ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ 《ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠤᠨ ᠪᠠᠯᠠ ᠮᠥᠩᠭᠥ ᠵᠢᠨ ᠬᠠᠮᠢᠶᠠᠷᠤᠯᠲᠠ ᠵᠢᠨ ᠬᠣᠯᠪᠣᠭᠳᠠᠯ ᠪᠥᠬᠥᠶ ᠲᠣᠭᠲᠠᠭ᠋ᠠᠯ᠎ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠠᠵᠤ ᠠᠬᠤᠢ᠌ᠯᠠᠯ ᠪᠣᠯᠤᠨ ᠥᠷᠭᠡᠨ ᠣᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠥᠷᠭᠡᠨ ᠳᠡᠯᠭᠡᠷ ᠠᠩᠬᠠᠷᠤᠯ᠎ᠢ ᠲᠠᠲᠠᠪᠠ ᠃ ᠨᠡᠢ᠌ᠭᠡᠮ᠎ᠤᠨ᠎ᠬᠢᠨ᠎ᠤ ᠠᠩᠬᠠᠷᠴᠤ ᠪᠠᠢ᠌ᠭ᠎ᠠ ᠠᠰᠠᠭᠤᠳᠠᠯ᠎ᠳᠤ ᠬᠠᠷᠢᠭᠤᠯᠲᠠ ᠥᠭᠴᠦ᠂ ᠣᠯᠠᠨ᠎ᠢ ᠬᠠᠪᠰᠤᠷᠤᠨ ᠰᠢᠨ᠎ᠡ ᠲᠥᠷᠥ ᠵᠢᠨ ᠪᠣᠳᠣᠯᠭ᠎ᠠ ᠵᠢᠨ ᠠᠭᠤᠯᠤᠭᠳᠠᠬᠤᠨ᠎ᠢ ᠨᠠᠷᠢᠨ ᠣᠢ᠌ᠯᠠᠭ᠋ᠠᠭᠤᠯᠵᠤ᠂ ᠥᠪᠥᠷ ᠮᠣᠩᠭᠣᠯ᠎ᠤᠨ ᠰᠢᠨ᠎ᠡ ᠵᠢ ᠡᠭᠦᠳᠬᠦ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠭᠠᠵᠠᠷ᠎ᠤᠨ ᠬᠠᠷᠢᠭᠤᠴᠠᠯᠭ᠋ᠠᠲᠠᠨ᠎ᠢ ᠣᠨᠴᠠᠭ᠋ᠠᠢ᠌ᠯᠠᠨ ᠤᠷᠢᠵᠤ ᠬᠠᠮᠢᠶ᠎ᠠ ᠪᠥᠬᠥᠶ ᠠᠰᠠᠭᠤᠳᠠᠯ᠎ᠤᠨ ᠲᠤᠬᠠᠶ ᠲᠠᠢ᠌ᠯᠤᠮᠵᠢ ᠬᠢᠯᠭᠡᠪᠡ ᠃
ᠠᠰᠠᠭᠤᠯᠲᠠ᠄ 《ᠮᠡᠳᠡᠭᠳᠡᠯ》᠎ᠢ ᠨᠡᠢ᠌ᠲᠡᠯᠡᠭᠰᠡᠨ ᠠᠬᠤᠶ ᠪᠠᠢ᠌ᠳᠠᠯ᠎ᠨᠢ ᠶᠠᠭᠤ ᠪᠣᠶ?ᠴᠢᠬᠤᠯᠠ ᠠᠴᠢ ᠬᠣᠯᠪᠣᠭᠳᠠᠯ᠎ᠨᠢ ᠶᠠᠭᠤ ᠪᠤᠢ?
ᠬᠠᠷᠢᠭᠤᠯᠲᠠ᠄ 《〈ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ〉 ᠠᠵᠢᠯᠯᠠᠭ᠎ᠠ ᠵᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠦᠭᠦᠳ》᠎ᠲᠠᠬᠢ ᠬᠣᠯᠪᠣᠭᠳᠠᠯ ᠪᠥᠬᠥᠶ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢᠯ᠎ᠤᠨ ᠵᠠᠷᠤᠳᠠᠯ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠨᠢ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ ᠲᠣᠰ 《ᠮᠡᠳᠡᠭᠳᠡᠯ》᠎ᠢ ᠲᠣᠭᠲᠠᠭ᠋ᠠᠪᠠ ᠃ 《ᠮᠡᠳᠡᠭᠳᠡᠯ》᠎ᠨᠢ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠲᠥᠷᠥ ᠵᠢᠨ ᠪᠣᠳᠣᠯᠭ᠎ᠠ ᠵᠢᠨ ᠵᠣᠷᠢᠭ ᠰᠠᠨᠠᠭ᠎ᠠ ᠵᠢ ᠦᠨᠳᠦᠰᠦᠯᠡᠨ᠂ ᠣᠲᠣ ᠵᠢᠨ ᠬᠡᠷᠡᠭᠵᠢᠭᠦᠯᠵᠦ ᠪᠠᠢ᠌ᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠶ ᠪᠠᠯᠠ ᠮᠥᠩᠭᠥ ᠵᠢᠨ ᠬᠠᠮᠢᠶᠠᠷᠤᠯᠲᠠ ᠵᠢᠨ ᠲᠣᠭᠲᠠᠭ᠋ᠠᠯ᠎ᠳᠤ ᠲᠣᠬᠢᠷᠠᠭᠤᠯᠤᠯᠲᠠ ᠬᠢᠵᠦ᠂ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠪᠠ ᠤᠷᠮᠠᠰᠢᠭᠤᠯᠬᠤ ᠡᠷᠴᠢᠮ ᠵᠶ᠋ᠡᠨ ᠴᠢᠩᠭ᠋ᠠᠷᠠᠭᠤᠯᠤᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠨᠠᠩ ᠶᠡᠬᠡ ᠡᠵᠡᠨ ᠮᠡᠳᠡᠬᠦ ᠡᠷᠬᠡ ᠣᠯᠭᠣᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠭᠦᠢᠴᠡᠳ ᠬᠥᠭᠵᠢᠭᠡᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠨᠢᠭᠡ ᠰᠡᠳᠬᠢᠯ ᠵᠶ᠋ᠡᠷ ᠰᠤᠳᠤᠯᠭ᠋ᠠᠨ ᠬᠢᠬᠦ᠎ᠳᠤ ᠰᠠᠢ᠌ᠨ ᠰᠠᠢ᠌ᠬᠠᠨ ᠲᠦᠷᠢᠮ᠎ᠤᠨ ᠣᠷᠴᠢᠨ ᠨᠥᠬᠥᠴᠡᠯ᠎ᠢ ᠡᠭᠦᠳᠴᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠭᠦᠢᠴᠡᠳ ᠬᠥᠭᠵᠢᠭᠡᠵᠡᠶ ᠃
ᠠᠰᠠᠭᠤᠯᠲᠠ᠄ ᠬᠡᠷᠡᠭᠯᠡᠬᠦ ᠬᠡᠪᠴᠢᠶ᠎ᠡ᠎ᠨᠢ ᠶᠠᠭᠤ ᠶᠠᠭᠤ ᠪᠣᠶ?
ᠬᠠᠷᠢᠭᠤᠯᠲᠠ ᠲᠥᠪ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠤᠨ ᠪᠠᠯᠠ ᠮᠥᠩᠭᠥ ᠵᠢᠨ ᠬᠠᠮᠢᠶᠠᠷᠤᠯᠲᠠ ᠵᠢ ᠲᠥᠪ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠦᠢᠯ᠎ᠤᠨ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢᠨ ᠶᠣᠰᠣᠭ᠋ᠠᠷ ᠬᠡᠷᠡᠭᠵᠢᠭᠦᠯᠵᠦ᠂ ᠠᠢ᠌ᠮᠠᠭ ᠬᠣᠲᠠ ᠬᠣᠰᠢᠭᠤ ᠰᠢᠶᠠᠨ᠎ᠢ ᠵᠣᠷᠢᠭᠵᠢᠭᠤᠯᠵᠤ ᠪᠠᠢ᠌ᠭ᠋ᠠᠳ ᠥᠪᠡᠷᠲᠡᠭᠡᠨ ᠵᠠᠰᠠᠬᠤ ᠣᠷᠣᠨ᠎ᠤ ᠠᠷᠭ᠎ᠠ ᠬᠢᠳᠡᠯ ᠵᠶ᠋ᠡᠷ ᠯᠠᠪᠯᠠᠯᠲᠠ ᠪᠣᠯᠭ᠋ᠠᠵᠤ᠂ ᠲᠣᠰ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠤᠨ ᠪᠠᠯᠠ ᠮᠥᠩᠭᠥ ᠵᠢᠨ ᠬᠠᠮᠢᠶᠠᠷᠤᠯᠲᠠ᠎ᠳᠤ ᠰᠢᠨ᠎ᠡ ᠵᠢ ᠡᠭᠦᠳᠦᠨ᠎ᠡ ᠃
ᠠᠰᠠᠭᠤᠯᠲᠠ᠄ 《ᠮᠡᠳᠡᠭᠳᠡᠯ》᠎ᠳᠤ ᠶᠠᠮᠠᠷ ᠶᠠᠮᠠᠷ 《ᠬᠢᠯᠠᠰ ᠴᠡᠭ》 ᠪᠠᠢ᠌ᠬᠤ ᠪᠣᠶ?
ᠬᠠᠷᠢᠭᠤᠯᠲᠠ
ᠠᠰᠠᠭᠤᠯᠲᠠ᠄ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠡᠷᠡᠭᠯᠡᠯᠲᠡ ᠪᠠ ᠬᠠᠮᠢᠶᠠᠷᠤᠯᠲᠠ ᠵᠢᠨ ᠠᠷᠭ᠎ᠠ ᠬᠡᠯᠪᠡᠷᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠪᠠ ᠠᠵᠢᠯᠯᠠᠭ᠋ᠠᠨ᠎ᠤ ᠲᠣᠭᠲᠠᠴᠠ ᠵᠢ ᠥᠭᠡᠷᠡᠴᠢᠯᠡᠬᠦ ᠪᠠ ᠥᠷᠭᠡᠨ ᠣᠯᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠢᠳᠡᠪᠬᠢᠵᠢᠯ ᠪᠠ ᠪᠦᠲᠦᠭᠡᠯᠴᠢ ᠴᠢᠨᠠᠷ᠎ᠢ ᠬᠥᠭᠵᠢᠭᠡᠬᠦ ᠲᠠᠯ᠎ᠠ᠎ᠪᠠᠷ᠂ 《ᠮᠡᠳᠡᠭᠳᠡᠯ》᠎ᠳᠤ ᠶᠠᠮᠠᠷ ᠶᠠᠮᠠᠷ ᠠᠷᠭ᠎ᠠ ᠬᠡᠮᠵᠢᠶ᠎ᠡ ᠵᠢ ᠳᠤᠷᠠᠳᠤᠭᠰᠠᠨ ᠪᠣᠶ?
ᠬᠠᠷᠢᠭᠤᠯᠲᠠ
ᠬᠣᠶᠠᠷ᠎ᠲᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢᠯ᠎ᠤᠨ ᠵᠠᠷᠤᠳᠠᠯ᠎ᠤᠨ ᠬᠠᠮᠢᠶᠠᠷᠤᠯᠲᠠ ᠬᠡᠷᠡᠭᠯᠡᠯᠲᠡ ᠵᠢᠨ ᠡᠵᠡᠨ ᠮᠡᠳᠡᠬᠦ ᠡᠷᠬᠡ ᠵᠢ ᠥᠷᠭᠡᠳᠬᠡᠵᠦ᠂ ᠲᠥᠷᠥᠯ ᠵᠦᠢᠯ᠎ᠤᠨ ᠰᠢᠭᠤᠳ ᠵᠠᠷᠤᠳᠠᠯ᠎ᠤᠨ ᠳᠣᠲᠣᠷ᠎ᠠ᠎ᠠᠴᠠ ᠲᠥᠬᠥᠭᠡᠷᠦᠮᠵᠢ ᠵᠢᠨ ᠵᠠᠷᠤᠳᠠᠯ᠎ᠢ ᠭᠠᠷᠭ᠋ᠠᠪᠠᠯ᠂ ᠪᠤᠰᠤᠳ ᠲᠥᠷᠥᠯ ᠵᠦᠢᠯ᠎ᠤᠨ ᠵᠠᠷᠤᠳᠠᠯ᠎ᠢ ᠲᠣᠬᠢᠷᠠᠭᠤᠯᠬᠤ ᠡᠷᠬᠡ ᠵᠢ ᠪᠦᠬᠦᠨ᠎ᠢ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠢ᠎ᠳᠤ ᠪᠠᠭᠤᠯᠭ᠋ᠠᠨ᠎ᠠ ᠃
ᠭᠤᠷᠪᠠ᠎ᠳᠤ᠂ ᠲᠥᠷᠥᠯ ᠵᠦᠢᠯ᠎ᠤᠨ ᠵᠠᠷᠤᠳᠠᠯ᠎ᠢ ᠬᠡᠷᠡᠭᠯᠡᠬᠦ 《ᠳᠠᠭ᠋ᠠᠭ᠋ᠠᠴᠢᠯᠠᠯᠲᠠ ᠵᠢᠨ ᠲᠦᠷᠢᠮ》᠎ᠤᠨ ᠲᠤᠷᠰᠢᠯᠲᠠ ᠵᠢ ᠥᠷᠨᠢᠭᠦᠯᠵᠦ᠂ ᠬᠢᠴᠢᠶᠡᠯ ᠲᠥᠷᠥᠯ᠎ᠤᠨ ᠬᠠᠷᠢᠴᠠᠯ᠎ᠤᠨ ᠬᠢᠵᠠᠭ᠋ᠠᠷᠯᠠᠯ ᠭᠠᠷᠭ᠋ᠠᠬᠤ ᠥᠬᠡᠶ᠂ ᠡᠷᠳᠡᠮ ᠰᠢᠨᠵᠢᠯᠡᠭᠡᠨ᠎ᠤ ᠪᠦᠯᠬᠦᠮ ᠨᠡᠢ᠌ᠲᠡ᠎ᠠᠴᠠ ᠡᠵᠡᠨ ᠮᠡᠳᠡᠵᠦ ᠲᠣᠭᠲᠠᠭ᠋ᠠᠵᠤ ᠬᠡᠷᠡᠭᠯᠡᠨ᠎ᠡ ᠃
ᠳᠥᠷᠪᠡ᠎ᠳᠤ ᠲᠥᠷᠥᠯ ᠵᠦᠢ᠍ᠯ᠎ᠤᠨ ᠳᠠᠮ ᠵᠠᠷᠤᠳᠠᠯ᠎ᠤᠨ ᠠᠮᠵᠢᠯᠲᠠ ᠪᠦᠲᠦᠮᠵᠢ ᠵᠢᠨ ᠵᠠᠷᠤᠯᠭ᠎ᠠ ᠵᠢ ᠲᠥᠷᠥᠯ ᠵᠦᠢ᠍ᠯ᠎ᠢ ᠬᠡᠷᠡᠭᠵᠢᠭᠦᠯᠵᠦ ᠪᠠᠢ᠌ᠭ᠎ᠠ ᠠᠬᠢᠴᠠ ᠵᠢᠨ ᠶᠣᠰᠣᠭ᠋ᠠᠷ ᠣᠯᠭᠣᠵᠤ ᠪᠣᠯᠤᠨ᠎ᠠ ᠃
ᠠᠰᠠᠭᠤᠯᠲᠠ᠄ 《ᠮᠡᠳᠡᠭᠳᠡᠯ》᠎ᠳᠤ ᠲᠥᠷᠥᠯ ᠵᠦᠢᠯ᠎ᠤᠨ ᠪᠠᠯᠠ ᠮᠥᠩᠭᠥ ᠰᠢᠯᠵᠢᠭᠦᠯᠦᠨ ᠥᠭᠬᠦ ᠠᠷᠭ᠎ᠠ ᠮᠠᠶᠢᠭ᠎ᠢ ᠰᠠᠢ᠌ᠵᠢᠷᠠᠭᠤᠯᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠳᠤᠷᠠᠳᠤᠭᠰᠠᠨ ᠪᠣᠶ?
ᠬᠠᠷᠢᠭᠤᠯᠲᠠ᠄ ᠨᠢᠭᠡ᠎ᠳᠤ᠂ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠦᠢᠯ ᠵᠶ᠋ᠡᠷ ᠰᠢᠯᠵᠢᠭᠦᠯᠦᠨ ᠥᠭᠬᠦ ᠭᠦᠢᠴᠡᠳᠬᠡᠯ ᠲᠣᠭ᠎ᠠ ᠵᠢᠨ ᠪᠢᠴᠢᠭ ᠮᠠᠲ᠋ᠧᠷᠢᠶᠠᠯ᠎ᠢ ᠣᠯᠤᠭᠰᠠᠨ᠎ᠤ ᠳᠠᠷᠠᠭ᠎ᠠ᠂ 30 ᠠᠵᠢᠯᠯᠠᠬᠤ ᠡᠳᠦᠷ᠎ᠤᠨ ᠳᠣᠲᠣᠷ᠎ᠠ ᠪᠠᠯᠠ ᠮᠥᠩᠭᠥ ᠵᠢ ᠲᠥᠷᠥᠯ ᠵᠦᠢᠯ᠎ᠤᠨ ᠨᠢᠭᠡᠴᠢ᠎ᠳᠤ ᠪᠠᠭᠤᠯᠭ᠋ᠠᠬᠤ ᠬᠡᠷᠡᠭᠲᠡᠶ᠂ ᠰᠠᠭ᠋ᠠᠲᠠᠭ᠋ᠠᠵᠤ᠂ ᠦᠯᠡᠳᠡᠭᠡᠨ ᠠᠪᠴᠤ᠂ ᠨᠡᠭᠦᠯᠭᠡᠨ ᠬᠡᠷᠡᠭᠯᠡᠵᠦ ᠪᠣᠯᠬᠤ ᠥᠬᠡᠶ ᠃
ᠬᠣᠶᠠᠷ᠎ᠲᠤ᠂ ᠲᠥᠰᠦᠪ᠎ᠤᠨ ᠨᠢᠭᠡᠴᠡ᠎ᠠᠴᠠ ᠬᠡᠰᠡᠭ ᠡᠷᠳᠡᠮ ᠰᠢᠨᠵᠢᠯᠡᠭᠡᠨ᠎ᠤ ᠲᠥᠷᠥᠯ ᠵᠦᠢᠯ᠎ᠤᠨ ᠪᠠᠯᠠ ᠮᠥᠩᠭᠥ ᠵᠢ ᠲᠣᠰ ᠨᠢᠭᠡᠴᠡ ᠵᠢᠨ ᠵᠶ᠋ᠡᠨ ᠦᠯᠡᠳᠡᠪᠦᠷᠢ ᠥᠬᠡᠶ ᠲᠠᠩᠰᠠᠨ ᠡᠷᠦᠬᠡ᠎ᠠᠴᠠ ᠲᠣᠰ ᠨᠢᠭᠡᠴᠡ ᠪᠤᠶᠤ ᠪᠤᠰᠤᠳ ᠲᠥᠰᠦᠪ᠎ᠤᠨ ᠨᠢᠭᠡᠴᠡ ᠵᠢᠨ ᠪᠣᠳᠠᠲᠠᠶ ᠪᠠᠢ᠌ᠭ᠎ᠠ ᠪᠠᠯᠠ ᠮᠥᠩᠭᠥ ᠵᠢᠨ ᠲᠠᠩᠰᠠᠨ ᠡᠷᠦᠬᠡ᠎ᠳᠤ ᠬᠤᠪᠢᠶᠠᠷᠢᠯᠠᠨ ᠰᠢᠯᠵᠢᠭᠦᠯᠬᠦ ᠵᠢ ᠵᠥᠪᠰᠢᠶᠡᠷᠡᠵᠦ᠂ ᠪᠠᠯᠠ ᠮᠥᠩᠭᠥ ᠵᠢᠨ ᠬᠡᠷᠡᠭᠯᠡᠯᠲᠡ ᠪᠠ ᠬᠠᠮᠢᠶᠠᠷᠤᠯᠲᠠ᠎ᠳᠤ ᠲᠥᠬᠥᠮ ᠦᠵᠡᠭᠦᠯᠦᠨ᠎ᠡ ᠃
ᠠᠰᠠᠭᠤᠯᠲᠠ᠄ 《ᠮᠡᠳᠡᠭᠳᠡᠯ》᠎ᠳᠤ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠵᠡᠷᠭᠡ ᠠᠵᠢᠯ ᠦᠢᠯᠡᠰ᠎ᠤᠨ ᠨᠢᠭᠡᠴᠡ ᠵᠢᠨ ᠬᠠᠮᠢᠶᠠᠷᠤᠯᠲᠠ ᠵᠢᠨ ᠡᠷᠬᠡ ᠵᠢᠨ ᠬᠢᠵᠠᠭ᠋ᠠᠷ᠎ᠢ ᠥᠷᠭᠡᠳᠬᠡᠬᠦ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ?
ᠬᠠᠷᠢᠭᠤᠯᠲᠠ
ᠬᠣᠶᠠᠷ᠎ᠲᠤ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠵᠡᠷᠭᠡ ᠠᠵᠢᠯ ᠦᠢ᠍ᠯᠡᠰ᠎ᠤᠨ ᠨᠢᠭᠡᠴᠡ ᠵᠢᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠎ᠤᠨ ᠳᠠᠮ ᠵᠠᠷᠤᠳᠠᠯ᠎ᠢ ᠡᠭᠦᠷᠭᠡᠯᠡᠬᠦ ᠵᠢᠨ ᠬᠢᠨᠠᠨ ᠲᠣᠭᠲᠠᠭ᠋ᠠᠭᠰᠠᠨ ᠬᠠᠷᠢᠴᠠᠯ᠎ᠢ ᠳᠡᠭᠡᠭᠰᠢᠯᠡᠭᠦᠯᠦᠨ᠎ᠡ ᠃ ᠰᠢᠭᠤᠳ ᠵᠠᠷᠤᠳᠠᠯ᠎ᠠᠴᠠ ᠲᠥᠬᠥᠭᠡᠷᠦᠮᠵᠢ ᠵᠢᠨ ᠵᠠᠷᠤᠳᠠᠯ᠎ᠢ ᠬᠠᠰᠤᠵᠤ ᠭᠠᠷᠭ᠋ᠠᠭᠰᠠᠨ᠎ᠤ ᠳᠠᠷᠠᠭ᠎ᠠ᠂ 500 ᠲᠦᠮᠡᠨ ᠲᠥᠭᠥᠷᠢᠭ᠎ᠠᠴᠠ ᠳᠣᠭᠣᠭᠰᠢ (500 ᠲᠦᠮᠡᠨ ᠲᠥᠭᠥᠷᠢᠭ ᠪᠠᠭᠲᠠᠨ᠎ᠠ) ᠬᠡᠰᠡᠭ᠎ᠤᠨ ᠳᠠᠮ ᠵᠠᠷᠤᠳᠠᠯ᠎ᠢ ᠬᠠᠮᠤᠭ ᠥᠨᠳᠥᠷ᠎ᠲᠡᠭᠡᠨ 30 % ᠬᠦᠷᠲᠡᠯ᠎ᠡ ᠳᠡᠭᠡᠭᠰᠢᠯᠡᠭᠦᠯᠵᠦ ᠪᠣᠯᠤᠨ᠎ᠠ᠂ 500 ᠲᠦᠮᠡᠨ ᠲᠥᠭᠥᠷᠢᠭ᠎ᠠᠴᠠ 1000 ᠲᠦᠮᠡᠨ ᠲᠥᠭᠥᠷᠢᠭ (1000 ᠲᠦᠮᠡᠨ ᠲᠥᠭᠥᠷᠢᠭ ᠪᠠᠭᠲᠠᠨ᠎ᠠ) ᠬᠦᠷᠲᠡᠯᠡᠬᠢ ᠬᠡᠰᠡᠭ᠎ᠢ ᠬᠠᠮᠤᠭ ᠥᠨᠳᠥᠷ᠎ᠲᠡᠭᠡᠨ 25 % ᠬᠦᠷᠲᠡᠯ᠎ᠡ ᠳᠡᠭᠡᠭᠰᠢᠯᠡᠭᠦᠯᠵᠦ ᠪᠣᠯᠤᠨ᠎ᠠ᠂ 1000 ᠲᠦᠮᠡᠨ ᠲᠥᠭᠥᠷᠢᠭ᠎ᠠᠴᠠ ᠳᠡᠭᠡᠭᠰᠢᠬᠢ ᠬᠡᠰᠡᠭ᠎ᠢ ᠬᠠᠮᠤᠭ ᠥᠨᠳᠥᠷ᠎ᠲᠡᠭᠡᠨ 20 % ᠬᠦᠷᠲᠡᠯ᠎ᠡ ᠳᠡᠭᠡᠭᠰᠢᠯᠡᠭᠦᠯᠵᠦ ᠪᠣᠯᠤᠨ᠎ᠠ ᠃ ᠴᠤᠯᠤ ᠣᠨᠣᠯ᠎ᠤᠨ ᠰᠠᠭᠤᠷᠢ ᠰᠤᠳᠤᠯᠤᠯ᠎ᠤᠨ ᠲᠥᠷᠥᠯ ᠵᠦᠢᠯ᠎ᠳᠤ ᠪᠣᠯ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠳᠠᠮ ᠵᠠᠷᠤᠳᠠᠯ᠎ᠤᠨ ᠬᠠᠷᠢᠴᠠᠯ᠎ᠢ ᠵᠣᠬᠢᠰᠲᠠᠶ ᠳᠡᠭᠡᠭᠰᠢᠯᠡᠭᠦᠯᠵᠦ ᠪᠣᠯᠤᠨ᠎ᠠ ᠃
ᠭᠤᠷᠪᠠ᠎ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢᠯ᠎ᠤᠨ ᠵᠠᠷᠤᠳᠠᠯ᠎ᠠᠴᠠ ᠭᠠᠷᠭ᠋ᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠬᠡᠷᠡᠭᠯᠡᠬᠦ ᠣᠯᠠᠨ ᠤᠯᠤᠰ᠎ᠤᠨ ᠬᠠᠮᠲᠤᠷᠠᠯᠴᠠᠭ᠎ᠠ ᠪᠠ ᠰᠣᠯᠢᠯᠴᠠᠭ᠋ᠠᠨ᠎ᠤ ᠵᠠᠷᠤᠳᠠᠯ᠎ᠢ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠵᠡᠷᠭᠡ ᠠᠵᠢᠯ ᠦᠢᠯᠡᠰ᠎ᠤᠨ ᠨᠢᠭᠡᠴᠡ ᠵᠢᠨ 《ᠭᠤᠷᠪᠠᠨ ᠵᠦᠢᠯ᠎ᠤᠨ ᠠᠯᠪᠠᠨ ᠵᠠᠷᠤᠳᠠᠯ》᠎ᠤᠨ ᠳᠣᠲᠣᠷᠠᠬᠢ ᠠᠯᠪᠠᠨ ᠶᠠᠪᠤᠳᠠᠯ ᠵᠶ᠋ᠠᠷ ᠭᠠᠳᠠᠭ᠋ᠠᠳᠤ᠎ᠳᠤ (ᠬᠢᠯᠢ) ᠭᠠᠷᠬᠤ ᠵᠠᠷᠤᠳᠠᠯ᠎ᠢ ᠪᠦᠷᠢᠳᠬᠡᠬᠦ ᠬᠡᠪᠴᠢᠶᠡᠨ᠎ᠳᠤ ᠣᠷᠣᠭᠤᠯᠬᠤ ᠥᠬᠡᠶ ᠭᠡᠵᠦ ᠲᠣᠳᠣᠷᠬᠠᠢ᠌ᠯᠠᠪᠠ ᠃
ᠠᠰᠠᠭᠤᠯᠲᠠ᠄ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠭ᠋ᠠᠵᠢ ᠲᠥᠬᠥᠭᠡᠷᠦᠮᠵᠢ ᠵᠢ ᠬᠤᠳᠠᠯᠳᠤᠨ ᠠᠪᠬᠤ ᠲᠠᠯ᠎ᠠ᠎ᠪᠠᠷ᠂ 《ᠮᠡᠳᠡᠭᠳᠡᠯ》᠎ᠳᠤ ᠶᠠᠮᠠᠷ ᠶᠠᠮᠠᠷ ᠰᠢᠨ᠎ᠡ ᠲᠣᠭᠲᠠᠭ᠋ᠠᠯ ᠪᠠᠢ᠌ᠬᠤ ᠪᠣᠶ?
ᠬᠠᠷᠢᠭᠤᠯᠲᠠ
ᠬᠣᠶᠠᠷ᠎ᠲᠤ ᠭᠠᠭᠴᠠᠭ᠋ᠠᠷ ᠣᠷᠣᠯᠠᠬᠤ ᠪᠤᠶᠤ ᠦᠢᠯᠡᠳᠪᠦᠷᠢᠯᠡᠬᠦ ᠬᠡᠮᠵᠢᠭᠦᠷᠯᠢᠭ ᠲᠥᠬᠥᠭᠡᠷᠦᠮᠵᠢ ᠵᠢ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠠᠴᠠ ᠬᠣᠯᠪᠣᠭᠳᠠᠯ ᠪᠥᠬᠥᠶ ᠲᠣᠭᠲᠠᠭ᠋ᠠᠯ ᠪᠠ ᠵᠢᠷᠤᠮ ᠶᠣᠰᠣᠭ᠋ᠠᠷ ᠨᠠᠩ ᠠᠮᠢᠳᠤᠯᠢᠭ ᠪᠥᠭᠡᠳ ᠲᠥᠬᠥᠮ ᠬᠤᠳᠠᠯᠳᠤᠨ ᠠᠪᠬᠤ ᠠᠷᠭ᠎ᠠ ᠮᠠᠶᠢᠭ᠎ᠢ ᠠᠪᠴᠤ ᠪᠣᠯᠤᠨ᠎ᠠ ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠪᠠᠴᠢᠮ ᠬᠡᠷᠡᠭᠰᠡᠬᠦ ᠲᠥᠬᠥᠭᠡᠷᠦᠮᠵᠢ ᠪᠠ ᠬᠣᠷᠣᠭᠳᠠᠯ ᠮᠠᠲ᠋ᠧᠷᠢᠶᠠᠯ᠎ᠳᠤ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠲᠠᠰ ᠳᠠᠷᠠᠭ᠋ᠠᠯᠠᠯ᠎ᠢ ᠭᠦᠢᠴᠡᠳᠬᠡᠬᠦ ᠥᠬᠡᠶ ᠪᠠᠢ᠌ᠵᠤ᠂ ᠣᠨᠴᠠᠭ᠋ᠠᠶ ᠤᠴᠢᠷ᠎ᠢ ᠣᠨᠴᠠᠭ᠋ᠠᠶ᠎ᠪᠠᠷ ᠰᠢᠢᠳᠪᠦᠷᠢᠯᠡᠬᠦ᠂ ᠴᠠᠭ ᠲᠤᠬᠠᠶ᠎ᠳᠤᠨᠢ ᠭᠦᠢᠴᠡᠳᠬᠡᠬᠦ ᠬᠤᠳᠠᠯᠳᠤᠨ ᠠᠪᠬᠤ ᠲᠣᠭᠲᠠᠴᠠ ᠵᠢ ᠬᠡᠷᠡᠭᠯᠡᠵᠦ ᠪᠣᠯᠤᠨ᠎ᠠ ᠃