ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠪᠣᠯ ᠤᠯᠤᠰ᠎ᠤᠨ ᠠᠮᠤᠷ ᠲᠦᠪᠰᠢᠨ᠎ᠤ ᠴᠢᠬᠤᠯᠠ ᠬᠠᠯᠬᠠᠪᠴᠢ ᠮᠥᠨ
ᠨᠡᠶ᠋ᠢᠲᠡᠯᠡᠭᠰᠡᠨ ᠴᠠᠭ᠄ 2021-03-09


   2 ᠰᠠᠷ᠎ᠠ ᠵᠢᠨ 1᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ 《ᠦᠨᠡᠨ》 ᠰᠡᠳᠬᠦᠯ ᠳᠡᠭᠡᠷ᠎ᠡ 《ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠵᠢ ᠠᠬᠢᠭᠤᠯᠤᠶ᠎ᠠ》 ᠭᠡᠬᠦ ᠴᠢᠬᠤᠯᠠ ᠵᠣᠬᠢᠶᠠᠯ᠎ᠢ ᠨᠡᠢ᠌ᠲᠡᠯᠡᠪᠡ᠃ ᠡᠭᠦᠨ᠎ᠠᠴᠠ ᠡᠮᠦᠨ᠎ᠡ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠢ᠎ᠠ ᠮᠠᠨ᠎ᠤ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠠᠵᠢᠯ ᠪᠠ ᠤᠯᠤᠰ᠎ᠤᠨ ᠠᠮᠤᠷ ᠲᠦᠪᠰᠢᠨ᠎ᠢ ᠴᠢᠩᠭ᠋ᠠᠳᠬᠠᠬᠤ ᠲᠤᠬᠠᠢ ᠬᠣᠷᠢᠨ ᠲᠠᠪᠤᠳᠤᠭ᠋ᠠᠷ ᠪᠠ ᠬᠣᠷᠢᠨ ᠵᠢᠷᠭᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ ᠪᠣᠯᠤᠨ ᠴᠢᠬᠤᠯᠠ ᠶᠠᠷᠢᠶ᠎ᠠ᠎ᠳᠤ᠄ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ ᠤᠯᠤᠰ᠎ᠤᠨ ᠠᠮᠤᠷ ᠲᠦᠪᠰᠢᠨ᠎ᠲᠠᠢ ᠬᠣᠯᠪᠣᠭᠳᠠᠨ᠎ᠠ᠃ ᠡᠨᠡ᠎ᠨᠢ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠤᠷᠢᠳᠤ ᠡᠮᠦᠨ᠎ᠡ ᠪᠠᠢ᠌ᠭ᠎ᠠ ᠦᠭᠡᠢ ᠥᠨᠳᠥᠷ ᠲᠦᠪᠰᠢᠨ᠎ᠳᠤ ᠬᠦᠷᠲᠡᠯ᠎ᠡ ᠳᠡᠭᠡᠭᠰᠢᠯᠡᠭᠦᠯᠦᠭᠰᠡᠨ ᠵᠶ᠋ᠡᠷ ᠪᠠᠷᠠᠬᠤ ᠦᠭᠡᠢ᠂ ᠪᠠᠰᠠ ᠴᠢᠬᠤᠯᠠ ᠲᠤᠬᠢᠶ᠎ᠠ ᠭᠠᠷᠭ᠋ᠠᠪᠠ᠄ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠪᠣᠯ ᠤᠯᠤᠰ᠎ᠤᠨ ᠠᠮᠤᠷ ᠲᠦᠪᠰᠢᠨ᠎ᠤ ᠴᠢᠬᠤᠯᠠ ᠬᠠᠯᠬᠠᠪᠴᠢ ᠮᠥᠨ᠂ ᠭᠠᠭᠴᠠ ᠬᠦ᠌ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠴᠢᠩᠭ᠎ᠠ ᠬᠠᠮᠠᠭ᠋ᠠᠯᠠᠪᠠᠯ ᠰᠠᠶᠢ ᠳᠡᠯᠡᠬᠡᠢ ᠵᠢᠨ ᠪᠠ ᠤᠯᠤᠰ᠎ᠤᠨ ᠳᠣᠲᠣᠭ᠋ᠠᠳᠤ ᠵᠢᠨ ᠬᠦᠨᠳᠦ ᠶᠡᠬᠡ ᠠᠶᠤᠯ ᠲᠦᠭᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭ᠋ᠠᠴᠠᠵᠤ᠂ ᠰᠠᠶᠢ ᠮᠠᠨ᠎ᠤ ᠤᠯᠤᠰ᠎ᠤᠨ ᠤᠯᠤᠰ᠎ᠤᠨ ᠠᠮᠤᠷ ᠲᠦᠪᠰᠢᠨ᠂ ᠠᠵᠤ ᠠᠬᠤᠢ ᠵᠢᠨ ᠠᠮᠤᠷ ᠲᠦᠪᠰᠢᠨ᠎ᠢ ᠪᠠᠲᠤᠯᠠᠵᠤ ᠴᠢᠳᠠᠨ᠎ᠠ᠃

    ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠭᠠᠳᠠᠭ᠋ᠠᠳᠤ᠎ᠳᠤ ᠰᠢᠯᠵᠢᠭᠦᠯᠦᠨ ᠥᠭᠬᠦ᠎ᠳᠤ ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ᠎ᠤ ᠬᠥᠳᠡᠯᠦᠩᠭᠦᠶ ᠲᠡᠩᠴᠡᠭᠦᠷᠢ ᠵᠢ ᠪᠡᠶᠡᠯᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ
  ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ᠎ᠳᠤ᠂ 《ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ᠂ ᠰᠠᠨᠠᠭ᠋ᠠᠰᠢᠷᠠᠨ ᠵᠣᠪᠠᠨᠢᠬᠤ ᠤᠬᠠᠮᠰᠠᠷ ᠵᠶ᠋ᠠᠨ ᠴᠢᠩᠭ᠋ᠠᠳᠬᠠᠵᠤ᠂ ᠠᠮᠤᠷ ᠲᠦᠪᠰᠢᠨ ᠪᠠᠢ᠌ᠬᠤ᠎ᠳᠠᠭᠠᠨ ᠠᠶᠤᠯ ᠲᠦᠭᠰᠢᠭᠦᠷᠢ ᠵᠢ ᠮᠠᠷᠲᠠᠬᠤ ᠦᠭᠡᠢ ᠪᠠᠢ᠌ᠬᠤ ᠪᠣᠯ ᠮᠠᠨ᠎ᠤ ᠨᠠᠮ᠎ᠤᠨ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠵᠢᠨ ᠨᠢᠭᠡᠨ ᠴᠢᠬᠤᠯᠠ ᠶᠡᠬᠡ ᠵᠠᠷᠴᠢᠮ ᠮᠥᠨ᠃ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠪᠠᠷᠢᠮᠲᠠᠯᠠᠬᠤ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠴᠢᠬᠤᠯᠠ ᠠᠭᠤᠯᠭ᠎ᠠ ᠪᠣᠯᠤᠨ᠎ᠠ᠃ ᠭᠣᠣᠯᠳᠠᠯᠭ᠎ᠠ᠎ᠨᠢ 《ᠶᠡᠷᠦᠩᠬᠡᠢ ᠴᠣᠭᠴᠠ》᠎ᠳᠤ ᠪᠠᠢ᠌ᠵᠤ᠂ 《ᠶᠡᠬᠡ ᠠᠮᠤᠷ ᠲᠦᠪᠰᠢᠨ》 ᠭᠡᠬᠦ ᠣᠢ᠌ᠯᠠᠭ᠋ᠠᠭᠳᠠᠬᠤᠨ᠎ᠢ ᠲᠤᠪᠤᠢ᠍ᠢ᠍ᠯᠭ᠋ᠠᠵᠤ᠂ ᠤᠯᠤᠰ ᠲᠦᠷᠦ᠂ ᠴᠡᠷᠢᠭ᠎ᠤᠨ ᠶᠠᠪᠤᠳᠠᠯ᠂ ᠤᠯᠤᠰ᠎ᠤᠨ ᠨᠤᠲᠤᠭ ᠳᠡᠪᠢᠰᠬᠡᠷ᠂ ᠠᠵᠤ ᠠᠬᠤᠢ᠂ ᠰᠣᠶᠣᠯ ᠵᠡᠷᠭᠡ ᠤᠯᠠᠨ ᠬᠦᠷᠢᠶᠡᠨ᠎ᠤ ᠠᠮᠤᠷ ᠲᠦᠪᠰᠢᠨ᠎ᠢ ᠬᠠᠮᠤᠷᠴᠤ᠂ ᠡᠯ᠎ᠡ ᠳᠠᠪᠬᠤᠷᠭ᠎ᠠ᠎ᠳᠤ ᠨᠡᠪᠴᠢᠨ ᠣᠷᠣᠵᠤ᠂ ᠲᠡᠷᠡᠴᠢᠯᠡᠨ ᠨᠡᠢ᠌ᠭᠡᠮ᠎ᠤᠨ ᠬᠥᠭᠵᠢᠯᠲᠡ ᠵᠢ ᠲᠠᠭ᠋ᠠᠯᠳᠤᠨ ᠦᠷᠭᠦᠯᠵᠢᠯᠡᠨ ᠲᠠᠰᠤᠷᠠᠯᠳᠠ ᠦᠭᠡᠢ ᠥᠷᠭᠡᠵᠢᠬᠦ ᠪᠣᠯᠤᠨ᠎ᠠ᠃
    ᠶᠡᠷᠦᠩᠬᠡᠢ ᠱᠦᠵᠢ ᠰᠢ ᠵᠢᠨ ᠫᠢᠩ᠄ 《ᠮᠡᠳᠡᠯᠭᠡ ᠵᠢᠨ ᠥᠮᠴᠢᠯᠡᠯ᠎ᠤᠨ ᠡᠷᠬᠡ ᠵᠢ ᠭᠠᠳᠠᠭ᠋ᠠᠳᠤ᠎ᠳᠤ ᠰᠢᠯᠵᠢᠭᠦᠯᠦᠨ ᠥᠭᠬᠦ᠎ᠳᠤ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠪᠠᠷᠢᠮᠲᠠᠯᠠᠬᠤ ᠬᠡᠷᠡᠭᠲᠡᠢ᠃ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠵᠢᠨ ᠪᠠᠢ᠌ᠳᠠᠯ ᠳᠣᠣᠷ᠎ᠠ᠂ ᠮᠡᠳᠡᠯᠭᠡ ᠵᠢᠨ ᠥᠮᠴᠢᠯᠡᠯ᠎ᠤᠨ ᠡᠷᠬᠡ ᠪᠣᠯᠤᠨ ᠤᠯᠤᠰ᠎ᠤᠨ ᠠᠮᠤᠷ ᠲᠦᠪᠰᠢᠨ ᠬᠣᠶᠠᠷ᠎ᠤᠨ ᠬᠣᠭᠣᠷᠣᠨᠳᠣᠬᠢ ᠬᠠᠷᠢᠯᠴᠠᠭ᠎ᠠ᠎ᠨᠢ ᠲᠡᠦᠬᠡᠨ ᠳᠡᠭᠡᠷᠡᠬᠢ ᠠᠯᠢ ᠴᠤ᠌ ᠦᠶ᠎ᠡ᠎ᠠᠴᠠ ᠴᠥᠮ ᠨᠢᠭᠲᠠ ᠴᠢᠬᠤᠯᠠ ᠶᠤᠮ᠃ ᠳᠡᠯᠡᠬᠡᠢ᠌ᠵᠢᠯᠲᠡ ᠵᠢᠨ ᠴᠠᠭ ᠦᠶ᠎ᠡ᠎ᠳᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠭᠠᠳᠠᠭ᠋ᠠᠳᠤ᠎ᠳᠤ ᠰᠢᠯᠵᠢᠭᠦᠯᠦᠨ ᠥᠭᠬᠦ ᠪᠣᠯ ᠡᠯ᠎ᠡ ᠤᠯᠤᠰ᠎ᠤᠨ ᠬᠠᠮᠲᠤᠷᠠᠯᠴᠠᠭ᠎ᠠ ᠪᠠ ᠥᠷᠢᠰᠥᠯᠳᠦᠭᠡᠨ᠎ᠤ ᠲᠥᠪᠯᠡᠷᠡᠯ᠎ᠤᠨ ᠴᠡᠭ ᠮᠥᠨ᠂ ᠪᠠᠰᠠ ᠴᠤ᠌ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠬᠢᠭᠡᠳ ᠤᠯᠤᠰ᠎ᠤᠨ ᠠᠮᠤᠷ ᠲᠦᠪᠰᠢᠨ᠎ᠤ ᠴᠢᠬᠤᠯᠠ ᠪᠠᠢ᠌ᠯᠳᠤᠬᠤ ᠪᠤᠳᠤᠯᠭ᠎ᠠ ᠵᠢᠨ ᠬᠣᠯᠪᠣᠭ᠋ᠠᠰᠤ ᠵᠢᠨ ᠴᠡᠭ ᠮᠥᠨ᠃ ᠳᠡᠯᠡᠬᠡᠢ ᠵᠢᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠵᠣᠬᠢᠶᠠᠨ ᠪᠠᠢ᠌ᠭᠤᠯᠤᠯᠲᠠ ᠵᠢᠨ ᠪᠣᠷᠣ ᠲᠥᠯᠥᠪ᠎ᠤᠨ ᠳᠣᠣᠷᠠᠬᠢ ᠪᠦᠬᠦ ᠪᠥᠮᠪᠥᠷᠴᠡᠭ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠵᠠᠰᠠᠯᠲᠠ᠎ᠳᠤ ᠭᠦᠨᠵᠡᠭᠡᠢ ᠣᠷᠣᠯᠴᠠᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠦᠷᠢᠶᠡᠨ᠎ᠳᠠᠬᠢ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠭᠠᠳᠠᠭ᠋ᠠᠳᠤ᠎ᠳᠤ ᠰᠢᠯᠵᠢᠭᠦᠯᠦᠨ ᠥᠭᠬᠦ 《ᠤᠯᠤᠰ᠎ᠤᠨ ᠡᠭᠦᠳᠡ》 ᠵᠢ ᠰᠠᠬᠢᠬᠤ᠎ᠨᠢ ᠨᠢᠭᠡ ᠤᠯᠤᠰ᠎ᠤᠨ ᠳᠠᠪᠠᠭᠤᠯᠢᠭ ᠪᠠᠢ᠌ᠷᠢ ᠰᠠᠭᠤᠷᠢ᠎ᠪᠠᠨ ᠪᠠᠲᠤᠯᠠᠵᠤ᠂ ᠤᠯᠠᠨ ᠬᠡᠮᠵᠢᠯᠳᠦ ᠴᠣᠬᠢᠯᠲᠠ ᠥᠭᠬᠦ ᠵᠢ ᠪᠡᠶᠡᠯᠡᠭᠦᠯᠬᠦ᠎ᠳᠤ ᠲᠤᠢ᠌ᠯ᠎ᠤᠨ ᠴᠢᠬᠤᠯᠠ ᠶᠤᠮ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠭᠠᠳᠠᠭ᠋ᠠᠳᠤ᠎ᠳᠤ ᠰᠢᠯᠵᠢᠭᠦᠯᠦᠨ ᠥᠭᠬᠦ᠎ᠳᠤ ᠡᠷᠬᠡᠪᠰᠢ ᠤᠯᠤᠰ᠎ᠤᠨ ᠠᠮᠤᠷ ᠲᠦᠪᠰᠢᠨ ᠵᠶ᠋ᠡᠷ ᠤᠷᠢᠲᠠᠯ ᠪᠣᠯᠭ᠋ᠠᠬᠤ ᠬᠡᠷᠡᠭᠲᠡᠶ᠃
   2020 ᠣᠨ᠎ᠤ 1 ᠰᠠᠷ᠎ᠠ᠎ᠠᠴᠠ 11 ᠰᠠᠷ᠎ᠠ ᠪᠣᠯᠲᠠᠯ᠎ᠠ᠂ ᠮᠠᠨ᠎ᠤ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠡᠷᠡᠭᠯᠡᠬᠦ ᠵᠠᠷᠤᠳᠠᠯ᠎ᠤᠨ ᠭᠠᠳᠠᠭ᠋ᠠᠳᠤ ᠭᠠᠷᠭ᠋ᠠᠯᠲᠠ ᠵᠢᠨ ᠲᠣᠭ᠎ᠠ 74 . 7 ᠳ᠋ᠦᠩᠰᠢᠭᠤᠷ ᠳ᠋ᠣᠯᠯᠠᠷ᠎ᠲᠤ ᠬᠦᠷᠴᠡᠶ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠰᠢᠯᠵᠢᠭᠦᠯᠦᠨ ᠥᠭᠬᠦ ᠶᠠᠪᠤᠴᠠ᠎ᠳᠤ᠂ ᠬᠡᠷᠪᠡ ᠤᠯᠤᠰ᠎ᠤᠨ ᠠᠮᠤᠷ ᠲᠦᠪᠰᠢᠨ᠎ᠳᠤ ᠬᠣᠯᠪᠣᠭᠳᠠᠬᠤ ᠭᠣᠣᠯᠯᠠᠬᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠰᠢᠯᠵᠢᠭᠦᠯᠦᠨ ᠥᠭᠬᠦ ᠦᠢ᠍ᠯᠡ ᠠᠵᠢᠯᠯᠠᠭ᠎ᠠ ᠵᠢ ᠴᠢᠩᠭ᠎ᠠ ᠬᠢᠨᠠᠨ ᠪᠠᠢ᠌ᠴᠠᠭ᠋ᠠᠵᠤ ᠬᠠᠮᠢᠶᠠᠷᠤᠭᠰᠠᠨ ᠦᠭᠡᠢ ᠪᠠᠢ᠌ᠪᠠᠯ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠳᠤᠲᠠᠭᠳᠠᠭᠰᠠᠨ᠎ᠠᠴᠠ ᠪᠤᠯᠵᠤ ᠤᠯᠤᠰ᠎ᠤᠨ ᠠᠮᠤᠷ ᠲᠦᠪᠰᠢᠨ᠎ᠢ ᠠᠶᠤᠯ ᠲᠦᠭᠰᠢᠭᠦᠷᠢ᠎ᠳᠤ ᠤᠴᠠᠷᠠᠭᠤᠯᠵᠤ᠂ ᠬᠥᠮᠦᠨ᠎ᠤ ᠰᠠᠨᠠᠭ᠋ᠠᠴᠢᠯᠠᠭ᠋ᠠᠲᠤ ᠪᠤᠰᠤ ᠪᠠᠢ᠌ᠳᠠᠯ᠎ᠳᠤ ᠬᠢᠵᠠᠭ᠋ᠠᠷᠯᠠᠭᠳᠠᠬᠤ᠂ ᠴᠢᠨᠠᠭᠰᠢᠯᠠᠪᠠᠯ ᠣᠨᠴᠠ ᠲᠣᠭᠲᠠᠭᠰᠠᠨ ᠬᠦᠷᠢᠶᠡᠨ᠎ᠳᠠᠬᠢ ᠪᠡᠶ᠎ᠡ᠎ᠪᠠᠨ ᠳᠠᠭ᠋ᠠᠭ᠋ᠠᠵᠤ ᠬᠥᠭᠵᠢᠬᠦ ᠰᠠᠨᠠᠭ᠋ᠠᠴᠢᠯᠠᠭ᠋ᠠᠲᠤ ᠡᠷᠬᠡ᠎ᠪᠠᠨ ᠠᠯᠳᠠᠵᠤ᠂ ᠬᠦᠨᠳᠦ ᠶᠡᠬᠡ ᠬᠣᠬᠢᠷᠠᠯ ᠤᠴᠠᠷᠠᠭᠤᠯᠵᠤ ᠮᠡᠳᠡᠨ᠎ᠠ᠃ ᠡᠢ᠌ᠮᠦ᠎ᠠᠴᠠ᠂ ᠤᠯᠤᠰ᠎ᠤᠨ ᠠᠮᠤᠷ ᠲᠦᠪᠰᠢᠨ᠎ᠳᠤ ᠬᠣᠯᠪᠣᠭᠳᠠᠬᠤ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠭᠠᠳᠠᠭ᠋ᠠᠳᠤ᠎ᠳᠤ ᠰᠢᠯᠵᠢᠭᠦᠯᠦᠨ ᠥᠭᠬᠦ ᠠᠵᠢᠯᠯᠠᠭ᠎ᠠ ᠵᠢ ᠬᠠᠤᠯᠢ ᠶᠣᠰᠣᠭ᠋ᠠᠷ ᠬᠠᠮᠢᠶᠠᠷᠴᠤ᠂ ᠮᠠᠨ᠎ᠤ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠪᠠ ᠤᠯᠠᠨ ᠤᠯᠤᠰ᠎ᠤᠨ ᠥᠷᠢᠰᠥᠯᠳᠦᠭᠡᠨ᠎ᠤ ᠳᠠᠪᠠᠭᠤᠯᠢᠭ᠎ᠢ ᠪᠣᠢ᠌ᠵᠢᠭᠤᠯᠵᠤ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠬᠦᠴᠦᠷᠬᠡᠭ ᠶᠡᠬᠡ ᠬᠥᠳᠡᠯᠭᠡᠭᠴᠢ ᠡᠨᠧᠷᠭᠢ ᠵᠢ ᠬᠤᠷᠠᠮᠳᠤᠭᠤᠯᠪᠠᠯ᠂ ᠯᠠᠪᠲᠠᠢ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠬᠦᠴᠦᠷᠬᠡᠭ ᠶᠡᠬᠡ ᠬᠦᠴᠦᠨ ᠴᠢᠳᠠᠯ᠎ᠢ ᠨᠢᠭᠲᠠᠷᠠᠭᠤᠯᠬᠤ ᠪᠣᠯᠤᠨ᠎ᠠ᠃

    ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠢ ᠰᠤᠳᠤᠯᠤᠨ ᠨᠡᠭᠡᠭᠡᠬᠦ ᠪᠠ ᠬᠠᠮᠠᠭ᠋ᠠᠯᠠᠵᠤ᠂ ᠤᠯᠤᠰ᠎ᠤᠨ ᠠᠮᠤᠷ ᠲᠦᠪᠰᠢᠨ᠎ᠢ ᠪᠡᠶ᠎ᠡ᠎ᠪᠠᠨ ᠳᠠᠭ᠋ᠠᠭ᠋ᠠᠨ ᠡᠵᠡᠮᠳᠡᠵᠦ ᠪᠣᠯᠬᠤ ᠵᠢ ᠦᠨᠡᠨᠬᠦ ᠪᠠᠲᠤᠯᠠᠬᠤ ᠬᠡᠷᠡᠭᠲᠡᠶ
    ᠤᠯᠤᠰ᠎ᠤᠨ ᠨᠤᠲᠤᠭ ᠳᠡᠪᠢᠰᠬᠡᠷ᠎ᠤᠨ ᠠᠮᠤᠷ ᠲᠦᠪᠰᠢᠨ ᠪᠣᠯ ᠤᠯᠤᠰ ᠣᠷᠣᠨ ᠵᠶ᠋ᠠᠨ ᠲᠣᠭᠲᠠᠨᠢᠭᠤᠯᠬᠤ ᠵᠢᠨ ᠰᠠᠭᠤᠷᠢ ᠮᠥᠨ᠂ ᠴᠡᠷᠢᠭ᠎ᠤᠨ ᠶᠠᠪᠤᠳᠠᠯ᠎ᠤᠨ ᠠᠮᠤᠷ ᠲᠦᠪᠰᠢᠨ ᠪᠣᠯ ᠤᠯᠤᠰ ᠣᠷᠣᠨ ᠵᠶ᠋ᠠᠨ ᠬᠦᠴᠦᠷᠬᠡᠭᠵᠢᠭᠦᠯᠬᠦ ᠵᠢᠨ ᠦᠨᠳᠦᠰᠦ ᠮᠥᠨ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠨᠢ ᠬᠣᠶᠠᠭᠤᠯᠠ᠎ᠪᠠᠨ ᠴᠥᠮ ᠪᠠᠲᠤ ᠴᠢᠩᠭ᠎ᠠ ᠬᠠᠯᠬᠠᠪᠴᠢ ᠪᠤᠯᠵᠤ ᠪᠠᠢ᠌ᠳᠠᠭ᠃ ᠮᠠᠨ᠎ᠤ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ᠎ᠲᠠᠢ ᠳᠣᠬᠢᠭᠤᠷ ᠲᠤᠯᠤᠭ᠋ᠠᠨ ᠣᠲᠣ ᠨᠡᠷᠡᠮᠵᠢᠲᠦ ᠠᠶᠠᠯᠠᠯ ᠵᠠᠯᠠᠬᠤ ᠰᠢᠰᠲ᠋ᠧᠮ᠎ᠨᠢ ᠠᠮᠤᠷ ᠲᠦᠪᠰᠢᠨ᠎ᠢ ᠬᠠᠮᠠᠭ᠋ᠠᠯᠠᠬᠤ ᠴᠢᠳᠠᠪᠤᠷᠢ ᠵᠢ ᠰᠢᠨ᠎ᠡ ᠲᠠᠰ ᠳᠠᠪᠬᠤᠷᠭ᠎ᠠ᠎ᠳᠤ ᠬᠦᠷᠲᠡᠯ᠎ᠡ ᠳᠡᠭᠡᠭᠰᠢᠯᠡᠭᠦᠯᠪᠡ᠃ ᠰᠤᠮᠤ ᠳᠠᠷᠢ ᠵᠢᠨ ᠰᠤᠳᠤᠯᠭ᠋ᠠᠨ᠂ ᠰᠠᠷᠠᠨ ᠪᠥᠮᠪᠥᠷᠴᠡᠭ᠎ᠢ ᠬᠠᠢ᠌ᠨ ᠰᠢᠨᠵᠢᠯᠡᠬᠦ ᠢᠨᠵᠧᠨᠧᠷᠢᠩ᠂ ᠴᠡᠷᠢᠭ᠎ᠤᠨ ᠬᠡᠷᠡᠭᠯᠡᠭᠡᠨ᠎ᠤ ᠲᠤᠮᠤ ᠬᠡᠯᠪᠡᠷᠢ ᠵᠢᠨ ᠲᠡᠭᠡᠭᠡᠪᠦᠷᠢ ᠵᠢᠨ ᠨᠢᠰᠬᠡᠯ᠂ ᠥᠨᠳᠥᠷ ᠢᠯᠭ᠋ᠠᠮᠵᠢᠳᠤ ᠭᠠᠵᠠᠷ᠎ᠤᠨ ᠠᠵᠢᠭᠯᠠᠯᠲᠠ ᠵᠡᠷᠭᠡ ᠲᠦᠷᠦᠯ ᠵᠦᠢ᠍ᠯ᠎ᠢ ᠰᠤᠳᠤᠯᠤᠨ ᠨᠡᠭᠡᠭᠡᠬᠦ ᠳᠤᠮᠳᠠ᠂ ᠮᠡᠳᠡᠯᠭᠡ ᠵᠢᠨ ᠥᠮᠴᠢᠯᠡᠯ᠎ᠤᠨ ᠡᠷᠬᠡ᠎ᠨᠢ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ ᠪᠠ ᠰᠤᠳᠤᠯᠤᠨ ᠦᠢ᠍ᠯᠡᠳᠬᠦ᠎ᠳᠤ ᠨᠠᠢ᠌ᠳᠠᠪᠤᠷᠢᠲᠠᠢ ᠮᠡᠳᠡᠭᠡ ᠵᠠᠩᠭᠢ ᠵᠢᠨ ᠴᠢᠮᠡᠭᠡ ᠮᠡᠳᠡᠭᠡᠨ᠎ᠤ ᠲᠤᠯᠭ᠋ᠠᠭᠤᠷᠢᠯᠠᠯ ᠪᠠ ᠠᠶᠠᠯᠠᠯ ᠬᠠᠮᠠᠭ᠋ᠠᠯᠠᠬᠤ ᠦᠢ᠍ᠯᠡᠳᠦᠯ ᠦᠵᠡᠭᠦᠯᠪᠡ᠃ ᠬᠡᠷᠪᠡ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠠᠯᠳᠠᠪᠠᠯ᠂ ᠤᠯᠤᠰ᠎ᠤᠨ ᠨᠤᠲᠤᠭ ᠳᠡᠪᠢᠰᠬᠡᠷ᠎ᠤᠨ ᠠᠮᠤᠷ ᠲᠦᠪᠰᠢᠨ᠎ᠢ ᠬᠠᠮᠠᠭ᠋ᠠᠯᠠᠬᠤ ᠮᠡᠷᠭᠡᠵᠢᠯ᠎ᠤᠨ ᠴᠢᠳᠠᠪᠤᠷᠢ ᠬᠣᠬᠢᠷᠠᠯ᠎ᠳᠤ ᠤᠴᠠᠷᠠᠵᠤ᠂ ᠤᠯᠤᠰ᠎ᠤᠨ ᠠᠮᠤᠷ ᠲᠦᠪᠰᠢᠨ᠎ᠨᠢ ᠬᠣᠭᠣᠰᠣᠨ ᠶᠠᠷᠢᠶ᠎ᠠ ᠪᠤᠯᠵᠤ᠂ ᠤᠯᠤᠰ᠎ᠤᠨ ᠡᠷᠬᠡ ᠠᠰᠢᠭ ᠰᠢᠭᠤᠳ ᠬᠣᠬᠢᠷᠠᠯ᠎ᠳᠤ ᠤᠴᠠᠷᠠᠬᠤ ᠪᠣᠯᠤᠨ᠎ᠠ᠃
    ᠶᠡᠷᠦᠩᠬᠡᠢ ᠱᠦᠵᠢ ᠰᠢ ᠵᠢᠨ ᠫᠢᠩ 《ᠵᠠᠩᠭᠢᠯᠠᠭ᠎ᠠ ᠵᠢᠨ ᠭᠣᠣᠯᠯᠠᠭᠴᠢ ᠮᠡᠷᠭᠡᠵᠢᠯ ᠪᠣᠯ ᠤᠯᠤᠰ᠎ᠤᠨ ᠴᠢᠬᠤᠯᠠ ᠲᠣᠨᠣᠭᠯᠠᠯ ᠮᠥᠨ》 ᠭᠡᠵᠦ ᠴᠢᠬᠤᠯᠠᠴᠢᠯᠠᠵᠤ ᠥᠩᠭᠡᠷᠡᠪᠡ᠃ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠳᠤ ᠯᠤᠲᠤ ᠶᠡᠬᠡ ᠠᠵᠤ ᠠᠬᠤᠢ ᠵᠢᠨ ᠦᠷᠳᠡᠭ ᠠᠭᠤᠯᠤᠭᠳᠠᠵᠤ᠂ ᠬᠣᠯᠪᠣᠭᠳᠠᠯ ᠪᠦᠬᠦᠢ ᠠᠵᠤ ᠦᠢ᠍ᠯᠡᠰ ᠴᠢᠨᠠᠭᠰᠢᠯᠠᠪᠠᠯ ᠤᠯᠤᠰ᠎ᠤᠨ ᠠᠵᠤ ᠠᠬᠤᠢ ᠵᠢᠨ ᠲᠤᠯᠭ᠋ᠠᠭᠤᠷᠢ ᠪᠤᠯᠵᠤ ᠪᠠᠢ᠌ᠨ᠎ᠠ᠂ ᠭᠡᠲᠡᠯ᠎ᠡ ᠮᠠᠨ᠎ᠤ ᠤᠯᠤᠰ᠎ᠤᠨ ᠣᠳᠣᠬᠠᠨ᠎ᠳᠤ ᠵᠠᠩᠭᠢᠯᠠᠭ᠎ᠠ ᠵᠢᠨ ᠮᠡᠷᠭᠡᠵᠢᠯ᠎ᠳᠤ ᠲᠦᠰᠢᠭᠯᠡᠬᠦ᠂ ᠪᠤᠰᠤᠳ᠎ᠲᠤ ᠬᠢᠵᠠᠭ᠋ᠠᠷᠯᠠᠭᠳᠠᠬᠤ᠂ 《ᠪᠣᠭᠣᠮᠢ》 ᠵᠢᠨ ᠠᠰᠠᠭᠤᠳᠠᠯ ᠮᠥᠨ ᠯᠡ ᠣᠷᠣᠰᠢᠵᠤ ᠪᠠᠢ᠌ᠨ᠎ᠠ᠃ ᠲᠡᠷᠡ ᠮᠥᠷᠲᠡᠭᠡᠨ᠂ ᠴᠤᠬᠤᠮ᠎ᠳᠠᠭᠠᠨ ᠮᠠᠨ᠎ᠤ ᠤᠯᠤᠰ᠎ᠤᠨ ᠡᠮᠦᠨ᠎ᠡ ᠵᠠᠬ᠎ᠠ ᠵᠢᠨ ᠮᠡᠷᠭᠡᠵᠢᠯ᠎ᠳᠤ ᠬᠠᠷᠢᠶᠠᠯᠠᠭᠳᠠᠬᠤ ᠪᠣᠯᠬᠣᠷ ᠮᠠᠨ᠎ᠤ ᠤᠯᠤᠰ᠎ᠲᠤ ᠯᠤᠲᠤ ᠶᠡᠬᠡ ᠠᠵᠤ ᠠᠬᠤᠶ ᠵᠢᠨ ᠦᠨ᠎ᠡ ᠥᠷᠲᠡᠭ ᠪᠣᠶ ᠪᠣᠯᠭ᠋ᠠᠬᠤ ᠶᠣᠰᠣᠲᠠᠶ᠂ ᠭᠡᠪᠡᠴᠦ ᠬᠠᠮᠠᠭ᠋ᠠᠯᠠᠯᠲᠠ ᠳᠤᠲᠠᠭᠳᠠᠪᠠᠯ᠂ ᠮᠡᠷᠭᠡᠵᠢᠯ ᠭᠠᠳᠠᠭᠰᠢ ᠯᠡᠪᠡᠷᠡᠭᠰᠡᠨ᠎ᠠᠴᠠ ᠪᠣᠯᠵᠣ ᠰᠢᠨ᠎ᠡ 《ᠪᠣᠭᠣᠮᠢ》 ᠪᠣᠯᠬᠤ ᠠᠰᠠᠭᠤᠳᠠᠯ ᠪᠣᠯᠤᠨ᠎ᠠ᠃ ᠡᠭᠦᠨ ᠵᠶ᠋ᠡᠷ ᠪᠠᠷᠠᠬᠤ ᠦᠭᠡᠢ᠂ 《ᠤᠯᠤᠰ᠎ᠤᠨ ᠴᠢᠬᠤᠯᠠ ᠵᠡᠪᠰᠡᠭ》᠎ᠤᠨ 《ᠪᠣᠭᠣᠮᠢ》 ᠵᠢᠨ ᠠᠰᠠᠭᠤᠳᠠᠯ ᠪᠣᠯ ᠤᠯᠤᠰ᠎ᠤᠨ ᠠᠮᠤᠷ ᠲᠦᠪᠰᠢᠨ᠎ᠳᠤ ᠬᠣᠯᠪᠣᠭᠳᠠᠬᠤ ᠭᠦᠨ ᠳᠠᠪᠬᠤᠷᠭ᠎ᠠ ᠵᠢᠨ ᠠᠰᠠᠭᠤᠳᠠᠯ ᠪᠣᠯᠤᠨ᠎ᠠ᠃ 《ᠪᠣᠭᠣᠮᠢ》 ᠪᠤᠯᠵᠤ ᠪᠠᠢ᠌ᠭ᠎ᠠ ᠭᠠᠵᠠᠷ᠎ᠲᠤ ᠶᠡᠬᠡ ᠬᠦᠴᠦ ᠣᠷᠣᠭᠤᠯᠵᠤ᠂ ᠰᠢᠨ᠎ᠡ ᠵᠢ ᠡᠭᠦᠳᠬᠦ ᠰᠢᠪᠲᠤᠯᠤᠯᠲᠠ ᠵᠢᠨ ᠴᠢᠳᠠᠪᠤᠷᠢ᠎ᠪᠠᠨ ᠳᠡᠭᠡᠭᠰᠢᠯᠡᠭᠦᠯᠵᠦ᠂ ᠤᠤᠭ᠋ᠠᠯ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠨᠡᠩ ᠲᠤᠪᠤᠢ᠍ᠢ᠍ᠮ᠎ᠠ ᠪᠠᠢ᠌ᠷᠢᠨ᠎ᠳᠤ ᠲᠠᠯᠪᠢᠵᠤ᠂ ᠨᠡᠩ ᠤᠯᠠᠨ 《0᠎ᠠᠴᠠ 1 ᠬᠦᠷᠬᠦ》 ᠰᠢᠪᠲᠤᠯᠤᠯᠲᠠ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ᠂ ᠢᠩᠭᠢᠪᠡᠯ ᠰᠠᠶᠢ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠤᠰᠤᠳ᠎ᠲᠤ ᠬᠢᠵᠠᠭ᠋ᠠᠷᠯᠠᠭᠳᠠᠬᠤ ᠪᠠᠢ᠌ᠳᠠᠯ᠎ᠢ ᠦᠨᠳᠦᠰᠦᠨ᠎ᠠᠴᠠ᠎ᠨᠢ ᠬᠤᠪᠢᠷᠠᠭᠤᠯᠵᠤ ᠴᠢᠳᠠᠨ᠎ᠠ᠃ ᠡᠢ᠌ᠮᠦ᠎ᠠᠴᠠ᠂ ᠤᠯᠤᠰ᠎ᠤᠨ ᠠᠮᠤᠷ ᠲᠦᠪᠰᠢᠨ᠎ᠢ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠪᠣᠯᠬᠤ ᠵᠢ ᠦᠨᠡᠨ ᠬᠦ᠌ ᠪᠠᠲᠤᠯᠠᠬᠤ᠎ᠳᠤ᠂ ᠡᠷᠬᠡᠪᠰᠢ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠪᠦᠬᠦ ᠬᠡᠯᠬᠢᠶᠡᠨ᠎ᠤ ᠬᠠᠮᠠᠭ᠋ᠠᠯᠠᠯᠲᠠ ᠵᠢ ᠴᠢᠬᠤᠯᠠᠴᠢᠯᠠᠨ ᠴᠢᠩᠭ᠋ᠠᠳᠬᠠᠬᠤ ᠬᠡᠷᠡᠭᠲᠡᠢ᠂ ᠢᠩᠭᠢᠪᠡᠯ ᠰᠠᠶᠢ ᠠᠶᠤᠯ ᠲᠦᠭᠰᠢᠭᠦᠷᠢ ᠵᠢ ᠣᠨᠣᠪᠴᠢᠲᠠᠢ ᠤᠷᠢᠳᠴᠢᠯᠠᠨ ᠮᠠᠭ᠋ᠠᠳᠯᠠᠵᠤ᠂ ᠵᠥᠪ ᠰᠢᠢ᠍ᠳᠪᠦᠷᠢᠲᠦ ᠪᠤᠳᠤᠯᠭ᠎ᠠ ᠭᠠᠷᠭ᠋ᠠᠵᠤ᠂ ᠬᠦᠨᠳᠦ ᠶᠡᠬᠡ ᠬᠣᠬᠢᠷᠠᠯ᠎ᠠᠴᠠ ᠵᠠᠢ᠌ᠯᠠᠰᠬᠢᠵᠦ᠂ ᠬᠦᠴᠦᠲᠡᠢ ᠬᠠᠯᠬᠠᠪᠴᠢ ᠪᠠᠢ᠌ᠭᠤᠯᠵᠤ᠂ ᠤᠯᠤᠰ᠎ᠤᠨ ᠠᠰᠢᠭ ᠲᠤᠰᠠ ᠵᠢ ᠬᠠᠮᠠᠭ᠋ᠠᠯᠠᠵᠤ ᠴᠢᠳᠠᠨ᠎ᠠ᠃

    ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠵᠦᠢ ᠶᠣᠰᠣᠨ᠎ᠤ ᠪᠥᠭᠡᠳ ᠬᠦᠴᠦᠲᠡᠢ ᠬᠢᠵᠠᠭ᠋ᠠᠷᠯᠠᠬᠤ ᠠᠷᠭ᠎ᠠ ᠪᠠᠷᠢᠯ᠎ᠢ ᠪᠤᠢ ᠪᠣᠯᠭ᠋ᠠᠬᠤ ᠵᠢ ᠠᠬᠢᠭᠤᠯᠵᠤ᠂ ᠤᠯᠤᠰ᠎ᠤᠨ ᠠᠮᠤᠷ ᠲᠦᠪᠰᠢᠨ᠎ᠤ ᠯᠠᠪᠳᠠᠭᠤᠨ ᠪᠠᠲᠤᠲᠠᠢ᠎ᠪᠠᠷ ᠶᠠᠪᠤᠭᠳᠠᠬᠤ ᠵᠢ ᠪᠠᠲᠤᠯᠠᠨ᠎ᠠ
    ᠠᠵᠤ ᠠᠬᠤᠢ ᠵᠢᠨ ᠠᠮᠤᠷ ᠲᠦᠪᠰᠢᠨ ᠪᠣᠯ ᠤᠯᠤᠰ᠎ᠤᠨ ᠠᠮᠤᠷ ᠲᠦᠪᠰᠢᠨ᠎ᠤ ᠭᠣᠣᠯᠳᠠᠯᠭ᠎ᠠ ᠮᠥᠨ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠪᠣᠯ ᠠᠵᠤ ᠠᠬᠤᠢ ᠵᠢᠨ ᠠᠮᠢᠨ ᠰᠤᠳᠠᠰᠤ ᠪᠠ ᠠᠮᠤᠷ ᠲᠦᠪᠰᠢᠨ᠎ᠤ ᠦᠨᠳᠦᠰᠦᠨ ᠤᠷᠢᠲᠠᠯ ᠮᠥᠨ᠂ ᠤᠯᠤᠰ᠎ᠤᠨ ᠠᠵᠤ ᠠᠬᠤᠢ ᠵᠢᠨ ᠠᠮᠤᠷ ᠲᠦᠪᠰᠢᠨ᠎ᠤ ᠪᠠᠲᠤᠯᠠᠭ᠎ᠠ ᠮᠥᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠪᠠᠢ᠌ᠯᠳᠤᠬᠤ ᠪᠤᠳᠤᠯᠭ᠎ᠠ ᠵᠢᠨ ᠲᠦᠰᠢᠭ ᠲᠤᠯᠭ᠋ᠠᠭᠤᠷᠢ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠮᠤᠷ ᠲᠦᠪᠰᠢᠨ᠎ᠤ ᠲᠤᠯᠭ᠋ᠠᠭᠤᠷᠢ ᠮᠥᠨ᠃ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ ᠴᠤ᠌ ᠲᠡᠷᠡ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ ᠴᠤ᠌ ᠲᠡᠷᠡ᠂ ᠴᠥᠮ ᠨᠢᠭᠡᠳᠦᠯᠲᠡᠢ ᠨᠡᠭᠡᠭᠡᠯᠲᠡᠲᠡᠢ᠂ ᠥᠷᠢᠰᠥᠯᠳᠦᠭᠡᠨ ᠡᠮᠬᠢ ᠵᠢᠷᠤᠮ᠎ᠲᠠᠢ ᠵᠠᠬ᠎ᠠ ᠳᠡᠯᠭᠡᠭᠦᠷ᠎ᠤᠨ ᠰᠢᠰᠲᠸᠮ᠎ᠠᠴᠠ ᠰᠠᠯᠵᠤ ᠴᠢᠳᠠᠬᠤ ᠦᠭᠡᠢ ᠶᠤᠮ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠭᠠᠭᠴᠠᠭ᠋ᠠᠷ ᠡᠵᠡᠮᠰᠢᠬᠦ ᠵᠢ ᠡᠰᠡᠷᠭᠦᠴᠡᠬᠦ᠂ ᠡᠷᠬᠡ ᠲᠡᠭᠰᠢ᠎ᠪᠠᠷ ᠥᠷᠢᠰᠥᠯᠳᠦᠬᠦ ᠬᠠᠮᠢᠶ᠎ᠠ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂ ᠠᠵᠤ ᠠᠬᠤᠶ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠡᠯ᠎ᠡ ᠲᠥᠷᠥᠯ᠎ᠤᠨ ᠠᠵᠤ ᠠᠬᠤᠢ᠌ᠯᠠᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠳᠡᠮᠵᠢᠵᠦ᠂ ᠲᠠᠪᠴᠠᠩ᠎ᠤᠨ ᠠᠵᠤ ᠠᠬᠤᠶ ᠵᠢ ᠨᠠᠩ ᠡᠷᠡᠭᠦᠯ ᠵᠶ᠋ᠡᠷ ᠵᠢᠷᠤᠮᠵᠢᠭᠤᠯᠤᠨ ᠬᠥᠭᠵᠢᠭᠦᠯᠵᠦ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠳᠤ ᠡᠷᠬᠡ ᠲᠡᠭᠰᠢ᠎ᠪᠠᠷ ᠣᠷᠣᠯᠴᠠᠬᠤ ᠵᠢ ᠪᠠᠲᠤᠯᠠᠵᠤ᠂ ᠬᠡᠰᠡᠭ ᠠᠵᠤ ᠠᠬᠤᠢ᠌ᠯᠠᠯ᠎ᠤᠨ ᠲᠣᠭ᠎ᠠ ᠪᠠᠷᠢᠮᠲᠠ᠂ ᠮᠡᠷᠭᠡᠵᠢᠯ᠂ ᠬᠥᠷᠥᠩᠭᠡ ᠵᠢᠨ ᠳᠠᠪᠠᠭᠤᠯᠢᠭ ᠵᠶ᠋ᠠᠷ ᠵᠶ᠋ᠠᠨ ᠥᠷᠢᠰᠥᠯᠳᠦᠭᠡᠨ᠎ᠢ ᠡᠮᠬᠢ ᠵᠠᠮᠪᠠᠷᠠᠭ᠎ᠠ ᠥᠬᠡᠶ ᠪᠣᠯᠭ᠋ᠠᠬᠤ ᠠᠶᠤᠯ ᠲᠦᠭᠰᠢᠭᠦᠷᠢ ᠵᠢ ᠰᠡᠷᠭᠡᠢ᠌ᠯᠡᠨ᠎ᠡ᠃ ᠠᠵᠤ ᠠᠬᠤᠢ ᠵᠢᠨ ᠠᠮᠤᠷ ᠲᠦᠪᠰᠢᠨ ᠯᠠᠪᠳᠠᠭᠤᠨ ᠪᠠᠲᠤᠲᠠᠢ ᠪᠠᠢ᠌ᠬᠤ ᠵᠢ ᠪᠠᠲᠤᠯᠠᠬᠤ᠎ᠳᠤ᠂ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠪᠠ ᠲᠦᠷᠢᠮ᠎ᠤᠨ ᠪᠠᠢ᠌ᠭᠤᠯᠤᠯᠲᠠ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠬᠤ ᠬᠡᠷᠡᠭᠲᠡᠢ᠃ ᠮᠣᠨᠣᠫᠣᠯᠢᠴᠢᠯᠠᠯ᠎ᠢ ᠡᠰᠡᠷᠭᠦᠴᠡᠬᠦ᠂ ᠵᠦᠢ ᠪᠤᠰᠤ ᠥᠷᠢᠰᠥᠯᠳᠦᠭᠡᠨ᠎ᠢ ᠡᠰᠡᠷᠭᠦᠴᠡᠬᠦ ᠬᠠᠤᠯᠢ ᠬᠡᠷᠡᠭᠵᠢᠭᠦᠯᠬᠦ ᠦᠢ᠍ᠯᠡᠳᠦᠯᠭᠡ ᠵᠢ ᠴᠢᠬᠤᠯᠠᠴᠢᠯᠠᠬᠤ ᠮᠥᠷᠲᠡᠭᠡᠨ ᠪᠠᠰᠠ ᠭᠣᠣᠯᠴᠢ ᠥᠷᠢᠰᠥᠯᠳᠦᠭᠡᠨ᠎ᠢ ᠬᠠᠮᠠᠭ᠋ᠠᠯᠠᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠬᠤ ᠵᠢ ᠴᠢᠬᠤᠯᠠᠴᠢᠯᠠᠬᠤ ᠬᠡᠷᠡᠭᠲᠡᠢ᠃ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠬᠤ ᠵᠢᠨ ᠬᠠᠮᠲᠤ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠲᠦᠷᠢᠮ᠎ᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃
    ᠡᠢ᠌ᠮᠦ᠎ᠠᠴᠠ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ ᠭᠠᠭᠴᠠᠭ᠋ᠠᠷ ᠡᠵᠡᠮᠰᠢᠯ᠎ᠢ ᠡᠰᠡᠷᠭᠦᠴᠡᠬᠦ᠂ ᠡᠷᠬᠡ ᠲᠡᠭᠰᠢ᠎ᠪᠠᠷ ᠥᠷᠢᠰᠦᠯᠳᠦᠬᠦ ᠠᠵᠢᠯ᠎ᠢ ᠢᠳᠡᠪᠬᠢᠲᠡᠶ ᠰᠠᠢ᠌ᠲᠤᠷ ᠬᠢᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠰᠢᠰᠲ᠋ᠧᠮ᠎ᠢ ᠪᠠᠢ᠌ᠭᠤᠯᠬᠤ ᠪᠣᠯ ᠮᠠᠨ᠎ᠤ ᠤᠯᠤᠰ᠎ᠤᠨ ᠥᠷᠢᠰᠥᠯᠳᠦᠭᠡᠨ᠎ᠢ ᠠᠷᠭ᠋ᠠᠴᠠᠭ᠋ᠠᠬᠤ ᠪᠠᠢ᠌ᠷᠢᠰᠢᠯ᠎ᠤᠨ ᠭᠦᠨᠵᠡᠭᠡᠶ ᠲᠣᠬᠢᠷᠠᠭᠤᠯᠤᠯᠲᠠ ᠬᠢᠬᠦ ᠦᠶ᠎ᠡ ᠵᠢᠨ ᠵᠠᠢ᠌ᠯᠠᠰᠢ ᠥᠬᠡᠶ ᠰᠣᠩᠭᠣᠯᠲᠠ ᠮᠥᠨ᠂ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ᠎ᠤᠨ ᠠᠵᠠ ᠲᠣᠬᠢᠶᠠᠯ ᠳᠣᠤᠷᠠᠬᠢ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠪᠠᠲᠤᠯᠠᠬᠤ ᠪᠤᠰᠤᠳᠴᠢ ᠱᠠᠭ᠋ᠠᠷᠳᠠᠯᠭ᠎ᠠ ᠮᠥᠨ᠂ ᠪᠠᠰᠠ ᠴᠤ᠌ ᠰᠢᠨ᠎ᠡ ᠵᠢ ᠡᠭᠦᠳᠬᠦ ᠬᠦᠷᠢᠶᠡᠨ᠎ᠤ ᠰᠠᠨᠠᠭ᠋ᠠᠴᠢᠯᠠᠭ᠋ᠠᠲᠤ ᠡᠷᠬᠡ ᠵᠢ ᠡᠵᠡᠮᠳᠡᠬᠦ ᠪᠠ ᠭᠣᠤᠯᠯᠠᠬᠤ ᠮᠡᠷᠭᠡᠵᠢᠯ᠎ᠢ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠳᠡᠢ᠌ᠯᠬᠦ ᠵᠢ ᠪᠡᠶᠡᠯᠡᠭᠦᠯᠬᠦ ᠴᠢᠬᠤᠯᠠ ᠭᠠᠷᠳᠠᠴᠠ ᠮᠥᠨ᠃

  ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠨᠢ ᠬᠢᠯᠢ ᠠᠯᠤᠰᠯᠠᠭᠰᠠᠨ ᠬᠠᠤᠯᠢ ᠴᠠᠭ᠋ᠠᠵᠠ ᠵᠢᠨ ᠬᠠᠮᠵᠢᠯᠴᠠᠭ᠎ᠠ ᠵᠢᠴᠢ ᠮᠠᠨ᠎ᠤ ᠤᠯᠤᠰ᠎ᠤᠨ ᠠᠵᠤ ᠠᠬᠤᠢ᠌ᠯᠠᠯ᠎ᠤᠨ ᠭᠠᠳᠠᠭ᠋ᠠᠳᠤ᠎ᠳᠠᠬᠢ ᠬᠥᠭᠵᠢᠯᠲᠡ᠎ᠳᠤ ᠬᠦᠴᠦᠨ ᠨᠡᠮᠡᠷᠢᠯᠡᠵᠦ ᠣᠯᠠᠨ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠦᠭᠰᠢᠭᠦᠷᠢ ᠵᠢ   ᠤᠷᠢᠳᠴᠢᠯᠠᠨ ᠰᠡᠷᠡᠮᠵᠢᠯᠡᠭᠦᠯᠬᠦ   ᠪᠠ   ᠪᠠᠴᠢᠮ ᠪᠠᠢ᠌ᠳᠠᠯ᠎ᠢ ᠠᠷᠭ᠋ᠠᠴᠠᠬᠤ ᠲᠣᠭᠲᠠᠴᠠ ᠵᠢ   ᠪᠦᠷᠢᠯᠳᠦᠭᠦᠯᠦᠨ᠎ᠡ
    ᠤᠢ᠍ᠢ᠍ᠷ᠎ᠠ ᠵᠢᠨ ᠵᠢᠯ᠎ᠠᠴᠠ᠂ ᠪᠦᠬᠦ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ ᠰᠢᠨ᠎ᠡ ᠨᠢᠭ᠌ᠳᠠᠷᠠᠭᠰᠠᠨ ᠬᠥᠭᠵᠢᠶᠡᠨᠲᠡᠢ ᠬᠤᠭᠤᠴᠠᠭ᠋ᠠᠨ᠎ᠳᠤ ᠣᠷᠣᠬᠤ ᠵᠢ ᠳᠠᠭ᠋ᠠᠯᠳᠤᠨ᠂ ᠮᠡᠳᠡᠯᠭᠡ ᠵᠢᠨ ᠥᠮᠴᠢᠯᠡᠯ᠎ᠤᠨ ᠡᠷᠬᠡ᠎ᠨᠢ ᠭᠠᠳᠠᠭ᠋ᠠᠳᠤ᠎ᠳᠤ ᠬᠣᠯᠪᠣᠭᠳᠠᠬᠤ ᠢᠷᠭᠡᠨ᠎ᠤ ᠵᠠᠷᠭᠤ ᠤᠯᠠᠨ ᠡᠭᠦᠰᠬᠦ ᠬᠦᠷᠢᠢ᠎ᠡ ᠴᠠᠷᠠᠭ᠎ᠠ ᠪᠣᠯᠤᠭᠰᠠᠨ ᠪᠥᠭᠡᠳ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠬᠠᠯᠠᠮᠰᠢᠯ ᠬᠦᠷᠢᠢ᠎ᠡ ᠴᠠᠷᠠᠭ᠎ᠠ ᠪᠣᠯᠪᠠ᠃ ᠦᠨᠡᠨ᠎ᠳᠡᠭᠡᠨ᠂ ᠠᠮᠧᠷᠢᠺᠠ᠂ ᠧᠦ᠋ᠷᠣᠫᠠ ᠲᠢᠪ᠎ᠤᠨ ᠤᠯᠤᠰ᠎ᠤᠳ᠎ᠤᠨ ᠬᠣᠯᠪᠣᠭ᠎ᠠ ᠵᠡᠷᠭᠡ ᠤᠯᠤᠰ ᠪᠤᠶᠤ ᠭᠠᠵᠠᠷ ᠣᠷᠣᠨ᠎ᠳᠤ ᠴᠥᠮ ᠤᠯᠤᠰ᠎ᠤᠨ ᠳᠣᠲᠣᠭ᠋ᠠᠳᠤ ᠵᠢᠨ ᠬᠠᠤᠯᠢ ᠵᠢᠨ ᠣᠷᠣᠨ᠎ᠤ ᠭᠠᠳᠠᠨ᠎ᠠ ᠬᠡᠷᠡᠭᠯᠡᠬᠦ ᠲᠣᠭᠲᠠᠭ᠋ᠠᠯ ᠪᠤᠢ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠷᠬᠡ᠎ᠳᠤ ᠬᠠᠯᠳᠠᠬᠤ᠂ ᠲᠣᠭ᠎ᠠ ᠪᠠᠷᠢᠮᠲᠠ ᠵᠢ ᠬᠠᠮᠠᠭ᠋ᠠᠯᠠᠬᠤ ᠵᠡᠷᠭᠡ ᠬᠦᠷᠢᠶᠡᠨ᠎ᠳᠤ ᠬᠠᠮᠢᠶᠠᠷᠤᠨ ᠬᠠᠷᠢᠶᠠᠯᠠᠬᠤ ᠡᠷᠬᠡ ᠵᠢ ᠥᠷᠭᠡᠳᠬᠡᠬᠦ ᠠᠷᠭ᠎ᠠ᠂ ᠤᠷᠳᠤ ᠭᠠᠷᠳᠤ ᠬᠠᠮᠢᠶᠠᠷᠬᠤ ᠬᠠᠷᠢᠶᠠᠯᠠᠯ᠂ ᠵᠠᠭ᠋ᠠᠯᠳᠤᠬᠤ ᠵᠢ ᠴᠠᠭ᠋ᠠᠵᠠᠯᠠᠬᠤ ᠵᠠᠷᠯᠢᠭ ᠵᠢᠴᠢ ᠪᠤᠰᠤᠳ ᠵᠢᠷᠤᠮ᠎ᠤᠨ ᠠᠷᠭ᠎ᠠ ᠬᠡᠮᠵᠢᠢ᠎ᠡ ᠣᠷᠣᠰᠢᠵᠤ᠂ ᠤᠯᠠᠮ᠎ᠠᠴᠠ ᠤᠯᠠᠮ ᠧᠦ᠋ᠷᠣᠫᠠ ᠠᠮᠧᠷᠢᠺᠠ ᠵᠢᠨ ᠠᠵᠤ ᠠᠬᠤᠢ᠌ᠯᠠᠯ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠵᠠᠷᠭᠤ ᠵᠢᠨ ᠬᠠᠤᠯᠢ ᠪᠠᠷᠢᠬᠤ ᠬᠠᠮᠢᠶᠠᠷᠤᠨ ᠬᠠᠷᠢᠶᠠᠯᠠᠬᠤ ᠡᠷᠬᠡ ᠵᠢ ᠪᠤᠯᠢᠶᠠᠯᠳᠤᠬᠤ ᠪᠦᠲᠦᠮᠵᠢᠲᠡᠢ ᠪᠠᠭ᠋ᠠᠵᠢ ᠪᠤᠯᠵᠤ ᠪᠠᠢ᠌ᠨ᠎ᠠ᠃ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠠᠴᠠ᠂ ᠮᠠᠨ᠎ᠤ ᠤᠯᠤᠰ᠎ᠤᠨ ᠬᠠᠤᠯᠢ ᠵᠢᠨ ᠣᠷᠣᠨ᠎ᠠᠴᠠ ᠭᠠᠳᠠᠨ᠎ᠠ ᠬᠡᠷᠡᠭᠯᠡᠬᠦ᠎ᠳᠤ ᠳᠣᠭᠢᠷᠠᠬᠤ ᠬᠠᠤᠯᠢ ᠴᠠᠭ᠋ᠠᠵᠠ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠲᠣᠳᠣᠷᠬᠠᠶ ᠵᠢᠭ᠋ᠠᠵᠤ ᠭᠠᠷᠭ᠋ᠠᠪᠠ᠃ ᠠᠮᠧᠷᠢᠺᠠ ᠭᠠᠭᠴᠠ ᠲᠠᠯ᠎ᠠ ᠵᠢᠨ ᠠᠷᠭ᠎ᠠ ᠬᠡᠮᠵᠢᠢ᠎ᠡ ᠪᠠ ᠤᠯᠤᠰ᠎ᠤᠨ ᠳᠣᠲᠣᠭ᠋ᠠᠳᠤ ᠵᠢᠨ ᠬᠠᠤᠯᠢ᠎ᠪᠠᠷ ᠳᠠᠮᠵᠢᠭᠤᠯᠤᠨ ᠭᠠᠳᠠᠭ᠋ᠠᠳᠤ ᠲᠦᠷᠦ ᠵᠢᠨ ᠪᠤᠳᠤᠯᠭ᠎ᠠ ᠵᠢᠨ ᠬᠠᠷᠠᠯᠲᠠ᠎ᠪᠠᠨ ᠲᠠᠰᠤᠷᠠᠯᠳᠠ ᠦᠭᠡᠢ ᠪᠡᠶᠡᠯᠡᠭᠦᠯᠵᠦ ᠪᠠᠢ᠌ᠭ᠎ᠠ ᠠᠬᠤᠢ ᠪᠠᠢ᠌ᠳᠠᠯ᠎ᠤᠨ ᠳᠣᠣᠷ᠎ᠠ᠂ ᠮᠠᠨ᠎ᠤ ᠤᠯᠤᠰ ᠲᠤᠰ ᠪᠡᠶ᠎ᠡ ᠵᠢᠨ ᠬᠥᠭᠵᠢᠯᠲᠡ ᠵᠢᠨ ᠠᠰᠢᠭ ᠲᠤᠰᠠ᠎ᠳᠤ ᠨᠡᠢ᠌ᠴᠡᠭᠰᠡᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠢᠯᠢ ᠵᠢᠨ ᠭᠠᠳᠠᠨᠠᠬᠢ ᠬᠠᠷᠢᠶᠠᠯᠠᠯ᠎ᠤᠨ ᠡᠷᠬᠡ ᠵᠢᠨ ᠲᠦᠷᠢᠮ᠎ᠢ ᠲᠦᠷᠭᠡᠬᠡᠨ ᠪᠠᠢ᠌ᠭᠤᠯᠵᠤ᠂ ᠮᠠᠨ᠎ᠤ ᠤᠯᠤᠰ᠎ᠤᠨ ᠠᠵᠤ ᠠᠬᠤᠢ᠌ᠯᠠᠯ᠎ᠤᠨ ᠭᠠᠳᠠᠭ᠋ᠠᠳᠤ ᠠᠷᠠᠯᠵᠢᠶ᠎ᠠ ᠬᠢᠭᠡᠳ ᠪᠡᠯᠡ ᠣᠷᠣᠭᠤᠯᠤᠯᠲᠠ ᠵᠢᠨ ᠬᠠᠤᠯᠢ ᠶᠣᠰᠣᠨ᠎ᠤ ᠠᠰᠢᠭ ᠲᠤᠰᠠ ᠵᠢ ᠪᠠᠲᠤᠯᠠᠨ᠂ ᠲᠥᠪ ᠭᠣᠣᠯᠴᠢ ᠰᠢᠳᠤᠷᠭᠤ ᠶᠣᠰᠣᠨ᠎ᠳᠤ ᠨᠡᠢ᠌ᠴᠡᠭᠰᠡᠨ ᠤᠯᠠᠨ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠡᠮᠬᠢ ᠵᠢᠷᠤᠮ᠎ᠤᠨ ᠪᠦᠷᠢᠯᠳᠦᠬᠦ ᠵᠢ ᠲᠦᠯᠬᠢᠨ ᠠᠬᠢᠭᠤᠯᠬᠤ ᠴᠢᠬᠤᠯᠠᠲᠠᠢ ᠪᠠᠢ᠌ᠨ᠎ᠠ᠃ ᠲᠦᠪᠡᠭ ᠪᠤᠳᠤᠯᠢᠶᠠᠨᠲᠠᠢ ᠤᠯᠠᠨ ᠤᠯᠤᠰ᠎ᠤᠨ ᠣᠷᠴᠢᠨ ᠨᠥᠬᠥᠴᠡᠯ᠎ᠤᠨ ᠡᠮᠦᠨ᠎ᠡ᠂ ᠵᠠᠰᠠᠭ᠎ᠤᠨ ᠣᠷᠳᠣᠨ ᠬᠢᠯᠢ ᠠᠯᠤᠰᠯᠠᠭᠰᠠᠨ ᠬᠠᠤᠯᠢ ᠪᠠᠷᠢᠬᠤ ᠬᠠᠮᠵᠢᠯᠴᠠᠭ᠎ᠠ ᠵᠢᠴᠢ ᠠᠯᠢ ᠤᠯᠠᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠮᠠᠨ᠎ᠤ ᠤᠯᠤᠰ᠎ᠤᠨ ᠤᠯᠠᠨ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠢ᠌ᠳᠠᠯ᠎ᠢ ᠠᠷᠭ᠋ᠠᠴᠠᠬᠤ ᠥᠨᠳᠥᠷ ᠪᠦᠲᠦᠮᠵᠢᠲᠡᠢ ᠲᠣᠭᠲᠠᠴᠠ ᠵᠢ ᠪᠦᠲᠦᠮᠵᠢᠲᠡᠢ ᠪᠠᠢ᠌ᠭᠤᠯᠵᠤ᠂ ᠭᠠᠳᠠᠭ᠋ᠠᠳᠤ᠎ᠳᠤ ᠬᠣᠯᠪᠣᠭᠳᠠᠬᠤ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠰᠢᠰᠲ᠋ᠧᠮ᠎ᠢ ᠨᠡᠩ ᠰᠠᠢ᠌ᠲᠤᠷ ᠪᠤᠢ ᠪᠣᠯᠭ᠋ᠠᠵᠤ᠂ ᠲᠤᠰᠠᠯᠠᠮᠵᠢ᠎ᠪᠠᠨ ᠴᠢᠩᠭ᠋ᠠᠳᠬᠠᠨ᠂ ᠭᠠᠳᠠᠭᠰᠢ ᠴᠢᠭᠯᠡᠭᠦᠯᠦᠭᠰᠡᠨ ᠠᠵᠤ ᠠᠬᠤᠢ᠌ᠯᠠᠯ᠎ᠤᠨ ᠭᠠᠳᠠᠭ᠋ᠠᠳᠤ᠎ᠳᠠᠬᠢ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠲᠤᠰ ᠪᠡᠶ᠎ᠡ ᠵᠢᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠬᠦᠯᠵᠤ᠂ ᠭᠠᠳᠠᠭᠰᠢ ᠴᠢᠭᠯᠡᠭᠦᠯᠦᠭᠰᠡᠨ ᠠᠵᠤ ᠠᠬᠤᠢ᠌ᠯᠠᠯ᠎ᠤᠨ ᠭᠠᠳᠠᠭ᠋ᠠᠳᠤ᠎ᠳᠠᠬᠢ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠵᠠᠰᠠᠭ᠎ᠤᠨ ᠣᠷᠳᠣᠨ᠎ᠤ ᠳᠡᠮᠵᠢᠯᠭᠡ ᠵᠢᠨ ᠰᠢᠰᠲ᠋ᠧᠮ᠎ᠢ ᠲᠡᠭᠦᠯᠳᠡᠷᠵᠢᠭᠦᠯᠦᠨ᠂ ᠭᠠᠳᠠᠭᠰᠢ ᠴᠢᠭᠯᠡᠭᠦᠯᠦᠭᠰᠡᠨ ᠠᠵᠤ ᠠᠬᠤᠢ᠌ᠯᠠᠯ᠎ᠤᠨ ᠭᠠᠳᠠᠭ᠋ᠠᠳᠤ᠎ᠳᠠᠬᠢ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠤᠯᠠᠨ ᠤᠯᠤᠰ᠎ᠤᠨ ᠬᠠᠮᠠᠭ᠋ᠠᠯᠠᠯᠲᠠ ᠵᠢᠨ ᠰᠢᠰᠲ᠋ᠧᠮ᠎ᠢ ᠥᠷᠭᠡᠳᠬᠡᠵᠦ᠂ ᠠᠷᠠᠳ ᠲᠦᠮᠡᠨ᠎ᠤ ᠡᠷᠬᠡ ᠠᠰᠢᠭ᠎ᠢ ᠪᠠᠲᠤᠯᠠᠨ᠂ ᠤᠯᠤᠰ᠎ᠤᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃
    ᠢᠷᠡᠭᠡᠳᠦᠢ᠎ᠳᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠤᠯᠤᠰ᠎ᠤᠨ ᠠᠮᠤᠷ ᠲᠦᠪᠰᠢᠨ᠎ᠤ ᠵᠠᠮ᠎ᠤᠨ ᠵᠠᠩᠭᠢᠯᠠᠭ᠎ᠠ ᠵᠢᠨ ᠭᠣᠭᠴᠣᠭ᠎ᠠ ᠪᠤᠯᠵᠤ᠂ ᠦᠷᠭᠦᠯᠵᠢᠯᠡᠨ ᠡᠯ᠎ᠡ ᠬᠦᠷᠢᠶᠡᠨ᠎ᠤ ᠤᠯᠤᠰ᠎ᠤᠨ ᠠᠮᠤᠷ ᠲᠦᠪᠰᠢᠨ᠎ᠤ 《ᠨᠥᠭᠡᠴᠡ ᠡᠨᠧᠷᠭᠢ》 ᠵᠢ ᠪᠠᠲᠤᠯᠠᠬᠤ ᠪᠣᠯᠤᠨ᠎ᠠ᠃ ᠰᠢᠨ᠎ᠡ ᠨᠢᠭᠡᠨ ᠡᠭᠡᠯᠵᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢᠰᠬᠠᠯ ᠬᠢᠭᠡᠳ ᠠᠵᠤ ᠦᠢ᠍ᠯᠡᠰ᠎ᠤᠨ ᠭᠦᠨᠵᠡᠭᠡᠢ ᠬᠤᠪᠢᠰᠤᠯᠲᠠ ᠵᠢᠨ ᠦᠶ᠎ᠡ᠎ᠳᠤ᠂ ᠡᠷᠬᠡᠪᠰᠢ ᠪᠠᠢ᠌ᠯᠳᠤᠬᠤ ᠪᠤᠳᠤᠯᠭ᠎ᠠ ᠵᠢᠨ ᠳᠡᠭᠡᠳᠦ ᠬᠡᠮᠵᠢᠶᠡᠨ᠎ᠠᠴᠠ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠮᠠᠭ᠋ᠠᠯᠠᠬᠤ ᠬᠢᠭᠡᠳ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠵᠢᠨ ᠴᠢᠬᠤᠯᠠ ᠶᠡᠬᠡ ᠬᠠᠷᠢᠴᠠᠭ᠎ᠠ ᠵᠢ ᠭᠦᠨᠵᠡᠭᠡᠢ ᠲᠠᠨᠢᠬᠤ ᠬᠡᠷᠡᠭᠲᠡᠢ᠃ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠤᠯᠤᠰ᠎ᠤᠨ ᠠᠮᠤᠷ ᠲᠦᠪᠰᠢᠨ᠎ᠢ ᠪᠦᠬᠦ ᠬᠦᠴᠦᠨ ᠵᠶ᠋ᠡᠷ ᠬᠠᠮᠠᠭ᠋ᠠᠯᠠᠵᠤ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠢ ᠪᠠᠢ᠌ᠭᠤᠯᠬᠤ ᠵᠢ ᠠᠬᠢᠭᠤᠯᠬᠤ᠎ᠳᠤ ᠡᠨᠧᠷᠭᠢ ᠨᠥᠭᠡᠴᠡᠯᠡᠵᠦ᠂ ᠪᠦᠬᠦ ᠨᠡᠢ᠌ᠭᠡᠮ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠳᠤ ᠪᠠᠭᠲᠠᠭ᠋ᠠᠮᠵᠢ ᠵᠢ ᠥᠷᠭᠡᠳᠬᠡᠵᠦ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ᠃

(ᠵᠣᠬᠢᠶᠠᠭᠴᠢ ᠨᠢᠭᠡᠴᠢ᠄ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ ᠵᠢᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠥᠭᠵᠢᠯᠲᠡ ᠵᠢᠨ ᠰᠤᠳᠤᠯᠭ᠋ᠠᠨ᠎ᠤ ᠲᠥᠪ)
(ᠢᠷᠡᠯᠲᠡ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠳᠦᠷ᠎ᠤᠨ ᠰᠣᠨᠢᠨ)

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠪᠠᠳᠠᠷᠠᠭᠤᠯᠵᠤ ᠣᠪᠣᠷ ᠰᠤᠷᠲᠠᠯ ᠪᠠ ᠰᠤᠷᠤᠯᠴᠠᠬᠤ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠲᠥᠰᠦᠯ》᠎ᠤᠨ ᠲᠠᠢ᠌ᠯᠤᠮᠵᠢ
ᠰᠤᠳᠤᠯᠤᠨ ᠨᠡᠭᠡᠭᠡᠬᠦ ᠵᠠᠷᠤᠳᠠᠯ᠎ᠢ ᠨᠡᠮᠡᠨ ᠪᠣᠳᠣᠵᠤ ᠰᠠᠭᠤᠯᠭ᠋ᠠᠨ ᠠᠪᠬᠤ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠶᠠᠭᠤ ᠵᠢ ᠥᠨᠳᠥᠷ ᠥᠷᠲᠡᠭᠲᠦ ᠡᠭᠦᠳᠦᠯᠲᠡ ᠵᠢᠨ ᠲᠤᠰᠬᠠᠶ ᠠᠰᠢᠭ ᠭᠡᠨ᠎ᠡ? ᠲᠣᠮᠢᠶᠠᠯᠠᠭᠰᠠᠨ!
ᠳᠡᠭᠡᠳᠦ ᠰᠢᠨ᠎ᠡ ᠲᠧᠭᠨᠢᠭ ᠮᠡᠷᠭᠡᠵᠢᠯ᠎ᠤᠨ ᠠᠵᠦ ᠠᠬᠤᠢ᠌ᠯᠠᠯ᠎ᠳᠤ ᠭᠤᠶᠤᠴᠢᠯᠠᠨ ᠮᠡᠳᠡᠭᠦᠯᠬᠦ᠎ᠳᠤ ᠲᠠ ᠬᠢᠷᠢ ᠲᠡᠭᠴᠡᠭᠰᠡᠨ ᠤᠤ?
800 ᠳ᠋ᠦᠩᠰᠢᠭᠤᠷ ᠲᠥᠭᠥᠷᠢᠭ᠎ᠤᠨ ᠭᠠᠢ᠌ᠯᠢ ᠬᠥᠩᠭᠡᠯᠡᠭᠰᠡᠨ ᠠᠰᠢᠭ ᠰᠠᠢ᠌ᠨ! ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠢ ᠬᠥᠩᠭᠡᠯᠡᠭᠰᠡᠨ ᠦᠦ?
 
            