᠵᠢ ᠲᠣᠭᠲᠠᠭ᠋ᠠᠭᠰᠠᠨ ᠪᠣᠶ?
ᠬᠠᠷᠢᠭᠤᠯᠲᠠ᠄ ᠲᠥᠰᠦᠯ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠭᠤᠷᠪᠠᠨ ᠵᠢᠯ᠎ᠤᠨ ᠴᠠᠭ ᠬᠤᠭᠤᠴᠠᠭ᠎ᠠ ᠵᠢ ᠬᠡᠷᠡᠭᠯᠡᠵᠦ ᠪᠠᠢ᠌ᠭ᠋ᠠᠳ ᠨᠡᠯᠢᠶᠡᠳ ᠪᠦᠷᠢᠨ ᠲᠡᠭᠦᠯᠳᠡᠷ᠂ ᠥᠪᠥᠷ ᠮᠣᠩᠭᠣᠯ᠎ᠤᠨ ᠣᠨᠴᠠᠯᠢᠭ᠎ᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠲᠦᠷᠢᠮ᠎ᠢ ᠪᠦᠷᠢᠯᠳᠦᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡ ᠬᠢᠭᠡᠳ ᠰᠢᠨ᠎ᠡ ᠵᠢ ᠡᠭᠦᠳᠦᠨ ᠠᠳᠠᠯ ᠦᠢᠯᠡᠰ ᠴᠣᠭᠴᠠᠯᠠᠬᠤ ᠵᠢ ᠭᠦᠨ ᠠᠭᠤᠰᠤᠯᠴᠠᠭᠤᠯᠬᠤ ᠵᠢᠨ ᠤᠷᠮᠠᠰᠢᠭᠤᠯᠬᠤ ᠲᠣᠭᠲᠠᠴᠠ ᠵᠢ ᠨᠠᠩ ᠪᠦᠷᠢᠨᠰᠢᠬᠦᠯᠥᠨ᠎ᠠ ᠃ 2023 ᠣᠨ᠎ᠤ ᠡᠴᠦᠰ ᠪᠣᠯᠬᠤ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯᠯᠠᠬᠤ ᠥᠷᠲᠡᠭᠡ ᠵᠢ 30᠎ᠠᠴᠠ ᠳᠡᠭᠡᠭᠰᠢ ᠰᠢᠨ᠎ᠡ᠎ᠪᠠᠷ ᠳᠠᠩᠰᠠᠯᠠᠭᠤᠯᠤᠨ᠎ᠠ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ ᠬᠢᠭᠡᠳ ᠭᠠᠵᠠᠷ ᠣᠷᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠪᠦᠲᠦᠮᠵᠢᠲᠡᠶ ᠵᠣᠯᠭ᠋ᠠᠭᠤᠯᠬᠤ ᠵᠢ ᠴᠢᠩᠭ᠋ᠠᠳᠬᠠᠭᠰᠠᠨ ᠰᠠᠭᠤᠷᠢᠨ ᠳᠡᠭᠡᠷ᠎ᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡᠨ ᠪᠠ ᠠᠳᠠᠯ ᠦᠢ᠍ᠯᠡᠰ ᠴᠣᠭᠴᠠᠯᠠᠬᠤ ᠵᠢᠨ ᠳᠠᠢ᠌ᠴᠢᠯᠠᠬᠤ ᠪᠦᠷᠬᠦᠴᠡ ᠵᠢ ᠲᠠᠰᠤᠷᠠᠯᠲᠠ ᠤᠢ᠍ᠭᠡᠢ ᠥᠷᠭᠡᠳᠬᠡᠨ᠎ᠡ ᠃ ᠲᠤᠷᠰᠢᠯᠲᠠ ᠵᠢᠨ ᠴᠢᠭ᠎ᠢ ᠤᠷᠢᠳᠠᠪᠠᠷ ᠬᠡᠷᠡᠭᠵᠢᠭᠦᠯᠬᠦ᠂ ᠠᠯᠬᠤᠮ ᠬᠤᠪᠢᠶᠠᠨ ᠠᠬᠢᠭᠤᠯᠬᠤ ᠠᠷᠭ᠎ᠠ ᠮᠠᠶᠢᠭ ᠵᠶ᠋ᠠᠷ᠂ ᠭᠣᠤᠯᠳᠠᠭᠤ ᠥᠪᠡᠷᠲᠡᠭᠡᠨ ᠵᠠᠰᠠᠬᠤ ᠣᠷᠣᠨ᠎ᠤ ᠵᠠᠭᠤᠨ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠪᠥᠭᠡᠮᠨᠡᠷᠡᠯ᠎ᠤᠨ ᠲᠣᠭᠣᠷᠢᠨ᠎ᠳᠤ᠂ ᠳᠡᠭᠡᠰᠦ ᠰᠤᠷᠭ᠋ᠠᠭᠤᠯᠢ ᠬᠦᠷᠢᠶᠡᠯᠡᠩ ᠭᠠᠵᠠᠷ᠎ᠢ ᠬᠥᠲᠥᠯᠥᠨ ᠵᠢᠯᠣᠭᠣᠳᠴᠤ ᠪᠠᠢ᠌ᠭ᠋ᠠᠳ ᠵᠣᠬᠢᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠤ ᠦᠢ᠍ᠯᠡᠰ᠎ᠤᠨ ᠦᠢᠯᠡᠴᠢᠯᠡᠭᠡᠨ᠎ᠤ ᠪᠦᠯᠬᠦᠮ ᠪᠠᠢ᠌ᠭᠤᠯᠬᠤ ᠵᠢ ᠠᠬᠢᠭᠤᠯᠵᠤ᠂ ᠦᠨᠳᠦᠰᠦᠨ ᠱᠠᠲᠤᠨ᠎ᠳᠤ ᠪᠠᠭᠤᠵᠤ ᠦᠢᠯᠡᠴᠢᠯᠡᠬᠦ ᠠᠵᠢᠯᠯᠠᠭ᠎ᠠ ᠵᠢ ᠥᠷᠨᠢᠭᠦᠯᠦᠨ᠂ ᠮᠠᠨ᠎ᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠦᠨᠳᠦᠰᠦᠨ ᠱᠠᠲᠤᠨ᠎ᠳᠤ ᠦᠢᠯᠡᠴᠢᠯᠡᠬᠦ ᠴᠢᠳᠠᠪᠤᠷᠢ ᠪᠠ ᠵᠣᠬᠢᠶᠠᠨ ᠪᠠᠢ᠌ᠭᠤᠯᠤᠯᠴᠠᠬᠤ ᠬᠡᠮᠵᠢᠶ᠎ᠡ ᠵᠢ ᠳᠡᠭᠡᠭᠰᠢᠯᠡᠭᠦᠯᠦᠨ᠎ᠡ ᠃
ᠠᠰᠠᠭᠤᠯᠲᠠ
《ᠲᠥᠰᠦᠯ》᠎ᠤᠨ ᠭᠣᠤᠯᠳᠠᠯᠭ᠎ᠠ᠎ᠲᠠᠢ ᠡᠭᠦᠷᠭᠡ᠎ᠨᠢ ᠶᠠᠮᠠᠷ ᠶᠠᠮᠠᠷ ᠲᠠᠯ᠎ᠠ᠎ᠳᠤ ᠬᠣᠯᠪᠣᠭᠳᠠᠬᠤ ᠪᠣᠶ? ᠪᠣᠳᠠᠲᠤ ᠪᠠᠢ᠍ᠳᠠᠯ᠎ᠨᠢ ᠶᠠᠮᠠᠷ ᠵᠡᠷᠭᠡ ᠪᠤᠢ?
ᠬᠠᠷᠢᠭᠤᠯᠲᠠ᠄《ᠲᠥᠰᠦᠯ》᠎ᠤᠨ ᠭᠣᠤᠯᠳᠠᠯᠭ᠎ᠠ᠎ᠲᠠᠢ ᠡᠭᠦᠷᠭᠡ᠎ᠳᠤ ᠭᠣᠤᠯᠳᠠᠭᠤ ᠲᠠᠪᠤᠨ ᠲᠠᠯ᠎ᠠ ᠪᠠᠭᠲᠠᠨ᠎ᠠ᠂ ᠪᠣᠳᠠᠲᠠᠶ ᠪᠠᠢ᠌ᠳᠠᠯ᠎ᠨᠢ ᠳᠣᠤᠷᠠᠬᠢ ᠮᠡᠲᠦ᠄
ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠪᠦᠷᠢᠯᠳᠦᠬᠦ ᠵᠢ ᠠᠬᠢᠭᠤᠯᠤᠨ᠎ᠠ ᠃ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠯᠠᠭ᠎ᠠ ᠮᠥᠴᠢᠷ᠎ᠤᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠪᠣᠶ ᠪᠣᠯᠭ᠋ᠠᠬᠤ ᠬᠡᠷᠡᠭᠲᠡᠶ ᠃ ᠥᠪᠡᠷᠲᠡᠭᠡᠨ ᠵᠠᠰᠠᠬᠤ ᠣᠷᠣᠨ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯ᠎ᠤᠨ ᠥᠷᠲᠡᠭᠡ ᠪᠠᠢ᠌ᠭᠤᠯᠬᠤ ᠵᠢ ᠳᠡᠮᠵᠢᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠮᠡᠳᠡᠭᠡ ᠵᠠᠩᠭᠢᠵᠢᠯᠲᠠ ᠵᠢᠨ ᠦᠢᠯᠡᠴᠢᠯᠡᠭᠡᠨ᠎ᠤ ᠲᠠᠪᠴᠠᠩ᠎ᠢ ᠪᠠᠢ᠌ᠭᠤᠯᠤᠨ ᠲᠡᠭᠦᠯᠳᠡᠷᠵᠢᠭᠦᠯᠦᠨ᠎ᠡ ᠃ ᠠᠢ᠌ᠮᠠᠭ ᠬᠣᠲᠠ᠂ ᠬᠣᠰᠢᠭᠤ ᠰᠢᠶᠠᠨ᠎ᠤ ᠲᠠᠰ ᠳᠠᠪᠬᠤᠷᠭ᠎ᠠ᠎ᠨᠢ ᠪᠣᠳᠠᠲᠠᠶ᠎ᠲᠠᠢ᠎ᠪᠠᠨ ᠤᠶᠠᠯᠳᠤᠭᠤᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠡᠯ᠎ᠡ ᠵᠦᠢᠯ᠎ᠤᠨ ᠲᠦᠷᠢᠮ᠎ᠢ ᠪᠠᠢ᠌ᠭᠤᠯᠤᠨ ᠪᠦᠷᠢᠨᠰᠢᠬᠦᠯᠵᠦ᠂ ᠬᠠᠮᠢᠶᠠᠷᠤᠯᠲᠠ ᠦᠢᠯᠡᠴᠢᠯᠡᠭᠡᠨ᠎ᠤ ᠲᠣᠭᠲᠠᠴᠠ᠎ᠳᠤ ᠰᠢᠨ᠎ᠡ ᠵᠢ ᠡᠭᠦᠳᠦᠨ᠂ ᠮᠠᠭ᠋ᠠᠳᠯᠠᠨ ᠲᠣᠭᠲᠠᠭ᠋ᠠᠬᠤ᠂ ᠰᠣᠩᠭᠣᠨ ᠲᠣᠮᠢᠯᠠᠬᠤ᠂ ᠵᠢᠯᠣᠭᠣᠳᠬᠤ᠂ ᠰᠢᠯᠭ᠋ᠠᠨ ᠬᠢᠨᠠᠬᠤ ᠵᠡᠷᠭᠡ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠂ 《ᠭᠤᠷᠪᠠᠨ ᠣᠷᠣᠨ》᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠡ ᠵᠠᠩᠭᠢ ᠵᠢᠨ ᠦᠢᠯᠡᠴᠢᠯᠡᠭᠡᠨ᠎ᠤ ᠲᠤᠰᠬᠠᠶ ᠮᠡᠷᠭᠡᠵᠢᠯᠲᠡᠨ ᠵᠡᠷᠭᠡ ᠵᠢ ᠠᠭᠤᠰᠤᠯᠴᠠᠭᠤᠯᠤᠨ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ ᠲᠣᠭᠣᠷᠢᠭ᠂ ᠰᠢᠩ ᠴᠤᠸᠠᠩ ᠵᠠᠶ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠡᠳᠡᠭᠡ ᠵᠠᠩᠭᠢ ᠵᠢᠨ ᠦᠢᠯᠡᠴᠢᠯᠡᠭᠡᠨ᠎ᠤ ᠲᠠᠪᠴᠠᠩ ᠪᠣᠯᠤᠨ ᠪᠡᠭᠡᠵᠢᠩ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠣᠲᠣ ᠦᠶ᠎ᠡ ᠵᠢᠨ ᠲᠠᠷᠢᠶᠠᠯᠠᠩ᠎ᠤᠨ ᠮᠡᠷᠭᠡᠵᠢᠯ᠎ᠢ ᠰᠢᠯᠵᠢᠭᠦᠯᠬᠦ ᠲᠠᠪᠴᠠᠩ ᠵᠡᠷᠭᠡ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠡᠩᠨᠡᠭᠡ ᠵᠢ ᠬᠥᠭᠵᠢᠭᠦᠯᠦᠨ ᠪᠤᠵᠠᠭ᠋ᠠᠢ᠌ᠷᠠᠭᠤᠯᠤᠨ᠎ᠠ ᠃ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠮᠡᠷᠭᠡᠵᠢᠯᠲᠡᠨ᠎ᠤ ᠦᠨᠳᠦᠰᠦᠨ ᠱᠠᠲᠤᠨ᠎ᠳᠤ ᠪᠠᠭᠤᠵᠤ ᠦᠢᠯᠡᠴᠢᠯᠡᠬᠦ ᠵᠢ ᠴᠢᠩᠭ᠋ᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠵᠡᠷᠭᠡ᠎ᠳᠤ ᠰᠠᠭᠤᠭ᠎ᠠ ᠲᠥᠪ᠎ᠤᠨ ᠲᠤᠰᠬᠠᠶ ᠮᠡᠷᠭᠡᠵᠢᠯᠲᠡᠨ᠎ᠤ ᠡᠩᠨᠡᠭᠡ ᠵᠢ ᠬᠥᠲᠥᠯᠥᠨ ᠵᠢᠯᠣᠭᠣᠳᠴᠤ ᠪᠠᠢ᠌ᠭ᠋ᠠᠳ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠶᠡᠬᠡ᠎ᠪᠠᠷ ᠠᠬᠢᠭᠤᠯᠤᠭᠰᠠᠨ ᠵᠠᠭᠤᠨ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠵᠢᠨ ᠠᠵᠤ ᠦᠢᠯᠡᠰ᠎ᠤᠨ 11 ᠪᠦᠯᠦᠭᠵᠢᠯ᠎ᠤᠨ ᠲᠣᠭᠣᠷᠢᠨ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠴᠢ ᠵᠢᠨ ᠠᠵᠤ ᠦᠢᠯᠡᠰ᠎ᠤᠨ ᠦᠢᠯᠡᠴᠢᠯᠡᠭᠡᠨ᠎ᠤ ᠪᠦᠯᠬᠦᠮ᠎ᠢ ᠵᠣᠬᠢᠶᠠᠨ ᠪᠠᠢ᠌ᠭᠤᠯᠵᠤ ᠦᠨᠳᠦᠰᠦᠨ ᠱᠠᠲᠤᠨ᠎ᠳᠤ ᠭᠦᠨᠵᠡᠭᠡᠢ᠌ᠷᠡᠨ ᠦᠢᠯᠡᠴᠢᠯᠡᠭᠡ ᠥᠷᠨᠢᠭᠦᠯᠦᠨ᠎ᠡ ᠃ ᠠᠵᠤ ᠦᠢᠯᠡᠰ᠎ᠤᠨ ᠦᠢᠯᠡᠴᠢᠯᠡᠭᠡᠨ᠎ᠤ ᠪᠦᠯᠬᠦᠮ᠎ᠤᠨ ᠭᠣᠤᠯ ᠡᠭᠦᠷᠭᠡ ᠬᠠᠷᠢᠭᠤᠴᠠᠯᠭ᠎ᠠ ᠪᠣᠯ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠷᠡᠭᠦᠯᠵᠦ᠂ ᠡᠯ᠎ᠡ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠠᠵᠢᠯᠲᠠᠨ ᠪᠣᠯᠤᠨ ᠮᠡᠷᠭᠡᠵᠢᠯ᠎ᠤᠨ ᠭᠣᠤᠯᠯᠠᠭᠴᠢ ᠬᠦᠴᠦᠨ᠎ᠢ ᠵᠢᠯᠣᠭᠣᠳᠤᠨ ᠪᠣᠯᠪᠠᠰᠤᠷᠠᠭᠤᠯᠵᠤ᠂ ᠮᠡᠷᠭᠡᠵᠢᠯ ᠵᠶ᠋ᠡᠷ ᠬᠤᠪᠢ ᠣᠷᠣᠬᠤ᠂ ᠡᠳ᠋ ᠬᠥᠷᠥᠩᠭᠡ᠎ᠪᠠᠷ ᠬᠤᠪᠢ ᠣᠷᠣᠬᠤ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠠᠵᠤ ᠠᠬᠤᠢ᠌ᠯᠠᠯ ᠪᠣᠯᠤᠨ ᠲᠠᠷᠢᠶᠠᠴᠢᠨ ᠮᠠᠯᠴᠢᠳ᠎ᠲᠠᠢ ᠠᠰᠢᠭ ᠲᠤᠰᠠ ᠵᠢᠨ ᠬᠠᠮᠲᠤ ᠵᠢᠨ ᠴᠣᠭᠴᠠ ᠪᠠᠢ᠌ᠭᠤᠯᠤᠨ᠎ᠠ ᠃
ᠡᠯ᠎ᠡ ᠠᠢ᠌ᠮᠠᠭ ᠬᠣᠲᠠ᠂ ᠬᠣᠰᠢᠭᠤ ᠰᠢᠶᠠᠨ᠎ᠨᠤᠭᠤᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠢ ᠰᠣᠩᠭᠣᠨ ᠲᠣᠮᠢᠯᠠᠬᠤ ᠬᠦᠷᠢᠶ᠎ᠡ ᠬᠡᠪᠴᠢᠶ᠎ᠡ᠎ᠪᠠᠨ ᠥᠷᠭᠡᠳᠬᠡᠬᠦ ᠬᠡᠷᠡᠭᠲᠡᠶ ᠃ ᠳᠡᠭᠡᠳᠦ ᠵᠡᠷᠭᠡ ᠵᠢᠨ ᠰᠤᠷᠭ᠋ᠠᠭᠤᠯᠢ ᠬᠦᠷᠢᠶᠡᠯᠡᠩ ᠭᠠᠵᠠᠷ᠂ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠪᠠᠢ᠌ᠭᠤᠯᠤᠮᠵᠢ ᠪᠣᠯᠤᠨ ᠠᠵᠤ ᠠᠬᠤᠢ᠌ᠯᠠᠯ ᠵᠡᠷᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠳ᠎ᠢ ᠬᠥᠲᠥᠯᠥᠨ ᠵᠢᠯᠣᠭᠣᠳᠴᠤ ᠪᠠᠢ᠌ᠭ᠋ᠠᠳ ᠮᠠᠯᠵᠢᠬᠤ ᠲᠠᠷᠢᠶᠠᠯᠠᠬᠤ ᠣᠷᠣᠨ᠎ᠳᠤ ᠣᠴᠢᠭᠤᠯᠤᠨ ᠦᠷ᠎ᠡ ᠪᠦᠲᠦᠭᠡᠯ᠎ᠢ ᠤᠯᠠᠷᠢᠭᠤᠯᠬᠤ᠂ ᠮᠡᠷᠭᠡᠵᠢᠯ᠎ᠢ ᠳᠡᠯᠭᠡᠷᠡᠭᠦᠯᠬᠦ ᠵᠡᠷᠭᠡ ᠰᠢᠨ᠎ᠡ ᠵᠢ ᠡᠭᠦᠳᠦᠨ ᠠᠳᠠᠯ ᠦᠢᠯᠡᠰ ᠴᠣᠭᠴᠠᠯᠠᠬᠤ ᠠᠵᠢᠯᠯᠠᠭ᠎ᠠ ᠥᠷᠨᠢᠭᠦᠯᠦᠨ᠎ᠡ ᠃ ᠦᠨᠳᠦᠰᠦᠨ ᠱᠠᠲᠤᠨ᠎ᠤ ᠲᠤᠰᠬᠠᠶ ᠮᠡᠷᠭᠡᠵᠢᠯ᠎ᠤᠨ ᠠᠵᠢᠯᠲᠠᠨ᠎ᠤ ᠪᠠᠢ᠌ᠳᠠᠯ᠎ᠢ ᠰᠠᠢ᠌ᠨ ᠮᠡᠳᠡᠬᠦ᠂ ᠦᠢᠯᠡᠴᠢᠯᠡᠭᠡ ᠳᠥᠭᠥᠮ ᠳᠥᠲᠡ ᠪᠠᠢ᠌ᠬᠤ ᠳᠠᠪᠠᠭᠤᠯᠢᠭ᠎ᠢ ᠠᠰᠢᠭᠯᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠢ ᠣᠢ᠌ᠷ᠎ᠠ ᠬᠠᠪᠢ᠎ᠳᠤᠨᠢ ᠳᠥᠭᠥᠮ ᠳᠥᠲᠡ᠎ᠪᠠᠷ ᠰᠣᠩᠭᠣᠨ ᠲᠣᠮᠢᠯᠠᠬᠤ ᠬᠡᠷᠡᠭᠲᠡᠶ ᠃ ᠨᠤᠲᠤᠭ᠎ᠤᠨ ᠴᠢᠳᠠᠪᠤᠷᠢᠲᠠᠨ᠎ᠤ ᠡᠬᠢ ᠪᠠᠶᠠᠯᠢᠭ᠎ᠢ ᠬᠥᠮᠦᠵᠢᠭᠦᠯᠵᠦ᠂ ᠵᠣᠬᠢᠬᠤ ᠲᠤᠰᠬᠠᠶ ᠮᠡᠷᠭᠡᠵᠢᠯ᠎ᠤᠨ ᠴᠢᠳᠠᠪᠤᠷᠢ᠎ᠲᠠᠢ ᠪᠠᠶᠠᠵᠢᠯ᠎ᠤᠨ ᠳᠠᠭ᠋ᠠᠭᠤᠯᠤᠭᠴᠢ᠂ ᠳᠡᠭᠡᠳᠦ ᠰᠤᠷᠭ᠋ᠠᠭᠤᠯᠢ ᠲᠡᠭᠦᠰᠦᠭᠰᠡᠳ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠂ ᠨᠤᠲᠤᠭ᠎ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠥᠮᠦᠰ ᠵᠡᠷᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡᠨ ᠪᠠ ᠰᠢᠨ᠎ᠡ ᠵᠢ ᠡᠭᠦᠳᠦᠨ ᠠᠳᠠᠯ ᠦᠢᠯᠡᠰ ᠴᠣᠭᠴᠠᠯᠠᠬᠤ᠎ᠳᠤ ᠣᠷᠣᠯᠴᠠᠬᠤ ᠵᠢ ᠳᠡᠮᠵᠢᠬᠦ ᠬᠡᠷᠡᠭᠲᠡᠶ ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠵᠣᠬᠢᠶᠠᠨ ᠪᠠᠢ᠌ᠭᠤᠯᠤᠯᠴᠠᠭᠰᠠᠨ ᠬᠡᠮᠵᠢᠶ᠎ᠡ
ᠵᠢ ᠳᠡᠭᠡᠭᠰᠢᠯᠡᠭᠦᠯᠦᠨ᠎ᠡ ᠃ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯᠯᠠᠬᠤ ᠥᠷᠲᠡᠭᠡᠨ᠎ᠤ ᠪᠠᠢ᠌ᠭᠤᠯᠤᠯᠲᠠ ᠵᠢ ᠪᠡᠬᠢᠵᠢᠭᠦᠯᠦᠨ ᠴᠢᠩᠭ᠋ᠠᠳᠬᠠᠨ᠎ᠠ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯ᠎ᠤᠨ ᠥᠷᠲᠡᠭᠡ ᠵᠢᠨ ᠲᠥᠷᠥᠯ ᠬᠤᠪᠢᠶᠠᠨ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠲᠤᠰᠬᠠᠶ ᠮᠡᠷᠭᠡᠵᠢᠯᠲᠡᠨ᠎ᠤ ᠠᠵᠢᠯ᠎ᠤᠨ ᠥᠷᠲᠡᠭᠡ ᠪᠠᠢ᠌ᠭᠤᠯᠬᠤ᠎ᠪᠠᠷ ᠮᠡᠳᠡᠭᠦᠯᠬᠦ ᠵᠢ ᠳᠡᠮᠵᠢᠨ᠎ᠡ ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠴᠢ ᠲᠤᠰᠬᠠᠶ ᠮᠡᠷᠭᠡᠵᠢᠯᠲᠡᠨ᠎ᠤ ᠠᠵᠢᠯ᠎ᠤᠨ ᠥᠷᠲᠡᠭᠡ᠎ᠳᠤ ᠲᠦᠰᠢᠭᠯᠡᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠶᠡᠷᠦᠩᠬᠡᠢ᠌ᠯᠡᠭᠰᠡᠨ ᠲᠤᠷᠰᠢᠯᠲᠠ ᠵᠢᠨ ᠥᠷᠲᠡᠭᠡ 10᠂ ᠣᠨᠴᠠᠯᠢᠭᠲᠤ ᠠᠵᠤ ᠦᠢᠯᠡᠰ᠎ᠤᠨ ᠰᠠᠭᠤᠷᠢᠨ ᠭᠠᠵᠠᠷ 50 ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡᠨ᠎ᠤ ᠴᠡᠭ 100 ᠵᠢ ᠪᠠᠢ᠌ᠷᠢᠯᠠᠭᠤᠯᠤᠨ᠎ᠠ ᠃ ᠣᠷᠣᠨ ᠨᠤᠲᠤᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ᠂ ᠲᠠᠷᠢᠶᠠᠯᠠᠩ᠎ᠤᠨ ᠮᠡᠷᠭᠡᠵᠢᠯ ᠳᠡᠯᠭᠡᠷᠡᠭᠦᠯᠬᠦ ᠥᠷᠲᠡᠭᠡ (ᠭᠠᠵᠠᠷ) ᠪᠠ ᠠᠵᠤ ᠠᠬᠤᠢ᠌ᠯᠠᠯ᠎ᠤᠨ ᠬᠣᠷᠰᠢᠶ᠎ᠠ ᠵᠡᠷᠭᠡ ᠪᠠᠢ᠌ᠭᠤᠯᠤᠮᠵᠢ ᠵᠢᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠦᠨᠳᠦᠰᠦᠨ ᠱᠠᠲᠤᠨ᠎ᠤ ᠠᠵᠢᠯᠯᠠᠬᠤ ᠥᠷᠲᠡᠭᠡ ᠵᠢ ᠭᠤᠶᠤᠴᠢᠯᠠᠨ ᠮᠡᠳᠡᠭᠦᠯᠵᠦ ᠪᠥᠲᠥᠭᠡᠨ ᠪᠠᠢ᠌ᠭᠤᠯᠬᠤ ᠵᠢ ᠳᠡᠮᠵᠢᠨ᠎ᠡ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠦᠨᠳᠦᠰᠦᠨ ᠱᠠᠲᠤᠨ᠎ᠤ ᠠᠵᠢᠯᠯᠠᠬᠤ ᠥᠷᠲᠡᠭᠡ ᠵᠢ ᠪᠥᠲᠥᠭᠡᠨ ᠪᠠᠢ᠌ᠭᠤᠯᠬᠤ ᠵᠢ ᠬᠥᠲᠥᠯᠦᠨ ᠵᠢᠯᠣᠭᠣᠳᠬᠤ᠎ᠪᠠᠷ ᠳᠠᠮᠵᠢᠭᠤᠯᠤᠨ᠂ ᠡᠩ ᠲᠡᠷᠢᠭᠦᠨ᠎ᠳᠤ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠢ ᠰᠣᠩᠭᠣᠨ ᠲᠣᠮᠢᠯᠠᠬᠤ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯ᠎ᠢ ᠠᠯᠬᠤᠮ ᠠᠯᠬᠤᠮ ᠵᠶ᠋ᠠᠷ ᠬᠥᠲᠥᠯᠦᠨ ᠵᠢᠯᠣᠭᠣᠳᠴᠤ ᠳᠡᠮᠵᠢᠨ ᠵᠣᠬᠢᠶᠠᠨ ᠪᠠᠢ᠌ᠭᠤᠯᠤᠯᠴᠠᠬᠤ ᠬᠡᠮᠵᠢᠶ᠎ᠡ ᠵᠢ᠎ᠨᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠃
ᠡᠯ᠎ᠡ ᠠᠢ᠌ᠮᠠᠭ ᠬᠣᠲᠠ᠂ ᠬᠣᠰᠢᠭᠤ ᠰᠢᠶᠠᠨ᠎ᠨᠤᠭᠤᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠪᠦᠯᠬᠦᠮ ᠨᠡᠢ᠌ᠲᠡ ᠵᠢᠨ ᠦᠢᠯᠡᠴᠢᠯᠡᠭᠡ ᠥᠷᠨᠢᠭᠦᠯᠬᠦ ᠵᠢ ᠵᠣᠷᠢᠭᠵᠢᠭᠤᠯᠵᠤ᠂ ᠡᠯ᠎ᠡ ᠲᠥᠷᠥᠯ᠎ᠤᠨ ᠲᠠᠷᠢᠶᠠᠯᠠᠩ ᠮᠠᠯ ᠠᠵᠤ ᠠᠬᠤᠶ ᠵᠢᠨ ᠠᠵᠤ ᠠᠬᠤᠢ᠌ᠯᠠᠯ᠂ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠶ ᠵᠢᠨ ᠦᠢᠯᠡᠳᠪᠦᠷᠢᠯᠡᠯ ᠡᠵᠡᠩᠨᠡᠯᠲᠡ ᠵᠢᠨ ᠭᠣᠤᠯ ᠴᠣᠭᠴᠠ᠂ ᠰᠤᠳᠤᠯᠤᠨ ᠨᠡᠭᠡᠭᠡᠬᠦ ᠪᠠᠢ᠌ᠭᠤᠯᠤᠮᠵᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠠᠭᠤᠴᠢ ᠦᠢᠯᠡᠴᠢᠯᠡᠭᠡᠨ᠎ᠤ ᠪᠠᠢ᠌ᠭᠤᠯᠤᠮᠵᠢ ᠵᠡᠷᠭᠡ ᠵᠢ ᠬᠥᠲᠥᠯᠦᠨ ᠵᠢᠯᠣᠭᠣᠳᠴᠤ ᠪᠠᠢ᠌ᠭ᠋ᠠᠳ ᠪᠦᠯᠬᠦᠮ ᠪᠠᠢ᠌ᠭᠤᠯᠤᠨ ᠮᠡᠷᠭᠡᠵᠢᠯ᠎ᠤᠨ ᠰᠤᠳᠤᠯᠤᠨ ᠨᠡᠭᠡᠭᠡᠬᠦ᠂ ᠮᠡᠷᠭᠡᠵᠢᠯ ᠳᠡᠯᠭᠡᠷᠡᠭᠦᠯᠬᠦ᠂ ᠦᠷ᠎ᠡ ᠪᠦᠲᠦᠭᠡᠯ᠎ᠢ ᠤᠯᠠᠷᠢᠭᠤᠯᠬᠤ᠂ ᠠᠰᠠᠭᠤᠨ ᠯᠠᠪᠯᠠᠵᠤ ᠪᠣᠯᠪᠠᠰᠤᠷᠠᠭᠤᠯᠬᠤ ᠵᠡᠷᠭᠡ ᠦᠢᠯᠡᠴᠢᠯᠡᠭᠡ ᠥᠷᠨᠢᠭᠦᠯᠦᠨ᠎ᠡ ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢᠵᠢᠯᠲᠠ ᠵᠢᠨ ᠦᠢᠯᠡᠴᠢᠯᠡᠭᠡᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ ᠃ᠰᠢᠯᠵᠢᠮᠡᠯ ᠢᠨᠲ᠋ᠧᠷ ᠰᠦᠯᠵᠢᠶ᠎ᠡ ᠵᠢ ᠭᠦᠢᠴᠡᠳ ᠠᠰᠢᠭᠯᠠ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢᠨ ᠦᠢᠯᠡᠴᠢᠯᠡᠭᠡ ᠵᠢ ᠥᠷᠨᠢᠭᠦᠯᠦᠨ᠎ᠡ ᠃ 《ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ᠎ᠤ ᠣᠨᠴᠠ ᠲᠣᠮᠢᠯᠠᠯᠲᠠ》 ᠨᠡᠭᠦᠳᠡᠯ ᠮᠡᠳᠡᠭᠡ ᠵᠠᠩᠭᠢ ᠵᠢᠨ ᠦᠢᠯᠡᠴᠢᠯᠡᠭᠡᠨ᠎ᠤ ᠲᠠᠪᠴᠠᠩ ᠪᠠ 12396 ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢᠵᠢᠯᠲᠠ ᠵᠢᠨ ᠦᠢᠯᠡᠴᠢᠯᠡᠭᠡᠨ᠎ᠤ ᠲᠠᠪᠴᠠᠩ ᠵᠡᠷᠭᠡ ᠰᠢᠯᠵᠢᠮᠡᠯ ᠢᠨᠲ᠋ᠧᠷ ᠰᠦᠯᠵᠢᠶᠡᠨ᠎ᠤ ᠲᠠᠪᠴᠠᠩ᠎ᠢ ᠠᠰᠢᠭᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠴᠢ ᠵᠢᠨ ᠰᠦᠯᠵᠢᠶᠡᠨ ᠳᠡᠭᠡᠷᠡᠬᠢ ᠦᠢᠯᠡᠴᠢᠯᠡᠭᠡ ᠵᠢ ᠥᠷᠨᠢᠭᠦᠯᠦᠨ᠎ᠡ ᠃ ᠥᠪᠡᠷᠲᠡᠭᠡᠨ ᠵᠠᠰᠠᠬᠤ ᠣᠷᠣᠨ᠎ᠤ 12396 ᠦᠢᠯᠡᠴᠢᠯᠡᠭᠡᠨ᠎ᠤ ᠲᠥᠪ᠎ᠲᠤ ᠲᠦᠰᠢᠭᠯᠡᠨ᠂ ᠦᠨᠳᠦᠰᠦᠨ ᠱᠠᠲᠤᠨ᠎ᠤ ᠦᠢᠯᠡᠴᠢᠯᠡᠭᠡᠨ᠎ᠤ ᠥᠷᠲᠡᠭᠡ ᠵᠢᠨ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠶ ᠲᠥᠯᠥᠪᠯᠡᠨ ᠥᠷᠭᠡᠳᠬᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠢ ᠵᠣᠬᠢᠶᠠᠨ ᠪᠠᠢ᠌ᠭᠤᠯᠤᠨ ᠰᠦᠯᠵᠢᠶᠡᠨ ᠳᠡᠭᠡᠷ᠎ᠡ ᠪᠣᠯᠪᠠᠰᠤᠷᠠᠭᠤᠯᠬᠤ᠂ ᠰᠦᠯᠵᠢᠶᠡᠨ ᠳᠡᠭᠡᠷ᠎ᠡ ᠵᠢᠭ᠋ᠠᠨ ᠵᠢᠯᠣᠭᠣᠳᠬᠤ᠂ ᠰᠦᠯᠵᠢᠶᠡᠨ ᠳᠡᠭᠡᠷ᠎ᠡ ᠠᠰᠠᠭᠤᠯᠲᠠ ᠵᠢ ᠬᠠᠷᠢᠭᠤᠯᠬᠤ ᠵᠢ ᠥᠷᠨᠢᠭᠦᠯᠵᠦ᠂ ᠦᠢᠯᠡᠴᠢᠯᠡᠭᠡᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ᠎ᠤ ᠪᠣᠳᠠᠲᠠᠶ ᠦᠢᠯᠡᠳᠪᠦᠷᠢᠯᠡᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠨ᠎ᠡ ᠃ 12396 ᠮᠡᠳᠡᠭᠡ ᠵᠠᠩᠭᠢ ᠵᠢᠨ ᠦᠢᠯᠡᠴᠢᠯᠡᠭᠡᠨ᠎ᠤ ᠲᠠᠪᠴᠠᠩ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠂ 《ᠭᠤᠷᠪᠠᠨ ᠣᠷᠣᠨ》᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠂ ᠦᠢᠯᠡᠴᠢᠯᠡᠭᠡᠨ᠎ᠤ ᠲᠠᠪᠴᠠᠩ᠎ᠤᠨ ᠰᠠᠭᠤᠳᠠᠯ ᠲᠤᠰᠬᠠᠶ ᠮᠡᠷᠭᠡᠵᠢᠯᠲᠡᠨ ᠵᠡᠷᠭᠡ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠴᠠᠭ ᠲᠤᠬᠠᠶ᠎ᠳᠤᠨᠢ ᠰᠦᠯᠵᠢᠶᠡᠨ ᠳᠡᠭᠡᠷᠡᠬᠢ ᠲᠠᠷᠢᠶᠠᠯᠠᠩ᠎ᠤᠨ ᠮᠡᠷᠭᠡᠵᠢᠯ᠎ᠤᠨ ᠣᠨ᠂ ᠮᠡᠷᠭᠡᠵᠢᠯ᠎ᠤᠨ ᠪᠣᠯᠪᠠᠰᠤᠷᠠᠭᠤᠯᠤᠯ ᠪᠠ ᠦᠢᠯᠡᠳᠬᠦᠨ᠎ᠤ ᠬᠠᠩᠭ᠋ᠠᠨ ᠪᠣᠷᠣᠯᠠᠭᠤᠯᠭ᠎ᠠ ᠵᠡᠷᠭᠡ ᠮᠡᠳᠡᠭᠡ ᠵᠠᠩᠭᠢ ᠵᠢᠨ ᠦᠢᠯᠡᠴᠢᠯᠡᠭᠡᠨᠢ ᠬᠠᠩᠭ᠋ᠠᠵᠤ᠂ ᠮᠡᠳᠡᠭᠡ ᠵᠠᠩᠭᠢᠵᠢᠯᠲᠠ ᠵᠢᠨ ᠦᠢᠯᠡᠴᠢᠯᠡᠭᠡᠨ᠎ᠤ ᠳᠠᠪᠠᠭᠤᠯᠢᠭ᠎ᠢ ᠪᠠᠳᠠᠷᠠᠭᠤᠯᠤᠨ᠂ ᠪᠣᠢ᠌ᠳᠠ ᠪᠥᠭᠯᠡᠭᠦᠦ ᠭᠠᠵᠠᠷ ᠣᠷᠣᠨ᠎ᠤ ᠲᠤᠬᠠᠶ ᠵᠢᠨ ᠭᠠᠵᠠᠷ᠎ᠲᠤᠨᠢ ᠦᠢᠯᠡᠴᠢᠯᠡᠬᠦ᠎ᠳᠤ ᠬᠦᠴᠢᠷᠲᠡᠶ ᠪᠠᠢ᠌ᠭ᠎ᠠ ᠠᠰᠠᠭᠤᠳᠠᠯ᠎ᠢ ᠰᠢᠢᠳᠪᠦᠷᠢᠯᠡᠨ᠎ᠡ ᠃
ᠡᠯ᠎ᠡ ᠠᠢ᠌ᠮᠠᠭ ᠬᠣᠲᠠ᠂ ᠬᠣᠰᠢᠭᠤ ᠰᠢᠶᠠᠨ᠎ᠨᠢ ᠡᠯ᠎ᠡ ᠲᠥᠷᠥᠯ᠎ᠤᠨ ᠢᠨᠲ᠋ᠧᠷ ᠰᠦᠯᠵᠢᠶ᠎ᠡ ᠵᠢᠨ ᠮᠡᠳᠡᠭᠡ ᠵᠠᠩᠭᠢᠵᠢᠯᠲᠠ ᠵᠢᠨ ᠲᠠᠪᠴᠠᠩ ᠵᠢᠴᠢ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠪᠣᠯᠪᠠᠰᠤᠷᠠᠭᠤᠯᠤᠯ᠎ᠤᠨ ᠪᠠᠢ᠌ᠭᠤᠯᠤᠮᠵᠢ ᠵᠡᠷᠭᠡ ᠰᠦᠯᠵᠢᠶᠡᠨ ᠭᠠᠳᠠᠭᠤᠷᠬᠢ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠢ ᠡᠮᠬᠢᠯᠡᠨ ᠨᠡᠢ᠌ᠯᠡᠭᠦᠯᠵᠦ ᠠᠰᠢᠭᠯᠠᠨ᠂ ᠭᠠᠵᠠᠷ ᠣᠷᠣᠨ ᠬᠤᠪᠢᠶᠠᠵᠤ᠂ ᠲᠠᠰ ᠳᠠᠪᠬᠤᠷᠭ᠎ᠠ ᠬᠤᠪᠢᠶᠠᠵᠤ ᠪᠠᠢ᠌ᠭ᠋ᠠᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠴᠦ ᠠᠳᠠᠯ ᠦᠢᠯᠡᠰ ᠴᠣᠭᠴᠠᠯᠠᠬᠤ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ᠎ᠢ ᠥᠷᠨᠢᠭᠦᠯᠦᠨ᠎ᠡ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠪᠠᠭᠰᠢ ᠵᠢᠨ ᠬᠦᠴᠦᠨ᠎ᠢ ᠬᠥᠮᠦᠵᠢᠭᠦᠯᠵᠦ᠂ ᠨᠢᠭᠡ ᠱᠠᠲᠤ᠎ᠨᠢ ᠨᠢᠭᠡ ᠱᠠᠲᠤ᠎ᠪᠠᠨ ᠳᠠᠢ᠌ᠴᠢᠯᠠᠬᠤ᠎ᠪᠠᠷ ᠳᠠᠮᠵᠢᠭᠤᠯᠤᠨ᠂ ᠪᠣᠯᠪᠠᠰᠤᠷᠠᠭᠤᠯᠬᠤ ᠬᠡᠪᠴᠢᠶ᠎ᠡ ᠪᠠ ᠬᠠᠮᠤᠷᠬᠤ ᠬᠡᠪᠴᠢᠶ᠎ᠡ ᠵᠢ ᠲᠠᠰᠤᠷᠠᠯᠲᠠ ᠥᠬᠡᠶ ᠥᠷᠭᠡᠳᠬᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡ ᠪᠠ ᠠᠳᠠᠯ ᠦᠢᠯᠡᠰ ᠴᠣᠭᠴᠠᠯᠠᠬᠤ ᠵᠢᠨ ᠳᠠᠢ᠌ᠴᠢᠯᠠᠬᠤ ᠴᠢᠳᠠᠪᠤᠷᠢ ᠵᠢ ᠴᠢᠩᠭ᠋ᠠᠷᠠᠭᠤᠯᠤᠨ᠎ᠠ ᠃ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠪᠠᠶᠠᠵᠢᠯ᠎ᠤᠨ ᠳᠠᠭ᠋ᠠᠭᠤᠯᠤᠭᠴᠢ᠂ ᠬᠣᠷᠰᠢᠶ᠎ᠠ ᠵᠢᠨ ᠬᠠᠷᠢᠭᠤᠴᠠᠯᠭ᠋ᠠᠲᠠᠨ᠂ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠂ ᠲᠣᠰᠬᠣᠨ᠎ᠤ ᠱᠦᠵᠢ ᠵᠡᠷᠭᠡ᠎ᠳᠤ ᠲᠠᠷᠢᠶᠠᠯᠠᠩ ᠮᠠᠯ ᠠᠵᠤ ᠠᠬᠤᠶ ᠵᠢᠨ ᠬᠡᠷᠡᠭᠯᠡᠭᠡᠨ᠎ᠤ ᠮᠡᠷᠭᠡᠵᠢᠯ ᠵᠶ᠋ᠡᠷ ᠭᠣᠤᠯ ᠠᠭᠤᠯᠭ᠎ᠠ ᠪᠣᠯᠭ᠋ᠠᠭᠰᠠᠨ ᠲᠤᠰᠬᠠᠶ ᠪᠣᠯᠪᠠᠰᠤᠷᠠᠭᠤᠯᠤᠯ᠎ᠢ ᠥᠷᠨᠢᠭᠦᠯᠦᠨ᠎ᠡ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠬᠣᠭᠣᠷᠣᠨᠳᠣᠬᠢ ᠠᠵᠢᠯ᠎ᠤᠨ ᠰᠣᠯᠢᠯᠴᠠᠭ᠎ᠠ ᠬᠢᠬᠦ ᠪᠠ ᠬᠠᠷᠢᠯᠴᠠᠨ ᠬᠠᠪᠰᠤᠷᠤᠯᠴᠠᠨ ᠲᠤᠰᠠᠯᠠᠯᠴᠠᠬᠤ ᠵᠢ ᠳᠡᠮᠵᠢᠵᠦ᠂ ᠰᠢᠯᠢᠳᠡᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠤᠯᠠᠮᠵᠢᠯᠠᠬᠤ᠂ ᠬᠠᠪᠰᠤᠷᠬᠤ᠂ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ ᠃
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦ ᠰᠢᠨ᠎ᠡ ᠵᠠᠭᠪᠤᠷ ᠢ ᠥᠷᠭᠡᠳᠬᠡᠨ᠎ᠡ ᠃ᠠᠰᠢᠭ ᠲᠤᠰᠠ ᠵᠢᠨ ᠬᠠᠮᠲᠤ ᠵᠢᠨ ᠴᠣᠭᠴᠠ ᠵᠢᠨ ᠵᠠᠭᠪᠤᠷ᠎ᠢ ᠳᠡᠯᠭᠡᠷᠡᠭᠦᠯᠬᠦ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ ᠮᠠᠯᠴᠢᠨ ᠲᠠᠷᠢᠶᠠᠴᠢᠳ᠎ᠤᠨ ᠬᠣᠷᠰᠢᠶ᠎ᠠ᠂ ᠲᠤᠰᠬᠠᠶ ᠮᠡᠷᠭᠡᠵᠢᠯ᠎ᠤᠨ ᠨᠡᠢ᠌ᠭᠡᠮᠯᠢᠭ᠂ ᠲᠠᠷᠢᠶᠠᠯᠠᠩ ᠮᠠᠯ ᠠᠵᠤ ᠠᠬᠤᠶ ᠵᠢᠨ ᠠᠵᠤ ᠠᠬᠤᠢ᠌ᠯᠠᠯ ᠪᠠ ᠮᠡᠷᠭᠡᠵᠢᠯ ᠰᠢᠯᠵᠢᠭᠦᠯᠬᠦ ᠪᠠᠢ᠌ᠭᠤᠯᠤᠮᠵᠢ ᠵᠢ ᠳᠠᠭ᠋ᠠᠭᠤᠯᠤᠨ ᠡᠷᠭᠢᠯᠡᠬᠦ ᠪᠠ ᠬᠠᠮᠵᠢᠯᠴᠠᠨ ᠡᠷᠭᠢᠯᠡᠬᠦ ᠵᠢ ᠳᠡᠮᠵᠢᠨ᠎ᠡ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠬᠣᠯᠪᠣᠭᠳᠠᠯ ᠪᠥᠬᠥᠶ ᠲᠣᠭᠲᠠᠭ᠋ᠠᠯ᠎ᠳᠤ ᠨᠡᠢ᠌ᠴᠡᠭᠰᠡᠨ ᠤᠷᠢᠲᠠᠯ ᠳᠣᠤᠷ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠪᠤᠶᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠪᠠᠷ ᠬᠤᠪᠢ ᠣᠷᠣᠬᠤ᠂ ᠪᠠᠯᠠ ᠮᠥᠩᠭᠥ᠎ᠪᠠᠷ ᠬᠤᠪᠢ ᠣᠷᠣᠬᠤ᠂ ᠮᠡᠷᠭᠡᠵᠢᠯ ᠵᠶ᠋ᠡᠷ ᠬᠤᠪᠢ ᠣᠷᠣᠬᠤ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠦᠢᠯᠡᠴᠢᠯᠡᠬᠦ ᠡᠲᠡᠭᠡᠳ᠎ᠯᠦᠭᠡ 《ᠠᠰᠢᠭ ᠲᠤᠰᠠ ᠵᠢ ᠬᠠᠮᠲᠤ᠎ᠪᠠᠷ ᠭᠥᠷᠳᠡᠬᠦ᠂ ᠲᠦᠭᠰᠢᠭᠦᠷᠢ ᠵᠢ ᠬᠠᠮᠲᠤ᠎ᠪᠠᠷ ᠡᠭᠦᠷᠭᠡᠯᠡᠬᠦ》 ᠠᠰᠢᠭ ᠲᠤᠰᠠ ᠵᠢᠨ ᠬᠠᠮᠲᠤ ᠵᠢᠨ ᠴᠣᠭᠴᠠ ᠪᠠᠢ᠌ᠭᠤᠯᠬᠤ ᠵᠢ ᠳᠡᠮᠵᠢᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠰᠢᠨ᠎ᠡ ᠵᠢ ᠡᠭᠦᠳᠦᠨ ᠠᠳᠠᠯ ᠦᠢᠯᠡᠰ ᠴᠣᠭᠴᠠᠯᠠᠬᠤ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠵᠢᠱ᠌ᠢᠶ᠎ᠡ ᠦᠵᠡᠭᠦᠯᠦᠨ ᠳᠠᠢ᠌ᠴᠢᠯᠠᠬᠤ ᠦᠢᠯᠡᠳᠦᠯ᠎ᠢ ᠵᠣᠷᠢᠭᠵᠢᠭᠤᠯᠤᠨ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠴᠢᠯᠡᠭᠰᠡᠨ ᠦᠢᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ ᠵᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯ᠎ᠤᠨ ᠥᠷᠲᠡᠭᠡ + ᠲᠠᠷᠢᠶᠠᠯᠠᠩ ᠮᠠᠯ ᠠᠵᠤ ᠠᠬᠤᠶ ᠵᠢᠨ ᠨᠡᠢ᠌ᠭᠡᠮᠴᠢᠯᠡᠭᠰᠡᠨ ᠦᠢᠯᠡᠴᠢᠯᠡᠭᠡᠨ᠎ᠤ ᠵᠣᠬᠢᠶᠠᠨ ᠪᠠᠢ᠌ᠭᠤᠯᠤᠯᠲᠠ + ᠮᠠᠯᠵᠢᠬᠤ ᠲᠠᠷᠢᠶᠠᠯᠠᠬᠤ ᠡᠷᠦᠬᠡ》᠂ 《ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ ᠲᠣᠭᠣᠷᠢᠭ + ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ + ᠮᠠᠯᠵᠢᠬᠤ ᠲᠠᠷᠢᠶᠠᠯᠠᠬᠤ ᠡᠷᠦᠬᠡ》᠂ 《ᠰᠢᠩ ᠴᠤᠸᠠᠩ ᠳ᠋ᠢ + ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ + ᠮᠠᠯᠵᠢᠬᠤ ᠲᠠᠷᠢᠶᠠᠯᠠᠬᠤ ᠡᠷᠦᠬᠡ》 ᠵᠡᠷᠭᠡ ᠦᠢᠯᠡᠴᠢᠯᠡᠭᠡᠨ᠎ᠤ ᠵᠠᠭᠪᠤᠷ᠎ᠢ ᠶᠡᠬᠡᠪᠡᠷ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠴᠢᠯᠡᠭᠰᠡᠨ ᠦᠢᠯᠡᠴᠢᠯᠡᠭᠡᠨ᠎ᠤ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ ᠃ ᠡᠯ᠎ᠡ ᠭᠠᠵᠠᠷ᠎ᠤᠨ᠎ᠬᠢᠨ᠎ᠤ ᠣᠷᠣᠨ ᠪᠦᠰᠡ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠢ ᠬᠥᠲᠥᠯᠥᠨ ᠵᠢᠯᠣᠭᠣᠳᠴᠤ ᠪᠠᠢ᠌ᠭ᠋ᠠᠳ ᠦᠢ᠍ᠯᠡᠴᠢᠯᠡᠭᠡᠨ᠎ᠤ ᠲᠠᠯ᠎ᠠ ᠵᠢ᠎ᠨᠢ ᠳᠠᠭ᠋ᠠᠭᠤᠯᠤᠨ᠎ᠠ ᠃
ᠠᠰᠠᠭᠤᠯᠲᠠ
《ᠲᠥᠰᠦᠯ》᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠴᠢ ᠵᠢᠨ ᠠᠵᠢᠯ᠎ᠳᠤ ᠶᠠᠮᠠᠷ ᠶᠠᠮᠠᠷ ᠪᠣᠳᠠᠲᠠᠶ ᠲᠡᠳᠬᠦᠨ ᠳᠡᠮᠵᠢᠬᠦ ᠪᠠ ᠤᠷᠮᠠᠰᠢᠭᠤᠯᠬᠤ ᠲᠥᠷᠥ ᠵᠢᠨ ᠪᠣᠳᠣᠯᠭ᠎ᠠ ᠪᠠᠢ᠌ᠬᠤ ᠪᠣᠶ? 《ᠲᠥᠰᠦᠯ》᠎ᠤᠨ ᠤᠷᠤᠭᠰᠢᠲᠠᠶ ᠬᠡᠷᠡᠭᠵᠢᠭᠦᠯᠦᠭᠳᠡᠬᠦ ᠵᠢ ᠬᠡᠷᠬᠢᠨ ᠪᠠᠲᠤᠯᠠᠬᠤ ᠪᠣᠶ?
ᠬᠠᠷᠢᠭᠤᠯᠲᠠ᠄《ᠲᠥᠰᠦᠯ》᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯ᠎ᠢ ᠳᠡᠮᠵᠢᠬᠦ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠪᠠ ᠃ ᠥᠪᠡᠷᠲᠡᠭᠡᠨ ᠵᠠᠰᠠᠬᠤ ᠣᠷᠣᠨ᠎ᠤ ᠳᠠᠪᠬᠤᠷᠭ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠲᠤᠰᠬᠠᠶ ᠮᠡᠷᠭᠡᠵᠢᠯᠲᠡᠨ᠎ᠤ ᠠᠵᠢᠯᠯᠠᠬᠤ ᠥᠷᠲᠡᠭᠡ ᠵᠢ ᠳᠡᠩᠰᠡᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠤ ᠦᠢᠯᠡᠰ᠎ᠤᠨ ᠦᠢᠯᠡᠴᠢᠯᠡᠭᠡᠨ᠎ᠤ ᠪᠦᠯᠬᠦᠮ᠎ᠢ ᠵᠣᠬᠢᠶᠠᠨ ᠪᠠᠢ᠌ᠭᠤᠯᠤᠨ ᠦᠨᠳᠦᠰᠦᠨ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡᠨ᠎ᠤ ᠠᠵᠢᠯ᠎ᠢ ᠥᠷᠨᠢᠭᠦᠯᠬᠦ ᠵᠢᠨ ᠬᠠᠮᠲᠤ᠂ ᠣᠨ᠎ᠤ ᠠᠵᠢᠯ᠎ᠤᠨ ᠬᠡᠷᠡᠭᠵᠢᠭᠦᠯᠬᠦ ᠲᠥᠰᠦᠯ ᠪᠠ ᠠᠮᠵᠢᠯᠲᠠ ᠪᠦᠲᠦᠮᠵᠢ ᠵᠢᠨ ᠬᠠᠷᠠᠯᠲᠠ ᠵᠢ ᠦᠨᠳᠦᠰᠦᠯᠡᠨ ᠪᠦᠯᠬᠦᠮ ᠨᠢᠭᠡᠪᠦᠷᠢ᠎ᠳᠤ ᠵᠣᠬᠢᠬᠤ ᠵᠠᠷᠤᠳᠠᠯ᠎ᠤᠨ ᠳᠡᠮᠵᠢᠯᠭᠡ ᠦᠵᠡᠭᠦᠯᠦᠨ᠎ᠡ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠴᠢ ᠵᠢᠨ ᠦᠨᠳᠦᠰᠦᠨ ᠱᠠᠲᠤᠨ᠎ᠤ ᠠᠵᠢᠯ᠎ᠤᠨ ᠥᠷᠲᠡᠭᠡ ᠵᠢ ᠮᠠᠭ᠋ᠠᠳᠯᠠᠨ ᠲᠣᠭᠲᠠᠭ᠋ᠠᠬᠤ ᠪᠠ ᠠᠵᠢᠯ᠎ᠤᠨ ᠠᠮᠵᠢᠯᠲᠠ ᠪᠦᠲᠦᠮᠵᠢ ᠵᠢ᠎ᠨᠢ ᠦᠨᠡᠯᠡᠨ ᠵᠢᠱ᠌ᠢᠬᠦ ᠵᠢ ᠥᠷᠨᠢᠭᠦᠯᠵᠦ᠂ ᠦᠨᠡᠯᠡᠨ ᠵᠢᠱ᠌ᠢᠭᠰᠡᠨ ᠰᠢᠯᠢᠳᠡᠭ ᠦᠨᠳᠦᠰᠦᠨ ᠱᠠᠲᠤᠨ᠎ᠤ ᠠᠵᠢᠯ᠎ᠤᠨ ᠥᠷᠲᠡᠭᠡ᠎ᠳᠤ ᠣᠨ ᠵᠶ᠋ᠠᠷ 15 ᠲᠦᠮᠡᠨ ᠲᠥᠭᠥᠷᠢᠭ᠎ᠠᠴᠠ ᠳᠣᠤᠷ᠎ᠠ ᠪᠠᠢ᠌ᠯᠭ᠋ᠠᠬᠤ ᠥᠬᠡᠶ ᠳᠠᠷᠠᠭ᠎ᠠ᠎ᠨᠢ ᠨᠥᠬᠥᠪᠥᠷᠢ ᠥᠭᠴᠦ ᠳᠡᠮᠵᠢᠯᠭᠡ ᠦᠵᠡᠭᠦᠯᠦᠨ᠎ᠡ ᠃ ᠠᠢ᠌ᠮᠠᠭ ᠬᠣᠲᠠ᠂ ᠬᠣᠰᠢᠭᠤ ᠰᠢᠶᠠᠨ᠎ᠤ ᠱᠠᠲᠤᠨ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠴᠢ᠂ ᠬᠠᠤᠯᠢ ᠵᠢᠨ ᠡᠷᠬᠡᠲᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠴᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠵᠢᠨ ᠦᠢᠯᠡᠴᠢᠯᠡᠭᠡᠨ᠎ᠤ ᠲᠠᠪᠴᠠᠩ᠎ᠤᠨ ᠠᠵᠢᠯ᠎ᠤᠨ ᠲᠥᠷᠥ ᠵᠢᠨ ᠪᠣᠳᠣᠯᠭ᠎ᠠ ᠪᠠ ᠪᠠᠯᠠ ᠮᠥᠩᠭᠥ ᠵᠢᠨ ᠳᠡᠮᠵᠢᠯᠭᠡ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠦᠷ᠎ᠡ ᠪᠦᠲᠦᠮᠵᠢ᠎ᠪᠠᠷ ᠲᠣᠪᠣᠢ᠌ᠮ᠎ᠠ ᠲᠡᠷᠢᠭᠦᠨ᠎ᠤ ᠬᠠᠮᠲᠤ᠂ ᠲᠡᠷᠢᠭᠦᠨ᠎ᠤ ᠬᠤᠪᠢ ᠬᠥᠮᠦᠨ᠎ᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠥᠶ ᠲᠣᠭᠲᠠᠭ᠋ᠠᠯ ᠶᠣᠰᠣᠭ᠋ᠠᠷ ᠰᠠᠢ᠌ᠰᠢᠶᠠᠨ ᠬᠥᠬᠢᠭᠦᠯᠵᠦ ᠱᠠᠩᠨᠠᠨ᠎ᠠ ᠃
ᠲᠥᠰᠦᠯ᠎ᠤᠨ ᠤᠷᠤᠭᠰᠢᠲᠠᠶ ᠬᠡᠷᠡᠭᠵᠢᠭᠦᠯᠦᠭᠳᠡᠬᠦ ᠵᠢ ᠪᠠᠲᠤᠯᠠᠬᠤ ᠵᠢᠨ ᠲᠥᠯᠥᠭᠡ᠂ ᠲᠥᠰᠦᠯ᠎ᠳᠤ ᠪᠠᠰᠠ ᠬᠠᠮᠢᠶᠠᠷᠤᠯᠲᠠ ᠦᠢᠯᠡᠴᠢᠯᠡᠭᠡᠨ᠎ᠤ ᠲᠣᠭᠲᠠᠴᠠ ᠵᠢᠨ ᠰᠢᠨ᠎ᠡ ᠵᠢ ᠡᠭᠦᠳᠴᠦ᠂ ᠡᠯ᠎ᠡ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠬᠠᠮᠢᠶᠠᠷᠤᠯᠲᠠ ᠵᠢᠨ ᠠᠵᠢᠯ᠎ᠳᠠᠬᠢ ᠭᠣᠤᠯ ᠴᠣᠭᠴᠠ ᠵᠢᠨ ᠦᠢᠯᠡᠳᠦᠯ᠎ᠢ ᠴᠢᠩᠭ᠋ᠠᠳᠬᠠᠵᠤ᠂ ᠦᠷᠭᠦᠯᠵᠢᠯᠡᠨ ᠲᠣᠭᠲᠠᠭᠤᠨ ᠪᠠᠢ᠌ᠬᠤ ᠠᠵᠢᠯ᠎ᠤᠨ ᠦᠢᠯᠡᠴᠢᠯᠡᠭᠡᠨ᠎ᠤ ᠰᠢᠰᠲ᠋ᠧᠮ᠎ᠢ ᠪᠠᠢ᠌ᠭᠤᠯᠪᠠ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠢ ᠰᠣᠩᠭᠣᠨ ᠲᠣᠮᠢᠯᠠᠬᠤ ᠳᠦᠷᠢᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠬᠠᠮᠢᠶᠠᠷᠤᠯᠲᠠ ᠵᠢ ᠵᠢᠷᠤᠮᠵᠢᠭᠤᠯᠤᠨ᠂ ᠲᠥᠷᠥᠯ ᠬᠤᠪᠢᠶᠠᠨ ᠬᠠᠮᠢᠶᠠᠷᠬᠤ ᠵᠠᠷᠴᠢᠮ᠎ᠤᠨ ᠶᠣᠰᠣᠭ᠋ᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠢ ᠬᠢᠨᠠᠨ ᠰᠢᠯᠭ᠋ᠠᠬᠤ᠂ ᠦᠨᠡᠯᠡᠬᠦ ᠪᠠ ᠪᠤᠴᠠᠭ᠋ᠠᠵᠤ ᠭᠠᠷᠭ᠋ᠠᠬᠤ ᠰᠢᠨᠵᠢᠯᠡᠬᠦ ᠤᠬᠠᠭ᠋ᠠᠨᠴᠢ ᠲᠣᠭᠲᠠᠴᠠ ᠵᠢ ᠪᠤᠶ ᠪᠣᠯᠭ᠋ᠠᠨ᠎ᠠ ᠃ ᠡᠭᠦᠨ᠎ᠤ ᠬᠠᠮᠲᠤ᠂ ᠡᠯ᠎ᠡ ᠭᠠᠵᠠᠷ᠎ᠤᠨ ᠡᠯ᠎ᠡ ᠲᠥᠷᠥᠯ᠎ᠤᠨ ᠵᠠᠭᠤᠴᠢᠯᠠᠭᠤᠷ᠎ᠤᠨ ᠲᠠᠪᠴᠠᠩ᠎ᠢ ᠠᠰᠢᠭᠯᠠᠨ ᠤᠬᠠᠭᠤᠯᠤᠨ ᠳᠠᠢ᠌ᠴᠢᠯᠠᠬᠤ᠎ᠪᠠᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠴᠢ ᠵᠢᠨ ᠨᠡᠢ᠌ᠲᠡᠯᠢᠭ ᠦᠢᠯᠡ ᠠᠵᠢᠯᠯᠠᠭ᠎ᠠ ᠵᠢ ᠶᠡᠬᠡ᠎ᠪᠠᠷ ᠤᠬᠠᠭᠤᠯᠤᠨ᠂ ᠰᠢᠨᠵᠢᠯᠡᠬᠦ ᠤᠬᠠᠭ᠋ᠠᠨ᠎ᠤ ᠵᠣᠷᠢᠭ ᠰᠠᠨᠠᠭ᠎ᠠ ᠪᠣᠯᠤᠨ ᠦᠢᠯᠡᠰ ᠪᠤᠰᠬᠠᠬᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠥᠳᠬᠡᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠨᠠᠩ ᠣᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠂ ᠲᠠᠷᠢᠶᠠᠯᠠᠩ ᠮᠠᠯ ᠠᠵᠤ ᠠᠬᠤᠶ ᠵᠢᠨ ᠠᠵᠤ ᠠᠬᠤᠢ᠌ᠯᠠᠯ ᠪᠣᠯᠤᠨ ᠡᠯ᠎ᠡ ᠲᠥᠷᠥᠯ᠎ᠤᠨ ᠪᠠᠢ᠌ᠭᠤᠯᠤᠮᠵᠢ ᠵᠢᠨ᠎ᠬᠢᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠴᠢ ᠮᠠᠯᠵᠢᠬᠤ ᠲᠠᠷᠢᠶᠠᠯᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢᠯᠡᠴᠢᠯᠡᠭᠡ ᠪᠣᠯᠤᠨ ᠰᠢᠨ᠎ᠡ ᠵᠢ ᠡᠭᠦᠳᠦᠨ ᠦᠢᠯᠡᠰ ᠪᠤᠰᠬᠠᠬᠤ᠎ᠳᠤ ᠢᠳᠡᠪᠬᠢᠲᠡᠶ ᠣᠷᠣᠯᠴᠠᠬᠤ ᠵᠢ ᠵᠣᠷᠢᠭᠵᠢᠭᠤᠯᠤᠨ᠎ᠠ ᠃