ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠵᠤ ᠣᠪᠣᠷ ᠰᠤᠷᠲᠠᠯ ᠪᠠ ᠰᠤᠷᠤᠯᠴᠠᠬᠤ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠲᠥᠰᠦᠯ》᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-03-23

 

      ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ᠎ᠲᠠᠢ ᠬᠠᠮᠲᠤᠷᠠᠨ 《ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠵᠤ ᠬᠡᠪ ᠰᠤᠷᠲᠠᠯ ᠪᠠ ᠡᠷᠳᠡᠮ ᠰᠢᠨᠵᠢᠯᠡᠭᠡᠨ᠎ᠤ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠲᠥᠰᠦᠯ》 (ᠳᠣᠷᠣᠭᠰᠢ 《ᠬᠡᠷᠡᠭᠵᠢᠭᠦᠯᠬᠦ ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠣᠯᠠᠨ᠎ᠢ ᠬᠠᠪᠰᠤᠷᠤᠨ 《ᠬᠡᠷᠡᠭᠵᠢᠭᠦᠯᠬᠦ ᠲᠥᠰᠦᠯ》᠎ᠤᠨ ᠠᠭᠤᠯᠤᠭᠳᠠᠬᠤᠨ᠎ᠢ ᠨᠠᠷᠢᠨ ᠣᠢ᠌ᠯᠠᠭ᠋ᠠᠭᠤᠯᠬᠤ ᠵᠢᠨ ᠲᠤᠰᠠᠳᠠ᠂ ᠥᠪᠥᠷ ᠮᠣᠩᠭᠣᠯ᠎ᠤᠨ ᠰᠢᠨ᠎ᠡ ᠵᠢ ᠡᠭᠦᠳᠬᠦ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠬᠢᠭᠡᠳ ᠬᠢᠨᠠᠯᠲᠠ ᠲᠠᠯᠪᠢᠬᠤ ᠭᠠᠵᠠᠷ᠎ᠤᠨ ᠬᠠᠷᠢᠭᠤᠴᠠᠯᠭ᠋ᠠᠲᠠᠨ᠎ᠢ ᠤᠷᠢᠵᠤ ᠬᠠᠮᠢᠶ᠎ᠠ ᠪᠥᠬᠥᠶ ᠠᠰᠠᠭᠤᠳᠠᠯ᠎ᠤᠨ ᠲᠤᠬᠠᠶ ᠲᠠᠢ᠌ᠯᠤᠮᠵᠢ ᠬᠢᠯᠭᠡᠪᠡ᠃

             《ᠬᠡᠷᠡᠭᠵᠢᠭᠦᠯᠬᠦ ᠲᠥᠰᠦᠯ》᠎ᠨᠢ ᠶᠠᠮᠠᠷ ᠠᠬᠤᠶ ᠪᠠᠢ᠌ᠳᠠᠯ᠎ᠳᠤ ᠰᠠᠭᠤᠷᠢᠯᠠᠨ ᠨᠡᠢ᠌ᠲᠡᠯᠡᠭᠰᠡᠨ ᠪᠣᠶ? ᠶᠠᠮᠠᠷ ᠴᠢᠬᠤᠯᠠ ᠠᠴᠢ ᠬᠣᠯᠪᠣᠭᠳᠠᠯ᠎ᠲᠠᠢ ᠪᠤᠢ?
   
     2019 ᠣᠨ᠎ᠤ 5 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠵᠤ ᠬᠡᠪ ᠰᠤᠷᠲᠠᠯ ᠪᠠ ᠡᠷᠳᠡᠮ ᠰᠢᠨᠵᠢᠯᠡᠭᠡᠨ᠎ᠤ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠰᠢᠨᠵᠢᠶᠠᠩ᠂ ᠰᠧᠴᠤᠸᠠᠨ᠂ ᠵᠢᠶᠠᠩᠰᠦ᠂ ᠯᠢᠶᠣᠤᠨᠢᠩ ᠵᠡᠷᠭᠡ ᠠᠬ᠎ᠠ ᠳᠡᠭᠦᠦ ᠮᠤᠵᠢ ᠬᠣᠲᠠ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠲᠤᠬᠠᠶ ᠵᠠᠯᠭ᠋ᠠᠭ᠎ᠠ᠎ᠪᠠᠷ ᠨᠡᠢ᠌ᠲᠡᠯᠡᠵᠦ᠂ 2020 ᠣᠨ᠎ᠤ 3 ᠰᠠᠷ᠎ᠠ ᠵᠢᠨ 12᠎ᠤᠨ ᠡᠳᠦᠷ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠂ ᠲᠥᠪ᠎ᠤᠨ ᠤᠬᠠᠭᠤᠯᠬᠤ ᠬᠡᠯᠲᠡᠰ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ 《〈ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠵᠤ ᠡᠷᠳᠡᠮ ᠰᠢᠨᠵᠢᠯᠡᠭᠡᠨ᠎ᠤ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠶ ᠰᠠᠨᠠᠯ〉᠎ᠢ ᠲᠤᠭᠤᠰᠢᠯᠠᠭᠤᠯᠤᠨ ᠬᠡᠷᠡᠭᠵᠢᠭᠦᠯᠬᠦ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠤᠨ ᠲᠥᠰᠦᠯ》᠎ᠢ ᠳᠠᠷᠤᠮᠠᠯᠯᠠᠨ ᠲᠠᠷᠬᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠲᠣᠰ ᠠᠵᠢᠯ᠎ᠢ ᠲᠤᠢ᠌ᠯ ᠵᠶ᠋ᠠᠷ ᠴᠢᠬᠤᠯᠠᠴᠢᠯᠠᠵᠤ᠂ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠱᠠᠭ᠋ᠠᠷᠳᠠᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ ᠵᠡᠷᠭᠡ ᠨᠢᠭᠡᠴᠡ᠎ᠲᠠᠢ ᠬᠠᠮᠲᠤᠷᠠᠨ 《ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ᠃
   《ᠬᠡᠷᠡᠭᠵᠢᠭᠦᠯᠬᠦ ᠲᠥᠰᠦᠯ》᠎ᠨᠢ 《ᠰᠠᠨᠠᠯ》᠎ᠤᠨ ᠳᠣᠲᠣᠷᠠᠬᠢ ᠠᠭᠤᠯᠭ᠎ᠠ ᠵᠢ ᠨᠠᠷᠢᠯᠢᠭᠵᠢᠭᠤᠯᠵᠤ᠂ ᠮᠠᠨ᠎ᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠭᠤᠷᠪᠠᠨ ᠵᠦᠢᠯ᠎ᠤᠨ ᠭᠣᠤᠯ ᠡᠭᠦᠷᠭᠡ ᠪᠠ 15 ᠵᠦᠢᠯ᠎ᠤᠨ ᠪᠣᠳᠠᠲᠠᠶ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠢ ᠤᠷᠮᠠᠰᠢᠭᠤᠯᠤᠨ ᠵᠣᠷᠢᠭᠵᠢᠭᠤᠯᠵᠤ ᠦᠨᠡᠨ ᠶᠣᠰᠣ ᠵᠢ ᠬᠥᠭᠡᠭᠡᠴᠡᠯᠳᠦᠬᠦ᠂ ᠨᠣᠶᠠᠨ ᠣᠷᠭᠢᠯ᠎ᠳᠤ ᠵᠣᠷᠢᠭᠲᠠᠶ ᠠᠪᠠᠷᠢᠬᠤ᠂ ᠨᠡᠢ᠌ᠭᠡᠮ ᠳᠠᠶᠠᠭ᠋ᠠᠷ᠎ᠲᠤ ᠰᠢᠨᠵᠢᠯᠡᠬᠦ ᠤᠬᠠᠭ᠋ᠠᠨ᠎ᠢ ᠬᠦᠨᠳᠦᠳᠬᠡᠬᠦ᠂ ᠴᠢᠳᠠᠪᠤᠷᠢᠲᠠᠨ᠎ᠢ ᠬᠦᠨᠳᠦᠳᠬᠡᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠲᠠᠯ᠎ᠠ᠎ᠪᠠᠷ ᠴᠢᠬᠤᠯᠠ ᠠᠴᠢ ᠬᠣᠯᠪᠣᠭᠳᠠᠯ᠎ᠲᠠᠢ ᠶᠤᠮ᠃

               《ᠬᠡᠷᠡᠭᠵᠢᠭᠦᠯᠬᠦ ᠲᠥᠰᠦᠯ》᠎ᠢ ᠨᠡᠢ᠌ᠲᠡᠯᠡᠭᠰᠡᠨ᠎ᠤ ᠳᠠᠷᠠᠭ᠎ᠠ ᠵᠢᠱ᠌ᠢᠭᠰᠡᠨ ᠵᠶ᠋ᠡᠷ ᠶᠠᠮᠠᠷ ᠬᠠᠷᠠᠯᠲᠠ ᠪᠤᠶᠤ ᠦᠷ᠎ᠡ ᠳ᠋ᠦᠩ᠎ᠳᠤ ᠬᠥᠷᠬᠥ ᠪᠣᠶ?
   
      ᠲᠣᠰ ᠤᠳᠠᠭ᠎ᠠ ᠨᠡᠢ᠌ᠲᠡᠯᠡᠭᠰᠡᠨ 《ᠬᠡᠷᠡᠭᠵᠢᠭᠦᠯᠬᠦ ᠲᠥᠰᠦᠯ》 ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠥᠶ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠤᠱᠯᠠᠭᠤᠯᠬᠤ ᠶᠠᠪᠤᠳᠠᠯ ᠪᠣᠯᠤᠨ᠎ᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠦᠬᠦᠯᠢ ᠴᠣᠭᠴᠠ ᠵᠢᠨ ᠪᠠᠢ᠌ᠷᠢᠯᠠᠭᠤᠯᠤᠯᠲᠠ ᠶᠣᠰᠣᠭ᠋ᠠᠷ᠂ ᠬᠡᠬᠦᠳᠡᠭ ᠴᠡᠭᠡᠵᠢᠨ᠎ᠳᠡᠭᠡᠨ ᠡᠬᠡ ᠤᠯᠤᠰ ᠵᠶ᠋ᠠᠨ ᠪᠠᠭᠲᠠᠭ᠋ᠠᠵᠤ᠂ ᠵᠣᠷᠢᠭᠲᠠᠶ᠎ᠪᠠᠷ ᠨᠣᠶᠠᠨ ᠣᠷᠭᠢᠯ᠎ᠳᠤ ᠠᠪᠠᠷᠢᠨ᠂ ᠦᠨᠡᠨ ᠶᠣᠰᠣ ᠵᠢ ᠬᠥᠭᠡᠭᠡᠴᠡᠯᠳᠦᠨ᠂ ᠨᠡᠷ᠎ᠡ ᠠᠰᠢᠭ᠎ᠢ ᠬᠥᠭᠡᠭᠡᠴᠡᠯᠳᠦᠬᠦ ᠥᠬᠡᠶ᠂ ᠣᠶᠤᠨ ᠤᠬᠠᠭ᠋ᠠᠨ ᠵᠶ᠋ᠠᠨ ᠲᠥᠪᠯᠡᠷᠡᠭᠦᠯᠦᠨ ᠪᠣᠭᠣᠮᠲᠠ ᠰᠢᠪᠲᠤᠯᠵᠤ᠂ ᠳᠤᠷᠠᠲᠠᠶ᠎ᠠ ᠪᠤᠰᠤᠳ᠎ᠤᠨ ᠲᠥᠯᠥᠭᠡ ᠵᠢᠳᠬᠦᠬᠦ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠮ᠎ᠡ ᠶᠣᠰᠣ ᠪᠠ ᠴᠢᠳᠠᠪᠤᠷᠢᠲᠠᠨ᠎ᠤ ᠦᠰᠦᠨ ᠪᠣᠢ᠌ᠵᠢᠬᠤ ᠵᠢᠮ᠎ᠡ ᠶᠣᠰᠣ ᠵᠢ ᠬᠦᠨᠳᠦᠳᠬᠡᠵᠦ᠂ ᠣᠪᠣᠷ ᠰᠤᠷᠲᠠᠯ ᠪᠠ ᠡᠷᠳᠡᠮ ᠰᠢᠨᠵᠢᠯᠡᠭᠡᠨ᠎ᠤ ᠰᠤᠷᠲᠠᠯ᠎ᠤᠨ ᠪᠠᠢ᠌ᠭᠤᠯᠤᠯᠲᠠ ᠵᠢ ᠪᠠᠢ᠌ᠩᠭᠤᠵᠢᠭᠤᠯᠬᠤ ᠪᠠ ᠳᠦᠷᠢᠮᠵᠢᠭᠦᠯᠬᠦ ᠵᠢ ᠠᠬᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠨᠢᠭᠡ ᠰᠡᠳᠬᠢᠯ ᠵᠶ᠋ᠡᠷ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ᠂ ᠡᠷᠡᠯᠬᠡᠭᠯᠡᠨ ᠲᠡᠮᠡᠴᠡᠵᠦ ᠰᠢᠨ᠎ᠡ ᠵᠢ ᠡᠭᠦᠳᠬᠦ᠎ᠳᠤ ᠰᠠᠢ᠌ᠨ ᠰᠠᠢ᠌ᠬᠠᠨ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠪᠠ ᠶᠠᠷᠢᠶ᠎ᠠ ᠬᠡᠯᠡᠯᠴᠡᠭᠡᠨ᠎ᠤ ᠣᠷᠴᠢᠨ ᠲᠣᠭᠣᠷᠢᠨ᠎ᠢ ᠬᠠᠩᠭ᠋ᠠᠨ᠎ᠠ᠃ 2022 ᠣᠨ ᠪᠣᠯᠬᠤ᠎ᠳᠤ ᠰᠢᠨ᠎ᠡ ᠴᠠᠭ ᠦᠶ᠎ᠡ ᠵᠢᠨ ᠰᠢᠨᠵᠢᠯᠡᠬᠦ ᠤᠬᠠᠭ᠋ᠠᠨᠲᠠᠳ᠎ᠤᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠡᠷᠳᠡᠮ ᠰᠢᠨᠵᠢᠯᠡᠭᠡᠨ᠎ᠤ ᠰᠤᠷᠲᠠᠯ᠎ᠳᠤ ᠮᠥᠨ ᠴᠢᠨᠠᠷ᠎ᠤᠨ ᠬᠤᠪᠢᠷᠠᠯᠲᠠ ᠭᠠᠷᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠮᠢ ᠠᠬᠤᠢ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠷᠳᠡᠮ ᠰᠢᠨᠵᠢᠯᠡᠭᠡᠨ᠎ᠤ ᠶᠣᠰᠣ ᠮᠣᠷᠠᠯ᠎ᠤᠨ ᠪᠠᠢ᠌ᠭᠤᠯᠤᠯᠲᠠ ᠵᠢ ᠢᠯᠡᠳᠲᠡ ᠴᠢᠩᠭ᠋ᠠᠳᠬᠠᠬᠤ᠎ᠪᠠᠷ ᠴᠢᠷᠮᠠᠢ᠌ᠨ᠎ᠠ᠃

            《ᠬᠡᠷᠡᠭᠵᠢᠭᠦᠯᠬᠦ ᠲᠥᠰᠦᠯ》᠎ᠳᠤ ᠶᠠᠮᠠᠷ ᠶᠠᠮᠠᠷ ᠪᠣᠳᠠᠲᠠᠶ ᠴᠢᠩᠭ᠎ᠠ ᠠᠷᠭ᠎ᠠ ᠬᠡᠮᠵᠢᠶ᠎ᠡ ᠠᠪᠤᠭᠰᠠᠨ ᠪᠣᠶ?
 
   《ᠬᠡᠷᠡᠭᠵᠢᠭᠦᠯᠬᠦ ᠲᠥᠰᠦᠯ》᠎ᠳᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠤᠷᠲᠠᠯ ᠡᠷᠳᠡᠮ ᠰᠢᠨᠵᠢᠯᠡᠭᠡᠨ᠎ᠤ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠠᠯ᠎ᠠ᠎ᠪᠠᠷ ᠠᠯᠢ ᠣᠯᠠᠨ ᠠᠷᠭ᠎ᠠ ᠬᠡᠮᠵᠢᠶ᠎ᠡ ᠳᠤᠷᠠᠳᠴᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠥᠷᠭᠡᠨ ᠣᠯᠠᠨ ᠠᠵᠢᠯᠲᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠤᠯᠤᠰ ᠵᠶ᠋ᠠᠨ ᠬᠦᠴᠦᠷᠬᠡᠭᠵᠢᠭᠦᠯᠬᠦ ᠴᠠᠭ ᠦᠶ᠎ᠡ ᠵᠢᠨ ᠬᠠᠷᠢᠭᠤᠴᠠᠯᠭ᠎ᠠ ᠳᠤᠮᠳᠠ ᠣᠭ ᠰᠠᠨᠠᠭ᠎ᠠ᠎ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠶ ᠡᠭᠦᠷᠭᠡᠯᠡᠬᠦ ᠵᠢ ᠬᠦᠴᠦᠯᠡᠨ ᠬᠥᠲᠥᠯᠥᠨ ᠵᠢᠯᠣᠭᠣᠳᠪᠠ᠃
      ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠲᠠᠯ᠎ᠠ᠎ᠪᠠᠷ᠄ ᠰᠢᠨᠵᠢᠯᠡᠬᠦ ᠤᠬᠠᠭ᠋ᠠᠨ᠎ᠤ ᠲᠤᠷᠰᠢᠯᠲᠠ ᠵᠢᠨ ᠤᠷᠤᠯᠳᠤᠭ᠋ᠠᠨ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠷᠤᠯᠳᠤᠭ᠋ᠠᠨ ᠵᠡᠷᠭᠡ ᠣᠯᠠᠨ ᠵᠦᠢᠯ᠎ᠤᠨ ᠠᠷᠭ᠎ᠠ ᠬᠡᠯᠪᠡᠷᠢ᠎ᠪᠠᠷ ᠳᠤᠮᠳᠠᠳᠤ ᠪᠠᠭ᠎ᠠ ᠰᠤᠷᠭ᠋ᠠᠭᠤᠯᠢ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠵᠤ᠂ ᠤᠯᠤᠰ ᠵᠶ᠋ᠠᠨ ᠬᠠᠢ᠌ᠷᠠᠯᠠᠵᠤ ᠬᠤᠪᠢ ᠨᠡᠮᠡᠷᠢ ᠦᠵᠡᠭᠦᠯᠬᠦ᠂ ᠰᠢᠨᠵᠢᠯᠡᠬᠦ ᠤᠬᠠᠭ᠋ᠠᠨ᠎ᠢ ᠬᠠᠢ᠌ᠷᠠᠯᠠᠬᠤ ᠵᠥᠪ ᠥᠷᠲᠡᠭ᠎ᠤᠨ ᠦᠵᠡᠯᠲᠡ ᠵᠢ ᠤᠯᠠᠮᠵᠢᠯᠠᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ ᠲᠣᠭᠣᠷᠢᠭ᠂ ᠰᠤᠷᠭ᠋ᠠᠭᠤᠯᠢ ᠵᠢᠨ ᠲᠡᠦᠬᠡ ᠵᠢᠨ ᠣᠷᠳᠣᠨ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠠᠭᠤᠷᠢᠨ᠂ ᠭᠣᠣᠯ ᠰᠡᠳᠦᠪᠲᠦ ᠴᠡᠴᠡᠷᠯᠢᠭ᠂ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠵᠡᠷᠭᠡ᠎ᠳᠤ ᠲᠦᠰᠢᠭᠯᠡᠨ ᠨᠢᠭᠡ ᠪᠦᠯᠦᠭ ᠰᠢᠨ᠎ᠡ ᠴᠠᠭ ᠦᠶ᠎ᠡ ᠵᠢᠨ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠋ᠠᠨ᠎ᠤ ᠬᠥᠮᠦᠵᠢᠯ᠎ᠤᠨ ᠰᠠᠭᠤᠷᠢᠨ᠎ᠢ ᠪᠠᠢ᠌ᠭᠤᠯᠤᠨ᠎ᠠ᠃
      ᠡᠷᠳᠡᠮ ᠰᠢᠨᠵᠢᠯᠡᠭᠡᠨ᠎ᠤ ᠰᠣᠯᠢᠯᠴᠠᠭ᠋ᠠᠨ᠎ᠤ ᠲᠠᠯ᠎ᠠ᠎ᠪᠠᠷ᠄ ᠳᠡᠭᠡᠳᠦ ᠰᠤᠷᠭ᠋ᠠᠭᠤᠯᠢ᠂ ᠡᠷᠳᠡᠮ ᠰᠢᠨᠵᠢᠯᠡᠭᠡᠨ᠎ᠤ ᠬᠦᠷᠢᠶᠡᠯᠡᠩ ᠭᠠᠵᠠᠷ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ ᠵᠢᠨ ᠣᠷᠣᠨ᠎ᠤ ᠳᠣᠲᠣᠷ᠎ᠠ ᠭᠠᠳᠠᠨᠠᠬᠢ ᠰᠢᠨᠵᠢᠯᠡᠬᠦ ᠤᠬᠠᠭ᠋ᠠᠨᠲᠠᠳ᠎ᠲᠠᠢ ᠡᠷᠳᠡᠮ ᠰᠢᠨᠵᠢᠯᠡᠭᠡᠨ᠎ᠤ ᠶᠠᠷᠢᠯᠴᠠᠭ᠎ᠠ ᠪᠠ ᠪᠦᠯᠬᠦᠮ ᠨᠡᠢ᠌ᠲᠡ ᠵᠢᠨ ᠰᠤᠳᠤᠯᠤᠨ ᠶᠠᠷᠢᠯᠴᠠᠬᠤ ᠵᠢ ᠵᠣᠷᠢᠭᠵᠢᠭᠤᠯᠤᠨ᠎ᠠ᠃
      ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠲᠠᠯ᠎ᠠ᠎ᠪᠠᠷ᠄ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠳ᠎ᠤᠨ ᠠᠳᠠᠯᠢ ᠬᠤᠭᠤᠴᠠᠭ᠋ᠠᠨ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ (ᠲᠤᠰᠬᠠᠶ ᠵᠦᠢ᠍ᠯ᠂ ᠰᠠᠭᠤᠷᠢ ᠮᠥᠩᠭᠥ ᠵᠡᠷᠭᠡ) ᠵᠢᠨ ᠲᠥᠷᠥᠯ ᠵᠦᠢ᠍ᠯ (ᠰᠡᠳᠦᠪ)᠎ᠤᠨ ᠲᠣᠭ᠎ᠠ ᠵᠢ 2 ᠵᠦᠢ᠍ᠯ᠎ᠠᠴᠠ ᠳᠠᠪᠠᠭᠤᠯᠵᠤ ᠪᠣᠯᠬᠤ ᠦᠭᠡᠶ᠂ ᠭᠣᠣᠯᠳᠠᠭᠤ ᠣᠷᠣᠯᠴᠠᠬᠤ᠎ᠨᠢ 3 ᠵᠦᠢ᠍ᠯ᠎ᠠᠴᠠ ᠳᠠᠪᠠᠭᠤᠯᠵᠤ ᠪᠣᠯᠬᠤ ᠦᠭᠡᠶ᠂ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠤᠳᠤᠷᠢᠳᠬᠤ ᠬᠥᠮᠦᠰ ᠪᠣᠯᠤᠨ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠎ᠢ ᠲᠥᠷᠥᠯ ᠵᠦᠢ᠍ᠯ (ᠰᠡᠳᠦᠪ) ᠪᠣᠯᠭ᠋ᠠᠨ ᠠᠳᠠᠯᠢ ᠬᠤᠭᠤᠴᠠᠭ᠋ᠠᠨ᠎ᠳᠤ ᠡᠷᠬᠢᠯᠡᠬᠦ᠎ᠨᠢ 1 ᠵᠦᠢ᠍ᠯ᠎ᠠᠴᠠ ᠳᠠᠪᠠᠭᠤᠯᠵᠤ ᠪᠣᠯᠬᠤ ᠦᠭᠡᠶ ᠭᠡᠵᠦ ᠳᠤᠷᠠᠳᠪᠠ; ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠨᠡᠢ᠌ᠲᠡᠯᠡᠭᠰᠡᠨ᠎ᠤ ᠳᠠᠷᠠᠭ᠋ᠠᠬᠢ 1 ᠰᠠᠷ᠎ᠠ ᠵᠢᠨ ᠳᠣᠲᠣᠷ᠎ᠠ᠂ ᠬᠣᠯᠪᠣᠭᠳᠠᠭᠰᠠᠨ ᠲᠤᠷᠰᠢᠯᠲᠠ ᠵᠢᠨ ᠲᠡᠮᠳᠡᠭᠯᠡᠯ᠂ ᠲᠤᠷᠰᠢᠯᠲᠠ ᠵᠢᠨ ᠲᠣᠭ᠎ᠠ ᠪᠠᠷᠢᠮᠲᠠ ᠵᠡᠷᠭᠡ ᠠᠩᠬᠠᠨ᠎ᠤ ᠲᠣᠭ᠎ᠠ ᠪᠠᠷᠢᠮᠲᠠ ᠵᠢᠨ ᠮᠠᠲ᠋ᠧᠷᠢᠶᠠᠯ ᠵᠶ᠋ᠠᠨ ᠪᠠᠢ᠌ᠭ᠎ᠠ ᠨᠢᠭᠡᠴᠡ᠎ᠳᠡᠭᠡᠨ ᠲᠤᠰᠢᠶᠠᠵᠤ ᠨᠢᠭᠡᠳᠦᠯᠲᠡᠶ ᠬᠠᠮᠢᠶᠠᠷᠤᠭᠤᠯᠵᠤ᠂ ᠦᠯᠡᠳᠡᠭᠡᠨ ᠬᠠᠳᠠᠭ᠋ᠠᠯᠠᠵᠤ ᠪᠠᠢ᠌ᠴᠠᠭ᠋ᠠᠬᠤ᠎ᠳᠤ ᠪᠡᠯᠡᠳᠬᠡᠨ᠎ᠡ᠃
      ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠦᠨᠡᠯᠡᠬᠦ ᠲᠠᠯ᠎ᠠ᠎ᠪᠠᠷ᠄ ᠤᠶᠠᠨ ᠴᠢᠨᠠᠷᠲᠠᠶ᠎ᠪᠠᠷ ᠣᠷᠣᠭᠤᠯᠤᠨ ᠠᠪᠴᠢᠷᠠᠭᠰᠠᠨ ᠰᠢᠨᠵᠢᠯᠡᠬᠦ ᠤᠬᠠᠭ᠋ᠠᠨᠲᠠᠨ᠂ ᠲᠤᠰᠬᠠᠶ ᠮᠡᠷᠭᠡᠵᠢᠯᠲᠡᠨ ᠡᠷᠳᠡᠮᠲᠡᠳ᠎ᠤᠨ ᠠᠵᠢᠯ ᠬᠠᠩᠭ᠋ᠠᠬᠤ ᠨᠢᠭᠡᠴᠢ᠎ᠳᠤ ᠠᠵᠢᠯᠯᠠᠬᠤ ᠴᠠᠭ᠎ᠢ ᠵᠢᠯ ᠪᠦᠷᠢ 3 ᠰᠠᠷ᠎ᠠ᠎ᠠᠴᠠ ᠳᠣᠤᠷ᠎ᠠ ᠪᠠᠢ᠌ᠯᠭ᠋ᠠᠵᠤ ᠪᠣᠯᠬᠤ ᠥᠬᠡᠶ᠂ ᠣᠨᠴᠠᠭ᠋ᠠᠶ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠵᠢᠨ ᠦᠨᠡᠯᠡᠯᠲᠡ ᠵᠢᠨ 《ᠰᠢᠭᠤᠳ ᠨᠡᠪᠲᠡᠷᠡᠬᠦ ᠲᠡᠷᠭᠡ》 ᠵᠢᠨ ᠲᠦᠷᠢᠮ᠎ᠢ ᠰᠦᠪᠡᠭᠴᠢᠯᠡᠵᠦ᠂ ᠣᠨᠴᠠᠭ᠋ᠠᠶ ᠬᠤᠪᠢ ᠨᠡᠮᠡᠷᠢ ᠦᠵᠡᠭᠦᠯᠬᠦ ᠮᠡᠷᠭᠡᠵᠢᠯ᠎ᠤᠨ ᠴᠣᠯᠠ ᠵᠢᠨ ᠲᠠᠰ ᠳᠡᠪᠰᠢᠬᠦ ᠰᠠᠭ᠋ᠠᠳ ᠥᠬᠡᠶ ᠨᠡᠪᠲᠡᠷᠡᠬᠦ ᠵᠠᠮ᠎ᠢ ᠪᠠᠢ᠌ᠭᠤᠯᠤᠨ᠎ᠠ᠃

          ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠳ ᠡᠷᠳᠡᠮ ᠰᠢᠨᠵᠢᠯᠡᠭᠡᠨ᠎ᠤ ᠰᠤᠷᠲᠠᠯ᠎ᠤᠨ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠬᠡᠷᠬᠢᠨ ᠰᠠᠢ᠌ᠲᠤᠷ ᠨᠠᠢ᠌ᠳᠠᠪᠤᠷᠢᠵᠢᠭᠤᠯᠬᠤ ᠪᠣᠶ?

      ᠰᠢᠨᠵᠢᠯᠡᠬᠦ ᠤᠬᠠᠭ᠋ᠠᠨᠲᠠᠨ ᠪᠣᠯ ᠰᠢᠨᠵᠢᠯᠡᠬᠦ ᠤᠬᠠᠭ᠋ᠠᠨ᠎ᠤ ᠮᠡᠳᠡᠯᠭᠡ ᠪᠠ ᠰᠢᠨᠵᠢᠯᠡᠬᠦ ᠤᠬᠠᠭ᠋ᠠᠨ᠎ᠤ ᠵᠣᠷᠢᠭ ᠰᠠᠨᠠᠭ᠋ᠠᠨ᠎ᠤ ᠴᠢᠬᠤᠯᠠ ᠠᠴᠢᠶᠠᠯᠠᠭᠴᠢ ᠮᠥᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠤᠷᠲᠠᠯ ᠪᠠ ᠡᠷᠳᠡᠮ ᠰᠢᠨᠵᠢᠯᠡᠭᠡᠨ᠎ᠤ ᠰᠤᠷᠲᠠᠯ ᠪᠣᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠰ᠎ᠤᠨ ᠪᠦᠲᠦᠵᠦ ᠪᠦᠷᠢᠯᠬᠦ ᠵᠢ ᠲᠣᠭᠲᠠᠭ᠋ᠠᠬᠤ ᠵᠠᠩᠭᠢᠯᠠᠭ᠎ᠠ ᠮᠥᠨ᠃ ᠡᠷᠳᠡᠮ ᠰᠢᠨᠵᠢᠯᠡᠭᠡᠨ᠎ᠤ ᠰᠤᠷᠲᠠᠯ᠎ᠤᠨ ᠪᠠᠢ᠌ᠭᠤᠯᠤᠯᠲᠠ ᠪᠣᠯ ᠤᠷᠲᠤ ᠬᠤᠭᠤᠴᠠᠭ᠋ᠠᠨ᠎ᠤ ᠡᠭᠦᠷᠭᠡ᠃
   《ᠬᠡᠷᠡᠭᠵᠢᠭᠦᠯᠬᠦ ᠲᠥᠰᠦᠯ》᠎ᠳᠤ᠂ ᠨᠢᠭᠡ᠎ᠳᠤ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠨᠠᠮ᠎ᠤᠨ ᠤᠳᠤᠷᠢᠳᠤᠯᠭ᠎ᠠ ᠵᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠥᠬᠥ ᠶᠠᠪᠤᠴᠠ᠎ᠳᠤ ᠲᠤᠭᠤᠰᠢᠯᠠᠭᠤᠯᠵᠤ᠂ ᠥᠷᠭᠡᠨ ᠣᠯᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ《ᠳᠥᠷᠪᠡᠨ ᠤᠬᠠᠮᠰᠠᠷ》ᠵᠶ᠋ᠠᠨ ᠴᠢᠨᠠᠭᠰᠢᠳᠠ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠵᠢᠨ ᠲᠠᠯ᠎ᠠ᠎ᠪᠠᠷ ᠢᠮᠠᠭᠲᠠ ᠰᠢ ᠵᠢᠨ ᠫᠢᠩ ᠨᠥᠬᠥᠷ ᠵᠶ᠋ᠡᠷ ᠭᠣᠤᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠢ᠌ᠬᠤ ᠬᠡᠷᠡᠭᠲᠡᠶ᠃ ᠬᠣᠶᠠᠷ᠎ᠲᠤ ᠥᠷᠭᠡᠨ ᠤᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠳᠠᠨ ᠡᠭᠡ ᠣᠷᠣᠨ᠎ᠳᠠᠭᠠᠨ ᠦᠨᠡᠨᠴᠢ ᠰᠢᠳᠤᠷᠭᠤ ᠪᠠᠢ᠌ᠬᠤ᠂ ᠵᠣᠷᠢᠭᠲᠠᠢ᠎ᠪᠠᠷ ᠰᠢᠨ᠎ᠡ ᠵᠢ ᠡᠭᠦᠳᠬᠦ᠂ ᠦᠨᠡᠨ ᠶᠣᠰᠣ ᠵᠢ ᠬᠥᠭᠡᠭᠡᠴᠡᠯᠳᠦᠬᠦ᠂ ᠡᠷᠳᠡᠮ ᠰᠢᠨᠵᠢᠯᠡᠭᠡᠨ᠎ᠢ ᠴᠢᠩᠭ᠎ᠠ ᠵᠠᠰᠠᠬᠤ ᠦᠨᠡᠨ᠎ᠢ ᠪᠠᠷᠢᠮᠲᠠᠯᠠᠬᠤ ᠵᠣᠷᠢᠭ ᠰᠠᠨᠠᠭ᠎ᠠ᠂ ᠨᠡᠷ᠎ᠡ ᠠᠰᠢᠭ᠎ᠢ ᠦᠯᠦ ᠬᠥᠭᠡᠭᠡᠴᠡᠯᠳᠦᠬᠦ᠂ ᠨᠢᠭᠡ ᠯᠡ ᠰᠡᠳᠬᠢᠯ ᠵᠶ᠋ᠡᠷ ᠰᠤᠳᠤᠯᠬᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠂ ᠤᠶᠤᠨ ᠤᠬᠠᠭ᠋ᠠᠨ ᠵᠶ᠋ᠠᠨ ᠲᠥᠪᠯᠡᠷᠡᠭᠦᠯᠦᠨ ᠪᠡᠷᠬᠡ ᠰᠡᠳᠦᠪ᠎ᠢ ᠰᠢᠢ᠍ᠳᠪᠦᠷᠢᠯᠡᠬᠦ᠂ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ᠂ ᠬᠠᠷᠠᠮ ᠦᠭᠡᠢ ᠵᠣᠷᠢᠭᠤᠯᠬᠤ᠂ ᠳᠤᠷᠠᠲᠠᠶ᠎ᠠ ᠬᠥᠮᠦᠨ᠎ᠤ ᠲᠥᠯᠥᠭᠡ ᠵᠢᠳᠬᠦᠬᠦ ᠬᠥᠮᠦᠨ᠎ᠢ ᠬᠥᠮᠦᠵᠢᠭᠦᠯᠬᠦ ᠵᠣᠷᠢᠭ ᠰᠠᠨᠠᠭ᠎ᠠ ᠵᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠡᠯ᠎ᠡ ᠭᠣᠭᠴᠣᠭ᠎ᠠ᠎ᠳᠤ ᠤᠬᠠᠮᠰᠠᠷ᠎ᠠᠴᠠ᠎ᠪᠠᠨ ᠨᠠᠢ᠌ᠳᠠᠪᠤᠷᠢᠵᠢᠭᠤᠯᠬᠤ ᠬᠡᠷᠡᠭᠲᠡᠢ᠃ ᠭᠤᠷᠪᠠ᠎ᠳᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠪᠠᠢ᠌ᠯᠳᠤᠬᠤ ᠪᠤᠳᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠮᠡᠷᠭᠡᠵᠢᠯ᠎ᠤᠨ ᠳᠤᠲᠠᠭᠤᠳᠠᠯ᠂ ᠪᠣᠭᠣᠮᠢ ᠵᠢᠨ ᠠᠰᠠᠭᠤᠳᠠᠯ ᠪᠣᠯᠤᠨ ᠠᠩᠬᠠᠨ᠎ᠤ ᠰᠢᠨ᠎ᠡ ᠡᠭᠦᠳᠦᠯᠲᠡ ᠳᠡᠭᠡᠷ᠎ᠡ ᠬᠦᠴᠦ ᠲᠠᠯᠪᠢᠵᠤ᠂ ᠠᠵᠤ ᠠᠬᠤᠢ ᠵᠢᠨ ᠬᠥᠭᠵᠢᠯᠲᠡ᠂ ᠠᠮᠢ ᠠᠬᠤᠢ ᠵᠢᠨ ᠬᠠᠮᠠᠭ᠋ᠠᠯᠠᠯᠲᠠ᠂ ᠠᠷᠠᠳ᠎ᠤᠨ ᠠᠮᠢᠳᠤᠷᠠᠯ᠎ᠤᠨ ᠰᠠᠢ᠌ᠵᠢᠷᠠᠯᠲᠠ᠎ᠳᠤ ᠬᠣᠯᠪᠣᠭᠳᠠᠬᠤ ᠰᠠᠭᠤᠷᠢ ᠡᠮᠦᠨ᠎ᠡ ᠵᠠᠬ᠎ᠠ ᠵᠢᠨ ᠬᠦᠴᠢᠷ ᠠᠰᠠᠭᠤᠳᠠᠯ ᠪᠣᠯᠤᠨ ᠭᠣᠣᠯ ᠵᠠᠩᠭᠢᠯᠠᠭ᠎ᠠ ᠵᠢᠨ ᠮᠡᠷᠭᠡᠵᠢᠯ᠎ᠢ ᠬᠦᠴᠦᠯᠡᠨ ᠰᠢᠪᠲᠤᠯᠬᠤ ᠬᠡᠷᠡᠭᠲᠡᠢ᠃ ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠰᠠᠯᠬᠢ ᠪᠣᠷᠣᠭ᠋ᠠᠨ᠎ᠢ ᠰᠥᠷᠴᠦ᠂ ᠴᠤᠴᠠᠯᠲᠠ ᠥᠬᠡᠶ ᠤᠷᠤᠭᠰᠢᠯᠠᠨ᠂ 《ᠮᠣᠩᠭᠣᠯ ᠮᠣᠷᠢᠨ᠎ᠤ ᠵᠣᠷᠢᠭ ᠰᠠᠨᠠᠭ᠎ᠠ》 ᠵᠢ ᠤᠯᠠᠮᠵᠢᠯᠠᠨ ᠪᠠᠳᠠᠷᠠᠭᠤᠯᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠪᠠ ᠰᠢᠨ᠎ᠡ ᠵᠢ ᠡᠭᠦᠳᠬᠦ ᠬᠡᠯᠪᠡᠷᠢ ᠵᠢᠨ ᠥᠪᠥᠷ ᠮᠣᠩᠭᠣᠯ᠎ᠤᠨ ᠪᠥᠲᠥᠭᠡᠨ ᠪᠠᠢ᠌ᠭᠤᠯᠤᠯᠲᠠ᠎ᠳᠤ ᠰᠢᠨ᠎ᠡ ᠬᠤᠪᠢ ᠨᠡᠮᠡᠷᠢ ᠦᠵᠡᠭᠦᠯᠪᠡ᠃

      《ᠬᠡᠷᠡᠭᠵᠢᠭᠦᠯᠬᠦ ᠲᠥᠰᠦᠯ》᠎ᠢ ᠨᠠᠢ᠌ᠳᠠᠪᠤᠷᠢᠵᠢᠭᠤᠯᠬᠤ ᠪᠠᠲᠤᠯᠠᠭ᠎ᠠ ᠵᠢᠨ ᠠᠷᠭ᠎ᠠ ᠬᠡᠮᠵᠢᠶ᠎ᠡ᠎ᠨᠢ ᠶᠠᠭᠤ ᠪᠣᠶ?

      ᠨᠢᠭᠡ᠎ᠳᠤ᠂ ᠡᠯ᠎ᠡ ᠠᠢ᠌ᠮᠠᠭ ᠬᠣᠲᠠ ᠡᠯ᠎ᠡ ᠰᠠᠯᠠᠭ᠎ᠠ ᠮᠥᠴᠢᠷ᠎ᠤᠳ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠪᠠ ᠡᠷᠳᠡᠮ ᠰᠢᠨᠵᠢᠯᠡᠭᠡᠨ᠎ᠤ ᠰᠤᠷᠲᠠᠯ᠎ᠤᠨ ᠪᠠᠢ᠌ᠭᠤᠯᠤᠯᠲᠠ ᠵᠢᠨ ᠠᠵᠢᠯ᠎ᠢ ᠦᠨᠡᠨᠬᠦ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠠᠬᠢᠭᠤᠯᠬᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠬᠡᠷᠡᠭᠲᠡᠶ᠃
      ᠬᠣᠶᠠᠷ᠎ᠲᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠢᠨ ᠠᠵᠢᠯ᠎ᠤᠨ ᠬᠠᠮᠲᠤᠷᠠᠭᠰᠠᠨ ᠬᠤᠷᠠᠯ᠎ᠤᠨ ᠲᠦᠷᠢᠮ᠎ᠤᠨ ᠦᠢᠯᠡᠳᠦᠯ᠎ᠢ ᠢᠳᠡᠪᠬᠢᠲᠡᠶ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠪᠣᠯᠤᠨ ᠣᠪᠣᠷ ᠰᠤᠷᠲᠠᠯ᠎ᠢ ᠪᠠᠳᠠᠷᠠᠭᠤᠯᠬᠤ ᠪᠠ ᠰᠤᠷᠤᠯᠴᠠᠬᠤ ᠰᠤᠷᠲᠠᠯ᠎ᠤᠨ ᠪᠠᠢ᠌ᠭᠤᠯᠤᠯᠲᠠ ᠵᠢᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ ᠵᠢᠯᠣᠭᠣᠳᠤᠨ᠂ ᠣᠪᠣᠷ ᠰᠤᠷᠲᠠᠯ ᠡᠷᠳᠡᠮ ᠰᠢᠨᠵᠢᠯᠡᠭᠡᠨ᠎ᠤ ᠰᠤᠷᠲᠠᠯ᠎ᠤᠨ ᠪᠠᠢ᠌ᠭᠤᠯᠤᠯᠲᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠮᠥᠷᠳᠡᠵᠦ ᠰᠢᠮᠳᠠᠭᠤᠯᠤᠨ ᠭᠦᠢᠴᠡᠳᠬᠡᠬᠦ ᠪᠠ ᠳ᠋ᠦᠩᠨᠡᠨ ᠦᠨᠡᠯᠡᠬᠦ ᠵᠢ ᠴᠢᠩᠭ᠋ᠠᠳᠬᠠᠨ᠎ᠠ᠃
    ᠭᠤᠷᠪᠠ᠎ᠳᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠠᠢ᠌ᠯᠳᠤᠬᠤ ᠪᠤᠳᠤᠯᠭ᠎ᠠ ᠵᠢ ᠠᠳᠬᠤᠵᠤ᠂ ᠲᠥᠯᠥᠪᠵᠢᠭᠦᠯᠭᠡ ᠵᠢ ᠠᠳᠬᠤᠵᠤ᠂ ᠲᠦᠷᠦ ᠵᠢᠨ ᠪᠤᠳᠤᠯᠭ᠎ᠠ ᠵᠢ ᠠᠳᠬᠤᠵᠤ᠂ ᠦᠢ᠍ᠯᠡᠴᠢᠯᠡᠭᠡ ᠵᠢ ᠠᠳᠬᠤᠵᠤ᠂ ᠲᠠᠯᠪᠢᠵᠤ ᠪᠣᠯᠬᠤ ᠵᠢ᠎ᠨᠢ ᠲᠠᠯᠪᠢᠵᠤ᠂ ᠲᠠᠯᠪᠢᠬᠤ ᠬᠠᠮᠢᠶᠠᠷᠬᠤ ᠵᠢ ᠤᠶᠠᠯᠳᠤᠭᠤᠯᠬᠤ ᠵᠠᠷᠴᠢᠮ᠎ᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ᠎ᠳᠤ ᠰᠢᠭᠤᠳ ᠭᠠᠷ ᠲᠦᠷᠦᠭᠦ ᠵᠢ ᠪᠠᠭ᠋ᠠᠰᠬᠠᠵᠤ᠂ ᠬᠥᠳᠡᠯᠦᠩᠭᠦᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠮ᠎ᠡ ᠶᠣᠰᠣ ᠪᠣᠯᠤᠨ ᠴᠢᠳᠠᠪᠤᠷᠢᠲᠠᠨ᠎ᠤ ᠦᠰᠦᠨ ᠪᠣᠢ᠌ᠵᠢᠬᠤ ᠵᠢᠮ᠎ᠡ ᠶᠣᠰᠣᠨ᠎ᠳᠤ ᠨᠡᠢ᠌ᠴᠡᠬᠦ ᠦᠭᠡᠢ ᠲᠦᠷᠢᠮ᠎ᠤᠨ ᠬᠠᠷᠰᠢ ᠰᠠᠭ᠋ᠠᠳ᠎ᠢ ᠵᠣᠷᠢᠭᠲᠠᠢ ᠰᠢᠪᠲᠤᠯᠵᠤ᠂ ᠰᠠᠢ᠍ᠢ᠍ᠨ ᠰᠠᠢ᠌ᠬᠠᠨ ᠡᠷᠳᠡᠮ ᠰᠢᠨᠵᠢᠯᠡᠭᠡᠨ᠎ᠤ ᠠᠮᠢ ᠠᠬᠤᠢ ᠵᠢ ᠪᠤᠢ ᠪᠣᠯᠭ᠋ᠠᠵᠤ᠂ ᠪᠦᠬᠦ ᠨᠡᠢ᠌ᠭᠡᠮ᠎ᠤᠨ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃
    ᠲᠦᠷᠪᠡ᠎ᠳᠤ᠂ ᠬᠣᠯᠪᠣᠭᠳᠠᠯ ᠪᠦᠬᠦᠢ ᠠᠵᠢᠯ ᠲᠦᠷᠦᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠠᠵᠢᠯ ᠲᠦᠷᠦᠯ ᠲᠤᠰ ᠬᠦᠷᠢᠶᠡᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠰᠤᠷᠲᠠᠯ ᠰᠤᠷᠤᠯᠭ᠎ᠠ ᠵᠢᠨ ᠰᠤᠷᠲᠠᠯ᠎ᠤᠨ ᠪᠠᠢ᠌ᠭᠤᠯᠤᠯᠲᠠ ᠵᠢ ᠰᠠᠢ᠌ᠲᠤᠷ ᠠᠳᠬᠤᠵᠤ᠂ ᠲᠦᠷᠦ ᠵᠢᠨ ᠪᠤᠳᠤᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠰᠤᠳᠤᠯᠤᠨ ᠨᠡᠭᠡᠭᠡᠬᠦ ᠵᠠᠷᠤᠳᠠᠯ᠎ᠢ ᠨᠡᠮᠡᠨ ᠪᠣᠳᠣᠵᠤ ᠰᠠᠭᠤᠯᠭ᠋ᠠᠨ ᠠᠪᠬᠤ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠶᠠᠭᠤ ᠵᠢ ᠥᠨᠳᠥᠷ ᠥᠷᠲᠡᠭᠲᠦ ᠡᠭᠦᠳᠦᠯᠲᠡ ᠵᠢᠨ ᠲᠤᠰᠬᠠᠶ ᠠᠰᠢᠭ ᠭᠡᠨ᠎ᠡ? ᠲᠣᠮᠢᠶᠠᠯᠠᠭᠰᠠᠨ!
ᠳᠡᠭᠡᠳᠦ ᠰᠢᠨ᠎ᠡ ᠲᠧᠭᠨᠢᠭ ᠮᠡᠷᠭᠡᠵᠢᠯ᠎ᠤᠨ ᠠᠵᠦ ᠠᠬᠤᠢ᠌ᠯᠠᠯ᠎ᠳᠤ ᠭᠤᠶᠤᠴᠢᠯᠠᠨ ᠮᠡᠳᠡᠭᠦᠯᠬᠦ᠎ᠳᠤ ᠲᠠ ᠬᠢᠷᠢ ᠲᠡᠭᠴᠡᠭᠰᠡᠨ ᠤᠤ?
800 ᠳ᠋ᠦᠩᠰᠢᠭᠤᠷ ᠲᠥᠭᠥᠷᠢᠭ᠎ᠤᠨ ᠭᠠᠢ᠌ᠯᠢ ᠬᠥᠩᠭᠡᠯᠡᠭᠰᠡᠨ ᠠᠰᠢᠭ ᠰᠠᠢ᠌ᠨ! ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠢ ᠬᠥᠩᠭᠡᠯᠡᠭᠰᠡᠨ ᠦᠦ?
ᠡᠳ᠋᠎ᠤᠨ ᠵᠠᠰᠠᠭ᠎ᠤᠨ ᠶᠠᠮᠤᠨ᠎ᠤ ᠪᠣᠭᠣᠮᠲᠠ ᠵᠢᠨ ᠶᠡᠷᠦᠩᠬᠡᠶ ᠵᠠᠬᠢᠷᠭ᠎ᠠ ᠵᠢᠨ ᠭᠠᠢ᠌ᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠳᠡᠮᠵᠢᠬᠦ ᠭᠠᠳᠠᠭ᠋ᠠᠳᠤ᠎ᠠᠴᠠ ᠣᠷᠣᠭᠤᠯᠬᠤ ᠭᠠᠢ᠌ᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ ᠵᠢᠨ ᠲᠤᠬᠠᠶ ᠮᠡᠳᠡᠭᠳᠡᠯ
 
            