3 ᠰᠠᠷ᠎ᠠ ᠵᠢᠨ 24᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠠᠴᠠ᠂ ᠦᠢᠯᠡᠳᠬᠦ ᠦᠢᠯᠡᠰ᠎ᠤᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠢ ᠨᠠᠮᠠᠨ ᠪᠤᠳᠤᠵᠤ ᠰᠠᠭᠤᠯᠭ᠋ᠠᠨ ᠠᠪᠬᠤ ᠬᠠᠷᠢᠴᠠᠯ᠎ᠢ ᠳᠡᠭᠡᠭᠰᠢᠯᠡᠭᠦᠯᠬᠦ ᠵᠡᠷᠭᠡ ᠲᠥᠷᠥ ᠵᠢᠨ ᠪᠣᠳᠣᠯᠭ᠎ᠠ ᠵᠢ ᠪᠠᠢ᠌ᠷᠢᠯᠠᠭᠤᠯᠤᠨ ᠬᠡᠷᠡᠭᠵᠢᠭᠦᠯᠵᠦ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠵᠢ ᠵᠣᠷᠢᠭᠵᠢᠭᠤᠯᠵᠤ᠂ ᠠᠵᠤ ᠦᠢᠯᠡᠰ᠎ᠤᠨ ᠲᠠᠰ ᠳᠡᠪᠰᠢᠬᠦ ᠵᠢ ᠠᠬᠢᠭᠤᠯᠪᠠ᠂ᠲᠦᠭᠡᠮᠡᠯ ᠬᠠᠷᠠᠭ᠋ᠠᠯᠵᠠᠯᠲᠤ ᠵᠢᠵᠢᠭ ᠪᠢᠴᠢᠯ ᠠᠵᠤ ᠠᠬᠤᠢ᠌ᠯᠠᠯ᠎ᠤᠨ ᠵᠢᠭᠡᠯᠡᠯᠭᠡ ᠵᠢᠨ ᠡᠬᠡ ᠬᠦᠦ ᠮᠥᠩᠭᠥ ᠵᠢ ᠬᠣᠢ᠌ᠰᠢᠯᠠᠭᠤᠯᠤᠨ ᠪᠤᠴᠠᠭ᠋ᠠᠬᠤ ᠲᠥᠷᠥ ᠵᠢᠨ ᠪᠣᠳᠣᠯᠭ᠎ᠠ ᠪᠠ ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠵᠢᠨ ᠲᠥᠯᠥᠪᠯᠡᠭᠡ ᠵᠢ ᠤᠯᠠᠮ ᠨᠢᠭᠡ ᠠᠯᠬᠤᠮ ᠵᠢᠯ᠎ᠤᠨ ᠡᠴᠦᠰ ᠪᠣᠯᠲᠠᠯ᠎ᠠ ᠤᠷᠲᠤᠳᠬᠠᠬᠤ᠎ᠪᠠᠷ ᠲᠣᠭᠲᠠᠪᠠ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠠᠤᠯᠢ (ᠵᠠᠰᠠᠪᠤᠷᠢ ᠣᠷᠣᠭᠤᠯᠤᠭᠰᠠᠨ ᠲᠥᠰᠦᠯ)》 ᠵᠢ ᠪᠠᠲᠤᠯᠠᠪᠠ᠃
ᠬᠤᠷᠠᠯ᠎ᠠᠴᠠ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠬᠤ ᠵᠢᠨ ᠲᠥᠯᠥᠭᠡ᠂ ᠵᠠᠬ᠎ᠠ ᠳᠡᠯᠭᠡᠭᠦᠷᠴᠢᠯᠡᠭᠰᠡᠨ᠂ ᠡᠷᠬᠡ ᠲᠡᠭᠰᠢ ᠨᠡᠢ᠌ᠳᠡᠮ ᠠᠰᠢᠭ ᠬᠦᠷᠲᠡᠭᠡᠬᠦ ᠤᠷᠮᠠᠰᠢᠭᠤᠯᠬᠤ ᠲᠦᠷᠦ ᠵᠢᠨ ᠪᠤᠳᠤᠯᠭ᠎ᠠ ᠵᠢ ᠨᠡᠩ ᠤᠯᠠᠨ ᠬᠡᠷᠡᠭᠯᠡᠵᠦ᠂ ᠠᠵᠤ ᠠᠬᠤᠢ᠌ᠯᠠᠯ ᠪᠣᠯᠤᠨ ᠪᠦᠬᠦ ᠨᠡᠢ᠌ᠭᠡᠮ᠎ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠵᠢ ᠨᠡᠮᠡᠭᠳᠡᠭᠦᠯᠵᠦ᠂ ᠠᠵᠤ ᠠᠬᠤᠢ ᠵᠢᠨ ᠬᠥᠭᠵᠢᠯᠲᠡ ᠵᠢᠨ ᠨᠥᠭᠡᠴᠡ ᠬᠦᠴᠦᠨ᠎ᠢ ᠴᠢᠩᠭ᠋ᠠᠳᠬᠠᠵᠤ᠂ ᠠᠵᠤ ᠠᠬᠤᠢ ᠵᠢᠨ ᠪᠦᠲᠦᠴᠡ ᠵᠢᠨ ᠰᠢᠯᠢᠳᠡᠭᠵᠢᠭᠦᠯᠦᠯᠲᠡ ᠵᠢ ᠠᠬᠢᠭᠤᠯᠬᠤ ᠬᠡᠷᠡᠭᠲᠡᠢ᠃ ᠣᠢ᠌ᠷ᠎ᠠ ᠵᠢᠨ ᠵᠢᠯ᠎ᠳᠤ᠂ ᠰᠤᠳᠤᠯᠤᠨ ᠨᠡᠭᠡᠭᠡᠬᠦ ᠵᠠᠷᠤᠳᠠᠯ᠎ᠢ ᠨᠠᠮᠠᠨ ᠪᠤᠳᠤᠵᠤ ᠰᠠᠭᠤᠯᠭ᠋ᠠᠨ ᠠᠪᠬᠤ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ ᠡᠷᠴᠢᠮ ᠲᠠᠰᠤᠷᠠᠯᠲᠠ ᠥᠬᠡᠶ ᠴᠢᠩᠭ᠋ᠠᠷᠠᠵᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠵᠢ ᠬᠦᠴᠦᠲᠡᠶ ᠠᠬᠢᠭᠤᠯᠪᠠ᠃ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠬᠣᠯᠪᠣᠭᠳᠠᠯ ᠪᠥᠬᠥᠶ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢᠨ ᠲᠥᠯᠥᠭᠡ᠂ ᠬᠤᠷᠠᠯ᠎ᠠᠴᠠ ᠲᠣᠭᠲᠠᠭ᠋ᠠᠭᠰᠠᠨ᠎ᠨᠢ᠄
ᠨᠢᠭᠡ᠎ᠳᠤ᠂ ᠡᠨᠡ ᠵᠢᠯ᠎ᠤᠨ 1 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠦᠢᠯᠡᠳᠬᠦ ᠦᠢᠯᠡᠰ᠎ᠤᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠤᠨ ᠨᠠᠮᠠᠨ ᠪᠤᠳᠤᠵᠤ ᠰᠠᠭᠤᠯᠭ᠋ᠠᠨ ᠠᠪᠬᠤ ᠬᠠᠷᠢᠴᠠᠯ᠎ᠢ 75 % ᠪᠠᠢ᠌ᠭᠰᠠᠨ᠎ᠠᠴᠠ᠎ᠨᠢ 100 % ᠪᠣᠯᠭ᠋ᠠᠨ ᠳᠡᠭᠡᠭᠰᠢᠯᠡᠭᠦᠯᠵᠦ᠂ ᠠᠵᠤ ᠠᠬᠤᠢ᠌ᠯᠠᠯ 100 ᠲᠦᠮᠡᠨ ᠲᠥᠭᠥᠷᠢᠭ᠎ᠤᠨ ᠰᠤᠳᠤᠯᠤᠨ ᠨᠡᠭᠡᠭᠡᠬᠦ ᠵᠠᠷᠤᠳᠠᠯ ᠣᠷᠣᠭᠤᠯᠬᠤ ᠪᠦᠷᠢ ᠭᠠᠢ᠌ᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠵᠢᠨ ᠲᠣᠭ᠎ᠠ᠎ᠠᠴᠠ 200 ᠲᠦᠮᠡᠨ ᠲᠥᠭᠥᠷᠢᠭ ᠬᠠᠰᠤᠵᠤ ᠪᠣᠯᠤᠨ᠎ᠠ᠃ ᠡᠨᠡ ᠬᠦ᠌ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡᠯ᠂ ᠵᠢᠱ᠌ᠢᠯᠲᠡ᠎ᠪᠠᠷ ᠨᠢᠳᠤᠨᠤᠨ᠎ᠤ ᠭᠠᠢ᠌ᠯᠢ ᠬᠥᠩᠭᠡᠯᠡᠭᠰᠡᠨ ᠬᠡᠮᠵᠢᠶ᠎ᠡ 3600 ᠳ᠋ᠦᠩᠰᠢᠭᠤᠷ ᠲᠥᠭᠥᠷᠢᠭ᠎ᠢ ᠳᠠᠪᠠᠭᠰᠠᠨ ᠰᠠᠭᠤᠷᠢᠨ ᠳᠡᠭᠡᠷ᠎ᠡ᠂ ᠡᠨᠡ ᠵᠢᠯ ᠪᠠᠰᠠ ᠠᠵᠤ ᠠᠬᠤᠢ᠌ᠯᠠᠯ᠎ᠳᠤ 800 ᠳ᠋ᠦᠩᠰᠢᠭᠤᠷ ᠲᠥᠭᠥᠷᠢᠭ᠎ᠤᠨ ᠭᠠᠢ᠌ᠯᠢ ᠵᠢ ᠰᠢᠨ᠎ᠡ᠎ᠪᠠᠷ ᠬᠥᠩᠭᠡᠯᠡᠵᠦ ᠥᠭᠭᠦᠨ᠎ᠡ᠃ ᠡᠨᠡ ᠬᠦ᠌ ᠲᠦᠷᠢᠮ᠎ᠤᠨ ᠴᠢᠨᠠᠷᠲᠠᠶ ᠲᠣᠬᠢᠷᠠᠭᠤᠯᠤᠯᠲᠠ ᠪᠣᠯ ᠡᠨᠡ ᠵᠢᠯ᠎ᠤᠨ ᠪᠦᠲᠦᠴᠡ ᠵᠢᠨ ᠴᠢᠨᠠᠷᠲᠠᠶ ᠭᠠᠢ᠌ᠯᠢ ᠬᠥᠩᠭᠡᠯᠡᠬᠦ ᠠᠵᠢᠯ᠎ᠤᠨ ᠳᠤᠮᠳᠠᠬᠢ ᠡᠷᠴᠢᠮ ᠵᠶ᠋ᠡᠷ ᠬᠠᠮᠤᠭ᠎ᠤᠨ ᠶᠡᠬᠡ ᠲᠥᠷᠥ ᠵᠢᠨ ᠪᠣᠳᠣᠯᠭ᠎ᠠ ᠮᠥᠨ᠃
ᠬᠣᠶᠠᠷ᠎ᠲᠤ᠂ ᠰᠤᠳᠤᠯᠤᠨ ᠨᠡᠭᠡᠭᠡᠬᠦ ᠵᠠᠷᠤᠳᠠᠯ᠎ᠤᠨ ᠨᠠᠮᠠᠨ ᠪᠤᠳᠤᠵᠤ ᠰᠠᠭᠤᠯᠭ᠋ᠠᠨ ᠠᠪᠴᠤ ᠢᠯᠭ᠋ᠠᠷᠠᠭᠤᠯᠤᠨ ᠲᠤᠰᠢᠶᠠᠵᠤ ᠲᠣᠭ᠋ᠠᠴᠠᠭ᠎ᠠ ᠬᠢᠬᠦ ᠠᠷᠭ᠎ᠠ ᠮᠠᠶᠢᠭ᠎ᠢ ᠥᠭᠡᠷᠡᠴᠢᠯᠡᠵᠦ᠂ ᠠᠵᠤ ᠠᠬᠤᠢ᠌ᠯᠠᠯ᠎ᠤᠨ ᠬᠠᠭ᠋ᠠᠰ ᠵᠢᠯ᠎ᠤᠨ ᠰᠣᠩᠭᠣᠯᠲᠠ᠎ᠪᠠᠷ ᠨᠠᠮᠠᠨ ᠪᠤᠳᠤᠵᠤ ᠰᠠᠭᠤᠯᠭ᠋ᠠᠨ ᠠᠪᠬᠤ ᠬᠠᠷᠠᠭ᠋ᠠᠯᠵᠠᠯ ᠭᠥᠷᠳᠡᠬᠦ ᠵᠢ ᠵᠥᠪᠰᠢᠶᠡᠷᠡᠨ᠎ᠡ᠂ ᠲᠦᠷᠦᠭᠦᠦ ᠬᠠᠭ᠋ᠠᠰ ᠵᠢᠯ᠎ᠤᠨ ᠰᠤᠳᠤᠯᠤᠨ ᠨᠡᠭᠡᠭᠡᠬᠦ ᠵᠠᠷᠤᠳᠠᠯ᠎ᠢ ᠳᠠᠷᠠᠭ᠎ᠠ ᠵᠢᠯ᠎ᠤᠨ ᠠᠰᠢᠭ ᠣᠷᠣᠯᠭ᠎ᠠ ᠵᠢᠨ ᠭᠠᠢ᠌ᠯᠢ ᠵᠢ ᠬᠤᠷᠢᠶᠠᠩᠭᠤᠢ᠌ᠯᠠᠨ ᠪᠤᠳᠤᠵᠤ ᠢᠯᠭ᠋ᠠᠷᠠᠭᠤᠯᠤᠨ ᠲᠤᠰᠢᠶᠠᠬᠤ ᠦᠶ᠎ᠡ᠎ᠳᠤ ᠰᠠᠭᠤᠯᠭ᠋ᠠᠨ ᠠᠪᠴᠤ ᠪᠠᠢ᠌ᠭᠰᠠᠨ᠎ᠢ ᠲᠣᠰ ᠵᠢᠯ᠎ᠤᠨ 10 ᠰᠠᠷ᠎ᠠ᠎ᠳᠤ ᠤᠷᠢᠳᠴᠢᠯᠠᠨ ᠲᠤᠰᠢᠶᠠᠬᠤ ᠦᠶ᠎ᠡ᠎ᠳᠤ ᠳᠠᠷᠤᠶ ᠰᠠᠭᠤᠯᠭ᠋ᠠᠨ ᠠᠪᠴᠤ ᠪᠣᠯᠬᠤ ᠪᠣᠯᠭ᠋ᠠᠨ ᠥᠭᠡᠷᠡᠴᠢᠯᠡᠵᠦ᠂ ᠠᠵᠤ ᠠᠬᠤᠢ᠌ᠯᠠᠯ᠎ᠳᠤ ᠡᠷᠲᠡᠬᠡᠨ ᠠᠰᠢᠭ ᠬᠦᠷᠲᠡᠭᠡᠨ᠎ᠡ᠃
ᠵᠢᠱ᠌ᠢᠶᠡᠯᠡᠪᠡᠯ᠄
ᠨᠢᠭᠡᠨ ᠦᠢᠯᠡᠳᠬᠦ ᠦᠢᠯᠡᠰ᠎ᠤᠨ ᠠᠵᠤ ᠠᠬᠤᠢ᠌ᠯᠠᠯ᠎ᠤᠨ 2021 ᠣᠨ᠎ᠤ ᠲᠦᠷᠦᠭᠦᠦ ᠬᠠᠭ᠋ᠠᠰ ᠵᠢᠯ᠎ᠳᠤ ᠨᠥᠬᠥᠴᠡᠯ᠎ᠳᠤ ᠨᠡᠢ᠌ᠴᠡᠬᠦ ᠰᠤᠳᠤᠯᠤᠨ ᠨᠡᠭᠡᠭᠡᠬᠦ ᠵᠠᠷᠤᠳᠠᠯ᠎ᠤᠨ ᠵᠣᠭᠣᠰ᠎ᠤᠨ ᠲᠣᠭ᠎ᠠ᠎ᠨᠢ 50 ᠲᠦᠮᠡᠨ ᠲᠥᠭᠥᠷᠢᠭ ᠪᠠᠢ᠌ᠪᠠ᠃ ᠥᠩᠭᠡᠷᠡᠭᠰᠡᠨ᠎ᠳᠤ ᠨᠡᠮᠡᠵᠦ ᠪᠤᠳᠤᠭ᠋ᠠᠳ 75 % ᠵᠢ ᠬᠠᠰᠤᠵᠤ᠂ ᠲᠤᠬᠠᠢ᠌ᠯᠠᠪᠠᠯ ᠭᠠᠢ᠌ᠯᠢ ᠲᠤᠰᠢᠶᠠᠬᠤ᠎ᠠᠴᠠ ᠡᠮᠦᠨ᠎ᠡ 50 X (175 %) = 875 (ᠲᠦᠮᠡᠨ ᠲᠥᠭᠥᠷᠢᠭ) ᠵᠢ ᠬᠠᠰᠤᠵᠤ ᠭᠠᠷᠭ᠋ᠠᠵᠠᠢ᠃
ᠰᠤᠳᠤᠯᠤᠨ ᠨᠡᠭᠡᠭᠡᠬᠦ ᠵᠠᠷᠤᠳᠠᠯ᠎ᠢ 2022 ᠣᠨ᠎ᠤ ᠠᠰᠢᠭ ᠣᠷᠣᠯᠭ᠎ᠠ ᠵᠢᠨ ᠭᠠᠢ᠌ᠯᠢ ᠵᠢ ᠬᠤᠷᠢᠶᠠᠩᠭᠤᠢ᠌ᠯᠠᠨ ᠪᠤᠳᠤᠵᠤ ᠢᠯᠭ᠋ᠠᠷᠠᠭᠤᠯᠤᠨ ᠪᠤᠳᠤᠬᠤ ᠦᠶ᠎ᠡ᠎ᠳᠤ ᠬᠠᠰᠤᠵᠤ ᠭᠠᠷᠭ᠋ᠠᠬᠤ ᠬᠡᠷᠡᠭᠲᠡᠶ᠃
ᠤᠳᠤ 100 %᠎ᠪᠠᠷ ᠨᠡᠮᠡᠵᠦ ᠬᠠᠰᠤᠪᠠᠯ᠂ ᠲᠤᠬᠠᠢ᠌ᠯᠠᠪᠠᠯ ᠭᠠᠢ᠌ᠯᠢ ᠲᠤᠰᠢᠶᠠᠬᠤ᠎ᠠᠴᠠ ᠡᠮᠦᠨ᠎ᠡ 50 × (1 + 100 %) = 100 (ᠲᠦᠮᠡᠨ ᠲᠥᠭᠥᠷᠢᠭ) ᠵᠢ ᠬᠠᠰᠤᠵᠤ ᠪᠣᠯᠤᠨ᠎ᠠ᠃
ᠲᠣᠰ ᠠᠵᠤ ᠠᠬᠤᠢ᠌ᠯᠠᠯ ᠭᠠᠢ᠌ᠯᠢ ᠲᠤᠰᠢᠶᠠᠬᠤ᠎ᠠᠴᠠ ᠡᠮᠦᠨ᠎ᠡ 12 . 5 ᠲᠦᠮᠡᠨ ᠲᠥᠭᠥᠷᠢᠭ ᠢᠯᠡᠭᠦᠦ ᠰᠠᠭᠤᠯᠭ᠋ᠠᠨ ᠠᠪᠴᠤ ᠪᠣᠯᠤᠨ᠎ᠠ᠂ ᠲᠦᠷᠦᠭᠦᠦ ᠬᠠᠭ᠋ᠠᠰ ᠵᠢᠯ᠎ᠤᠨ ᠰᠤᠳᠤᠯᠤᠨ ᠨᠡᠭᠡᠭᠡᠬᠦ ᠵᠠᠷᠤᠳᠠᠯ᠎ᠢ 2021 ᠣᠨ᠎ᠤ 10 ᠰᠠᠷ᠎ᠠ᠎ᠳᠤ ᠤᠷᠢᠳᠴᠢᠯᠠᠨ ᠲᠤᠰᠢᠶᠠᠬᠤ ᠦᠶ᠎ᠡ᠎ᠳᠤ ᠳᠠᠷᠤᠶ ᠰᠠᠭᠤᠯᠭ᠋ᠠᠨ ᠠᠪᠴᠤ ᠪᠣᠯᠤᠨ᠎ᠠ᠂ ᠡᠨᠡ᠎ᠨᠢ ᠠᠵᠤ ᠠᠬᠤᠢ᠌ᠯᠠᠯ᠎ᠤᠨ ᠪᠠᠯᠠ ᠮᠥᠩᠭᠥ ᠵᠢᠨ ᠳᠠᠷᠤᠯᠲᠠ ᠵᠢ ᠨᠠᠮᠳᠠᠭᠤᠯᠵᠤ᠂ ᠠᠵᠤ ᠠᠬᠤᠢ᠌ᠯᠠᠯ᠎ᠤᠨ ᠪᠠᠯᠠ ᠮᠥᠩᠭᠥ ᠵᠢᠨ ᠥᠪᠡᠷ᠎ᠤᠨ ᠥᠷᠲᠡᠭ᠎ᠢ ᠪᠠᠭᠤᠷᠠᠭᠤᠯᠬᠤ᠎ᠳᠤ ᠠᠰᠢᠭᠲᠠᠶ ᠶᠤᠮ᠃
ᠡᠨᠡ ᠬᠦ᠌ ᠲᠥᠷᠥ ᠵᠢᠨ ᠪᠣᠳᠣᠯᠭ᠎ᠠ ᠵᠢ ᠬᠡᠷᠡᠭᠵᠢᠭᠦᠯᠪᠡᠯ᠂ ᠵᠢᠱ᠌ᠢᠯᠲᠡ᠎ᠪᠠᠷ ᠨᠢᠳᠤᠨᠤᠨ᠎ᠤ ᠭᠠᠢ᠌ᠯᠢ ᠬᠥᠩᠭᠡᠯᠡᠭᠰᠡᠨ ᠬᠡᠮᠵᠢᠶ᠎ᠡ 3600 ᠳ᠋ᠦᠩᠰᠢᠭᠤᠷ ᠲᠥᠭᠥᠷᠢᠭ᠎ᠢ ᠳᠠᠪᠠᠭᠰᠠᠨ ᠰᠠᠭᠤᠷᠢᠨ ᠳᠡᠭᠡᠷ᠎ᠡ᠂ ᠡᠨᠡ ᠵᠢᠯ ᠪᠠᠰᠠ ᠠᠵᠤ ᠠᠬᠤᠢ᠌ᠯᠠᠯ᠎ᠳᠤ 800 ᠳ᠋ᠦᠩᠰᠢᠭᠤᠷ ᠲᠥᠭᠥᠷᠢᠭ᠎ᠤᠨ ᠭᠠᠢ᠌ᠯᠢ ᠵᠢ ᠰᠢᠨ᠎ᠡ᠎ᠪᠠᠷ ᠬᠥᠩᠭᠡᠯᠡᠵᠦ ᠥᠭᠭᠦᠨ᠎ᠡ᠃ ᠡᠨᠡ ᠬᠦ᠌ ᠲᠦᠷᠢᠮ᠎ᠤᠨ ᠴᠢᠨᠠᠷᠲᠠᠶ ᠲᠣᠬᠢᠷᠠᠭᠤᠯᠤᠯᠲᠠ ᠪᠣᠯ ᠡᠨᠡ ᠵᠢᠯ᠎ᠤᠨ ᠪᠦᠲᠦᠴᠡ ᠵᠢᠨ ᠴᠢᠨᠠᠷᠲᠠᠶ ᠭᠠᠢ᠌ᠯᠢ ᠬᠥᠩᠭᠡᠯᠡᠬᠦ ᠠᠵᠢᠯ᠎ᠤᠨ ᠳᠤᠮᠳᠠᠬᠢ ᠡᠷᠴᠢᠮ ᠵᠶ᠋ᠡᠷ ᠬᠠᠮᠤᠭ᠎ᠤᠨ ᠶᠡᠬᠡ ᠨᠢᠭᠡ ᠵᠦᠢᠯ᠎ᠤᠨ ᠲᠥᠷᠥ ᠵᠢᠨ ᠪᠣᠳᠣᠯᠭ᠎ᠠ ᠮᠥᠨ᠃
ᠴᠢᠬᠤᠯᠠ ᠰᠠᠨᠠᠭᠤᠯᠤᠮᠵᠢ ᠄
ᠠᠵᠤ ᠠᠬᠤᠢ᠍ᠯᠠᠯ ᠵᠥᠪᠬᠡᠨ ᠠᠮᠵᠢᠯᠲᠠ᠎ᠲᠠᠢ ᠰᠤᠳᠤᠯᠤᠨ ᠨᠡᠭᠡᠭᠡᠬᠦ ᠠᠵᠢᠯᠯᠠᠭ᠎ᠠ᠎ᠠᠴᠠ ᠡᠭᠦᠰᠦᠭᠰᠡᠨ ᠰᠤᠳᠤᠯᠤᠨ ᠨᠡᠭᠡᠭᠡᠬᠦ ᠵᠠᠷᠤᠳᠠᠯ ᠰᠠᠶᠢ ᠨᠡᠮᠡᠨ ᠪᠣᠳᠣᠵᠤ ᠬᠠᠰᠤᠬᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠦᠷᠲᠡᠵᠦ ᠪᠤᠯᠬᠣ ᠪᠢᠰᠢ᠂ ᠢᠯᠠᠭᠳᠠᠭᠰᠠᠨ ᠰᠤᠳᠤᠯᠤᠨ ᠨᠡᠭᠡᠭᠡᠯᠲᠡ ᠠᠵᠢᠯᠯᠠᠭ᠎ᠠ ᠠᠳᠠᠯᠢᠬᠠᠨ ᠵᠶ᠋ᠠᠷ ᠨᠡᠮᠡᠨ ᠪᠤᠳᠤᠵᠤ ᠰᠠᠭᠤᠯᠭ᠋ᠠᠨ ᠬᠠᠰᠤᠬᠤ ᠬᠠᠷᠠᠭ᠋ᠠᠯᠵᠠᠯ᠎ᠤᠨ ᠲᠦᠷᠦ ᠵᠢᠨ ᠪᠤᠳᠤᠯᠭ᠎ᠠ ᠵᠢ ᠡᠳ᠋ᠯᠡᠵᠦ ᠪᠣᠯᠤᠨ᠎ᠠ᠃
《ᠥᠪᠡᠰᠦᠪᠡᠨ ᠢᠯᠭ᠋ᠠᠨ ᠳᠣᠲᠣᠯᠠᠬᠤ᠂ ᠭᠤᠶᠤᠴᠢᠯᠠᠨ ᠮᠡᠳᠡᠭᠦᠯᠵᠦ ᠭᠥᠷᠳᠡᠬᠦ᠂ ᠬᠠᠮᠢᠶ᠎ᠠ ᠪᠥᠬᠥᠶ ᠮᠠᠲ᠋ᠧᠷᠢᠶᠠᠯ᠎ᠢ ᠦᠯᠡᠳᠡᠭᠡᠨ ᠬᠠᠳᠠᠭ᠋ᠠᠯᠠᠵᠤ ᠪᠠᠢ᠌ᠴᠠᠭ᠋ᠠᠬᠤ᠎ᠳᠤ ᠪᠡᠯᠡᠳᠬᠡᠬᠦ》 ᠭᠦᠢᠴᠡᠳᠬᠡᠬᠦ ᠠᠷᠭ᠎ᠠ ᠮᠠᠶᠢᠭ᠎ᠢ ᠠᠪᠴᠤ᠂ ᠭᠠᠢ᠌ᠯᠢ ᠲᠤᠰᠢᠶᠠᠬᠤ᠎ᠪᠠᠷ ᠭᠤᠶᠤᠴᠢᠯᠠᠨ ᠮᠡᠳᠡᠭᠦᠯᠬᠦ ᠵᠢᠴᠢ ᠬᠠᠷᠠᠭ᠋ᠠᠯᠵᠠᠯ ᠭᠥᠷᠳᠡᠬᠦ ᠵᠦᠢᠯᠡᠰ᠎ᠠᠴᠠ ᠡᠮᠦᠨ᠎ᠡ ᠳᠠᠩᠰᠠᠯᠠᠭᠤᠯᠬᠤ ᠭᠠᠷᠳᠠᠮ᠎ᠢ ᠳᠠᠭᠢᠵᠤ ᠭᠦᠢᠴᠡᠳᠬᠡᠬᠦ ᠴᠢᠬᠤᠯᠠ ᠥᠬᠡᠶ᠂ ᠮᠥᠨ ᠴᠦ᠍ ᠳᠠᠩᠰᠠᠯᠠᠭᠤᠯᠤᠭᠰᠠᠨ ᠮᠠᠲ᠋ᠧᠷᠢᠶᠠᠯ ᠵᠶ᠋ᠠᠨ ᠳᠠᠭᠢᠵᠤ ᠮᠡᠳᠡᠭᠦᠯᠦᠨ ᠬᠦᠷᠭᠡᠬᠦ ᠴᠢᠬᠤᠯᠠ ᠥᠬᠡᠶ᠂ ᠤᠤᠯ᠎ᠤᠨ ᠳᠠᠩᠰᠠᠯᠠᠭᠤᠯᠤᠭᠰᠠᠨ ᠮᠠᠲ᠋ᠧᠷᠢᠶᠠᠯ᠎ᠢ ᠪᠦᠬᠦᠨ᠎ᠢ ᠬᠠᠳᠠᠭ᠋ᠠᠯᠠᠵᠤ ᠪᠠᠢ᠌ᠴᠠᠭ᠋ᠠᠬᠤ᠎ᠳᠤ ᠪᠡᠯᠡᠳᠬᠡᠬᠦ ᠮᠠᠲ᠋ᠧᠷᠢᠶᠠᠯ ᠪᠣᠯᠭ᠋ᠠᠵᠤ ᠠᠵᠤ ᠠᠬᠤᠢ᠌ᠯᠠᠯ᠎ᠳᠤ ᠦᠯᠡᠳᠡᠭᠡᠨ᠎ᠡ᠃