6 ᠳ᠋ᠤᠭ᠋ᠠᠷ ᠰᠠᠷ᠎ᠠ ᠵᠢᠨ 17-18᠎ᠤ ᠡᠳᠦᠷ ᠪᠣᠯᠲᠠᠯ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠂ ᠴᠢᠩᠬᠤᠸᠠ ᠶᠡᠬᠡ ᠰᠤᠷᠭ᠋ᠠᠭᠤᠯᠢ ᠵᠢᠨ ᠬᠠᠮᠲᠤᠷᠠᠨ ᠡᠷᠬᠢᠯᠡᠭᠰᠡᠨ 《ᠨᠡᠭᠦᠷᠡᠰᠦᠲᠥ᠋ᠷᠥᠭᠴᠢ ᠵᠢᠨ ᠤᠷᠬᠢᠯ ᠲᠤᠯᠬᠤ ᠨᠡᠭᠦᠷᠡᠰᠦᠲᠥ᠋ᠷᠥᠭᠴᠢ ᠰᠠᠭ᠋ᠠᠷᠮᠠᠭᠵᠢᠭᠤᠯᠬᠤ ᠵᠠᠩᠭᠢᠯᠠᠭ᠎ᠠ ᠵᠢᠨ ᠮᠡᠷᠭᠡᠵᠢᠯ᠎ᠤᠨ ᠠᠰᠠᠭᠤᠳᠠᠯ ᠪᠠ ᠢᠨᠵᠧᠨᠧᠷᠢᠩ᠎ᠤᠨ ᠠᠷᠭ᠎ᠠ ᠵᠠᠮ》ᠵᠶ᠋ᠠᠷ ᠭᠣᠤᠯ ᠰᠡᠳᠦᠪ ᠪᠣᠯᠭ᠋ᠠᠭᠰᠠᠨ ᠣᠷᠳᠣ ᠴᠠᠭ᠋ᠠᠨ ᠬᠡᠷᠡᠮ᠎ᠤᠨ ᠢᠨᠵᠧᠨᠧᠷᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠷᠠᠯ 2021 ᠣᠨ᠎ᠤ ᠠᠩᠬᠠᠳᠤᠭ᠋ᠠᠷ ᠤᠳᠠᠭ᠎ᠠ ᠵᠢᠨ ᠭᠣᠤᠯ ᠰᠡᠳᠦᠪᠲᠦ ᠶᠡᠬᠡ ᠬᠤᠷᠠᠯ ᠪᠡᠭᠡᠵᠢᠩ᠎ᠳᠤ ᠶᠠᠪᠤᠭᠳᠠᠪᠠ᠃
ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢ᠌ᠳ ᠯᠢᠦ ᠾᠧ ᠡᠨᠡ ᠤᠳᠠᠭ᠎ᠠ ᠵᠢᠨ ᠬᠤᠷᠠᠯ᠎ᠤᠨ ᠬᠤᠷᠠᠯᠳᠤᠬᠤ ᠵᠢ ᠳᠡᠭᠡᠳᠦ ᠬᠡᠮᠵᠢᠢ᠎ᠡ᠎ᠪᠠᠷ ᠴᠢᠬᠤᠯᠠᠴᠢᠯᠠᠵᠤ᠂ ᠤᠷᠳᠤ ᠴᠠᠭ᠋ᠠᠨ ᠬᠡᠷᠡᠮ᠎ᠤᠨ ᠢᠨᠵᠧᠨᠧᠷᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠷᠠᠯ᠎ᠤᠨ ᠶᠡᠷᠦᠩᠬᠡᠢ ᠱᠦᠵᠢ ᠰᠢ ᠵᠢᠨ ᠫᠢᠩ᠎ᠤᠨ ᠨᠡᠭᠦᠷᠡᠰᠦᠲᠥ᠋ᠷᠥᠭᠴᠢ ᠵᠢᠨ ᠤᠷᠬᠢᠯ ᠲᠤᠯᠬᠤ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠭᠤᠯᠬᠤ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ᠂ ᠤᠳᠤ ᠦᠶ᠎ᠡ ᠵᠢᠨ ᠢᠨᠵᠧᠨᠧᠷᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢ ᠠᠬᠢᠭᠤᠯᠬᠤ ᠳᠤᠮᠳᠠᠬᠢ ᠴᠢᠬᠤᠯᠠ ᠦᠢ᠍ᠯᠡᠳᠦᠯ᠎ᠢ ᠭᠦᠢ᠍ᠴᠡᠳ ᠨᠤᠲᠠᠯᠠᠵᠤ᠂ ᠤᠷᠳᠤ ᠴᠠᠭ᠋ᠠᠨ ᠬᠡᠷᠡᠮ᠎ᠤᠨ ᠢᠨᠵᠧᠨᠧᠷᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠷᠠᠯ᠎ᠤᠨ ᠪᠠᠢ᠌ᠩᠭᠤ ᠵᠢᠨ ᠴᠢᠨᠠᠷᠲᠠᠢ ᠡᠷᠳᠡᠮ ᠰᠢᠨᠵᠢᠯᠡᠭᠡᠨ᠎ᠤ ᠶᠠᠷᠢᠶᠠᠨ᠎ᠤ ᠲᠠᠪᠴᠠᠩ᠎ᠢ ᠤᠯᠠᠮ ᠴᠢᠨᠠᠭᠰᠢᠳᠠ ᠰᠠᠢ᠌ᠲᠤᠷ ᠡᠷᠬᠢᠯᠡᠬᠦ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃ ᠳᠡᠳ᠋ ᠶᠡᠷᠦᠩᠬᠡᠶ ᠰᠠᠢ᠌ᠳ ᠯᠢᠦ ᠾᠧ ᠵᠢᠨ ᠨᠠᠢ᠌ᠳᠠᠯᠭ᠎ᠠ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠤ ᠰᠠᠢ᠌ᠳ ᠸᠠᠩ ᡁᠢ ᠭᠠᠩ ᠬᠤᠷᠠᠯ ᠳᠡᠭᠡᠷ᠎ᠡ ᠴᠣᠬᠣᠯᠠᠪᠤᠷᠢ ᠵᠢᠨ ᠠᠭᠤᠯᠭ᠎ᠠ ᠵᠢ ᠤᠩᠰᠢᠨ ᠨᠡᠢ᠌ᠲᠡᠯᠡᠪᠡ ᠃
ᠸᠠᠩ ᡁᠢ ᠭᠠᠩ ᠴᠢᠬᠤᠯᠠᠴᠢᠯᠠᠭᠰᠠᠨ᠎ᠨᠢ᠂ ᠮᠠᠨ᠎ᠤ ᠤᠯᠤᠰ 2030 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢ ᠤᠷᠬᠢᠯ᠎ᠳᠤ ᠬᠦᠷᠭᠡᠬᠦ᠎ᠪᠠᠷ ᠬᠦᠴᠦᠯᠡᠨ ᠴᠢᠷᠮᠠᠢ᠌ᠬᠤ ᠵᠢ ᠳᠤᠷᠠᠳᠴᠤ᠂ 2060 ᠣᠨ᠎ᠠᠴᠠ ᠡᠮᠦᠨ᠎ᠡ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠵᠢ ᠪᠡᠶᠡᠯᠡᠭᠦᠯᠬᠦ᠎ᠪᠠᠷ ᠬᠦᠴᠦᠯᠡᠨ ᠴᠢᠷᠮᠠᠢ᠌ᠬᠤ ᠪᠣᠯ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠭᠦᠨ ᠰᠡᠳᠬᠢᠵᠦ ᠭᠦᠢ᠍ᠴᠡᠳ ᠪᠣᠳᠣᠯᠬᠢᠯᠠᠵᠤ ᠪᠠᠢ᠌ᠭ᠋ᠠᠳ ᠭᠠᠷᠭ᠋ᠠᠭᠰᠠᠨ ᠴᠢᠬᠤᠯᠠ ᠶᠡᠬᠡ ᠪᠠᠢ᠌ᠯᠳᠤᠬᠤ ᠪᠤᠳᠤᠯᠭ᠎ᠠ ᠵᠢᠨ ᠰᠢᠢ᠍ᠳᠪᠦᠷᠢᠲᠦ ᠪᠤᠳᠤᠯᠭ᠎ᠠ ᠮᠥᠨ᠃ ᠨᠡᠭᠦᠷᠡᠰᠦᠲᠥ᠋ᠷᠥᠭᠴᠢ ᠵᠢᠨ ᠤᠷᠬᠢᠯ ᠲᠤᠯᠬᠤ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠭᠤᠯᠬᠤ ᠪᠣᠯ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯᠤᠨ ᠴᠢᠨᠠᠷ ᠰᠠᠢ᠌ᠲᠠᠢ ᠬᠥᠭᠵᠢᠯᠲᠡ ᠵᠢᠨ ᠵᠠᠢ᠌ᠯᠠᠰᠢ ᠦᠭᠡᠢ ᠰᠣᠩᠭᠣᠯᠲᠠ ᠮᠦᠨ᠂ ᠡᠭᠦᠨ᠎ᠢ ᠪᠡᠶᠡᠯᠡᠭᠦᠯᠬᠦ᠎ᠨᠢ ᠮᠠᠨ᠎ᠤ ᠤᠯᠤᠰ᠎ᠤᠨ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠬᠠᠷᠢᠭᠤᠴᠠᠯᠭ᠎ᠠ ᠡᠭᠦᠷᠭᠡᠯᠡᠯ ᠮᠦᠨ᠃
ᠨᠡᠭᠦᠷᠡᠰᠦᠲᠥ᠋ᠷᠥᠭᠴᠢ ᠵᠢᠨ ᠤᠷᠬᠢᠯ ᠲᠤᠯᠬᠤ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠭᠤᠯᠬᠤ ᠠᠴᠢ ᠬᠣᠯᠪᠣᠭᠳᠠᠯ᠎ᠨᠢ ᠭᠤᠷᠪᠠᠳᠤᠭ᠋ᠠᠷ ᠤᠳᠠᠭ᠋ᠠᠨ᠎ᠤ ᠠᠵᠤ ᠦᠢ᠍ᠯᠡᠳᠪᠦᠷᠢ ᠵᠢᠨ ᠬᠤᠪᠢᠰᠬᠠᠯ᠎ᠠᠴᠠ ᠳᠣᠣᠷ᠎ᠠ ᠦᠭᠡᠢ ᠶᠤᠮ
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠳᠤ᠂ ᠢᠷᠡᠬᠦ 5 ᠵᠢᠯ᠎ᠳᠤ ᠨᠢᠭᠡᠴᠢ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠡᠨᠧᠷᠭᠢ ᠵᠢᠨ ᠬᠣᠷᠣᠭᠳᠠᠯ᠎ᠢ 13 . 5 % ᠪᠠᠭᠤᠷᠠᠭᠤᠯᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ 18 % ᠪᠠᠭᠤᠷᠠᠭᠤᠯᠤᠨ᠎ᠠ ᠭᠡᠵᠦ ᠲᠣᠳᠣᠷᠬᠠᠶ ᠳᠤᠷᠠᠳᠴᠠᠶ᠃ ᠪᠠᠢ᠌ᠳᠠᠯ ᠬᠥᠮᠦᠨ᠎ᠢ ᠰᠢᠬᠠᠮᠳᠠᠭᠤᠯᠵᠤ᠂ ᠡᠭᠦᠷᠭᠡ ᠬᠥᠮᠦᠨ᠎ᠢ ᠰᠢᠬᠠᠮᠳᠠᠭᠤᠯᠵᠤ ᠪᠠᠢ᠌ᠨ᠎ᠠ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠲᠡᠭᠡᠳ᠂ ᠢᠨᠵᠧᠨᠧᠷᠢᠩ᠎ᠤᠨ ᠡᠲᠡᠭᠡᠳ ᠨᠠᠷ ᠬᠡᠷᠬᠢᠨ ᠬᠦᠴᠦ᠎ᠪᠠᠨ ᠲᠥᠪᠯᠡᠷᠡᠭᠦᠯᠦᠨ ᠪᠣᠭᠣᠮᠲᠠ ᠰᠢᠪᠲᠤᠯᠬᠤ ᠪᠤᠢ?
ᠸᠠᠩ ᡁᠢ ᠭᠠᠩ᠂ ᠨᠡᠭᠦᠷᠡᠰᠦᠲᠥ᠋ᠷᠥᠭᠴᠢ ᠵᠢᠨ ᠤᠷᠬᠢᠯ ᠲᠤᠯᠬᠤ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠭᠤᠯᠬᠤ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ᠎ᠠᠴᠠ ᠪᠣᠯᠤᠭᠰᠠᠨ ᠠᠵᠤ ᠠᠬᠤᠶ᠂ ᠨᠡᠢ᠌ᠭᠡᠮ᠂ ᠣᠷᠴᠢᠨ ᠲᠣᠭᠣᠷᠢᠨ᠎ᠤ ᠴᠢᠬᠤᠯᠠ ᠶᠡᠬᠡ ᠬᠤᠪᠢᠷᠠᠯᠲᠠ ᠵᠢ ᠠᠪᠴᠢᠷᠠᠬᠤ ᠪᠣᠯᠤᠨ᠎ᠠ᠂ ᠲᠡᠭᠦᠨ᠎ᠤ ᠠᠴᠢ ᠬᠣᠯᠪᠣᠭᠳᠠᠯ᠎ᠨᠢ ᠭᠤᠷᠪᠠᠳᠤᠭ᠋ᠠᠷ ᠤᠳᠠᠭ᠋ᠠᠨ᠎ᠤ ᠠᠵᠤ ᠦᠢᠯᠡᠳᠪᠦᠷᠢ ᠵᠢᠨ ᠬᠤᠪᠢᠰᠬᠠᠯ᠎ᠠᠴᠠ ᠳᠣᠤᠷ᠎ᠠ ᠥᠬᠡᠶ ᠪᠠᠢ᠌ᠵᠤ᠂ ᠢᠷᠡᠭᠡᠳᠦᠶ ᠵᠢᠨ ᠬᠥᠭᠵᠢᠯᠲᠡ ᠵᠢᠨ ᠳᠠᠪᠠᠭᠤᠯᠢᠭ᠂ ᠦᠷᠭᠦᠯᠵᠢᠯᠡᠬᠦ ᠠᠮᠤᠷ ᠲᠦᠪᠰᠢᠨ ᠪᠠ ᠭᠠᠵᠠᠷ ᠣᠷᠣᠨ᠎ᠤ ᠤᠯᠤᠰ ᠲᠥᠷᠥ ᠠᠵᠤ ᠠᠬᠤᠶ ᠵᠢᠨ ᠪᠠᠢ᠌ᠷᠢᠰᠢᠯ᠎ᠳᠤ ᠬᠣᠯᠪᠣᠭᠳᠠᠬᠤ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠶᠡᠷᠦᠩᠬᠡᠢ᠌ᠯᠡᠭᠰᠡᠨ ᠪᠠᠢ᠌ᠯᠳᠤᠬᠤ ᠪᠣᠳᠣᠯᠭ᠎ᠠ ᠪᠣᠯᠤᠨ᠎ᠠ ᠭᠡᠵᠦ ᠵᠢᠭ᠋ᠠᠨ ᠭᠠᠷᠭ᠋ᠠᠵᠠᠢ᠃
《ᠮᠠᠨ᠎ᠤ ᠤᠯᠤᠰ᠎ᠤᠨ ᠠᠵᠤ ᠠᠬᠤᠶ ᠵᠢᠨ ᠬᠥᠭᠵᠢᠯᠲᠡ ᠬᠢᠭᠡᠳ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ᠎ᠳᠤ ᠮᠥᠨ ᠬᠦ᠌ ᠴᠢᠩᠭ᠎ᠠ ᠡᠪᠴᠡᠯᠳᠦᠯ᠎ᠤᠨ ᠬᠠᠷᠢᠴᠠᠭ᠎ᠠ ᠣᠷᠣᠰᠢᠵᠤ᠂ ᠠᠵᠤ ᠠᠬᠤᠶ ᠨᠡᠢ᠌ᠭᠡᠮ᠎ᠤᠨ ᠦᠷᠭᠦᠯᠵᠢᠯᠡᠬᠦ ᠬᠥᠭᠵᠢᠯᠲᠡ ᠬᠢᠭᠡᠳ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠯ ᠬᠠᠷᠠᠯᠲᠠ ᠵᠢ ᠪᠡᠶᠡᠯᠡᠭᠦᠯᠬᠦ᠎ᠳᠤ ᠡᠷᠬᠡᠪᠰᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠲᠦᠰᠢᠭᠯᠡᠬᠦ ᠬᠡᠷᠡᠭᠲᠡᠶ》᠃ ᠸᠠᠩ ᡁᠢ ᠭᠠᠩ᠎ᠤᠨ ᠦᠵᠡᠬᠦ᠎ᠪᠠᠷ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠤᠯᠭ᠋ᠠᠭᠤᠷᠢᠯᠠᠯ᠎ᠤᠨ ᠰᠢᠰᠲ᠋ᠧᠮ᠎ᠢ ᠲᠦᠷᠭᠡᠳᠬᠡᠨ ᠪᠠᠢ᠌ᠭᠤᠯᠵᠤ᠂ ᠮᠡᠷᠭᠡᠵᠢᠯ᠎ᠤᠨ ᠰᠢᠰᠲ᠋ᠧᠮ᠎ᠤᠨ ᠬᠤᠷᠠᠮᠠᠯ ᠡᠪᠴᠡᠯᠳᠦᠯ ᠬᠢᠭᠡᠳ ᠠᠵᠤ ᠦᠢᠯᠡᠰ᠂ ᠣᠷᠣᠨ ᠪᠦᠰᠡ ᠵᠢᠨ ᠬᠠᠮᠵᠢᠯᠴᠠᠨ ᠰᠢᠯᠢᠳᠡᠭᠵᠢᠭᠦᠯᠬᠦ᠎ᠪᠠᠷ ᠳᠠᠮᠵᠢᠭᠤᠯᠤᠨ᠂ ᠴᠢᠯᠠᠭᠤᠵᠢᠮᠠᠯ ᠪᠤᠰᠤ ᠡᠨᠧᠷᠭᠢ ᠪᠤᠶᠤ ᠳᠠᠬᠢᠨ ᠡᠭᠦᠰᠴᠦ ᠪᠣᠯᠬᠤ ᠡᠬᠢ ᠪᠠᠶᠠᠯᠢᠭ ᠵᠶ᠋ᠠᠷ ᠬᠥᠳᠡᠯᠭᠡᠭᠦᠷ ᠪᠣᠯᠭ᠋ᠠᠭᠰᠠᠨ ᠣᠷᠴᠢᠯ ᠬᠡᠯᠪᠡᠷᠢ ᠵᠢᠨ ᠨᠡᠭᠦᠷᠡᠰᠦᠲᠥ᠋ᠷᠥᠭᠴᠢ ᠥᠬᠡᠶ ᠨᠡᠢ᠌ᠭᠡᠮ᠎ᠤᠨ ᠬᠤᠪᠢᠰᠤᠯᠲᠠ ᠵᠢᠨ ᠴᠢᠨᠠᠷᠲᠠᠶ ᠳᠠᠬᠢᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠪᠡᠶᠡᠯᠡᠭᠦᠯᠬᠦ ᠬᠡᠷᠡᠭᠲᠡᠶ᠃
《ᠨᠡᠭᠦᠷᠡᠰᠦᠲᠥ᠋ᠷᠥᠭᠴᠢ ᠵᠢᠨ ᠤᠷᠬᠢᠯ ᠲᠤᠯᠬᠤ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠭᠤᠯᠬᠤ ᠪᠣᠯ ᠰᠢᠨ᠎ᠡ ᠮᠡᠷᠭᠡᠵᠢᠯ᠂ ᠰᠢᠨ᠎ᠡ ᠵᠠᠬ᠎ᠠ ᠳᠡᠯᠭᠡᠭᠦᠷ᠎ᠤᠨ ᠲᠤᠬᠠᠢ ᠤᠷᠤᠯᠳᠤᠭ᠋ᠠᠨ ᠪᠣᠯᠤᠨ᠎ᠠ᠂ ᠳᠤᠮᠳᠠᠳᠤ ᠤᠯᠤᠰ᠎ᠤᠨ ᠠᠩᠬᠠᠳᠠᠭᠴᠢ ᠵᠢᠩᠬᠢᠨᠢ ᠤᠳᠬ᠎ᠠ ᠠᠭᠤᠯᠭ᠎ᠠ᠎ᠠᠴᠠ ᠬᠤᠪᠢᠰᠤᠯᠲᠠ ᠵᠢᠨ ᠳᠤᠮᠳᠠ ᠬᠥᠭᠵᠢᠭᠰᠡᠨ ᠤᠯᠤᠰ᠎ᠲᠠᠢ ᠨᠢᠭᠡ ᠯᠡ ᠲᠠᠯᠠᠪᠤᠷ᠎ᠲᠤ ᠤᠷᠤᠯᠳᠤᠬᠤ ᠶᠠᠪᠤᠳᠠᠯ ᠪᠣᠯᠤᠨ᠎ᠠ》᠃ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠳᠠᠷᠤᠭ᠎ᠠ ᠯᠢ ᠰᠢᠶᠤᠤ ᠬᠣᠩ ᠬᠡᠯᠡᠬᠦ᠎ᠳᠡᠭᠡᠨ᠂ ᠣᠳᠣᠬᠢ ᠪᠠᠢ᠌ᠳᠠᠯ᠎ᠳᠠᠭᠠᠨ ᠰᠠᠭᠤᠷᠢᠯᠠᠵᠦ᠂ ᠰᠢᠨ᠎ᠡ ᠬᠤᠪᠢᠰᠤᠯᠲᠠ᠎ᠨᠢ ᠡᠷᠬᠡᠪᠰᠢ ᠲᠡᠭᠦᠨ᠎ᠯᠦᠭᠡ ᠢᠵᠢ ᠪᠦᠷᠢᠳᠦᠭᠰᠡᠨ ᠲᠦᠷᠦ ᠵᠢᠨ ᠪᠤᠳᠤᠯᠭ᠎ᠠ ᠪᠠ ᠣᠷᠴᠢᠨ ᠨᠥᠬᠥᠴᠡᠯ᠎ᠢ ᠪᠤᠢ ᠪᠣᠯᠭ᠋ᠠᠵᠤ᠂ ᠡᠷᠬᠡᠪᠰᠢ ᠬᠥᠭᠵᠢᠯᠲᠡ ᠵᠢᠨ ᠣᠢ᠌ᠯᠠᠭ᠋ᠠᠭᠳᠠᠬᠤᠨ ᠵᠶ᠋ᠠᠨ ᠰᠢᠨᠡᠴᠢᠯᠡᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠠᠰᠠᠯᠲᠠ ᠵᠢ ᠶᠡᠬᠡ᠎ᠪᠠᠷ ᠠᠬᠢᠭᠤᠯᠬᠤ ᠬᠡᠷᠡᠭᠲᠡᠢ ᠃
ᠯᠢ ᠰᠢᠶᠤᠤ ᠬᠣᠩ᠎ᠤᠨ ᠦᠵᠡᠬᠦ᠎ᠪᠠᠷ᠂ ᠣᠳᠣᠬᠠᠨ᠎ᠤ ᠪᠠᠢ᠌ᠳᠠᠯ᠎ᠳᠤ ᠰᠠᠭᠤᠷᠢᠯᠠᠨ᠂ ᠰᠢᠨ᠎ᠡ ᠬᠤᠪᠢᠰᠤᠯᠲᠠ᠎ᠨᠢ ᠡᠷᠬᠡᠪᠰᠢ ᠲᠡᠭᠦᠨ᠎ᠯᠦᠭᠡ ᠢᠵᠢ ᠪᠥᠷᠢᠳᠦᠭᠰᠡᠨ ᠲᠥᠷᠥ ᠵᠢᠨ ᠪᠣᠳᠣᠯᠭ᠎ᠠ ᠪᠠ ᠣᠷᠴᠢᠨ ᠨᠥᠬᠥᠴᠡᠯ᠎ᠢ ᠪᠣᠶ ᠪᠣᠯᠭ᠋ᠠᠬᠤ ᠬᠡᠷᠡᠭᠲᠡᠶ᠂ ᠡᠷᠬᠡᠪᠰᠢ ᠬᠥᠭᠵᠢᠯᠲᠡ ᠵᠢᠨ ᠣᠢ᠌ᠯᠠᠭ᠋ᠠᠭᠳᠠᠬᠤᠨ᠎ᠤ ᠰᠢᠨ᠎ᠡ ᠵᠢ ᠡᠭᠦᠳᠴᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠠᠰᠠᠯᠲᠠ ᠵᠢ ᠶᠡᠬᠡ᠎ᠪᠠᠷ ᠠᠬᠢᠭᠤᠯᠬᠤ ᠬᠡᠷᠡᠭᠲᠡᠶ᠃ ᠨᠡᠭᠦᠷᠡᠰᠦᠲᠥ᠋ᠷᠥᠭᠴᠢ ᠵᠢᠨ ᠤᠷᠬᠢᠯ ᠲᠤᠯᠬᠤ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠭᠤᠯᠬᠤ ᠪᠣᠯ ᠨᠢᠭᠡᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠬᠥᠭᠵᠢᠯᠲᠡ ᠪᠣᠯᠤᠨ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ᠎ᠳᠤ ᠬᠣᠯᠪᠣᠭᠳᠠᠨ᠎ᠠ ᠃ ᠲᠦᠷᠦ ᠵᠢᠨ ᠪᠤᠳᠤᠯᠭ᠎ᠠ᠂ ᠬᠠᠤᠯᠢ ᠴᠠᠭ᠋ᠠᠵᠠ᠂ ᠠᠵᠤ ᠠᠬᠤᠢ᠂ ᠵᠠᠰᠠᠭ ᠵᠠᠬᠢᠷᠭ᠎ᠠ᠂ ᠤᠬᠠᠭᠤᠯᠭ᠎ᠠ ᠵᠡᠷᠭᠡ ᠠᠷᠭ᠎ᠠ ᠪᠠᠷᠢᠯ᠎ᠢ ᠶᠡᠷᠦᠩᠬᠡᠢ᠌ᠯᠡᠨ ᠠᠰᠢᠭᠯᠠᠵᠤ᠂ ᠡᠨᠡ ᠬᠦ᠌ ᠬᠠᠷᠠᠯᠲᠠ ᠵᠢ ᠪᠡᠶᠡᠯᠡᠭᠦᠯᠬᠦ᠎ᠳᠤ ᠳᠣᠲᠣᠭ᠋ᠠᠳᠤ ᠭᠠᠳᠠᠭ᠋ᠠᠳᠤ ᠵᠢᠨ ᠰᠠᠢ᠍ᠢ᠍ᠨ ᠰᠠᠢ᠌ᠬᠠᠨ ᠣᠷᠴᠢᠨ ᠨᠥᠬᠥᠴᠡᠯ᠎ᠢ ᠪᠤᠢ ᠪᠣᠯᠭ᠋ᠠᠬᠤ ᠬᠡᠷᠡᠭᠲᠡᠢ ᠃
《ᠨᠢᠭᠡ ᠯᠡ ᠵᠢᠱ᠌ᠢᠭ᠎ᠲᠤ ᠣᠷᠤᠭᠤᠯᠬᠤ》ᠪᠠ ᠪᠦᠲᠦᠮᠵᠢ ᠦᠭᠡᠢ ᠪᠡᠯᠡ ᠣᠷᠣᠭᠤᠯᠤᠯᠲᠠ ᠵᠢ ᠰᠡᠷᠭᠡᠢ᠌ᠯᠡᠬᠦ ᠬᠡᠷᠡᠭᠲᠡᠶ
ᠴᠢᠩᠬᠤᠸᠠ ᠶᠡᠬᠡ ᠰᠤᠷᠭ᠋ᠠᠭᠤᠯᠢ ᠵᠢᠨ ᠵᠠᠬᠢᠷᠤᠯ ᠴᠢᠦ ᠶᠦᠩ᠂ ᠲᠤᠰ ᠤᠳᠠᠭ᠎ᠠ ᠵᠢᠨ ᠶᠡᠬᠡ ᠬᠤᠷᠠᠯ《ᠬᠣᠣᠰ ᠨᠡᠭᠦᠷᠡᠰᠦᠲᠥ᠋ᠷᠥᠭᠴᠢ》 ᠵᠢᠨ ᠬᠠᠷᠠᠯᠲᠠ᠎ᠳᠤ ᠠᠩᠬᠠᠷᠤᠯ ᠵᠶ᠋ᠠᠨ ᠲᠦᠪᠯᠡᠷᠡᠭᠦᠯᠦᠭᠰᠡᠨ᠎ᠨᠢ᠂ ᠢᠨᠵᠧᠨᠧᠷᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠳᠠᠨ᠎ᠤ ᠤᠶᠤᠨ ᠤᠬᠠᠭ᠋ᠠᠨ᠎ᠢ ᠭᠦᠢ᠍ᠴᠡᠳ ᠪᠠᠳᠠᠷᠠᠭᠤᠯᠵᠤ᠂ ᠢᠨᠵᠧᠨᠧᠷᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ ᠵᠶ᠋ᠡᠷ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠤ᠂ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠤᠳᠤᠯᠭ᠎ᠠ ᠵᠢᠨ ᠪᠠᠢ᠌ᠷᠢᠯᠠᠭᠤᠯᠤᠯᠲᠠ ᠪᠣᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ ᠃
《ᠬᠣᠣᠰ ᠨᠡᠭᠦᠷᠡᠰᠦᠲᠥ᠋ᠷᠥᠭᠴᠢ ᠵᠢᠨ ᠬᠠᠷᠠᠯᠲᠠ ᠪᠣᠯ ᠡᠨᠧᠷᠭᠢ ᠵᠢᠨ ᠬᠤᠪᠢᠰᠬᠠᠯ᠎ᠤᠨ ᠬᠣᠶᠠᠷ ᠪᠡᠯᠭᠡ ᠲᠡᠮᠳᠡᠭ ᠮᠥᠨ᠂ ᠡᠨᠧᠷᠭᠢ ᠠᠷᠪᠢᠯᠠᠬᠤ ᠪᠠ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ ᠵᠢ ᠶᠡᠬᠡ᠎ᠪᠠᠷ ᠠᠬᠢᠭᠤᠯᠬᠤ ᠵᠢᠨ ᠬᠠᠮᠲᠤ ᠴᠢᠯᠠᠭᠤᠵᠢᠮᠠᠯ ᠪᠤᠰᠤ ᠡᠨᠧᠷᠭᠢ ᠵᠢ ᠶᠡᠬᠡ᠎ᠪᠠᠷ ᠬᠥᠭᠵᠢᠭᠦᠯᠵᠦ᠂ ᠴᠢᠯᠠᠭᠤᠵᠢᠮᠠᠯ ᠡᠨᠧᠷᠭᠢ ᠵᠢ ᠲᠣᠭᠲᠠᠭᠤᠨ ᠵᠶ᠋ᠠᠷ ᠪᠠᠭ᠋ᠠᠰᠬᠠᠵᠤ᠂ ᠴᠢᠯᠠᠭᠤᠵᠢᠮᠠᠯ ᠪᠤᠰᠤ ᠡᠨᠧᠷᠭᠢ᠎ᠪᠠᠷ ᠭᠣᠣᠯ ᠴᠣᠭᠴᠠ ᠪᠣᠯᠭ᠋ᠠᠭᠰᠠᠨ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠢ ᠪᠠᠢ᠌ᠭᠤᠯᠤᠨ᠎ᠠ᠃》 ᠭᠡᠵᠦ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ᠂ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠲᠤᠰᠬᠠᠶ ᠮᠡᠷᠭᠡᠵᠢᠯᠲᠡᠨ᠎ᠤ ᠵᠥᠪᠯᠡᠯ᠎ᠤᠨ ᠨᠡᠷ᠎ᠡ ᠬᠦᠨᠳᠦᠲᠦ ᠡᠷᠬᠢᠯᠡᠭᠴᠢ ᠳ᠋ᠦ᠋ ᠰᠢᠶᠠᠩ ᠸᠠᠨ ᠬᠡᠯᠡᠪᠡ ᠃
《ᠴᠢᠯᠠᠭᠤᠵᠢᠮᠠᠯ ᠡᠨᠧᠷᠭᠢ ᠵᠢᠨ ᠮᠡᠷᠭᠡᠵᠢᠯ᠎ᠤᠨ ᠰᠢᠰᠲ᠋ᠧᠮ ᠦᠨᠳᠦᠰᠦᠨ᠎ᠳᠡᠭᠡᠨ ᠥᠷᠥᠨᠡᠳᠠᠬᠢᠨ᠎ᠤ ᠠᠵᠤ ᠦᠢᠯᠡᠳᠪᠦᠷᠢᠵᠢᠯᠲᠡ ᠵᠢᠨ ᠤᠯᠤᠰ ᠬᠥᠲᠥᠯᠥᠨ ᠳᠠᠭ᠋ᠠᠭᠤᠯᠤᠭᠰᠠᠨ ᠪᠥᠭᠡᠳ ᠴᠥᠭᠡᠨ ᠲᠣᠭ᠋ᠠᠨ᠎ᠤ ᠤᠯᠤᠰ ᠪᠠ ᠲᠣᠮᠣ ᠺᠣᠮᠫᠠᠨᠢ᠎ᠳᠤ ᠲᠥᠪᠯᠡᠷᠡᠵᠦ ᠪᠠᠢ᠌ᠨ᠎ᠠ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠨᠧᠷᠭᠢ ᠵᠢᠨ ᠰᠤᠷᠪᠤᠯᠵᠢ ᠵᠢᠨ ᠰᠢᠰᠲ᠋ᠧᠮ᠎ᠨᠢ ᠪᠥᠬᠥ ᠳᠡᠯᠡᠬᠡᠶ᠎ᠳᠤ ᠴᠥᠮ ᠥᠷᠢᠰᠥᠯᠳᠦᠭᠡᠨ ᠪᠠ ᠠᠵᠠ ᠲᠣᠬᠢᠶᠠᠯ ᠪᠣᠯᠬᠤ ᠶᠤᠮ》᠃ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠬᠣᠷᠢᠶᠠᠨ᠎ᠤ ᠡᠨᠧᠷᠭᠢ ᠵᠢᠨ ᠰᠤᠷᠪᠤᠯᠵᠢ ᠰᠤᠳᠤᠯᠬᠤ ᠭᠠᠵᠠᠷ᠎ᠤᠨ ᠤᠤᠯ᠎ᠤᠨ ᠳᠠᠷᠤᠭ᠎ᠠ ᠵᠧᠦ ᠳ᠋ᠡ ᠳ᠋ᠢ ᠰᠤᠳᠤᠯᠤᠭᠴᠢ ᠵᠢᠭ᠋ᠠᠵᠤ ᠭᠠᠷᠭ᠋ᠠᠭᠰᠠᠨ᠎ᠨᠢ᠂ ᠳᠠᠷᠠᠭ᠋ᠠᠴᠢ ᠵᠢᠨ ᠨᠢᠭᠡ ᠦᠶ᠎ᠡ ᠵᠢᠨ ᠡᠨᠧᠷᠭᠢ ᠵᠢᠨ ᠰᠤᠷᠪᠤᠯᠵᠢ ᠵᠢᠨ ᠰᠢᠰᠲ᠋ᠧᠮ᠎ᠨᠢ ᠴᠢᠯᠠᠭᠤᠵᠢᠮᠠᠯ ᠪᠤᠰᠤ ᠡᠨᠧᠷᠭᠢ ᠵᠢᠨ ᠰᠤᠷᠪᠤᠯᠵᠢ᠂ ᠳᠠᠬᠢᠯᠲᠠ ᠡᠨᠧᠷᠭᠢ ᠵᠢᠨ ᠰᠤᠷᠪᠤᠯᠵᠢ᠎ᠪᠠᠷ ᠭᠣᠣᠯ ᠪᠣᠯᠭ᠋ᠠᠵᠤ᠂ ᠡᠬᠢ ᠪᠠᠶᠠᠯᠢᠭ᠎ᠤᠨ ᠴᠢᠬᠤᠯᠠ ᠴᠢᠨᠠᠷ᠎ᠢ ᠤᠯᠠᠮ ᠨᠢᠭᠡ ᠠᠯᠬᠤᠮ ᠳᠣᠷᠣᠭᠰᠢᠯᠠᠭᠤᠯᠵᠤ᠂ ᠡᠬᠢ ᠪᠠᠶᠠᠯᠢᠭ᠎ᠢ ᠠᠰᠢᠭᠯᠠᠬᠤ ᠴᠢᠳᠠᠪᠤᠷᠢ ᠪᠠ ᠮᠡᠷᠭᠡᠵᠢᠯ᠎ᠨᠢ ᠲᠣᠪᠣᠢ᠌ᠮ᠎ᠠ ᠪᠤᠯᠤᠨ᠎ᠠ᠃
《ᠬᠣᠣᠰ ᠨᠡᠭᠦᠷᠡᠰᠦᠲᠥ᠋ᠷᠥᠭᠴᠢ》ᠵᠢᠨ ᠬᠠᠷᠠᠯᠲᠠ ᠵᠢ ᠪᠡᠶᠡᠯᠡᠭᠦᠯᠬᠦ᠎ᠳᠤ ᠮᠠᠨ᠎ᠤ ᠤᠯᠤᠰ᠎ᠤᠨ ᠡᠨᠧᠷᠭᠢ ᠵᠢᠨ ᠰᠤᠷᠪᠤᠯᠵᠢ ᠡᠬᠢ ᠪᠠᠶᠠᠯᠢᠭ᠎ᠤᠨ ᠲᠥᠷᠥᠯᠬᠢ ᠠᠪᠢᠶᠠᠰ᠎ᠢ ᠳᠠᠬᠢᠨ ᠲᠠᠨᠢᠬᠤ ᠶᠠᠪᠤᠳᠠᠯ ᠲᠤᠯᠭ᠋ᠠᠮ᠎ᠠ ᠱᠠᠭ᠋ᠠᠷᠳᠠᠭᠳᠠᠵᠤ ᠪᠠᠢ᠌ᠨ᠎ᠠ ᠃ 《ᠵᠥᠪᠬᠡᠨ 〈ᠨᠡᠭᠦᠷᠡᠰᠦ ᠡᠯᠪᠡᠭ〉᠂ 〈ᠲᠤᠰᠤ ᠳᠤᠲᠠᠭᠳᠠᠬᠤ〉᠂ 〈ᠬᠡᠢ ᠳᠤᠲᠠᠭᠳᠠᠬᠤ〉 ᠵᠢ ᠶᠠᠷᠢᠭ᠋ᠠᠳ᠂ ᠮᠠᠨ᠎ᠤ ᠤᠯᠤᠰ᠎ᠤᠨ ᠡᠨᠧᠷᠭᠢ ᠵᠢᠨ ᠰᠤᠷᠪᠤᠯᠵᠢ ᠡᠬᠢ ᠪᠠᠶᠠᠯᠢᠭ᠎ᠤᠨ ᠣᠨᠴᠠᠯᠢᠭ᠎ᠢ ᠣᠨᠣᠪᠴᠢᠲᠠᠢ ᠳᠦᠷᠰᠦᠯᠡᠵᠦ ᠴᠢᠳᠠᠬᠤ ᠦᠭᠡᠢ᠂ ᠡᠨᠡ ᠪᠣᠯ ᠮᠠᠨ᠎ᠤ ᠤᠯᠤᠰ᠎ᠤᠨ ᠡᠨᠧᠷᠭᠢ ᠵᠢᠨ ᠰᠤᠷᠪᠤᠯᠵᠢ ᠵᠢᠨ ᠲᠦᠷᠦ ᠵᠢᠨ ᠪᠤᠳᠤᠯᠭ᠎ᠠ᠂ ᠡᠨᠧᠷᠭᠢ ᠵᠢᠨ ᠰᠤᠷᠪᠤᠯᠵᠢ ᠵᠢᠨ ᠪᠠᠢ᠌ᠯᠳᠤᠬᠤ ᠪᠤᠳᠤᠯᠭ᠎ᠠ ᠵᠢ ᠨᠥᠯᠥᠭᠡᠯᠡᠬᠦ ᠴᠢᠬᠤᠯᠠ ᠶᠡᠬᠡ ᠠᠰᠠᠭᠤᠳᠠᠯ ᠮᠥᠨ》᠃ ᠳ᠋ᠦ᠋ ᠰᠢᠶᠠᠩ ᠸᠠᠨ᠂ ᠮᠠᠨ᠎ᠤ ᠤᠯᠤᠰ᠎ᠤᠨ ᠨᠢᠭᠡᠨᠲᠡ ᠨᠡᠭᠡᠭᠡᠨ ᠠᠰᠢᠭᠯᠠᠭᠰᠠᠨ ᠳᠠᠬᠢᠨ ᠡᠭᠦᠰᠴᠦ ᠪᠣᠯᠬᠤ ᠡᠨᠧᠷᠭᠢ᠎ᠨᠢ ᠮᠡᠷᠭᠡᠵᠢᠯ᠎ᠤᠨ ᠨᠡᠭᠡᠭᠡᠨ ᠬᠥᠭᠵᠢᠭᠦᠯᠵᠦ ᠪᠣᠯᠬᠤ ᠡᠬᠢ ᠪᠠᠶᠠᠯᠢᠭ᠎ᠤᠨ ᠬᠡᠮᠵᠢᠶ᠎ᠡ ᠵᠢᠨ 1 / 10᠎ᠳᠤ ᠬᠥᠷᠬᠥ ᠥᠬᠡᠶ᠂ ᠡᠨᠧᠷᠭᠢ ᠵᠢᠨ ᠳᠣᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ᠎ᠪᠠᠨ ᠬᠤᠪᠢᠷᠠᠭᠤᠯᠬᠤ ᠡᠬᠢ ᠪᠠᠶᠠᠯᠢᠭ᠎ᠤᠨ ᠰᠠᠭᠤᠷᠢᠨ᠎ᠢ ᠡᠯᠪᠡᠭ ᠪᠠᠶᠠᠯᠢᠭ ᠪᠠᠢ᠌ᠨ᠎ᠠ ᠭᠡᠵᠦ ᠰᠠᠨᠠᠭᠤᠯᠪᠠ᠃
ᠨᠡᠭᠦᠷᠡᠰᠦᠲᠥ᠋ᠷᠥᠭᠴᠢ ᠵᠢᠨ ᠤᠷᠬᠢᠯ ᠲᠤᠯᠬᠤ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠭᠤᠯᠬᠤ ᠲᠤᠬᠠᠶ ᠠᠩᠬ᠎ᠠ ᠠᠯᠬᠤᠮ᠎ᠤᠨ ᠰᠤᠳᠤᠯᠭ᠋ᠠᠨ᠎ᠤ ᠦᠵᠡᠬᠦ᠎ᠪᠠᠷ᠂ ᠠᠵᠤ ᠦᠢᠯᠡᠳᠪᠦᠷᠢ᠂ ᠴᠠᠬᠢᠯᠭ᠋ᠠᠨ ᠬᠦᠴᠦᠨ᠂ ᠵᠠᠮ ᠬᠠᠷᠢᠯᠴᠠᠭ᠎ᠠ᠂ ᠪᠠᠷᠢᠯᠭ᠎ᠠ ᠵᠡᠷᠭᠡ ᠬᠦᠷᠢᠶ᠎ᠡ᠎ᠨᠢ 2030 ᠣᠨ᠎ᠠᠴᠠ ᠡᠮᠦᠨ᠎ᠡ ᠵᠠᠯᠭ᠋ᠠᠭ᠎ᠠ᠎ᠪᠠᠷ ᠣᠷᠭᠢᠯ᠎ᠳᠤ ᠬᠦᠷᠴᠦ᠂ ᠡᠨᠧᠷᠭᠢ ᠵᠢᠨ ᠰᠤᠷᠪᠤᠯᠵᠢ ᠵᠢᠨ ᠠᠵᠢᠯᠯᠠᠭ᠋ᠠᠨ᠎ᠤ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ᠎ᠨᠢ 2027 ᠣᠨ᠎ᠤ ᠤᠷᠢᠳ ᠬᠣᠵᠢᠳ ᠣᠷᠭᠢᠯ᠎ᠳᠤ ᠬᠦᠷᠴᠦ᠂ ᠣᠷᠭᠢᠯ᠎ᠤᠨ ᠬᠡᠮᠵᠢᠶ᠎ᠡ᠎ᠨᠢ 2020 ᠣᠨ᠎ᠤ᠎ᠬᠢ᠎ᠠᠴᠠ ᠪᠠᠷᠤᠭ 5 - 7 ᠳ᠋ᠦᠩᠰᠢᠭᠤᠷ ᠲᠣᠨ ᠨᠡᠮᠡᠭᠳᠡᠬᠦ ᠪᠣᠯᠤᠨ᠎ᠠ ᠃
《ᠨᠡᠭᠦᠷᠡᠰᠦᠲᠥ᠋ᠷᠥᠭᠴᠢ ᠵᠢ ᠤᠷᠬᠢᠯ᠎ᠳᠤ ᠬᠦᠷᠭᠡᠬᠦ ᠵᠢ ᠪᠡᠶᠡᠯᠡᠭᠦᠯᠬᠦ ᠶᠠᠪᠤᠴᠠ᠎ᠳᠤ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠪᠡᠶᠡᠯᠡᠭᠦᠯᠬᠦ ᠦᠵᠦ ᠲᠥᠯᠥᠪᠯᠡᠭᠡ ᠪᠣᠯᠤᠨ ᠱᠤᠭᠤᠮ᠎ᠤᠨ ᠵᠢᠷᠤᠭ᠎ᠢ ᠠᠯᠢ ᠴᠢᠳᠠᠬᠤ᠎ᠪᠠᠷ ᠰᠠᠢ᠌ᠲᠤᠷ ᠬᠢᠬᠦ ᠬᠡᠷᠡᠭᠲᠡᠢ》᠃ ᠳ᠋ᠦ᠋ ᠰᠢᠶᠠᠩ ᠸᠠᠨ᠂《ᠬᠣᠣᠰ ᠨᠡᠭᠦᠷᠡᠰᠦᠲᠥ᠋ᠷᠥᠭᠴᠢ ᠵᠢᠨ ᠬᠠᠷᠠᠯᠲᠠ ᠵᠢ ᠪᠡᠶᠡᠯᠡᠭᠦᠯᠬᠦ ᠪᠣᠯ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠰᠢᠨᠵᠢᠯᠡᠬᠦ ᠤᠬᠠᠭ᠋ᠠᠨᠴᠢ ᠬᠡᠯᠪᠡᠷᠢ᠎ᠪᠠᠨ ᠬᠤᠪᠢᠷᠠᠭᠤᠯᠬᠤ ᠶᠠᠪᠤᠴᠠ ᠮᠥᠨ᠂ ᠲᠦᠷᠦ ᠵᠢᠨ ᠪᠤᠳᠤᠯᠭ᠎ᠠ ᠵᠢᠨ ᠴᠢᠨᠠᠷ ᠵᠶ᠋ᠠᠷ ᠮᠠᠰᠢ ᠴᠢᠩᠭ᠎ᠠ᠂ ᠬᠦᠭ ᠠᠢ᠌ᠵᠠᠮ᠎ᠢ ᠰᠠᠢ᠌ᠲᠤᠷ ᠡᠵᠡᠮᠳᠡᠵᠦ᠂ ᠢᠳᠡᠪᠬᠢᠲᠡᠢ ᠪᠥᠭᠡᠳ ᠯᠠᠪᠳᠠᠭᠤᠨ ᠪᠠᠢ᠌ᠬᠤ ᠬᠡᠷᠡᠭᠲᠡᠢ᠂ ᠨᠢᠭᠡ ᠯᠡ ᠠᠳᠠᠯᠢ᠎ᠪᠠᠷ ᠳᠥᠭᠥᠮᠴᠢᠯᠡᠬᠦ ᠵᠢ ᠰᠡᠷᠭᠡᠢ᠌ᠯᠡᠬᠦ᠎ᠪᠠᠷ ᠪᠠᠷᠠᠬᠤ ᠦᠭᠡᠢ ᠪᠠᠰᠠ ᠬᠡᠯᠪᠡᠷᠢ᠎ᠪᠠᠨ ᠬᠤᠪᠢᠷᠠᠭᠤᠯᠬᠤ᠎ᠨᠢ ᠬᠦᠴᠦᠨ ᠦᠭᠡᠢ᠎ᠠᠴᠠ ᠪᠤᠯᠵᠤ ᠬᠣᠴᠣᠷᠤᠩᠭᠤᠢ ᠪᠠ ᠪᠦᠲᠦᠮᠵᠢ ᠦᠭᠡᠢ ᠪᠡᠯᠡ ᠣᠷᠣᠭᠤᠯᠤᠯᠲᠠ ᠠᠪᠴᠢᠷᠠᠬᠤ ᠵᠢ ᠰᠡᠷᠭᠡᠢ᠌ᠯᠡᠬᠦ ᠬᠡᠷᠡᠭᠲᠡᠢ᠃》 ᠭᠡᠵᠦ ᠤᠷᠢᠶᠠᠯᠠᠪᠠ ᠃
ᠡᠨᠧᠷᠭᠢ ᠵᠢᠨ ᠰᠢᠨ᠎ᠡ ᠮᠡᠷᠭᠡᠵᠢᠯ᠎ᠢ ᠬᠡᠷᠡᠭᠯᠡᠭᠰᠡᠨ ᠠᠮᠢᠳᠤᠯᠢᠭ ᠦᠢ᠍ᠯᠡᠳᠦᠯᠭᠡ
ᠵᠧᠦ ᠳ᠋ᠡ ᠳ᠋ᠢ᠂《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠴᠢᠯᠠᠭᠤᠵᠢᠮᠠᠯ ᠡᠨᠧᠷᠭᠢ ᠵᠢᠨ ᠬᠡᠷᠡᠭᠯᠡᠭᠡᠨ᠎ᠤ ᠨᠡᠮᠡᠭᠳᠡᠯ᠎ᠤᠨ ᠬᠤᠷᠳᠤᠴᠠ ᠪᠣᠯᠤᠨ ᠨᠡᠮᠡᠭᠳᠡᠯ᠎ᠤᠨ ᠬᠡᠮᠵᠢᠶ᠎ᠡ ᠵᠢ ᠵᠢᠯ ᠳᠠᠷᠠᠭ᠋ᠠᠯᠠᠨ ᠪᠠᠭᠤᠷᠠᠭᠤᠯᠪᠠᠯ ᠰᠠᠶᠢ 2030 ᠣᠨ᠎ᠠᠴᠠ ᠡᠮᠦᠨ᠎ᠡ ᠤᠷᠬᠢᠯ᠎ᠳᠤ ᠬᠦᠷᠭᠡᠵᠦ ᠴᠢᠳᠠᠨ᠎ᠠ᠃ ᠣᠳᠣᠬᠠᠨ᠎ᠤ ᠪᠠᠴᠢᠮ ᠡᠭᠦᠷᠭᠡ ᠪᠣᠯ ᠡᠨᠧᠷᠭᠢ ᠠᠷᠪᠢᠯᠠᠵᠤ ᠬᠣᠷᠣᠭᠳᠠᠯ᠎ᠢ ᠪᠠᠭ᠋ᠠᠰᠬᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠴᠢᠯᠠᠭᠤᠵᠢᠮᠠᠯ ᠪᠤᠰᠤ ᠡᠨᠧᠷᠭᠢ ᠵᠢᠨ ᠰᠤᠷᠪᠤᠯᠵᠢ ᠵᠢᠨ ᠬᠥᠭᠵᠢᠯᠲᠡ ᠵᠢᠨ ᠬᠤᠷᠳᠤᠴᠠ ᠵᠢ ᠲᠦᠷᠭᠡᠳᠬᠡᠨ᠂ ᠰᠢᠨ᠎ᠡ᠎ᠪᠠᠷ ᠨᠡᠮᠡᠭᠳᠡᠭᠰᠡᠨ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡ ᠵᠢ ᠭᠣᠣᠯᠳᠠᠭᠤ ᠴᠢᠯᠠᠭᠤᠵᠢᠮᠠᠯ ᠪᠤᠰᠤ ᠡᠨᠧᠷᠭᠢ ᠵᠢᠨ ᠰᠤᠷᠪᠤᠯᠵᠢ᠎ᠠᠴᠠ ᠬᠠᠩᠭ᠋ᠠᠬᠤ ᠪᠤᠶᠤ ᠪᠦᠬᠦᠨ᠎ᠢ ᠬᠠᠩᠭ᠋ᠠᠬᠤ ᠶᠠᠪᠤᠳᠠᠯ ᠪᠣᠯᠤᠨ᠎ᠠ》᠃
《ᠡᠨᠧᠷᠭᠢ ᠠᠷᠪᠢᠯᠠᠬᠤ ᠦᠷ᠎ᠡ ᠪᠦᠲᠦᠮᠵᠢ᠎ᠲᠠᠢ ᠮᠥᠷᠲᠡᠭᠡᠨ ᠪᠠᠰᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠪᠠᠨ ᠬᠤᠪᠢᠷᠠᠭᠤᠯᠬᠤ ᠬᠥᠭᠵᠢᠯᠲᠡ ᠵᠢᠨ ᠴᠢᠭᠯᠡᠯ᠎ᠳᠤ ᠨᠡᠢ᠌ᠴᠡᠬᠦ ᠡᠨᠧᠷᠭᠢ ᠬᠡᠷᠡᠭᠯᠡᠬᠦ ᠰᠢᠨ᠎ᠡ ᠮᠡᠷᠭᠡᠵᠢᠯ᠎ᠢ ᠲᠦᠷᠭᠡᠳᠬᠡᠨ ᠬᠥᠭᠵᠢᠭᠦᠯᠦᠨ᠎ᠡ》᠃ ᠵᠧᠦ ᠳ᠋ᠡ ᠳ᠋ᠢ᠂ ᠴᠠᠬᠢᠯᠭ᠋ᠠᠨ ᠬᠥᠳᠡᠯᠭᠡᠭᠦᠷᠲᠦ ᠮᠠᠰᠢᠨ ᠲᠡᠷᠭᠡ᠎ᠪᠠᠷ ᠵᠢᠱ᠌ᠢᠶᠡᠯᠡᠵᠦ ᠬᠡᠯᠡᠪᠡᠯ᠂ ᠬᠡᠳᠦᠢ᠌ᠪᠡᠷ ᠴᠢᠯᠠᠭᠤᠵᠢᠮᠠᠯ ᠡᠨᠧᠷᠭᠢ ᠵᠢᠨ ᠰᠤᠷᠪᠤᠯᠵᠢ᠎ᠪᠠᠷ ᠴᠠᠬᠢᠯᠭ᠋ᠠᠨ ᠭᠠᠷᠭ᠋ᠠᠭᠰᠠᠨ ᠴᠤ᠌᠂ ᠲᠡᠭᠦᠨ᠎ᠤ ᠵᠠᠭᠤᠨ ᠺᠢᠯᠣᠮᠧᠲᠷ᠎ᠤᠨ ᠡᠨᠧᠷᠭᠢ ᠵᠢᠨ ᠬᠣᠷᠣᠭᠳᠠᠭᠤᠯᠤᠯ᠎ᠨᠢ ᠲᠦᠯᠡᠰᠢ᠎ᠲᠦ ᠮᠠᠰᠢᠨ ᠲᠡᠷᠭᠡᠨᠤᠬᠢᠠᠴᠠ ᠬᠠᠭ᠋ᠠᠰ ᠢᠯᠡᠭᠦᠦ ᠳᠣᠤᠷ᠎ᠠ ᠪᠠᠢ᠌ᠳᠠᠭ᠂ ᠰᠡᠭᠦᠯᠡᠷ᠎ᠨᠢ ᠴᠠᠬᠢᠯᠭ᠋ᠠᠨ ᠬᠦᠴᠦᠨ ᠨᠡᠭᠦᠷᠡᠰᠦᠲᠥ᠋ᠷᠥᠭᠴᠢ ᠥᠬᠡᠶ ᠪᠣᠯᠬᠤ ᠵᠢ ᠳᠠᠭ᠋ᠠᠯᠳᠤᠨ᠂ ᠴᠠᠬᠢᠯᠭ᠋ᠠᠨ ᠬᠥᠳᠡᠯᠭᠡᠭᠦᠷᠲᠦ ᠮᠠᠰᠢᠨ ᠲᠡᠷᠭᠡ ᠴᠦ᠍ ᠨᠡᠭᠦᠷᠡᠰᠦᠲᠥ᠋ᠷᠥᠭᠴᠢ ᠥᠬᠡᠶ ᠪᠠᠢ᠌ᠬᠤ ᠵᠢ ᠦᠨᠡᠨ ᠬᠦ᠌ ᠪᠡᠶᠡᠯᠡᠭᠦᠯᠦᠭᠰᠡᠨ ᠪᠠᠢ᠌ᠨ᠎ᠠ᠃
ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ᠂ ᠴᠢᠩᠬᠤᠸᠠ ᠶᠡᠬᠡ ᠰᠤᠷᠭ᠋ᠠᠭᠤᠯᠢ ᠵᠢᠨ ᠪᠠᠷᠢᠯᠭ᠎ᠠ ᠵᠢᠨ ᠳᠡᠭᠡᠳᠦ ᠰᠤᠷᠭ᠋ᠠᠭᠤᠯᠢ ᠵᠢᠨ ᠫᠷᠤᠹᠸᠰᠰᠤᠷ ᠵᠢᠶᠠᠩ ᠢ ᠵᠢᠨ ᠶᠠᠷᠢᠶ᠎ᠠ᠎ᠨᠢ ᠬᠤᠷᠠᠯ᠎ᠳᠤ ᠣᠷᠣᠯᠴᠠᠭᠰᠠᠳ᠎ᠤᠨ ᠬᠠᠷᠠᠴᠠ ᠵᠢ ᠱᠠᠨ ᠰᠢ ᠵᠢᠨ ᠷᠦᠢ ᠴᠧᠩ᠎ᠤᠨ ᠨᠢᠭᠡᠨ ᠲᠣᠰᠬᠣᠨ᠎ᠳᠤ ᠠᠪᠴᠤ ᠤᠷᠤᠭᠰᠠᠨ ᠪᠠᠢ᠌ᠨ᠎ᠠ ᠃ ᠡᠨᠳᠡ ᠲᠠᠷᠬᠠᠮᠠᠯ ᠮᠠᠶᠢᠭ᠎ᠤᠨ ᠬᠡᠷᠡᠯ ᠴᠡᠨᠡᠭ ᠵᠶ᠋ᠡᠷ ᠭᠣᠤᠯ ᠪᠣᠯᠭ᠋ᠠᠭᠰᠠᠨ ᠰᠢᠨ᠎ᠡ ᠬᠡᠯᠪᠡᠷᠢ ᠵᠢᠨ ᠬᠥᠳᠡᠭᠡ ᠲᠣᠰᠬᠣᠨ᠎ᠤ ᠡᠨᠧᠷᠭᠢ ᠵᠢᠨ ᠰᠢᠰᠲ᠋ᠧᠮ᠎ᠢ ᠪᠠᠢ᠌ᠭᠤᠯᠵᠤ᠂ ᠨᠢᠭᠡ ᠬᠡᠷ᠎ᠤᠨ ᠣᠷᠣᠶ ᠳᠡᠭᠡᠷ᠎ᠡ 20 ᠺᠢᠯᠣᠸᠠᠲ᠎ᠠᠴᠠ ᠳᠡᠭᠡᠭᠰᠢ ᠬᠡᠷᠡᠯ ᠴᠡᠨᠡᠭ ᠤᠭᠰᠠᠷᠠᠵᠤ᠂ ᠳᠤᠮᠳᠠᠴᠢ᠎ᠪᠠᠷ ᠨᠢᠭᠡ ᠵᠢᠯ᠎ᠳᠤ 2 . 2 ᠲᠦᠮᠡᠨ ᠭ᠋ᠷᠠᠳᠦ᠋ᠰ᠎ᠤᠨ ᠴᠠᠬᠢᠯᠭ᠋ᠠᠨ ᠭᠠᠷᠭ᠋ᠠᠵᠤ᠂ 1 . 2 ᠲᠦᠮᠡᠨ ᠭ᠋ᠷᠠᠳᠦ᠋ᠰ᠎ᠨᠢ ᠬᠥᠳᠡᠭᠡ ᠲᠣᠰᠬᠣᠨ᠎ᠤ ᠦᠢᠯᠡᠳᠪᠦᠷᠢᠯᠡᠯ᠂ ᠠᠮᠢᠳᠤᠷᠠᠯ᠂ ᠵᠠᠮ ᠬᠠᠷᠢᠯᠴᠠᠭ᠎ᠠ ᠪᠠ ᠬᠡᠷ ᠪᠦᠯᠢ᠎ᠳᠤ ᠬᠡᠷᠡᠭᠯᠡᠵᠦ ᠭᠦᠢᠴᠡᠨ᠎ᠡ᠂ ᠦᠯᠡᠳᠡᠭᠰᠡᠨ 1 ᠲᠦᠮᠡᠨ ᠭ᠋ᠷᠠᠳᠦ᠋ᠰ᠎ᠤᠨ ᠨᠣᠭᠣᠭ᠋ᠠᠨ ᠴᠠᠬᠢᠯᠭ᠋ᠠᠨ᠎ᠢ ᠰᠦᠯᠵᠢᠶᠡᠨ᠎ᠳᠤ ᠣᠷᠣᠭᠤᠯᠵᠤ ᠪᠣᠯᠤᠨ᠎ᠠ ᠃
ᠵᠢᠶᠠᠩ ᠢ PPT ᠰᠣᠯᠢᠵᠤ ᠵᠠᠯᠭ᠋ᠠᠭ᠋ᠠᠳ ᠬᠡᠯᠡᠬᠦ᠎ᠳᠡᠭᠡᠨ᠂ ᠬᠡᠷᠪᠡ ᠮᠠᠨ᠎ᠤ ᠤᠯᠤᠰ᠎ᠤᠨ ᠨᠥᠬᠥᠴᠡᠯ᠎ᠲᠠᠢ ᠬᠥᠳᠡᠭᠡ ᠲᠣᠰᠬᠣᠨ᠎ᠤ ᠳᠡᠭᠡᠪᠦᠷ᠎ᠲᠤ ᠴᠥᠮ ᠬᠡᠷᠡᠯ ᠴᠡᠨᠡᠭ ᠤᠭᠰᠠᠷᠠᠪᠠᠯ᠂ ᠠᠩᠬ᠎ᠠ ᠠᠯᠬᠤᠮ᠎ᠤᠨ ᠵᠢᠱ᠌ᠢᠯᠲᠡ᠎ᠪᠠᠷ 20 ᠳ᠋ᠦᠩᠰᠢᠭᠤᠷ ᠺᠢᠯᠣᠸᠠᠲ᠎ᠤᠨ ᠤᠭᠰᠠᠷᠠᠬᠤ ᠪᠠᠭᠲᠠᠭ᠋ᠠᠮᠵᠢᠲᠠᠢ ᠪᠣᠯᠤᠨ᠎ᠠ ᠭᠡᠵᠡᠶ᠃ ᠡᠨᠡ᠎ᠨᠢ ᠨᠢᠭᠡ ᠵᠢᠯ᠎ᠳᠤ 3 ᠲᠦᠮᠡᠨ ᠳ᠋ᠦᠩᠰᠢᠭᠤᠷ ᠭ᠋ᠷᠠᠳᠦ᠋ᠰ᠎ᠤᠨ ᠴᠠᠬᠢᠯᠭ᠋ᠠᠨ ᠭᠠᠷᠭ᠋ᠠᠵᠤ᠂ ᠢᠷᠡᠭᠡᠳᠦᠶ ᠵᠢᠨ ᠳᠤᠮᠳᠠᠳᠤ ᠤᠯᠤᠰ᠎ᠤᠨ ᠶᠡᠷᠦᠩᠬᠡᠶ ᠴᠠᠬᠢᠯᠭ᠋ᠠᠨ ᠬᠦᠴᠦᠨ᠎ᠤ ᠬᠡᠷᠡᠭᠴᠡᠭᠡ ᠵᠢᠨ 23 % ᠵᠢ ᠡᠵᠡᠯᠡᠬᠦ ᠵᠢ ᠬᠠᠷᠠᠭᠤᠯᠵᠤ ᠪᠠᠢ᠌ᠨ᠎ᠠ᠃
ᠨᠡᠭᠦᠷᠡᠰᠦᠲᠥ᠋ᠷᠥᠭᠴᠢ ᠵᠢ ᠤᠷᠬᠢᠯ᠎ᠳᠤ ᠬᠦᠷᠭᠡᠬᠦ᠂ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠵᠢ ᠪᠡᠶᠡᠯᠡᠭᠦᠯᠬᠦ᠎ᠲᠠᠢ ᠤᠶᠠᠯᠳᠤᠭᠤᠯᠤᠨ᠂ ᠸᠠᠩ ᡁᠢ ᠭᠠᠩ ᠢᠨᠵᠧᠨᠧᠷᠢᠩ᠎ᠤᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠲᠤ ᠭᠤᠷᠪᠠᠨ ᠰᠠᠨᠠᠭᠤᠯᠭ᠎ᠠ ᠳᠤᠷᠠᠳᠪᠠ᠄ ᠨᠢᠭᠡ᠎ᠳᠤ ᠨᠡᠩ ᠭᠦᠨᠵᠡᠭᠡᠢ ᠪᠠᠢ᠌ᠯᠳᠤᠬᠤ ᠪᠤᠳᠤᠯᠭ᠎ᠠ ᠵᠢᠨ ᠰᠤᠳᠤᠯᠭ᠋ᠠᠨ᠎ᠢ ᠥᠷᠨᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠎ᠳᠤ ᠨᠡᠩ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ ᠃ ᠬᠣᠶᠠᠷ᠎ᠲᠤ 《ᠬᠣᠣᠰ ᠨᠡᠭᠦᠷᠡᠰᠦᠲᠥ᠋ᠷᠥᠭᠴᠢ》᠎ᠲᠠᠢ ᠬᠣᠯᠪᠣᠭᠳᠠᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠵᠠᠩᠭᠢᠯᠠᠭ᠎ᠠ ᠪᠣᠯᠬᠤ᠂ ᠭᠣᠣᠯᠯᠠᠬᠤ᠂ ᠴᠢᠬᠤᠯᠠ ᠶᠡᠬᠡ ᠮᠡᠷᠭᠡᠵᠢᠯ᠎ᠤᠨ ᠬᠥᠭᠵᠢᠯᠲᠡ ᠵᠢᠨ ᠴᠢᠭᠯᠡᠯ᠎ᠤᠨ ᠲᠠᠯ᠎ᠠ᠎ᠪᠠᠷ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠤᠳᠠᠭ᠋ᠠᠨ ᠳᠠᠭ᠋ᠠᠭ᠋ᠠᠮᠠᠭ᠋ᠠᠶ ᠵᠢᠳᠬᠦᠨ ᠴᠢᠷᠮᠠᠢ᠌ᠬᠤ ᠬᠡᠷᠡᠭᠲᠡᠶ᠃ ᠭᠤᠷᠪᠠ᠎ᠳᠤ ᠴᠢᠳᠠᠪᠤᠷᠢᠲᠠᠨ᠎ᠤ ᠨᠥᠭᠡᠴᠡ ᠵᠢ ᠰᠠᠢ᠌ᠲᠤᠷ ᠬᠢᠵᠦ᠂ ᠤᠯᠠᠨ ᠤᠯᠤᠰ᠎ᠤᠨ ᠬᠠᠮᠲᠤᠷᠠᠯᠴᠠᠭ᠎ᠠ ᠵᠢ ᠢᠳᠡᠪᠬᠢᠲᠡᠢ ᠥᠷᠨᠢᠭᠦᠯᠦᠨ᠎ᠡ ᠃