ᠨᠢᠭᠡ᠂ ᠨᠡᠢ᠌ᠲᠡᠯᠡᠭᠰᠡᠨ ᠤᠷᠴᠢᠨ ᠨᠦᠬᠦᠴᠡᠯ
ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠮᠡᠳᠡᠯᠭᠡ ᠵᠢᠨ ᠦᠮᠴᠢᠯᠡᠯ ᠤᠨ ᠡᠷᠬᠡ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠨ᠎ᠠ᠃ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠣᠷᠢᠨ ᠲᠠᠪᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ《ᠰᠢᠨ᠎ᠡ ᠵᠢ ᠡᠭᠦᠳᠬᠦ ᠪᠣᠯ ᠬᠥᠭᠵᠢᠯᠲᠡ ᠵᠢ ᠬᠦᠳᠦᠯᠥᠨ ᠳᠠᠭ᠋ᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠪᠣᠯ ᠰᠢᠨ᠎ᠡ ᠵᠢ ᠡᠭᠦᠳᠬᠦ ᠵᠢ ᠬᠠᠮᠠᠭ᠋ᠠᠯᠠᠬᠤ ᠶᠠᠪᠤᠳᠠᠯ ᠮᠥᠨ》᠂ 《ᠵᠠᠩᠭᠢᠯᠠᠭ᠎ᠠ ᠵᠢᠨ ᠬᠦᠷᠢᠶᠡᠨ᠎ᠤ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠡᠭᠦᠳᠦᠨ ᠪᠦᠲᠦᠭᠡᠯᠲᠡ ᠪᠠ ᠨᠥᠭᠡᠴᠡᠯᠡᠯᠲᠡ ᠵᠢ ᠴᠢᠩᠭ᠋ᠠᠳᠬᠠᠬᠤ ᠬᠡᠷᠡᠭᠲᠡᠢ》ᠭᠡᠵᠦ ᠭᠦᠨᠵᠡᠭᠡᠢ ᠵᠢᠭ᠋ᠠᠵᠤ ᠭᠠᠷᠭ᠋ᠠᠪᠠ᠃ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠨᠢ ᠤᠯᠤᠰ᠎ᠤᠨ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ᠎ᠲᠠᠢ ᠬᠣᠯᠪᠣᠭᠳᠠᠵᠤ᠂ ᠴᠢᠨᠠᠷ ᠰᠠᠢ᠌ᠲᠠᠶ ᠬᠥᠭᠵᠢᠯᠲᠡ᠎ᠲᠠᠢ ᠬᠣᠯᠪᠣᠭᠳᠠᠵᠤ᠂ ᠠᠷᠠᠳ᠎ᠤᠨ ᠠᠮᠢᠳᠤᠷᠠᠯ᠎ᠤᠨ ᠵᠣᠯ ᠵᠢᠷᠭ᠋ᠠᠯ᠎ᠲᠠᠢ ᠬᠣᠯᠪᠣᠭᠳᠠᠵᠤ᠂ ᠤᠯᠤᠰ᠎ᠤᠨ ᠭᠠᠳᠠᠭ᠋ᠠᠳᠤ ᠨᠡᠭᠡᠭᠡᠯᠲᠡ ᠵᠢᠨ ᠶᠡᠬᠡᠪᠡᠷ ᠬᠣᠯᠪᠣᠭᠳᠠᠵᠤ᠂ ᠤᠯᠤᠰ᠎ᠤᠨ ᠠᠮᠤᠷ ᠲᠦᠪᠰᠢᠨ᠎ᠲᠠᠢ ᠬᠣᠯᠪᠣᠭᠳᠠᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠪᠣᠯ ᠤᠯᠤᠰ᠎ᠤᠨ ᠰᠢᠨ᠎ᠡ ᠵᠢ ᠡᠭᠦᠳᠬᠦ ᠰᠢᠰᠲ᠋ᠧᠮ᠎ᠤᠨ ᠴᠢᠬᠤᠯᠠ ᠪᠦᠷᠢᠯᠳᠦᠬᠦᠨ ᠬᠡᠰᠡᠭ ᠮᠥᠨ᠂ ᠪᠠᠰᠠ ᠴᠤ᠌ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠴᠢᠬᠤᠯᠠ ᠡᠬᠢ ᠰᠤᠷᠪᠤᠯᠵᠢ ᠮᠥᠨ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠠᠵᠢᠯ᠎ᠢ ᠴᠢᠩᠭ᠋ᠠᠳᠬᠠᠬᠤ ᠪᠣᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢ ᠪᠡᠶᠡᠯᠡᠭᠦᠯᠬᠦ ᠵᠢᠨ ᠴᠢᠬᠤᠯᠠ ᠪᠠᠲᠤᠯᠠᠭ᠎ᠠ ᠮᠥᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠮᠥᠨ᠃ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠤ ᠪᠠᠢ᠌ᠭᠤᠯᠤᠯᠲᠠ ᠵᠢᠨ ᠲᠣᠭᠣᠷᠢᠨ᠎ᠳᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ ᠵᠢᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠬᠦ᠎ᠨᠢ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠳᠡᠮᠵᠢᠬᠦ᠂ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠰᠢᠪᠲᠤᠯᠤᠯᠲᠠ ᠵᠢ ᠪᠡᠶᠡᠯᠡᠭᠦᠯᠬᠦ ᠪᠠ ᠥᠨᠳᠥᠷ ᠥᠷᠲᠡᠭ᠎ᠲᠠᠢ ᠲᠤᠰᠬᠠᠶ ᠠᠰᠢᠭ᠎ᠤᠨ ᠡᠷᠬᠡ ᠵᠢ ᠦᠢᠯᠡᠳᠪᠦᠷᠢᠯᠡᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃
ᠣᠳᠣᠬᠠᠨ᠎ᠳᠤ᠂ ᠮᠠᠨ᠎ᠤ ᠤᠯᠤᠰ᠎ᠤᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠪᠦᠬᠦᠯᠢ ᠴᠣᠭᠴᠠ ᠵᠢᠨ ᠶᠠᠰᠤ ᠴᠢᠨᠠᠷ᠂ ᠦᠷ᠎ᠡ ᠠᠰᠢᠭ ᠪᠠᠰᠠ ᠲᠡᠢ᠌ᠮᠦ ᠥᠨᠳᠥᠷ ᠪᠢᠰᠢ᠂ ᠴᠢᠨᠠᠷ ᠰᠠᠢ᠌ᠲᠠᠶ ᠥᠨᠳᠥᠷ ᠥᠷᠲᠡᠭᠲᠦ ᠮᠡᠳᠡᠯᠭᠡ ᠵᠢᠨ ᠦᠮᠴᠢᠯᠡᠯ ᠤᠨ ᠡᠷᠬᠡ ᠨᠡᠯᠢᠶᠡᠳ ᠳᠤᠲᠠᠮᠠᠭ ᠪᠠᠢ᠌ᠨ᠎ᠠ᠃ 2020 ᠣᠨ᠎ᠤ ᠡᠴᠦᠰ ᠪᠣᠯᠲᠠᠯ᠎ᠠ᠂ ᠮᠠᠨ᠎ᠤ ᠤᠯᠤᠰ᠎ᠤᠨ ᠡᠭᠦᠷᠭᠡ ᠲᠤᠰᠢᠶᠠᠯ᠎ᠤᠨ ᠡᠭᠦᠳᠦᠯᠲᠡ ᠵᠢᠨ ᠲᠤᠰᠬᠠᠶ ᠠᠰᠢᠭ᠎ᠤᠨ ᠡᠵᠡᠮᠰᠢᠵᠦ ᠪᠠᠢ᠌ᠭ᠎ᠠ ᠬᠡᠮᠵᠢᠶ᠎ᠡ᠎ᠨᠢ ᠤᠯᠤᠰ᠎ᠤᠨ ᠳᠣᠲᠣᠭ᠋ᠠᠳᠤ ᠵᠢᠨ ᠡᠭᠦᠳᠦᠯᠲᠡ ᠵᠢᠨ ᠲᠤᠰᠬᠠᠶ ᠠᠰᠢᠭ᠎ᠤᠨ ᠡᠵᠡᠮᠰᠢᠵᠦ ᠪᠠᠢ᠌ᠭ᠎ᠠ ᠬᠡᠮᠵᠢᠶ᠎ᠡ ᠵᠢᠨ 95 . 8 % ᠵᠢ ᠡᠵᠡᠯᠡᠵᠦ ᠪᠠᠢ᠌ᠨ᠎ᠠ᠂ ᠡᠭᠦᠨ᠎ᠳᠤ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠪᠣᠯ ᠡᠭᠦᠷᠬᠡ ᠲᠤᠰᠢᠶᠠᠯ᠎ᠤᠨ ᠡᠭᠦᠳᠦᠯᠲᠡ ᠵᠢᠨ ᠦᠷ᠎ᠡ ᠪᠦᠲᠦᠭᠡᠯ᠎ᠤᠨ ᠭᠣᠤᠯ ᠴᠣᠭᠴᠠ ᠪᠣᠯᠤᠨ᠎ᠠ᠃ ᠣᠢ᠌ᠷ᠎ᠠ ᠵᠢᠨ ᠵᠢᠯ᠎ᠤᠳ᠎ᠲᠤ᠂ ᠤᠯᠤᠰ᠎ᠤᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠲᠣᠪᠴᠢᠶ᠎ᠠ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠠᠵᠢᠯ᠎ᠢ ᠲᠥᠷᠥᠯ ᠬᠤᠪᠢᠶᠠᠨ ᠵᠢᠯᠣᠭᠣᠳᠬᠤ᠎ᠪᠠᠨ ᠲᠠᠰᠤᠷᠠᠯᠲᠠ ᠥᠬᠡᠶ ᠴᠢᠩᠭ᠋ᠠᠳᠬᠠᠵᠤ᠂ 2013 ᠊᠊᠊᠊᠊᠊᠊᠊ 2016 ᠣᠨ᠎ᠳᠤ ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ᠂ ᠶᠡᠬᠡ ᠳᠡᠭᠡᠳᠦ ᠰᠤᠷᠭ᠋ᠠᠭᠤᠯᠢ ᠵᠢᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠠᠮᠢᠶᠠᠷᠤᠯᠲᠠ ᠵᠢᠨ ᠤᠯᠤᠰ᠎ᠤᠨ ᠪᠠᠷᠢᠮᠵᠢᠶ᠎ᠠ ᠵᠢ ᠵᠠᠯᠭ᠋ᠠᠭ᠎ᠠ᠎ᠪᠠᠷ ᠨᠡᠢ᠌ᠲᠡᠯᠡᠵᠦ᠂ ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠪᠠ ᠶᠡᠬᠡ ᠳᠡᠭᠡᠳᠦ ᠰᠤᠷᠭ᠋ᠠᠭᠤᠯᠢ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠢᠶᠠᠷᠤᠯᠲᠠ ᠵᠢᠨ ᠰᠢᠰᠲ᠋ᠧᠮ ᠪᠠᠢ᠌ᠭᠤᠯᠬᠤ ᠵᠢ ᠳᠥᠯᠭᠢᠨ ᠠᠬᠢᠭᠤᠯᠵᠤ᠂ ᠬᠠᠮᠢᠶᠠᠷᠤᠯᠲᠠ ᠵᠢᠨ ᠴᠢᠳᠠᠪᠤᠷᠢ ᠵᠢᠨ ᠪᠠᠢ᠌ᠭᠤᠯᠤᠯᠲᠠ᠎ᠪᠠᠨ ᠴᠢᠩᠭ᠋ᠠᠳᠬᠠᠬᠤ᠎ᠪᠠᠷ ᠳᠠᠮᠵᠢᠭᠤᠯᠤᠨ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠪᠠ ᠦᠷ᠎ᠡ ᠠᠰᠢᠭ᠎ᠢ ᠬᠡᠷᠡᠭᠯᠡᠬᠦ ᠵᠢ ᠠᠬᠢᠭᠤᠯᠪᠠ᠃ 2020 ᠣᠨ᠎ᠤ 2 ᠰᠠᠷ᠎ᠠ᠎ᠳᠤ᠂ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠲᠥᠪ᠎ᠤᠨ ᠠᠵᠤ ᠠᠬᠤᠢ᠌ᠯᠠᠯ᠎ᠳᠤ ᠬᠠᠨᠳᠤᠭᠤᠯᠤᠨ ᠲᠥᠪ᠎ᠤᠨ ᠠᠵᠤ ᠠᠬᠤᠢ᠌ᠯᠠᠯ᠎ᠤᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠨᠡᠢ᠌ᠲᠡᠯᠡᠪᠡ; ᠰᠤᠷᠭ᠋ᠠᠨ ᠬᠥᠮᠦᠵᠢᠯ᠎ᠤᠨ ᠶᠠᠮᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠠᠮᠤᠨ᠎ᠲᠠᠢ ᠬᠠᠮᠲᠤᠷᠠᠨ᠂ ᠳᠡᠭᠡᠳᠦ ᠵᠡᠷᠭᠡ ᠵᠢᠨ ᠰᠤᠷᠭ᠋ᠠᠭᠤᠯᠢ᠎ᠳᠤ ᠴᠢᠭᠯᠡᠭᠦᠯᠦᠨ ᠲᠤᠰᠬᠠᠶ ᠠᠰᠢᠭ᠎ᠤᠨ ᠶᠠᠰᠤ ᠴᠢᠨᠠᠷ᠎ᠢ ᠬᠤᠪᠢᠷᠠᠭᠤᠯᠤᠨ ᠬᠡᠷᠡᠭᠯᠡᠬᠦ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠨᠡᠢ᠌ᠲᠡᠯᠡᠪᠡ᠃
ᠡᠨᠡ ᠤᠳᠠᠭ᠎ᠠ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠠᠵᠢᠯ᠎ᠤᠨ ᠪᠣᠳᠠᠲᠠᠶ ᠬᠡᠷᠡᠭᠴᠡᠭᠡ ᠱᠠᠭ᠋ᠠᠷᠳᠠᠯᠭ᠎ᠠ ᠵᠢ ᠭᠦᠨᠵᠡᠭᠡᠶ ᠪᠠᠢ᠌ᠴᠠᠭ᠋ᠠᠨ ᠰᠤᠳᠤᠯᠤᠭᠰᠠᠨ ᠰᠠᠭᠤᠷᠢᠨ ᠳᠡᠭᠡᠷ᠎ᠡ᠂ ᠤᠯᠤᠰ᠎ᠤᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠲᠣᠪᠴᠢᠶ᠎ᠠ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠲᠠᠢ ᠬᠠᠮᠲᠤᠷᠠᠨ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ ᠪᠠ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ᠂ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠢ ᠳᠡᠮᠵᠢᠬᠦ᠎ᠪᠠᠷ ᠬᠠᠷᠠᠯᠲᠠ ᠪᠣᠯᠭ᠋ᠠᠵᠤ᠂ ᠠᠰᠠᠭᠤᠳᠠᠯ᠎ᠤᠨ ᠤᠳᠤᠷᠢᠳᠤᠮᠵᠢ᠎ᠳᠤ ᠰᠠᠭᠤᠷᠢᠯᠠᠵᠦ᠂ ᠲᠥᠷᠥᠯ ᠬᠤᠪᠢᠶᠠᠨ ᠵᠢᠯᠣᠭᠣᠳᠬᠤ ᠵᠢ ᠤᠯᠠᠮ ᠨᠢᠭᠡ ᠠᠯᠬᠤᠮ ᠴᠢᠭ᠌ᠭ᠋ᠠᠳᠬᠠᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠨᠠᠷᠢᠯᠢᠭ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ 《ᠵᠢᠯᠣᠭᠣᠳᠬᠤ ᠰᠠᠨᠠᠯ》᠎ᠢ ᠬᠠᠮᠲᠤᠷᠠᠨ ᠲᠣᠭᠲᠠᠭ᠋ᠠᠵᠤ ᠨᠡᠢ᠌ᠲᠡᠯᠡᠪᠡ᠃ ᠨᠡᠨ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠠᠮᠠᠭ᠋ᠠᠯᠠᠯᠲᠠ ᠪᠠ ᠬᠡᠷᠡᠭᠯᠡᠯᠲᠡ ᠵᠢ ᠪᠥᠬᠥ ᠲᠠᠯ᠎ᠠ᠎ᠪᠠᠷ ᠴᠢᠩᠭ᠋ᠠᠳᠬᠠᠬᠤ ᠵᠢ ᠠᠬᠢᠭᠤᠯᠬᠤ ᠵᠢᠨ ᠲᠥᠯᠥᠭᠡ ᠶᠤᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠳ᠎ᠲᠤ ᠨᠠᠩ ᠰᠠᠢ᠌ᠲᠤᠷ ᠦᠢ᠍ᠯᠡᠴᠢᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠵᠤᠷᠢᠭᠵᠢᠭᠤᠯᠤᠨ ᠂ ᠦᠷ᠎ᠡ ᠪᠦᠲᠦᠭᠡᠯ᠎ᠤᠨ ᠡᠷᠬᠡ ᠠᠰᠢᠭ᠎ᠢ ᠪᠠᠲᠤᠯᠠᠨ᠂ ᠵᠠᠰᠠᠯᠲᠠ ᠵᠢᠨ ᠰᠢᠰᠲ᠋ᠧᠮ᠎ᠤᠨ ᠳᠦᠷᠢᠮ᠎ᠤᠨ ᠴᠢᠨᠠᠷᠲᠠᠶ ᠦᠢᠯᠡᠳᠦᠯ᠎ᠢ ᠲᠤᠯᠭ᠋ᠠᠭᠤᠷᠢᠯᠠᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ᠃
ᠬᠣᠶᠠᠷ᠂ ᠴᠢᠬᠤᠯᠠ ᠠᠴᠢ ᠬᠣᠯᠪᠣᠭᠳᠠᠯ
《 ᠵᠢᠯᠣᠭᠣᠳᠬᠤ ᠰᠠᠨᠠᠯ》᠎ᠢ ᠨᠡᠢ᠌ᠲᠡᠯᠡᠭᠰᠡᠨ᠎ᠨᠢ ᠰᠢᠨ᠎ᠡ ᠴᠠᠭ ᠦᠶ᠎ᠡ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠴᠢᠨᠠᠷ ᠰᠠᠢ᠌ᠲᠠᠶ ᠬᠥᠭᠵᠢᠯᠲᠡ᠎ᠳᠤ ᠴᠢᠬᠤᠯᠠ ᠪᠣᠳᠠᠲᠤ ᠠᠴᠢ ᠬᠣᠯᠪᠣᠭᠳᠠᠯ᠎ᠲᠠᠢ ᠶᠤᠮ᠃
ᠨᠢᠭᠡ᠎ᠳᠤ᠂ ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠤ ᠪᠠᠢ᠌ᠭᠤᠯᠤᠯᠲᠠ ᠵᠢ ᠲᠤᠯᠭ᠋ᠠᠭᠤᠷᠢᠯᠠᠬᠤ᠎ᠳᠤ ᠠᠰᠢᠭᠲᠠᠢ᠃ 《ᠵᠢᠯᠣᠭᠣᠳᠬᠤ ᠰᠠᠨᠠᠯ》᠎ᠳᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠠᠩᠭᠢᠯᠠᠭ᠎ᠠ ᠵᠢᠨ ᠬᠦᠷᠢᠶᠡᠨ᠎ᠳᠠᠬᠢ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠡᠭᠦᠳᠦᠯᠲᠡ ᠪᠠ ᠨᠥᠭᠡᠴᠡᠯᠡᠯᠲᠡ ᠵᠢ ᠴᠢᠩᠭ᠋ᠠᠳᠬᠠᠵᠤ᠂ ᠤᠯᠤᠰ᠎ᠤᠨ ᠴᠢᠬᠤᠯᠠ ᠶᠡᠬᠡ ᠲᠤᠰᠬᠠᠶ ᠵᠦᠢᠯᠡᠰ᠎ᠤᠨ ᠲᠣᠭᠣᠷᠢᠨ᠎ᠳᠤ ᠲᠤᠰᠬᠠᠶ ᠠᠰᠢᠭ᠎ᠤᠨ ᠵᠠᠮᠴᠢᠯᠠᠬᠤ ᠲᠥᠷᠥᠯ ᠵᠦᠢᠯ᠎ᠢ ᠬᠡᠷᠡᠭᠵᠢᠭᠦᠯᠵᠦ᠂ ᠨᠢᠭᠡ ᠪᠦᠯᠦᠭ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠴᠢᠨᠠᠷ ᠰᠠᠢ᠌ᠲᠠᠶ ᠥᠨᠳᠥᠷ ᠥᠷᠲᠡᠭᠲᠦ ᠲᠤᠰᠬᠠᠶ ᠠᠰᠢᠭ᠎ᠤᠨ ᠬᠠᠮᠲᠤᠷᠠᠯᠢ ᠪᠣᠢ᠌ᠵᠢᠭᠤᠯᠵᠤ᠂ ᠲᠤᠰᠬᠠᠶ ᠠᠰᠢᠭ ᠬᠢᠭᠡᠳ ᠮᠡᠷᠭᠡᠵᠢᠯ᠎ᠤᠨ ᠪᠠᠷᠢᠮᠵᠢᠶ᠎ᠠ ᠵᠢᠨ ᠠᠭᠤᠰᠤᠯᠴᠠᠯ᠎ᠢ ᠠᠬᠢᠭᠤᠯᠵᠤ᠂ ᠨᠢᠭᠡ ᠪᠦᠯᠦᠭ ᠪᠠᠷᠢᠮᠵᠢᠶ᠎ᠠ ᠵᠢᠨ ᠴᠢᠬᠤᠯᠠ ᠪᠥᠬᠥᠶ ᠲᠤᠰᠬᠠᠶ ᠠᠰᠢᠭ᠎ᠢ ᠡᠵᠡᠮᠰᠢᠵᠦ᠂ ᠤᠯᠤᠰ᠎ᠤᠨ ᠠᠮᠤᠷ ᠲᠦᠪᠰᠢᠨ᠎ᠳᠤ ᠬᠣᠯᠪᠣᠭᠳᠠᠬᠤ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠬᠦ ᠪᠠ ᠬᠠᠮᠠᠭ᠋ᠠᠯᠠᠬᠤ ᠵᠢ ᠴᠢᠩᠭ᠋ᠠᠳᠬᠠᠵᠤ᠂ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠤ ᠳᠡᠯᠡᠬᠡᠶ ᠵᠢᠨ ᠲᠡᠷᠢᠭᠦᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢ ᠤᠷᠢᠳ ᠵᠶ᠋ᠠᠷ ᠪᠠᠢ᠌ᠭᠤᠯᠬᠤ ᠵᠢ ᠳᠡᠮᠵᠢᠵᠦ᠂ ᠠᠵᠢᠯ ᠲᠥᠷᠥᠯ ᠪᠠ ᠣᠷᠣᠨ ᠨᠤᠲᠤᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢ ᠳᠠᠢ᠌ᠴᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃
ᠬᠣᠶᠠᠷ᠎ᠲᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ ᠵᠢᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠠᠵᠢᠯ ᠤᠨ ᠭᠣᠤᠯᠳᠠᠯᠭ᠎ᠠ᠎ᠪᠠᠨ ᠲᠣᠳᠣᠷᠬᠠᠢ᠌ᠯᠠᠬᠤ᠎ᠳᠤ ᠠᠰᠢᠭᠲᠠᠶ᠃ 《ᠵᠢᠯᠣᠭᠣᠳᠬᠤ ᠰᠠᠨᠠᠯ》᠎ᠳᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠠᠮᠠᠭ᠋ᠠᠯᠠᠯᠲᠠ ᠵᠢᠨ ᠤᠳᠤᠷᠢᠳᠤᠮᠵᠢ ᠵᠢ ᠪᠠᠷᠢᠮᠲᠠᠯᠠᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠶᠠᠰᠤ ᠴᠢᠨᠠᠷ ᠦᠷ᠎ᠡ ᠠᠰᠢᠭ᠎ᠢ ᠬᠦᠴᠦᠯᠡᠨ ᠳᠡᠭᠡᠭᠰᠢᠯᠡᠭᠦᠯᠵᠦ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠵᠢ ᠴᠢᠩᠭ᠋ᠠᠳᠬᠠᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠠᠮᠢᠶᠠᠷᠤᠯᠲᠠ ᠪᠠ ᠡᠵᠡᠩᠨᠡᠯᠲᠡ ᠵᠢᠨ ᠲᠣᠭᠲᠠᠴᠠ ᠵᠢ ᠰᠢᠯᠢᠳᠡᠭᠵᠢᠭᠦᠯᠵᠦ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠤᠷᠮᠠᠰᠢᠭᠤᠯᠬᠤ᠂ ᠦᠷ᠎ᠡ ᠪᠦᠲᠦᠭᠡᠯ᠎ᠤᠨ ᠡᠷᠬᠡ ᠠᠰᠢᠭ᠎ᠢ ᠪᠠᠲᠤᠯᠠᠬᠤ᠂ ᠵᠠᠰᠠᠯᠲᠠ ᠵᠢᠨ ᠰᠢᠰᠲ᠋ᠧᠮ᠎ᠤᠨ ᠲᠦᠷᠢᠮ᠎ᠤᠨ ᠴᠢᠨᠠᠷᠲᠠᠶ ᠦᠢᠯᠡᠳᠦᠯ᠎ᠢ ᠲᠤᠯᠭ᠋ᠠᠭᠤᠷᠢᠯᠠᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠭᠤᠷᠪᠠ᠎ᠳᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠳᠤ ᠠᠰᠢᠭᠲᠠᠶ᠃《ᠵᠢᠯᠣᠭᠣᠳᠬᠤ ᠰᠠᠨᠠᠯ》᠎ᠳᠤ᠂ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠵᠠᠬ᠎ᠠ ᠳᠡᠯᠭᠡᠭᠦᠷᠴᠢᠯᠡᠭᠰᠡᠨ ᠲᠣᠬᠢᠷᠠᠭᠤᠯᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠡᠷᠬᠡ ᠠᠰᠢᠭ᠎ᠤᠨ ᠬᠤᠪᠢᠶᠠᠷᠢᠯᠠᠯᠲᠠ ᠵᠢᠨ ᠥᠭᠡᠷᠡᠴᠢᠯᠡᠯᠲᠡ ᠵᠢ ᠬᠠᠢ᠌ᠨ ᠰᠦᠪᠡᠭᠴᠢᠯᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠡᠵᠡᠨ ᠮᠡᠳᠡᠬᠦ ᠡᠷᠬᠡ ᠵᠢ ᠤᠯᠠᠮ ᠨᠢᠭᠡ ᠠᠯᠬᠤᠮ ᠥᠷᠭᠡᠳᠬᠡᠵᠦ᠂ ᠮᠡᠳᠡᠯᠭᠡ ᠵᠢ᠊ ᠦᠮᠴᠢᠯᠡᠯ ᠤᠨ ᠡᠷᠬᠡ ᠵᠢᠨ ᠬᠠᠷᠢᠶᠠᠯᠠᠯ᠎ᠤᠨ ᠲᠦᠷᠢᠮ᠎ᠢ ᠰᠠᠢ᠌ᠵᠢᠷᠠᠭᠤᠯᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠠᠰᠢᠭ ᠣᠷᠣᠯᠭ᠎ᠠ ᠵᠢᠨ ᠪᠦᠲᠦᠮᠵᠢᠲᠡᠶ ᠤᠷᠮᠠᠰᠢᠭᠤᠯᠬᠤ ᠲᠣᠭᠲᠠᠴᠠ ᠵᠢ ᠪᠠᠢ᠌ᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠰᠲ᠋ᠣᠺ᠎ᠤᠨ ᠡᠷᠬᠡ᠂ ᠬᠤᠭᠤᠴᠠᠭ᠋ᠠᠲᠤ ᠡᠷᠬᠡ᠂ ᠠᠰᠢᠭ ᠬᠤᠪᠢᠶᠠᠷᠢᠯᠠᠯᠲᠠ ᠵᠡᠷᠭᠡ ᠤᠷᠮᠠᠰᠢᠭᠤᠯᠬᠤ ᠠᠷᠭ᠎ᠠ ᠮᠠᠶᠢᠭ ᠠᠪᠬᠤ ᠵᠢ ᠵᠣᠷᠢᠭᠵᠢᠭᠤᠯᠵᠤ᠂ ᠲᠥᠷᠥᠯ ᠵᠦᠢᠯ᠎ᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠤᠯᠠᠷᠢᠭᠤᠯᠬᠤ᠎ᠳᠤ ᠣᠷᠣᠯᠴᠠᠭᠴᠢ᠎ᠳᠤ ᠰᠢᠨ᠎ᠡ ᠵᠢ ᠡᠭᠦᠳᠬᠦ ᠠᠰᠢᠭ ᠣᠯᠵᠠᠪᠤᠷᠢ ᠵᠢ ᠵᠦᠶ ᠵᠣᠬᠢᠰᠲᠠᠶ ᠬᠦᠷᠲᠡᠭᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠣᠳᠠᠲᠤ ᠦᠢᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠬᠦᠴᠦᠲᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠭᠤᠷᠪᠠ᠂ ᠶᠡᠷᠦᠩᠬᠡᠢ ᠱᠠᠭ᠋ᠠᠷᠳᠠᠯᠭ᠎ᠠ
ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠪᠣᠯ ᠳᠡᠯᠡᠬᠡᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠲᠤᠯᠭ᠋ᠠᠭᠤᠷᠢ ᠬᠦᠴᠦᠨ ᠮᠥᠨ᠃ ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠢ ᠴᠢᠩᠭ᠋ᠠᠳᠬᠠᠬᠤ ᠪᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠪᠴᠢᠯᠡᠨ ᠪᠡᠶᠡᠯᠡᠭᠦᠯᠵᠦ᠂ ᠣᠳᠣᠬᠢᠴᠢᠯᠠᠭᠰᠠᠨ ᠤᠯᠤᠰ᠎ᠤᠨ ᠪᠦᠳᠦᠭᠡᠨ ᠪᠠᠢ᠌ᠭᠤᠯᠤᠯᠲᠠ ᠵᠢ ᠠᠬᠢᠭᠤᠯᠬᠤ ᠵᠠᠩᠭᠢᠯᠠᠭ᠎ᠠ ᠵᠢᠨ ᠠᠷᠭ᠎ᠠ ᠵᠠᠮ ᠮᠥᠨ᠃ 《ᠵᠢᠯᠣᠭᠣᠳᠬᠤ ᠰᠠᠨᠠᠯ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠤᠯᠭ᠋ᠠᠵᠦ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠦ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ᠎ᠪᠠᠷ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠦ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭ᠋ᠠᠯᠠᠬᠤ᠂ ᠬᠠᠮᠢᠶᠠᠷᠬᠤ᠂ ᠦᠢ᠍ᠯᠡᠴᠢᠯᠡᠬᠦ ᠪᠦᠬᠦ ᠬᠡᠯᠬᠢᠶ᠎ᠡ ᠵᠢ ᠬᠦᠴᠦᠯᠡᠨ ᠨᠡᠪᠲᠡᠷᠡᠭᠦᠯᠦᠨ᠎ᠡ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ ᠵᠢᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠶᠡᠷᠦᠩᠬᠡᠢ᠌ᠯᠡᠭᠰᠡᠨ ᠴᠢᠳᠠᠪᠤᠷᠢ ᠵᠢ ᠳᠡᠭᠡᠭᠰᠢᠯᠡᠭᠦᠯᠦᠨ᠎ᠡ᠂ ᠰᠢᠨ᠎ᠡ ᠵᠢ ᠡᠭᠦᠳᠬᠦ ᠡᠬᠢ ᠪᠠᠶᠠᠯᠢᠭ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠂ ᠰᠢᠨ᠎ᠡ ᠵᠢ ᠡᠭᠦᠳᠬᠦ ᠵᠢ ᠠᠬᠢᠭᠤᠯᠬᠤ ᠬᠡᠯᠬᠢᠶ᠎ᠡ᠂ ᠠᠵᠤ ᠦᠢ᠍ᠯᠡᠰ᠎ᠤᠨ ᠬᠡᠯᠬᠢᠶ᠎ᠡ᠂ ᠪᠡᠯᠡ ᠮᠥᠩᠭᠥᠨ᠎ᠤ ᠬᠡᠯᠬᠢᠶ᠎ᠡ᠂ ᠲᠥᠷᠥ ᠵᠢᠨ ᠪᠣᠳᠣᠯᠭ᠎ᠠ ᠵᠢᠨ ᠬᠡᠯᠬᠢᠶ᠎ᠡ ᠵᠢᠨ ᠭᠦᠨᠵᠡᠭᠡᠶ ᠠᠭᠤᠰᠤᠯᠴᠠᠯ᠂ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠤᠨ᠎ᠠ᠂ ᠢᠷᠡᠭᠡᠳᠦᠶ ᠵᠢᠨ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠪᠤᠢ ᠪᠤᠯᠭ᠋ᠠᠵᠦ᠂ ᠤᠯᠤᠰ᠎ᠤᠨ ᠪᠠᠢ᠌ᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠤ ᠳᠡᠯᠡᠬᠡᠢ ᠵᠢᠨ ᠲᠡᠷᠢᠭᠦᠨ ᠵᠡᠷᠭᠡ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢ ᠤᠷᠢᠳ ᠵᠶ᠋ᠠᠷ ᠪᠠᠢ᠌ᠭᠤᠯᠬᠤ ᠵᠢ ᠳᠡᠮᠵᠢᠵᠦ᠂ ᠠᠵᠢᠯ ᠲᠥᠷᠥᠯ ᠪᠠ ᠣᠷᠣᠨ ᠨᠤᠲᠤᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢ ᠳᠠᠢ᠌ᠴᠢᠯᠠᠨ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠵᠦ᠂ ᠪᠦᠬᠦ ᠨᠡᠢ᠌ᠭᠡᠮ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠦᠭᠵᠢᠭᠡᠵᠦ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠵᠢ ᠠᠬᠢᠭᠤᠯᠤᠨ᠎ᠠ᠃
《ᠵᠢᠯᠣᠭᠣᠳᠬᠤ ᠰᠠᠨᠠᠯ》᠎ᠳᠤ ᠴᠢᠬᠤᠯᠠᠴᠢᠯᠠᠭᠰᠠᠨ᠎ᠨᠢ᠂ ᠮᠡᠳᠡᠯᠭᠡ ᠵᠢᠨ ᠦᠮᠴᠢᠯᠡᠯ ᠤᠨ ᠡᠷᠬᠡ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠰᠢᠨ᠎ᠡ ᠵᠢ ᠡᠭᠦᠳᠬᠦ ᠰᠢᠰᠲ᠋ᠧᠮᠵᠢ ᠵᠢᠨ ᠪᠠᠢ᠌ᠭᠤᠯᠤᠯᠲᠠ ᠵᠢᠨ ᠠᠵᠢᠯ᠎ᠢ ᠳᠥᠯᠭᠢᠨ ᠠᠬᠢᠭᠤᠯᠬᠤ ᠪᠠ ᠦᠢᠯᠡᠳᠦᠯᠭᠡ ᠵᠢᠨ ᠰᠥᠪᠡᠭᠴᠢᠯᠡᠯᠲᠡ ᠬᠢᠬᠦ᠎ᠳᠤ ᠳᠣᠤᠷᠠᠬᠢ ᠵᠠᠷᠴᠢᠮ᠎ᠢ ᠰᠠᠢ᠌ᠲᠤᠷ ᠡᠵᠡᠮᠰᠢᠬᠦ ᠬᠡᠷᠡᠭᠲᠡᠶ᠄
ᠨᠢᠭᠡ᠎ᠳᠤ᠂ ᠰᠢᠨ᠎ᠡ ᠵᠢ ᠡᠭᠦᠳᠬᠦ ᠵᠢ ᠬᠠᠮᠠᠭ᠋ᠠᠯᠠᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠰᠢᠨ᠎ᠡ ᠵᠢ ᠡᠭᠦᠳᠬᠦ ᠪᠣᠯ ᠬᠥᠭᠵᠢᠯᠲᠡ ᠵᠢ ᠬᠦᠳᠦᠯᠦᠨ ᠳᠠᠭ᠋ᠠᠭᠤᠯᠬᠤ ᠨᠢᠭᠡᠳᠦᠭᠡᠷ ᠬᠥᠳᠡᠯᠭᠡᠭᠴᠢ ᠬᠦᠴᠦᠨ ᠮᠥᠨ᠂ ᠮᠡᠳᠡᠯᠭᠡ ᠵᠢᠨ ᠦᠮᠴᠢᠯᠡᠯ ᠤᠨ ᠡᠷᠬᠡ ᠵᠢ ᠬᠠᠮᠠᠭ᠋ᠠᠯᠠᠬᠤ ᠪᠣᠯ ᠳᠠᠷᠤᠢ ᠰᠢᠨ᠎ᠡ ᠵᠢ ᠡᠭᠦᠳᠬᠦ ᠵᠢ ᠬᠠᠮᠠᠭ᠋ᠠᠯᠠᠬᠤ ᠶᠠᠪᠤᠳᠠᠯ ᠮᠥᠨ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ 《ᠳᠥᠷᠪᠡᠨ ᠲᠠᠯ᠎ᠠ᠎ᠳᠤ ᠬᠠᠨᠳᠤᠭᠤᠯᠬᠤ》 ᠵᠢ ᠪᠠᠷᠢᠮᠲᠠᠯᠠᠵᠤ᠂ ᠵᠠᠩᠭᠢᠯᠠᠭ᠎ᠠ ᠵᠢᠨ ᠨᠡᠢ᠌ᠲᠡᠯᠢᠭ ᠴᠢᠨᠠᠷᠲᠠᠶ ᠮᠡᠷᠭᠡᠵᠢᠯ᠂ ᠬᠣᠰᠢᠭᠤᠷᠠᠯ ᠬᠥᠲᠥᠯᠥᠨ ᠳᠠᠭ᠋ᠠᠭᠤᠯᠬᠤ ᠮᠡᠷᠭᠡᠵᠢᠯ᠂ ᠣᠲᠣ ᠦᠶ᠎ᠡ ᠵᠢᠨ ᠢᠨᠵᠧᠨᠧᠷᠢᠩ᠎ᠤᠨ ᠮᠡᠷᠭᠡᠵᠢᠯ᠂ ᠨᠤᠷᠠᠭ᠋ᠠᠯᠲᠠ ᠵᠢᠨ ᠴᠢᠨᠠᠷᠲᠠᠶ ᠮᠡᠷᠭᠡᠵᠢᠯ᠎ᠤᠨ ᠰᠢᠨ᠎ᠡ ᠡᠭᠦᠳᠦᠯᠲᠡ᠎ᠲᠠᠢ ᠤᠶᠠᠯᠳᠤᠭᠤᠯᠤᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠠᠮᠠᠭ᠋ᠠᠯᠠᠯᠲᠠ ᠵᠢᠨ ᠠᠵᠢᠯ᠎ᠢ ᠢᠳᠡᠪᠬᠢᠲᠡᠶ ᠪᠠᠢ᠌ᠷᠢᠯᠠᠭᠤᠯᠤᠨ ᠨᠢᠭᠡᠳᠦᠯᠲᠡᠶ ᠲᠥᠯᠥᠪᠯᠡᠵᠦ᠂ ᠠᠵᠤ ᠦᠢᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ ᠲᠣᠭᠲᠠᠭᠤᠨ ᠪᠠᠢ᠌ᠬᠤ ᠵᠢ ᠲᠤᠯᠭ᠋ᠠᠭᠤᠷᠢᠯᠠᠬᠤ ᠬᠡᠷᠡᠭᠲᠡᠶ᠃
ᠬᠣᠶᠠᠷ᠎ᠲᠤ᠂ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠬᠥᠭᠵᠢᠭᠦᠯᠦᠨ᠎ᠡ᠃ ᠲᠤᠭᠲᠠᠯᠴᠠᠭ᠎ᠠ ᠤᠷᠤᠭᠰᠢᠲᠠᠶ ᠪᠣᠯ ᠠᠵᠢᠯᠯᠠᠭ᠋ᠠᠨ ᠤᠷᠤᠭᠰᠢᠲᠠᠶ᠂ ᠲᠣᠭᠲᠠᠴᠠ ᠠᠮᠢᠳᠤᠯᠢᠭ ᠪᠣᠯ ᠦᠷ᠎ᠡ ᠪᠦᠲᠦᠮᠵᠢ ᠥᠨᠳᠥᠷ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠪᠢᠳᠡ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠷᠢᠶᠡᠨ᠎ᠳᠤ ᠠᠯᠢ ᠤᠯᠠᠨ ᠥᠭᠡᠷᠡᠴᠢᠯᠡᠯᠲᠡ ᠵᠢ ᠪᠠᠢ᠌ᠷᠢᠯᠠᠭᠤᠯᠤᠨ ᠠᠬᠢᠭᠤᠯᠪᠠ᠂ ᠨᠠᠢ᠌ᠳᠠᠪᠤᠷᠢᠵᠢᠭᠤᠯᠤᠯᠲᠠ ᠵᠢ ᠦᠷᠭᠦᠯᠵᠢᠯᠡᠨ ᠰᠠᠢ᠌ᠲᠤᠷ ᠠᠳᠬᠤᠵᠤ᠂ ᠰᠢᠰᠲ᠋ᠧᠮ᠎ᠲᠠᠢ ᠡᠮᠬᠢᠳᠬᠡᠵᠦ᠂ ᠬᠠᠮᠵᠢᠯᠴᠠᠨ ᠠᠬᠢᠭᠤᠯᠬᠤ ᠵᠢ ᠪᠡᠶᠡᠯᠡᠭᠦᠯᠬᠦ ᠬᠡᠷᠡᠭᠲᠡᠢ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠲᠦᠷᠭᠡᠳᠬᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠠᠳᠠᠯᠢ ᠪᠤᠰᠤ ᠲᠦᠷᠦᠯ ᠬᠡᠯᠪᠡᠷᠢ ᠵᠢ ᠦᠨᠳᠦᠰᠦᠯᠡᠨ ᠤᠨᠤᠪᠴᠢᠲᠠᠢ᠎ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠳᠠᠨ᠎ᠤ ᠡᠵᠡᠨ ᠮᠡᠳᠡᠬᠦ ᠡᠷᠬᠡ ᠵᠢ ᠤᠯᠠᠮ ᠨᠢᠭᠡ ᠠᠯᠬᠤᠮ ᠥᠷᠭᠡᠳᠬᠡᠵᠦ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠡᠷᠬᠡ ᠠᠰᠢᠭ᠎ᠤᠨ ᠬᠤᠪᠢᠶᠠᠷᠢᠯᠠᠯᠲᠠ ᠵᠢᠨ ᠤᠷᠮᠠᠰᠢᠭᠤᠯᠬᠤ ᠲᠣᠭᠲᠠᠴᠠ ᠵᠢ ᠪᠠᠢ᠌ᠭᠤᠯᠤᠨ ᠪᠦᠷᠢᠨᠰᠢᠬᠦᠯᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠲᠦᠷᠢᠮ᠎ᠤᠨ ᠬᠡᠷᠡᠭᠯᠡᠯᠲᠡ ᠪᠠ ᠡᠷᠬᠡ ᠵᠢᠨ ᠡᠵᠡᠩᠨᠡᠯᠲᠡ ᠵᠢ ᠴᠢᠩᠭ᠋ᠠᠳᠬᠠᠵᠤ᠂ ᠰᠢᠨ᠎ᠡ ᠵᠢ ᠡᠭᠦᠳᠬᠦ ᠡᠯᠧᠮᠧᠨ᠋ᠲ᠎ᠤᠨ ᠪᠡᠶ᠎ᠡ᠎ᠪᠠᠨ ᠳᠠᠭ᠋ᠠᠭ᠋ᠠᠵᠤ ᠡᠮᠬᠢ ᠵᠢᠷᠤᠮ᠎ᠲᠠᠢ᠎ᠪᠠᠷ ᠰᠢᠯᠵᠢᠬᠦ᠂ ᠥᠨᠳᠥᠷ ᠪᠦᠲᠦᠮᠵᠢᠲᠡᠢ᠎ᠪᠠᠷ ᠲᠣᠬᠢᠷᠠᠭᠤᠯᠤᠭᠳᠠᠬᠤ ᠵᠢ ᠠᠬᠢᠭᠤᠯᠬᠤ ᠬᠡᠷᠡᠭᠲᠡᠢ᠃
ᠭᠤᠷᠪᠠ᠎ᠳᠤ᠂ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠰᠢᠯᠢᠳᠡᠭᠵᠢᠭᠦᠯᠦᠨ᠎ᠡ᠃ ᠣᠳᠣᠬᠠᠨ᠎ᠳᠤ᠂ ᠮᠠᠨ᠎ᠤ ᠤᠯᠤᠰ ᠶᠠᠭ ᠮᠡᠳᠡᠯᠭᠡ ᠵᠢᠨ ᠦᠮᠴᠢᠯᠡᠯ ᠤᠨ ᠡᠷᠬᠡ ᠵᠢ ᠣᠷᠣᠭᠤᠯᠬᠤ ᠲᠤᠮᠤ ᠤᠯᠤᠰ᠎ᠠᠴᠠ ᠮᠡᠳᠡᠯᠭᠡ ᠵᠢᠨ ᠦᠮᠴᠢᠯᠡᠯ ᠤᠨ ᠡᠷᠬᠡ ᠵᠢ ᠡᠭᠦᠳᠬᠦ ᠲᠤᠮᠤ ᠤᠯᠤᠰ ᠲᠡᠢ᠌ᠰᠢ ᠬᠤᠪᠢᠷᠠᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠠᠵᠢᠯ ᠶᠠᠭ ᠲᠣᠭ᠎ᠠ ᠬᠡᠮᠵᠢᠶ᠎ᠡ ᠵᠢ ᠬᠥᠭᠡᠭᠡᠴᠡᠯᠳᠦᠵᠦ ᠪᠠᠢ᠌ᠭᠰᠠᠨ᠎ᠠᠴᠠ᠎ᠪᠠᠨ ᠶᠠᠰᠤ ᠴᠢᠨᠠᠷ᠎ᠢ ᠳᠡᠭᠡᠭᠰᠢᠯᠡᠭᠦᠯᠬᠦ ᠲᠡᠢ᠌ᠰᠢ ᠬᠤᠪᠢᠷᠠᠵᠤ ᠪᠠᠢ᠌ᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠮᠡᠳᠡᠯᠭᠡ ᠵᠢᠨ ᠦᠮᠴᠢᠯᠡᠯ ᠤᠨ ᠡᠷᠬᠡ ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠴᠢᠨᠠᠷ ᠰᠠᠢ᠌ᠲᠠᠶ ᠬᠥᠭᠵᠢᠯᠲᠡ ᠵᠢᠨ ᠱᠠᠭ᠋ᠠᠷᠳᠠᠯᠭ᠎ᠠ ᠵᠢ ᠪᠠᠲᠤ ᠡᠵᠡᠮᠳᠡᠵᠦ᠂ ᠪᠠᠢ᠌ᠷᠢᠰᠢᠭᠤᠯᠤᠯᠲᠠ ᠵᠢ ᠲᠡᠷᠢᠭᠦᠨ᠎ᠳᠤ ᠲᠠᠯᠪᠢᠬᠤ᠂ ᠶᠠᠰᠤ ᠴᠢᠨᠠᠷ ᠵᠶ᠋ᠠᠷ ᠢᠯᠠᠯᠲᠠ ᠤᠯᠬᠤ ᠵᠢ ᠪᠠᠷᠢᠮᠲᠠᠯᠠᠵᠤ᠂ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠲᠣᠭᠣᠷᠢᠨ᠎ᠳᠤ ᠴᠢᠨᠠᠷ ᠰᠠᠢ᠌ᠲᠠᠶ ᠥᠨᠳᠥᠷ ᠥᠷᠲᠡᠭᠲᠦ ᠲᠤᠰᠬᠠᠶ ᠠᠰᠢᠭ᠎ᠤᠨ ᠬᠠᠮᠲᠤᠷᠠᠯᠢ ᠪᠣᠢ᠌ᠵᠢᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠰᠢᠨ᠎ᠡ ᠵᠢ ᠡᠭᠦᠳᠬᠦ ᠴᠢᠳᠠᠪᠤᠷᠢ᠂ ᠮᠡᠷᠭᠡᠵᠢᠯ᠎ᠤᠨ ᠵᠠᠬ᠎ᠠ ᠳᠡᠯᠭᠡᠭᠦᠷ᠎ᠤᠨ ᠠᠯᠤᠰ ᠢᠷᠡᠭᠡᠳᠦᠶ᠎ᠲᠠᠢ ᠵᠣᠬᠢᠴᠠᠯᠳᠤᠭᠰᠠᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ ᠵᠢ ᠪᠦᠷᠢᠯᠳᠦᠭᠦᠯᠦᠨ᠎ᠡ ᠃
ᠳᠥᠷᠪᠡ᠎ᠳᠤ᠂ ᠥᠨᠳᠥᠷ ᠪᠦᠲᠦᠮᠵᠢᠲᠡᠶ ᠬᠡᠷᠡᠭᠯᠡᠯᠲᠡ ᠵᠢ ᠴᠢᠩᠭ᠋ᠠᠳᠬᠠᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ ᠵᠢᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠠᠵᠢᠯ᠎ᠤᠨ ᠭᠣᠤᠯᠳᠠᠯᠭ᠎ᠠ ᠪᠣᠯ ᠬᠡᠷᠡᠭᠯᠡᠯᠲᠡ ᠪᠣᠯᠤᠨ᠎ᠠ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠡᠷᠡᠭᠯᠡᠯᠲᠡ ᠪᠣᠯ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ ᠵᠢᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠣᠳᠠᠲᠤ ᠦᠢᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠪᠦᠲᠦᠮᠵᠢᠲᠡᠶ ᠠᠷᠭ᠎ᠠ ᠮᠠᠶᠢᠭ ᠪᠣᠯᠤᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ᠎ᠨᠤᠭᠤᠳ ᠮᠡᠳᠡᠯᠭᠡ ᠵᠢᠨ ᠦᠮᠴᠢᠯᠡᠯ ᠤᠨ ᠡᠷᠬᠡ ᠵᠢᠨ ᠥᠨᠳᠥᠷ ᠦᠷ᠎ᠡ ᠪᠦᠲᠦᠮᠵᠢᠲᠡᠶ ᠬᠡᠷᠡᠭᠯᠡᠬᠦ ᠵᠢ ᠬᠦᠴᠦᠯᠡᠨ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠨ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ ᠵᠢᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠠᠵᠢᠯᠯᠠᠭ᠋ᠠᠨ᠎ᠤ ᠰᠢᠰᠲ᠋ᠧᠮᠵᠢ ᠵᠢ ᠪᠠᠢ᠌ᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ ᠬᠢᠭᠡᠳ ᠡᠯ᠎ᠡ ᠲᠥᠷᠥᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠪᠣᠯᠤᠨ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠭᠦᠨᠵᠡᠭᠡᠶ ᠬᠠᠮᠲᠤᠷᠠᠯᠴᠠᠭ᠎ᠠ ᠵᠢ ᠴᠢᠩᠭ᠋ᠠᠳᠬᠠᠨ᠂ ᠮᠡᠳᠡᠯᠭᠡ ᠵᠢᠨ ᠦᠮᠴᠢᠯᠡᠯ ᠤᠨ ᠡᠷᠬᠡ ᠵᠢ ᠤᠯᠠᠷᠢᠭᠤᠯᠤᠨ ᠬᠡᠷᠡᠭᠯᠡᠬᠦ ᠰᠢᠨ᠎ᠡ ᠵᠠᠭᠪᠤᠷ ᠰᠢᠨ᠎ᠡ ᠲᠣᠭᠲᠠᠴᠠ ᠵᠢ ᠪᠠᠢ᠌ᠭᠤᠯᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠬᠠᠮᠤᠭ᠎ᠤᠨ ᠶᠡᠬᠡ ᠪᠣᠯᠭ᠋ᠠᠬᠤ ᠵᠢ ᠪᠡᠶᠡᠯᠡᠭᠦᠯᠬᠦ ᠬᠡᠷᠡᠭᠲᠡᠶ᠃
ᠳᠥᠷᠪᠡ᠂ ᠭᠣᠤᠯ ᠠᠭᠤᠯᠭ᠎ᠠ
《ᠵᠢᠯᠣᠭᠣᠳᠬᠤ ᠰᠠᠨᠠᠯ》᠎ᠤᠨ ᠭᠣᠤᠯ ᠠᠭᠤᠯᠭ᠎ᠠ᠎ᠳᠤ ᠳᠥᠷᠪᠡᠨ ᠲᠠᠯ᠎ᠠ ᠵᠢᠨ ᠠᠷᠪᠠᠨ ᠬᠣᠶᠠᠷ ᠵᠤᠷᠪᠤᠰ ᠡᠭᠦᠷᠭᠡ ᠵᠢ ᠪᠠᠭᠲᠠᠭ᠋ᠠᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠡᠭᠦᠳᠦᠨ ᠪᠦᠲᠦᠭᠡᠬᠦ᠂ ᠬᠠᠮᠠᠭ᠋ᠠᠯᠠᠬᠤ᠂ ᠬᠡᠷᠡᠭᠯᠡᠬᠦ᠂ ᠬᠠᠮᠢᠶᠠᠷᠬᠤ ᠪᠠ ᠦᠢᠯᠡᠴᠢᠯᠡᠬᠦ ᠪᠥᠬᠥ ᠬᠡᠯᠬᠢᠶ᠎ᠡ ᠵᠢ ᠬᠠᠮᠤᠷᠴᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠠᠮᠠᠭ᠋ᠠᠯᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠤᠯᠠᠷᠢᠭᠤᠯᠤᠨ ᠬᠡᠷᠡᠭᠯᠡᠬᠦ ᠵᠢ ᠴᠢᠩᠭ᠋ᠠᠳᠬᠠᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠵᠦ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠠᠮᠢᠶᠠᠷᠤᠯᠲᠠ ᠪᠠ ᠠᠵᠢᠯᠯᠠᠭ᠋ᠠᠨ᠎ᠤ ᠲᠣᠭᠲᠠᠴᠠ ᠵᠢ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ᠃
ᠨᠢᠭᠡ᠎ᠳᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠤᠳᠤᠷᠢᠳᠤᠮᠵᠢ ᠵᠢ ᠪᠠᠷᠢᠮᠲᠠᠯᠠᠵᠤ᠂ ᠰᠢᠨ᠎ᠡ ᠵᠢ ᠡᠭᠦᠳᠬᠦ ᠪᠦᠬᠦ ᠶᠠᠪᠤᠴᠠ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ᠎ᠨᠤᠭᠤᠳ ᠮᠡᠳᠡᠯᠭᠡ ᠵᠢᠨ ᠦᠮᠴᠢᠯᠡᠯ ᠤᠨ ᠡᠷᠬᠡ ᠵᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠵᠢ ᠪᠠᠢ᠌ᠭᠤᠯᠵᠤ᠂ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠪᠠ ᠭᠣᠣᠯᠳᠠᠯᠭ᠎ᠠ᠎ᠲᠠᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠭᠦᠷᠭᠡ᠎ᠯᠦᠭᠡ ᠬᠠᠷᠢᠯᠴᠠᠨ ᠲᠣᠬᠢᠷᠠᠯᠴᠠᠭᠰᠠᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠤᠷᠲᠤᠪᠲᠤᠷ ᠪᠠ ᠤᠷᠲᠤ ᠬᠤᠭᠤᠴᠠᠭ᠋ᠠᠨ᠎ᠤ ᠬᠠᠷᠠᠯᠲᠠ ᠵᠢ ᠲᠣᠭᠲᠠᠭ᠋ᠠᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠰᠢᠯᠭ᠋ᠠᠨ ᠬᠢᠨᠠᠬᠤ ᠲᠣᠭᠲᠠᠴᠠ ᠵᠢ ᠥᠭᠡᠷᠡᠴᠢᠯᠡᠨ ᠲᠡᠭᠦᠯᠳᠡᠷᠵᠢᠭᠦᠯᠵᠦ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠠᠮᠢᠶᠠᠷᠤᠯᠲᠠ ᠵᠢ ᠰᠢᠨ᠎ᠡ ᠵᠢ ᠡᠭᠦᠳᠬᠦ ᠠᠵᠢᠯᠯᠠᠭ᠎ᠠ ᠵᠢᠨ ᠪᠦᠬᠦ ᠶᠠᠪᠤᠴᠠ᠎ᠳᠤ ᠭᠦᠨ ᠣᠷᠣᠭᠤᠯᠬᠤ ᠵᠢ ᠠᠬᠢᠭᠤᠯᠬᠤ ᠬᠡᠷᠡᠭᠲᠡᠶ; ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢᠯ᠎ᠤᠨ ᠲᠤᠰᠬᠠᠶ ᠠᠰᠢᠭ᠎ᠤᠨ ᠠᠶᠠᠯᠠᠯ ᠵᠠᠯᠠᠬᠤ ᠵᠢ ᠭᠦᠨᠵᠡᠭᠡᠶ ᠥᠷᠨᠢᠭᠦᠯᠵᠦ᠂ ᠰᠢᠨ᠎ᠡ ᠵᠢ ᠡᠭᠦᠳᠬᠦ ᠡᠬᠢᠯᠡᠯᠲᠡ ᠵᠢᠨ ᠴᠡᠭ᠎ᠤᠨ ᠳᠡᠭᠡᠭᠰᠢᠯᠡᠯᠲᠡ᠂ ᠰᠢᠨ᠎ᠡ ᠵᠢ ᠡᠭᠦᠳᠬᠦ ᠦᠷ᠎ᠡ ᠠᠰᠢᠭ᠎ᠤᠨ ᠳᠡᠭᠡᠭᠰᠢᠯᠡᠯᠲᠡ᠂ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠪᠦᠲᠦᠮᠵᠢᠲᠡᠶ ᠲᠣᠬᠢᠷᠠᠭᠤᠯᠤᠯᠲᠠ ᠵᠢ ᠠᠬᠢᠭᠤᠯᠤᠨ᠎ᠠ; ᠲᠤᠰᠬᠠᠶ ᠠᠰᠢᠭ ᠭᠤᠶᠤᠴᠢᠯᠠᠬᠤ᠎ᠠᠴᠠ ᠡᠮᠦᠨ᠎ᠡ ᠦᠨᠡᠯᠡᠨ ᠵᠢᠱ᠌ᠢᠬᠦ ᠲᠦᠷᠢᠮ᠎ᠢ ᠪᠠᠢ᠌ᠭᠤᠯᠵᠤ᠂ ᠲᠤᠰᠬᠠᠶ ᠠᠰᠢᠭ᠎ᠤᠨ ᠶᠠᠰᠤ ᠴᠢᠨᠠᠷ᠎ᠢ ᠦᠨᠡᠨ ᠬᠦ᠌ ᠳᠡᠭᠡᠭᠰᠢᠯᠡᠭᠦᠯᠬᠦ ᠵᠡᠷᠭᠡ ᠪᠣᠯᠤᠨ᠎ᠠ᠃
ᠬᠣᠶᠠᠷ᠎ᠲᠤ᠂ ᠮᠡᠳᠡᠯᠭᠡ ᠵᠢᠨ ᠦᠮᠴᠢᠯᠡᠯ ᠤᠨ ᠡᠷᠬᠡ ᠵᠢ ᠬᠡᠷᠡᠭᠯᠡᠬᠦ ᠡᠷᠴᠢᠮ᠎ᠢ ᠴᠢᠩᠭ᠋ᠠᠷᠠᠭᠤᠯᠵᠤ᠂ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠠᠬᠢᠭᠤᠯᠤᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ᠎ᠨᠤᠭᠤᠳ ᠮᠡᠳᠡᠯᠭᠡ ᠵᠢᠨ ᠦᠮᠴᠢᠯᠡᠯ ᠤᠨ ᠡᠷᠬᠡ ᠵᠢᠨ ᠡᠷᠬᠡ ᠠᠰᠢᠭ᠎ᠤᠨ ᠬᠤᠪᠢᠶᠠᠷᠢᠯᠠᠯᠲᠠ ᠵᠢᠨ ᠥᠭᠡᠷᠡᠴᠢᠯᠡᠯᠲᠡ ᠵᠢ ᠢᠳᠡᠪᠬᠢᠲᠡᠶ ᠰᠦᠪᠡᠭᠴᠢᠯᠡᠵᠦ᠂ ᠡᠭᠦᠳᠦᠭᠴᠢ ᠪᠤᠶᠤ ᠵᠢᠷᠤᠭ ᠲᠥᠯᠥᠪᠯᠡᠭᠴᠢ᠎ᠳᠤ ᠰᠢᠨ᠎ᠡ ᠵᠢ ᠡᠭᠦᠳᠦᠭᠰᠡᠨ ᠠᠰᠢᠭ ᠣᠯᠵᠠᠪᠤᠷᠢ ᠵᠢ ᠵᠦᠶ ᠵᠣᠬᠢᠰᠲᠠᠶ ᠬᠤᠪᠢᠶᠠᠨ ᠡᠳ᠋ᠯᠡᠭᠦᠯᠬᠦ ᠬᠡᠷᠡᠭᠲᠡᠶ; ᠮᠡᠳᠡᠯᠭᠡ ᠵᠢᠨ ᠦᠮᠴᠢᠯᠡᠯ ᠤᠨ ᠡᠷᠬᠡ ᠵᠢᠨ ᠠᠵᠢᠯᠯᠠᠭ᠋ᠠᠨ᠎ᠤ ᠵᠠᠭᠪᠤᠷ ᠪᠠ ᠲᠤᠰᠬᠠᠶ ᠠᠰᠢᠭ᠎ᠤᠨ ᠨᠡᠭᠡᠭᠡᠯᠲᠡ ᠬᠢᠬᠦ ᠵᠢ ᠵᠥᠪᠰᠢᠶᠡᠷᠡᠬᠦ ᠵᠢ ᠰᠦᠪᠡᠭᠴᠢᠯᠡᠵᠦ᠂ ᠮᠡᠳᠡᠯᠭᠡ ᠵᠢᠨ ᠦᠮᠴᠢᠯᠡᠯ ᠤᠨ ᠡᠷᠬᠡ ᠵᠢ ᠤᠯᠠᠷᠢᠭᠤᠯᠤᠨ ᠬᠡᠷᠡᠭᠯᠡᠬᠦ ᠵᠢ ᠥᠷᠨᠢᠭᠦᠯᠬᠦ ᠵᠢ ᠠᠬᠢᠭᠤᠯᠬᠤ ᠬᠡᠷᠡᠭᠲᠡᠶ; ᠭᠣᠣᠯᠳᠠᠯᠭ᠎ᠠ᠎ᠲᠠᠢ ᠬᠦᠷᠢᠶᠡᠨ᠎ᠳᠠᠬᠢ ᠭᠠᠳᠠᠭ᠋ᠠᠳᠤ᠎ᠳᠠᠬᠢ ᠲᠤᠰᠬᠠᠢ ᠠᠰᠢᠭ᠎ᠤᠨ ᠪᠠᠢ᠌ᠷᠢᠯᠠᠭᠤᠯᠤᠯᠲᠠ ᠵᠢ ᠰᠠᠢ᠌ᠲᠤᠷ ᠬᠢᠵᠦ᠂ ᠭᠠᠳᠠᠭ᠋ᠠᠳᠤ᠎ᠳᠠᠬᠢ ᠲᠠᠸᠠᠷ᠎ᠤᠨ ᠲᠡᠮᠳᠡᠭᠲᠦ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠳᠡᠯᠡᠬᠡᠢ ᠳᠡᠭᠡᠷᠡᠬᠢ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ᠃
ᠭᠤᠷᠪᠠ᠎ᠳᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠠᠵᠤ ᠦᠢ᠍ᠯᠡᠰ᠎ᠤᠨ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ᠎ᠢ ᠪᠠᠲᠤᠯᠠᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ᠎ᠨᠤᠭᠤᠳ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ᠎ᠤ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠨᠡᠢ᠌ᠲᠡᠯᠡᠬᠦ ᠳᠦᠷᠢᠮ᠎ᠢ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠤᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠠᠮᠢᠶᠠᠷᠤᠯᠲᠠ ᠬᠢᠭᠡᠳ ᠦᠢ᠍ᠯᠡᠴᠢᠯᠡᠭᠡ ᠵᠢ ᠡᠬᠢ ᠡᠭᠦᠰᠦᠯ᠎ᠠᠴᠠ᠎ᠨᠢ ᠴᠢᠩᠭ᠋ᠠᠳᠬᠠᠬᠤ ᠬᠡᠷᠡᠭᠲᠡᠶ; ᠮᠡᠳᠡᠯᠭᠡ ᠵᠢᠨ ᠦᠮᠴᠢᠯᠡᠯ ᠤᠨ ᠡᠷᠬᠡ ᠵᠢ ᠲᠣᠭᠲᠠᠭ᠋ᠠᠯ᠎ᠳᠤ ᠨᠡᠢ᠌ᠴᠡᠭᠦᠯᠦᠨ ᠬᠡᠷᠡᠭᠯᠡᠬᠦ ᠡᠷᠴᠢᠮ᠎ᠢ ᠴᠢᠩᠭ᠋ᠠᠷᠠᠭᠤᠯᠵᠤ᠂ ᠭᠡᠷ᠎ᠡ᠎ᠳᠠᠬᠢ ᠮᠡᠳᠡᠯᠭᠡ ᠵᠢᠨ ᠦᠮᠴᠢᠯᠡᠯ ᠤᠨ ᠡᠷᠬᠡ ᠵᠢᠨ ᠵᠦᠢᠯ ᠵᠤᠷᠪᠤᠰ᠎ᠢ ᠬᠢᠨᠠᠨ ᠪᠠᠢ᠌ᠴᠠᠭ᠋ᠠᠬᠤ ᠵᠢ ᠴᠢᠩᠭ᠋ᠠᠳᠬᠠᠨ᠂ ᠭᠡᠷ᠎ᠡ ᠵᠢᠨ ᠲᠤᠰᠬᠠᠢ᠌ᠵᠢᠭᠰᠠᠨ ᠬᠢᠷᠢ ᠬᠡᠮᠵᠢᠶ᠎ᠡ ᠪᠠ ᠬᠠᠤᠯᠢ ᠴᠠᠭ᠋ᠠᠵᠠ ᠵᠢᠨ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ; ᠮᠡᠳᠡᠯᠭᠡ ᠵᠢᠨ ᠦᠮᠴᠢᠯᠡᠯ ᠤᠨ ᠡᠷᠬᠡ ᠵᠢᠨ ᠲᠦᠭᠰᠢᠭᠦᠷᠢ ᠵᠢᠨ ᠬᠠᠮᠢᠶᠠᠷᠤᠯᠲᠠ ᠵᠢᠨ ᠳᠦᠷᠢᠮ᠎ᠢ ᠪᠦᠷᠢᠨᠰᠢᠬᠦᠯᠵᠦ᠂ ᠡᠷᠳᠡᠮ ᠰᠢᠨᠵᠢᠯᠡᠭᠡᠨ᠎ᠤ ᠠᠵᠢᠯᠲᠠᠨ᠎ᠤ ᠮᠡᠳᠡᠯᠭᠡ ᠵᠢᠨ ᠦᠮᠴᠢᠯᠡᠯ ᠤᠨ ᠡᠷᠬᠡ ᠵᠢᠨ ᠲᠦᠭᠰᠢᠭᠦᠷᠢ ᠵᠢ ᠰᠡᠷᠭᠡᠢ᠌ᠯᠡᠬᠦ ᠦᠵᠡᠯ ᠤᠬᠠᠮᠰᠠᠷ᠎ᠢ ᠳᠡᠭᠡᠭᠰᠢᠯᠡᠭᠦᠯᠦᠨ᠎ᠡ᠃
ᠲᠦᠷᠪᠡ᠎ᠳᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶᠠᠷᠤᠯᠲᠠ ᠪᠣᠯᠤᠨ ᠡᠵᠡᠩᠨᠡᠯᠲᠡ ᠵᠢᠨ ᠲᠣᠭᠲᠠᠴᠠ ᠵᠢ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠬᠤ ᠬᠡᠷᠡᠭᠲᠡᠢ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ᠎ᠨᠤᠭᠤᠳ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠠᠮᠢᠶᠠᠷᠤᠯᠲᠠ ᠵᠢᠨ ᠰᠢᠰᠲ᠋ᠧᠮᠵᠢ ᠵᠢᠨ ᠪᠠᠢ᠌ᠭᠤᠯᠤᠯᠲᠠ᠎ᠪᠠᠨ ᠴᠢᠩᠭ᠋ᠠᠳᠬᠠᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠢᠶᠠᠷᠤᠯᠲᠠ ᠵᠢᠨ ᠲᠣᠭᠲᠠᠴᠠ ᠵᠢᠨ ᠪᠠᠢ᠌ᠭᠤᠯᠤᠯᠲᠠ᠎ᠪᠠᠨ ᠴᠢᠩᠭ᠋ᠠᠳᠬᠠᠬᠤ ᠬᠡᠷᠡᠭᠲᠡᠶ; ᠮᠡᠳᠡᠯᠭᠡ ᠵᠢᠨ ᠦᠮᠴᠢᠯᠡᠯ ᠤᠨ ᠡᠷᠬᠡ ᠵᠢᠨ ᠴᠢᠳᠠᠪᠤᠷᠢᠲᠠᠨ ᠬᠥᠮᠦᠵᠢᠭᠦᠯᠬᠦ ᠡᠷᠴᠢᠮ᠎ᠢ ᠴᠢᠩᠭ᠋ᠠᠷᠠᠭᠤᠯᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠴᠢᠳᠠᠪᠤᠷᠢᠲᠠᠨ᠎ᠤ ᠰᠢᠰᠲ᠋ᠧᠮᠵᠢ ᠵᠢ ᠪᠦᠷᠢᠨᠰᠢᠭᠦᠯᠦᠨ᠎ᠡ; ᠣᠯᠠᠨ ᠲᠠᠯ᠎ᠠ᠎ᠠᠴᠠ ᠣᠷᠣᠭᠤᠯᠤᠭᠰᠠᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠬᠠᠮᠢᠶᠠᠷᠤᠯᠲᠠ ᠪᠠ ᠡᠵᠡᠩᠨᠡᠯᠲᠡ ᠵᠢᠨ ᠰᠠᠭᠤᠷᠢ ᠮᠥᠩᠭᠥ ᠵᠢ ᠰᠦᠪᠡᠭᠴᠢᠯᠡᠨ ᠪᠠᠢ᠌ᠭᠤᠯᠵᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠡᠭᠦᠳᠬᠦ᠂ ᠬᠡᠷᠡᠭᠯᠡᠬᠦ᠂ ᠬᠠᠮᠠᠭ᠋ᠠᠯᠠᠬᠤ᠂ ᠬᠠᠮᠢᠶᠠᠷᠬᠤ ᠵᠢ ᠳᠡᠮᠵᠢᠬᠦ ᠪᠥᠬᠥ ᠬᠡᠯᠬᠢᠶᠡᠰᠦ ᠵᠢᠨ ᠦᠨᠳᠦᠰᠦᠨ ᠪᠠᠲᠤᠯᠠᠭ᠎ᠠ ᠵᠢ ᠪᠦᠷᠢᠯᠳᠦᠭᠦᠯᠦᠨ᠎ᠡ᠃
ᠲᠠᠪᠤ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ
《ᠵᠢᠯᠣᠭᠣᠳᠬᠤ ᠰᠠᠨᠠᠯ》᠎ᠨᠢ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ᠂ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠬᠤ ᠵᠢ ᠴᠢᠩᠭ᠋ᠠᠳᠬᠠᠬᠤ᠂ ᠬᠢᠨᠠᠨ ᠰᠢᠯᠭ᠋ᠠᠵᠤ ᠬᠢᠨᠠᠨ ᠬᠡᠮᠵᠢᠬᠦ ᠵᠢ ᠲᠡᠭᠦᠯᠳᠡᠷᠵᠢᠭᠦᠯᠬᠦ ᠪᠠ ᠤᠯᠠᠷᠢᠭᠤᠯᠬᠤ ᠠᠷᠭ᠎ᠠ ᠵᠠᠮ᠎ᠢ ᠥᠷᠭᠡᠳᠬᠡᠬᠦ ᠳᠥᠷᠪᠡᠨ ᠲᠠᠯ᠎ᠠ᠎ᠪᠠᠷ ᠳᠠᠮᠵᠢᠭᠤᠯᠤᠨ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠪᠠ᠃
ᠨᠢᠭᠡ᠎ᠳᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ ᠪᠣᠯᠤᠨ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ ᠲᠣᠭᠲᠠᠮᠠᠯ ᠬᠤᠭᠤᠴᠠᠭ᠎ᠠ᠎ᠲᠠᠢ᠎ᠪᠠᠷ ᠨᠡᠪᠲᠡᠷᠡᠯᠴᠡᠬᠦ ᠲᠣᠭᠲᠠᠴᠠ ᠵᠢ ᠪᠠᠢ᠌ᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠣᠨᠳᠣᠤᠰᠢᠭᠤᠯᠤᠨ ᠬᠡᠷᠡᠭᠯᠡᠬᠦ ᠪᠠ ᠴᠢᠨᠠᠷ ᠰᠠᠢ᠌ᠲᠠᠶ ᠬᠥᠭᠵᠢᠯᠲᠡ ᠵᠢ ᠵᠢᠯᠣᠭᠣᠳᠬᠤ᠎ᠪᠠᠨ ᠴᠢᠩᠭ᠋ᠠᠳᠬᠠᠨ᠎ᠠ᠃ ᠡᠯ᠎ᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠤᠪᠢᠷᠠᠭᠤᠯᠤᠯᠲᠠ ᠵᠢ ᠠᠬᠢᠭᠤᠯᠬᠤ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠬᠦ ᠬᠡᠷᠡᠭᠲᠡᠢ᠃
ᠬᠣᠶᠠᠷ᠎ᠲᠤ᠂ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠬᠤ ᠵᠢ ᠴᠢᠩᠭ᠋ᠠᠳᠬᠠᠨ᠎ᠠ᠃ ᠲᠤᠰᠬᠠᠶ ᠠᠰᠢᠭ᠎ᠢ ᠬᠢᠨᠠᠨ ᠪᠠᠢ᠌ᠴᠠᠭ᠋ᠠᠬᠤ᠂ ᠲᠤᠰᠬᠠᠶ ᠠᠰᠢᠭ᠎ᠤᠨ ᠠᠶᠠᠯᠠᠯ ᠵᠠᠯᠠᠬᠤ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠡᠵᠡᠩᠨᠡᠯᠲᠡ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠮᠡᠳᠡᠭᠡ ᠵᠠᠩᠭᠢ ᠵᠢᠨ ᠦᠢᠯᠡᠴᠢᠯᠡᠭᠡ᠂ ᠮᠡᠳᠡᠯᠭᠡ ᠵᠢᠨ ᠦᠮᠴᠢᠯᠡᠯ ᠤᠨ ᠡᠷᠬᠡ ᠵᠢᠨ ᠲ᠋ᠤᠰᠬᠠᠢ ᠠᠵᠢᠯᠲᠠᠨ ᠵᠢ ᠬᠢᠨᠠᠨ ᠲᠣᠭᠲᠠᠭ᠋ᠠᠬᠤ ᠵᠡᠷᠭᠡ ᠲᠠᠯ᠎ᠠ᠎ᠪᠠᠷ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠬᠤ ᠬᠡᠷᠡᠭᠲᠡᠶ᠃
ᠭᠤᠷᠪᠠ᠎ᠳᠤ᠂ ᠦᠨᠡᠯᠡᠨ ᠰᠢᠯᠭ᠋ᠠᠵᠤ ᠬᠢᠨᠠᠨ ᠪᠠᠢ᠌ᠴᠠᠭ᠋ᠠᠬᠤ ᠵᠢ ᠲᠡᠭᠦᠯᠳᠡᠷᠵᠢᠭᠦᠯᠦᠨ᠎ᠡ᠃ ᠤᠯᠤᠰ᠎ᠤᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠲᠣᠪᠴᠢᠶ᠎ᠠ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ ᠪᠣᠯᠤᠨ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ᠎ᠠᠴᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠲᠤᠰᠬᠠᠶ ᠠᠰᠢᠭ᠎ᠤᠨ ᠤᠯᠠᠷᠢᠭᠤᠯᠤᠯᠲᠠ ᠵᠢ ᠬᠡᠷᠡᠭᠵᠢᠭᠦᠯᠦᠭᠰᠡᠨ ᠪᠠᠢ᠌ᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠲᠡᠯᠡᠵᠦ᠂ ᠲᠤᠰᠬᠠᠶ ᠠᠰᠢᠭ᠎ᠤᠨ ᠬᠡᠷᠡᠭᠯᠡᠯᠲᠡ ᠵᠢᠨ ᠪᠠᠢ᠌ᠳᠠᠯ᠎ᠢ ᠬᠢᠨᠠᠨ ᠬᠡᠮᠵᠢᠨ᠎ᠡ᠃ ᠡᠯ᠎ᠡ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ᠎ᠨᠤᠭᠤᠳ ᠮᠡᠳᠡᠯᠭᠡ ᠵᠢᠨ ᠦᠮᠴᠢᠯᠡᠯ ᠤᠨ ᠡᠷᠬᠡ ᠵᠢ ᠤᠯᠠᠷᠢᠭᠤᠯᠤᠨ ᠬᠡᠷᠡᠭᠯᠡᠬᠦ ᠵᠢ ᠪᠦᠷᠢᠳᠬᠡᠨ ᠳᠠᠩᠰᠠᠯᠠᠬᠤ ᠵᠢ ᠰᠠᠢ᠌ᠲᠤᠷ ᠬᠢᠵᠦ᠂ ᠲᠤᠰᠬᠠᠶ ᠠᠰᠢᠭ᠎ᠤᠨ ᠶᠠᠰᠤ ᠴᠢᠨᠠᠷ ᠪᠠ ᠤᠯᠠᠷᠢᠭᠤᠯᠬᠤ ᠠᠵᠢᠯ᠎ᠤᠨ ᠠᠮᠵᠢᠯᠲᠠ ᠪᠦᠲᠦᠮᠵᠢ᠎ᠪᠠᠷ ᠤᠳᠤᠷᠢᠳᠤᠮᠵᠢ ᠪᠣᠯᠭ᠋ᠠᠬᠤ ᠵᠢ ᠴᠢᠩᠭ᠋ᠠᠷᠠᠭᠤᠯᠤᠨ᠎ᠠ᠃
ᠳᠥᠷᠪᠡ᠎ᠳᠤ᠂ ᠤᠯᠠᠷᠢᠭᠤᠯᠬᠤ ᠠᠷᠭ᠎ᠠ ᠵᠠᠮ᠎ᠢ ᠥᠷᠭᠡᠳᠬᠡᠨ᠎ᠡ᠃ ᠤᠯᠤᠰ᠎ᠤᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠠᠵᠢᠯᠯᠠᠭ᠋ᠠᠨ᠎ᠤ ᠦᠢᠯᠡᠴᠢᠯᠡᠭᠡᠨ᠎ᠤ ᠰᠢᠰᠲ᠋ᠧᠮᠵᠢ ᠵᠢ ᠭᠦᠢᠴᠡᠳ ᠠᠰᠢᠭᠯᠠᠨ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠡᠢ᠌ᠭᠡᠮᠯᠢᠭ᠎ᠤᠨ《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠰᠢᠨ᠎ᠡ ᠵᠢ ᠡᠭᠦᠳᠬᠦ ᠳᠤᠮᠳᠠᠳᠤ ᠤᠯᠤᠰ》᠂ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢᠱ᠌ᠢᠶ᠎ᠡ ᠦᠵᠡᠭᠦᠯᠬᠦ ᠣᠷᠣᠨ ᠵᠡᠷᠭᠡ ᠮᠡᠳᠡᠯᠭᠡ ᠵᠢᠨ ᠦᠮᠴᠢᠯᠡᠯ ᠤᠨ ᠡᠷᠬᠡ ᠵᠢ ᠤᠯᠠᠷᠢᠭᠤᠯᠤᠨ ᠬᠡᠷᠡᠭᠯᠡᠬᠦ ᠬᠠᠮᠲᠤᠷᠠᠯᠴᠠᠭ᠎ᠠ ᠥᠷᠨᠢᠭᠦᠯᠦᠨ᠎ᠡ᠃ ᠪᠥᠬᠥ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠣᠯᠪᠣᠭ᠎ᠠ᠎ᠳᠤ ᠲᠦᠰᠢᠭᠯᠡᠨ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠢ᠌ᠭᠤᠯᠤᠯᠲᠠ ᠵᠢᠨ ᠣᠨᠴᠠᠯᠢᠭᠲᠤ ᠨᠡᠢ᠌ᠴᠡᠭᠰᠡᠨ ᠮᠡᠳᠡᠯᠭᠡ ᠵᠢᠨ ᠦᠮᠴᠢᠯᠡᠯ ᠤᠨ ᠡᠷᠬᠡ ᠵᠢᠨ ᠠᠵᠢᠯᠯᠠᠭ᠋ᠠᠨ᠎ᠤ ᠵᠠᠭᠪᠤᠷ᠎ᠢ ᠰᠦᠪᠡᠭᠴᠢᠯᠡᠵᠦ᠂ ᠮᠡᠳᠡᠯᠭᠡ ᠵᠢᠨ ᠦᠮᠴᠢᠯᠡᠯ ᠤᠨ ᠡᠷᠬᠡ ᠵᠢ ᠤᠯᠠᠷᠢᠭᠤᠯᠤᠨ ᠬᠡᠷᠡᠭᠯᠡᠬᠦ ᠵᠢ ᠠᠬᠢᠭᠤᠯᠬᠤ ᠬᠡᠷᠡᠭᠲᠡᠶ᠃