ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠤ ᠠᠯᠪᠠᠨ ᠬᠡᠷ 2021 ᠣᠨ᠎ᠤ 5 ᠰᠠᠷ᠎ᠠ ᠵᠢᠨ 8᠎ᠤ ᠡᠳᠦᠷ (ᠭᠠᠷᠠᠭ᠎ᠤᠨ ᠵᠢᠷᠭᠤᠭ᠋ᠠᠨ)᠎ᠤᠨ ᠦᠳᠡ ᠵᠢᠨ ᠡᠮᠦᠨᠡᠬᠢ 10 ᠴᠠᠭ᠎ᠲᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠥᠷᠥ ᠵᠢᠨ ᠪᠣᠳᠣᠯᠭ᠎ᠠ ᠵᠢᠨ ᠵᠤᠷᠰᠢᠯᠲᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ ᠤᠯᠤᠰ᠎ᠤᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠲᠣᠪᠴᠢᠶ᠎ᠠ ᠵᠢᠨ ᠳᠡᠳ᠋ ᠳᠠᠷᠤᠭ᠎ᠠ ᠾᠧ ᡁᠢ ᠮᠢᠨ᠂ ᠮᠡᠳᠡᠯᠭᠡ ᠵᠢᠨ ᠦᠮᠴᠢᠯᠡᠯ ᠤᠨ ᠡᠷᠬᠡ ᠵᠢ ᠬᠠᠮᠠᠭ᠋ᠠᠯᠠᠬᠤ ᠵᠤᠷᠭ᠋ᠠᠨ᠎ᠤ ᠳᠠᠷᠤᠭ᠎ᠠ ᠵᠠᠩ ᡁᠢ ᠴᠧᠩ᠎ᠢ ᠤᠷᠢᠵᠤ᠂ ᠠᠬᠢᠭᠤᠯᠬᠤ ᠵᠤᠷᠭ᠋ᠠᠨ᠎ᠤ ᠳᠠᠷᠤᠭ᠎ᠠ ᠯᠸᠢ ᠰᠢᠶᠤᠤ ᠶᠦᠨ᠂ ᠣᠯᠠᠨ ᠨᠡᠢ᠌ᠲᠡ ᠵᠢᠨ ᠦᠢᠯᠡᠴᠢᠯᠡᠭᠡᠨ᠎ᠤ ᠵᠤᠷᠭ᠋ᠠᠨ᠎ᠤ ᠳᠠᠷᠤᠭ᠎ᠠ ᠸᠠᠩ ᠫᠸᠢ ᠵᠠᠩ᠎ᠢ ᠬᠡᠷᠡᠭᠯᠡᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠡᠪᠴᠢᠶᠡᠨ᠎ᠳᠠᠬᠢ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠬᠣᠯᠪᠣᠭᠳᠠᠯ ᠪᠥᠬᠥᠶ ᠪᠠᠢ᠌ᠳᠠᠯ᠎ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ ᠃
【ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠣᠷᠢᠶ᠎ᠠ ᠵᠢᠨ ᠲᠥᠪ ᠲᠧᠯᠸᠢᠰ᠎ᠤᠨ ᠰᠤᠷᠪᠤᠯᠵᠢᠯᠠᠭᠴᠢ 】
ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠠᠴᠠ 《ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠡᠪᠴᠢᠶᠡᠨ᠎ᠳᠠᠬᠢ〈ᠲᠠᠯᠪᠢᠬᠤ ᠬᠠᠮᠢᠶᠠᠷᠬᠤ ᠦᠢ᠍ᠯᠡᠴᠢᠯᠡᠬᠦ〉 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠰᠢᠨ᠎ᠡ ᠵᠢ ᠡᠭᠦᠳᠬᠦ ᠣᠷᠴᠢᠨ ᠲᠣᠭᠣᠷᠢᠨ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠲᠤᠬᠠᠢ ᠮᠡᠳᠡᠭᠳᠡᠯ》᠎ᠢ ᠬᠢᠨᠠᠨ ᠵᠥᠪᠯᠡᠵᠦ ᠪᠠᠲᠤᠯᠠᠪᠠ ᠃ ᠡᠨᠡ ᠬᠦ᠌《ᠮᠡᠳᠡᠭᠳᠡᠯ》᠎ᠳᠤ《ᠭᠦᠨᠵᠡᠭᠡᠢ᠌ᠷᠡᠭᠦᠯᠬᠦ》ᠭᠡᠳᠡᠭ᠎ᠨᠢ ᠠᠯᠢ ᠬᠡᠳᠦᠨ ᠲᠠᠯ᠎ᠠ᠎ᠪᠠᠷ ᠪᠣᠳᠠᠲᠠᠢ ᠢᠯᠡᠷᠡᠵᠦ ᠪᠠᠢ᠌ᠬᠤ ᠵᠢ ᠪᠢᠳᠡᠨ᠎ᠳᠤ ᠲᠠᠨᠢᠯᠴᠠᠭᠤᠯᠤᠭ᠋ᠠᠳ ᠥᠭᠭᠦᠨ᠎ᠡ ᠤᠤ?
【ᠤᠯᠤᠰ᠎ᠤᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠲᠣᠪᠴᠢᠶᠠᠨ᠎ᠤ ᠳᠡᠳ᠋ ᠳᠠᠷᠤᠭ᠎ᠠ ᠾᠧ ᡁᠢ ᠮᠢᠨ 】
ᠨᠡᠢ᠌ᠭᠡᠮ᠎ᠳᠤ ᠬᠦᠰᠡᠯ ᠡᠷᠡᠮᠡᠯᠵᠡᠯ᠎ᠲᠠᠢ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ᠎ᠳᠤ ᠬᠡᠷᠡᠭᠴᠡᠭᠡ᠎ᠲᠠᠢ ᠯᠡ ᠶᠤᠮ ᠪᠣᠯ᠂ ᠮᠠᠨ᠎ᠤ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠡᠪᠴᠢᠶᠡᠨ᠎ᠳᠠᠬᠢ《ᠪᠠᠭᠤᠯᠭ᠋ᠠᠬᠤ ᠤᠶᠠᠯᠳᠤᠭᠤᠯᠬᠤ ᠰᠢᠯᠢᠳᠡᠭᠵᠢᠭᠦᠯᠬᠦ》ᠥᠭᠡᠷᠡᠴᠢᠯᠡᠯᠲᠡ ᠵᠢᠨ ᠠᠯᠬᠤᠴᠠ ᠳᠠᠷᠤᠢ ᠵᠣᠭᠰᠣᠬᠤ ᠦᠭᠡᠢ ᠶᠤᠮ᠂ ᠳᠠᠷᠤᠢ ᠬᠥᠭᠵᠢᠯᠲᠡ ᠵᠢᠨ ᠳᠤᠮᠳᠠ ᠢᠯᠡᠷᠡᠭᠰᠡᠨ ᠰᠢᠨ᠎ᠡ ᠪᠠᠢ᠌ᠳᠠᠯ᠂ ᠰᠢᠨ᠎ᠡ ᠠᠰᠠᠭᠤᠳᠠᠯ᠎ᠳᠤ ᠴᠢᠭᠯᠡᠭᠦᠯᠦᠨ᠂ ᠪᠡᠷᠬᠡ ᠰᠡᠳᠦᠪ᠎ᠢ ᠰᠢᠢ᠍ᠳᠪᠦᠷᠢᠯᠡᠨ᠂ ᠡᠪᠡᠷᠰᠢᠶᠡᠯ᠎ᠢ ᠰᠢᠢ᠍ᠳᠪᠦᠷᠢᠯᠡᠬᠦ ᠬᠡᠷᠡᠭᠲᠡᠢ ᠃《ᠮᠡᠳᠡᠭᠳᠡᠯ》᠎ᠳᠤ《ᠭᠦᠨᠵᠡᠭᠡᠢ᠌ᠷᠡᠭᠦᠯᠬᠦ》᠎ᠨᠢ ᠭᠣᠣᠯᠳᠠᠭᠤ ᠭᠤᠷᠪᠠᠨ ᠲᠠᠯ᠎ᠠ᠎ᠪᠠᠷ ᠢᠯᠡᠷᠡᠵᠦ ᠪᠠᠢ᠌ᠨ᠎ᠠ᠄
ᠨᠢᠭᠡ᠎ᠳᠤ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠬᠠᠷᠠᠯᠲᠠ ᠡᠭᠦᠷᠭᠡ ᠵᠢ ᠲᠣᠭᠲᠠᠭ᠋ᠠᠭᠰᠠᠨ ᠰᠠᠭᠤᠷᠢᠨ ᠳᠡᠭᠡᠷ᠎ᠡ᠂ ᠤᠯᠠᠮ ᠨᠢᠭᠡ ᠠᠯᠬᠤᠮ ᠥᠪᠡᠷ᠎ᠤᠨ ᠳᠠᠷᠤᠯᠲᠠ᠎ᠪᠠᠨ ᠨᠡᠮᠡᠭᠳᠡᠭᠦᠯᠵᠦ᠂ ᠥᠭᠡᠷᠡᠴᠢᠯᠡᠯᠲᠡ ᠵᠢᠨ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠤᠨ᠎ᠠ᠃ ᠵᠢᠱ᠌ᠢᠶᠡᠯᠡᠪᠡᠯ᠂《ᠮᠡᠳᠡᠭᠳᠡᠯ》᠎ᠳᠤ ᠳᠤᠷᠠᠳᠤᠭᠰᠠᠨ᠎ᠨᠢ᠂ 2021 ᠣᠨ᠎ᠤ ᠡᠴᠦᠰ᠎ᠠᠴᠠ ᠡᠮᠦᠨ᠎ᠡ᠂ ᠥᠨᠳᠥᠷ ᠥᠷᠲᠡᠭᠲᠦ ᠲᠤᠰᠬᠠᠶ ᠠᠰᠢᠭ ᠭᠤᠶᠤᠴᠢᠯᠠᠬᠤ ᠵᠢ ᠬᠢᠨᠠᠨ ᠪᠠᠢ᠌ᠴᠠᠭ᠋ᠠᠬᠤ ᠦᠶᠡᠯᠡᠯ᠎ᠤᠨ ᠬᠤᠭᠤᠴᠠᠭ᠎ᠠ ᠵᠢ 13 . 8 ᠰᠠᠷ᠎ᠠ ᠪᠣᠯᠲᠠᠯ᠎ᠠ ᠪᠣᠭᠣᠨᠢᠰᠬᠠᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠷᠢᠯᠠᠭᠤᠯᠤᠭᠰᠠᠨ ᠬᠢᠨᠠᠨ ᠪᠠᠢ᠌ᠴᠠᠭ᠋ᠠᠬᠤ ᠦᠶᠡᠯᠡᠯ᠎ᠤᠨ ᠬᠤᠭᠤᠴᠠᠭ᠎ᠠ ᠵᠢ ᠪᠣᠭᠣᠨᠢᠰᠬᠠᠬᠤ ᠬᠠᠷᠠᠯᠲᠠ ᠵᠢ ᠨᠢᠭᠡ ᠵᠢᠯ ᠤᠷᠢᠳᠴᠢᠯᠠᠨ ᠪᠡᠶᠡᠯᠡᠭᠦᠯᠬᠦ᠎ᠪᠠᠷ ᠴᠢᠷᠮᠠᠢ᠌ᠵᠤ᠂ ᠲᠠᠸᠠᠷ᠎ᠤᠨ ᠲᠡᠮᠳᠡᠭᠲᠦ ᠳᠠᠩᠰᠠᠯᠠᠭᠤᠯᠬᠤ᠂ ᠲᠤᠰᠬᠠᠶ ᠠᠰᠢᠭ ᠭᠤᠶᠤᠴᠢᠯᠠᠬᠤ ᠵᠠᠯᠭ᠋ᠠᠮᠵᠢ ᠲᠤᠬᠠᠢ᠌ᠯᠠᠭᠰᠠᠨ ᠠᠵᠢᠯ᠎ᠢ ᠵᠡᠷᠭᠡ᠎ᠳᠤ᠎ᠨᠢ ᠪᠣᠭᠣᠨᠢᠰᠬᠠᠬᠤ ᠵᠢᠨ ᠬᠠᠮᠲᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠭᠤᠶᠤᠴᠢᠯᠠᠯ᠎ᠢ ᠨᠤᠲᠠᠯᠠᠨ ᠲᠣᠭᠲᠠᠭ᠋ᠠᠬᠤ ᠦᠶᠡᠯᠡᠯ᠎ᠤᠨ ᠬᠤᠭᠤᠴᠠᠭ᠎ᠠ ᠵᠢ ᠪᠥᠬᠥ ᠴᠤᠪᠤᠷᠠᠯ᠎ᠳᠤ ᠪᠣᠭᠣᠨᠢᠰᠬᠠᠨ᠎ᠠ ᠃ ᠡᠭᠦᠨ᠎ᠤ ᠵᠡᠷᠭᠡ᠎ᠳᠤ᠂ ᠮᠡᠳᠡᠯᠭᠡ ᠵᠢᠨ ᠦᠮᠴᠢᠯᠡᠯ ᠤᠨ ᠡᠷᠬᠡ ᠵᠢ ᠬᠤᠪᠢᠷᠠᠭᠤᠯᠤᠨ ᠠᠰᠢᠭᠯᠠᠬᠤ ᠦᠷ᠎ᠡ ᠪᠦᠲᠦᠮᠵᠢ ᠨᠡᠯᠢᠶᠡᠳ ᠳᠣᠤᠷ᠎ᠠ ᠪᠠᠢ᠌ᠬᠤ ᠠᠰᠠᠭᠤᠳᠠᠯ᠎ᠳᠤ ᠴᠢᠭᠯᠡᠭᠦᠯᠦᠨ᠂ ᠪᠠᠰᠠ ᠮᠡᠳᠡᠯᠭᠡ ᠵᠢᠨ ᠦᠮᠴᠢᠯᠡᠯ ᠤᠨ ᠡᠷᠬᠡ ᠵᠢᠨ ᠰᠠᠭᠤᠷᠢ ᠲᠣᠭ᠎ᠠ ᠪᠠᠷᠢᠮᠲᠠ ᠵᠢ ᠪᠥᠬᠥ ᠲᠠᠯ᠎ᠠ᠎ᠪᠠᠷ ᠴᠢᠯᠥᠭᠡᠲᠡᠶ ᠪᠣᠯᠭ᠋ᠠᠬᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠥᠷᠲᠡᠭ᠎ᠢ ᠦᠨᠡᠯᠡᠨ ᠵᠢᠱ᠌ᠢᠬᠦ ᠲᠣᠭᠲᠠᠴᠠ ᠪᠠ ᠪᠠᠷᠢᠮᠵᠢᠶ᠎ᠠ ᠵᠢ ᠲᠡᠭᠦᠯᠳᠡᠷᠵᠢᠭᠦᠯᠬᠦ᠂ ᠲᠤᠰᠬᠠᠶ ᠠᠰᠢᠭ᠎ᠤᠨ ᠨᠡᠭᠡᠭᠡᠯᠲᠡ ᠵᠢᠨ ᠵᠥᠪᠰᠢᠶᠡᠷᠡᠯ᠎ᠤᠨ ᠲᠦᠷᠢᠮ᠎ᠢ ᠨᠠᠢ᠌ᠳᠠᠪᠤᠷᠢᠵᠢᠭᠤᠯᠬᠤ ᠵᠡᠷᠭᠡ ᠰᠢᠨ᠎ᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ ᠃
ᠬᠣᠶᠠᠷ᠎ᠲᠤ ᠣᠯᠠᠨ ᠨᠡᠢ᠌ᠲᠡ ᠵᠢᠨ ᠪᠡᠶᠡᠴᠢ ᠣᠢ᠌ᠯᠠᠭ᠋ᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠵᠦᠷᠢᠶᠡᠴᠢᠯᠡᠭᠰᠡᠨ᠂ ᠣᠯᠠᠨ ᠡᠰᠢᠵᠢᠭᠰᠡᠨ ᠬᠡᠷᠡᠭᠴᠡᠭᠡ ᠵᠢ ᠬᠦᠴᠦᠯᠡᠨ ᠬᠠᠩᠭ᠋ᠠᠵᠤ᠂ ᠥᠭᠡᠷᠡᠴᠢᠯᠡᠯᠲᠡ ᠵᠢᠨ ᠬᠠᠨᠳᠤᠯᠭ᠋ᠠᠲᠤ ᠴᠢᠨᠠᠷ ᠪᠠ ᠣᠨᠣᠪᠴᠢᠲᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠃ ᠵᠢᠱ᠌ᠢᠶᠡᠯᠡᠪᠡᠯ᠂ ᠭᠤᠶᠤᠴᠢᠯᠠᠭᠴᠢ ᠵᠢᠨ ᠮᠡᠳᠡᠯᠭᠡ ᠵᠢᠨ ᠦᠮᠴᠢᠯᠡᠯ ᠤᠨ ᠡᠷᠬᠡ ᠤᠯᠬᠤ ᠦᠶᠡᠯᠡᠯ᠎ᠤᠨ ᠬᠤᠭᠤᠴᠠᠭ᠎ᠠ ᠵᠢᠨ ᠲᠤᠬᠠᠶ ᠠᠳᠠᠯᠢ ᠪᠤᠰᠤ ᠬᠡᠷᠡᠭᠴᠡᠭᠡ᠎ᠳᠤ ᠴᠢᠭᠯᠡᠭᠦᠯᠦᠨ᠂ ᠨᠢᠭᠡ ᠲᠠᠯ᠎ᠠ᠎ᠪᠠᠷ ᠳᠠᠩᠰᠠᠯᠠᠭᠤᠯᠤᠭᠰᠠᠨ ᠲᠠᠸᠠᠷ᠎ᠤᠨ ᠲᠡᠮᠳᠡᠭᠲᠦ ᠵᠢᠨ ᠰᠠᠭ᠋ᠠᠳ ᠥᠬᠡᠶ ᠨᠡᠪᠲᠡᠷᠡᠬᠦ ᠵᠠᠮ᠎ᠢ ᠲᠦᠷᠭᠡᠳᠬᠡᠨ ᠪᠠᠢ᠌ᠭᠤᠯᠬᠤ ᠵᠠᠭᠪᠤᠷ᠎ᠢ ᠪᠠᠢ᠌ᠭᠤᠯᠤᠨ ᠲᠡᠭᠦᠯᠳᠡᠷᠵᠢᠭᠦᠯᠵᠦ᠂ ᠲᠤᠰᠬᠠᠶ ᠠᠰᠢᠭ᠎ᠢ ᠤᠷᠢᠳ ᠵᠶ᠋ᠠᠷ ᠬᠢᠨᠠᠨ ᠪᠠᠢ᠌ᠴᠠᠭ᠋ᠠᠬᠤ ᠲᠣᠭᠲᠠᠴᠠ ᠵᠢ ᠰᠢᠯᠢᠳᠡᠭᠵᠢᠭᠦᠯᠦᠨ᠎ᠡ ᠭᠡᠵᠦ ᠳᠤᠷᠠᠳᠤᠨ ᠭᠠᠷᠭ᠋ᠠᠪᠠ; ᠨᠥᠭᠥᠭᠡ ᠲᠠᠯ᠎ᠠ᠎ᠪᠠᠷ ᠪᠠᠰᠠ ᠲᠤᠰᠬᠠᠶ ᠠᠰᠢᠭ᠎ᠤᠨ ᠭᠤᠶᠤᠴᠢᠯᠠᠯ ᠵᠶ᠋ᠠᠷ ᠬᠢᠨᠠᠨ ᠪᠠᠢ᠌ᠴᠠᠭ᠋ᠠᠬᠤ ᠵᠢ ᠬᠣᠢ᠌ᠰᠢᠯᠠᠭᠤᠯᠬᠤ ᠲᠣᠭᠲᠠᠴᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠭᠣᠤᠯᠯᠠᠬᠤ ᠲᠤᠰᠬᠠᠶ ᠠᠰᠢᠭ᠎ᠤᠨ ᠪᠠᠢ᠌ᠷᠢᠯᠠᠭᠤᠯᠤᠯᠲᠠ᠎ᠳᠤ ᠲᠥᠬᠥᠮ ᠦᠵᠡᠭᠦᠯᠦᠨ᠎ᠡ ᠭᠡᠵᠦ ᠳᠤᠷᠠᠳᠤᠨ ᠭᠠᠷᠭ᠋ᠠᠵᠠᠶ ᠃ ᠲᠤᠰᠬᠠᠶ ᠠᠰᠢᠭ᠂ ᠲᠠᠸᠠᠷ᠎ᠤᠨ ᠲᠡᠮᠳᠡᠭ᠎ᠤᠨ ᠲᠤᠬᠠᠢ᠌ᠯᠠᠭᠰᠠᠨ ᠠᠵᠢᠯ᠎ᠤᠨ ᠭᠦᠢᠴᠡᠳᠬᠡᠬᠦ ᠴᠤᠪᠤᠷᠠᠯ᠎ᠢ ᠪᠥᠬᠥ ᠲᠠᠯ᠎ᠠ᠎ᠪᠠᠷ ᠳᠥᠭᠥᠮᠴᠢᠯᠡᠵᠦ᠂ ᠲᠤᠰᠬᠠᠶ ᠠᠰᠢᠭ᠎ᠤᠨ ᠣᠷᠣᠯᠠᠨ ᠭᠦᠢᠴᠡᠳᠬᠡᠬᠦ ᠪᠠᠢ᠌ᠭᠤᠯᠤᠮᠵᠢ ᠪᠠᠢ᠌ᠭᠤᠯᠬᠤ ᠵᠢ ᠬᠢᠨᠠᠨ ᠵᠥᠪᠰᠢᠶᠡᠷᠡᠵᠦ ᠮᠡᠳᠡᠭᠳᠡᠬᠦ ᠠᠮᠠᠯᠠᠯᠲᠠ ᠵᠢᠨ ᠲᠦᠷᠢᠮ᠎ᠢ ᠶᠡᠬᠡᠪᠡᠷ ᠬᠡᠷᠡᠭᠵᠢᠭᠦᠯᠦᠨ᠂ ᠲᠤᠬᠠᠢ᠌ᠯᠠᠭᠰᠠᠨ ᠠᠵᠢᠯ᠎ᠤᠨ ᠭᠦᠢᠴᠡᠳᠬᠡᠬᠦ ᠵᠢ ᠲᠥᠬᠥᠮ ᠪᠣᠯᠭ᠋ᠠᠬᠤ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠣᠭ᠋ᠠᠴᠢᠯᠠᠭᠰᠠᠨ ᠬᠥᠭᠵᠢᠯᠲᠡ ᠵᠢᠨ ᠰᠢᠨ᠎ᠡ ᠪᠠᠢ᠌ᠳᠠᠯ᠎ᠳᠤ ᠵᠣᠬᠢᠴᠠᠭᠤᠯᠤᠨ᠂ ᠲᠤᠰᠬᠠᠶ ᠠᠰᠢᠭ᠎ᠤᠨ ᠲᠠᠸᠠᠷ᠎ᠤᠨ ᠲᠡᠮᠳᠡᠭ᠂ ᠡᠯᠧᠺᠲᠷᠣᠨ ᠦᠨᠡᠮᠯᠡᠯ᠎ᠢ ᠶᠡᠬᠡᠪᠡᠷ ᠬᠡᠷᠡᠭᠵᠢᠭᠦᠯᠵᠦ᠂ ᠡᠯᠧᠺᠲᠷᠣᠨ ᠬᠤᠳᠠᠯᠳᠤᠭ᠋ᠠᠨ᠎ᠤ ᠲᠠᠪᠴᠠᠩ ᠵᠶ᠋ᠠᠷ ᠣᠷᠣᠯᠠᠨ ᠭᠦᠢᠴᠡᠳᠬᠡᠬᠦ ᠲᠤᠬᠠᠢ᠌ᠯᠠᠭᠰᠠᠨ ᠠᠵᠢᠯ᠎ᠢ ᠥᠷᠨᠢᠭᠦᠯᠬᠦ ᠵᠢ ᠵᠢᠷᠤᠮᠵᠢᠭᠤᠯᠬᠤ ᠪᠠ ᠬᠠᠮᠵᠢᠯᠴᠠᠨ ᠬᠢᠨᠠᠨ ᠬᠠᠮᠢᠶᠠᠷᠬᠤ ᠵᠢ ᠲᠦᠷᠭᠡᠳᠬᠡᠨ᠎ᠡ ᠃
ᠭᠤᠷᠪᠠ᠎ᠳᠤ ᠴᠢᠨᠠᠷ ᠰᠠᠢ᠌ᠲᠠᠶ ᠬᠥᠭᠵᠢᠯᠲᠡ ᠵᠢᠨ ᠤᠳᠤᠷᠢᠳᠤᠮᠵᠢ ᠵᠢ ᠳᠣᠪᠣᠢ᠌ᠯᠭ᠋ᠠᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠠᠵᠢᠯ᠎ᠢ ᠲᠣᠭ᠎ᠠ ᠬᠡᠮᠵᠢᠶ᠎ᠡ ᠵᠢ ᠬᠥᠭᠡᠭᠡᠴᠡᠯᠳᠦᠵᠦ ᠪᠠᠢ᠌ᠭᠰᠠᠨ᠎ᠠᠴᠠ ᠶᠠᠰᠤ ᠴᠢᠨᠠᠷ᠎ᠢ ᠳᠡᠭᠡᠭᠰᠢᠯᠡᠭᠦᠯᠬᠦ ᠳᠠᠰᠢ ᠬᠤᠪᠢᠷᠠᠭᠤᠯᠬᠤ ᠵᠢ ᠠᠬᠢᠭᠤᠯᠬᠤ ᠬᠡᠷᠡᠭᠲᠡᠶ ᠃ ᠵᠢᠱ᠌ᠢᠶᠡᠯᠡᠪᠡᠯ᠂ ᠲᠤᠰᠬᠠᠶ ᠠᠰᠢᠭ ᠭᠤᠶᠤᠴᠢᠯᠠᠬᠤ᠂ ᠡᠷᠬᠡ ᠣᠯᠭᠣᠬᠤ ᠲᠣᠭ᠎ᠠ ᠬᠡᠮᠵᠢᠶ᠎ᠡ᠎ᠪᠠᠷ ᠰᠢᠭᠤᠳ ᠱᠠᠩᠨᠠᠯ ᠪᠤᠶᠤ ᠬᠢᠷᠢ ᠬᠡᠮ ᠬᠢᠷᠢ ᠬᠡᠮ᠎ᠢ ᠦᠨᠡᠯᠡᠨ ᠲᠣᠭᠲᠠᠭ᠋ᠠᠬᠤ ᠲᠥᠷᠥ ᠵᠢᠨ ᠪᠣᠳᠣᠯᠭ᠎ᠠ ᠭᠥᠷᠳᠡᠬᠦ ᠭᠣᠤᠯ ᠨᠥᠬᠥᠴᠡᠯ ᠪᠣᠯᠭ᠋ᠠᠵᠤ ᠪᠣᠯᠬᠤ ᠥᠬᠡᠶ ᠭᠡᠵᠦ ᠳᠤᠷᠠᠳᠪᠠ᠂ 2021 ᠣᠨ᠎ᠤ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠡᠯ᠎ᠡ ᠭᠠᠵᠠᠷ᠎ᠤᠨ᠎ᠬᠢᠨ ᠲᠤᠰᠬᠠᠶ ᠠᠰᠢᠭ᠂ ᠲᠠᠸᠠᠷ᠎ᠤᠨ ᠲᠡᠮᠳᠡᠭᠲᠦ ᠭᠤᠶᠤᠴᠢᠯᠠᠬᠤ ᠱᠠᠲᠤᠨ᠎ᠤ ᠲᠤᠰᠠᠯᠠᠮᠵᠢ ᠪᠠ ᠱᠠᠩᠨᠠᠯ᠎ᠢ ᠪᠥᠬᠥ ᠲᠠᠯ᠎ᠠ᠎ᠪᠠᠷ ᠬᠦᠴᠦᠨ ᠥᠬᠡᠶ ᠪᠣᠯᠭ᠋ᠠᠬᠤ ᠬᠡᠷᠡᠭᠲᠡᠶ ᠃ ᠡᠭᠦᠨ᠎ᠤ ᠬᠠᠮᠲᠤ᠂ ᠬᠢᠨᠠᠨ ᠪᠠᠢ᠌ᠴᠠᠭ᠋ᠠᠵᠤ ᠬᠢᠨᠠᠨ ᠬᠠᠮᠢᠶᠠᠷᠬᠤ᠎ᠪᠠᠨ ᠦᠷᠭᠦᠯᠵᠢᠯᠡᠨ ᠴᠢᠩᠭ᠋ᠠᠳᠬᠠᠵᠤ᠂ ᠲᠠᠸᠠᠷ᠎ᠤᠨ ᠲᠡᠮᠳᠡᠭ᠎ᠢ ᠮᠠᠭᠤ ᠰᠠᠨᠠᠭ᠎ᠠ᠎ᠪᠠᠷ ᠳᠠᠩᠰᠠᠯᠠᠭᠤᠯᠬᠤ ᠪᠠ ᠬᠡᠪ᠎ᠤᠨ ᠪᠤᠰᠤ ᠲᠤᠰᠬᠠᠶ ᠠᠰᠢᠭ ᠭᠤᠶᠤᠴᠢᠯᠠᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠡᠬᠢ ᠡᠭᠦᠰᠦᠯ᠎ᠠᠴᠠ᠎ᠨᠢ ᠵᠠᠰᠠᠬᠤ ᠪᠠ ᠪᠥᠬᠥ ᠬᠡᠯᠬᠢᠶ᠎ᠡ᠎ᠳᠤ ᠬᠠᠮᠵᠢᠯᠴᠠᠨ ᠬᠦᠴᠦᠯᠡᠬᠦ ᠵᠢ ᠴᠢᠩᠭ᠋ᠠᠳᠬᠠᠵᠤ᠂ ᠣᠳᠣᠬᠠᠨ᠎ᠤ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠥᠭᠵᠢᠯᠲᠡ ᠳᠤᠮᠳᠠᠬᠢ ᠲᠣᠪᠣᠢ᠌ᠮ᠎ᠠ ᠵᠥᠷᠢᠴᠡᠯ᠎ᠢ ᠬᠦᠴᠦᠯᠡᠨ ᠰᠢᠢᠳᠪᠦᠷᠢᠯᠡᠵᠦ᠂ ᠨᠠᠩ ᠴᠢᠨᠠᠷ ᠰᠠᠢ᠌ᠲᠠᠶ᠂ ᠨᠠᠩ ᠲᠥᠪ ᠭᠣᠤᠯᠴᠢ᠂ ᠨᠠᠩ ᠦᠷᠭᠦᠯᠵᠢᠯᠡᠬᠦ ᠬᠥᠭᠵᠢᠯᠲᠡ ᠵᠢ ᠴᠢᠷᠮᠠᠢ᠌ᠨ ᠪᠡᠶᠡᠯᠡᠭᠦᠯᠦᠨ᠎ᠡ ᠃
ᠡᠭᠦᠨ᠎ᠠᠴᠠ ᠭᠠᠳᠠᠨ᠎ᠠ᠂《ᠮᠡᠳᠡᠭᠳᠡᠯ》᠎ᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ᠎ᠲᠤ ᠳᠠᠷᠤᠮᠠᠯᠯᠠᠨ ᠲᠠᠷᠬᠠᠭ᠋ᠠᠵᠤ᠂ ᠣᠯᠠᠨ ᠰᠠᠯᠠᠭ᠎ᠠ ᠮᠥᠴᠢᠷ ᠣᠷᠭ᠋ᠠᠨᠢᠭ ᠵᠶ᠋ᠠᠷ ᠬᠠᠮᠵᠢᠯᠴᠠᠭᠰᠠᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠲᠠᠢ ᠪᠦᠲᠦᠮᠵᠢᠲᠡᠶ ᠬᠣᠯᠪᠣᠯᠳᠤᠨ ᠬᠥᠳᠡᠯᠦᠯᠴᠡᠭᠰᠡᠨ ᠠᠵᠢᠯ᠎ᠤᠨ ᠪᠠᠢ᠌ᠷᠢᠰᠢᠯ᠎ᠢ ᠪᠣᠶ ᠪᠣᠯᠭ᠋ᠠᠬᠤ ᠵᠢ ᠨᠠᠩ ᠥᠨᠳᠥᠷ ᠲᠠᠰ ᠳᠠᠪᠬᠤᠷᠭ᠎ᠠ᠂ ᠨᠠᠩ ᠶᠡᠬᠡ ᠡᠷᠴᠢᠮ ᠵᠶ᠋ᠡᠷ ᠳᠥᠯᠭᠢᠨ ᠠᠬᠢᠭᠤᠯᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠡᠪᠴᠢᠶᠡᠨ᠎ᠳᠠᠬᠢ《ᠪᠠᠭᠤᠯᠭ᠋ᠠᠬᠤ ᠤᠶᠠᠯᠳᠤᠭᠤᠯᠬᠤ ᠰᠢᠯᠢᠳᠡᠭᠵᠢᠭᠦᠯᠬᠦ》ᠥᠭᠡᠷᠡᠴᠢᠯᠡᠯᠲᠡ ᠵᠢᠨ ᠨᠡᠢ᠌ᠯᠡᠯ ᠬᠦᠴᠦᠨ᠎ᠢ ᠪᠣᠶ ᠪᠣᠯᠭ᠋ᠠᠬᠤ ᠵᠢ ᠳᠥᠯᠭᠢᠨ ᠠᠬᠢᠭᠤᠯᠤᠨ᠎ᠠ ᠃