ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠡᠳ᠋᠎ᠤᠨ ᠵᠠᠰᠠᠭ᠎ᠤᠨ ᠶᠠᠮᠤᠨ᠎ᠤ ᠪᠣᠭᠣᠮᠲᠠ ᠵᠢᠨ ᠶᠡᠷᠦᠩᠬᠡᠶ ᠵᠠᠬᠢᠷᠭ᠎ᠠ ᠵᠢᠨ ᠭᠠᠢ᠌ᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠳᠡᠮᠵᠢᠬᠦ ᠭᠠᠳᠠᠭ᠋ᠠᠳᠤ᠎ᠠᠴᠠ ᠣᠷᠣᠭᠤᠯᠬᠤ ᠭᠠᠢ᠌ᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ ᠵᠢᠨ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2021-04-25


ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠲᠤᠰᠠᠭ᠋ᠠᠷ ᠲᠥᠯᠥᠪᠯᠡᠭᠡᠲᠦ ᠬᠣᠲᠠ ᠵᠢᠨ ᠡᠳ᠋᠎ᠤᠨ ᠵᠠᠰᠠᠭ᠎ᠤᠨ ᠲᠢᠩᠬᠢᠮ (ᠲᠣᠪᠴᠢᠶ᠎ᠠ)᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠡᠳ᠋᠎ᠤᠨ ᠵᠠᠰᠠᠭ᠎ᠤᠨ ᠲᠣᠪᠴᠢᠶ᠎ᠠ᠂ ᠪᠣᠭᠣᠮᠲᠠ ᠵᠢᠨ ᠶᠡᠷᠦᠩᠬᠡᠶ ᠵᠠᠬᠢᠷᠭ᠎ᠠ ᠵᠢᠨ ᠭᠤᠸᠠᠩᠳᠦ᠋ᠩ᠎ᠤᠨ ᠬᠤᠪᠢᠶᠠᠷᠢ ᠵᠠᠬᠢᠷᠭ᠎ᠠ᠂ ᠡᠯ᠎ᠡ ᠰᠢᠭᠤᠳ ᠬᠠᠷᠢᠶ᠎ᠠ ᠪᠣᠭᠣᠮᠲᠠ᠂ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ᠂ ᠲᠤᠰᠠᠭ᠋ᠠᠷ ᠲᠥᠯᠥᠪᠯᠡᠭᠡᠲᠦ ᠬᠣᠲᠠ ᠵᠢᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠶᠠᠮᠤᠨ᠎ᠤ ᠡᠯ᠎ᠡ ᠭᠠᠵᠠᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠡᠯ᠎ᠡ ᠭᠠᠵᠠᠷ᠎ᠲᠤ ᠰᠠᠭᠤᠭ᠎ᠠ ᠣᠨᠴᠠ ᠲᠣᠮᠢᠯᠠᠭᠰᠠᠨ ᠠᠵᠢᠯᠲᠠᠨ᠎ᠤ ᠬᠡᠷᠡᠭ ᠡᠷᠬᠢᠯᠡᠬᠦ ᠭᠠᠵᠠᠷ᠄
      ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠡᠷ ᠤᠯᠤᠰ ᠵᠶ᠋ᠠᠨ ᠮᠠᠨᠳᠤᠭᠤᠯᠬᠤ ᠪᠠᠢ᠌ᠯᠳᠤᠬᠤ ᠪᠣᠳᠣᠯᠭ᠎ᠠ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠵᠢᠨ ᠲᠤᠰᠠᠳᠠ᠂ ᠡᠳᠦᠭᠡ ᠬᠣᠯᠪᠣᠭᠳᠠᠯ ᠪᠥᠬᠥᠶ ᠭᠠᠳᠠᠭ᠋ᠠᠳᠤ᠎ᠠᠴᠠ ᠣᠷᠣᠭᠤᠯᠬᠤ ᠵᠢᠨ ᠭᠠᠢ᠌ᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ ᠵᠢ ᠳᠣᠤᠷᠠᠬᠢ ᠮᠡᠲᠦ ᠮᠡᠳᠡᠭᠳᠡᠪᠡ᠄
      ᠨᠢᠭᠡ᠂ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ᠂ ᠮᠡᠷᠭᠡᠵᠢᠯ᠎ᠤᠨ ᠨᠡᠭᠡᠭᠡᠯᠲᠡ ᠵᠢᠨ ᠪᠠᠢ᠌ᠭᠤᠯᠤᠮᠵᠢ᠂ ᠰᠤᠷᠭ᠋ᠠᠭᠤᠯᠢ᠂ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠨᠣᠮ᠎ᠤᠨ ᠰᠠᠩ᠎ᠤᠨ ᠭᠠᠳᠠᠭ᠋ᠠᠳᠤ᠎ᠠᠴᠠ ᠣᠷᠣᠭᠤᠯᠤᠭᠰᠠᠨ ᠤᠯᠤᠰ᠎ᠤᠨ ᠳᠣᠲᠣᠭ᠋ᠠᠳᠤ ᠵᠢᠨ ᠦᠢᠯᠡᠳᠪᠦᠷᠢᠯᠡᠵᠦ ᠳᠡᠢ᠌ᠯᠬᠦ ᠦᠭᠡᠶ ᠪᠤᠶᠤ ᠴᠢᠨᠠᠷ᠎ᠨᠢ ᠬᠡᠷᠡᠭᠴᠡᠭᠡ ᠵᠢ ᠬᠠᠩᠭ᠋ᠠᠵᠤ ᠳᠡᠢ᠌ᠯᠬᠦ ᠦᠭᠡᠶ ᠰᠢᠨᠵᠢᠯᠡᠬᠦ ᠤᠬᠠᠭ᠋ᠠᠨ᠎ᠤ ᠰᠤᠳᠤᠯᠤᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠭᠡᠭᠡᠯᠲᠡ ᠪᠣᠯᠤᠨ ᠵᠢᠭ᠋ᠠᠨ ᠰᠤᠷᠭ᠋ᠠᠬᠤ ᠬᠡᠷᠡᠭᠰᠡᠯ᠎ᠠᠴᠠ ᠭᠠᠳᠠᠭ᠋ᠠᠳᠤ᠎ᠠᠴᠠ ᠣᠷᠣᠭᠤᠯᠬᠤ ᠪᠣᠭᠣᠮᠲᠠ ᠵᠢᠨ ᠭᠠᠢ᠌ᠯᠢ ᠪᠣᠯᠤᠨ ᠭᠠᠳᠠᠭ᠋ᠠᠳᠤ᠎ᠠᠴᠠ ᠣᠷᠣᠭᠤᠯᠬᠤ ᠲᠠᠯ᠎ᠠ ᠵᠢᠨ ᠨᠡᠮᠡᠭᠳᠡᠯ ᠥᠷᠲᠡᠭ᠎ᠤᠨ ᠭᠠᠢ᠌ᠯᠢ᠂ ᠬᠡᠷᠡᠭᠯᠡᠭᠡᠨ᠎ᠤ ᠭᠠᠢ᠌ᠯᠢ ᠲᠠᠲᠠᠪᠤᠷᠢᠯᠠᠬᠤ ᠦᠭᠡᠶ᠃
      ᠬᠤᠶᠠᠷ᠂ ᠬᠡᠪᠯᠡᠭᠳᠡᠬᠦᠨ ᠭᠠᠳᠠᠭ᠋ᠠᠳᠤ᠎ᠠᠴᠠ ᠣᠷᠣᠭᠤᠯᠬᠤ ᠨᠢᠭᠡᠴᠢ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠰᠤᠷᠭ᠋ᠠᠭᠤᠯᠢ᠂ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠨᠣᠮ᠎ᠤᠨ ᠰᠠᠩ᠎ᠠᠴᠠ ᠭᠠᠳᠠᠭ᠋ᠠᠳᠤ᠎ᠠᠴᠠ ᠣᠷᠣᠭᠤᠯᠤᠭᠰᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠵᠢᠭ᠋ᠠᠨ ᠰᠤᠷᠭ᠋ᠠᠯᠲᠠ᠎ᠳᠤ ᠬᠡᠷᠡᠭᠯᠡᠬᠦ ᠨᠣᠮ ᠪᠢᠴᠢᠭ᠂ ᠮᠠᠲ᠋ᠧᠷᠢᠶᠠᠯ ᠵᠡᠷᠭᠡ ᠵᠢ ᠭᠠᠳᠠᠭ᠋ᠠᠳᠤ᠎ᠠᠴᠠ ᠣᠷᠣᠭᠤᠯᠬᠤ ᠭᠣᠭᠴᠣᠭ᠎ᠠ ᠵᠢᠨ ᠥᠷᠲᠡᠭ ᠨᠡᠮᠡᠭᠳᠡᠯ᠎ᠤᠨ ᠭᠠᠢ᠌ᠯᠢ ᠲᠠᠲᠠᠪᠤᠷᠢᠯᠠᠬᠤ᠎ᠠᠴᠠ ᠬᠡᠯᠲᠦᠷᠢᠭᠦᠯᠦᠨ᠎ᠡ᠃
      ᠭᠤᠷᠪᠠ᠂ ᠲᠤᠰ ᠮᠡᠳᠡᠭᠳᠡᠯ᠎ᠤᠨ ᠨᠢᠭᠡᠳᠦᠭᠡᠷ᠂ ᠬᠣᠶᠠᠳᠤᠭ᠋ᠠᠷ ᠵᠦᠢ᠍ᠯ᠎ᠳᠤ ᠬᠡᠯᠡᠵᠦ ᠪᠠᠢ᠌ᠭ᠎ᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ᠂ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ ᠵᠢᠨ ᠪᠠᠢ᠌ᠭᠤᠯᠤᠮᠵᠢ᠂ ᠰᠤᠷᠭ᠋ᠠᠭᠤᠯᠢ᠂ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠨᠣᠮ᠎ᠤᠨ ᠰᠠᠩ ᠭᠡᠳᠡᠭ᠎ᠨᠢ᠄
     (ᠨᠢᠭᠡ) ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯ ᠬᠢᠵᠦ ᠪᠠᠢ᠌ᠭ᠎ᠠ ᠲᠥᠪ᠎ᠤᠨ ᠱᠠᠲᠤ᠂ ᠮᠤᠵᠢ ᠵᠢᠨ ᠱᠠᠲᠤ᠂ ᠲᠤᠰᠬᠠᠶ ᠣᠷᠣᠨ ᠬᠣᠲᠠ ᠵᠢᠨ ᠱᠠᠲᠤᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ (ᠲᠤᠰᠠᠭ᠋ᠠᠷ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ ᠨᠣᠮ᠎ᠤᠨ ᠰᠠᠩ᠂ ᠠᠰᠫᠢᠷᠠᠨᠲ᠎ᠤᠨ ᠬᠦᠷᠢᠶᠡᠯᠡᠩ᠎ᠢ ᠪᠠᠭᠲᠠᠭ᠋ᠠᠨ᠎ᠠ)᠃
      (ᠬᠤᠶᠠᠷ) ᠤᠯᠤᠰ᠎ᠤᠨ ᠲᠤᠷᠰᠢᠯᠲᠠ ᠵᠢᠨ ᠲᠠᠰᠤᠭ᠂ ᠤᠯᠤᠰ᠎ᠤᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠠᠵᠤ ᠠᠬᠤᠢ᠌ᠯᠠᠯ᠎ᠤᠨ ᠤᠯᠤᠰ᠎ᠤᠨ ᠭᠣᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠤᠯᠤᠰ᠎ᠤᠨ ᠠᠵᠤ ᠦᠢᠯᠡᠰ᠎ᠤᠨ ᠰᠢᠨ᠎ᠡ ᠵᠢ ᠡᠭᠦᠳᠬᠦ ᠲᠥᠪ᠂ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠤᠯᠤᠰ᠎ᠤᠨ ᠦᠢᠯᠡᠳᠬᠦ ᠦᠢᠯᠡᠰ᠎ᠤᠨ ᠰᠢᠨ᠎ᠡ ᠵᠢ ᠡᠭᠦᠳᠬᠦ ᠲᠥᠪ᠂ ᠤᠯᠤᠰ᠎ᠤᠨ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠂ ᠤᠯᠤᠰ᠎ᠤᠨ ᠢᠨᠵᠧᠨᠧᠷᠢᠩ᠎ᠤᠨ ᠰᠤᠳᠤᠯᠭ᠋ᠠᠨ᠎ᠤ ᠲᠥᠪ᠂ ᠤᠯᠤᠰ᠎ᠤᠨ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ᠂ ᠤᠯᠤᠰ᠎ᠤᠨ ᠠᠵᠤ ᠠᠬᠤᠢ᠌ᠯᠠᠯ᠎ᠤᠨ ᠮᠡᠷᠭᠡᠵᠢᠯ᠎ᠤᠨ ᠲᠥᠪ᠂ ᠤᠯᠤᠰ᠎ᠤᠨ ᠳᠤᠮᠳᠠ ᠪᠠᠭ᠎ᠠ ᠠᠵᠤ ᠠᠬᠤᠢ᠌ᠯᠠᠯ᠎ᠤᠨ ᠣᠯᠠᠨ ᠨᠡᠢ᠌ᠲᠡ ᠵᠢᠨ ᠦᠢᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠠᠪᠴᠠᠩ (ᠮᠡᠷᠭᠡᠵᠢᠯ᠎ᠤᠨ ᠲᠥᠷᠥᠯ)᠃
     (ᠭᠤᠷᠪᠠ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠮᠵᠢ ᠵᠢ ᠥᠭᠡᠷᠡᠴᠢᠯᠡᠬᠦ ᠶᠠᠪᠤᠴᠠ᠎ᠳᠤ ᠠᠵᠤ ᠠᠬᠤᠢ᠌ᠯᠠᠯ ᠪᠣᠯᠤᠨ ᠠᠵᠤ ᠠᠬᠤᠢ᠌ᠯᠠᠯ᠎ᠳᠤ ᠣᠷᠣᠵᠤ ᠰᠢᠨᠵᠢᠯᠡᠬᠦ ᠤᠬᠠᠭ᠋ᠠᠨ᠎ᠤ ᠰᠤᠳᠤᠯᠭ᠎ᠠ ᠪᠠ ᠲᠧᠭᠨᠢᠭ ᠮᠡᠷᠭᠡᠵᠢᠯ᠎ᠢ ᠨᠡᠭᠡᠭᠡᠨ ᠠᠰᠢᠭᠯᠠᠬᠤ ᠠᠵᠢᠯ᠎ᠢ ᠭᠣᠣᠯᠯᠠᠨ ᠬᠢᠬᠦ ᠪᠠᠢ᠌ᠭᠤᠯᠤᠮᠵᠢ ᠪᠣᠯᠭ᠋ᠠᠨ ᠬᠤᠪᠢᠷᠠᠭᠤᠯᠬᠤ ᠬᠡᠷᠡᠭᠲᠡᠢ᠃
     (ᠳᠦᠷᠪᠠ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠠᠴᠠ ᠠᠷᠠᠳ᠎ᠤᠨ ᠶᠠᠪᠤᠳᠠᠯ᠎ᠤᠨ ᠶᠠᠮᠤᠨ᠎ᠲᠠᠢ ᠬᠠᠮᠲᠤᠷᠠᠨ ᠬᠢᠨᠠᠨ ᠲᠣᠭᠲᠠᠭ᠋ᠠᠬᠤ ᠪᠤᠶᠤ ᠮᠤᠵᠢ ᠵᠢᠨ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠮᠤᠵᠢ ᠵᠢᠨ ᠱᠠᠲᠤᠨ᠎ᠤ ᠠᠷᠠᠳ᠎ᠤᠨ ᠶᠠᠪᠤᠳᠠᠯ᠂ ᠡᠳ᠋᠎ᠤᠨ ᠵᠠᠰᠠᠭ᠂ ᠭᠠᠢ᠌ᠯᠢ ᠵᠢᠨ ᠶᠠᠪᠤᠳᠠᠯ᠎ᠤᠨ ᠰᠠᠯᠠᠭ᠎ᠠ ᠮᠥᠴᠢᠷ ᠪᠠ ᠨᠡᠢ᠌ᠭᠡᠮ᠎ᠤᠨ ᠰᠤᠳᠤᠯᠤᠨ ᠨᠡᠭᠡᠭᠡᠬᠦ ᠪᠠᠢ᠌ᠭᠤᠯᠤᠮᠵᠢ ᠵᠢᠨ ᠪᠠᠢ᠌ᠭ᠎ᠠ ᠭᠠᠵᠠᠷ᠎ᠤᠨ ᠰᠢᠭᠤᠳ ᠬᠠᠷᠢᠶ᠎ᠠ ᠪᠣᠭᠣᠮᠲᠠ᠎ᠲᠠᠢ ᠬᠠᠮᠲᠤᠷᠠᠨ ᠬᠢᠨᠠᠨ ᠲᠣᠭᠲᠠᠭ᠋ᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦᠯ᠎ᠤᠨ ᠠᠷᠠᠳ᠎ᠠᠴᠠ ᠡᠷᠬᠢᠯᠡᠭᠰᠡᠨ ᠠᠵᠤ ᠠᠬᠤᠢ᠌ᠯᠠᠯ᠎ᠤᠨ ᠪᠤᠰᠤ ᠨᠢᠭᠡᠴᠢ ᠵᠢᠨ ᠰᠢᠨᠵᠢ ᠴᠢᠨᠠᠷ᠎ᠲᠠᠢ ᠨᠡᠢ᠌ᠭᠡᠮ᠎ᠤᠨ ᠰᠤᠳᠤᠯᠤᠨ ᠨᠡᠭᠡᠭᠡᠬᠦ ᠪᠠᠢ᠌ᠭᠤᠯᠤᠮᠵᠢ; ᠮᠤᠵᠢ ᠵᠢᠨ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠮᠤᠵᠢ ᠵᠢᠨ ᠱᠠᠲᠤᠨ᠎ᠤ ᠡᠳ᠋᠎ᠤᠨ ᠵᠠᠰᠠᠭ᠂ ᠭᠠᠢ᠌ᠯᠢ ᠵᠢᠨ ᠶᠠᠪᠤᠳᠠᠯ᠎ᠤᠨ ᠰᠠᠯᠠᠭ᠎ᠠ ᠮᠥᠴᠢᠷ ᠪᠠ ᠨᠡᠢ᠌ᠭᠡᠮ᠎ᠤᠨ ᠰᠤᠳᠤᠯᠤᠨ ᠨᠡᠭᠡᠭᠡᠬᠦ ᠪᠠᠢ᠌ᠭᠤᠯᠤᠮᠵᠢ ᠵᠢᠨ ᠪᠠᠢ᠌ᠭ᠎ᠠ ᠭᠠᠵᠠᠷ᠎ᠤᠨ ᠰᠢᠭᠤᠳ ᠬᠠᠷᠢᠶ᠎ᠠ ᠪᠣᠭᠣᠮᠲᠠ᠎ᠲᠠᠢ ᠬᠠᠮᠲᠤᠷᠠᠨ ᠬᠢᠨᠠᠨ ᠲᠣᠭᠲᠠᠭ᠋ᠠᠭᠰᠠᠨ ᠠᠵᠢᠯ ᠦᠢ᠍ᠯᠡᠰ᠎ᠤᠨ ᠨᠢᠭᠡᠴᠢ ᠵᠢᠨ ᠰᠢᠨᠵᠢ ᠴᠢᠨᠠᠷ᠎ᠲᠠᠢ ᠨᠡᠢ᠌ᠭᠡᠮ᠎ᠤᠨ ᠰᠤᠳᠤᠯᠤᠨ ᠨᠡᠭᠡᠭᠡᠬᠦ ᠪᠠᠢ᠌ᠭᠤᠯᠤᠮᠵᠢ᠃
     (ᠲᠠᠪᠦ) ᠮᠤᠵᠢ ᠵᠢᠨ ᠱᠠᠲᠤᠨ᠎ᠤ ᠬᠤᠳᠠᠯᠳᠤᠭ᠋ᠠᠨ᠎ᠤ ᠶᠠᠪᠤᠳᠠᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠮᠤᠵᠢ ᠵᠢᠨ ᠱᠠᠲᠤᠨ᠎ᠤ ᠡᠳ᠋᠎ᠤᠨ ᠵᠠᠰᠠᠭ᠂ ᠭᠠᠢ᠌ᠯᠢ ᠵᠢᠨ ᠶᠠᠪᠤᠳᠠᠯ᠎ᠤᠨ ᠰᠠᠯᠠᠭ᠎ᠠ ᠮᠥᠴᠢᠷ ᠪᠠ ᠭᠠᠳᠠᠭ᠋ᠠᠳᠤ ᠪᠡᠯᠡ ᠵᠢᠨ ᠰᠤᠳᠤᠯᠤᠨ ᠨᠡᠭᠡᠭᠡᠬᠦ ᠲᠥᠪ᠎ᠤᠨ ᠪᠠᠢ᠌ᠭ᠎ᠠ ᠭᠠᠵᠠᠷ᠎ᠤᠨ ᠰᠢᠭᠤᠳ ᠬᠠᠷᠢᠶ᠎ᠠ ᠪᠣᠭᠣᠮᠲᠠ᠎ᠲᠠᠢ ᠬᠠᠮᠲᠤᠷᠠᠨ ᠬᠢᠨᠠᠨ ᠲᠣᠭᠲᠠᠭ᠋ᠠᠭᠰᠠᠨ ᠭᠠᠳᠠᠭ᠋ᠠᠳᠤ ᠪᠡᠯᠡ ᠵᠢᠨ ᠰᠤᠳᠤᠯᠤᠨ ᠨᠡᠭᠡᠭᠡᠬᠦ ᠲᠥᠪ᠃
     (ᠵᠢᠷᠭᠤᠭ᠎ᠠ) ᠤᠯᠤᠰ᠎ᠠᠴᠠ ᠮᠡᠳᠡᠷᠡᠭᠰᠡᠨ ᠰᠤᠷᠤᠯᠭ᠎ᠠ ᠵᠢᠨ ᠨᠠᠮᠲᠠᠷ᠎ᠲᠠᠢ ᠲᠤᠰᠬᠠᠢ ᠮᠡᠷᠭᠡᠵᠢᠯ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠢ ᠬᠡᠷᠡᠭᠵᠢᠭᠦᠯᠬᠦ ᠳᠡᠭᠡᠳᠦ ᠰᠤᠷᠭ᠋ᠠᠭᠤᠯᠢ ᠵᠢᠴᠢ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠬᠥᠮᠦᠨ᠎ᠤ ᠬᠢᠷᠢ ᠬᠡᠮ᠎ᠲᠠᠢ ᠰᠠᠯᠪᠤᠷᠢ ᠰᠤᠷᠭ᠋ᠠᠭᠤᠯᠢ᠂ ᠣᠨᠳᠣᠣ ᠭᠠᠵᠠᠷ᠎ᠲᠤ ᠰᠤᠷᠭ᠋ᠠᠭᠤᠯᠢ ᠡᠷᠬᠢᠯᠡᠬᠦ ᠪᠠᠢ᠌ᠭᠤᠯᠤᠮᠵᠢ᠃
     (ᠳᠤᠯᠤᠭ᠎ᠠ) ᠰᠢᠶᠠᠨ᠎ᠤ ᠱᠠᠲᠤ ᠵᠢᠴᠢ ᠲᠡᠭᠦᠨ᠎ᠠᠴᠠ ᠳᠡᠭᠡᠭᠰᠢᠬᠢ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠃
     (ᠨᠠᠢ᠍ᠮᠠ) ᠲᠤᠰᠬᠠᠶ ᠣᠷᠣᠨ ᠬᠣᠲᠠ ᠵᠢᠨ ᠳᠡᠰ᠎ᠠᠴᠠ ᠳᠡᠭᠡᠭᠰᠢᠬᠢ ᠣᠯᠠᠨ ᠨᠡᠢ᠌ᠲᠡ ᠵᠢᠨ ᠨᠣᠮ᠎ᠤᠨ ᠰᠠᠩ᠃
      ᠳᠦᠷᠪᠠ᠂   ᠲᠤᠰ ᠮᠡᠳᠡᠭᠳᠡᠯ᠎ᠤᠨ ᠬᠣᠶᠠᠳᠤᠭ᠋ᠠᠷ ᠵᠦᠢ᠍ᠯ᠎ᠳᠤ ᠬᠡᠯᠡᠵᠦ ᠪᠠᠢ᠌ᠭ᠎ᠠ ᠬᠡᠪᠯᠡᠭᠳᠡᠬᠦᠨ᠎ᠢ ᠭᠠᠳᠠᠭ᠋ᠠᠳᠤ᠎ᠠᠴᠠ ᠣᠷᠣᠭᠤᠯᠬᠤ ᠨᠢᠭᠡᠴᠢ ᠭᠡᠳᠡᠭ᠎ᠨᠢ ᠲᠥᠪ ᠬᠣᠷᠢᠶᠠᠨ᠎ᠤ ᠤᠬᠠᠭᠤᠯᠬᠤ ᠬᠡᠯᠲᠡᠰ᠎ᠠᠴᠠ ᠬᠢᠨᠠᠨ ᠲᠣᠭᠲᠠᠭ᠋ᠠᠭᠰᠠᠨ ᠬᠡᠪᠯᠡᠭᠳᠡᠬᠦᠨ᠎ᠢ ᠭᠠᠳᠠᠭ᠋ᠠᠳᠤ᠎ᠠᠴᠠ ᠣᠷᠣᠭᠤᠯᠬᠤ ᠵᠥᠪᠰᠢᠶᠡᠷᠡᠯ ᠪᠦᠬᠦᠢ ᠬᠡᠪᠯᠡᠭᠳᠡᠬᠦᠨ᠎ᠢ ᠭᠠᠳᠠᠭ᠋ᠠᠳᠤ᠎ᠠᠴᠠ ᠣᠷᠣᠭᠤᠯᠬᠤ ᠨᠢᠭᠡᠴᠢ ᠵᠢ ᠵᠢᠭ᠋ᠠᠵᠤ ᠪᠠᠢ᠌ᠨ᠎ᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠭᠡᠳᠡᠭ᠎ᠨᠢ ᠭᠤᠷᠪᠠᠳᠤᠭ᠋ᠠᠷ ᠵᠦᠢ᠍ᠯ᠎ᠤᠨ ᠨᠢᠭᠡᠳᠦᠭᠡᠷ ᠵᠤᠷᠪᠤᠰ᠎ᠲᠤ ᠲᠣᠭᠲᠠᠭ᠋ᠠᠭᠰᠠᠨ ᠪᠠᠢ᠌ᠭᠤᠯᠤᠮᠵᠢ ᠵᠢ ᠵᠢᠭ᠋ᠠᠵᠤ ᠪᠠᠢ᠌ᠨ᠎ᠠ᠃
      ᠲᠠᠪᠦ᠂ ᠲᠤᠰ ᠮᠡᠳᠡᠭᠳᠡᠯ᠎ᠤᠨ ᠨᠢᠭᠡᠳᠦᠭᠡᠷ᠂ ᠬᠣᠶᠠᠳᠤᠭ᠋ᠠᠷ ᠵᠦᠢ᠍ᠯ᠎ᠳᠤ ᠲᠣᠭᠲᠠᠭ᠋ᠠᠭᠰᠠᠨ ᠭᠠᠢ᠌ᠯᠢ᠎ᠠᠴᠠ ᠬᠡᠯᠲᠦᠷᠢᠭᠦᠯᠬᠦ ᠭᠠᠳᠠᠭ᠋ᠠᠳᠤ᠎ᠠᠴᠠ ᠣᠷᠣᠭᠤᠯᠬᠤ ᠲᠠᠸᠠᠷ᠎ᠲᠤ ᠲᠣᠳᠣᠷᠬᠠᠶ ᠬᠠᠭᠤᠳᠠᠰᠤ ᠵᠢᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠭᠠᠢ᠌ᠯᠢ ᠬᠡᠯᠲᠦᠷᠢᠭᠦᠯᠵᠦ ᠭᠠᠳᠠᠭ᠋ᠠᠳᠤ᠎ᠠᠴᠠ ᠣᠷᠣᠭᠤᠯᠬᠤ ᠲᠠᠸᠠᠷ᠎ᠤᠨ ᠨᠠᠷᠢᠨ ᠬᠠᠭᠤᠳᠠᠰᠤ ᠵᠢ ᠡᠳ᠋᠎ᠤᠨ ᠵᠠᠰᠠᠭ᠎ᠤᠨ ᠶᠠᠮᠤᠨ᠂ ᠪᠣᠭᠣᠮᠲᠠ ᠵᠢᠨ ᠶᠡᠷᠦᠩᠬᠡᠶ ᠵᠠᠬᠢᠷᠭ᠎ᠠ᠂ ᠭᠠᠢ᠌ᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠠᠴᠠ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠭᠰᠠᠨ᠎ᠤ ᠳᠠᠷᠠᠭ᠎ᠠ ᠠᠰᠲᠠᠭ᠋ᠠᠨ ᠲᠣᠭᠲᠠᠭ᠋ᠠᠵᠤ ᠳᠠᠷᠤᠮᠠᠯᠯᠠᠨ ᠶᠠᠪᠤᠭᠤᠯᠬᠤ ᠵᠢᠨ ᠬᠠᠮᠲᠤ᠂ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠨ᠎ᠠ᠃
      ᠵᠢᠷᠭᠤᠭ᠎ᠠ᠂   ᠪᠣᠭᠣᠮᠲᠠ᠎ᠠᠴᠠ ᠬᠢᠨᠠᠨ ᠵᠥᠪᠰᠢᠶᠡᠷᠡᠵᠦ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ᠂ ᠮᠡᠷᠭᠡᠵᠢᠯ᠎ᠤᠨ ᠨᠡᠭᠡᠭᠡᠯᠲᠡ ᠵᠢᠨ ᠪᠠᠢ᠌ᠭᠤᠯᠤᠮᠵᠢ᠂ ᠰᠤᠷᠭ᠋ᠠᠭᠤᠯᠢ᠂ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠨᠣᠮ᠎ᠤᠨ ᠰᠠᠩ᠎ᠨᠢ ᠭᠠᠢ᠌ᠯᠢ᠎ᠠᠴᠠ ᠬᠡᠯᠲᠦᠷᠢᠭᠦᠯᠦᠨ ᠭᠠᠳᠠᠭ᠋ᠠᠳᠤ᠎ᠠᠴᠠ ᠣᠷᠣᠭᠤᠯᠬᠤ ᠰᠢᠨᠵᠢᠯᠡᠬᠦ ᠤᠬᠠᠭ᠋ᠠᠨ᠎ᠤ ᠰᠤᠳᠤᠯᠤᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠭᠡᠭᠡᠯᠲᠡ ᠪᠣᠯᠤᠨ ᠵᠢᠭ᠋ᠠᠨ ᠰᠤᠷᠭ᠋ᠠᠬᠤ ᠬᠡᠷᠡᠭᠰᠡᠯ᠎ᠢ ᠪᠤᠰᠤᠳ ᠨᠢᠭᠡᠴᠡ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠭᠡᠭᠡᠯᠲᠡ ᠪᠣᠯᠤᠨ ᠵᠢᠭ᠋ᠠᠨ ᠰᠤᠷᠭ᠋ᠠᠬᠤ ᠠᠵᠢᠯᠯᠠᠭ᠎ᠠ᠎ᠳᠤ ᠬᠡᠷᠡᠭᠯᠡᠵᠦ ᠪᠣᠯᠤᠨ᠎ᠠ᠃
      ᠤᠯᠤᠰ᠎ᠤᠨ ᠰᠦᠯᠵᠢᠶᠡᠨ᠎ᠤ ᠬᠠᠮᠢᠶᠠᠷᠤᠯᠲᠠ ᠵᠢᠨ ᠲᠠᠪᠴᠠᠩ᠎ᠳᠤ ᠣᠷᠣᠭᠤᠯᠤᠨ ᠨᠢᠭᠡᠳᠦᠯᠲᠡᠶ ᠬᠠᠮᠢᠶᠠᠷᠴᠤ᠂ ᠲᠣᠰ ᠮᠡᠳᠡᠭᠳᠡᠯ᠎ᠤᠨ ᠲᠣᠭᠲᠠᠭ᠋ᠠᠯ᠎ᠳᠤ ᠨᠡᠢ᠌ᠴᠡᠬᠦ ᠭᠠᠢ᠌ᠯᠢ ᠭᠡᠯᠳᠦᠷᠢᠭᠦᠯᠵᠦ ᠭᠠᠳᠠᠭ᠋ᠠᠳᠤ᠎ᠠᠴᠠ ᠣᠷᠣᠭᠤᠯᠤᠭᠰᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ ᠲᠥᠬᠥᠭᠡᠷᠦᠮᠵᠢ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠠᠴᠠ ᠪᠣᠭᠣᠮᠲᠠ ᠵᠢᠨ ᠶᠡᠷᠦᠩᠬᠡᠶ ᠵᠠᠬᠢᠷᠭ᠎ᠠ᠎ᠲᠠᠢ ᠬᠠᠮᠲᠤᠷᠠᠨ ᠲᠣᠭᠲᠠᠭ᠋ᠠᠭᠰᠠᠨ ᠤᠯᠤᠰ᠎ᠤᠨ ᠰᠦᠯᠵᠢᠶᠡᠨ᠎ᠤ ᠬᠠᠮᠢᠶᠠᠷᠤᠯᠲᠠ ᠵᠢᠨ ᠲᠠᠪᠴᠠᠩ᠎ᠳᠤ ᠣᠷᠣᠭᠤᠯᠤᠭᠰᠠᠨ ᠭᠠᠢ᠌ᠯᠢ ᠭᠡᠯᠳᠦᠷᠢᠭᠦᠯᠵᠦ ᠭᠠᠳᠠᠭ᠋ᠠᠳᠤ᠎ᠠᠴᠠ ᠣᠷᠣᠭᠤᠯᠤᠭᠰᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ ᠲᠥᠬᠥᠭᠡᠷᠦᠮᠵᠢ ᠵᠢ ᠨᠡᠭᠡᠭᠡᠯᠲᠡ ᠬᠢᠵᠦ ᠬᠠᠮᠲᠤ᠎ᠪᠠᠷ ᠭᠥᠷᠳᠡᠬᠦ ᠬᠠᠮᠢᠶᠠᠷᠤᠯᠲᠠ ᠵᠢᠨ ᠬᠣᠯᠪᠣᠭᠳᠠᠯ ᠪᠥᠬᠥᠶ ᠲᠣᠭᠲᠠᠭ᠋ᠠᠯ᠎ᠳᠤ ᠨᠡᠢ᠌ᠴᠡᠪᠡᠯ᠂ ᠪᠤᠰᠤᠳ ᠨᠢᠭᠡᠴᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ ᠪᠠ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ᠎ᠳᠤ ᠬᠡᠷᠡᠭᠯᠡᠵᠦ ᠪᠣᠯᠤᠨ᠎ᠠ᠃
    ᠪᠣᠭᠣᠮᠲᠠ᠎ᠠᠴᠠ ᠬᠢᠨᠠᠨ ᠬᠠᠷᠭᠤᠭᠤᠯᠵᠤ ᠵᠥᠪᠰᠢᠶᠡᠷᠡᠭᠰᠡᠨ᠎ᠤ ᠳᠠᠷᠠᠭ᠎ᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ᠂ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ ᠵᠢᠨ ᠪᠠᠢ᠌ᠭᠤᠯᠤᠮᠵᠢ᠂ ᠰᠤᠷᠭ᠋ᠠᠭᠤᠯᠢ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠤᠶᠤ ᠵᠢᠭ᠋ᠠᠨ ᠰᠤᠷᠭ᠋ᠠᠯᠲᠠ᠎ᠪᠠᠷ ᠵᠣᠷᠢᠯᠭ᠎ᠠ ᠪᠣᠯᠭ᠋ᠠᠵᠤ᠂ ᠭᠠᠢ᠌ᠯᠢ᠎ᠠᠴᠠ ᠭᠡᠯᠳᠦᠷᠢᠭᠦᠯᠦᠨ ᠭᠠᠳᠠᠭ᠋ᠠᠳᠤ᠎ᠠᠴᠠ ᠣᠷᠣᠭᠤᠯᠤᠭᠰᠠᠨ ᠡᠮᠴᠢᠯᠡᠭᠡᠨ᠎ᠤ ᠪᠠᠢ᠌ᠴᠠᠭ᠋ᠠᠨ ᠰᠢᠯᠭ᠋ᠠᠬᠤ᠂ ᠵᠠᠳᠠᠯᠤᠯᠲᠠ ᠬᠢᠬᠦ ᠬᠡᠮᠵᠢᠭᠦᠷᠯᠢᠭ ᠵᠢᠴᠢ ᠲᠡᠭᠦᠨ᠎ᠤ ᠳᠠᠭ᠋ᠠᠯᠳᠤᠭᠤᠯᠤᠯ᠂ ᠲᠥᠬᠥᠷ ᠲᠥᠬᠥᠭᠡᠷᠦᠮᠵᠢ ᠵᠢ ᠲᠡᠭᠦᠨ᠎ᠤ ᠬᠠᠷᠢᠶᠠᠲᠤ᠂ ᠬᠠᠷᠢᠶ᠎ᠠ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠠᠵᠢᠯᠯᠠᠭ᠎ᠠ᠎ᠳᠤ ᠬᠡᠷᠡᠭᠯᠡᠬᠦ ᠪᠤᠶᠤ ᠡᠮᠴᠢᠯᠡᠭᠡᠨ᠎ᠤ ᠲᠤᠷᠰᠢᠯᠲᠠ ᠥᠷᠨᠢᠭᠦᠯᠬᠦ᠎ᠳᠤ ᠲᠦᠰᠢᠭᠯᠡᠬᠦ᠎ᠠᠴᠠ ᠡᠮᠦᠨᠡᠬᠢ ᠬᠠᠷᠢᠶᠠᠲᠤ᠂ ᠬᠠᠷᠢᠶ᠎ᠠ ᠡᠮᠨᠡᠯᠭᠡ ᠵᠢᠨ ᠬᠣᠷᠢᠶᠠᠨ᠎ᠤ ᠡᠮᠴᠢᠯᠡᠭᠡᠨ᠎ᠤ ᠠᠵᠢᠯᠯᠠᠭ᠎ᠠ᠎ᠳᠤ ᠬᠡᠷᠡᠭᠯᠡᠵᠦ ᠪᠣᠯᠤᠨ᠎ᠠ᠃ ᠡᠭᠦᠨ᠎ᠳᠤ᠂ ᠲᠣᠮᠣ ᠳᠤᠮᠳᠠ ᠬᠡᠯᠪᠡᠷᠢ ᠵᠢᠨ ᠡᠮᠴᠢᠯᠡᠭᠡᠨ᠎ᠤ ᠪᠠᠢ᠌ᠴᠠᠭ᠋ᠠᠨ ᠰᠢᠯᠭ᠋ᠠᠬᠤ᠂ ᠵᠠᠳᠠᠯᠬᠤ ᠬᠡᠮᠵᠢᠭᠦᠷᠯᠢᠭ᠎ᠢ ᠡᠮᠨᠡᠯᠭᠡ ᠵᠢᠨ ᠬᠣᠷᠢᠶ᠎ᠠ ᠨᠢᠭᠡᠪᠦᠷᠢ᠎ᠳᠤ 3 ᠵᠢᠯ ᠪᠦᠷᠢ᠎ᠳᠤ ᠵᠦᠢᠯ ᠪᠦᠷᠢ᠎ᠳᠤ 1 ᠵᠢ ᠬᠢᠵᠠᠭ᠋ᠠᠷᠯᠠᠨ᠎ᠠ᠃
    ᠳᠤᠯᠤᠭ᠎ᠠ᠂《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠭᠠᠳᠠᠭ᠋ᠠᠳᠤ ᠣᠷᠣᠭᠤᠯᠤᠯᠲᠠ ᠵᠢᠨ ᠭᠠᠢ᠌ᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ ᠵᠢᠨ ᠬᠠᠮᠢᠶᠠᠷᠤᠯᠲᠠ ᠵᠢᠨ ᠠᠷᠭ᠎ᠠ ᠵᠢ ᠡᠳ᠋᠎ᠤᠨ ᠵᠠᠰᠠᠭ᠎ᠤᠨ ᠶᠠᠮᠤᠨ᠂ ᠪᠣᠭᠣᠮᠲᠠ ᠵᠢᠨ ᠶᠡᠷᠦᠩᠬᠡᠶ ᠵᠠᠬᠢᠷᠭ᠎ᠠ᠂ ᠭᠠᠢ᠌ᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠎ᠠᠴᠠ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠠᠰᠲᠠᠭ᠋ᠠᠨ ᠲᠣᠭᠲᠠᠭ᠋ᠠᠵᠤ ᠳᠠᠷᠤᠮᠠᠯᠯᠠᠨ ᠲᠠᠷᠬᠠᠭ᠋ᠠᠨ᠎ᠠ᠃
      ᠨᠠᠢ᠍ᠮᠠ᠂ ᠲᠣᠰ ᠮᠡᠳᠡᠭᠳᠡᠯ᠎ᠤᠨ ᠬᠦᠴᠦᠨ᠎ᠲᠠᠢ ᠬᠤᠭᠤᠴᠠᠭ᠎ᠠ᠎ᠨᠢ 2021 ᠣᠨ᠎ᠤ 1 ᠰᠠᠷ᠎ᠠ ᠵᠢᠨ 1᠎ᠤ ᠡᠳᠦᠷ᠎ᠠᠴᠠ 2025 ᠣᠨ᠎ᠤ 12 ᠰᠠᠷ᠎ᠠ ᠵᠢᠨ 31᠎ᠤ ᠡᠳᠦᠷ ᠪᠣᠯᠤᠨ᠎ᠠ᠃
   

ᠡᠳ᠋᠎ᠤᠨ ᠵᠠᠰᠠᠭ᠎ᠤᠨ ᠶᠠᠮᠤᠨ᠎ᠤ ᠪᠣᠭᠣᠮᠲᠠ ᠵᠢᠨ ᠶᠡᠷᠦᠩᠬᠡᠶ ᠵᠠᠬᠢᠷᠭ᠎ᠠ ᠵᠢᠨ ᠭᠠᠢ᠌ᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ

2021 ᠣᠨ᠎ᠤ 4 ᠳ᠋ᠦ᠍ᠭᠡᠷ ᠰᠠᠷ᠎ᠠ ᠵᠢᠨ 15᠎ᠤ ᠡᠳᠦᠷ

ᠢᠷᠡᠯᠲᠡ᠄ ᠡᠳ᠋᠎ᠤᠨ ᠵᠠᠰᠠᠭ᠎ᠤᠨ ᠶᠠᠮᠤᠨ
          
ᠬᠠᠮᠢᠶ᠎ᠡ ᠪᠦᠬᠦᠢ ᠰᠣᠨᠢᠨ
ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠣᠪᠴᠢᠶ᠎ᠠ ᠰᠠᠢ᠌ᠵᠢᠷᠠᠭᠤᠯᠬᠤ ᠠᠷᠭ᠎ᠠ ᠬᠡᠮᠵᠢᠶ᠎ᠡ ᠠᠪᠴᠤ ᠲᠤᠰᠬᠠᠶ ᠠᠰᠢᠭ᠎ᠤᠨ ᠲᠠᠸᠠᠷ᠎ᠤᠨ ᠲᠡᠮᠳᠡᠭᠲᠦ ᠵᠡᠷᠭᠡ ᠵᠢᠨ ᠬᠢᠨᠠᠨ ᠪᠠᠢ᠌ᠴᠠᠭ᠋ᠠᠬᠤ ᠦᠶᠡᠯᠡᠯ᠎ᠤᠨ ᠬᠤᠭᠤᠴᠠᠭ᠎ᠠ ᠵᠢ ᠦᠷᠭᠦᠯᠵᠢᠯᠡᠨ ᠪᠣᠭᠣᠨᠢᠰᠬᠠᠨ᠎ᠠ
ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠡᠪᠴᠢᠶᠡᠨ᠎ᠳᠠᠬᠢ 《ᠪᠠᠭᠤᠯᠭ᠋ᠠᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠨᠢ ᠠᠯᠢ ᠬᠡᠳᠦᠨ ᠲᠠᠯ᠎ᠠ᠎ᠪᠠᠷ ᠢᠯᠡᠷᠡᠵᠦ ᠪᠠᠢ᠌ᠬᠤ ᠪᠣᠶ
ᠸᠠᠩ ᡁᠢ ᠭᠠᠩ᠄ ᠨᠡᠭᠦᠷᠡᠰᠦᠲᠥ᠋ᠷᠥᠭᠴᠢ ᠵᠢᠨ ᠤᠷᠬᠢᠯ ᠲᠤᠯᠬᠤ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠭᠤᠯᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠤᠯᠭ᠋ᠠᠭᠤᠷᠢᠯᠠᠬᠤ ᠰᠢᠰᠲ᠋ᠧᠮ᠎ᠢ ᠲᠦᠷᠭᠡᠳᠬᠡᠨ ᠪᠠᠢ᠌ᠭᠤᠯᠬᠤ ᠬᠡᠷᠡᠭᠲᠡᠢ
ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠶ ᠬᠠᠷᠢᠭᠤᠯᠲᠠ
《ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠵᠢᠯᠣᠭᠣᠳᠬᠤ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
 
            