ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠵᠢᠯᠣᠭᠣᠳᠬᠤ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-06-29


        ᠨᠢᠭᠡ᠂ ᠨᠡᠢ᠌ᠲᠡᠯᠡᠭᠰᠡᠨ ᠣᠷᠴᠢᠨ ᠨᠦᠬᠦᠴᠡᠯ


        ᠭᠠᠵᠠᠷ ᠵᠦᠶ ᠵᠢᠨ ᠰᠢᠨᠵᠢ ᠲᠡᠮᠳᠡᠭ ᠪᠣᠯ ᠮᠡᠳᠡᠯᠭᠡ ᠵᠢᠨ ᠦᠮᠴᠢᠯᠡᠯ᠎ᠤᠨ ᠡᠷᠬᠡ ᠵᠢᠨ   ᠴᠢᠬᠤᠯᠠ ᠲᠥᠷᠥᠯ ᠬᠡᠯᠪᠡᠷᠢ ᠮᠥᠨ᠂ ᠣᠷᠣᠨ ᠪᠦᠰᠡ ᠵᠢᠨ ᠣᠨᠴᠠᠯᠢᠭᠲᠤ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ ᠪᠦᠲᠦᠮᠵᠢᠲᠡᠶ ᠠᠴᠢᠶᠠᠯᠠᠪᠤᠷᠢ ᠮᠥᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠦᠴᠦᠲᠡᠶ ᠲᠤᠯᠭ᠋ᠠᠭᠤᠷᠢᠯᠠᠯ ᠮᠥᠨ᠂ ᠭᠠᠳᠠᠭ᠋ᠠᠳᠤ ᠠᠷᠠᠯᠵᠢᠶ᠎ᠠ ᠭᠠᠳᠠᠭ᠋ᠠᠳᠤ ᠬᠠᠷᠢᠯᠴᠠᠭ᠎ᠠ ᠵᠢ ᠠᠬᠢᠭᠤᠯᠬᠤ ᠴᠢᠬᠤᠯᠠ ᠬᠦᠷᠢᠶ᠎ᠡ ᠮᠥᠨ᠂ ᠤᠯᠠᠮᠵᠢᠯᠠᠯᠲᠤ ᠰᠢᠯᠢᠳᠡᠭ ᠰᠣᠶᠣᠯ᠎ᠢ ᠬᠠᠮᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ ᠰᠢᠨ᠎ᠡ ᠰᠣᠷᠭᠣᠭ ᠠᠴᠢᠶᠠᠯᠠᠭᠴᠢ ᠮᠥᠨ᠂ ᠪᠠᠰᠠ ᠴᠤ᠌ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠳᠤ ᠣᠷᠣᠯᠴᠠᠬᠤ ᠴᠢᠬᠤᠯᠠ ᠡᠬᠢ ᠪᠠᠶᠠᠯᠢᠭ ᠮᠥᠨ  ᠃ ᠮᠠᠨ᠎ᠤ ᠤᠯᠤᠰ᠎ᠤᠨ ᠲᠡᠦᠬᠡ ᠥᠨᠢ ᠤᠳᠠᠭ᠋ᠠᠨ᠂ ᠰᠣᠶᠣᠯ ᠭᠦᠨ ᠵᠤᠵᠠᠭ᠋ᠠᠨ᠂ ᠭᠠᠵᠠᠷ ᠵᠦᠶ ᠵᠢᠨ ᠰᠢᠨᠵᠢ ᠲᠡᠮᠳᠡᠭ᠎ᠤᠨ ᠡᠬᠢ ᠪᠠᠶᠠᠯᠢᠭ ᠡᠯᠪᠡᠭ ᠪᠠᠶᠠᠯᠢᠭ ᠶᠤᠮ  ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠠᠭ᠋ᠠᠯᠠᠬᠤ ᠠᠵᠢᠯ᠎ᠳᠤ ᠠᠯᠢ ᠣᠯᠠᠨ ᠴᠢᠬᠤᠯᠠ ᠪᠠᠢ᠌ᠷᠢᠯᠠᠭᠤᠯᠤᠯᠲᠠ ᠬᠢᠪᠠ  ᠃
     2018 ᠣᠨ᠎ᠤ《ᠨᠠᠮ ᠪᠠ ᠲᠥᠷᠥ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠥᠰᠦᠯ》ᠵᠢᠴᠢ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ᠎ᠠᠴᠠ ᠪᠠᠲᠤᠯᠠᠭᠰᠠᠨ《ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》᠎ᠳᠤ᠂ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠣᠪᠴᠢᠶ᠎ᠠ᠎ᠠᠴᠠ ᠣᠭ ᠭᠠᠷᠤᠯᠲᠠ ᠵᠢᠨ ᠣᠷᠣᠨ᠎ᠤ ᠭᠠᠵᠠᠷ ᠵᠦᠶ ᠵᠢᠨ ᠰᠢᠨᠵᠢ ᠲᠡᠮᠳᠡᠭ᠎ᠢ ᠳᠡᠩᠰᠡᠯᠡᠨ ᠲᠡᠮᠳᠡᠭᠯᠡᠬᠦ ᠪᠠ ᠵᠠᠰᠠᠭ ᠵᠠᠬᠢᠷᠭ᠋ᠠᠨ᠎ᠤ ᠲᠠᠰᠤᠯᠤᠯᠲᠠ ᠬᠢᠬᠦ ᠵᠢ ᠬᠠᠷᠢᠭᠤᠴᠠᠵᠤ᠂ ᠨᠢᠭᠡᠳᠦᠯᠲᠡᠶ ᠮᠠᠭ᠋ᠠᠳᠯᠠᠨ ᠲᠣᠭᠲᠠᠭ᠋ᠠᠬᠤ ᠲᠦᠷᠢᠮ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠭᠠᠵᠠᠷ ᠵᠦᠶ ᠵᠢᠨ ᠰᠢᠨᠵᠢ ᠲᠡᠮᠳᠡᠭ᠎ᠢ ᠪᠦᠲᠦᠮᠵᠢᠲᠡᠶ ᠬᠠᠮᠠᠭ᠋ᠠᠯᠠᠬᠤ᠎ᠳᠤ ᠪᠠᠢ᠌ᠭᠤᠯᠤᠯ ᠲᠣᠭᠲᠠᠴᠠ ᠵᠢᠨ ᠰᠠᠭᠤᠷᠢ ᠵᠢ ᠲᠠᠯᠪᠢᠵᠤ ᠥᠭᠴᠡᠶ᠃ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠣᠪᠴᠢᠶ᠎ᠠ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠴᠢᠬᠤᠯᠠ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠡᠷᠡᠰ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠨᠢᠭᠡᠳᠦᠯᠲᠡᠶ ᠭᠥᠯᠢᠶᠡᠨ ᠠᠪᠬᠤ ᠰᠤᠪᠠᠭ᠂ ᠨᠢᠭᠡᠳᠦᠯᠲᠡᠶ ᠲᠤᠰᠬᠠᠶ ᠬᠡᠷᠡᠭᠯᠡᠬᠦ ᠲᠡᠮᠳᠡᠭ᠂ ᠨᠢᠭᠡᠳᠦᠯᠲᠡᠶ ᠠᠯᠪᠠᠨ ᠵᠠᠷ ᠨᠡᠢ᠌ᠲᠡᠯᠡᠬᠦ᠂ ᠨᠢᠭᠡᠳᠦᠯᠲᠡᠶ ᠬᠠᠮᠠᠭ᠋ᠠᠯᠠᠵᠤ ᠬᠢᠨᠠᠨ ᠬᠠᠮᠢᠶᠠᠷᠬᠤ᠂ ᠨᠢᠭᠡᠳᠦᠯᠲᠡᠶ᠎ᠪᠠᠷ ᠭᠠᠳᠠᠭ᠋ᠠᠳᠤ᠎ᠲᠠᠢ ᠬᠠᠮᠲᠤᠷᠠᠯᠴᠠᠬᠤ ᠵᠡᠷᠭᠡ ᠡᠯ᠎ᠡ ᠵᠦᠢᠯ᠎ᠤᠨ ᠠᠵᠢᠯ᠎ᠢ ᠢᠳᠡᠪᠬᠢᠲᠡᠶ ᠪᠥᠭᠡᠳ ᠯᠠᠪᠳᠠᠭᠤᠨ ᠵᠶ᠋ᠠᠷ ᠠᠬᠢᠭᠤᠯᠬᠤ ᠬᠡᠷᠡᠭᠲᠡᠶ  ᠃ 2021 ᠣᠨ᠎ᠤ 4 ᠰᠠᠷ᠎ᠠ ᠵᠢᠨ ᠰᠡᠭᠦᠯᠴᠢ ᠪᠣᠯᠲᠠᠯ᠎ᠠ᠂ ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠮᠠᠭ᠋ᠠᠯᠠᠯᠲᠠ ᠵᠢᠨ ᠦᠢᠯᠡᠳᠬᠦᠨ᠎ᠢ ᠨᠡᠢ᠌ᠲᠡ 2475  ᠂ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠲᠤ ᠵᠢᠨ ᠲᠠᠸᠠᠷ᠎ᠤᠨ ᠲᠡᠮᠳᠡᠭ᠂ ᠭᠡᠷᠡᠴᠢ ᠲᠠᠸᠠᠷ᠎ᠤᠨ ᠲᠡᠮᠳᠡᠭ 6295 ᠳᠠᠩᠰᠠᠯᠠᠭᠤᠯᠵᠤ᠂ ᠲᠤᠰᠬᠠᠶ ᠲᠡᠮᠳᠡᠭ ᠬᠡᠷᠡᠭᠯᠡᠬᠦ ᠵᠠᠬ᠎ᠠ ᠳᠡᠯᠭᠡᠭᠦᠷ᠎ᠤᠨ ᠭᠣᠤᠯ ᠴᠣᠭᠴᠠ 11497   ᠬᠢᠨᠠᠨ ᠵᠥᠪᠰᠢᠶᠡᠷᠡᠵᠦ᠂ ᠤᠯᠤᠰ᠎ᠤᠨ ᠭᠠᠵᠠᠷ ᠵᠦᠶ ᠵᠢᠨ ᠰᠢᠨᠵᠢ ᠲᠡᠮᠳᠡᠭ᠎ᠤᠨ ᠦᠢᠯᠡᠳᠬᠦᠨ᠎ᠤ ᠬᠠᠮᠠᠭ᠋ᠠᠯᠠᠯᠲᠠ ᠵᠢᠨ ᠵᠢᠱ᠌ᠢᠶ᠎ᠡ ᠦᠵᠡᠭᠦᠯᠬᠦ ᠣᠷᠣᠨ᠎ᠢ 24 ᠪᠠᠢ᠌ᠭᠤᠯᠪᠠ  ᠃ 2020 ᠣᠨ᠎ᠳᠤ ᠰᠢᠨ᠎ᠡ᠎ᠪᠠᠷ ᠨᠡᠮᠡᠭᠳᠡᠭᠰᠡᠨ ᠭᠠᠵᠠᠷ ᠵᠦᠶ ᠵᠢᠨ ᠰᠢᠨᠵᠢ ᠲᠡᠮᠳᠡᠭ᠎ᠤᠨ ᠲᠤᠰᠬᠠᠶ ᠬᠡᠷᠡᠭᠯᠡᠭᠡᠨ᠎ᠤ ᠲᠡᠮᠳᠡᠭ᠎ᠲᠤ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠰᠢᠭᠤᠳ ᠦᠢᠯᠡᠳᠬᠦᠨ᠎ᠤ ᠥᠷᠲᠡᠭ᠎ᠢ 870 . 37 ᠳ᠋ᠦᠩᠰᠢᠭᠤᠷ ᠲᠥᠭᠥᠷᠢᠭ ᠬᠡᠷᠡᠭᠯᠡᠵᠦ᠂ ᠭᠠᠵᠠᠷ ᠵᠦᠶ ᠵᠢᠨ ᠰᠢᠨᠵᠢ ᠲᠡᠮᠳᠡᠭ᠎ᠤᠨ ᠲᠤᠰᠬᠠᠶ ᠬᠡᠷᠡᠭᠯᠡᠭᠡᠨ᠎ᠤ ᠲᠡᠮᠳᠡᠭ᠎ᠲᠤ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠰᠢᠭᠤᠳ ᠦᠢᠯᠡᠳᠬᠦᠨ᠎ᠤ ᠥᠷᠲᠡᠭ᠎ᠢ ᠨᠡᠢ᠌ᠲᠡ 6398 . 06 ᠳ᠋ᠦᠩᠰᠢᠭᠤᠷ ᠲᠥᠭᠥᠷᠢᠭ ᠬᠡᠷᠡᠭᠯᠡᠵᠡᠶ  ᠃
      ᠲᠣᠰ ᠤᠳᠠᠭ᠎ᠠ᠂ ᠥᠷᠭᠡᠨ ᠵᠶ᠋ᠡᠷ ᠰᠠᠨᠠᠯ ᠰᠠᠨᠠᠭᠤᠯᠭ᠎ᠠ ᠬᠤᠷᠢᠶᠠᠵᠤ  ᠂ ᠪᠠᠢ᠌ᠴᠠᠭ᠋ᠠᠨ ᠰᠤᠳᠤᠯᠤᠯᠲᠠ ᠵᠢ ᠭᠦᠨᠵᠡᠭᠡᠶ ᠥᠷᠨᠢᠭᠦᠯᠦᠭᠰᠡᠨ ᠰᠠᠭᠤᠷᠢᠨ ᠳᠡᠭᠡᠷ᠎ᠡ᠂ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠣᠪᠴᠢᠶ᠎ᠠ᠎ᠨᠢ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠎ᠲᠠᠢ   ᠬᠠᠮᠲᠤᠷᠠᠨ᠂ ᠳᠦᠷᠢᠮ ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠵᠢᠨ ᠲᠥᠯᠥᠭᠡ᠂ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠠᠭ᠋ᠠᠯᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠎ᠪᠠᠷ ᠬᠠᠷᠠᠯᠲᠠ ᠪᠣᠯᠭ᠋ᠠᠵᠦ᠂ ᠠᠰᠠᠭᠤᠳᠠᠯ᠎ᠤᠨ ᠤᠳᠤᠷᠢᠳᠤᠮᠵᠢ᠎ᠳᠤ ᠰᠠᠭᠤᠷᠢᠯᠠᠵᠦ᠂ ᠲᠤᠬᠠᠢ᠌ᠯᠠᠭᠰᠠᠨ ᠠᠵᠢᠯ᠎ᠤᠨ ᠵᠢᠯᠣᠭᠣᠳᠣᠯᠭ᠎ᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠤᠯᠠᠮ ᠨᠢᠭᠡ ᠠᠯᠬᠤᠮ ᠴᠠᠭ᠌ᠭ᠋ᠠᠳᠬᠠᠵᠦ᠂《ᠵᠢᠯᠣᠭᠣᠳᠬᠤ ᠰᠠᠨᠠᠯ》᠎ᠢ ᠬᠠᠮᠲᠤᠷᠠᠨ ᠲᠣᠭᠲᠠᠭ᠋ᠠᠵᠤ ᠨᠡᠢ᠌ᠲᠡᠯᠡᠪᠡ  ᠃   ᠡᠨᠡ᠎ᠨᠢ᠂ ᠵᠠᠯᠭ᠋ᠠᠮᠵᠢᠯᠠᠬᠤ ᠪᠠ ᠰᠢᠨ᠎ᠡ ᠵᠢ ᠡᠭᠦᠳᠬᠦ᠂ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠂ ᠬᠠᠮᠠᠭ᠋ᠠᠯᠠᠬᠤ ᠪᠠ ᠬᠥᠭᠵᠢᠭᠦᠯᠬᠦ ᠵᠢᠨ ᠬᠠᠷᠢᠴᠠᠭ᠎ᠠ ᠵᠢ ᠲᠣᠬᠢᠲᠠᠢ ᠰᠢᠢ᠍ᠳᠪᠦᠷᠢᠯᠡᠬᠦ ᠵᠢᠨ ᠲᠥᠯᠥᠭᠡ ᠶᠤᠮ  ᠃ ᠡᠯ᠎ᠡ ᠭᠠᠵᠠᠷ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠪᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠮᠠᠭ᠋ᠠᠯᠠᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠬᠤ ᠵᠢ   ᠠᠬᠢᠭᠤᠯᠤᠨ᠂ ᠭᠠᠵᠠᠷ ᠵᠦᠶ ᠵᠢᠨ ᠰᠢᠨᠵᠢ ᠲᠡᠮᠳᠡᠭ   ᠣᠷᠣᠨ ᠪᠦᠰᠡ ᠵᠢᠨ ᠣᠨᠴᠠᠯᠢᠭᠲᠤ ᠠᠵᠤ ᠠᠬᠤᠶ ᠵᠢᠨ ᠬᠥᠭᠵᠢᠯᠲᠡ ᠵᠢ   ᠨᠠᠩ ᠰᠠᠢ᠌ᠲᠤᠷ ᠠᠬᠢᠭᠤᠯᠵᠦ᠂ ᠭᠠᠳᠠᠭ᠋ᠠᠳᠤ ᠠᠷᠠᠯᠵᠢᠶ᠎ᠠ᠎ᠳᠤ ᠦᠢᠯᠡᠴᠢᠯᠡᠵᠦ᠂ ᠠᠷᠠᠯᠵᠢᠶᠠᠨ᠎ᠤ ᠪᠠᠯᠠ ᠣᠷᠣᠭᠤᠯᠤᠯᠲᠠ ᠵᠢ ᠠᠬᠢᠭᠤᠯᠤᠨ᠂ ᠤᠯᠠᠮᠵᠢᠯᠠᠯᠲᠤ ᠰᠣᠶᠣᠯ᠎ᠢ ᠤᠯᠠᠮᠵᠢᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠲᠦᠷᠢᠮ᠎ᠤᠨ ᠴᠢᠨᠠᠷᠲᠠᠶ ᠦᠢᠯᠡᠳᠦᠯ᠎ᠢ   ᠪᠠᠳᠠᠷᠠᠭᠤᠯᠵᠦ  ᠂ ᠴᠢᠨᠠᠷ ᠰᠠᠢ᠌ᠲᠠᠶ ᠬᠥᠭᠵᠢᠯᠲᠡ ᠵᠢ ᠪᠡᠶᠡᠯᠡᠭᠦᠯᠦᠨ᠎ᠡ  ᠃
 
      ᠬᠣᠶᠠᠷ᠂ ᠴᠢᠬᠤᠯᠠ ᠤᠳᠬ᠎ᠠ ᠠᠭᠤᠯᠭ᠎ᠠ


      2021 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠡᠬᠢᠯᠡᠯᠲᠡ ᠵᠢᠨ ᠵᠢᠯ ᠪᠣᠯᠤᠨ᠎ᠠ  ᠃ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠢ᠌ᠭᠤᠯᠬᠤ ᠰᠢᠨ᠎ᠡ ᠠᠶᠠᠨ᠎ᠢ ᠡᠬᠢᠯᠡᠭᠦᠯᠬᠦ ᠵᠢᠯ ᠪᠣᠯᠤᠨ᠎ᠠ᠂ ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠮᠠᠭ᠋ᠠᠯᠠᠯᠲᠠ ᠵᠢᠨ ᠠᠵᠢᠯ᠎ᠳᠤ ᠴᠤ᠌ ᠰᠢᠨ᠎ᠡ ᠪᠠᠢ᠌ᠳᠠᠯ ᠪᠣᠯᠤᠨ ᠱᠠᠭ᠋ᠠᠷᠳᠠᠯᠭ᠎ᠠ ᠲᠤᠯᠭ᠋ᠠᠷᠠᠵᠤ ᠪᠠᠢ᠌ᠨ᠎ᠠ᠄ ᠨᠢᠭᠡ᠎ᠳᠤ 2019 ᠣᠨ᠎ᠤ 11 ᠰᠠᠷ᠎ᠠ᠎ᠳᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠪᠠ  ᠃ 2020 ᠣᠨ᠎ᠤ 11 ᠰᠠᠷ᠎ᠠ ᠵᠢᠨ 30᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠬᠣᠷᠢᠨ ᠲᠠᠪᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠡᠷᠬᠢᠯᠡᠬᠦ᠎ᠳᠡᠭᠡᠨ ᠴᠢᠬᠤᠯᠠ ᠶᠠᠷᠢᠶ᠎ᠠ ᠲᠠᠯᠪᠢᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠵᠤ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠵᠢ ᠠᠬᠢᠭᠤᠯᠬᠤ ᠬᠡᠷᠡᠭᠲᠡᠢ ᠭᠡᠵᠦ ᠲᠣᠳᠣᠷᠬᠠᠢ᠌ᠯᠠᠪᠠ  ᠃ ᠭᠠᠵᠠᠷ ᠵᠦᠢ ᠵᠢᠨ ᠰᠢᠨᠵᠢ ᠳᠡᠮᠳᠡᠭ ᠪᠣᠯ   ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠴᠢᠬᠤᠯᠠ ᠳᠦᠷᠦᠯ ᠬᠡᠯᠪᠡᠷᠢ ᠮᠥᠨ᠂ ᠳᠡᠭᠡᠷᠡᠬᠢ ᠴᠢᠬᠤᠯᠠ ᠥᠭᠦᠯᠡᠯᠲᠡ ᠪᠠ ᠪᠠᠢ᠌ᠷᠢᠯᠠᠭᠤᠯᠤᠯᠲᠠ᠎ᠨᠢ ᠭᠠᠵᠠᠷ ᠵᠦᠢ ᠵᠢᠨ ᠰᠢᠨᠵᠢ ᠳᠡᠮᠳᠡᠭ᠎ᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ᠎ᠳᠤ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠬᠠᠩᠭ᠋ᠠᠪᠠ  ᠃ ᠬᠣᠶᠠᠷ᠎ᠲᠤ 《ᠭᠠᠵᠠᠷ ᠵᠦᠶ ᠵᠢᠨ ᠰᠢᠨᠵᠢ ᠲᠡᠮᠳᠡᠭ᠎ᠤᠨ ᠲᠤᠰᠬᠠᠶ ᠬᠡᠷᠡᠭᠯᠡᠭᠡᠨ᠎ᠤ ᠲᠡᠮᠳᠡᠭ᠎ᠢ ᠬᠡᠷᠡᠭᠯᠡᠬᠦ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠦᠨᠳᠦᠰᠦᠯᠡᠨ᠂ 2021 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠨ ᠭᠠᠵᠠᠷ ᠵᠦᠶ ᠵᠢᠨ ᠰᠢᠨᠵᠢ ᠲᠡᠮᠳᠡᠭ᠎ᠤᠨ ᠦᠢᠯᠡᠳᠪᠦᠷᠢᠯᠡᠯ ᠡᠷᠭᠢᠯᠡᠵᠦ ᠪᠠᠢ᠌ᠭ᠎ᠠ ᠠᠵᠤ ᠠᠬᠤᠢ᠌ᠯᠠᠯ ᠭᠠᠵᠠᠷ ᠵᠦᠶ ᠵᠢᠨ ᠰᠢᠨᠵᠢ ᠲᠡᠮᠳᠡᠭ᠎ᠤᠨ ᠲᠤᠰᠬᠠᠶ ᠬᠡᠷᠡᠭᠯᠡᠭᠡᠨ᠎ᠤ ᠲᠡᠮᠳᠡᠭ᠎ᠤᠨ ᠠᠯᠪᠠᠨ᠎ᠤ ᠲᠠᠯ᠎ᠠ ᠵᠢᠨ ᠲᠡᠮᠳᠡᠭ᠎ᠢ ᠨᠢᠭᠡᠳᠦᠯᠲᠡᠶ ᠬᠡᠷᠡᠭᠯᠡᠵᠦ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠪᠣᠰᠣᠭ᠎ᠠ ᠴᠣᠭᠴᠠᠲᠤ᠂ ᠪᠥᠬᠥ ᠲᠠᠯ᠎ᠠ ᠵᠢᠨ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠵᠢᠯᠴᠠᠨ ᠬᠠᠮᠠᠭ᠋ᠠᠯᠠᠬᠤ ᠲᠤᠬᠠᠶ ᠬᠦᠰᠡᠯ ᠱᠠᠭ᠋ᠠᠷᠳᠠᠯᠭ᠎ᠠ ᠨᠠᠩ ᠴᠢᠩᠭ᠎ᠠ ᠪᠣᠯᠤᠨ᠎ᠠ  ᠃ ᠭᠤᠷᠪᠠ᠎ᠳᠤ᠂《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ ᠪᠣᠯᠤᠨ ᠧᠦ᠋ᠷᠣᠫᠠ ᠲᠢᠪ᠎ᠤᠨ ᠤᠯᠤᠰ᠎ᠤᠳ᠎ᠤᠨ ᠬᠣᠯᠪᠣᠭ᠎ᠠ ᠵᠢᠨ ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠮᠠᠭ᠋ᠠᠯᠠᠯᠲᠠ ᠪᠠ ᠬᠠᠮᠲᠤᠷᠠᠯᠴᠠᠭ᠋ᠠᠨ᠎ᠤ ᠬᠡᠯᠡᠯᠴᠡᠭᠡᠷ》᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ ᠪᠣᠯᠤᠨ ᠠᠮᠧᠷᠢᠺᠠ ᠵᠢᠨ ᠨᠢᠭᠡᠳᠦᠭᠰᠡᠨ ᠤᠯᠤᠰ᠎ᠤᠨ ᠵᠠᠰᠠᠭ᠎ᠤᠨ ᠣᠷᠳᠣᠨ᠎ᠤ ᠠᠵᠤ ᠠᠬᠤᠶ ᠠᠷᠠᠯᠵᠢᠶᠠᠨ᠎ᠤ ᠵᠥᠪᠯᠡᠯᠴᠡᠭᠡᠷ》᠂ 《ᠣᠷᠣᠨ ᠪᠦᠰᠡ ᠵᠢᠨ ᠪᠥᠬᠥ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠯᠴᠠᠭ᠎ᠠ ᠵᠢᠨ ᠬᠡᠯᠡᠯᠴᠡᠭᠡᠷ》ᠵᠡᠷᠭᠡ ᠣᠯᠠᠨ ᠤᠯᠤᠰ᠎ᠤᠨ ᠵᠥᠪᠯᠡᠯᠴᠡᠭᠡᠷ᠎ᠲᠤ ᠭᠠᠷ᠎ᠤᠨ ᠥᠰᠥᠭ ᠵᠢᠷᠤᠵᠤ ᠬᠦᠴᠦᠨ᠎ᠲᠠᠢ ᠪᠣᠯᠬᠤ ᠵᠢ ᠳᠠᠭ᠋ᠠᠯᠳᠤᠨ᠂ ᠤᠯᠤᠰ᠎ᠤᠨ ᠳᠣᠲᠣᠭ᠋ᠠᠳᠤ ᠵᠢᠨ ᠬᠥᠭᠵᠢᠯᠲᠡ᠎ᠳᠤ ᠰᠠᠭᠤᠷᠢᠯᠠᠭᠰᠠᠨ ᠰᠠᠭᠤᠷᠢᠨ ᠳᠡᠭᠡᠷ᠎ᠡ ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠮᠠᠭ᠋ᠠᠯᠠᠯᠲᠠ ᠵᠢᠨ ᠣᠯᠠᠨ ᠤᠯᠤᠰ᠎ᠤᠨ ᠬᠠᠮᠲᠤᠷᠠᠯᠴᠠᠭ᠎ᠠ ᠵᠢ ᠨᠢᠭᠡᠳᠦᠯᠲᠡᠶ ᠲᠥᠯᠥᠪᠵᠢᠭᠦᠯᠦᠨ ᠨᠡᠢ᠌ᠲᠡ᠎ᠳᠤᠨᠢ ᠬᠠᠷᠠᠭ᠋ᠠᠯᠵᠠᠬᠤ᠎ᠨᠢ ᠨᠢᠭᠡᠨᠲᠡ ᠪᠣᠳᠠᠲᠤ ᠬᠡᠷᠡᠭᠴᠡᠭᠡ ᠪᠣᠯᠵᠠᠶ  ᠃ ᠳᠥᠷᠪᠡ᠎ᠳᠤ᠂ ᠮᠠᠨ᠎ᠤ ᠤᠯᠤᠰ ᠨᠢᠭᠡᠨᠲᠡ ᠴᠢᠨᠠᠷ ᠰᠠᠢ᠌ᠲᠠᠶ ᠬᠥᠭᠵᠢᠯᠲᠡ ᠵᠢᠨ ᠱᠠᠲᠤᠨ᠎ᠳᠤ ᠰᠢᠯᠵᠢᠭᠰᠡᠨ ᠠᠬᠤᠶ ᠪᠠᠢ᠌ᠳᠠᠯ ᠳᠣᠤᠷ᠎ᠠ᠂ ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠮᠠᠭ᠋ᠠᠯᠠᠯᠲᠠ ᠵᠢ ᠴᠤ᠌ ᠲᠣᠭ᠎ᠠ ᠬᠡᠮᠵᠢᠶ᠎ᠡ ᠵᠢ ᠬᠥᠭᠡᠭᠡᠴᠡᠯᠳᠦᠵᠦ ᠪᠠᠢ᠌ᠭᠰᠠᠨ᠎ᠠᠴᠠ ᠶᠠᠰᠤ ᠴᠢᠨᠠᠷ᠎ᠢ ᠳᠡᠭᠡᠭᠰᠢᠯᠡᠭᠦᠯᠬᠦ ᠲᠡᠢ᠌ᠰᠢ ᠬᠤᠪᠢᠷᠠᠭᠤᠯᠬᠤ ᠬᠡᠷᠡᠭᠲᠡᠶ  ᠃ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠠᠭ᠋ᠠᠯᠠᠯᠲᠠ ᠵᠢ ᠤᠯᠠᠮ ᠴᠢᠨᠠᠭᠰᠢᠳᠠ ᠴᠢᠩᠭ᠋ᠠᠳᠬᠠᠬᠤ᠎ᠨᠢ 《ᠳᠦᠷᠪᠡᠨ ᠤᠬᠠᠮᠰᠠᠷ》 ᠵᠢᠡᠨ ᠴᠢᠩᠭ᠋ᠠᠳᠬᠠᠵᠤ᠂ 《ᠳᠦᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ ᠶᠡᠷᠦᠩᠬᠡᠢ ᠱᠦᠵᠢ ᠰᠢ ᠵᠢᠨ ᠫᠢᠩ᠎ᠤᠨ ᠭᠠᠵᠠᠷ ᠵᠦᠢ ᠵᠢᠨ ᠰᠢᠨᠵᠢ ᠳᠡᠮᠳᠡᠭ᠎ᠢ ᠬᠠᠮᠠᠭ᠋ᠠᠯᠠᠬᠤ ᠠᠵᠢᠯ᠎ᠤᠨ ᠲᠤᠬᠠᠢ ᠵᠢᠭ᠋ᠠᠪᠤᠷᠢ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠬᠤ᠎ᠪᠠᠷ ᠪᠠᠷᠠᠬᠤ ᠦᠬᠡᠢ᠂ ᠪᠠᠰᠠ ᠴᠤ᠌ ᠣᠷᠣᠨ ᠨᠤᠲᠤᠭ᠎ᠤᠨ ᠤᠨᠴᠠᠯᠢᠬᠳᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠬᠦᠴᠦᠲᠡᠢ ᠲᠤᠯᠭ᠋ᠠᠭᠤᠷᠢᠯᠠᠯ ᠪᠣᠯᠤᠨ᠎ᠠ᠂ ᠪᠠᠰᠠ ᠴᠤ᠌ ᠭᠠᠵᠠᠷ ᠵᠦᠢ ᠵᠢᠨ ᠰᠢᠨᠵᠢ ᠳᠡᠮᠳᠡᠭ᠎ᠤᠨ ᠤᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠥᠨᠳᠥᠷ ᠲᠦᠪᠰᠢᠨ᠎ᠲᠠᠢ ᠭᠠᠳᠠᠭ᠋ᠠᠳᠤ ᠨᠡᠬᠡᠬᠡᠯᠳᠡ ᠵᠢ ᠲᠤᠯᠭ᠋ᠠᠭᠤᠷᠢᠯᠠᠵᠤ᠂ ᠬᠣᠣᠰ ᠣᠷᠴᠢᠯ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠦᠢ᠍ᠯᠡᠴᠢᠯᠡᠬᠦ ᠪᠣᠳᠠᠲᠤ ᠬᠡᠷᠡᠭᠴᠡᠭᠡ ᠪᠣᠯᠤᠨ᠎ᠠ  ᠃
      ᠣᠳᠣᠬᠠᠨ᠎ᠳᠤ ᠮᠠᠨ᠎ᠤ ᠤᠯᠤᠰ᠎ᠤᠨ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠠᠭ᠋ᠠᠯᠠᠯᠲᠠ᠎ᠳᠤ ᠪᠦᠲᠦᠭᠡᠭᠳᠡᠬᠦᠨ᠎ᠢ ᠬᠠᠮᠠᠭ᠋ᠠᠯᠠᠬᠤ ᠪᠠ ᠲᠠᠸᠠᠷ᠎ᠤᠨ ᠳᠡᠮᠳᠡᠭ ᠳᠠᠩᠰᠠᠯᠠᠭᠤᠯᠬᠤ ᠬᠣᠶᠠᠷ ᠵᠦᠢ᠍ᠯ᠎ᠤᠨ ᠠᠷᠭ᠎ᠠ ᠮᠠᠶᠢᠭ ᠪᠠᠭᠲᠠᠨ᠎ᠠ  ᠃ ᠦᠢ᠍ᠯᠡᠳᠬᠦᠨ᠎ᠤ ᠬᠠᠮᠠᠭ᠋ᠠᠯᠠᠯᠲᠠ ᠵᠢᠨ ᠲᠠᠯ᠎ᠠ᠎ᠪᠠᠷ᠂ ᠭᠣᠣᠯᠳᠠᠭᠤ 《ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠲᠤᠰᠢᠶᠠᠯ ᠬᠠᠷᠢᠭᠤᠴᠠᠯᠭ᠎ᠠ ᠵᠢ ᠲᠤᠬᠢᠷᠠᠭᠤᠯᠬᠤ ᠠᠰᠠᠭᠤᠳᠠᠯ᠎ᠤᠨ ᠲᠤᠬᠠᠢ ᠲᠣᠭᠲᠠᠭ᠋ᠠᠯ  》 ᠪᠠ《ᠭᠠᠵᠠᠷ ᠵᠦᠢ ᠵᠢᠨ ᠪᠡᠯᠭᠡ ᠲᠡᠮᠳᠡᠭᠲᠦ ᠦᠢ᠍ᠯᠡᠳᠬᠦᠨ᠎ᠤ ᠬᠠᠮᠠᠭ᠋ᠠᠯᠠᠯᠲᠠ ᠵᠢᠨ ᠲᠣᠭᠲᠠᠭ᠋ᠠᠯ  》᠎ᠢ ᠦᠨᠳᠦᠰᠦᠯᠡᠵᠦ᠂ ᠦᠢ᠍ᠯᠡᠳᠬᠦᠨ᠎ᠤ ᠪᠠᠢ᠌ᠭ᠎ᠠ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠢᠭ᠋ᠠᠨ ᠲᠣᠭᠲᠠᠭ᠋ᠠᠭᠰᠠᠨ ᠭᠤᠶᠤᠴᠢᠯᠠᠬᠤ ᠪᠠᠢ᠌ᠭᠤᠯᠤᠮᠵᠢ ᠪᠤᠶᠤ ᠮᠠᠭ᠋ᠠᠳᠯᠠᠨ ᠲᠣᠭᠲᠠᠭ᠋ᠠᠬᠤ ᠨᠡᠢ᠌ᠭᠡᠮᠯᠢᠭ ᠪᠠ ᠠᠵᠤ ᠠᠬᠤᠢ᠌ᠯᠠᠯ᠎ᠠᠴᠠ ᠳᠤᠷᠠᠳᠤᠨ ᠭᠠᠷᠭ᠋ᠠᠵᠤ᠂ ᠮᠤᠵᠢ ᠵᠢᠨ ᠱᠠᠲᠤᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ ᠠᠩᠬ᠎ᠠ ᠬᠢᠨᠠᠬᠤ ᠪᠠ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠣᠪᠴᠢᠢ᠎ᠠ᠎ᠪᠠᠷ ᠬᠢᠨᠠᠨ ᠪᠠᠢ᠌ᠴᠠᠭ᠋ᠠᠯᠭ᠋ᠠᠵᠤ ᠵᠥᠪᠰᠢᠶᠡᠷᠡᠭᠦᠯᠦᠭᠡᠳ ᠬᠠᠮᠠᠭ᠋ᠠᠯᠠᠨ᠎ᠠ  ᠃ ᠲᠠᠸᠠᠷ᠎ᠤᠨ ᠲᠡᠮᠳᠡᠭᠲᠦ ᠵᠢ ᠳᠠᠩᠰᠠᠯᠠᠬᠤ ᠲᠠᠯ᠎ᠠ᠎ᠪᠠᠷ᠂ ᠭᠣᠣᠯᠳᠠᠭᠤ 《ᠲᠠᠸᠠᠷ᠎ᠤᠨ ᠲᠡᠮᠳᠡᠭᠲᠦ ᠵᠢᠨ ᠬᠠᠤᠯᠢ》᠂ 《ᠲᠠᠸᠠᠷ᠎ᠤᠨ ᠲᠡᠮᠳᠡᠭᠲᠦ ᠵᠢᠨ ᠬᠠᠤᠯᠢ ᠵᠢ ᠬᠡᠷᠡᠭᠵᠢᠭᠦᠯᠬᠦ ᠳᠦᠷᠢᠮ》 ᠪᠠ 《ᠬᠠᠮᠲᠤ ᠵᠢᠨ ᠲᠠᠸᠠᠷ᠎ᠤᠨ ᠲᠡᠮᠲᠡᠭ᠂ ᠭᠡᠷᠡᠴᠢᠯᠡᠬᠦ ᠲᠠᠸᠠᠷ᠎ᠤᠨ   ᠲᠡᠮᠲᠡᠭ ᠵᠢ ᠳᠠᠩᠰᠠᠯᠠᠬᠤ ᠪᠠ ᠬᠠᠮᠢᠶᠠᠷᠬᠤ ᠠᠷᠭ᠎ᠠ》ᠵᠢ ᠦᠨᠳᠦᠰᠦᠯᠡᠨ᠂ ᠲᠤᠰ ᠭᠠᠵᠠᠷ ᠵᠦᠢ ᠵᠢᠨ ᠲᠡᠮᠳᠡᠭ᠎ᠲᠤ ᠢᠯᠡᠷᠬᠡᠢ᠌ᠯᠡᠭᠰᠡᠨ ᠭᠠᠵᠠᠷ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠠᠵᠢᠯ ᠲᠦᠷᠦᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠪᠣᠳᠠᠲᠠᠢ ᠬᠢᠷᠢ ᠬᠡᠮ᠎ᠢ ᠬᠠᠷᠢᠶᠠᠯᠠᠬᠤ ᠪᠦᠯᠬᠦᠮ᠂ ᠨᠡᠢ᠌ᠭᠡᠮᠯᠢᠭ ᠪᠤᠶᠤ ᠪᠤᠰᠤᠳ ᠵᠣᠬᠢᠶᠠᠨ ᠪᠠᠢ᠌ᠭᠤᠯᠤᠯᠲᠠ᠎ᠠᠴᠠ ᠳᠤᠷᠠᠳᠤᠨ ᠭᠠᠷᠭ᠋ᠠᠵᠤ᠂ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠣᠪᠴᠢᠢ᠎ᠠ ᠬᠢᠨᠠᠨ ᠪᠠᠢ᠌ᠴᠠᠭ᠋ᠠᠵᠤ ᠬᠢᠨᠠᠨ ᠵᠥᠪᠰᠢᠶᠡᠷᠡᠭᠡᠳ ᠬᠠᠮᠲᠤ ᠵᠢᠨ ᠲᠠᠸᠠᠷ᠎ᠤᠨ ᠲᠡᠮᠲᠡᠭ᠂ ᠭᠡᠷᠡᠴᠢᠯᠡᠬᠦ ᠲᠠᠸᠠᠷ᠎ᠤᠨ   ᠲᠡᠮᠲᠡᠭ   ᠵᠢ ᠳᠠᠩᠰᠠᠯᠠᠵᠤ ᠪᠣᠯᠤᠨ᠎ᠠ᠃ 《ᠵᠢᠯᠣᠭᠣᠳᠬᠤ ᠰᠠᠨᠠᠯ》᠎ᠢ ᠨᠡᠢ᠌ᠲᠡᠯᠡᠭᠰᠡᠨ᠎ᠨᠢ ᠬᠣᠶᠠᠷ ᠵᠦᠢᠯ᠎ᠤᠨ ᠬᠠᠮᠠᠭ᠋ᠠᠯᠠᠬᠤ ᠬᠡᠯᠪᠡᠷᠢ ᠵᠢᠨ ᠲᠥᠷᠥ ᠵᠢᠨ ᠪᠣᠳᠣᠯᠭ᠎ᠠ ᠵᠢᠨ ᠵᠣᠬᠢᠴᠠᠭᠤᠯᠭ᠎ᠠ᠂ ᠪᠠᠷᠢᠮᠵᠢᠶ᠎ᠠ ᠵᠢᠨ ᠵᠣᠯᠭ᠋ᠠᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ᠎ᠳᠤ ᠠᠰᠢᠭᠲᠠᠶ ᠪᠠᠢ᠌ᠵᠤ᠂ ᠴᠢᠭᠯᠡᠯ᠎ᠢ ᠤᠯᠠᠮ ᠨᠢᠭᠡ ᠠᠯᠬᠤᠮ ᠲᠣᠳᠣᠷᠬᠠᠢ᠌ᠯᠠᠨ᠂ ᠭᠣᠤᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠬᠦ᠎ᠳᠤ ᠠᠰᠢᠭᠲᠠᠶ ᠪᠠᠢ᠌ᠵᠤ᠂ ᠰᠢᠨ᠎ᠡ ᠴᠠᠭ ᠦᠶ᠎ᠡ ᠵᠢᠨ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠠᠭ᠋ᠠᠯᠠᠬᠤ ᠠᠵᠢᠯ᠎ᠳᠤ ᠴᠢᠬᠤᠯᠠ ᠵᠢᠯᠣᠭᠣᠳᠬᠤ ᠠᠴᠢ ᠬᠣᠯᠪᠣᠭᠳᠠᠯ᠎ᠲᠠᠢ ᠶᠤᠮ  ᠃

        ᠭᠤᠷᠪᠠ᠂ ᠶᠡᠷᠦᠩᠬᠡᠢ ᠱᠠᠭ᠋ᠠᠷᠳᠠᠯᠭ᠎ᠠ


     《ᠵᠢᠯᠣᠭᠣᠳᠬᠤ ᠰᠠᠨᠠᠯ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠤᠯᠭ᠋ᠠᠵᠦ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠣᠷᠢᠨ ᠲᠠᠪᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ   ᠲᠤᠭᠤᠰᠢᠯᠠᠭᠤᠯᠵᠦ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ   ᠭᠦᠨᠵᠡᠭᠡᠢ᠌ᠷᠡᠭᠦᠯᠵᠦ᠂ ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠮᠠᠭ᠋ᠠᠯᠠᠯᠲᠠ ᠵᠢ ᠴᠢᠭ᠌ᠭ᠋ᠠᠳᠬᠠᠵᠦ᠂ ᠭᠠᠵᠠᠷ ᠵᠦᠶ ᠵᠢᠨ ᠰᠢᠨᠵᠢ ᠲᠡᠮᠳᠡᠭ᠎ᠤᠨ ᠬᠦᠷᠢᠶᠡᠨ᠎ᠳᠠᠬᠢ ᠵᠠᠰᠠᠯᠲᠠ ᠵᠢᠨ ᠴᠢᠳᠠᠪᠤᠷᠢ ᠵᠢ   ᠳᠡᠭᠡᠭᠰᠢᠯᠡᠭᠦᠯᠵᠦ᠂ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠬᠦᠴᠦᠲᠡᠶ ᠲᠤᠯᠭ᠋ᠠᠭᠤᠷᠢᠯᠠᠵᠦ᠂ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ ᠵᠶ᠋ᠠᠷ ᠭᠣᠤᠯ ᠴᠣᠭᠴᠠ ᠪᠣᠯᠭ᠋ᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠵᠢ ᠠᠬᠢᠭᠤᠯᠤᠨ᠎ᠠ  ᠃
   《ᠵᠢᠯᠣᠭᠣᠳᠬᠤ ᠰᠠᠨᠠᠯ》᠎ᠳᠤ ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠮᠠᠭ᠋ᠠᠯᠠᠯᠲᠠ ᠵᠢᠨ ᠠᠵᠢᠯ᠎ᠢ ᠠᠬᠢᠭᠤᠯᠬᠤ ᠪᠠ ᠦᠢᠯᠡᠳᠦᠯᠭᠡ ᠰᠦᠪᠡᠭᠴᠢᠯᠡᠬᠦ ᠵᠢ ᠴᠢᠩᠭ᠋ᠠᠳᠬᠠᠬᠤ ᠳᠤᠮᠳᠠ ᠭᠤᠷᠪᠠᠨ ᠵᠠᠷᠴᠢᠮ᠎ᠢ ᠰᠠᠢ᠌ᠲᠤᠷ ᠡᠵᠡᠮᠳᠡᠬᠦ ᠬᠡᠷᠡᠭᠲᠡᠶ  ᠄ ᠨᠢᠭᠡ᠎ᠳᠤ ᠥᠨᠳᠥᠷ ᠬᠢᠷᠢ ᠲᠦᠪᠰᠢᠨ ᠵᠶ᠋ᠡᠷ ᠬᠠᠮᠠᠭ᠋ᠠᠯᠠᠬᠤ ᠵᠢ ᠪᠠᠷᠢᠮᠲᠠᠯᠠᠨ᠎ᠠ  ᠃ ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠤᠯᠢ ᠴᠠᠭ᠋ᠠᠵᠠ ᠵᠢᠨ ᠲᠦᠷᠢᠮ᠎ᠤᠨ ᠰᠢᠰᠲ᠋ᠧᠮᠵᠢ ᠵᠢ ᠲᠡᠭᠦᠯᠳᠡᠷᠵᠢᠭᠦᠯᠵᠦ᠂ ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠮᠠᠭ᠋ᠠᠯᠠᠯᠲᠠ ᠵᠢᠨ ᠬᠠᠤᠯᠢ᠎ᠪᠠᠷ ᠵᠠᠰᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠭᠠᠵᠠᠷ ᠵᠦᠶ ᠵᠢᠨ ᠰᠢᠨᠵᠢ ᠲᠡᠮᠳᠡᠭ᠎ᠢ ᠬᠢᠨᠠᠨ ᠪᠠᠢ᠌ᠴᠠᠭ᠋ᠠᠵᠤ ᠮᠠᠭ᠋ᠠᠳᠯᠠᠨ ᠲᠣᠭᠲᠠᠭ᠋ᠠᠬᠤ ᠵᠢ ᠴᠢᠩᠳᠠᠯᠠᠵᠤ᠂ ᠭᠠᠵᠠᠷ ᠵᠦᠶ ᠵᠢᠨ ᠰᠢᠨᠵᠢ ᠲᠡᠮᠳᠡᠭ᠎ᠤᠨ ᠡᠷᠬᠡ᠎ᠳᠤ ᠬᠠᠯᠳᠠᠵᠤ ᠬᠤᠳᠠᠯ ᠬᠠᠭᠤᠷᠮᠠᠭ ᠦᠢᠯᠡᠳᠬᠦ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠠᠭ᠋ᠠᠯᠠᠬᠤ ᠣᠯᠠᠨ ᠤᠯᠤᠰ᠎ᠤᠨ ᠬᠠᠮᠲᠤᠷᠠᠯᠴᠠᠭ᠎ᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠠᠭ᠋ᠠᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ  ᠃ ᠬᠣᠶᠠᠷ᠎ᠲᠤ ᠥᠨᠳᠥᠷ   ᠪᠠᠷᠢᠮᠵᠢᠠᠶᠠᠲᠦ ᠬᠠᠮᠢᠶᠠᠷᠤᠯᠲᠠ ᠵᠢ ᠪᠠᠷᠢᠮᠲᠠᠯᠠᠨ᠎ᠠ  ᠃ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠠᠭ᠋ᠠᠯᠠᠯᠲᠠ ᠵᠢᠨ ᠦᠵᠦ ᠲᠥᠯᠥᠪᠯᠡᠭᠡ ᠵᠢ ᠴᠢᠩᠭ᠋ᠠᠳᠬᠠᠵᠤ᠂ ᠲᠥᠯᠥᠪᠵᠢᠭᠦᠯᠭᠡ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠷᠠᠭᠤᠯᠤᠨ᠂ ᠬᠠᠮᠢᠶᠠᠷᠤᠯᠲᠠ ᠵᠢᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠣᠨᠴᠠᠯᠢᠭᠲᠤ ᠶᠠᠰᠤ ᠴᠢᠨᠠᠷ᠎ᠢ ᠪᠠᠲᠤᠯᠠᠬᠤ ᠰᠢᠰᠲ᠋ᠧᠮᠵᠢ᠂ ᠮᠡᠷᠭᠡᠵᠢᠯ᠎ᠤᠨ ᠪᠠᠷᠢᠮᠵᠢᠶ᠎ᠠ ᠵᠢᠨ ᠰᠢᠰᠲ᠋ᠧᠮᠵᠢ ᠬᠢᠭᠡᠳ ᠰᠢᠯᠭ᠋ᠠᠨ ᠪᠠᠢ᠌ᠴᠠᠭ᠋ᠠᠬᠤ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠦᠨ᠎ᠡ  ᠃ ᠭᠤᠷᠪᠠ᠎ᠳᠤ   ᠴᠢᠨᠠᠷ ᠰᠠᠢ᠌ᠲᠠᠶ ᠬᠥᠭᠵᠢᠯᠲᠡ ᠵᠢ ᠪᠠᠷᠢᠮᠲᠠᠯᠠᠨ᠎ᠠ  ᠃ ᠳᠤᠮᠳᠠᠳᠤ ᠤᠯᠤᠰ᠎ᠤᠨ ᠣᠨᠴᠠᠯᠢᠭ᠎ᠢ ᠪᠠᠲᠤ ᠰᠠᠬᠢᠵᠤ᠂ 《ᠣᠭ ᠦᠨᠦᠷ ᠠᠮᠲᠠ》 ᠵᠢ ᠳᠣᠪᠣᠢ᠌ᠯᠭ᠋ᠠᠨ᠂ ᠭᠠᠵᠠᠷ ᠵᠦᠶ ᠵᠢᠨ ᠰᠢᠨᠵᠢ ᠲᠡᠮᠳᠡᠭ᠎ᠤᠨ ᠲᠤᠰᠬᠠᠶ ᠬᠡᠷᠡᠭᠯᠡᠬᠦ ᠲᠡᠮᠳᠡᠭ᠎ᠤᠨ ᠬᠡᠷᠡᠭᠯᠡᠬᠦ ᠪᠦᠷᠬᠦᠴᠡ ᠵᠢ ᠥᠷᠭᠡᠳᠬᠡᠵᠦ᠂ ᠭᠠᠵᠠᠷ ᠵᠦᠶ ᠵᠢᠨ ᠰᠢᠨᠵᠢ ᠲᠡᠮᠳᠡᠭ᠎ᠤᠨ ᠦᠢᠯᠡᠳᠬᠦᠨ᠎ᠤ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ᠎ᠢ ᠳᠡᠭᠡᠭᠰᠢᠯᠡᠭᠦᠯᠦᠨ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠨᠠᠩ ᠰᠠᠢ᠌ᠲᠤᠷ ᠬᠠᠩᠭ᠋ᠠᠨ᠎ᠠ  ᠃

        ᠳᠥᠷᠪᠡ᠂ ᠭᠣᠤᠯ ᠠᠭᠤᠯᠭ᠎ᠠ


    《ᠵᠢᠯᠣᠭᠣᠳᠬᠤ ᠰᠠᠨᠠᠯ》᠎ᠤᠨ ᠭᠣᠤᠯ ᠠᠭᠤᠯᠭ᠎ᠠ᠎ᠳᠤ 4 ᠲᠠᠯ᠎ᠠ ᠵᠢᠨ 12 ᠵᠦᠢᠯ᠎ᠤᠨ ᠡᠭᠦᠷᠭᠡ ᠪᠠᠭᠲᠠᠨ᠎ᠠ  ᠃

      ᠨᠢᠭᠡ᠎ᠳᠤ᠂ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠠᠭ᠋ᠠᠯᠠᠬᠤ ᠠᠵᠢᠯ᠎ᠤᠨ ᠰᠠᠭᠤᠷᠢ ᠵᠢ ᠪᠡᠬᠢᠵᠢᠭᠦᠯᠦᠨ᠎ᠡ  ᠃ ᠡᠭᠦᠨ᠎ᠳᠤ ᠭᠣᠤᠯᠳᠠᠭᠤ ᠭᠠᠵᠠᠷ ᠵᠦᠶ ᠵᠢᠨ ᠰᠢᠨᠵᠢ ᠲᠡᠮᠳᠡᠭ ᠎ᠤᠨ ᠬᠠᠤᠯᠢᠴᠢᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠂ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠠᠭ᠋ᠠᠯᠠᠬᠤ ᠭᠤᠶᠤᠴᠢᠯᠠᠯ᠎ᠤᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ᠂ ᠭᠠᠵᠠᠷ ᠵᠦᠶ ᠵᠢᠨ ᠰᠢᠨᠵᠢ ᠲᠡᠮᠳᠡᠭ᠎ᠢ ᠬᠢᠨᠠᠨ ᠬᠠᠷᠭᠤᠭᠤᠯᠵᠤ ᠮᠠᠭ᠋ᠠᠳᠯᠠᠨ ᠲᠣᠭᠲᠠᠭ᠋ᠠᠬᠤ ᠵᠢ ᠴᠢᠩᠳᠠᠯᠠᠬᠤ᠂ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠠᠭ᠋ᠠᠯᠠᠬᠤ ᠵᠢ ᠲᠡᠳᠬᠦᠨ ᠳᠡᠮᠵᠢᠵᠦ ᠬᠥᠲᠥᠯᠥᠨ ᠵᠢᠯᠣᠭᠣᠳᠬᠤ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠬᠦ ᠵᠡᠷᠭᠡ 4 ᠵᠤᠷᠪᠤᠰ ᠡᠭᠦᠷᠭᠡ ᠪᠠᠭᠲᠠᠨ᠎ᠠ᠃ ᠵᠣᠷᠢᠯᠭ᠎ᠠ᠎ᠨᠢ ᠭᠠᠵᠠᠷ ᠵᠦᠶ ᠵᠢᠨ ᠰᠢᠨᠵᠢ ᠲᠡᠮᠳᠡᠭ᠎ᠤᠨ ᠶᠠᠰᠤ ᠴᠢᠨᠠᠷ᠎ᠢ ᠡᠬᠢ ᠡᠭᠦᠰᠦᠯ᠎ᠠᠴᠠ᠎ᠨᠢ ᠳᠡᠭᠡᠭᠰᠢᠯᠡᠭᠦᠯᠵᠦ᠂ ᠬᠠᠮᠠᠭ᠋ᠠᠯᠠᠯᠲᠠ ᠵᠢ ᠴᠢᠩᠭ᠋ᠠᠳᠬᠠᠬᠤ᠎ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠵᠢᠨ ᠲᠥᠯᠥᠭᠡ ᠶᠤᠮ  ᠃ ᠡᠭᠦᠨ᠎ᠳᠤ᠄ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠠᠭ᠋ᠠᠯᠠᠯᠲᠠ ᠵᠢᠨ   ᠬᠠᠤᠯᠢᠴᠢᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠳᠤ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠤᠯᠢ ᠲᠣᠭᠲᠠᠭ᠋ᠠᠬᠤ ᠠᠯᠬᠤᠴᠠ ᠵᠢ ᠲᠦᠷᠭᠡᠳᠬᠡᠬᠦ᠂ ᠭᠠᠵᠠᠷ ᠵᠦᠢ ᠵᠢᠨ ᠰᠢᠨᠵᠢ ᠳᠡᠮᠳᠡᠭ᠎ᠢ ᠬᠠᠮᠠᠭ᠋ᠠᠯᠠᠬᠤ ᠳᠦᠷᠦ ᠵᠢᠨ ᠪᠤᠳᠤᠯᠭ᠎ᠠ ᠵᠢᠨ ᠪᠠᠷᠢᠮᠵᠢᠶ᠎ᠠ ᠪᠠ ᠳᠦᠷᠢᠮ᠎ᠢ ᠲᠡᠭᠦᠯᠳᠡᠷᠵᠢᠭᠦᠯᠬᠦ ᠵᠢᠴᠢ ᠠᠩᠬ᠎ᠠ ᠵᠡᠷᠭᠡ ᠵᠢᠨ ᠲᠠᠷᠢᠶᠠᠯᠠᠩ᠎ᠤᠨ ᠪᠦᠲᠦᠭᠡᠭᠳᠡᠬᠦᠨ᠂ ᠪᠣᠯᠪᠠᠰᠤᠷᠠᠭᠤᠯᠤᠭᠰᠠᠨ ᠢᠳᠡᠭᠡᠨ᠂ ᠵᠢᠩᠬᠢᠨᠢ ᠡᠮ᠎ᠤᠨ ᠮᠠᠲ᠋ᠧᠷᠢᠶᠠᠯ᠂ ᠤᠯᠠᠮᠵᠢᠯᠠᠯᠲᠤ ᠭᠠᠷ ᠤᠷᠠᠯᠠᠯ᠎ᠤᠨ ᠪᠦᠲᠦᠭᠡᠭᠳᠡᠬᠦᠨ ᠵᠡᠷᠭᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠵᠡᠷᠭᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ  ᠃ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠠᠭ᠋ᠠᠯᠠᠯᠲᠠ ᠵᠢᠨ ᠭᠤᠶᠤᠴᠢᠯᠠᠬᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠶ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠠᠭ᠋ᠠᠯᠠᠯᠲᠠ ᠵᠢᠨ ᠭᠤᠶᠤᠴᠢᠯᠠᠬᠤ ᠶᠠᠰᠤ ᠴᠢᠨᠠᠷ᠎ᠢ ᠬᠢᠨᠠᠨ ᠡᠵᠡᠮᠳᠡᠬᠦ ᠪᠠ ᠵᠠᠷᠯᠠᠨ ᠮᠡᠳᠡᠭᠳᠡᠬᠦ ᠵᠢ ᠴᠢᠩᠭ᠋ᠠᠳᠬᠠᠵᠤ᠂ ᠭᠤᠶᠤᠴᠢᠯᠠᠬᠤ ᠮᠠᠲ᠋ᠧᠷᠢᠶᠠᠯ᠎ᠢ ᠬᠤᠳᠠᠯ ᠬᠠᠭᠤᠷᠮᠠᠭ ᠵᠶ᠋ᠠᠷ ᠵᠣᠬᠢᠶᠠᠬᠤ ᠵᠡᠷᠭᠡ ᠦᠢ᠍ᠯᠡ ᠠᠵᠢᠯᠯᠠᠭ᠎ᠠ ᠵᠢ ᠴᠢᠩᠭ᠎ᠠ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ  ᠃ ᠭᠠᠵᠠᠷ ᠵᠦᠢ ᠵᠢᠨ ᠰᠢᠨᠵᠢ ᠳᠡᠮᠳᠡᠭ᠎ᠢ ᠬᠢᠨᠠᠨ ᠬᠠᠷᠭᠤᠭᠤᠯᠵᠤ ᠮᠠᠭ᠋ᠠᠳᠯᠠᠨ ᠲᠣᠭᠲᠠᠭ᠋ᠠᠬᠤ ᠵᠢ ᠴᠢᠩᠳᠠᠯᠠᠵᠤ᠂ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠠᠭ᠋ᠠᠯᠠᠯᠲᠠ ᠵᠢᠨ ᠪᠦᠲᠦᠭᠡᠭᠳᠡᠬᠦᠨ᠎ᠢ ᠮᠠᠭ᠋ᠠᠳᠯᠠᠨ ᠲᠣᠭᠲᠠᠭ᠋ᠠᠬᠤ ᠬᠢᠭᠡᠳ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠲᠤ ᠵᠢᠨ ᠲᠠᠸᠠᠷ᠎ᠤᠨ ᠳᠡᠮᠳᠡᠭ᠂ ᠭᠡᠷᠡᠴᠢᠯᠡᠬᠦ ᠲᠠᠸᠠᠷ᠎ᠤᠨ ᠳᠡᠮᠳᠡᠭ᠎ᠤᠨ ᠳᠠᠩᠰᠠᠯᠠᠭᠤᠯᠬᠤ ᠳᠡᠰ ᠳᠠᠷᠠᠭ᠋ᠠᠯᠠᠯ᠎ᠢ ᠵᠣᠯᠭ᠋ᠠᠭᠤᠯᠤᠨ ᠵᠣᠬᠢᠴᠠᠭᠤᠯᠬᠤ ᠵᠢ ᠴᠢᠩᠭ᠋ᠠᠳᠬᠠᠵᠤ᠂ ᠭᠠᠵᠠᠷ ᠵᠦᠢ ᠵᠢᠨ ᠰᠢᠨᠵᠢ ᠳᠡᠮᠳᠡᠭ᠎ᠢ ᠬᠠᠮᠠᠭ᠋ᠠᠯᠠᠬᠤ ᠭᠤᠶᠤᠴᠢᠯᠠᠯ᠎ᠢ ᠬᠢᠨᠠᠨ ᠬᠠᠷᠭᠤᠭᠤᠯᠵᠤ ᠮᠠᠭ᠋ᠠᠳᠯᠠᠨ ᠲᠣᠭᠲᠠᠭ᠋ᠠᠬᠤ ᠳᠦᠷᠢᠮ (ᠨᠡᠢ᠌ᠳᠡᠮ ᠬᠡᠷᠡᠭᠯᠡᠬᠦ ᠨᠡᠷᠡᠢ᠌ᠳᠦᠯ᠎ᠢ ᠮᠠᠭ᠋ᠠᠳᠯᠠᠬᠤ ᠦᠶ᠎ᠡ᠎ᠳᠤ ᠬᠡᠷᠡᠭᠯᠡᠭᠴᠢᠳ᠎ᠤᠨ ᠣᠢ᠌ᠯᠠᠭ᠋ᠠᠵᠤ ᠮᠡᠳᠡᠬᠦᠶ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠬᠤ ᠪᠠᠭᠲᠠᠨ᠎ᠠ)᠎ᠢ ᠰᠤᠳᠤᠯᠤᠨ ᠲᠡᠭᠦᠯᠳᠡᠷᠵᠢᠭᠦᠯᠵᠦ᠂ ᠭᠠᠵᠠᠷ ᠵᠦᠢ ᠵᠢᠨ ᠰᠢᠨᠵᠢ ᠳᠡᠮᠳᠡᠭ᠎ᠤᠨ ᠣᠨᠴᠠᠯᠢᠭ᠎ᠢ ᠪᠦᠲᠦᠮᠵᠢᠲᠡᠶ ᠳᠤᠰᠬᠠᠬᠤ ᠲᠤᠰᠬᠠᠶ ᠳᠦᠷᠦᠯ ᠬᠤᠪᠢᠶᠠᠬᠤ ᠳᠦᠷᠢᠮ ᠵᠡᠷᠭᠡ ᠠᠷᠭ᠎ᠠ ᠬᠡᠮᠵᠢᠶ᠎ᠡ ᠵᠢ ᠰᠤᠳᠤᠯᠤᠨ ᠪᠠᠢ᠌ᠭᠤᠯᠤᠨ᠎ᠠ  ᠃ ᠭᠠᠵᠠᠷ ᠵᠦᠢ ᠵᠢᠨ   ᠰᠢᠨᠵᠢ ᠳᠡᠮᠳᠡᠭ᠎ᠤᠨ ᠬᠠᠮᠠᠭ᠋ᠠᠯᠠᠯᠲᠠ ᠵᠢ ᠲᠡᠳᠬᠦᠨ ᠳᠡᠮᠵᠢᠵᠦ ᠬᠥᠲᠥᠯᠥᠨ ᠵᠢᠯᠣᠭᠣᠳᠬᠤ ᠲᠦᠷᠦ ᠵᠢᠨ ᠪᠤᠳᠤᠯᠭ᠎ᠠ ᠵᠢ ᠰᠢᠯᠢᠳᠡᠭᠵᠢᠭᠦᠯᠵᠦ ᠭᠠᠵᠠᠷ ᠵᠦᠢ ᠵᠢᠨ   ᠰᠢᠨᠵᠢ ᠳᠡᠮᠳᠡᠭ᠎ᠤᠨ ᠬᠠᠮᠠᠭ᠋ᠠᠯᠠᠯᠲᠠ᠎ᠳᠤ ᠭᠤᠶᠤᠴᠢᠯᠠᠬᠤ ᠡᠳ᠋ ᠮᠥᠩᠭᠥ᠎ᠪᠠᠷ ᠲᠤᠰᠠᠯᠠᠵᠤ ᠱᠠᠩᠨᠠᠬᠤ ᠲᠦᠷᠦ ᠵᠢᠨ ᠪᠤᠳᠤᠯᠭ᠎ᠠ ᠵᠢ ᠢᠯᠭ᠋ᠠᠷᠠᠭᠤᠯᠤᠨ ᠵᠢᠷᠤᠮᠵᠢᠭᠤᠯᠬᠤ᠂ ᠡᠬᠢ ᠪᠠᠶᠠᠯᠢᠭ᠎ᠤᠨ ᠣᠷᠣᠭᠤᠯᠤᠯᠲᠠ ᠵᠢᠨ ᠴᠢᠭᠯᠡᠯ᠎ᠢ ᠬᠦᠴᠦᠯᠡᠨ ᠰᠢᠯᠢᠳᠡᠭᠵᠢᠭᠦᠯᠬᠦ᠂ ᠭᠠᠵᠠᠷ ᠵᠦᠢ ᠵᠢᠨ ᠰᠢᠨᠵᠢ ᠳᠡᠮᠳᠡᠭ᠎ᠤᠨ ᠲᠤᠰᠬᠠᠶ ᠬᠡᠷᠡᠭᠯᠡᠭᠡᠨ᠎ᠤ   ᠰᠢᠨᠵᠢ ᠳᠡᠮᠳᠡᠭ᠎ᠤᠨ ᠬᠢᠨᠠᠨ ᠵᠥᠪᠰᠢᠶᠡᠷᠡᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠡᠷᠭᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ  ᠃

      ᠬᠣᠶᠠᠷ᠎ᠲᠤ᠂ ᠭᠠᠵᠠᠷ ᠵᠦᠢ ᠵᠢᠨ ᠰᠢᠨᠵᠢ ᠳᠡᠮᠳᠡᠭ᠎ᠢ ᠬᠠᠮᠠᠭ᠋ᠠᠯᠠᠬᠤ ᠲᠤᠬᠠᠢ᠌ᠯᠠᠭᠰᠠᠨ ᠠᠵᠢᠯ᠎ᠤᠨ ᠰᠢᠰᠲ᠋ᠧᠮ᠎ᠢ ᠪᠦᠷᠢᠨᠰᠢᠬᠦᠯᠦᠨ᠎ᠠ  ᠃ ᠡᠭᠦᠨ᠎ᠳᠤ ᠭᠣᠤᠯᠳᠠᠭᠤ ᠣᠨᠴᠠᠯᠢᠭᠲᠤ ᠶᠠᠰᠤ ᠴᠢᠨᠠᠷ᠎ᠢ ᠪᠠᠲᠤᠯᠠᠬᠤ ᠰᠢᠰᠲ᠋ᠧᠮᠵᠢ ᠵᠢ ᠲᠡᠭᠦᠯᠳᠡᠷᠵᠢᠭᠦᠯᠬᠦ᠂ ᠮᠡᠷᠭᠡᠵᠢᠯ᠎ᠤᠨ ᠪᠠᠷᠢᠮᠵᠢᠶ᠎ᠠ ᠵᠢᠨ ᠰᠢᠰᠲ᠋ᠧᠮᠵᠢ ᠵᠢ ᠪᠦᠷᠢᠨᠰᠢᠬᠦᠯᠬᠦ᠂ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠰᠢᠰᠲ᠋ᠧᠮᠵᠢ ᠵᠢ ᠴᠢᠩᠭ᠋ᠠᠷᠠᠭᠤᠯᠬᠤ ᠵᠡᠷᠭᠡ 3 ᠵᠦᠢᠯ᠎ᠤᠨ ᠡᠭᠦᠷᠭᠡ ᠪᠠᠭᠲᠠᠵᠤ᠂ ᠰᠢᠰᠲ᠋ᠧᠮᠵᠢ ᠵᠢ ᠪᠦᠷᠢᠨᠰᠢᠬᠦᠯᠥᠨ ᠲᠡᠭᠦᠯᠳᠡᠷᠵᠢᠭᠦᠯᠬᠦ᠎ᠪᠠᠷ ᠳᠠᠮᠵᠢᠭᠤᠯᠤᠨ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠠᠭ᠋ᠠᠯᠠᠬᠤ᠎ᠳᠤ ᠬᠦᠴᠦᠨ ᠪᠥᠬᠥᠶ ᠲᠤᠬᠠᠢ᠌ᠯᠠᠭᠰᠠᠨ ᠠᠵᠢᠯ᠎ᠤᠨ ᠲᠤᠯᠭ᠋ᠠᠭᠤᠷᠢᠯᠠᠯ ᠬᠠᠩᠭ᠋ᠠᠬᠤ᠎ᠪᠠᠷ ᠵᠣᠷᠢᠯᠭ᠎ᠠ ᠪᠣᠯᠭ᠋ᠠᠨ᠎ᠠ  ᠃ ᠡᠭᠦᠨ᠎ᠳᠤ᠄ ᠥᠪᠡᠷᠮᠢᠴᠡ ᠣᠨᠴᠠᠯᠢᠭᠲᠤ ᠶᠠᠰᠤ ᠴᠢᠨᠠᠷ᠎ᠢ ᠪᠠᠲᠤᠯᠠᠬᠤ ᠰᠢᠰᠲ᠋ᠧᠮᠵᠢ ᠵᠢ ᠲᠡᠭᠦᠯᠳᠡᠷᠵᠢᠭᠦᠯᠬᠦ᠎ᠳᠤ ᠭᠠᠵᠠᠷ ᠵᠦᠶ ᠵᠢᠨ ᠲᠡᠮᠳᠡᠭᠲᠦ ᠦᠢᠯᠡᠳᠬᠦᠨ ᠦᠢᠯᠡᠳᠪᠦᠷᠢᠯᠡᠭᠴᠢ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠂ ᠵᠣᠬᠢᠶᠠᠮᠠᠯ ᠤᠶᠤᠨᠴᠢ ᠲᠣᠮᠣ ᠳ᠋ᠠᠢ᠌ᠲ᠋ᠠ ᠵᠡᠷᠭᠡ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠬᠢᠭᠡᠳ ᠭᠠᠵᠠᠷ ᠵᠦᠶ ᠵᠢᠨ ᠲᠡᠮᠳᠡᠭᠲᠦ ᠥᠪᠡᠷᠮᠢᠴᠡ ᠣᠨᠴᠠᠯᠢᠭᠲᠤ ᠶᠠᠰᠤ ᠴᠢᠨᠠᠷ᠎ᠤᠨ ᠬᠠᠮᠢᠶᠠᠷᠤᠯᠲᠠ ᠵᠢ ᠠᠭᠤᠰᠤᠯᠴᠠᠭᠤᠯᠬᠤ ᠵᠡᠷᠭᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ  ᠃ ᠮᠡᠷᠭᠡᠵᠢᠯ᠎ᠤᠨ ᠪᠠᠷᠢᠮᠵᠢᠶ᠎ᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠎ᠳᠤ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠠᠭ᠋ᠠᠯᠠᠯᠲᠠ ᠵᠢᠨ ᠰᠠᠭᠤᠷᠢ ᠨᠡᠢ᠌ᠳᠡᠮ ᠬᠡᠷᠡᠭᠯᠡᠬᠦ ᠤᠯᠤᠰ᠎ᠤᠨ ᠪᠠᠷᠢᠮᠵᠢᠶ᠎ᠠ ᠵᠢ ᠲᠣᠭᠲᠠᠭ᠋ᠠᠬᠤ ᠵᠢ ᠠᠬᠢᠭᠤᠯᠬᠤ᠂ ᠭᠠᠵᠠᠷ ᠵᠦᠢ ᠵᠢᠨ ᠰᠢᠨᠵᠢ ᠳᠡᠮᠳᠡᠭ᠎ᠤᠨ ᠤᠯᠤᠰ᠎ᠤᠨ ᠪᠠᠷᠢᠮᠵᠢᠶ᠎ᠠ ᠵᠢᠨ ᠵᠠᠭᠪᠤᠷ᠎ᠢ ᠰᠤᠳᠤᠯᠤᠨ ᠦᠢ᠍ᠯᠡᠳᠬᠦ ᠵᠢ ᠵᠣᠷᠢᠭᠵᠢᠭᠤᠯᠬᠤ᠂ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠠᠭ᠋ᠠᠯᠠᠯᠲᠠ ᠵᠢᠨ ᠪᠠᠷᠢᠮᠵᠢᠶ᠎ᠠ ᠵᠢ ᠵᠣᠬᠢᠴᠠᠭᠤᠯᠤᠨ ᠢᠵᠢ ᠪᠦᠷᠢᠳᠦᠭᠦᠯᠬᠦ ᠪᠠ ᠬᠠᠮᠵᠢᠯᠴᠠᠨ ᠬᠥᠭᠵᠢᠭᠦᠯᠬᠦ ᠵᠢ ᠵᠣᠷᠢᠭᠵᠢᠭᠤᠯᠬᠤ᠂ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠠᠭ᠋ᠠᠯᠠᠯᠲᠠ ᠵᠢᠨ ᠪᠠᠷᠢᠮᠵᠢᠶ᠎ᠠ ᠵᠢᠨ ᠭᠠᠳᠠᠭ᠋ᠠᠳᠤ ᠬᠡᠯᠡᠨ᠎ᠤ ᠬᠡᠪᠯᠡᠯ᠎ᠤᠨ ᠰᠤᠳᠤᠯᠤᠨ ᠦᠢ᠍ᠯᠡᠳᠬᠦ ᠠᠵᠢᠯ ᠥᠷᠨᠢᠭᠦᠯᠬᠦ ᠵᠢ ᠵᠣᠷᠢᠭᠵᠢᠭᠤᠯᠬᠤ ᠵᠡᠷᠭᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ  ᠃ ᠰᠢᠯᠭ᠋ᠠᠨ   ᠪᠠᠢ᠌ᠴᠠᠭ᠋ᠠᠬᠤ ᠰᠢᠰᠲ᠋ᠧᠮᠵᠢ ᠵᠢ ᠴᠢᠩᠭ᠋ᠠᠷᠠᠭᠤᠯᠵᠤ᠂ ᠨᠥᠬᠥᠴᠡᠯ᠎ᠲᠠᠢ ᠭᠠᠵᠠᠷ ᠵᠦᠶ ᠵᠢᠨ ᠰᠢᠨᠵᠢ ᠲᠡᠮᠳᠡᠭ᠎ᠤᠨ ᠭᠠᠷᠤᠯᠲᠠ ᠵᠢᠨ ᠣᠷᠣᠨ᠎ᠤ ᠲᠤᠰᠬᠠᠢ᠌ᠵᠢᠭᠰᠠᠨ ᠰᠢᠯᠭ᠋ᠠᠨ ᠪᠠᠢ᠌ᠴᠠᠭ᠋ᠠᠬᠤ ᠪᠠᠢ᠌ᠭᠤᠯᠤᠮᠵᠢ ᠪᠠᠢ᠌ᠭᠤᠯᠬᠤ ᠵᠢ ᠵᠣᠷᠢᠭᠵᠢᠭᠤᠯᠬᠤ᠂ ᠲᠤᠰᠬᠠᠢ᠌ᠵᠢᠭᠰᠠᠨ ᠭᠠᠵᠠᠷ ᠵᠦᠶ ᠵᠢᠨ ᠰᠢᠨᠵᠢ ᠲᠡᠮᠳᠡᠭ᠎ᠢ ᠰᠢᠯᠭ᠋ᠠᠨ   ᠪᠠᠢ᠌ᠴᠠᠭ᠋ᠠᠬᠤ ᠦᠢᠯᠡᠴᠢᠯᠡᠭᠡᠨ᠎ᠤ ᠲᠣᠤᠷ ᠴᠢᠬ᠎ᠤᠨ ᠪᠠᠢ᠌ᠭᠤᠯᠤᠯᠲᠠ ᠵᠢ ᠲᠡᠭᠦᠯᠳᠡᠷᠵᠢᠭᠦᠯᠬᠦ᠂ ᠭᠤᠷᠪᠠᠳᠠᠬᠢ ᠡᠲᠡᠭᠡᠳ᠎ᠤᠨ ᠰᠢᠯᠭ᠋ᠠᠨ ᠬᠡᠮᠵᠢᠬᠦ ᠪᠠᠢ᠌ᠭᠤᠯᠤᠮᠵᠢ ᠵᠢᠨ ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠮᠠᠭ᠋ᠠᠯᠠᠯᠲᠠ᠎ᠳᠤ ᠲᠣᠭ᠎ᠠ ᠪᠠᠷᠢᠮᠲᠠ ᠪᠠ ᠮᠡᠷᠭᠡᠵᠢᠯ᠎ᠤᠨ ᠳᠡᠮᠵᠢᠯᠭᠡ ᠬᠠᠩᠭ᠋ᠠᠬᠤ ᠵᠢ ᠵᠣᠷᠢᠭᠵᠢᠭᠤᠯᠬᠤ ᠵᠡᠷᠭᠡ ᠠᠷᠭ᠎ᠠ ᠬᠡᠮᠵᠢᠶ᠎ᠡ ᠵᠢ ᠳᠤᠷᠠᠳᠪᠠ  ᠃

      ᠭᠤᠷᠪᠠ᠎ᠳᠤ᠂ ᠭᠠᠵᠠᠷ ᠵᠦᠶ ᠵᠢᠨ ᠰᠢᠨᠵᠢ ᠲᠡᠮᠳᠡᠭ᠎ᠤᠨ ᠵᠠᠰᠠᠭ ᠵᠠᠬᠢᠷᠭ᠋ᠠᠨ᠎ᠤ ᠬᠠᠮᠠᠭ᠋ᠠᠯᠠᠯᠲᠠ ᠵᠢ ᠴᠢᠩᠭ᠋ᠠᠳᠬᠠᠨ᠎ᠠ  ᠃ ᠡᠭᠦᠨ᠎ᠳᠤ ᠭᠣᠤᠯᠳᠠᠭᠤ ᠭᠠᠵᠠᠷ ᠵᠦᠶ ᠵᠢᠨ ᠰᠢᠨᠵᠢ ᠲᠡᠮᠳᠡᠭ᠎ᠤᠨ ᠡᠷᠬᠡ᠎ᠳᠤ ᠬᠠᠯᠳᠠᠵᠤ ᠬᠤᠳᠠᠯ ᠬᠠᠭᠤᠷᠮᠠᠭ ᠦᠢᠯᠡᠳᠬᠦ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠬᠦ᠂ ᠭᠠᠵᠠᠷ ᠵᠦᠶ ᠵᠢᠨ ᠰᠢᠨᠵᠢ ᠲᠡᠮᠳᠡᠭ᠎ᠲᠠᠢ ᠬᠣᠯᠪᠣᠭᠳᠠᠭᠰᠠᠨ ᠠᠵᠤ ᠠᠬᠤᠢ᠌ᠯᠠᠯ᠎ᠤᠨ ᠨᠡᠷᠡᠢ᠌ᠳᠦᠯ᠎ᠢ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠵᠢ ᠴᠢᠩᠭ᠋ᠠᠷᠠᠭᠤᠯᠬᠤ᠂ ᠭᠠᠵᠠᠷ ᠵᠦᠶ ᠵᠢᠨ ᠰᠢᠨᠵᠢ ᠲᠡᠮᠳᠡᠭ᠎ᠤᠨ ᠲᠤᠰᠬᠠᠶ ᠬᠡᠷᠡᠭᠯᠡᠭᠡᠨ᠎ᠤ ᠲᠡᠮᠳᠡᠭ᠎ᠢ ᠬᠡᠷᠡᠭᠯᠡᠬᠦ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠡᠷᠭᠡ 3 ᠵᠦᠢᠯ᠎ᠤᠨ ᠡᠭᠦᠷᠭᠡ ᠪᠠᠭᠲᠠᠵᠤ᠂   ᠵᠤᠷᠢᠯᠲᠠ᠎ᠨᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠶ ᠲᠤᠤᠱᠯᠠᠭᠤᠯᠵᠤ᠂ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠠᠭ᠋ᠠᠯᠠᠬᠤ ᠠᠵᠢᠯ᠎ᠢ ᠦᠨᠡᠨᠬᠦ ᠠᠬᠢᠭᠤᠯᠬᠤ ᠵᠢᠨ ᠲᠥᠯᠥᠭᠡ ᠶᠤᠮ  ᠃ ᠡᠭᠦᠨ᠎ᠳᠤ᠄ ᠭᠠᠵᠠᠷ ᠵᠦᠢ ᠵᠢᠨ ᠰᠢᠨᠵᠢ ᠳᠡᠮᠳᠡᠭ᠎ᠤᠨ ᠡᠷᠬᠡ᠎ᠳᠤ ᠬᠠᠯᠳᠠᠵᠤ ᠬᠤᠳᠠᠯ ᠬᠠᠭᠤᠷᠮᠠᠭ ᠵᠣᠬᠢᠶᠠᠭᠰᠠᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ ᠭᠠᠵᠠᠷ ᠵᠦᠢ ᠵᠢᠨ ᠰᠢᠨᠵᠢ ᠳᠡᠮᠳᠡᠭ᠎ᠢ ᠬᠠᠭᠤᠷᠮᠠᠭᠯᠠᠨ ᠵᠣᠬᠢᠶᠠᠬᠤ ᠪᠤᠶᠤ ᠳᠤᠷ᠎ᠠ᠎ᠪᠠᠷ ᠵᠶ᠋ᠠᠨ ᠬᠡᠷᠡᠭᠯᠡᠵᠦ ᠦᠢ᠍ᠯᠡᠳᠪᠦᠷᠢᠯᠡᠨ ᠪᠣᠷᠣᠯᠠᠭᠤᠯᠬᠤ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠭᠦᠨ᠎ᠡ  ᠃ ᠡᠵᠡᠩᠨᠡᠨ ᠪᠣᠷᠣᠯᠠᠭᠤᠯᠬᠤ ᠤᠬᠠᠭᠤᠯᠭ᠎ᠠ ᠪᠠ ᠦᠢᠯᠡᠳᠬᠦᠨ᠎ᠤ ᠭᠠᠳᠠᠷ ᠪᠣᠭᠣᠳᠠᠯ᠎ᠳᠤ ᠭᠠᠵᠠᠷ ᠵᠦᠶ ᠵᠢᠨ ᠰᠢᠨᠵᠢ ᠲᠡᠮᠳᠡᠭ᠎ᠢ ᠬᠡᠷᠡᠭᠯᠡᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠶ᠂ ᠠᠳᠠᠯᠢ ᠪᠤᠶᠤ ᠣᠢ᠌ᠷᠠᠯᠴᠠᠭ᠎ᠠ ᠪᠦᠲᠦᠭᠡᠭᠳᠡᠬᠦᠨ ᠳᠡᠭᠡᠷ᠎ᠡ ᠤᠳᠬᠠᠴᠢᠯᠠᠨ ᠣᠷᠴᠢᠭᠤᠯᠬᠤ ᠵᠢ ᠴᠢᠩᠭ᠋ᠠᠳᠬᠠᠨ᠎ᠠ᠂ ᠠᠪᠢᠶᠠᠴᠢᠯᠠᠨ ᠣᠷᠴᠢᠭᠤᠯᠬᠤ᠂ ᠦᠰᠦᠭ ᠣᠷᠴᠢᠭᠤᠯᠬᠤ ᠪᠤᠶᠤ《ᠲᠥᠷᠥᠯ ᠵᠦᠢᠯ》᠂《  ᠡᠭᠦᠯᠳᠡᠷ ᠤᠭᠰᠠᠭ᠎ᠠ》᠂ 《ᠬᠡᠪ ᠨᠠᠮᠪᠠ》᠂ 《ᠳᠠᠭᠤᠷᠢᠶᠠᠨ ᠦᠢᠯᠡᠳᠬᠦ》 ᠵᠡᠷᠭᠡ ᠭᠠᠵᠠᠷ ᠵᠦᠶ ᠵᠢᠨ ᠰᠢᠨᠵᠢ ᠲᠡᠮᠳᠡᠭ᠎ᠲᠠᠢ 《ᠲᠡᠷᠭᠡᠨ᠎ᠳᠤ ᠰᠤᠨᠳᠠᠯᠠᠬᠤ》ᠠᠵᠢᠯᠯᠠᠭ᠎ᠠ ᠵᠢ ᠵᠢᠷᠤᠮᠵᠢᠭᠤᠯᠬᠦ   ᠮᠦᠷᠲᠡᠭᠡᠨ ᠴᠣᠬᠢᠯᠲᠠ ᠥᠭᠴᠦ᠂ ᠭᠠᠵᠠᠷ ᠵᠦᠢ ᠵᠢᠨ ᠲᠡᠮᠳᠡᠭ᠎ᠲᠠᠢ ᠦᠢ᠍ᠯᠡᠳᠬᠦᠨ᠎ᠤ ᠪᠠᠷᠢᠮᠵᠢᠶ᠎ᠠ ᠪᠣᠯᠤᠨ ᠮᠡᠷᠭᠡᠵᠢᠯ᠎ᠤᠨ ᠵᠢᠷᠤᠮᠵᠢᠯ ᠶᠣᠰᠣᠭ᠋ᠠᠷ ᠦᠢ᠍ᠯᠡᠳᠪᠦᠷᠢᠯᠡᠬᠦ ᠦᠭᠡᠶ ᠲᠣᠭᠲᠠᠭ᠋ᠠᠯ᠎ᠠᠴᠠ ᠵᠥᠷᠢᠴᠡᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠬᠢᠨᠠᠯᠲᠠ ᠲᠠᠯᠪᠢᠵᠤ ᠪᠠᠢ᠌ᠴᠠᠭ᠋ᠠᠨ ᠰᠢᠢᠳᠪᠦᠷᠢᠯᠡᠨ᠋ ᠎ᠡ᠃ ᠭᠠᠵᠠᠷ ᠵᠦᠢ ᠵᠢᠨ ᠰᠢᠨᠵᠢ ᠳᠡᠮᠳᠡᠭ᠎ᠤᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠡᠷᠡᠭ᠎ᠤᠨ ᠬᠠᠤᠯᠢ ᠪᠠᠷᠢᠯᠲᠠ ᠵᠢ ᠵᠣᠯᠭ᠋ᠠᠯᠳᠤᠭᠤᠯᠬᠤ ᠵᠡᠷᠭᠡ ᠠᠷᠭ᠎ᠠ ᠬᠡᠮᠵᠢᠶ᠎ᠡ ᠵᠢ ᠴᠢᠩᠭ᠋ᠠᠳᠬᠠᠨ᠎ᠠ᠃ ᠭᠠᠵᠠᠷ ᠵᠦᠢ ᠵᠢᠨ ᠰᠢᠨᠵᠢ ᠳᠡᠮᠳᠡᠭ᠎ᠲᠤ ᠬᠣᠯᠪᠣᠭᠳᠠᠬᠤ ᠠᠵᠤ ᠠᠬᠤᠢ᠌ᠯᠠᠯ᠎ᠤᠨ ᠨᠡᠷᠡᠢ᠌ᠳᠦᠯ᠎ᠤᠨ ᠳᠠᠩᠰᠠᠯᠠᠯᠳᠠ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠶ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠠᠭ᠋ᠠᠯᠠᠯᠲᠠ ᠪᠠ ᠠᠵᠤ ᠠᠬᠤᠢ᠌ᠯᠠᠯ᠎ᠤᠨ ᠨᠡᠷᠡᠢ᠌ᠳᠦᠯ᠎ᠤᠨ ᠮᠡᠳᠡᠭᠡ ᠵᠠᠩᠭᠢ ᠵᠢᠨ ᠨᠡᠪᠲᠡᠷᠡᠯᠴᠡᠬᠦ ᠲᠣᠭᠲᠠᠴᠠ ᠵᠢ ᠪᠠᠢ᠌ᠭᠤᠯᠵᠤ᠂ ᠭᠠᠵᠠᠷ ᠵᠦᠢ ᠵᠢᠨ ᠰᠢᠨᠵᠢ ᠳᠡᠮᠳᠡᠭ᠎ᠤᠨ ᠬᠣᠯᠪᠣᠭᠳᠠᠯ ᠪᠦᠬᠦᠢ ᠦᠰᠦᠭ᠎ᠤᠨ ᠲᠠᠰᠤᠯᠪᠤᠷᠢ ᠵᠢ ᠬᠠᠤᠯᠢ ᠶᠣᠰᠣᠭ᠋ᠠᠷ ᠪᠦᠬᠦ ᠤᠯᠤᠰ᠎ᠤᠨ ᠨᠡᠷᠡᠢ᠌ᠳᠦᠯ᠎ᠢ ᠵᠢᠷᠤᠮᠵᠢᠭᠤᠯᠤᠨ ᠬᠠᠮᠢᠶᠠᠷᠬᠤ ᠰᠢᠰᠲ᠋ᠧᠮ᠎ᠳᠤ ᠣᠷᠣᠭᠤᠯᠬᠤ ᠵᠡᠷᠭᠡ ᠠᠷᠭ᠎ᠠ ᠬᠡᠮᠵᠢᠶ᠎ᠡ ᠵᠢ ᠰᠤᠳᠤᠯᠤᠨ᠎ᠠ  ᠃ ᠭᠠᠵᠠᠷ ᠵᠦᠢ ᠵᠢᠨ ᠲᠡᠮᠳᠡᠭ  ᠂ ᠲᠤᠰᠬᠠᠶ ᠬᠡᠷᠡᠭᠯᠡᠬᠦ ᠲᠡᠮᠳᠡᠭ᠎ᠤᠨ ᠬᠡᠷᠡᠭᠯᠡᠯᠲᠡ ᠵᠢᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠭᠠᠵᠠᠷ ᠵᠦᠢ ᠵᠢᠨ ᠲᠡᠮᠳᠡᠭ  ᠂ ᠲᠤᠰᠬᠠᠶ ᠬᠡᠷᠡᠭᠯᠡᠬᠦ ᠲᠡᠮᠳᠡᠭ ᠎ᠤᠨ ᠬᠡᠷᠡᠭᠯᠡᠭᠰᠡᠨ ᠪᠠᠢ᠍ᠳᠠᠯ᠎ᠤᠨ   ᠮᠡᠳᠡᠭᠦᠯᠦᠯᠲᠡ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠭᠣᠤᠯᠳᠠᠯᠭ᠎ᠠ᠎ᠲᠠᠢ ᠭᠠᠵᠠᠷ ᠵᠦᠢ ᠵᠢᠨ ᠲᠡᠮᠳᠡᠭ ᠎ᠤᠨ ᠨᠠᠷᠢᠨ ᠬᠠᠭᠤᠳᠠᠰᠤ ᠵᠢᠨ ᠮᠠᠶᠢᠭ᠎ᠤᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠂ ᠭᠠᠵᠠᠷ ᠵᠦᠢ ᠵᠢᠨ ᠲᠡᠮᠳᠡᠭ ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ ᠪᠠ ᠭᠠᠵᠠᠷ ᠵᠦᠢ ᠵᠢᠨ ᠲᠡᠮᠳᠡᠭ᠎ᠤᠨ ᠲᠤᠰᠬᠠᠶ ᠬᠡᠷᠡᠭᠯᠡᠬᠦ ᠲᠡᠮᠳᠡᠭ᠎ᠢ ᠬᠡᠷᠡᠭᠯᠡᠬᠦ ᠵᠢ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠎ᠳᠤ ᠣᠷᠣᠭᠤᠯᠬᠤ ᠵᠢ ᠬᠠᠤᠯᠢ ᠶᠣᠰᠣᠭ᠋ᠠᠷ ᠠᠬᠢᠭᠤᠯᠵᠤ᠂ ᠭᠠᠵᠠᠷ ᠵᠦᠢ ᠵᠢᠨ ᠲᠡᠮᠳᠡᠭ ᠂ ᠲᠤᠰᠬᠠᠶ ᠬᠡᠷᠡᠭᠯᠡᠬᠦ ᠲᠡᠮᠳᠡᠭ᠎ᠤᠨ ᠬᠡᠷᠡᠭᠯᠡᠯᠲᠡ ᠵᠢᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ ᠵᠢ ᠰᠦᠪᠡᠭᠴᠢᠯᠡᠨ ᠪᠠᠢ᠌ᠭᠤᠯᠬᠤ ᠵᠡᠷᠭᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠬᠤ ᠬᠡᠷᠡᠭᠲᠡᠶ  ᠃

      ᠳᠥᠷᠪᠡ᠎ᠳᠤ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠵᠢᠯᠴᠠᠨ ᠬᠠᠮᠠᠭ᠋ᠠᠯᠠᠬᠤ ᠠᠵᠢᠯ᠎ᠤᠨ ᠪᠠᠢ᠌ᠷᠢᠰᠢᠯ᠎ᠢ ᠪᠠᠢ᠌ᠭᠤᠯᠤᠨ᠎ᠠ  ᠃ ᠭᠣᠣᠯᠳᠠᠭᠤ ᠭᠠᠵᠠᠷ ᠵᠦᠢ ᠵᠢᠨ ᠰᠢᠨᠵᠢ ᠳᠡᠮᠳᠡᠭ᠎ᠢ ᠲᠦᠷᠭᠡᠨ ᠬᠠᠮᠵᠢᠯᠴᠠᠨ ᠬᠠᠮᠠᠭ᠋ᠠᠯᠠᠬᠤ ᠵᠢ ᠴᠢᠩᠭ᠋ᠠᠳᠬᠠᠬᠤ᠂ ᠭᠠᠳᠠᠭ᠋ᠠᠳᠤ᠎ᠳᠤ ᠬᠣᠯᠪᠣᠭᠳᠠᠬᠤ ᠭᠠᠵᠠᠷ ᠵᠦᠢ ᠵᠢᠨ ᠰᠢᠨᠵᠢ ᠳᠡᠮᠳᠡᠭ᠎ᠢ ᠬᠠᠮᠠᠭ᠋ᠠᠯᠠᠬᠤ ᠲᠣᠭᠲᠠᠴᠠ ᠵᠢ ᠪᠦᠷᠢᠨᠰᠢᠬᠦᠯᠬᠦ ᠵᠡᠷᠭᠡ 2 ᠡᠭᠦᠷᠭᠡ ᠵᠢ ᠪᠠᠭᠲᠠᠭ᠋ᠠᠵᠤ᠂ ᠭᠠᠵᠠᠷ ᠵᠦᠢ ᠵᠢᠨ ᠰᠢᠨᠵᠢ ᠳᠡᠮᠳᠡᠭ᠎ᠢ ᠬᠠᠮᠠᠭ᠋ᠠᠯᠠᠬᠤ ᠠᠵᠢᠯ᠎ᠤᠨ ᠬᠠᠮᠵᠢᠯᠴᠠᠨ ᠬᠣᠯᠪᠣᠭ᠋ᠠᠯᠠᠬᠤ ᠵᠢ ᠴᠢᠩᠭ᠋ᠠᠳᠬᠠᠬᠤ᠎ᠪᠠᠷ ᠵᠣᠷᠢᠯᠭ᠎ᠠ ᠪᠣᠯᠭ᠋ᠠᠵᠠᠶ᠃ ᠡᠭᠦᠨ᠎ᠳᠤ᠄ ᠭᠠᠵᠠᠷ ᠵᠦᠢ ᠵᠢᠨ ᠰᠢᠨᠵᠢ ᠳᠡᠮᠳᠡᠭ᠎ᠢ ᠲᠦᠷᠭᠡᠨ ᠬᠠᠮᠵᠢᠯᠴᠠᠨ ᠬᠠᠮᠠᠭ᠋ᠠᠯᠠᠬᠤ ᠵᠢ ᠴᠢᠩᠭ᠋ᠠᠳᠬᠠᠬᠤ ᠲᠤᠬᠠᠶ ᠭᠠᠵᠠᠷ ᠵᠦᠢ ᠵᠢᠨ ᠰᠢᠨᠵᠢ ᠳᠡᠮᠳᠡᠭ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ ᠲᠥᠪᠯᠡᠷᠡᠭᠰᠡᠨ ᠭᠠᠵᠠᠷ᠂ ᠪᠣᠷᠣᠯᠠᠭᠤᠯᠭ᠎ᠠ ᠵᠢᠨ ᠲᠥᠪᠯᠡᠷᠡᠭᠦᠯᠦᠨ ᠲᠠᠷᠬᠠᠭ᠋ᠠᠬᠤ ᠭᠠᠵᠠᠷ᠂ ᠰᠦᠯᠵᠢᠶᠡᠨ᠎ᠤ ᠲᠠᠪᠴᠠᠩ᠎ᠤᠨ ᠠᠵᠤ ᠠᠬᠤᠢ᠌ᠯᠠᠯ᠎ᠤᠨ ᠶᠡᠷᠦᠩᠬᠡᠶ ᠬᠡᠯᠲᠡᠰ᠎ᠤᠨ ᠬᠠᠷᠢᠶ᠎ᠠ ᠭᠠᠵᠠᠷ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠰᠠᠯᠠᠭ᠎ᠠ ᠮᠥᠴᠢᠷ᠎ᠤᠨ ᠬᠠᠤᠯᠢ᠎ᠠᠴᠠ ᠵᠥᠷᠢᠴᠡᠭᠰᠡᠨ ᠰᠦᠪᠡᠭᠴᠢ᠂ ᠬᠢᠨᠠᠨ ᠬᠠᠮᠢᠶᠠᠷᠬᠤ ᠪᠠᠷᠢᠮᠵᠢᠶ᠎ᠠ᠂ ᠬᠠᠮᠠᠭ᠋ᠠᠯᠠᠬᠤ ᠮᠡᠳᠡᠭᠡ ᠵᠠᠩᠭᠢ ᠵᠢᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠴᠢᠩᠭ᠋ᠠᠳᠬᠠᠵᠤ᠂ ᠣᠷᠣᠨ ᠪᠦᠰᠡ ᠵᠢᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠬᠠᠮᠵᠢᠯᠴᠠᠬᠤ ᠲᠣᠭᠲᠠᠴᠠ᠎ᠳᠤ ᠭᠠᠵᠠᠷ ᠵᠦᠢ ᠵᠢᠨ ᠰᠢᠨᠵᠢ ᠳᠡᠮᠳᠡᠭ᠎ᠢ ᠬᠠᠮᠠᠭ᠋ᠠᠯᠠᠬᠤ ᠠᠷᠭ᠎ᠠ ᠬᠡᠮᠵᠢᠶ᠎ᠡ᠎ᠳᠤ ᠣᠷᠣᠭᠤᠯᠬᠤ ᠵᠢ ᠳᠡᠮᠵᠢᠬᠦ ᠪᠠ ᠵᠣᠷᠢᠭᠵᠢᠭᠤᠯᠵᠤ᠂ ᠬᠠᠮᠲᠤᠷᠠᠨ ᠬᠠᠮᠠᠭ᠋ᠠᠯᠠᠬᠤ ᠠᠵᠢᠯᠯᠠᠭ᠎ᠠ ᠵᠢ ᠥᠷᠨᠢᠭᠦᠯᠦᠨ᠂ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠥᠪ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠬᠢᠨᠠᠨ ᠰᠢᠨᠵᠢᠬᠦ ᠪᠠ ᠭᠠᠵᠠᠷ ᠵᠦᠢ ᠵᠢᠨ ᠰᠢᠨᠵᠢ ᠳᠡᠮᠳᠡᠭ᠎ᠤᠨ ᠡᠷᠬᠡ᠎ᠳᠤ ᠬᠠᠯᠳᠠᠨ ᠬᠠᠭᠤᠷᠮᠠᠭᠯᠠᠭᠰᠠᠨ ᠰᠦᠪᠡᠭᠴᠢ ᠵᠢ ᠴᠤᠭᠯᠠᠭᠤᠯᠵᠤ ᠮᠡᠳᠡᠭᠦᠯᠦᠨ ᠬᠦᠷᠭᠡᠬᠦ ᠵᠡᠷᠭᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠭᠠᠳᠠᠭ᠋ᠠᠳᠤ᠎ᠳᠤ ᠬᠣᠯᠪᠣᠭᠳᠠᠬᠤ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠠᠭ᠋ᠠᠯᠠᠯᠲᠠ ᠵᠢᠨ ᠲᠣᠭᠲᠠᠴᠠ ᠵᠢ ᠪᠦᠷᠢᠨᠰᠢᠬᠦᠯᠬᠦ᠎ᠳᠤ《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ ᠪᠣᠯᠤᠨ ᠧᠦ᠋ᠷᠣᠫᠠ ᠲᠢᠪ᠎ᠤᠨ ᠤᠯᠤᠰ᠎ᠤᠳ᠎ᠤᠨ ᠬᠣᠯᠪᠣᠭ᠎ᠠ ᠵᠢᠨ ᠭᠠᠵᠠᠷ ᠵᠦᠢ ᠵᠢᠨ ᠰᠢᠨᠵᠢ ᠳᠡᠮᠳᠡᠭ᠎ᠤᠨ ᠬᠠᠮᠠᠭ᠋ᠠᠯᠠᠯᠲᠠ ᠪᠠ ᠬᠠᠮᠲᠤᠷᠠᠯᠴᠠᠭ᠋ᠠᠨ᠎ᠤ ᠬᠡᠯᠡᠯᠴᠡᠭᠡᠷ》᠂ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ ᠪᠣᠯᠤᠨ ᠠᠮᠧᠷᠢᠺᠠ ᠵᠢᠨ ᠨᠢᠭᠡᠳᠦᠭᠰᠡᠨ ᠤᠯᠤᠰ᠎ᠤᠨ ᠵᠠᠰᠠᠭ᠎ᠤᠨ ᠣᠷᠳᠣᠨ᠎ᠤ ᠠᠵᠤ ᠠᠬᠤᠢ ᠠᠷᠠᠯᠵᠢᠶᠠᠨ᠎ᠤ ᠵᠥᠪᠯᠡᠯᠴᠡᠭᠡᠷ》᠂ 《ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠯᠴᠠᠭ᠎ᠠ ᠵᠢᠨ ᠬᠡᠯᠡᠯᠴᠡᠭᠡᠷ》 ᠵᠡᠷᠭᠡ ᠤᠯᠠᠨ ᠤᠯᠤᠰ᠎ᠤᠨ ᠵᠥᠪᠯᠡᠯᠴᠡᠭᠡᠷ᠎ᠤᠨ ᠡᠭᠦᠷᠭᠡ ᠵᠢ ᠴᠢᠩᠭ᠎ᠠ ᠭᠦᠢ᠍ᠴᠡᠳᠬᠡᠨ᠎ᠡ ᠭᠡᠵᠦ ᠳᠤᠷᠠᠳᠪᠠ᠂ ᠤᠯᠤᠰ᠎ᠤᠨ ᠭᠠᠳᠠᠭ᠋ᠠᠳᠤ ᠵᠢᠨ ᠭᠠᠵᠠᠷ ᠵᠦᠶ ᠵᠢᠨ ᠰᠢᠨᠵᠢ ᠲᠡᠮᠳᠡᠭ᠎ᠢ ᠬᠢᠨᠠᠨ ᠪᠠᠢ᠌ᠴᠠᠭ᠋ᠠᠵᠤ ᠲᠣᠭᠲᠠᠭ᠋ᠠᠬᠤ ᠪᠠᠢ᠌ᠭᠤᠯᠤᠮᠵᠢ᠎ᠯᠤᠭ᠎ᠠ ᠵᠢᠨ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠴᠢᠩᠭ᠋ᠠᠳᠬᠠᠨ᠎ᠠ᠂ ᠮᠠᠨ᠎ᠤ ᠤᠯᠤᠰ᠎ᠤᠨ ᠬᠠᠮᠠᠭ᠋ᠠᠯᠠᠯᠲᠠ ᠣᠯᠤᠭᠰᠠᠨ ᠭᠠᠳᠠᠭ᠋ᠠᠳᠤ ᠵᠢᠨ ᠭᠠᠵᠠᠷ ᠵᠦᠢ ᠵᠢᠨ ᠰᠢᠨᠵᠢ ᠳᠡᠮᠳᠡᠭ᠎ᠤᠨ ᠪᠦᠲᠦᠭᠡᠭᠳᠡᠬᠦᠨ᠎ᠤ ᠳᠤᠮᠳᠠᠳᠤ ᠤᠯᠤᠰ᠎ᠲᠠᠬᠢ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ᠎ᠤ ᠮᠠᠨ᠎ᠤ ᠤᠯᠤᠰ᠎ᠤᠨ ᠭᠠᠵᠠᠷ ᠵᠦᠢ ᠵᠢᠨ ᠰᠢᠨᠵᠢ ᠳᠡᠮᠳᠡᠭ᠎ᠤᠨ ᠠᠯᠪᠠᠨ᠎ᠤ ᠲᠠᠯ᠎ᠠ ᠵᠢᠨ ᠪᠡᠯᠭᠡ ᠳᠡᠮᠳᠡᠭ᠎ᠢ ᠬᠡᠷᠡᠭᠯᠡᠬᠦ ᠵᠢ ᠵᠣᠷᠢᠭᠵᠢᠭᠤᠯᠤᠨ᠎ᠠ᠂ ᠬᠠᠷᠢᠯᠴᠠᠨ ᠪᠠᠲᠤᠯᠠᠬᠤ ᠨᠠᠷᠢᠨ ᠳᠠᠩᠰᠠ ᠵᠢᠨ ᠳᠤᠮᠳᠠᠳᠤ ᠵᠢᠨ ᠲᠠᠯ᠎ᠠ ᠵᠢᠨ ᠪᠦᠲᠦᠭᠡᠭᠳᠡᠬᠦᠨ᠎ᠢ ᠭᠠᠳᠠᠭ᠋ᠠᠳᠤ ᠵᠢᠨ ᠵᠠᠬ᠎ᠠ ᠳᠡᠯᠭᠡᠭᠦᠷ᠎ᠲᠤ ᠭᠠᠳᠠᠭ᠋ᠠᠳᠤ ᠵᠢᠨ ᠭᠠᠵᠠᠷ ᠵᠦᠶ ᠵᠢᠨ ᠰᠢᠨᠵᠢ ᠲᠡᠮᠳᠡᠭ ᠣᠨ ᠠᠯᠪᠠᠨ ᠲᠠᠯ᠎ᠠ ᠵᠢᠨ ᠲᠡᠮᠳᠡᠭ᠎ᠢ ᠬᠡᠷᠡᠭᠯᠡᠬᠦ ᠵᠢ ᠵᠢᠯᠣᠭᠣᠳᠤᠨ᠎ᠠ᠂ ᠭᠠᠳᠠᠭ᠋ᠠᠳᠤ ᠵᠢᠨ ᠭᠠᠵᠠᠷ ᠵᠦᠶ ᠵᠢᠨ ᠲᠡᠮᠳᠡᠭᠲᠦ ᠦᠢᠯᠡᠳᠬᠦᠨ᠎ᠢ ᠳᠤᠮᠳᠠᠳᠤ ᠤᠯᠤᠰ᠎ᠲᠤ ᠬᠠᠮᠠᠭ᠋ᠠᠯᠠᠬᠤ ᠵᠢᠴᠢ ᠮᠠᠨ᠎ᠤ ᠤᠯᠤᠰ᠎ᠤᠨ ᠭᠠᠵᠠᠷ ᠵᠦᠶ ᠵᠢᠨ ᠲᠡᠮᠳᠡᠭᠲᠦ ᠦᠢᠯᠡᠳᠬᠦᠨ᠎ᠢ ᠭᠠᠳᠠᠭ᠋ᠠᠳᠤ᠎ᠳᠤ ᠬᠠᠮᠠᠭ᠋ᠠᠯᠠᠬᠤ ᠣᠨ᠎ᠤ ᠮᠡᠳᠡᠭᠦᠯᠦᠯᠲᠡ ᠵᠢᠨ ᠲᠦᠷᠢᠮ᠎ᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠠᠪᠤᠨ᠎ᠠ  ᠃

        ᠲᠠᠪᠤ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ  ᠃《ᠵᠢᠯᠣᠭᠣᠳᠬᠤ ᠰᠠᠨᠠᠯ》᠎ᠨᠢ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠪᠠ ᠡᠬᠢ ᠪᠠᠶᠠᠯᠢᠭ᠎ᠤᠨ ᠣᠷᠣᠭᠤᠯᠤᠯᠲᠠ ᠵᠢ ᠴᠢᠩᠭ᠋ᠠᠳᠬᠠᠬᠤ᠂ ᠡᠷᠳᠡᠮ ᠰᠢᠨᠵᠢᠯᠡᠭᠡᠨ᠎ᠤ ᠰᠤᠳᠤᠯᠭ᠋ᠠᠨ ᠪᠠ ᠤᠬᠠᠭᠤᠯᠭ᠎ᠠ ᠪᠣᠯᠪᠠᠰᠤᠷᠠᠭᠤᠯᠤᠯ᠎ᠢ ᠴᠢᠩᠭ᠋ᠠᠳᠬᠠᠬᠤ ᠵᠡᠷᠭᠡ 2 ᠲᠠᠯ᠎ᠠ᠎ᠪᠠᠷ ᠪᠠᠲᠤᠯᠠᠭ᠎ᠠ ᠬᠡᠷᠡᠭᠵᠢᠭᠦᠯᠬᠦ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠪᠠ  ᠃
        ᠨᠢᠭᠡ᠎ᠳᠤ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠪᠠ ᠡᠬᠢ ᠪᠠᠶᠠᠯᠢᠭ᠎ᠤᠨ ᠣᠷᠣᠭᠤᠯᠤᠯᠲᠠ ᠵᠢ ᠴᠢᠩᠭ᠋ᠠᠳᠬᠠᠨ᠎ᠠ  ᠃ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠰᠠᠯᠠᠭ᠎ᠠ ᠮᠥᠴᠢᠷ᠎ᠤᠳ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠬᠤ ᠬᠡᠷᠡᠭᠲᠡᠶ ᠭᠡᠵᠦ ᠱᠠᠭ᠋ᠠᠷᠳᠠᠪᠠ  ᠃ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠂ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠷᠮᠠᠢ᠌ᠨ ᠣᠯᠵᠤ᠂ ᠡᠬᠢ ᠪᠠᠶᠠᠯᠢᠭ᠎ᠲᠠᠬᠢ ᠣᠷᠣᠭᠤᠯᠤᠯᠲᠠ ᠵᠢᠨ ᠡᠷᠴᠢᠮ ᠵᠶ᠋ᠡᠨ ᠴᠢᠩᠭ᠋ᠠᠷᠠᠭᠤᠯᠤᠨ᠂ ᠭᠠᠵᠠᠷ ᠵᠦᠶ ᠵᠢᠨ ᠰᠢᠨᠵᠢ ᠲᠡᠮᠳᠡᠭ᠎ᠢ ᠬᠠᠮᠠᠭ᠋ᠠᠯᠠᠬᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ  ᠃ ᠤᠯᠤᠰ᠎ᠤᠨ ᠲᠠᠯ᠎ᠠ᠎ᠠᠴᠠ ᠭᠠᠵᠠᠷ ᠵᠦᠢ ᠵᠢᠨ ᠰᠢᠨᠵᠢ ᠳᠡᠮᠳᠡᠭ᠎ᠢ ᠬᠠᠮᠠᠭ᠋ᠠᠯᠠᠬᠤ ᠭᠤᠶᠤᠴᠢᠯᠠᠯ᠎ᠤᠨ ᠡᠯᠧᠺᠲᠷᠣᠨ ᠵᠶ᠋ᠠᠷ ᠬᠦᠯᠢᠶᠡᠨ ᠠᠪᠴᠤ ᠰᠢᠢᠳᠪᠦᠷᠢᠯᠡᠬᠦ ᠲᠠᠪᠴᠠᠩ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠭᠠᠵᠠᠷ ᠵᠦᠢ ᠵᠢᠨ ᠰᠢᠨᠵᠢ ᠳᠡᠮᠳᠡᠭ᠎ᠢ ᠬᠠᠮᠠᠭ᠋ᠠᠯᠠᠬᠤ ᠪᠠ ᠬᠢᠨᠠᠨ ᠬᠠᠮᠢᠶᠠᠷᠴᠤ ᠵᠣᠬᠢᠴᠠᠭᠤᠯᠬᠤ ᠲᠣᠭᠲᠠᠴᠠ ᠵᠢ ᠪᠠᠢ᠌ᠭᠤᠯᠵᠤ᠂ ᠲᠤᠬᠠᠢ᠌ᠯᠠᠭᠰᠠᠨ ᠠᠵᠢᠯ᠎ᠤᠨ ᠵᠢᠯᠤᠭᠤᠳᠤᠯᠭ᠎ᠠ ᠵᠢ ᠳᠠᠰᠤᠷᠠᠯᠳᠠ ᠦᠬᠡᠢ ᠴᠢᠩᠭ᠋ᠠᠳᠬᠠᠬᠤ ᠬᠡᠷᠡᠭᠲᠡᠶ  ᠃
      ᠬᠣᠶᠠᠷ᠎ᠲᠤ ᠡᠷᠳᠡᠮ ᠰᠢᠨᠵᠢᠯᠡᠭᠡᠨ᠎ᠤ ᠰᠤᠳᠤᠯᠭ᠋ᠠᠨ ᠪᠠ ᠤᠬᠠᠭᠤᠯᠭ᠎ᠠ ᠪᠣᠯᠪᠠᠰᠤᠷᠠᠭᠤᠯᠤᠯ᠎ᠢ ᠴᠢᠩᠭ᠋ᠠᠳᠬᠠᠨ᠎ᠠ  ᠃ ᠭᠠᠵᠠᠷ ᠵᠦᠢ ᠵᠢᠨ ᠰᠢᠨᠵᠢ ᠳᠡᠮᠳᠡᠭ᠎ᠤᠨ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠠᠵᠢᠯ᠎ᠢ ᠴᠢᠩᠭ᠋ᠠᠳᠬᠠᠬᠤ ᠵᠢ ᠠᠬᠢᠭᠤᠯᠵᠤ᠂ ᠮᠠᠨ᠎ᠤ ᠤᠯᠤᠰ᠎ᠤᠨ ᠭᠠᠵᠠᠷ ᠵᠦᠢ ᠵᠢᠨ ᠰᠢᠨᠵᠢ ᠳᠡᠮᠳᠡᠭ᠎ᠢ ᠬᠠᠮᠠᠭ᠋ᠠᠯᠠᠬᠤ ᠠᠵᠢᠯ᠎ᠤᠨ ᠤᠨᠤᠯ᠎ᠤᠨ ᠰᠠᠭᠤᠷᠢ ᠵᠢ ᠪᠡᠬᠢᠵᠢᠭᠦᠯᠦᠨ᠎ᠡ  ᠃ ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠮᠠᠭ᠋ᠠᠯᠠᠯᠲᠠ ᠵᠢᠨ ᠪᠣᠯᠪᠠᠰᠤᠷᠠᠭᠤᠯᠤᠯ᠎ᠢ ᠵᠠᠰᠠᠭ ᠵᠠᠬᠢᠷᠭ᠋ᠠᠨ᠎ᠤ ᠬᠠᠮᠠᠭ᠋ᠠᠯᠠᠯᠲᠠ ᠵᠢᠨ ᠪᠣᠯᠪᠠᠰᠤᠷᠠᠭᠤᠯᠤᠯ᠎ᠤᠨ ᠲᠥᠯᠥᠪᠯᠡᠭᠡ᠎ᠳᠤ ᠣᠷᠣᠭᠤᠯᠤᠨ᠎ᠠ  ᠃ ᠭᠠᠵᠠᠷ ᠵᠦᠶ ᠵᠢᠨ ᠰᠢᠨᠵᠢ ᠲᠡᠮᠳᠡᠭ᠎ᠤᠨ ᠵᠠᠰᠠᠭ ᠵᠠᠬᠢᠷᠭ᠋ᠠᠨ᠎ᠤ ᠬᠠᠮᠠᠭ᠋ᠠᠯᠠᠯᠲᠠ ᠵᠢᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠪᠠ ᠵᠢᠯᠣᠭᠣᠳᠬᠤ ᠬᠡᠷᠡᠭ᠎ᠤᠨ ᠵᠢᠱ᠌ᠢᠶ᠎ᠡ ᠵᠢ ᠰᠢᠯᠢᠨ ᠰᠣᠩᠭᠣᠬᠤ ᠪᠠ ᠮᠡᠳᠡᠭᠦᠯᠦᠨ ᠬᠦᠷᠭᠡᠬᠦ ᠵᠢ ᠢᠳᠡᠪᠬᠢᠲᠡᠶ ᠰᠠᠢ᠌ᠲᠤᠷ ᠬᠢᠵᠦ᠂ ᠭᠠᠵᠠᠷ ᠵᠦᠶ ᠵᠢᠨ ᠰᠢᠨᠵᠢ ᠲᠡᠮᠳᠡᠭ᠎ᠤᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢᠨ ᠦᠷ᠎ᠡ ᠪᠦᠲᠦᠮᠵᠢ᠂ ᠲᠡᠷᠢᠭᠦᠨ᠎ᠤ ᠲᠤᠷᠰᠢᠯᠭ᠎ᠠ ᠵᠢ ᠤᠬᠠᠭᠤᠯᠤᠨ ᠮᠡᠳᠡᠭᠡᠯᠡᠬᠦ ᠵᠢ ᠴᠢᠩᠭ᠋ᠠᠳᠬᠠᠨ᠎ᠠ  ᠃ ᠭᠠᠳᠠᠭ᠋ᠠᠳᠤ᠎ᠳᠤ ᠬᠣᠯᠪᠣᠭᠳᠠᠬᠤ ᠤᠬᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠮᠠᠨ᠎ᠤ ᠤᠯᠤᠰ᠎ᠤᠨ ᠭᠠᠵᠠᠷ ᠵᠦᠢ ᠵᠢᠨ ᠪᠡᠯᠭᠡ ᠲᠡᠮᠳᠡᠭᠲᠦ ᠪᠦᠲᠦᠭᠡᠭᠳᠡᠬᠦᠨ᠎ᠢ ᠭᠠᠳᠠᠭ᠋ᠠᠳᠤ᠎ᠳᠤ ᠭᠠᠷᠭ᠋ᠠᠬᠤ ᠵᠢ ᠠᠬᠢᠭᠤᠯᠵᠤ᠂ ᠤᠯᠠᠨ ᠤᠯᠤᠰ᠎ᠤᠨ ᠵᠠᠬ᠎ᠠ ᠳᠡᠯᠭᠡᠭᠦᠷ᠎ᠢ ᠨᠡᠭᠡᠭᠡᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠶᠡᠬᠡ᠎ᠪᠠᠷ ᠪᠠᠳᠠᠷᠠᠭᠤᠯᠤᠨ᠎ᠠ  ᠃
      ᠲᠠᠷᠠᠭ᠋ᠠᠴᠢ ᠵᠢᠨ ᠠᠯᠬᠤᠮ᠎ᠳᠤ᠂ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠣᠪᠴᠢᠶ᠎ᠠ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠎ᠠᠴᠠ ᠡᠯ᠎ᠡ ᠭᠠᠵᠠᠷ ᠣᠷᠣᠨ᠎ᠤ ᠮᠡᠳᠡᠯᠭᠡ ᠵᠢᠨ ᠦᠮᠴᠢᠯᠡᠯ᠎ᠤᠨ ᠡᠷᠬᠡ   ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠲᠢᠩᠬᠢᠮ᠂ ᠵᠥᠪᠯᠡᠯ)᠂ ᠡᠯ᠎ᠡ ᠬᠣᠯᠪᠣᠭᠳᠠᠯ ᠪᠥᠬᠥᠶ ᠨᠢᠭᠡᠴᠡ ᠵᠢ ᠵᠣᠬᠢᠶᠠᠨ ᠪᠠᠢ᠌ᠭᠤᠯᠤᠨ 《ᠵᠢᠯᠣᠭᠣᠳᠬᠤ ᠰᠠᠨᠠᠯ》᠎ᠤᠨ ᠱᠠᠭ᠋ᠠᠷᠳᠠᠯᠭ᠎ᠠ ᠵᠢ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠲᠥᠯᠥᠪᠵᠢᠭᠦᠯᠭᠡ ᠵᠢ ᠵᠣᠯᠭ᠋ᠠᠭᠤᠯᠬᠤ᠂ ᠲᠥᠷᠥ ᠵᠢᠨ ᠪᠣᠳᠣᠯᠭ᠎ᠠ ᠵᠢ ᠵᠣᠬᠢᠴᠠᠭᠤᠯᠬᠤ᠂ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠬᠦ ᠵᠢ ᠴᠢᠩᠭ᠋ᠠᠳᠬᠠᠨ᠂ ᠬᠠᠮᠲᠤᠷᠠᠨ ᠬᠥᠳᠡᠯᠦᠯᠴᠡᠵᠦ ᠵᠣᠬᠢᠴᠠᠭᠤᠯᠬᠤ ᠵᠢ ᠴᠢᠩᠭ᠋ᠠᠷᠠᠭᠤᠯᠵᠤ᠂ ᠠᠵᠢᠯ᠎ᠤᠨ ᠨᠡᠢ᠌ᠯᠡᠮᠡᠯ ᠬᠦᠴᠦᠨ᠎ᠢ ᠪᠣᠶ ᠪᠣᠯᠭ᠋ᠠᠨ᠂ ᠡᠯ᠎ᠡ ᠵᠦᠢᠯ᠎ᠤᠨ ᠭᠣᠤᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠦᠨᠡᠨᠬᠦ ᠪᠠᠲᠤᠯᠠᠨ᠎ᠠ  ᠃

ᠢᠷᠡᠯᠲᠡ᠄ ᠤᠯᠤᠰ᠎ᠤᠨ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
《ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠣᠬᠢᠶᠠᠨ ᠪᠠᠢ᠌ᠭᠤᠯᠤᠯᠲᠠ ᠵᠢᠨ ᠮᠡᠳᠡᠯᠭᠡ ᠵᠢᠨ ᠦᠮᠴᠢᠯᠡᠯ ᠎ᠤᠨ ᠡᠷᠬᠡ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠵᠢᠯᠣᠭᠣᠳᠬᠤ ᠰᠠᠨᠠᠯ》᠎ᠤᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠳᠣᠨ ᠡᠭᠦᠳᠦᠯᠲᠡ ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠠᠯᠠᠱ᠌ᠠ ᠠᠢ᠌ᠮᠠᠭ᠎ᠤᠨ ᠠᠯᠠᠱ᠌ᠠᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠰᠤᠳᠤᠯᠤᠨ ᠬᠥᠭᠵᠢᠭᠦᠯᠬᠦ ᠣᠷᠣᠭᠤᠯᠤᠯᠲᠠ᠎ᠳᠤ ᠡᠳ᠋᠎ᠤᠨ ᠵᠠᠰᠠᠭ᠎ᠤᠨ ᠳᠠᠷᠠᠭ᠋ᠠᠬᠢ ᠨᠥᠬᠥᠪᠥᠷᠢᠯᠡᠬᠦ ᠠᠷᠭ᠎ᠠ
 
            