ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠶ ᠬᠠᠷᠢᠭᠤᠯᠲᠠ
ᠨᠡᠶ᠋ᠢᠲᠡᠯᠡᠭᠰᠡᠨ ᠴᠠᠭ᠄ 2021-06-29



      ᠨᠢᠭᠡ᠂ 2021 ᠣᠨ᠎ᠤ 5 ᠳ᠋ᠤᠭ᠋ᠠᠷ ᠰᠠᠷ᠎ᠠ ᠵᠢᠨ 31᠎ᠤ ᠡᠳᠦᠷ (ᠲᠣᠰ ᠡᠳᠦᠷ᠎ᠢ ᠪᠠᠭᠲᠠᠭ᠋ᠠᠨ᠎ᠠ)᠎ᠠᠴᠠ ᠡᠮᠦᠨ᠎ᠡ ᠭᠤᠶᠤᠴᠢᠯᠠᠭᠰᠠᠨ ᠭᠠᠳᠠᠷ ᠳᠦᠷᠰᠦ ᠵᠢᠨ ᠵᠢᠷᠤᠭ ᠲᠥᠯᠥᠪᠯᠡᠭᠡ ᠵᠢᠨ ᠲᠤᠰᠬᠠᠶ ᠠᠰᠢᠭ᠎ᠤᠨ ᠬᠠᠮᠠᠭ᠋ᠠᠯᠠᠯᠲᠠ ᠵᠢᠨ ᠬᠤᠭᠤᠴᠠᠭ᠎ᠠ᠎ᠨᠢ ᠬᠡᠳᠦᠶ ᠵᠢᠯ ᠪᠣᠶ?
      ᠮᠠᠨ᠎ᠤ ᠤᠯᠤᠰ᠎ᠤᠨ 《ᠬᠠᠤᠯᠢ ᠲᠣᠭᠲᠠᠭ᠋ᠠᠬᠤ ᠬᠠᠤᠯᠢ》 ᠵᠢᠨ ᠶᠢᠷᠦᠨ ᠭᠤᠷᠪᠠᠳᠤᠭ᠋ᠠᠷ ᠵᠦᠢ᠍ᠯ᠎ᠳᠤ᠄ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠥᠪᠡᠷᠲᠡᠭᠡᠨ ᠵᠠᠰᠠᠬᠤ ᠲᠤᠢ᠍ᠷᠢᠮ ᠪᠠ ᠲᠤᠰᠬᠠᠢ ᠲᠤᠢ᠍ᠷᠢᠮ᠂ ᠲᠤᠢ᠍ᠷᠢᠮ ᠲᠣᠭᠲᠠᠭ᠋ᠠᠯ᠎ᠳᠤ ᠥᠩᠭᠡᠷᠡᠭᠰᠡᠨ᠎ᠢ ᠨᠡᠬᠡᠮᠵᠢᠯᠡᠬᠦ ᠤᠢ᠍ᠭᠡᠢ᠂ ᠭᠡᠪᠡᠴᠦ ᠠᠷᠠᠳ ᠢᠷᠭᠡᠨ᠂ ᠬᠠᠤᠯᠢ ᠵᠢᠨ ᠬᠥᠮᠦᠨ ᠪᠠ ᠪᠤᠰᠤᠳ ᠵᠣᠬᠢᠶᠠᠨ ᠪᠠᠢ᠌ᠭᠤᠯᠤᠯᠲᠠ ᠵᠢᠨ ᠡᠷᠬᠡ ᠪᠠ ᠠᠰᠢᠭ ᠲᠤᠰᠠ ᠵᠢ ᠨᠡᠩ ᠰᠠᠢ᠌ᠲᠤᠷ ᠬᠠᠮᠠᠭ᠋ᠠᠯᠠᠬᠤ ᠵᠢᠨ ᠲᠥᠯᠥᠭᠡ ᠭᠠᠷᠭ᠋ᠠᠭᠰᠠᠨ ᠣᠨᠴᠠᠭ᠋ᠠᠢ ᠲᠣᠭᠲᠠᠭ᠋ᠠᠯ ᠡᠭᠦᠨ᠎ᠳᠤ ᠪᠠᠭᠲᠠᠬᠤ ᠤᠢ᠍ᠭᠡᠢ ᠭᠡᠵᠦ ᠲᠣᠭᠲᠠᠭ᠋ᠠᠵᠠᠢ  ᠃ 2020 ᠣᠨ᠎ᠤ 10 ᠰᠠᠷ᠎ᠠ᠎ᠳᠤ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠠᠴᠠ 《ᠲᠤᠰᠬᠠᠶ ᠠᠰᠢᠭ᠎ᠤᠨ ᠬᠠᠤᠯᠢ》᠎ᠳᠤ ᠵᠠᠰᠠᠪᠤᠷᠢ ᠣᠷᠣᠭᠤᠯᠬᠤ ᠲᠣᠭᠲᠠᠭ᠋ᠠᠯ᠎ᠢ ᠪᠠᠲᠤᠯᠠᠵᠤ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠶ ᠠᠰᠢᠭ᠎ᠤᠨ ᠬᠠᠤᠯᠢ᠎ᠳᠤ ᠰᠥᠷᠴᠦ ᠨᠡᠬᠡᠮᠵᠢᠯᠡᠬᠦ ᠬᠦᠴᠦᠨ᠎ᠤ ᠠᠰᠠᠭᠤᠳᠠᠯ᠎ᠤᠨ ᠲᠤᠬᠠᠶ ᠣᠨᠴᠠᠭ᠋ᠠᠶ ᠲᠣᠭᠲᠠᠭ᠋ᠠᠯ ᠭᠠᠷᠭ᠋ᠠᠭᠰᠠᠨ ᠥᠬᠡᠶ  ᠃ ᠡᠢ᠌ᠮᠦ᠎ᠠᠴᠠ ᠰᠢᠨ᠎ᠡ ᠲᠤᠰᠬᠠᠢ ᠠᠰᠢᠭ᠎ᠤᠨ ᠬᠠᠤᠯᠢ ᠬᠦᠴᠦᠨ᠎ᠲᠠᠢ ᠪᠣᠯᠬᠤ᠎ᠠᠴᠠ ᠡᠮᠦᠨ᠎ᠡ ᠲᠤᠰᠢᠶᠠᠭᠰᠠᠨ ᠭᠠᠳᠠᠷ ᠳᠦᠷᠰᠦ ᠵᠢᠨ ᠵᠢᠷᠤᠭ ᠲᠥᠯᠥᠪᠯᠡᠭᠡᠨ᠎ᠤ ᠲᠤᠰᠬᠠᠢ ᠠᠰᠢᠭ᠎ᠤᠨ ᠭᠤᠶᠤᠴᠢᠯᠠᠯ ᠬᠢᠭᠡᠳ ᠣᠯᠭᠣᠭᠰᠠᠨ ᠲᠤᠰᠬᠠᠢ ᠠᠰᠢᠭ᠎ᠤᠨ ᠡᠷᠬᠡ᠂᠂ᠵᠠᠰᠠᠪᠤᠷᠢ ᠣᠷᠣᠭᠤᠯᠬᠤ᠎ᠠᠴᠠ ᠡᠮᠦᠨᠡᠬᠢ ᠲᠤᠰᠬᠠᠢ ᠠᠰᠢᠭ᠎ᠤᠨ ᠬᠠᠤᠯᠢ ᠵᠢᠨ ᠲᠣᠭᠲᠠᠭ᠋ᠠᠯ᠎ᠢ ᠦᠨᠳᠦᠰᠦᠯᠡᠨ᠂ ᠬᠠᠮᠠᠭ᠋ᠠᠯᠠᠬᠤ ᠬᠤᠭᠤᠴᠠᠭ᠎ᠠ᠎ᠨᠢ ᠠᠷᠪᠠᠨ ᠵᠢᠯ ᠪᠣᠯᠤᠨ᠎ᠠ᠃
     
      ᠬᠣᠶᠠᠷ᠂ 2021 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠭᠤᠶᠤᠴᠢᠯᠠᠭᠴᠢ ᠦᠢᠯᠡᠳᠬᠦᠨ᠎ᠤ ᠬᠡᠰᠡᠭ ᠲᠠᠯ᠎ᠠ ᠵᠢᠨ ᠭᠠᠳᠠᠷ ᠳᠦᠷᠰᠦ ᠵᠢᠨ ᠵᠢᠷᠤᠭ ᠲᠥᠯᠥᠪᠯᠡᠭᠡ ᠵᠢᠨ ᠲᠤᠰᠬᠠᠶ ᠠᠰᠢᠭ   ᠵᠶ᠋ᠠᠨ ᠬᠠᠮᠠᠭ᠋ᠠᠯᠠᠬᠤ  ᠎ᠪᠠᠷ   ᠭᠤᠶᠤᠴᠢᠯᠠᠯ ᠲᠤᠰᠢᠶᠠᠵᠤ   ᠪᠣᠯᠤᠨ᠎ᠠ ᠤᠤ?
      ᠠᠵᠤ ᠦᠢᠯᠡᠰ᠎ᠤᠨ ᠬᠥᠭᠵᠢᠯᠲᠡ ᠵᠢ ᠳᠠᠭ᠋ᠠᠯᠳᠤᠨ᠂ ᠦᠢᠯᠡᠳᠬᠦᠨ᠎ᠤ ᠵᠢᠷᠤᠭ ᠲᠥᠯᠥᠪᠯᠡᠭᠡ ᠡᠳᠦᠷ ᠢᠷᠡᠬᠦᠶ᠎ᠡ ᠨᠠᠷᠢᠯᠢᠭᠵᠢᠵᠤ᠂ ᠪᠣᠯᠪᠠᠰᠤᠷᠠᠩᠭᠤᠶ ᠦᠢᠯᠡᠳᠬᠦᠨ᠎ᠤ ᠪᠦᠬᠦᠯᠢ ᠴᠣᠭᠴᠠ ᠵᠢᠨ ᠭᠠᠳᠠᠷ ᠳᠦᠷᠰᠦ ᠵᠢᠨ ᠵᠢᠷᠤᠭ ᠲᠥᠯᠥᠪᠯᠡᠭᠡ᠎ᠨᠢ ᠤᠯᠠᠮ᠎ᠠᠴᠠ ᠤᠯᠠᠮ ᠰᠢᠨ᠎ᠡ ᠵᠢ ᠡᠭᠦᠳᠬᠦ᠎ᠳᠤ ᠪᠡᠷᠬᠡ ᠪᠣᠯᠵᠣ᠂ ᠬᠡᠰᠡᠭ ᠲᠠᠯ᠎ᠠ ᠵᠢᠨ ᠭᠠᠳᠠᠷ ᠳᠦᠷᠰᠦ ᠵᠢᠨ ᠵᠢᠷᠤᠭ ᠲᠥᠯᠥᠪᠯᠡᠭᠡ᠎ᠨᠢ ᠠᠭ᠋ᠠᠵᠢᠮ ᠵᠶ᠋ᠠᠷ ᠭᠠᠳᠠᠷ ᠳᠦᠷᠰᠦ ᠵᠢᠨ ᠵᠢᠷᠤᠭ ᠲᠥᠯᠥᠪᠯᠡᠭᠡ ᠵᠢᠨ ᠰᠢᠨ᠎ᠡ ᠵᠢ ᠡᠭᠦᠳᠬᠦ ᠵᠢᠨ ᠴᠢᠬᠤᠯᠠ ᠢᠯᠡᠷᠡᠬᠦ ᠬᠡᠯᠪᠡᠷᠢ ᠪᠣᠯᠵᠣ᠂ ᠰᠢᠨ᠎ᠡ ᠵᠢ ᠡᠭᠦᠳᠬᠦ ᠵᠢᠷᠤᠭ ᠲᠥᠯᠥᠪᠯᠡᠭᠴᠢ ᠵᠢᠨ ᠬᠡᠰᠡᠭ ᠲᠠᠯ᠎ᠠ ᠵᠢᠨ ᠭᠠᠳᠠᠷ ᠳᠦᠷᠰᠦ ᠵᠢᠨ ᠵᠢᠷᠤᠭ ᠲᠥᠯᠥᠪᠯᠡᠭᠡ ᠵᠢ ᠬᠠᠮᠠᠭ᠋ᠠᠯᠠᠬᠤ ᠬᠡᠷᠡᠭᠴᠡᠭᠡ ᠱᠠᠭ᠋ᠠᠷᠳᠠᠯᠭ᠎ᠠ ᠡᠳᠦᠷ ᠢᠷᠡᠬᠦᠶ᠎ᠡ ᠴᠢᠩᠭ᠋ᠠᠷᠠᠵᠤ ᠪᠠᠢ᠌ᠨ᠎ᠠ  ᠃ ᠡᠢ᠌ᠮᠦ᠎ᠠᠴᠠ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠬᠦᠰᠡᠯ ᠱᠠᠭ᠋ᠠᠷᠳᠠᠯᠭ᠎ᠠ᠎ᠳᠤ ᠬᠠᠷᠢᠭᠤᠯᠲᠠ ᠥᠭᠬᠦ ᠵᠢᠨ ᠲᠥᠯᠥᠭᠡ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠢ ᠠᠰᠢᠭ᠎ᠤᠨ ᠬᠠᠤᠯᠢ ᠵᠢᠨ ᠬᠣᠶᠠᠳᠤᠭ᠋ᠠᠷ ᠵᠦᠢ᠍ᠯ᠎ᠤᠨ ᠳᠥᠷᠪᠡᠳᠦᠭᠡᠷ   ᠵᠤᠷᠪᠤᠰ᠎ᠲᠤ ᠦᠢ᠍ᠯᠡᠳᠬᠦᠨ᠎ᠤ 《ᠬᠡᠰᠡᠭ ᠲᠠᠯ᠎ᠠ》 ᠵᠢᠨ ᠭᠠᠳᠠᠷ ᠳᠦᠷᠰᠦ ᠵᠢᠨ ᠵᠢᠷᠤᠭ ᠲᠥᠯᠥᠪᠯᠡᠭᠡ᠎ᠳᠤ ᠲᠤᠰᠬᠠᠢ ᠠᠰᠢᠭ᠎ᠤᠨ ᠬᠠᠮᠠᠭ᠋ᠠᠯᠠᠯᠲᠠ ᠣᠯᠭᠣᠬᠤ ᠵᠢ ᠲᠣᠳᠣᠷᠬᠠᠢ᠌ᠯᠠᠪᠠ  ᠃ 2021 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠭᠤᠶᠤᠴᠢᠯᠠᠭᠴᠢ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠪᠴᠢᠶ᠎ᠠ᠎ᠳᠤ   ᠦᠢᠯᠡᠳᠬᠦᠨ᠎ᠤ ᠬᠡᠰᠡᠭ ᠲᠠᠯ᠎ᠠ ᠵᠢᠨ ᠭᠠᠳᠠᠷ ᠳᠦᠷᠰᠦ ᠵᠢᠨ ᠵᠢᠷᠤᠭ ᠲᠥᠯᠥᠪᠯᠡᠭᠡ ᠬᠠᠮᠠᠭ᠋ᠠᠯᠠᠬᠤ ᠲᠤᠰᠬᠠᠶ ᠠᠰᠢᠭ᠎ᠤᠨ ᠭᠤᠶᠤᠴᠢᠯᠠᠯ ᠳᠡᠪᠰᠢᠭᠦᠯᠵᠦ ᠪᠣᠯᠤᠨ᠎ᠠ  ᠃ ᠭᠡᠪᠡᠴᠦ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠨᠠᠷᠢᠨ ᠲᠦᠷᠢᠮ   ᠪᠠᠰᠠ ᠵᠠᠰᠠᠪᠤᠷᠢ ᠣᠷᠣᠭᠤᠯᠬᠤ ᠶᠠᠪᠤᠴᠠ᠎ᠳᠤ ᠪᠠᠢ᠌ᠭᠰᠠᠭ᠋ᠠᠷ᠂ ᠬᠣᠯᠪᠣᠭᠳᠠᠯ ᠪᠥᠬᠥᠶ ᠢᠵᠢ ᠪᠥᠷᠢᠳᠦᠭᠰᠡᠨ ᠡᠯᠧᠺᠲᠷᠣᠨ ᠰᠢᠰᠲ᠋ᠧᠮ᠎ᠢ ᠶᠠᠭ ᠨᠡᠭᠡᠭᠡᠵᠦ ᠪᠠᠢ᠌ᠬᠤ ᠤᠴᠢᠷ᠎ᠠᠴᠠ 2021 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠭᠤᠶᠤᠴᠢᠯᠠᠭᠴᠢ᠎ᠨᠢ ᠴᠠᠭ᠋ᠠᠰᠤ ᠪᠤᠶᠤ ᠤᠲᠠᠰᠤ᠎ᠠᠴᠠ ᠰᠠᠯᠬᠤ ᠡᠯᠧᠺᠲᠷᠣᠨ ᠭᠤᠶᠤᠴᠢᠯᠠᠯ᠎ᠤᠨ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠬᠡᠰᠡᠭ ᠲᠠᠯ᠎ᠠ ᠵᠢᠨ ᠭᠠᠳᠠᠷ ᠳᠦᠷᠰᠦ ᠵᠢᠨ ᠵᠢᠷᠤᠭ ᠲᠥᠯᠥᠪᠯᠡᠭᠡ ᠵᠢᠨ ᠲᠤᠰᠬᠠᠶ ᠠᠰᠢᠭ᠎ᠤᠨ ᠭᠤᠶᠤᠴᠢᠯᠠᠯ ᠵᠶ᠋ᠠᠨ ᠲᠤᠰᠢᠶᠠᠵᠤ ᠪᠣᠯᠤᠨ᠎ᠠ᠂ ᠮᠠᠨ᠎ᠤ ᠲᠣᠪᠴᠢᠶ᠎ᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠲᠤᠰᠬᠠᠶ ᠠᠰᠢᠭ᠎ᠤᠨ ᠬᠠᠤᠯᠢ ᠵᠢᠨ ᠬᠡᠷᠡᠭᠵᠢᠭᠦᠯᠬᠦ ᠨᠠᠷᠢᠨ ᠲᠦᠷᠢᠮ᠎ᠢ ᠬᠡᠷᠡᠭᠵᠢᠭᠦᠯᠦᠭᠰᠡᠨ᠎ᠤ ᠳᠠᠷᠠᠭ᠎ᠠ ᠲ᠋ᠡᠭᠡᠷ᠎ᠡ ᠳᠤᠷᠠᠳᠤᠭᠰᠠᠨ ᠭᠤᠶᠤᠴᠢᠯᠠᠯ᠎ᠢ ᠬᠢᠨᠠᠨ ᠪᠠᠢ᠌ᠴᠠᠭ᠋ᠠᠨ᠎ᠠ᠃

      ᠭᠤᠷᠪᠠ᠂ ᠭᠤᠶᠤᠴᠢᠯᠠᠭᠰᠠᠨ ᠡᠳᠦᠷ᠎ᠨᠢ 2021 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ (ᠲᠣᠰ ᠡᠳᠦᠷ᠎ᠢ ᠪᠠᠭᠲᠠᠭ᠋ᠠᠨ᠎ᠠ)᠎ᠤᠨ ᠳᠠᠷᠠᠭ᠋ᠠᠬᠢ ᠲᠤᠰᠬᠠᠶ ᠠᠰᠢᠭ᠎ᠤᠨ ᠭᠤᠶᠤᠴᠢᠯᠠᠯ ᠪᠠᠢ᠌ᠪᠠᠯ᠂ ᠭᠤᠶᠤᠴᠢᠯᠠᠭᠴᠢ᠎ᠨᠢ ᠭᠠᠳᠠᠷ ᠳᠦᠷᠰᠦ ᠵᠢᠨ ᠵᠢᠷᠤᠭ ᠲᠥᠯᠥᠪᠯᠡᠭᠡ ᠵᠢᠨ ᠲᠣᠰ ᠤᠯᠤᠰ᠎ᠲᠠᠬᠢ ᠤᠷᠢᠳᠠᠬᠤ ᠡᠷᠬᠡ ᠵᠢ ᠭᠤᠶᠤᠴᠢᠯᠠᠵᠤ ᠪᠣᠯᠤᠨ᠎ᠠ   ᠤᠤ? ᠭᠤᠶᠤᠴᠢᠯᠠᠭᠴᠢ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠢ ᠠᠰᠢᠭ᠎ᠤᠨ ᠬᠠᠤᠯᠢ ᠵᠢᠨ ᠭᠤᠴᠢᠳᠤᠭ᠋ᠠᠷ ᠵᠦᠢ᠍ᠯ᠎ᠤᠨ ᠶᠣᠰᠣᠭ᠋ᠠᠷ ᠤᠷᠢᠳᠠᠬᠤ ᠡᠷᠬᠡ ᠵᠢᠨ ᠪᠢᠴᠢᠭ ᠮᠠᠲ᠋ᠧᠷᠢᠶᠠᠯ᠎ᠤᠨ ᠬᠠᠭᠤᠯᠪᠤᠷᠢ ᠳᠡᠪᠲᠡᠷ᠎ᠢ ᠲᠤᠰᠢᠶᠠᠵᠤ ᠪᠣᠯᠤᠨ᠎ᠠ ᠤᠤ?
      ᠲᠤᠰ ᠤᠳᠠᠭ᠎ᠠ ᠲᠤᠰᠬᠠᠢ ᠠᠰᠢᠭ᠎ᠤᠨ ᠬᠠᠤᠯᠢ᠎ᠳᠤ ᠵᠠᠰᠠᠪᠤᠷᠢ ᠣᠷᠣᠭᠤᠯᠬᠤ᠎ᠳᠠᠭᠠᠨ ᠭᠠᠳᠠᠷ ᠳᠦᠷᠰᠦ ᠵᠢᠨ ᠵᠢᠷᠤᠭ ᠲᠥᠯᠥᠪᠯᠡᠭᠡᠨ᠎ᠤ ᠲᠤᠬᠠᠢ ᠲᠤᠰ ᠤᠯᠤᠰ᠎ᠤᠨ ᠤᠷᠢᠳᠠᠬᠤ ᠡᠷᠬᠡ ᠵᠢᠨ ᠲᠦᠷᠢᠮ᠎ᠢ ᠣᠷᠣᠭᠤᠯᠵᠤ᠂ ᠭᠠᠳᠠᠷ ᠳᠦᠷᠰᠦ ᠵᠢᠨ ᠵᠢᠷᠤᠭ ᠲᠥᠯᠥᠪᠯᠡᠭᠡᠨ᠎ᠤ ᠭᠤᠶᠤᠴᠢᠯᠠᠭᠴᠢ᠎ᠳᠤ ᠭᠤᠶᠤᠴᠢᠯᠠᠬᠤ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠮᠠᠭ᠋ᠠᠯᠠᠬᠤ ᠬᠡᠪᠴᠢᠢ᠎ᠡ ᠵᠢ ᠲᠣᠳᠣᠷᠬᠠᠢ᠌ᠯᠠᠬᠤ ᠲᠣᠬᠢᠶᠠᠯ ᠣᠯᠭᠣᠵᠠᠢ  ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠢ ᠠᠰᠢᠭ᠎ᠤᠨ ᠬᠠᠤᠯᠢ ᠵᠢᠨ ᠬᠣᠷᠢ ᠶᠢᠰᠦᠳᠦᠭᠡᠷ ᠵᠦᠢ᠍ᠯ᠎ᠳᠤ᠂ ᠭᠠᠳᠠᠷ ᠳᠦᠷᠰᠦ ᠵᠢᠨ ᠵᠢᠷᠤᠭ ᠲᠥᠯᠥᠪᠯᠡᠭᠡ᠎ᠨᠢ ᠳᠤᠮᠳᠠᠳᠤ ᠤᠯᠤᠰ᠎ᠲᠤ ᠠᠩᠬ᠎ᠠ ᠤᠳᠠᠭ᠎ᠠ ᠲᠤᠰᠬᠠᠢ ᠠᠰᠢᠭ᠎ᠤᠨ ᠭᠤᠶᠤᠴᠢᠯᠠᠯ ᠭᠠᠷᠭ᠋ᠠᠭᠰᠠᠨ ᠡᠳᠦᠷ᠎ᠠᠴᠠ ᠡᠬᠢᠯᠡᠨ ᠵᠢᠷᠭᠤᠭ᠋ᠠᠨ ᠰᠠᠷ᠎ᠠ ᠵᠢᠨ ᠳᠣᠲᠣᠷ᠎ᠠ᠂ ᠳᠠᠬᠢᠨᠲᠠ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠪᠴᠢᠢ᠎ᠠ᠎ᠳᠤ ᠠᠳᠠᠯᠢ ᠰᠡᠳᠦᠪ ᠵᠶ᠋ᠡᠷ ᠲᠤᠰᠬᠠᠢ ᠠᠰᠢᠭ᠎ᠤᠨ ᠭᠤᠶᠤᠴᠢᠯᠠᠯ ᠭᠠᠷᠭ᠋ᠠᠭᠰᠠᠨ ᠪᠠᠢ᠌ᠪᠠᠯ᠂ ᠤᠷᠢᠳᠠᠬᠤ ᠡᠷᠬᠡ ᠵᠢ ᠡᠳ᠋ᠯᠡᠵᠦ ᠪᠣᠯᠤᠨ᠎ᠠ ᠭᠡᠵᠦ ᠲᠣᠭᠲᠠᠭ᠋ᠠᠵᠠᠢ  ᠃ ᠭᠤᠶᠤᠴᠢᠯᠠᠭᠰᠠᠨ ᠡᠳᠦᠷ᠎ᠨᠢ 2021 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠰᠡᠭᠦᠯᠡᠷᠬᠢ ᠭᠠᠳᠠᠷ ᠳᠦᠷᠰᠦ ᠵᠢᠨ ᠵᠢᠷᠤᠭ ᠲᠥᠯᠥᠪᠯᠡᠭᠡ ᠵᠢᠨ ᠲᠤᠰᠬᠠᠶ ᠠᠰᠢᠭ᠎ᠤᠨ ᠭᠤᠶᠤᠴᠢᠯᠠᠯ   ᠪᠠᠢ᠌ᠪᠠᠯ᠂ ᠭᠤᠶᠤᠴᠢᠯᠠᠭᠴᠢ᠎ᠨᠢ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠪᠴᠢᠶ᠎ᠠ᠎ᠳᠤ ᠪᠢᠴᠢᠭ᠎ᠤᠨ ᠢᠯᠡᠷᠬᠡᠢ᠌ᠯᠡᠯᠲᠡ ᠳᠡᠪᠰᠢᠭᠦᠯᠵᠦ᠂ ᠭᠠᠳᠠᠷ ᠳᠦᠷᠰᠦ ᠵᠢᠨ ᠵᠢᠷᠤᠭ ᠲᠥᠯᠥᠪᠯᠡᠭᠡ ᠵᠢᠨ ᠲᠣᠰ ᠤᠯᠤᠰ᠎ᠲᠠᠬᠢ ᠤᠷᠢᠭᠳᠠᠬᠤ ᠡᠷᠬᠡ᠎ᠶᠢ ᠱᠠᠭ᠋ᠠᠷᠳᠠᠵᠤ ᠪᠣᠯᠤᠨ᠎ᠠ  ᠃ ᠭᠡᠪᠡᠴᠦ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠨᠠᠷᠢᠨ ᠲᠦᠷᠢᠮ᠎ᠳᠤ ᠵᠠᠰᠠᠪᠤᠷᠢ ᠣᠷᠣᠭᠤᠯᠬᠤ ᠶᠠᠪᠤᠴᠠ᠎ᠳᠤ ᠪᠠᠢ᠌ᠭ᠎ᠠ ᠪᠣᠯᠬᠣᠷ ᠮᠠᠨ᠎ᠤ ᠲᠣᠪᠴᠢᠶ᠎ᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠨᠠᠷᠢᠨ ᠲᠦᠷᠢᠮ᠎ᠢ ᠬᠡᠷᠡᠭᠵᠢᠭᠦᠯᠦᠭᠰᠡᠨ᠎ᠤ ᠳᠠᠷᠠᠭ᠎ᠠ ᠳᠡᠭᠡᠷ᠎ᠡ ᠳᠤᠷᠠᠳᠤᠭᠰᠠᠨ ᠭᠤᠶᠤᠴᠢᠯᠠᠯ ᠵᠢᠴᠢ ᠤᠷᠢᠳᠠᠬᠤ ᠡᠷᠬᠡ ᠵᠢᠨ ᠰᠠᠭᠤᠷᠢ ᠪᠣᠯᠭ᠋ᠠᠬᠤ᠎ᠪᠠᠷ ᠱᠠᠭ᠋ᠠᠷᠳᠠᠭᠰᠠᠨ ᠭᠠᠳᠠᠷ ᠳᠦᠷᠰᠦ ᠵᠢᠨ ᠵᠢᠷᠤᠭ ᠲᠥᠯᠥᠪᠯᠡᠭᠡ ᠵᠢᠨ ᠲᠤᠰᠬᠠᠶ ᠠᠰᠢᠭ᠎ᠤᠨ ᠭᠤᠶᠤᠴᠢᠯᠠᠯ᠎ᠳᠤ ᠬᠢᠨᠠᠨ ᠪᠠᠢ᠌ᠴᠠᠭ᠋ᠠᠯᠲᠠ ᠬᠢᠬᠦ ᠪᠣᠯᠤᠨ᠎ᠠ  ᠃
        ᠡᠭᠦᠨ᠎ᠠᠴᠠ ᠭᠠᠳᠠᠨ᠎ᠠ᠂ 《ᠪᠠᠭᠤᠯᠭ᠋ᠠᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠨᠠᠢ᠌ᠳᠠᠪᠤᠷᠢᠵᠢᠭᠤᠯᠵᠤ᠂ ᠭᠤᠶᠤᠴᠢᠯᠠᠭᠴᠢ᠎ᠳᠤ ᠤᠯᠠᠮ ᠨᠢᠭᠡ ᠠᠯᠬᠤᠮ ᠲᠥᠬᠥᠮ ᠦᠵᠡᠭᠦᠯᠬᠦ ᠵᠢᠨ ᠲᠥᠯᠥᠭᠡ᠂ ᠲᠣᠰ ᠤᠳᠠᠭ᠎ᠠ ᠲᠤᠰᠬᠠᠶ ᠠᠰᠢᠭ᠎ᠤᠨ ᠬᠠᠤᠯᠢ᠎ᠳᠤ ᠵᠠᠰᠠᠪᠤᠷᠢ ᠣᠷᠣᠭᠤᠯᠬᠤ᠎ᠳᠠᠭᠠᠨ ᠤᠷᠢᠳᠠᠬᠤ ᠡᠷᠬᠡ ᠵᠢᠨ ᠪᠢᠴᠢᠭ ᠮᠠᠲ᠋ᠧᠷᠢᠶᠠᠯ᠎ᠤᠨ ᠬᠠᠭᠤᠯᠪᠤᠷᠢ ᠳᠡᠪᠲᠡᠷ᠎ᠢ ᠲᠤᠰᠢᠶᠠᠬᠤ ᠬᠤᠭᠤᠴᠠᠭ᠎ᠠ ᠵᠢᠨ ᠬᠣᠯᠪᠣᠭᠳᠠᠯ ᠪᠥᠬᠥᠶ ᠲᠣᠭᠲᠠᠭ᠋ᠠᠯ᠎ᠳᠤ ᠵᠣᠬᠢᠰᠲᠠᠶ ᠲᠣᠬᠢᠷᠠᠭᠤᠯᠤᠯᠲᠠ ᠬᠢᠪᠠ  ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠢ ᠠᠰᠢᠭ᠎ᠤᠨ ᠬᠠᠤᠯᠢ ᠵᠢᠨ ᠭᠤᠴᠢᠳᠤᠭ᠋ᠠᠷ ᠵᠦᠢ᠍ᠯ᠎ᠳᠤ᠂ ᠭᠤᠶᠤᠴᠢᠯᠠᠭᠴᠢ᠎ᠨᠢ ᠡᠭᠦᠳᠦᠯᠲᠡ᠂ ᠬᠡᠷᠡᠭᠯᠡᠭᠡᠨ᠎ᠤ ᠰᠢᠨ᠎ᠡ ᠬᠡᠯᠪᠡᠷᠢ ᠵᠢᠨ ᠲᠤᠰᠬᠠᠢ ᠠᠰᠢᠭ᠎ᠤᠨ ᠤᠷᠢᠳᠠᠬᠤ ᠡᠷᠬᠡ ᠵᠢ ᠤᠯᠬᠤ᠎ᠪᠠᠷ ᠱᠠᠭ᠋ᠠᠷᠳᠠᠪᠠᠯ᠂ ᠭᠤᠶᠤᠴᠢᠯᠠᠬᠤ᠎ᠳᠠᠭᠠᠨ ᠪᠢᠴᠢᠭ᠎ᠤᠨ ᠢᠯᠡᠷᠬᠡᠢ᠌ᠯᠡᠯᠲᠡ ᠭᠠᠷᠭ᠋ᠠᠬᠤ ᠵᠢᠨ ᠬᠠᠮᠲᠤ ᠠᠩᠬ᠎ᠠ ᠤᠳᠠᠭ᠎ᠠ ᠭᠤᠶᠤᠴᠢᠯᠠᠯ ᠭᠠᠷᠭ᠋ᠠᠭᠰᠠᠨ ᠡᠳᠦᠷ᠎ᠠᠴᠠ᠎ᠪᠠᠨ ᠡᠬᠢᠯᠡᠨ ᠠᠷᠪᠠᠨ ᠵᠢᠷᠭᠤᠭ᠋ᠠᠨ ᠰᠠᠷ᠎ᠠ ᠵᠢᠨ ᠳᠣᠲᠣᠷ᠎ᠠ ᠠᠩᠬ᠎ᠠ ᠤᠳᠠᠭ᠎ᠠ ᠳᠤᠷᠠᠳᠤᠭᠰᠠᠨ ᠲᠤᠰᠬᠠᠢ ᠠᠰᠢᠭ ᠭᠤᠶᠤᠴᠢᠯᠠᠭᠰᠠᠨ ᠪᠢᠴᠢᠭ ᠮᠠᠲ᠋ᠧᠷᠢᠶᠠᠯ᠎ᠤᠨ ᠵᠶ᠋ᠠᠨ ᠬᠠᠭᠤᠯᠪᠤᠷᠢ ᠳᠡᠪᠲᠡᠷ᠎ᠢ ᠲᠤᠰᠢᠶᠠᠬᠤ ᠬᠡᠷᠡᠭᠲᠡᠢ ᠭᠡᠵᠦ ᠲᠣᠭᠲᠠᠭ᠋ᠠᠵᠠᠢ; ᠭᠤᠶᠤᠴᠢᠯᠠᠭᠴᠢ᠎ᠨᠢ ᠭᠠᠳᠠᠷ ᠳᠦᠷᠰᠦ ᠵᠢᠨ ᠵᠢᠷᠤᠭ ᠲᠥᠯᠥᠪᠯᠡᠭᠡᠨ᠎ᠤ ᠲᠤᠰᠬᠠᠢ ᠠᠰᠢᠭ᠎ᠤᠨ ᠤᠷᠢᠳᠠᠬᠤ ᠡᠷᠬᠡ ᠵᠢ ᠱᠠᠭ᠋ᠠᠷᠳᠠᠭᠰᠠᠨ ᠪᠠᠢ᠌ᠪᠠᠯ᠂ ᠭᠤᠶᠤᠴᠢᠯᠠᠬᠤ᠎ᠳᠠᠭᠠᠨ ᠪᠢᠴᠢᠭ᠎ᠤᠨ ᠢᠯᠡᠷᠬᠡᠢ᠌ᠯᠡᠯᠲᠡ ᠭᠠᠷᠭ᠋ᠠᠬᠤ ᠵᠢᠨ ᠬᠠᠮᠲᠤ ᠠᠩᠬ᠎ᠠ ᠤᠳᠠᠭ᠎ᠠ ᠳᠡᠪᠰᠢᠭᠦᠯᠦᠭᠰᠡᠨ ᠲᠤᠰᠬᠠᠢ ᠠᠰᠢᠭ ᠭᠤᠶᠤᠴᠢᠯᠠᠭᠰᠠᠨ ᠪᠢᠴᠢᠭ ᠮᠠᠲ᠋ᠧᠷᠢᠶᠠᠯ᠎ᠤᠨ ᠵᠶ᠋ᠠᠨ ᠬᠠᠭᠤᠯᠪᠤᠷᠢ ᠳᠡᠪᠲᠡᠷ᠎ᠢ ᠭᠤᠷᠪᠠᠨ ᠰᠠᠷ᠎ᠠ ᠵᠢᠨ ᠳᠣᠲᠣᠷ᠎ᠠ ᠳᠡᠪᠰᠢᠭᠦᠯᠦᠨ ᠲᠤᠰᠢᠶᠠᠬᠤ ᠬᠡᠷᠡᠭᠲᠡᠢ  ᠃ ᠭᠤᠶᠤᠴᠢᠯᠠᠭᠰᠠᠨ ᠡᠳᠦᠷ᠎ᠨᠢ 2021 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠬᠣᠢ᠌ᠰᠢᠬᠢ ᠲᠤᠰᠬᠠᠶ ᠠᠰᠢᠭ᠎ᠤᠨ ᠭᠤᠶᠤᠴᠢᠯᠠᠯ ᠪᠠᠢ᠌ᠪᠠᠯ᠂ ᠭᠤᠶᠤᠴᠢᠯᠠᠭᠴᠢ᠎ᠨᠢ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠶ ᠠᠰᠢᠭ᠎ᠤᠨ ᠬᠠᠤᠯᠢ ᠵᠢᠨ ᠭᠤᠴᠢᠳᠤᠭ᠋ᠠᠷ ᠵᠦᠢᠯ᠎ᠤᠨ ᠶᠣᠰᠣᠭ᠋ᠠᠷ ᠤᠷᠢᠳᠠᠬᠤ ᠡᠷᠬᠡ ᠵᠢᠨ ᠪᠢᠴᠢᠭ ᠮᠠᠲ᠋ᠧᠷᠢᠶᠠᠯ᠎ᠤᠨ ᠬᠠᠭᠤᠯᠪᠤᠷᠢ ᠵᠢ ᠲᠤᠰᠢᠶᠠᠵᠤ ᠪᠣᠯᠤᠨ᠎ᠠ  ᠃
     
      ᠳᠥᠷᠪᠡ᠂ 2021 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠭᠤᠶᠤᠴᠢᠯᠠᠭᠴᠢ᠎ᠨᠢ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠶ ᠠᠰᠢᠭ᠎ᠤᠨ ᠬᠠᠤᠯᠢ ᠵᠢᠨ ᠬᠣᠷᠢᠨ ᠳᠥᠷᠪᠡᠳᠦᠭᠡᠷ ᠵᠦᠢᠯ᠎ᠤᠨ ᠨᠢᠭᠡᠳᠦᠭᠡᠷ ᠵᠤᠷᠪᠤᠰ᠎ᠤᠨ ᠶᠣᠰᠣᠭ᠋ᠠᠷ᠂ ᠰᠢᠨ᠎ᠡ ᠰᠣᠷᠭᠣᠭ ᠴᠢᠨᠠᠷ᠎ᠤᠨ ᠤᠷᠲᠤᠳᠬᠠᠭᠰᠠᠨ ᠬᠤᠭᠤᠴᠠᠭ᠎ᠠ᠎ᠪᠠᠨ ᠥᠯᠥ ᠠᠯᠳᠠᠬᠤ ᠭᠤᠶᠤᠴᠢᠯᠠᠯ ᠳᠡᠪᠰᠢᠭᠦᠯᠵᠦ ᠪᠣᠯᠤᠨ᠎ᠠ ᠤᠤ?
      ᠤᠯᠤᠰ ᠣᠷᠣᠨ᠎ᠳᠤ ᠪᠠᠴᠢᠮ ᠪᠠᠢ᠌ᠳᠠᠯ ᠭᠠᠷᠤᠭᠰᠠᠨ ᠪᠤᠶᠤ ᠶᠡᠷᠦ ᠪᠤᠰᠤ ᠵᠢᠨ ᠪᠠᠢ᠌ᠳᠠᠯ ᠭᠠᠷᠤᠭᠰᠠᠨ ᠦᠶ᠎ᠡ᠎ᠳᠤ (ᠵᠢᠱ᠌ᠢᠶᠡᠯᠡᠪᠡᠯ ᠬᠦᠨᠳᠦ ᠶᠡᠬᠡ ᠬᠢᠵᠢᠭ᠎ᠤᠨ ᠪᠠᠢ᠌ᠳᠠᠯ ᠭᠠᠷᠤᠭᠰᠠᠨ)᠂ ᠵᠠᠷᠢᠮ ᠡᠭᠦᠳᠦᠯᠲᠡ ᠪᠦᠲᠦᠭᠡᠯᠲᠡ ᠵᠢ ᠲᠡᠷᠡ ᠳᠠᠷᠤᠢ᠎ᠳᠤᠨᠢ ᠦᠢ᠍ᠯᠡᠳᠦᠯᠭᠡ ᠵᠢᠨ ᠠᠰᠢᠭᠯᠠᠯᠲᠠ᠎ᠳᠤ ᠣᠷᠣᠭᠤᠯᠵᠤ᠂ ᠤᠯᠠᠨ ᠨᠡᠢ᠌ᠲᠡ ᠵᠢᠨ ᠠᠰᠢᠭ ᠲᠤᠰᠠ ᠵᠢ ᠬᠠᠮᠠᠭ᠋ᠠᠯᠠᠬᠤ ᠴᠢᠬᠤᠯᠠᠲᠠᠢ ᠪᠠᠢ᠌ᠳᠠᠭ᠂ ᠭᠡᠪᠡᠴᠦ ᠡᠢ᠌ᠮᠦᠷᠬᠦ ᠢᠯᠡ ᠪᠣᠯᠭ᠋ᠠᠬᠤ ᠦᠢ᠍ᠯᠡ ᠠᠵᠢᠯᠯᠠᠭ᠎ᠠ᠎ᠨᠢ ᠵᠠᠰᠠᠪᠤᠷᠢ ᠣᠷᠣᠭᠤᠯᠬᠤ᠎ᠠᠴᠠ ᠡᠮᠦᠨᠡᠬᠢ ᠲᠤᠰᠬᠠᠢ ᠠᠰᠢᠭ᠎ᠤᠨ ᠬᠠᠤᠯᠢ᠎ᠳᠤ ᠲᠣᠭᠲᠠᠭ᠋ᠠᠭᠰᠠᠨ ᠰᠢᠨ᠎ᠡ ᠰᠣᠷᠭᠣᠭ ᠴᠢᠨᠠᠷ ᠵᠶ᠋ᠠᠨ ᠠᠯᠳᠠᠬᠤ ᠦᠭᠡᠢ ᠣᠨᠴᠠᠭ᠋ᠠᠢ ᠪᠠᠢ᠌ᠳᠠᠯ᠎ᠳᠤ ᠲᠣᠭ᠋ᠠᠴᠠᠭᠳᠠᠬᠤ ᠦᠭᠡᠢ ᠪᠣᠯᠬᠣᠷ ᠬᠣᠯᠪᠣᠭᠳᠠᠯ ᠪᠦᠬᠦᠢ ᠡᠭᠦᠳᠦᠯᠲᠡ ᠪᠦᠲᠦᠭᠡᠯᠲᠡ ᠵᠢ ᠰᠢᠨ᠎ᠡ ᠰᠣᠷᠭᠣᠭ ᠴᠢᠨᠠᠷ ᠵᠶ᠋ᠠᠨ ᠠᠯᠳᠠᠭᠰᠠᠨ᠎ᠠᠴᠠ ᠪᠤᠯᠵᠤ ᠲᠤᠰᠬᠠᠢ ᠠᠰᠢᠭ᠎ᠤᠨ ᠬᠠᠮᠠᠭ᠋ᠠᠯᠠᠯᠲᠠ ᠣᠯᠵᠤ ᠴᠢᠳᠠᠬᠤ ᠦᠭᠡᠢ ᠠᠶᠤᠯ ᠲᠦᠭᠰᠢᠭᠦᠷᠢ᠎ᠳᠤ ᠤᠴᠠᠷᠠᠭᠤᠯᠬᠤ ᠪᠣᠯᠤᠨ᠎ᠠ  ᠃ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠡᠷᠭᠡ ᠶᠡᠷᠦ ᠪᠤᠰᠤ ᠵᠢᠨ ᠪᠠᠢ᠌ᠳᠠᠯ᠎ᠤᠨ ᠬᠡᠷᠡᠭᠴᠡᠭᠡ ᠵᠢ ᠬᠠᠩᠭ᠋ᠠᠵᠤ᠂ ᠡᠳᠡᠭᠡᠷ ᠡᠭᠦᠳᠦᠯᠲᠡ ᠪᠦᠲᠦᠭᠡᠯᠲᠡ ᠵᠢ ᠡᠪᠡᠳᠴᠢᠨ ᠡᠮᠭᠡᠭ᠎ᠢ ᠡᠮᠨᠡᠨ ᠵᠠᠰᠠᠬᠤ ᠵᠡᠷᠭᠡ ᠲᠠᠯ᠎ᠠ᠎ᠪᠠᠷ ᠴᠠᠭ ᠲᠤᠬᠠᠢ᠎ᠳᠤᠨᠢ ᠬᠡᠷᠡᠭᠯᠡᠬᠦ ᠵᠢ ᠠᠬᠢᠭᠤᠯᠤᠨ᠂ ᠤᠯᠠᠨ ᠨᠡᠢ᠌ᠲᠡ ᠵᠢᠨ ᠡᠷᠡᠭᠦᠯ ᠮᠡᠨᠳᠦ ᠵᠢᠨ ᠠᠰᠠᠭᠤᠳᠠᠯ᠎ᠢ ᠰᠢᠢ᠍ᠳᠪᠦᠷᠢᠯᠡᠵᠦ᠂ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠰᠢᠨ᠎ᠡ ᠰᠣᠷᠭᠣᠭ ᠣᠨᠴᠠᠭ᠋ᠠᠢ ᠵᠦᠢ᠍ᠯ᠎ᠤᠨ ᠲᠣᠭᠲᠠᠭ᠋ᠠᠯ᠎ᠢ ᠠᠯᠳᠠᠬᠤ ᠦᠭᠡᠢ ᠠᠭᠤᠵᠢᠭᠤ ᠲᠠᠯᠪᠢᠬᠤ ᠬᠡᠷᠡᠭᠴᠡᠭᠡ᠎ᠳᠤ ᠬᠠᠷᠢᠭᠤᠯᠲᠠ ᠥᠭᠴᠦ᠂ ᠡᠭᠦᠳᠦᠯᠲᠡ ᠪᠦᠲᠦᠭᠡᠯᠲᠡ ᠵᠢ ᠨᠡᠩ ᠰᠠᠢ᠌ᠲᠤᠷ ᠬᠠᠮᠠᠭ᠋ᠠᠯᠠᠬᠤ ᠵᠢᠨ ᠲᠥᠯᠥᠭᠡ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠢ ᠠᠰᠢᠭ᠎ᠤᠨ ᠬᠠᠤᠯᠢ ᠵᠢᠨ ᠬᠣᠷᠢᠨ ᠳᠥᠷᠪᠡᠳᠦᠭᠡᠷ ᠵᠦᠢ᠍ᠯ᠎ᠳᠤ   ᠨᠢᠭᠡ ᠵᠦᠢ᠍ᠯ᠎ᠤᠨ ᠰᠢᠨ᠎ᠡ ᠰᠣᠷᠭᠣᠭ ᠴᠢᠨᠠᠷ ᠵᠶ᠋ᠠᠨ ᠠᠯᠳᠠᠬᠤ ᠦᠭᠡᠢ ᠣᠨᠴᠠᠭ᠋ᠠᠢ ᠪᠠᠢ᠌ᠳᠠᠯ ᠎ᠢ ᠰᠢᠨ᠎ᠡ᠎ᠪᠠᠷ ᠨᠡᠮᠡᠨ ᠤᠷᠤᠭᠤᠯᠪᠠ᠂ ᠲᠤᠬᠠᠢ᠌ᠯᠠᠪᠠᠯ᠄ ᠤᠯᠤᠰ ᠣᠷᠣᠨ᠎ᠳᠤ ᠪᠠᠴᠢᠮ ᠪᠠᠢ᠌ᠳᠠᠯ ᠭᠠᠷᠬᠤ ᠪᠤᠶᠤ ᠶᠡᠷᠦ ᠪᠤᠰᠤ ᠵᠢᠨ ᠪᠠᠢ᠌ᠳᠠᠯ ᠭᠠᠷᠬᠤ ᠦᠶ᠎ᠡ᠎ᠳᠤ᠂ ᠤᠯᠠᠨ ᠨᠡᠢ᠌ᠲᠡ ᠵᠢᠨ ᠠᠰᠢᠭ ᠲᠤᠰᠠ ᠵᠢᠨ ᠲᠥᠯᠥᠭᠡ ᠠᠩᠬ᠎ᠠ ᠤᠳᠠᠭ᠎ᠠ ᠢᠯᠡ ᠪᠣᠯᠭ᠋ᠠᠭᠰᠠᠨ  ᠃ ᠭᠤᠶᠤᠴᠢᠯᠠᠭᠰᠠᠨ ᠡᠳᠦᠷ᠎ᠨᠢ 2021 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ (ᠲᠣᠰ ᠡᠳᠦᠷ᠎ᠢ ᠪᠠᠭᠲᠠᠭ᠋ᠠᠨ᠎ᠠ)᠎ᠤᠨ ᠳᠠᠷᠠᠭ᠋ᠠᠬᠢ ᠲᠤᠰᠬᠠᠶ ᠠᠰᠢᠭ᠎ᠤᠨ ᠭᠤᠶᠤᠴᠢᠯᠠᠯ᠎ᠳᠤ ᠬᠡᠷᠪᠡ ᠭᠤᠶᠤᠴᠢᠯᠠᠭᠴᠢ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠶ ᠠᠰᠢᠭ᠎ᠤᠨ ᠬᠠᠤᠯᠢ ᠵᠢᠨ ᠬᠣᠷᠢᠨ ᠳᠥᠷᠪᠡᠳᠦᠭᠡᠷ ᠵᠦᠢᠯ᠎ᠤᠨ ᠨᠢᠭᠡᠳᠦᠭᠡᠷ ᠵᠤᠷᠪᠤᠰ᠎ᠲᠤ ᠲᠣᠭᠲᠠᠭ᠋ᠠᠭᠰᠠᠨ ᠪᠠᠢ᠌ᠳᠠᠯ ᠣᠷᠣᠰᠢᠵᠤ ᠪᠠᠢ᠌ᠨ᠎ᠠ ᠭᠡᠵᠦ ᠦᠵᠡᠪᠡᠯ᠂ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠪᠴᠢᠶ᠎ᠠ᠎ᠳᠤ ᠰᠢᠨ᠎ᠡ ᠰᠣᠷᠭᠣᠭ ᠬᠤᠭᠤᠴᠠᠭ᠎ᠠ ᠵᠢ ᠦᠯᠦ ᠠᠯᠳᠠᠬᠤ ᠭᠤᠶᠤᠴᠢᠯᠠᠯ   ᠭᠠᠷᠭ᠋ᠠᠵᠤ ᠪᠣᠯᠤᠨ᠎ᠠ  ᠃ ᠭᠡᠪᠡᠴᠦ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠨᠠᠷᠢᠨ ᠲᠦᠷᠢᠮ᠎ᠳᠤ ᠵᠠᠰᠠᠪᠤᠷᠢ ᠣᠷᠣᠭᠤᠯᠬᠤ ᠶᠠᠪᠤᠴᠠ᠎ᠳᠤ   ᠪᠠᠢ᠌ᠵᠦ᠂ ᠬᠠᠮᠢᠶ᠎ᠠ ᠪᠥᠬᠥᠶ ᠢᠵᠢ ᠪᠥᠷᠢᠳᠦᠭᠰᠡᠨ ᠡᠯᠧᠺᠲᠷᠣᠨ ᠰᠢᠰᠲ᠋ᠧᠮ᠎ᠢ ᠶᠠᠭ ᠨᠡᠭᠡᠭᠡᠨ ᠬᠥᠭᠵᠢᠭᠦᠯᠵᠦ ᠪᠠᠢ᠌ᠬᠤ ᠤᠴᠢᠷ᠎ᠠᠴᠠ 2021 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠭᠤᠶᠤᠴᠢᠯᠠᠭᠴᠢ ᠴᠠᠭ᠋ᠠᠰᠤᠨ ᠬᠡᠯᠪᠡᠷᠢ᠎ᠪᠠᠷ ᠲᠦᠷ ᠴᠠᠭ ᠭᠤᠶᠤᠴᠢᠯᠠᠯ ᠭᠠᠷᠭ᠋ᠠᠵᠤ ᠪᠣᠯᠤᠨ᠎ᠠ᠂ ᠮᠠᠨ᠎ᠤ ᠲᠣᠪᠴᠢᠶ᠎ᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠨᠠᠷᠢᠨ ᠲᠦᠷᠢᠮ᠎ᠢ ᠬᠡᠷᠡᠭᠵᠢᠭᠦᠯᠦᠭᠰᠡᠨ᠎ᠤ ᠳᠠᠷᠠᠭ᠎ᠠ ᠳᠡᠭᠡᠷ᠎ᠡ ᠳᠤᠷᠠᠳᠤᠭᠰᠠᠨ ᠭᠤᠶᠤᠴᠢᠯᠠᠯ᠎ᠢ ᠬᠢᠨᠠᠨ ᠪᠠᠢ᠌ᠴᠠᠭ᠋ᠠᠨ᠎ᠠ  ᠃
     

      ᠲᠠᠪᠤ᠂ 2021 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ ᠠᠯᠪᠠᠨ ᠵᠠᠷ ᠭᠠᠷᠭ᠋ᠠᠵᠤ ᠡᠷᠬᠡ ᠣᠯᠭᠣᠭᠰᠠᠨ ᠡᠭᠦᠳᠦᠯᠲᠡ ᠵᠢᠨ ᠲᠤᠰᠬᠠᠢ ᠠᠰᠢᠭ᠎ᠤᠨ ᠡᠷᠬᠡᠲᠦ ᠬᠥᠮᠦᠨ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠢ ᠠᠰᠢᠭ᠎ᠤᠨ ᠬᠠᠤᠯᠢ ᠵᠢᠨ ᠳᠥᠴᠢᠨ ᠬᠣᠶᠠᠳᠤᠭ᠋ᠠᠷ ᠵᠦᠢ᠍ᠯ᠎ᠤᠨ ᠬᠣᠶᠠᠳᠤᠭ᠋ᠠᠷ   ᠵᠤᠷᠪᠤᠰ᠎ᠤᠨ ᠶᠣᠰᠣᠭ᠋ᠠᠷ   ᠲᠤᠰᠬᠠᠶ ᠠᠰᠢᠭ᠎ᠤᠨ ᠡᠷᠬᠡ ᠵᠢᠨ ᠬᠤᠭᠤᠴᠠᠭ᠋ᠠᠯᠠᠯ᠎ᠤᠨ ᠨᠥᠬᠥᠪᠥᠷᠢ   ᠠᠪᠬᠤ   ᠭᠤᠶᠤᠴᠢᠯᠠᠯ ᠭᠠᠷᠭ᠋ᠠᠵᠤ ᠪᠣᠯᠤᠨ᠎ᠠ ᠤᠤ  ?
      ᠮᠠᠨ᠎ᠤ ᠤᠯᠤᠰ᠎ᠤᠨ 《ᠬᠠᠤᠯᠢ ᠲᠣᠭᠲᠠᠭ᠋ᠠᠬᠤ ᠬᠠᠤᠯᠢ》 ᠵᠢᠨ   ᠶᠢᠷᠦᠨ ᠭᠤᠷᠪᠠᠳᠤᠭ᠋ᠠᠷ ᠵᠦᠢ᠍ᠯ᠎ᠳᠤ᠄ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠥᠪᠡᠷᠲᠡᠭᠡᠨ ᠵᠠᠰᠠᠬᠤ ᠲᠤᠢ᠍ᠷᠢᠮ ᠪᠠ ᠲᠤᠰᠬᠠᠢ ᠲᠤᠢ᠍ᠷᠢᠮ᠂ ᠲᠤᠢ᠍ᠷᠢᠮ ᠲᠣᠭᠲᠠᠭ᠋ᠠᠯ᠎ᠳᠤ ᠥᠩᠭᠡᠷᠡᠭᠰᠡᠨ᠎ᠢ ᠨᠡᠬᠡᠮᠵᠢᠯᠡᠬᠦ ᠤᠢ᠍ᠭᠡᠢ᠂ ᠭᠡᠪᠡᠴᠦ ᠠᠷᠠᠳ ᠢᠷᠭᠡᠨ᠂ ᠬᠠᠤᠯᠢ ᠵᠢᠨ ᠬᠥᠮᠦᠨ ᠪᠠ ᠪᠤᠰᠤᠳ ᠵᠣᠬᠢᠶᠠᠨ ᠪᠠᠢ᠌ᠭᠤᠯᠤᠯᠲᠠ ᠵᠢᠨ ᠡᠷᠬᠡ ᠪᠠ ᠠᠰᠢᠭ ᠲᠤᠰᠠ ᠵᠢ ᠨᠡᠩ ᠰᠠᠢ᠌ᠲᠤᠷ ᠬᠠᠮᠠᠭ᠋ᠠᠯᠠᠬᠤ ᠵᠢᠨ ᠲᠥᠯᠥᠭᠡ ᠭᠠᠷᠭ᠋ᠠᠭᠰᠠᠨ ᠣᠨᠴᠠᠭ᠋ᠠᠢ ᠲᠣᠭᠲᠠᠭ᠋ᠠᠯ ᠡᠭᠦᠨ᠎ᠳᠤ ᠪᠠᠭᠲᠠᠬᠤ ᠤᠢ᠍ᠭᠡᠢ ᠭᠡᠵᠦ ᠲᠣᠭᠲᠠᠭ᠋ᠠᠵᠠᠢ  ᠃ 2020 ᠣᠨ᠎ᠤ 10 ᠰᠠᠷ᠎ᠠ᠎ᠳᠤ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠠᠴᠠ 《ᠲᠤᠰᠬᠠᠶ ᠠᠰᠢᠭ᠎ᠤᠨ ᠬᠠᠤᠯᠢ》᠎ᠳᠤ ᠵᠠᠰᠠᠪᠤᠷᠢ ᠣᠷᠣᠭᠤᠯᠬᠤ ᠲᠣᠭᠲᠠᠭ᠋ᠠᠯ᠎ᠢ ᠪᠠᠲᠤᠯᠠᠵᠤ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠶ ᠠᠰᠢᠭ᠎ᠤᠨ ᠬᠠᠤᠯᠢ᠎ᠳᠤ ᠰᠥᠷᠴᠦ ᠨᠡᠬᠡᠮᠵᠢᠯᠡᠬᠦ ᠬᠦᠴᠦᠨ᠎ᠤ ᠠᠰᠠᠭᠤᠳᠠᠯ᠎ᠤᠨ ᠲᠤᠬᠠᠶ ᠣᠨᠴᠠᠭ᠋ᠠᠶ ᠲᠣᠭᠲᠠᠭ᠋ᠠᠯ ᠭᠠᠷᠭ᠋ᠠᠭᠰᠠᠨ ᠥᠬᠡᠶ  ᠃ ᠡᠢ᠌ᠮᠦ᠎ᠠᠴᠠ᠂ 2021 ᠣᠨ᠎ᠤ 5 ᠰᠠᠷ᠎ᠠ ᠵᠢᠨ 31᠎ᠤ ᠡᠳᠦᠷ (ᠲᠣᠰ ᠡᠳᠦᠷ᠎ᠢ ᠪᠠᠭᠲᠠᠭ᠋ᠠᠨ᠎ᠠ)᠎ᠠᠴᠠ ᠡᠮᠦᠨ᠎ᠡ ᠠᠯᠪᠠᠨ ᠵᠠᠷ ᠨᠡᠢ᠌ᠲᠡᠯᠡᠵᠦ ᠡᠷᠬᠡ ᠣᠯᠭᠣᠭᠰᠠᠨ ᠡᠭᠦᠳᠦᠯᠲᠡ ᠵᠢᠨ ᠲᠤᠰᠬᠠᠶ ᠠᠰᠢᠭ᠂ ᠲᠤᠰᠬᠠᠶ ᠠᠰᠢᠭ᠎ᠤᠨ ᠡᠷᠬᠡ ᠵᠢᠨ ᠬᠤᠭᠤᠴᠠᠭ᠎ᠠ ᠬᠢᠵᠠᠭ᠋ᠠᠷ᠎ᠤᠨ ᠨᠥᠬᠥᠪᠥᠷᠢ ᠵᠢᠨ ᠲᠦᠷᠢᠮ᠎ᠢ ᠥᠩᠭᠡᠷᠡᠭᠰᠡᠨ ᠵᠶ᠋ᠡᠷ ᠨᠡᠬᠡᠮᠵᠢᠯᠡᠬᠦ ᠥᠬᠡᠶ  ᠃
      ᠲᠤᠰᠬᠠᠶ ᠠᠰᠢᠭ᠎ᠤᠨ ᠬᠠᠤᠯᠢ ᠵᠢᠨ ᠢᠵᠢ ᠪᠥᠷᠢᠳᠦᠭᠰᠡᠨ ᠬᠠᠤᠯᠢ ᠲᠣᠭᠲᠠᠭ᠋ᠠᠯ ᠪᠣᠯᠤᠭᠰᠠᠨ᠎ᠤ ᠬᠤᠪᠢ᠎ᠳᠤ᠂ ᠣᠳᠣᠬᠠᠨ᠎ᠳᠤ ᠶᠠᠭ ᠵᠠᠰᠠᠪᠤᠷᠢ ᠣᠷᠣᠭᠤᠯᠵᠤ ᠪᠠᠢ᠌ᠭ᠎ᠠ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠨᠠᠷᠢᠨ ᠲᠦᠷᠢᠮ᠎ᠳᠤ ᠲᠤᠰᠬᠠᠶ ᠠᠰᠢᠭ᠎ᠤᠨ ᠡᠷᠬᠡ ᠵᠢᠨ ᠬᠤᠭᠤᠴᠠᠭ᠋ᠠᠨ᠎ᠳᠤ ᠨᠥᠬᠥᠪᠥᠷᠢ ᠥᠭᠬᠦ ᠲᠦᠷᠢᠮ᠎ᠤᠨ ᠬᠣᠯᠪᠣᠭᠳᠠᠯ ᠪᠥᠬᠥᠶ ᠠᠭᠤᠯᠭ᠎ᠠ᠂   ᠭᠤᠶᠤᠴᠢᠯᠠᠭᠰᠠᠨ ᠴᠠᠭ᠂ ᠭᠤᠶᠤᠴᠢᠯᠠᠭᠴᠢ᠎ᠠᠴᠠ ᠪᠣᠯᠤᠭᠰᠠᠨ ᠵᠦᠶ ᠵᠣᠬᠢᠰ ᠥᠬᠡᠶ᠎ᠪᠠᠷ ᠬᠣᠢ᠌ᠰᠢᠯᠠᠭᠤᠯᠬᠤ ᠪᠠᠢ᠌ᠳᠠᠯ ᠵᠡᠷᠭᠡ ᠵᠢ ᠪᠠᠭᠲᠠᠭ᠋ᠠᠭᠰᠠᠨ ᠠᠭᠤᠯᠭ᠎ᠠ ᠵᠢ ᠨᠠᠷᠢᠯᠢᠬ᠍ᠵᠢᠭᠤᠯᠤᠨ ᠲᠣᠭᠲᠠᠭ᠋ᠠᠵᠠᠶ  ᠃ ᠲᠤᠰᠬᠠᠶ ᠠᠰᠢᠭ᠎ᠤᠨ ᠬᠠᠤᠯᠢ ᠵᠢᠨ ᠬᠡᠷᠡᠭᠵᠢᠭᠦᠯᠬᠦ ᠨᠠᠷᠢᠨ ᠲᠦᠷᠢᠮ᠎ᠳᠤ ᠵᠠᠰᠠᠪᠤᠷᠢ ᠣᠷᠣᠭᠤᠯᠬᠤ ᠲᠥᠰᠦᠯ᠎ᠤᠨ ᠲᠤᠬᠠᠶ 2020 ᠣᠨ᠎ᠤ 11 ᠰᠠᠷ᠎ᠠ ᠵᠢᠨ 27᠎ᠤ ᠡᠳᠦᠷ᠎ᠠᠴᠠ 2021 ᠣᠨ᠎ᠤ 1 ᠰᠠᠷ᠎ᠠ ᠵᠢᠨ 11᠎ᠤ ᠡᠳᠦᠷ ᠪᠣᠯᠲᠠᠯ᠎ᠠ ᠨᠡᠢ᠌ᠭᠡᠮ ᠨᠡᠢ᠌ᠲᠡ᠎ᠠᠴᠠ ᠢᠯᠡ᠎ᠪᠠᠷ ᠰᠠᠨᠠᠯ ᠬᠤᠷᠢᠶᠠᠪᠠ  ᠃ ᠥᠷᠭᠡᠨ ᠵᠶ᠋ᠡᠷ ᠰᠠᠨᠠᠯ ᠬᠤᠷᠢᠶᠠᠭᠰᠠᠨ ᠪᠠ ᠪᠠᠢ᠌ᠴᠠᠭ᠋ᠠᠨ ᠰᠤᠳᠤᠯᠵᠤ ᠨᠤᠲᠠᠯᠠᠭᠰᠠᠨ ᠰᠠᠭᠤᠷᠢᠨ ᠳᠡᠭᠡᠷ᠎ᠡ᠂ ᠲᠥᠰᠦᠯ᠎ᠳᠤ ᠲᠤᠰᠬᠠᠢ ᠠᠰᠢᠭ᠎ᠤᠨ ᠡᠷᠬᠡᠲᠦ ᠬᠥᠮᠦᠨ᠎ᠢ ᠡᠷᠬᠡ ᠣᠯᠭᠣᠭᠰᠠᠨ ᠠᠯᠪᠠᠨ ᠵᠠᠷ ᠨᠡᠢ᠌ᠲᠡᠯᠡᠭᠰᠡᠨ ᠡᠳᠦᠷ᠎ᠠᠴᠠ ᠡᠬᠢᠯᠡᠨ ᠭᠤᠷᠪᠠᠨ ᠰᠠᠷ᠎ᠠ ᠵᠢᠨ ᠳᠣᠲᠣᠷ᠎ᠠ ᠮᠠᠨ᠎ᠤ ᠲᠣᠪᠴᠢᠢ᠎ᠠ᠎ᠳᠤ ᠳᠤᠷᠠᠳᠬᠤ ᠬᠡᠷᠡᠭᠲᠡᠢ ᠭᠡᠵᠦ ᠰᠠᠨᠠᠭᠤᠯᠪᠠ  ᠃
      ᠡᠭᠦᠨ᠎ᠠᠴᠠ ᠭᠠᠳᠠᠨ᠎ᠠ᠂ ᠲᠤᠰᠬᠠᠶ ᠠᠰᠢᠭ᠎ᠤᠨ ᠬᠠᠤᠯᠢ ᠵᠢᠨ ᠬᠡᠷᠡᠭᠵᠢᠭᠦᠯᠬᠦ ᠨᠠᠷᠢᠨ ᠲᠦᠷᠢᠮ᠎ᠳᠤ ᠵᠠᠰᠠᠪᠤᠷᠢ ᠣᠷᠣᠭᠤᠯᠬᠤ ᠶᠠᠪᠤᠴᠠ ᠳᠤᠮᠳᠠ᠂ ᠬᠠᠮᠢᠶ᠎ᠠ ᠪᠥᠬᠥᠶ ᠢᠵᠢ ᠪᠥᠷᠢᠳᠦᠭᠰᠡᠨ ᠡᠯᠧᠺᠲᠷᠣᠨ ᠰᠢᠰᠲ᠋ᠧᠮ᠎ᠢ ᠶᠠᠭ ᠨᠡᠭᠡᠭᠡᠨ ᠬᠥᠭᠵᠢᠭᠦᠯᠵᠦ ᠪᠠᠢ᠌ᠨ᠎ᠠ᠂ 2021 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ ᠠᠯᠪᠠᠨ ᠵᠠᠷ ᠵᠶ᠋ᠠᠷ ᠡᠷᠬᠡ ᠣᠯᠭᠣᠭᠰᠠᠨ ᠡᠭᠦᠳᠦᠯᠲᠡ ᠵᠢᠨ ᠲᠤᠰᠬᠠᠶ ᠠᠰᠢᠭ᠎ᠤᠨ ᠡᠷᠬᠡ᠎ᠲᠠᠢ ᠬᠥᠮᠦᠨ ᠲᠤᠰᠬᠠᠶ ᠠᠰᠢᠭ᠎ᠤᠨ ᠡᠷᠬᠡ ᠵᠢᠨ ᠡᠷᠬᠡ ᠣᠯᠭᠣᠭᠰᠠᠨ ᠠᠯᠪᠠᠨ ᠵᠠᠷ᠎ᠢ ᠨᠡᠢ᠌ᠲᠡᠯᠡᠭᠰᠡᠨ ᠡᠳᠦᠷ᠎ᠠᠴᠠ ᠡᠬᠢᠯᠡᠨ ᠭᠤᠷᠪᠠᠨ ᠰᠠᠷ᠎ᠠ ᠵᠢᠨ ᠳᠣᠲᠣᠷ᠎ᠠ᠂ ᠴᠠᠭ᠋ᠠᠰᠤᠨ ᠬᠡᠯᠪᠡᠷᠢ᠎ᠪᠠᠷ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠪᠴᠢᠶ᠎ᠠ᠎ᠳᠤ ᠲᠤᠰᠬᠠᠶ ᠠᠰᠢᠭ᠎ᠤᠨ ᠡᠷᠬᠡ ᠵᠢᠨ ᠬᠤᠭᠤᠴᠠᠭ᠎ᠠ ᠬᠢᠵᠠᠭ᠋ᠠᠷ᠎ᠤᠨ ᠨᠥᠬᠥᠪᠥᠷᠢ ᠭᠤᠶᠤᠴᠢᠯᠠᠬᠤ᠎ᠪᠠᠷ ᠳᠤᠷᠠᠳᠴᠤ ᠪᠣᠯᠤᠨ᠎ᠠ᠂   ᠳᠠᠷᠠᠭ᠎ᠠ᠎ᠨᠢ ᠮᠠᠨ᠎ᠤ ᠲᠣᠪᠴᠢᠶ᠎ᠠ ᠵᠢᠨ ᠲᠠᠷᠬᠠᠭ᠋ᠠᠭᠰᠠᠨ ᠰᠦᠢᠳᠬᠡᠯ ᠲᠤᠰᠢᠶᠠᠬᠤ ᠮᠡᠳᠡᠭᠳᠡᠯ ᠶᠣᠰᠣᠭ᠋ᠠᠷ ᠬᠠᠮᠢᠶ᠎ᠠ ᠪᠥᠬᠥᠶ ᠰᠦᠢᠳᠬᠡᠯ ᠲᠤᠰᠢᠶᠠᠨ᠎ᠠ  ᠃ ᠮᠠᠨ᠎ᠤ ᠲᠣᠪᠴᠢᠶ᠎ᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠨᠠᠷᠢᠨ ᠳᠦᠷᠢᠮ᠎ᠢ ᠬᠡᠷᠡᠭᠵᠢᠭᠦᠯᠦᠭᠰᠡᠨ᠎ᠤ ᠳᠠᠷᠠᠭ᠎ᠠ ᠳᠡᠭᠡᠷ᠎ᠡ ᠳᠤᠷᠠᠳᠤᠭᠰᠠᠨ ᠭᠤᠶᠤᠴᠢᠯᠠᠯ᠎ᠢ ᠬᠢᠨᠠᠨ ᠪᠠᠢ᠍ᠴᠠᠭ᠋ᠠᠨ᠎ᠠ  ᠃
 
      ᠵᠢᠷᠭᠤᠭ᠎ᠠ᠂ ᠰᠢᠨ᠎ᠡ ᠡᠮ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠵᠥᠪᠰᠢᠶᠡᠷᠡᠭᠦᠯᠬᠦ ᠭᠤᠶᠤᠴᠢᠯᠠᠯ᠎ᠨᠢ ᠵᠥᠪᠰᠢᠶᠡᠷᠡᠭᠳᠡᠭᠰᠡᠨ ᠪᠠᠢ᠌ᠪᠠᠯ᠂ 2021 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠲᠤᠰᠬᠠᠢ ᠠᠰᠢᠭ᠎ᠤᠨ ᠡᠷᠬᠡᠲᠦ ᠬᠥᠮᠦᠨ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠢ ᠠᠰᠢᠭ᠎ᠤᠨ ᠬᠠᠤᠯᠢ ᠵᠢᠨ ᠳᠥᠴᠢᠨ ᠬᠣᠶᠠᠳᠤᠭ᠋ᠠᠷ ᠵᠦᠢ᠍ᠯ᠎ᠤᠨ ᠭᠤᠷᠪᠠᠳᠤᠭ᠋ᠠᠷ   ᠵᠤᠷᠪᠤᠰ᠎ᠤᠨ ᠶᠣᠰᠣᠭ᠋ᠠᠷ ᠲᠤᠰᠬᠠᠢ ᠠᠰᠢᠭ᠎ᠤᠨ ᠡᠷᠬᠡ ᠵᠢᠨ   ᠬᠤᠭᠤᠴᠠᠭ᠋ᠠᠯᠠᠯ᠎ᠤᠨ ᠨᠥᠬᠥᠪᠥᠷᠢ ᠠᠪᠬᠤ ᠭᠤᠶᠤᠴᠢᠯᠠᠯ ᠭᠠᠷᠭ᠋ᠠᠵᠤ ᠪᠣᠯᠤᠨ᠎ᠠ ᠤᠤ  ?
      ᠮᠠᠨ᠎ᠤ ᠤᠯᠤᠰ᠎ᠤᠨ 《ᠬᠠᠤᠯᠢ ᠲᠣᠭᠲᠠᠭ᠋ᠠᠬᠤ ᠬᠠᠤᠯᠢ》 ᠵᠢᠨ ᠶᠢᠷᠦᠨ ᠭᠤᠷᠪᠠᠳᠤᠭ᠋ᠠᠷ ᠵᠦᠢ᠍ᠯ᠎ᠳᠤ᠄ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠥᠪᠡᠷᠲᠡᠭᠡᠨ ᠵᠠᠰᠠᠬᠤ ᠲᠤᠢ᠍ᠷᠢᠮ ᠪᠠ ᠲᠤᠰᠬᠠᠢ ᠲᠤᠢ᠍ᠷᠢᠮ᠂ ᠲᠤᠢ᠍ᠷᠢᠮ ᠲᠣᠭᠲᠠᠭ᠋ᠠᠯ᠎ᠳᠤ ᠥᠩᠭᠡᠷᠡᠭᠰᠡᠨ᠎ᠢ ᠨᠡᠬᠡᠮᠵᠢᠯᠡᠬᠦ ᠤᠢ᠍ᠭᠡᠢ᠂ ᠭᠡᠪᠡᠴᠦ ᠠᠷᠠᠳ ᠢᠷᠭᠡᠨ᠂ ᠬᠠᠤᠯᠢ ᠵᠢᠨ   ᠡᠷᠬᠡᠲᠦ ᠬᠥᠮᠦᠨ ᠪᠠ ᠪᠤᠰᠤᠳ ᠵᠣᠬᠢᠶᠠᠨ ᠪᠠᠢ᠌ᠭᠤᠯᠤᠯᠲᠠ ᠵᠢᠨ ᠡᠷᠬᠡ ᠪᠠ ᠠᠰᠢᠭ ᠲᠤᠰᠠ ᠵᠢ ᠨᠡᠩ ᠰᠠᠢ᠌ᠲᠤᠷ ᠬᠠᠮᠠᠭ᠋ᠠᠯᠠᠬᠤ ᠵᠢᠨ ᠲᠥᠯᠥᠭᠡ ᠭᠠᠷᠭ᠋ᠠᠭᠰᠠᠨ ᠣᠨᠴᠠᠭ᠋ᠠᠢ ᠲᠣᠭᠲᠠᠭ᠋ᠠᠯ ᠡᠭᠦᠨ᠎ᠳᠤ ᠪᠠᠭᠲᠠᠬᠤ ᠤᠢ᠍ᠭᠡᠢ ᠭᠡᠵᠦ ᠲᠣᠭᠲᠠᠭ᠋ᠠᠵᠠᠢ  ᠃ 2020 ᠣᠨ᠎ᠤ 10 ᠰᠠᠷ᠎ᠠ᠎ᠳᠤ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ᠎ᠠᠴᠠ 《ᠲᠤᠰᠬᠠᠶ ᠠᠰᠢᠭ᠎ᠤᠨ ᠬᠠᠤᠯᠢ》᠎ᠳᠤ ᠵᠠᠰᠠᠪᠤᠷᠢ ᠣᠷᠣᠭᠤᠯᠬᠤ ᠲᠣᠭᠲᠠᠭ᠋ᠠᠯ᠎ᠢ ᠪᠠᠲᠤᠯᠠᠵᠤ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠶ ᠠᠰᠢᠭ᠎ᠤᠨ ᠬᠠᠤᠯᠢ᠎ᠳᠤ ᠰᠥᠷᠴᠦ ᠨᠡᠬᠡᠮᠵᠢᠯᠡᠬᠦ ᠬᠦᠴᠦᠨ᠎ᠤ ᠠᠰᠠᠭᠤᠳᠠᠯ᠎ᠤᠨ ᠲᠤᠬᠠᠶ ᠣᠨᠴᠠᠭ᠋ᠠᠶ ᠲᠣᠭᠲᠠᠭ᠋ᠠᠯ ᠭᠠᠷᠭ᠋ᠠᠭᠰᠠᠨ ᠥᠬᠡᠶ  ᠃ ᠡᠢ᠌ᠮᠦ᠎ᠠᠴᠠ᠂ 2021 ᠣᠨ᠎ᠤ 5 ᠳ᠋ᠤᠭ᠋ᠠᠷ ᠰᠠᠷ᠎ᠠ ᠵᠢᠨ 31᠎ᠤ ᠡᠳᠦᠷ (ᠲᠣᠰ ᠡᠳᠦᠷ᠎ᠢ ᠪᠠᠭᠲᠠᠭ᠋ᠠᠨ᠎ᠠ)᠎ᠠᠴᠠ ᠡᠮᠦᠨ᠎ᠡ ᠵᠠᠬ᠎ᠠ ᠳᠡᠯᠭᠡᠭᠦᠷ᠎ᠲᠤ ᠭᠠᠷᠭ᠋ᠠᠬᠤ ᠵᠥᠪᠰᠢᠶᠡᠷᠡᠯ᠎ᠢ ᠣᠯᠤᠭᠰᠠᠨ ᠰᠢᠨ᠎ᠡ ᠡᠮ᠎ᠤᠨ ᠬᠠᠮᠢᠶ᠎ᠠ ᠪᠥᠬᠥᠶ ᠡᠭᠦᠳᠦᠯᠲᠡ ᠵᠢᠨ ᠲᠤᠰᠬᠠᠶ ᠠᠰᠢᠭ᠎ᠤᠨ ᠡᠷᠬᠡ ᠵᠢᠨ ᠲᠤᠬᠠᠶ᠂ ᠡᠮ᠎ᠤᠨ ᠵᠦᠢᠯ᠎ᠤᠨ ᠲᠤᠰᠬᠠᠶ ᠠᠰᠢᠭ᠎ᠤᠨ ᠡᠷᠬᠡ ᠵᠢᠨ ᠬᠤᠭᠤᠴᠠᠭ᠎ᠠ ᠬᠢᠵᠠᠭ᠋ᠠᠷ᠎ᠤᠨ ᠨᠥᠬᠥᠪᠥᠷᠢ ᠵᠢᠨ ᠲᠦᠷᠢᠮ᠎ᠢ ᠥᠩᠭᠡᠷᠡᠭᠰᠡᠨ ᠵᠶ᠋ᠡᠷ ᠨᠡᠬᠡᠮᠵᠢᠯᠡᠬᠦ ᠥᠬᠡᠶ  ᠃
      ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠢ ᠠᠰᠢᠭ᠎ᠤᠨ ᠬᠠᠤᠯᠢ ᠵᠢᠨ ᠳᠥᠴᠢᠨ ᠬᠣᠶᠠᠳᠤᠭ᠋ᠠᠷ ᠵᠦᠢ᠍ᠯ᠎ᠤᠨ ᠭᠤᠷᠪᠠᠳᠤᠭ᠋ᠠᠷ   ᠵᠤᠷᠪᠤᠰ᠎ᠲᠤ᠂ ᠰᠢᠨ᠎ᠡ ᠡᠮ᠎ᠢ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠬᠢᠨᠠᠨ ᠦᠨᠡᠯᠡᠵᠦ ᠬᠢᠨᠠᠨ ᠵᠥᠪᠰᠢᠶᠡᠷᠡᠬᠦ᠎ᠳᠤ ᠡᠵᠡᠯᠡᠨ ᠬᠡᠷᠡᠭᠯᠡᠭᠰᠡᠨ ᠴᠠᠭ᠎ᠢ ᠨᠥᠬᠥᠪᠥᠷᠢᠯᠡᠬᠦ ᠵᠢᠨ ᠲᠥᠯᠥᠭᠡ᠂ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ ᠵᠥᠪᠰᠢᠶᠡᠷᠡᠯ᠎ᠢ ᠣᠯᠤᠭᠰᠠᠨ ᠰᠢᠨ᠎ᠡ ᠡᠮ᠎ᠤᠨ ᠬᠣᠯᠪᠣᠭᠳᠠᠯ ᠪᠦᠬᠦᠢ ᠡᠭᠦᠳᠦᠯᠲᠡ ᠵᠢᠨ ᠲᠤᠰᠬᠠᠢ ᠠᠰᠢᠭ᠎ᠲᠤ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠪᠴᠢᠢ᠎ᠠ ᠲᠤᠰᠬᠠᠢ ᠠᠰᠢᠭ᠎ᠤᠨ ᠡᠷᠬᠡᠲᠦ ᠬᠥᠮᠦᠨ᠎ᠤ ᠭᠤᠶᠤᠴᠢᠯᠠᠯ ᠵᠶ᠋ᠠᠷ ᠲᠤᠰᠬᠠᠢ ᠠᠰᠢᠭ᠎ᠤᠨ ᠡᠷᠬᠡ ᠵᠢᠨ ᠬᠤᠭᠤᠴᠠᠭ᠎ᠠ ᠬᠢᠵᠠᠭ᠋ᠠᠷ᠎ᠤᠨ ᠨᠥᠬᠥᠪᠥᠷᠢ ᠥᠭᠭᠦᠨ᠎ᠡ ᠭᠡᠵᠦ ᠲᠣᠭᠲᠠᠭ᠋ᠠᠵᠠᠢ  ᠃ ᠨᠥᠬᠥᠪᠥᠷᠢᠯᠡᠬᠦ ᠬᠤᠭᠤᠴᠠᠭ᠎ᠠ ᠵᠢ ᠲᠠᠪᠤᠨ ᠵᠢᠯ᠎ᠠᠴᠠ ᠬᠡᠲᠦᠷᠡᠭᠦᠯᠬᠦ ᠦᠭᠡᠢ᠂ ᠰᠢᠨ᠎ᠡ ᠡᠮ   ᠵᠠᠬ᠎ᠠ ᠳᠡᠯᠭᠡᠭᠦᠷ᠎ᠲᠤ ᠭᠠᠷᠭ᠋ᠠᠬᠤ ᠵᠢ ᠵᠥᠪᠰᠢᠶᠡᠷᠡᠭᠰᠡᠨ᠎ᠤ ᠳᠠᠷᠠᠭ᠎ᠠ ᠲᠤᠰᠬᠠᠢ ᠠᠰᠢᠭ᠎ᠤᠨ ᠡᠷᠬᠡ ᠵᠢᠨ ᠶᠡᠷᠦᠩᠬᠡᠢ   ᠬᠤᠭᠤᠴᠠᠭ᠎ᠠ ᠵᠢ ᠠᠷᠪᠠᠨ ᠳᠥᠷᠪᠡᠨ ᠵᠢᠯ᠎ᠠᠴᠠ ᠬᠡᠲᠦᠷᠡᠭᠦᠯᠬᠦ ᠦᠭᠡᠢ  ᠃ ᠲᠤᠰᠬᠠᠶ ᠠᠰᠢᠭ᠎ᠤᠨ ᠬᠠᠤᠯᠢ ᠵᠢᠨ ᠢᠵᠢ ᠪᠥᠷᠢᠳᠦᠭᠰᠡᠨ ᠬᠠᠤᠯᠢ ᠲᠣᠭᠲᠠᠭ᠋ᠠᠯ ᠪᠣᠯᠤᠭᠰᠠᠨ᠎ᠤ ᠬᠤᠪᠢ᠎ᠳᠤ᠂ ᠣᠳᠣᠬᠠᠨ᠎ᠳᠤ ᠶᠠᠭ ᠵᠠᠰᠠᠪᠤᠷᠢ ᠣᠷᠣᠭᠤᠯᠵᠤ ᠪᠠᠢ᠌ᠭ᠎ᠠ ᠲᠤᠰᠬᠠᠶ ᠠᠰᠢᠭ᠎ᠤᠨ ᠬᠠᠤᠯᠢ ᠵᠢᠨ ᠬᠡᠷᠡᠭᠵᠢᠭᠦᠯᠬᠦ ᠨᠠᠷᠢᠨ ᠲᠦᠷᠢᠮ᠎ᠳᠤ ᠡᠮ᠎ᠤᠨ ᠵᠦᠢᠯ᠎ᠤᠨ ᠲᠤᠰᠬᠠᠶ ᠠᠰᠢᠭ᠎ᠤᠨ ᠡᠷᠬᠡ ᠵᠢᠨ ᠬᠤᠭᠤᠴᠠᠭ᠋ᠠᠨ᠎ᠳᠤ ᠨᠥᠬᠥᠪᠥᠷᠢ ᠥᠭᠬᠦ ᠲᠦᠷᠢᠮ᠎ᠤᠨ ᠬᠣᠯᠪᠣᠭᠳᠠᠯ ᠪᠥᠬᠥᠶ ᠠᠭᠤᠯᠭ᠎ᠠ᠎ᠳᠤ ᠡᠮ᠎ᠤᠨ ᠵᠦᠢᠯ ᠪᠠ ᠲᠤᠰᠬᠠᠶ ᠠᠰᠢᠭ᠎ᠤᠨ ᠡᠷᠬᠡ ᠵᠢᠨ ᠬᠡᠪᠴᠢᠶ᠎ᠡ᠂ ᠨᠥᠬᠥᠪᠥᠷᠢ ᠥᠭᠬᠦ ᠬᠤᠭᠤᠴᠠᠭ᠎ᠠ ᠵᠢ ᠪᠤᠳᠤᠬᠤ ᠠᠷᠭ᠎ᠠ᠂ ᠨᠥᠬᠥᠪᠥᠷᠢ ᠥᠭᠬᠦ ᠬᠤᠭᠤᠴᠠᠭ᠋ᠠᠨ᠎ᠤ ᠬᠠᠮᠠᠭ᠋ᠠᠯᠠᠯᠲᠠ ᠵᠢᠨ ᠬᠡᠪᠴᠢᠶ᠎ᠡ᠂ ᠨᠥᠬᠥᠪᠥᠷᠢ ᠥᠭᠬᠦ ᠨᠥᠬᠥᠴᠡᠯ ᠵᠡᠷᠭᠡ ᠵᠢ ᠪᠠᠭᠲᠠᠭ᠋ᠠᠭᠰᠠᠨ ᠨᠠᠷᠢᠯᠢᠭ ᠲᠣᠭᠲᠠᠭ᠋ᠠᠯ ᠭᠠᠷᠭ᠋ᠠᠪᠠ  ᠃ ᠲᠤᠰᠬᠠᠶ ᠠᠰᠢᠭ᠎ᠤᠨ ᠬᠠᠤᠯᠢ ᠵᠢᠨ ᠬᠡᠷᠡᠭᠵᠢᠭᠦᠯᠬᠦ ᠨᠠᠷᠢᠨ ᠲᠦᠷᠢᠮ᠎ᠳᠤ ᠵᠠᠰᠠᠪᠤᠷᠢ ᠣᠷᠣᠭᠤᠯᠬᠤ ᠲᠥᠰᠦᠯ᠎ᠤᠨ ᠲᠤᠬᠠᠶ 2020 ᠣᠨ᠎ᠤ 11 ᠰᠠᠷ᠎ᠠ ᠵᠢᠨ 27᠎ᠤ ᠡᠳᠦᠷ᠎ᠠᠴᠠ 2021 ᠣᠨ᠎ᠤ 1 ᠰᠠᠷ᠎ᠠ ᠵᠢᠨ 11᠎ᠤ ᠡᠳᠦᠷ ᠪᠣᠯᠲᠠᠯ᠎ᠠ ᠨᠡᠢ᠌ᠭᠡᠮ ᠨᠡᠢ᠌ᠲᠡ᠎ᠠᠴᠠ ᠢᠯᠡ᠎ᠪᠠᠷ ᠰᠠᠨᠠᠯ ᠬᠤᠷᠢᠶᠠᠪᠠ  ᠃ ᠥᠷᠭᠡᠨ ᠵᠶ᠋ᠡᠷ ᠰᠠᠨᠠᠯ ᠬᠤᠷᠢᠶᠠᠭᠰᠠᠨ ᠪᠠ ᠪᠠᠢ᠌ᠴᠠᠭ᠋ᠠᠨ ᠰᠤᠳᠤᠯᠵᠤ ᠨᠤᠲᠠᠯᠠᠭᠰᠠᠨ ᠰᠠᠭᠤᠷᠢᠨ ᠳᠡᠭᠡᠷ᠎ᠡ᠂ ᠲᠥᠰᠦᠯ᠎ᠳᠤ ᠨᠥᠬᠥᠴᠡᠯ᠎ᠳᠤ ᠨᠡᠢ᠌ᠴᠡᠬᠦ ᠰᠢᠨ᠎ᠡ ᠡᠮ᠎ᠤᠨ ᠦᠢᠯᠡᠳᠬᠦᠨ᠂ ᠦᠢᠯᠡᠳᠬᠦ ᠠᠷᠭ᠎ᠠ᠂ ᠡᠮ ᠡᠮᠨᠡᠯᠭᠡ ᠵᠢᠨ ᠬᠡᠷᠡᠭᠴᠡᠭᠡ ᠵᠢᠨ ᠬᠣᠯᠪᠣᠭᠳᠠᠯ ᠪᠥᠬᠥᠶ ᠲᠤᠰᠬᠠᠶ ᠠᠰᠢᠭ᠎ᠤᠨ ᠲᠤᠬᠠᠶ᠂ ᠡᠮ᠎ᠤᠨ ᠵᠦᠢᠯ᠎ᠤᠨ ᠲᠤᠰᠬᠠᠶ ᠠᠰᠢᠭ᠎ᠤᠨ ᠬᠤᠭᠤᠴᠠᠭ᠎ᠠ ᠵᠢᠨ ᠨᠥᠬᠥᠪᠥᠷᠢ ᠥᠭᠭᠦᠨ᠎ᠡ᠂ ᠨᠥᠬᠥᠪᠥᠷᠢ ᠭᠤᠶᠤᠴᠢᠯᠠᠬᠤ ᠭᠤᠶᠤᠴᠢᠯᠠᠯ᠎ᠢ ᠲᠣᠰ ᠰᠢᠨ᠎ᠡ ᠡᠮ᠎ᠨᠢ ᠵᠠᠬ᠎ᠠ ᠳᠡᠯᠭᠡᠭᠦᠷ᠎ᠲᠤ ᠭᠠᠷᠭ᠋ᠠᠬᠤ ᠵᠥᠪᠰᠢᠶᠡᠷᠡᠯ ᠣᠯᠤᠭᠰᠠᠨ ᠡᠳᠦᠷ᠎ᠠᠴᠠ ᠡᠬᠢᠯᠡᠨ ᠭᠤᠷᠪᠠᠨ ᠰᠠᠷ᠎ᠠ ᠵᠢᠨ ᠳᠣᠲᠣᠷ᠎ᠠ ᠮᠠᠨ᠎ᠤ ᠲᠣᠪᠴᠢᠶ᠎ᠠ᠎ᠳᠤ ᠳᠤᠷᠠᠳᠤᠨ ᠭᠠᠷᠭ᠋ᠠᠨ᠎ᠠ ᠭᠡᠵᠦ ᠰᠠᠨᠠᠭᠤᠯᠵᠠᠶ  ᠃
      ᠲᠤᠰᠬᠠᠶ ᠠᠰᠢᠭ᠎ᠤᠨ ᠬᠠᠤᠯᠢ ᠵᠢᠨ ᠬᠡᠷᠡᠭᠵᠢᠭᠦᠯᠬᠦ ᠨᠠᠷᠢᠨ ᠲᠦᠷᠢᠮ   ᠵᠠᠰᠠᠪᠤᠷᠢ ᠣᠷᠣᠭᠤᠯᠬᠤ ᠶᠠᠪᠤᠴᠠ᠎ᠳᠤ ᠪᠠᠢ᠌ᠵᠦ᠂ ᠬᠠᠮᠢᠶ᠎ᠠ ᠪᠥᠬᠥᠶ ᠢᠵᠢ ᠪᠥᠷᠢᠳᠦᠭᠰᠡᠨ ᠡᠯᠧᠺᠲᠷᠣᠨ ᠰᠢᠰᠲ᠋ᠧᠮ᠎ᠢ ᠶᠠᠭ ᠨᠡᠭᠡᠭᠡᠨ ᠬᠥᠭᠵᠢᠭᠦᠯᠵᠦ ᠪᠠᠢ᠌ᠭ᠎ᠠ ᠪᠣᠯᠬᠣᠷ᠂ 2021 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠲᠤᠰᠬᠠᠶ ᠠᠰᠢᠭ᠎ᠤᠨ ᠡᠷᠬᠡᠲᠦ ᠬᠥᠮᠦᠨ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠶ ᠠᠰᠢᠭ᠎ᠤᠨ ᠬᠠᠤᠯᠢ ᠵᠢᠨ ᠳᠥᠴᠢᠨ ᠬᠣᠶᠠᠳᠤᠭ᠋ᠠᠷ ᠵᠦᠢᠯ᠎ᠤᠨ ᠭᠤᠷᠪᠠᠳᠤᠭ᠋ᠠᠷ   ᠵᠤᠷᠪᠤᠰ᠎ᠤᠨ ᠶᠣᠰᠣᠭ᠋ᠠᠷ᠂ ᠰᠢᠨ᠎ᠡ ᠡᠮ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ ᠵᠥᠪᠰᠢᠶᠡᠷᠡᠯ᠎ᠤᠨ ᠭᠤᠶᠤᠴᠢᠯᠠᠯ᠎ᠢ ᠣᠯᠤᠭᠰᠠᠨ ᠡᠳᠦᠷ᠎ᠠᠴᠠ ᠡᠬᠢᠯᠡᠨ ᠭᠤᠷᠪᠠᠨ ᠰᠠᠷ᠎ᠠ ᠵᠢᠨ ᠳᠣᠲᠣᠷ᠎ᠠ᠂ ᠴᠠᠭ᠋ᠠᠰᠤᠨ ᠬᠡᠯᠪᠡᠷᠢ᠎ᠪᠠᠷ ᠤᠯᠤᠰ᠎ᠤᠨ ᠮᠡᠳᠡᠯᠭᠡ ᠵᠢᠨ   ᠦᠮᠴᠢᠯᠡᠯ᠎ᠤᠨ ᠡᠷᠬᠡ ᠵᠢᠨ ᠲᠣᠪᠴᠢᠶ᠎ᠠ᠎ᠳᠤ ᠲᠤᠰᠬᠠᠶ ᠠᠰᠢᠭ᠎ᠤᠨ ᠡᠷᠬᠡ ᠵᠢᠨ ᠬᠤᠭᠤᠴᠠᠭ᠎ᠠ ᠬᠢᠵᠠᠭ᠋ᠠᠷ᠎ᠤᠨ ᠨᠥᠬᠥᠪᠥᠷᠢ ᠭᠤᠶᠤᠴᠢᠯᠠᠬᠤ᠎ᠪᠠᠷ ᠳᠤᠷᠠᠳᠴᠤ ᠪᠣᠯᠤᠨ᠎ᠠ᠂ ᠵᠠᠯᠭ᠋ᠠᠭ᠋ᠠᠳ ᠮᠠᠨ᠎ᠤ ᠲᠣᠪᠴᠢᠶ᠎ᠠ ᠵᠢᠨ ᠭᠠᠷᠭ᠋ᠠᠭᠰᠠᠨ ᠰᠦᠢᠳᠬᠡᠯ ᠲᠤᠰᠢᠶᠠᠬᠤ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ ᠬᠣᠯᠪᠣᠭᠳᠠᠯ ᠪᠥᠬᠥᠶ ᠰᠦᠢᠳᠬᠡᠯ ᠲᠤᠰᠢᠶᠠᠨ᠎ᠠ  ᠃ ᠮᠠᠨ᠎ᠤ ᠲᠣᠪᠴᠢᠶ᠎ᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠨᠠᠷᠢᠨ ᠳᠦᠷᠢᠮ᠎ᠢ ᠬᠡᠷᠡᠭᠵᠢᠭᠦᠯᠦᠭᠰᠡᠨ᠎ᠤ ᠳᠠᠷᠠᠭ᠎ᠠ ᠳᠡᠭᠡᠷ᠎ᠡ ᠳᠤᠷᠠᠳᠤᠭᠰᠠᠨ ᠭᠤᠶᠤᠴᠢᠯᠠᠯ᠎ᠳᠤ ᠬᠢᠨᠠᠨ ᠪᠠᠢ᠍ᠴᠠᠭ᠋ᠠᠯᠲᠠ ᠬᠢᠨ᠎ᠡ  ᠃
 
      ᠳᠣᠯᠣᠭ᠎ᠠ᠂ 2021 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠲᠤᠰᠬᠠᠶ ᠠᠰᠢᠭ᠎ᠤᠨ ᠡᠷᠬᠡᠲᠦ ᠬᠥᠮᠦᠨ᠎ᠨᠢ ᠲᠡᠭᠦᠨ᠎ᠤ ᠲᠤᠰᠬᠠᠶ ᠠᠰᠢᠭ᠎ᠢ ᠬᠡᠷᠡᠭᠵᠢᠭᠦᠯᠬᠦ ᠵᠥᠪᠰᠢᠶᠡᠷᠡᠯ ᠵᠶ᠋ᠡᠨ ᠰᠠᠢ᠌ᠨ ᠳᠤᠷ᠎ᠠ᠎ᠠᠴᠠ᠎ᠪᠠᠨ ᠢᠯᠡᠷᠬᠡᠢ᠌ᠯᠡᠵᠦ ᠪᠣᠯᠤᠨ᠎ᠠ ᠤᠤ  ?
      ᠲᠤᠰᠬᠠᠶ ᠠᠰᠢᠭ᠎ᠢ ᠬᠤᠪᠢᠷᠠᠭᠤᠯᠬᠤ ᠪᠠ ᠬᠡᠷᠡᠭᠯᠡᠬᠦ ᠵᠢ ᠠᠬᠢᠭᠤᠯᠵᠤ᠂ ᠲᠤᠰᠬᠠᠶ ᠠᠰᠢᠭ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠮᠡᠳᠡᠭᠡ ᠵᠠᠩᠭᠢ ᠲᠡᠩᠴᠡᠭᠦᠷᠢ ᠥᠬᠡᠶ ᠪᠠᠢ᠌ᠬᠤ ᠵᠡᠷᠭᠡ ᠠᠰᠠᠭᠤᠳᠠᠯ᠎ᠢ ᠰᠢᠢᠳᠪᠦᠷᠢᠯᠡᠬᠦ ᠵᠢᠨ ᠲᠥᠯᠥᠭᠡ᠂ ᠲᠣᠰ ᠤᠳᠠᠭ᠎ᠠ ᠲᠤᠰᠬᠠᠶ ᠠᠰᠢᠭ᠎ᠤᠨ ᠬᠠᠤᠯᠢ᠎ᠳᠤ ᠵᠠᠰᠠᠪᠤᠷᠢ ᠣᠷᠣᠭᠤᠯᠬᠤ᠎ᠳᠠᠭᠠᠨ ᠨᠡᠭᠡᠭᠡᠯᠲᠡ ᠬᠢᠬᠦ ᠵᠥᠪᠰᠢᠶᠡᠷᠡᠯ᠎ᠤᠨ ᠲᠦᠷᠢᠮ᠎ᠢ ᠣᠷᠣᠭᠤᠯᠪᠠ  ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠢ ᠠᠰᠢᠭ᠎ᠤᠨ ᠬᠠᠤᠯᠢ ᠵᠢᠨ ᠲᠠᠪᠢᠳᠤᠭ᠋ᠠᠷ ᠵᠦᠢ᠍ᠯ᠎ᠤᠨ ᠨᠢᠭᠡᠳᠦᠭᠡᠷ   ᠵᠤᠷᠪᠤᠰ᠎ᠲᠤ᠂ ᠲᠤᠰᠬᠠᠢ ᠠᠰᠢᠭ᠎ᠤᠨ ᠡᠷᠬᠡᠲᠦ ᠬᠥᠮᠦᠨ ᠳᠤᠷᠠᠲᠠᠶ᠎ᠠ ᠪᠢᠴᠢᠭ᠎ᠤᠨ ᠬᠡᠯᠪᠡᠷᠢ᠎ᠪᠠᠷ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠪᠴᠢᠢ᠎ᠠ᠎ᠳᠤ ᠶᠠᠮᠠᠷᠪᠠ ᠨᠢᠭᠡᠴᠢ ᠪᠤᠶᠤ ᠬᠤᠪᠢ ᠬᠥᠮᠦᠨ ᠲᠡᠭᠦᠨ᠎ᠤ ᠲᠤᠰᠬᠠᠢ ᠠᠰᠢᠭ᠎ᠢ ᠬᠡᠷᠡᠭᠵᠢᠭᠦᠯᠬᠦ ᠵᠢ ᠵᠥᠪᠰᠢᠶᠡᠷᠡᠬᠦ ᠳᠤᠷᠠᠲᠠᠢ ᠪᠠᠢ᠌ᠬᠤ᠎ᠪᠠᠨ ᠢᠯᠡᠷᠬᠡᠢ᠌ᠯᠡᠭᠰᠡᠨ ᠪᠥᠭᠡᠳ ᠬᠡᠷᠡᠭᠯᠡᠬᠦ ᠰᠦᠢ᠍ᠳᠬᠡᠯ ᠥᠭᠬᠦ ᠠᠷᠭ᠎ᠠ ᠮᠠᠶᠢᠭ᠂ ᠪᠠᠷᠢᠮᠵᠢᠶ᠎ᠠ ᠵᠢ ᠲᠣᠳᠣᠷᠬᠠᠢ ᠵᠥᠪᠰᠢᠶᠡᠷᠡᠭᠰᠡᠨ ᠪᠠᠢ᠌ᠪᠠᠯ᠂ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠪᠴᠢᠢ᠎ᠠ᠎ᠠᠴᠠ ᠵᠠᠷᠯᠠᠨ ᠨᠡᠢ᠌ᠲᠡᠯᠡᠵᠦ᠂ ᠨᠡᠭᠡᠭᠡᠯᠳᠡ ᠵᠢᠨ ᠵᠥᠪᠰᠢᠶᠡᠷᠡᠯ᠎ᠢ ᠬᠡᠷᠡᠭᠵᠢᠭᠦᠯᠦᠨ᠎ᠡ ᠭᠡᠵᠦ ᠲᠣᠭᠲᠠᠭ᠋ᠠᠵᠠᠢ  ᠃ 2021 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠲᠤᠰᠬᠠᠶ ᠠᠰᠢᠭ᠎ᠤᠨ ᠡᠷᠬᠡᠲᠦ ᠬᠥᠮᠦᠨ ᠲᠤᠰᠬᠠᠶ ᠠᠰᠢᠭ᠎ᠤᠨ ᠬᠠᠤᠯᠢ ᠵᠢᠨ ᠲᠠᠪᠢᠳᠤᠭ᠋ᠠᠷ ᠵᠦᠢᠯ᠎ᠤᠨ ᠨᠢᠭᠡᠳᠦᠭᠡᠷ   ᠵᠤᠷᠪᠤᠰ᠎ᠤᠨ ᠲᠣᠭᠲᠠᠭ᠋ᠠᠯ᠎ᠢ ᠦᠨᠳᠦᠰᠦᠯᠡᠨ᠂ ᠲᠡᠭᠦᠨ᠎ᠤ ᠲᠤᠰᠬᠠᠶ ᠠᠰᠢᠭ᠎ᠢ ᠬᠡᠷᠡᠭᠵᠢᠭᠦᠯᠬᠦ ᠵᠥᠪᠰᠢᠶᠡᠷᠡᠯ ᠵᠶ᠋ᠡᠨ ᠰᠠᠢ᠌ᠨ ᠳᠤᠷ᠎ᠠ᠎ᠠᠴᠠ᠎ᠪᠠᠨ ᠢᠯᠡᠷᠬᠡᠢ᠌ᠯᠡᠵᠦ ᠪᠣᠯᠤᠨ᠎ᠠ  ᠃ ᠭᠡᠪᠡᠴᠦ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠨᠠᠷᠢᠨ ᠲᠦᠷᠢᠮ ᠵᠠᠰᠠᠪᠤᠷᠢ ᠣᠷᠣᠭᠤᠯᠬᠤ ᠶᠠᠪᠤᠴᠠ ᠳᠤᠮᠳᠠ   ᠪᠠᠢ᠌ᠵᠦ᠂ ᠬᠠᠮᠢᠶ᠎ᠠ ᠪᠥᠬᠥᠶ ᠢᠵᠢ ᠪᠥᠷᠢᠳᠦᠭᠰᠡᠨ ᠡᠯᠧᠺᠲᠷᠣᠨ ᠰᠢᠰᠲ᠋ᠧᠮ᠎ᠢ ᠶᠠᠭ ᠨᠡᠭᠡᠭᠡᠨ ᠬᠥᠭᠵᠢᠭᠦᠯᠵᠦ ᠪᠠᠢ᠌ᠭ᠎ᠠ ᠪᠣᠯᠬᠣᠷ 2021 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠲᠤᠰᠬᠠᠶ ᠠᠰᠢᠭ᠎ᠤᠨ ᠡᠷᠬᠡᠲᠦ ᠬᠥᠮᠦᠨ ᠲᠡᠭᠦᠨ᠎ᠤ ᠲᠤᠰᠬᠠᠶ ᠠᠰᠢᠭ᠎ᠤᠨ ᠡᠷᠬᠡ ᠵᠢ ᠬᠡᠷᠡᠭᠵᠢᠭᠦᠯᠬᠦ ᠵᠥᠪᠰᠢᠶᠡᠷᠡᠯ ᠵᠶ᠋ᠡᠨ ᠴᠠᠭ᠋ᠠᠰᠤᠨ ᠬᠡᠯᠪᠡᠷᠢ᠎ᠪᠠᠷ ᠰᠠᠢ᠌ᠨ ᠳᠤᠷ᠎ᠠ᠎ᠠᠴᠠ᠎ᠪᠠᠨ ᠢᠯᠡᠷᠬᠡᠢ᠌ᠯᠡᠵᠦ ᠪᠣᠯᠤᠨ᠎ᠠ  ᠃ ᠮᠠᠨ᠎ᠤ ᠲᠣᠪᠴᠢᠶ᠎ᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠨᠠᠷᠢᠨ ᠳᠦᠷᠢᠮ᠎ᠢ ᠬᠡᠷᠡᠭᠵᠢᠭᠦᠯᠦᠭᠰᠡᠨ᠎ᠤ ᠳᠠᠷᠠᠭ᠎ᠠ ᠳᠡᠭᠡᠷ᠎ᠡ ᠳᠤᠷᠠᠳᠤᠭᠰᠠᠨ ᠢᠯᠡᠷᠬᠡᠢ᠌ᠯᠡᠯᠲᠡ ᠵᠢ ᠬᠢᠨᠠᠨ ᠪᠠᠢ᠌ᠴᠠᠭ᠋ᠠᠨ᠎ᠠ  ᠃
   

        ᠨᠠᠢ᠍ᠮᠠ᠂ 2021 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠡᠷᠬᠡ᠎ᠳᠤ   ᠬᠠᠯᠳᠠᠭᠴᠢ ᠎ᠪᠠᠷ ᠵᠠᠭ᠋ᠠᠯᠳᠤᠬᠳᠠᠬᠰᠠᠨ ᠬᠥᠮᠦᠨ ᠲᠤᠰᠬᠠᠢ ᠠᠰᠢᠭ᠎ᠤᠨ ᠡᠷᠬᠡ ᠵᠢ ᠦᠨᠡᠯᠡᠭᠰᠡᠨ ᠮᠡᠳᠡᠭᠦᠯᠦᠯᠲᠡ ᠭᠠᠷᠭ᠋ᠠᠭᠤᠯᠬᠤ᠎ᠪᠠᠷ ᠭᠤᠶᠤᠴᠢᠯᠠᠵᠤ ᠪᠣᠯᠤᠨ᠎ᠠ ᠤᠤ  ?
        ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠢ ᠠᠰᠢᠭ᠎ᠤᠨ ᠬᠠᠤᠯᠢ ᠵᠢᠨ ᠵᠢᠷᠠᠨ ᠵᠢᠷᠭᠤᠳᠤᠭ᠋ᠠᠷ ᠵᠦᠢ᠍ᠯ᠎ᠤᠨ ᠬᠣᠶᠠᠳᠤᠭ᠋ᠠᠷ   ᠵᠤᠷᠪᠤᠰ᠎ᠲᠤ᠂ ᠲᠤᠰᠬᠠᠢ ᠠᠰᠢᠭ᠎ᠤᠨ ᠡᠷᠬᠡ᠎ᠳᠤ ᠬᠠᠯᠳᠠᠭᠰᠠᠨ ᠮᠠᠷᠭᠤᠯᠳᠤᠭ᠋ᠠᠨ᠎ᠨᠢ ᠬᠡᠷᠡᠭᠯᠡᠭᠡᠨ᠎ᠤ ᠰᠢᠨ᠎ᠡ ᠬᠡᠯᠪᠡᠷᠢ ᠵᠢᠨ ᠲᠤᠰᠬᠠᠢ ᠠᠰᠢᠭ ᠪᠤᠶᠤ ᠭᠠᠳᠠᠷ ᠳᠦᠷᠰᠦ ᠵᠢᠨ ᠵᠢᠷᠤᠭ ᠲᠥᠯᠥᠪᠯᠡᠭᠡᠨ᠎ᠤ ᠲᠤᠰᠬᠠᠢ ᠠᠰᠢᠭ᠎ᠲᠤ ᠬᠣᠯᠪᠣᠭᠳᠠᠭᠰᠠᠨ ᠪᠠᠢ᠌ᠪᠠᠯ᠂ ᠠᠷᠠᠳ᠎ᠤᠨ ᠰᠢᠭᠦᠬᠦ ᠬᠣᠷᠢᠢ᠎ᠠ ᠪᠤᠶᠤ ᠲᠤᠰᠬᠠᠢ ᠠᠰᠢᠭ᠎ᠤᠨ ᠠᠵᠢᠯ᠎ᠢ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰᠬᠠᠢ ᠠᠰᠢᠭ᠎ᠤᠨ ᠡᠷᠬᠡᠲᠦ ᠬᠥᠮᠦᠨ ᠪᠤᠶᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ ᠵᠶ᠋ᠡᠷ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠪᠴᠢᠢ᠎ᠠ ᠵᠢᠨ ᠬᠣᠯᠪᠣᠭᠳᠠᠯ ᠪᠦᠬᠦᠢ ᠬᠡᠷᠡᠭᠯᠡᠭᠡᠨ᠎ᠤ ᠰᠢᠨ᠎ᠡ ᠬᠡᠯᠪᠡᠷᠢ ᠪᠤᠶᠤ ᠭᠠᠳᠠᠷ ᠳᠦᠷᠰᠦ ᠵᠢᠨ ᠵᠢᠷᠤᠭ ᠲᠥᠯᠥᠪᠯᠡᠭᠡ᠎ᠳᠤ ᠡᠷᠢᠯᠲᠡ᠂ ᠵᠠᠳᠠᠯᠤᠯᠲᠠ ᠪᠠ ᠦᠨᠡᠯᠡᠯᠲᠡ ᠬᠢᠭᠰᠡᠨ᠎ᠤ ᠲᠠᠷᠠᠭ᠎ᠠ ᠭᠠᠷᠭ᠋ᠠᠭᠰᠠᠨ ᠲᠤᠰᠬᠠᠢ ᠠᠰᠢᠭ᠎ᠤᠨ ᠡᠷᠬᠡ ᠵᠢᠨ ᠦᠨᠡᠯᠡᠯᠲᠡ ᠵᠢᠨ ᠮᠡᠳᠡᠭᠦᠯᠦᠯᠲᠡ ᠵᠢ ᠭᠠᠷᠭ᠋ᠠᠭᠤᠯᠵᠤ᠂ ᠲᠤᠰᠬᠠᠢ ᠠᠰᠢᠭ᠎ᠤᠨ ᠡᠷᠬᠡ᠎ᠳᠤ ᠬᠠᠯᠳᠠᠭᠰᠠᠨ ᠮᠠᠷᠭᠤᠯᠳᠤᠭ᠋ᠠᠨ᠎ᠢ ᠰᠢᠭᠦᠵᠦ ᠰᠢᠢ᠍ᠳᠪᠦᠷᠢᠯᠡᠬᠦ ᠬᠡᠷᠡᠴᠢ ᠪᠠᠷᠢᠮᠲᠠ ᠪᠣᠯᠭ᠋ᠠᠬᠤ᠎ᠪᠠᠷ ᠱᠠᠭ᠋ᠠᠷᠳᠠᠵᠤ ᠪᠣᠯᠤᠨ᠎ᠠ ᠭᠡᠵᠦ ᠲᠣᠭᠲᠠᠭ᠋ᠠᠵᠠᠢ; ᠲᠤᠰᠬᠠᠢ ᠠᠰᠢᠭ᠎ᠤᠨ ᠡᠷᠬᠡᠲᠦ ᠬᠥᠮᠦᠨ᠂ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ ᠪᠤᠶᠤ ᠡᠷᠬᠡ᠎ᠳᠤ ᠬᠠᠯᠳᠠᠭᠰᠠᠨ ᠵᠶ᠋ᠠᠷ ᠵᠠᠭ᠋ᠠᠯᠳᠤᠬᠳᠠᠬᠰᠠᠨ ᠬᠥᠮᠦᠨ ᠪᠠᠰᠠ ᠲᠤᠰᠬᠠᠢ ᠠᠰᠢᠭ᠎ᠤᠨ ᠡᠷᠬᠡ ᠵᠢ ᠦᠨᠡᠯᠡᠭᠰᠡᠨ ᠮᠡᠳᠡᠭᠦᠯᠦᠯᠲᠡ ᠵᠢ ᠰᠠᠨᠠᠭ᠋ᠠᠴᠢᠯᠠᠭ᠎ᠠ᠎ᠠᠴᠠ᠎ᠪᠠᠨ ᠭᠠᠷᠭ᠋ᠠᠵᠤ ᠪᠣᠯᠤᠨ᠎ᠠ  ᠃ ᠲᠣᠰ ᠤᠳᠠᠭ᠎ᠠ ᠲᠤᠰᠬᠠᠶ ᠠᠰᠢᠭ᠎ᠤᠨ ᠬᠠᠤᠯᠢ᠎ᠳᠤ ᠵᠠᠰᠠᠪᠤᠷᠢ ᠣᠷᠣᠭᠤᠯᠬᠤ᠎ᠳᠠᠭᠠᠨ ᠲᠤᠰᠬᠠᠶ ᠠᠰᠢᠭ᠎ᠤᠨ ᠡᠷᠬᠡ ᠵᠢ ᠦᠨᠡᠯᠡᠭᠰᠡᠨ ᠮᠡᠳᠡᠭᠦᠯᠦᠯᠲᠡ ᠭᠠᠷᠭ᠋ᠠᠬᠤ᠎ᠪᠠᠷ ᠭᠤᠶᠤᠴᠢᠯᠠᠬᠤ ᠪᠡᠶᠡᠴᠢ ᠴᠣᠭᠴᠠ ᠵᠢ ᠡᠷᠬᠡ᠎ᠳᠤ ᠬᠠᠯᠳᠠᠭᠰᠠᠨ ᠵᠶ᠋ᠠᠷ ᠵᠠᠭ᠋ᠠᠯᠳᠤᠭᠳᠠᠭᠰᠠᠨ ᠬᠥᠮᠦᠨ᠎ᠳᠤ ᠬᠦᠷᠲᠡᠯ᠎ᠡ ᠥᠷᠭᠡᠳᠬᠡᠵᠦ ᠪᠣᠯᠤᠨ᠎ᠠ᠂ ᠡᠨᠡ ᠬᠦ᠌ ᠵᠠᠰᠠᠪᠤᠷᠢ᠎ᠨᠢ ᠲᠡᠭᠦᠨ᠎ᠤ ᠡᠷᠬᠡ᠎ᠳᠤ ᠬᠠᠯᠳᠠᠭᠰᠠᠨ ᠲᠦᠭᠰᠢᠭᠦᠷᠢ ᠵᠢ ᠭᠦᠢᠴᠡᠳ ᠦᠨᠡᠯᠡᠨ ᠵᠢᠱ᠌ᠢᠵᠦ᠂ ᠵᠦᠶ ᠵᠣᠬᠢᠰᠲᠠᠶ ᠠᠷᠭ᠋ᠠᠴᠠᠬᠤ ᠠᠷᠭ᠎ᠠ ᠬᠡᠮᠵᠢᠶ᠎ᠡ ᠠᠪᠬᠤ  ᠂ ᠬᠣᠶᠠᠷ ᠲᠠᠯ᠎ᠠ ᠵᠢᠨ ᠬᠥᠮᠦᠨ᠎ᠤ ᠲᠤᠰᠬᠠᠶ ᠠᠰᠢᠭ᠎ᠤᠨ ᠡᠷᠬᠡ ᠵᠢᠨ ᠲᠤᠬᠠᠶ ᠵᠦᠶ ᠵᠣᠬᠢᠰᠲᠠᠶ ᠵᠢᠱ᠌ᠢᠯᠲᠡ ᠵᠢ ᠪᠣᠶ ᠪᠣᠯᠭ᠋ᠠᠵᠤ᠂ ᠵᠢᠭᠤᠷᠠᠯᠳᠤᠭ᠋ᠠᠨ᠎ᠢ ᠰᠢᠢᠳᠪᠦᠷᠢᠯᠡᠬᠦ ᠵᠢ ᠠᠬᠢᠭᠤᠯᠤᠨ᠂ ᠡᠷᠬᠡ᠎ᠪᠠᠨ ᠬᠠᠮᠠᠭ᠋ᠠᠯᠠᠬᠤ ᠥᠪᠡᠷ᠎ᠤᠨ ᠥᠷᠲᠡᠭ᠎ᠢ ᠪᠠᠭᠤᠷᠠᠭᠤᠯᠬᠤ᠎ᠳᠤ ᠠᠰᠢᠭᠲᠠᠶ ᠶᠤᠮ  ᠃ ᠡᠢ᠌ᠮᠦ᠎ᠠᠴᠠ 2021 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠡᠷᠬᠡ᠎ᠳᠤ ᠬᠠᠯᠳᠠᠭᠰᠠᠨ ᠵᠶ᠋ᠠᠷ ᠵᠠᠭ᠋ᠠᠯᠳᠤᠬᠳᠠᠬᠰᠠᠨ ᠬᠥᠮᠦᠨ ᠲᠤᠰᠬᠠᠢ ᠠᠰᠢᠭ᠎ᠤᠨ ᠡᠷᠬᠡ ᠵᠢ ᠦᠨᠡᠯᠡᠭᠰᠡᠨ ᠮᠡᠳᠡᠭᠦᠯᠦᠯᠲᠡ ᠭᠠᠷᠭ᠋ᠠᠭᠤᠯᠬᠤ᠎ᠪᠠᠷ ᠭᠤᠶᠤᠴᠢᠯᠠᠵᠤ ᠪᠣᠯᠤᠨ᠎ᠠ  ᠃ ᠭᠡᠪᠡᠴᠦ ᠲᠤᠰᠬᠠᠶ ᠠᠰᠢᠭ᠎ᠤᠨ ᠬᠠᠤᠯᠢ ᠵᠢ ᠬᠡᠷᠡᠭᠵᠢᠭᠦᠯᠬᠦ ᠨᠠᠷᠢᠨ ᠲᠦᠷᠢᠮ᠎ᠳᠤ ᠵᠠᠰᠠᠪᠤᠷᠢ ᠣᠷᠣᠭᠤᠯᠬᠤ ᠶᠠᠪᠤᠴᠠ᠎ᠳᠤ   ᠪᠠᠢ᠌ᠵᠦ᠂ ᠬᠣᠯᠪᠣᠭᠳᠠᠯ ᠪᠥᠬᠥᠶ ᠢᠵᠢ ᠪᠥᠷᠢᠳᠦᠭᠰᠡᠨ ᠡᠯᠧᠺᠲᠷᠣᠨ ᠰᠢᠰᠲ᠋ᠧᠮ᠎ᠢ ᠶᠠᠭ ᠨᠡᠭᠡᠭᠡᠵᠦ   ᠪᠠᠢ᠌ᠭ᠎ᠠ ᠪᠣᠯᠬᠣᠷ᠂ 2021 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠡᠷᠬᠡ᠎ᠳᠤ ᠬᠠᠯᠳᠠᠭᠰᠠᠨ ᠵᠶ᠋ᠠᠷ ᠵᠠᠭ᠋ᠠᠯᠳᠤᠭᠳᠠᠭᠰᠠᠨ ᠬᠥᠮᠦᠨ ᠴᠠᠭ᠋ᠠᠰᠤᠨ ᠬᠡᠯᠪᠡᠷᠢ᠎ᠪᠠᠷ   ᠳᠠᠮᠵᠢᠨ ᠮᠠᠨ᠎ᠤ ᠲᠣᠪᠴᠢᠶ᠎ᠠ᠎ᠪᠠᠷ ᠲᠤᠰᠬᠠᠶ ᠠᠰᠢᠭ᠎ᠤᠨ ᠡᠷᠬᠡ ᠵᠢᠨ ᠦᠨᠡᠯᠡᠯᠲᠡ ᠵᠢᠨ ᠮᠡᠳᠡᠭᠦᠯᠦᠯᠲᠡ ᠭᠠᠷᠭ᠋ᠠᠭᠤᠯᠬᠤ᠎ᠪᠠᠷ ᠲᠦᠷ ᠭᠤᠶᠤᠴᠢᠯᠠᠵᠤ ᠪᠣᠯᠤᠨ᠎ᠠ  ᠃

      ᠶᠢᠰᠦ᠂ 2021 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠪᠴᠢᠶ᠎ᠠ᠎ᠨᠢ ᠦᠨᠡᠨᠴᠢ ᠢᠲᠡᠭᠡᠮᠵᠢᠲᠡᠶ ᠪᠠᠢ᠌ᠬᠤ ᠵᠠᠷᠴᠢᠮ᠎ᠢ ᠦᠨᠳᠦᠰᠦᠯᠡᠨ ᠠᠩᠬ᠎ᠠ ᠠᠯᠬᠤᠮ᠎ᠤᠨ ᠬᠢᠨᠠᠨ ᠪᠠᠢ᠌ᠴᠠᠭ᠋ᠠᠯᠲᠠ᠂ ᠮᠥᠨ ᠴᠢᠨᠠᠷ᠎ᠤᠨ ᠬᠢᠨᠠᠨ ᠪᠠᠢ᠌ᠴᠠᠭ᠋ᠠᠯᠲᠠ ᠪᠠ ᠳᠠᠬᠢᠨ ᠬᠢᠨᠠᠬᠤ ᠲᠠᠰ ᠳᠠᠷᠠᠭ᠋ᠠᠯᠠᠯ᠎ᠳᠠᠬᠢ ᠲᠤᠰᠬᠠᠶ ᠠᠰᠢᠭ᠎ᠤᠨ ᠭᠤᠶᠤᠴᠢᠯᠠᠯ᠎ᠳᠤ ᠬᠢᠨᠠᠨ ᠪᠠᠢ᠌ᠴᠠᠭ᠋ᠠᠯᠲᠠ ᠬᠢᠵᠦ ᠪᠣᠯᠤᠨ᠎ᠠ ᠤᠤ  ?
      ᠦᠨᠡᠨᠴᠢ ᠢᠲᠡᠭᠡᠮᠵᠢᠲᠡᠢ ᠪᠠᠢ᠌ᠬᠤ ᠵᠠᠷᠴᠢᠮ ᠪᠣᠯ ᠮᠠᠨ᠎ᠤ ᠤᠯᠤᠰ᠎ᠤᠨ ᠢᠷᠭᠡᠨ᠎ᠤ ᠬᠠᠤᠯᠢ ᠵᠢᠨ ᠬᠠᠮᠤᠭ᠎ᠤᠨ ᠴᠢᠬᠤᠯᠠ ᠦᠨᠳᠦᠰᠦᠨ ᠵᠠᠷᠴᠢᠮ᠎ᠤᠨ ᠨᠢᠭᠡ ᠮᠥᠨ᠂ ᠠᠯᠢ ᠡᠷᠲᠡ 1986 ᠣᠨ᠎ᠳᠤ ᠪᠠᠲᠤᠯᠠᠭᠰᠠᠨ ᠢᠷᠭᠡᠨ᠎ᠤ ᠬᠠᠤᠯᠢ ᠵᠢᠨ ᠶᠡᠷᠦᠩᠬᠡᠢ ᠲᠦᠷᠢᠮ᠎ᠤᠨ ᠳᠥᠷᠪᠡᠳᠦᠭᠡᠷ ᠵᠦᠢ᠍ᠯ᠎ᠳᠤ ᠢᠷᠭᠡᠨ᠎ᠤ ᠬᠡᠷᠡᠭ᠎ᠤᠨ ᠠᠵᠢᠯᠯᠠᠭ᠎ᠠ᠎ᠳᠤ ᠰᠠᠢ᠍ᠢ᠍ᠨ ᠳᠤᠷ᠎ᠠ᠂ ᠲᠥᠪ ᠭᠣᠣᠯᠴᠢ᠂ ᠲᠡᠩᠴᠡᠭᠦᠦ ᠦᠷᠳᠡᠭ ᠵᠶ᠋ᠡᠷ᠎ᠨᠢ ᠲᠥᠯᠥᠪᠦᠷᠢ᠎ᠲᠠᠢ᠂ ᠦᠨᠡᠨᠴᠢ ᠢᠲᠡᠭᠡᠮᠵᠢᠲᠡᠢ ᠪᠠᠢ᠌ᠬᠤ ᠵᠠᠷᠴᠢᠮ᠎ᠢ ᠵᠢᠷᠤᠮᠯᠠᠬᠤ ᠬᠡᠷᠡᠭᠲᠡᠢ ᠭᠡᠵᠦ ᠲᠣᠭᠲᠠᠭ᠋ᠠᠵᠠᠢ; 2021 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠬᠦ ᠢᠷᠭᠡᠨ᠎ᠤ ᠬᠠᠤᠯᠢ ᠵᠢᠨ ᠪᠢᠴᠢᠭ᠎ᠤᠨ ᠳᠣᠯᠣᠳᠤᠭ᠋ᠠᠷ ᠵᠦᠢ᠍ᠯ᠎ᠳᠤ᠄ 《ᠢᠷᠭᠡᠨ᠎ᠤ ᠬᠡᠷᠡᠭ᠎ᠤᠨ ᠭᠣᠣᠯ ᠴᠣᠭᠴᠠ ᠢᠷᠭᠡᠨ᠎ᠤ ᠬᠡᠷᠡᠭ᠎ᠤᠨ ᠠᠵᠢᠯᠯᠠᠭ᠎ᠠ ᠬᠢᠬᠦ᠎ᠳᠡᠭᠡᠨ ᠦᠨᠡᠨᠴᠢ ᠢᠲᠡᠭᠡᠮᠵᠢᠲᠡᠢ ᠪᠠᠢ᠌ᠬᠤ ᠵᠠᠷᠴᠢᠮ᠎ᠢ ᠵᠢᠷᠤᠮᠯᠠᠨ᠂ ᠦᠨᠡᠨᠴᠢ ᠰᠢᠳᠤᠷᠭᠤ ᠪᠠᠢ᠌ᠵᠤ᠂ ᠠᠮᠠᠯᠠᠯᠲᠠ᠎ᠪᠠᠨ ᠬᠢᠴᠢᠶᠡᠩᠭᠦᠢ᠌ᠯᠡᠨ ᠵᠢᠷᠤᠮᠯᠠᠬᠤ ᠬᠡᠷᠡᠭᠲᠡᠢ》 ᠭᠡᠵᠦ ᠲᠣᠭᠲᠠᠭ᠋ᠠᠵᠠᠢ  ᠃ ᠲᠤᠰᠬᠠᠢ ᠠᠰᠢᠭ᠎ᠤᠨ ᠡᠷᠬᠡ᠎ᠨᠢ ᠨᠢᠭᠡ ᠵᠦᠢ᠍ᠯ᠎ᠤᠨ ᠴᠢᠬᠤᠯᠠ ᠢᠷᠭᠡᠨ᠎ᠤ ᠡᠷᠬᠡ ᠪᠣᠯᠤᠭᠰᠠᠨ᠎ᠤ ᠬᠤᠪᠢ᠎ᠳᠤ᠂ ᠲᠤᠰᠬᠠᠢ ᠠᠰᠢᠭ ᠭᠤᠶᠤᠴᠢᠯᠠᠬᠤ ᠪᠤᠶᠤ ᠡᠷᠬᠡ᠎ᠪᠠᠨ ᠬᠡᠷᠡᠭᠵᠢᠭᠦᠯᠬᠦ᠎ᠳᠤ ᠴᠥᠮ ᠦᠨᠡᠨᠴᠢ ᠢᠲᠡᠭᠡᠮᠵᠢᠲᠡᠢ ᠪᠠᠢ᠌ᠬᠤ ᠵᠠᠷᠴᠢᠮ᠎ᠢ ᠵᠢᠷᠤᠮᠯᠠᠬᠤ ᠬᠡᠷᠡᠭᠲᠡᠢ᠂ ᠬᠠᠭᠤᠯᠬᠤ᠂ ᠬᠠᠭᠤᠷᠮᠠᠭᠯᠠᠨ ᠵᠣᠬᠢᠶᠠᠬᠤ ᠵᠡᠷᠭᠡ ᠠᠷᠭ᠎ᠠ ᠪᠠᠷᠢᠯ ᠵᠶ᠋ᠠᠷ ᠲᠤᠰᠬᠠᠢ ᠠᠰᠢᠭ᠎ᠤᠨ ᠡᠷᠬᠡ ᠣᠯᠵᠤ ᠪᠣᠯᠬᠤ ᠦᠭᠡᠢ᠂ ᠦᠨᠡᠨᠴᠢ ᠢᠲᠡᠭᠡᠮᠵᠢᠲᠡᠢ   ᠵᠠᠷᠴᠢᠮ᠎ᠢ ᠵᠥᠷᠢᠴᠡᠨ ᠲᠤᠰᠬᠠᠢ ᠠᠰᠢᠭ᠎ᠤᠨ ᠡᠷᠬᠡ ᠵᠢ ᠳᠤᠷ᠎ᠠ᠎ᠪᠠᠷ ᠵᠶ᠋ᠠᠨ ᠬᠡᠷᠡᠭᠯᠡᠵᠦ ᠪᠣᠯᠬᠤ ᠦᠭᠡᠢ  ᠃ ᠡᠢ᠌ᠮᠦ᠎ᠠᠴᠠ ᠲᠤᠰᠬᠠᠢ ᠠᠰᠢᠭ᠎ᠤᠨ ᠬᠠᠤᠯᠢ ᠵᠢᠨ ᠨᠢᠭᠡᠳᠦᠭᠡᠷ ᠵᠦᠢ᠍ᠯ᠎ᠳᠤ ᠬᠠᠤᠯᠢ ᠲᠣᠭᠲᠠᠭ᠋ᠠᠬᠤ ᠵᠣᠷᠢᠯᠲᠠ᠎ᠪᠠᠨ ᠲᠤᠳᠤᠷᠬᠠᠢ᠌ᠯᠠᠬᠤ ᠳ᠋ᠭ᠋ᠠᠨ᠂ ᠡᠭᠦᠳᠦᠨ ᠪᠦᠲᠦᠭᠡᠬᠦ ᠵᠢ ᠵᠣᠷᠢᠭᠵᠢᠭᠤᠯᠤᠨ᠂ ᠡᠭᠦᠳᠦᠨ ᠪᠦᠲᠦᠭᠡᠯᠲᠡ ᠵᠢᠨ ᠬᠡᠷᠡᠭᠯᠡᠯᠲᠡ ᠵᠢ ᠲᠦᠯᠬᠢᠨ ᠠᠬᠢᠭᠤᠯᠵᠤ᠂ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠦᠨ᠎ᠡ; ᠲᠠᠪᠤᠳᠤᠭ᠋ᠠᠷ ᠵᠦᠢ᠍ᠯ᠎ᠤᠨ ᠲᠣᠭᠲᠠᠭ᠋ᠠᠯ᠎ᠨᠢ ᠬᠠᠤᠯᠢ ᠴᠠᠭ᠋ᠠᠵᠠ᠂ ᠨᠡᠢ᠌ᠭᠡᠮ ᠨᠡᠢ᠌ᠲᠡ ᠵᠢᠨ ᠶᠣᠰᠣ ᠮᠣᠷᠠᠯ᠎ᠢ ᠵᠥᠷᠢᠴᠡᠭᠰᠡᠨ ᠪᠤᠶᠤ ᠤᠯᠡᠠ ᠨᠡᠢ᠌ᠲᠡ ᠵᠢᠨ ᠠᠰᠢᠭ ᠲᠤᠰᠠ ᠵᠢ ᠬᠠᠷᠰᠢᠯᠠᠭᠰᠠᠨ ᠡᠭᠦᠳᠦᠯᠲᠡ ᠪᠦᠲᠦᠭᠡᠯᠲᠡ᠎ᠳᠤ ᠲᠤᠰᠬᠠᠢ ᠠᠰᠢᠭ᠎ᠤᠨ ᠡᠷᠬᠡ ᠣᠯᠭᠣᠬᠤ ᠤᠢ᠍ᠭᠡᠢ  ᠃ ᠲᠤᠰᠬᠠᠢ ᠠᠰᠢᠭ ᠭᠤᠶᠤᠴᠢᠯᠠᠬᠤ ᠳᠤᠮᠳᠠᠬᠢ ᠲᠤᠰᠬᠠᠢ ᠠᠰᠢᠭ ᠭᠤᠶᠤᠴᠢᠯᠠᠬᠤ ᠬᠡᠪ᠎ᠤᠨ ᠪᠤᠰᠤ ᠠᠵᠢᠯᠯᠠᠭ᠎ᠠ᠎ᠨᠢ ᠲᠤᠰᠬᠠᠢ ᠠᠰᠢᠭ᠎ᠤᠨ ᠬᠠᠤᠯᠢ ᠵᠢᠨ ᠬᠠᠤᠯᠢ ᠲᠣᠭᠲᠠᠭ᠋ᠠᠬᠤ ᠵᠣᠷᠢᠯᠲᠠ ᠵᠢ ᠵᠥᠷᠢᠴᠡᠭᠰᠡᠨ ᠵᠶ᠋ᠡᠷ ᠪᠠᠷᠠᠬᠤ ᠦᠭᠡᠢ ᠪᠠᠰᠠ ᠢᠷᠭᠡᠨ᠎ᠤ ᠬᠠᠤᠯᠢ ᠵᠢᠨ ᠦᠨᠡᠨᠴᠢ ᠢᠲᠡᠭᠡᠮᠵᠢᠲᠡᠢ ᠦᠨᠳᠦᠰᠦᠨ ᠵᠠᠷᠴᠢᠮ᠎ᠢ ᠵᠥᠷᠢᠴᠡᠭᠰᠡᠨ ᠪᠠᠢ᠌ᠨ᠎ᠠ  ᠃

      ᠨᠠᠮ᠎ᠤᠨ ᠲᠥᠪ ᠬᠣᠷᠢᠢ᠎ᠠ᠂ ᠲᠦᠷᠦ ᠵᠢᠨ ᠶᠠᠪᠤᠳᠠᠯ᠎ᠤᠨ ᠬᠣᠷᠢᠢ᠎ᠠ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠢ ᠳᠡᠭᠡᠳᠦ ᠬᠡᠮᠵᠢᠢ᠎ᠡ᠎ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠵᠢᠨ ᠫᠢᠩ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠳᠤ ᠠᠯᠢ ᠤᠯᠠᠨ ᠴᠢᠬᠤᠯᠠ ᠵᠢᠭ᠋ᠠᠪᠤᠷᠢ ᠥᠭᠴᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠢᠨᠠᠨ ᠪᠠᠢ᠌ᠴᠠᠭ᠋ᠠᠯᠲᠠ ᠵᠢᠨ ᠶᠠᠰᠤ ᠴᠢᠨᠠᠷ ᠪᠣᠯᠤᠨ ᠬᠢᠨᠠᠨ ᠪᠠᠢ᠌ᠴᠠᠭ᠋ᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ  ᠃ ᠢᠯᠠᠩᠭᠤᠶ᠎ᠠ 2020 ᠣᠨ᠎ᠤ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠬᠣᠷᠢᠨ ᠲᠠᠪᠤᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ᠂ ᠶᠡᠷᠦᠩᠬᠡᠢ ᠱᠦᠵᠢ 《ᠮᠡᠳᠡᠯᠭᠡ ᠵᠢᠨ ᠥᠮᠴᠢᠯᠡᠯ᠎ᠤᠨ ᠡᠷᠬᠡ ᠵᠢ ᠣᠷᠣᠭᠤᠯᠬᠤ ᠲᠤᠮᠤ ᠤᠯᠤᠰ᠎ᠠᠴᠠ ᠮᠡᠳᠡᠯᠭᠡ ᠵᠢᠨ ᠥᠮᠴᠢᠯᠡᠯ᠎ᠤᠨ ᠡᠷᠬᠡ ᠵᠢ ᠡᠭᠦᠳᠬᠦ ᠲᠤᠮᠤ ᠤᠯᠤᠰ ᠲᠡᠰᠢ ᠬᠤᠪᠢᠷᠠᠭᠤᠯᠬᠤ᠂ ᠲᠣᠭ᠎ᠠ ᠬᠡᠮᠵᠢᠶ᠎ᠡ ᠵᠢ ᠬᠥᠭᠡᠭᠡᠴᠡᠯᠳᠦᠬᠦ᠎ᠠᠴᠠ ᠶᠠᠰᠤ ᠴᠢᠨᠠᠷ᠎ᠢ ᠳᠡᠭᠡᠭᠰᠢᠯᠡᠭᠦᠯᠬᠦ   ᠲᠡᠰᠢ   ᠬᠤᠪᠢᠷᠠᠭᠤᠯᠬᠤ ᠬᠡᠷᠡᠭᠲᠡᠢ》 ᠭᠡᠵᠦ ᠲᠣᠳᠣᠷᠬᠠᠢ ᠳᠤᠷᠠᠳᠴᠠᠢ  ᠃
      ᠲᠤᠰᠬᠠᠶ ᠠᠰᠢᠭ ᠭᠤᠶᠤᠴᠢᠯᠠᠬᠤ ᠬᠡᠪ᠎ᠤᠨ ᠪᠤᠰᠤ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠲᠤᠰᠬᠠᠶ ᠠᠰᠢᠭ᠎ᠤᠨ ᠶᠠᠰᠤ ᠴᠢᠨᠠᠷ᠎ᠤᠨ ᠳᠡᠭᠡᠭᠰᠢᠯᠡᠯᠲᠡ ᠵᠢ ᠡᠬᠢ ᠡᠭᠦᠰᠦᠯ᠎ᠠᠴᠠ᠎ᠨᠢ ᠠᠬᠢᠭᠤᠯᠬᠤ ᠵᠢᠨ ᠲᠤᠰᠠᠳᠠ᠂ ᠤᠯᠤᠰ᠎ᠤᠨ ᠮᠡᠳᠡᠯᠭᠡ ᠵᠢᠨ   ᠦᠮᠴᠢᠯᠡᠯ᠎ᠤᠨ ᠡᠷᠬᠡ ᠵᠢᠨ ᠲᠣᠪᠴᠢᠶ᠎ᠠ 2007 ᠣᠨ᠎ᠠᠴᠠ ᠡᠬᠢᠯᠡᠨ ᠠᠯᠢ ᠣᠯᠠᠨ ᠠᠷᠭ᠎ᠠ ᠬᠡᠮᠵᠢᠶ᠎ᠡ ᠠᠪᠤᠭᠰᠠᠨ ᠪᠠᠢ᠌ᠨ᠎ᠠ  ᠃ 2007 ᠣᠨ᠎ᠳᠤ ᠤᠯᠤᠰ᠎ᠤᠨ ᠮᠡᠳᠡᠯᠭᠡ ᠵᠢᠨ   ᠦᠮᠴᠢᠯᠡᠯ᠎ᠤᠨ ᠡᠷᠬᠡ ᠵᠢᠨ ᠲᠣᠪᠴᠢᠢ᠎ᠠ 45 ᠳ᠋ᠤᠭ᠋ᠠᠷ ᠲᠣᠭ᠋ᠠᠲᠤ ᠲᠣᠪᠴᠢᠶᠠᠨ᠎ᠤ ᠵᠠᠷᠯᠢᠭ 《ᠲᠤᠰᠬᠠᠢ ᠠᠰᠢᠭ ᠭᠤᠶᠤᠴᠢᠯᠠᠬᠤ ᠠᠵᠢᠯᠯᠠᠭ᠎ᠠ ᠵᠢ ᠵᠢᠷᠤᠮᠵᠢᠭᠤᠯᠬᠤ ᠲᠤᠬᠠᠢ ᠲᠣᠭᠲᠠᠭ᠋ᠠᠯ᠎ᠤᠳ》᠎ᠢ ᠨᠡᠢ᠌ᠲᠡᠯᠡᠵᠦ᠂ ᠲᠤᠰᠬᠠᠢ ᠠᠰᠢᠭ ᠭᠤᠶᠤᠴᠢᠯᠠᠬᠤ ᠬᠡᠪ᠎ᠤᠨ ᠪᠤᠰᠤ ᠠᠵᠢᠯᠯᠠᠭ᠎ᠠ ᠵᠢᠴᠢ ᠰᠢᠢ᠍ᠳᠪᠦᠷᠢᠯᠡᠬᠦ ᠠᠷᠭ᠎ᠠ ᠬᠡᠮᠵᠢᠢ᠎ᠡ ᠵᠢᠨ ᠲᠤᠬᠠᠢ ᠲᠣᠭᠲᠠᠭ᠋ᠠᠯ ᠭᠠᠷᠭ᠋ᠠᠵᠠᠢ; 2017 ᠣᠨ᠎ᠳᠤ ᠳᠠᠬᠢᠨᠲᠠ ᠲᠤᠰ ᠲᠤᠭᠲᠠᠭ᠋ᠠᠯ᠎ᠳᠤ ᠵᠠᠰᠠᠪᠤᠷᠢ ᠣᠷᠣᠭᠤᠯᠵᠤ᠂ 75 ᠳ᠋ᠤᠭ᠋ᠠᠷ ᠲᠣᠭ᠋ᠠᠲᠤ ᠲᠣᠪᠴᠢᠶᠠᠨ᠎ᠤ ᠵᠠᠷᠯᠢᠭ᠎ᠢ ᠨᠡᠢ᠌ᠲᠡᠯᠡᠵᠦ᠂ ᠲᠤᠰᠬᠠᠶ ᠠᠰᠢᠭ ᠭᠤᠶᠤᠴᠢᠯᠠᠬᠤ ᠬᠡᠪ᠎ᠤᠨ ᠪᠤᠰᠤ ᠠᠵᠢᠯᠯᠠᠭ᠎ᠠ ᠵᠢ ᠮᠠᠭ᠋ᠠᠳᠯᠠᠨ ᠲᠣᠭᠲᠠᠭ᠋ᠠᠬᠤ ᠡᠷᠴᠢᠮ᠎ᠢ ᠴᠢᠩᠭ᠋ᠠᠷᠠᠭᠤᠯᠵᠤ᠂ ᠰᠢᠢᠳᠪᠦᠷᠢᠯᠡᠬᠦ ᠡᠷᠴᠢᠮ ᠵᠶ᠋ᠡᠨ ᠨᠡᠮᠡᠭᠳᠡᠭᠦᠯᠪᠡ  ᠃ 75 ᠳ᠋ᠤᠭ᠋ᠠᠷ ᠲᠣᠭ᠋ᠠᠲᠤ ᠲᠣᠪᠴᠢᠶ᠎ᠠ ᠵᠢᠨ ᠵᠠᠷᠯᠢᠭ᠎ᠢ ᠦᠨᠳᠦᠰᠦᠯᠡᠨ᠂ ᠤᠯᠤᠰ᠎ᠤᠨ ᠮᠡᠳᠡᠯᠭᠡ ᠵᠢᠨ   ᠦᠮᠴᠢᠯᠠᠯ᠎ᠤᠨ ᠡᠷᠬᠡ ᠵᠢᠨ ᠲᠣᠪᠴᠢᠶ᠎ᠠ 2018 ᠣᠨ᠎ᠠᠴᠠ 2020 ᠣᠨ ᠪᠣᠯᠲᠠᠯ᠎ᠠ ᠲᠤᠰᠬᠠᠶ ᠠᠰᠢᠭ ᠭᠤᠶᠤᠴᠢᠯᠠᠬᠤ ᠬᠡᠪ᠎ᠤᠨ ᠪᠤᠰᠤ ᠦᠢᠯᠡ ᠠᠵᠢᠯᠯᠠᠭ᠎ᠠ ᠵᠢ   ᠪᠠᠢ᠌ᠴᠠᠭ᠋ᠠᠵᠤ ᠰᠢᠢᠳᠪᠦᠷᠢᠯᠡᠵᠦ᠂ ᠰᠢᠨ᠎ᠡ ᠵᠢ ᠡᠭᠦᠳᠬᠦ ᠵᠢ ᠬᠠᠮᠠᠭ᠋ᠠᠯᠠᠬᠤ᠎ᠪᠠᠷ ᠵᠣᠷᠢᠯᠭ᠎ᠠ ᠪᠣᠯᠭ᠋ᠠᠭᠰᠠᠨ ᠲᠤᠰᠬᠠᠶ ᠠᠰᠢᠭ ᠭᠤᠶᠤᠴᠢᠯᠠᠬᠤ ᠬᠡᠪ᠎ᠤᠨ ᠪᠤᠰᠤ ᠰᠦᠪᠡᠭᠴᠢ ᠵᠢ ᠣᠷᠣᠨ ᠨᠤᠲᠤᠭ᠎ᠲᠤ ᠣᠯᠠᠨ ᠤᠳᠠᠭ᠎ᠠ ᠵᠠᠷᠯᠠᠨ ᠮᠡᠳᠡᠭᠳᠡᠪᠡ  ᠃ ᠲᠣᠰ ᠤᠳᠠᠭ᠎ᠠ ᠲᠤᠰᠬᠠᠶ ᠠᠰᠢᠭ᠎ᠤᠨ ᠬᠠᠤᠯᠢ᠎ᠳᠤ ᠵᠠᠰᠠᠪᠤᠷᠢ ᠣᠷᠣᠭᠤᠯᠬᠤ᠎ᠳᠠᠭᠠᠨ ᠦᠨᠡᠨᠴᠢ ᠢᠲᠡᠭᠡᠮᠵᠢᠲᠡᠶ   ᠵᠠᠷᠴᠢᠮ᠎ᠢ ᠰᠢᠨ᠎ᠡ᠎ᠪᠠᠷ ᠨᠡᠮᠡᠵᠦ᠂ ᠬᠠᠤᠯᠢ ᠴᠠᠭ᠋ᠠᠵᠠ ᠵᠢᠨ ᠲᠠᠯ᠎ᠠ᠎ᠠᠴᠠ ᠲᠤᠰᠬᠠᠶ ᠠᠰᠢᠭ ᠭᠤᠶᠤᠴᠢᠯᠠᠬᠤ ᠦᠢᠯᠡ ᠠᠵᠢᠯᠯᠠᠭ᠎ᠠ ᠵᠢ ᠵᠢᠷᠤᠮᠵᠢᠭᠤᠯᠬᠤ᠎ᠳᠤ ᠲᠣᠳᠣᠷᠬᠠᠶ᠂ ᠰᠢᠭᠤᠳ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ   ᠬᠠᠩᠭ᠋ᠠᠭ᠋ᠠᠨ  ᠂ ᠲᠤᠰᠬᠠᠶ ᠠᠰᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠠᠰᠢᠭᠲᠠᠶ ᠦᠢ᠍ᠯᠡᠳᠦᠯ ᠭᠠᠷᠭ᠋ᠠᠵᠠᠢ  ᠃
      ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠪᠴᠢᠶ᠎ᠠ ᠶᠡᠷᠦᠩᠬᠡᠶ ᠱᠦᠵᠢ ᠰᠢ ᠵᠢᠨ ᠫᠢᠩ᠎ᠤᠨ ᠮᠡᠳᠡᠯᠭᠡ ᠵᠢᠨ   ᠦᠮᠴᠢᠯᠠᠯ᠎ᠤᠨ ᠡᠷᠬᠡ ᠵᠢᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠵᠢ ᠡᠷᠡᠰ ᠲᠤᠤᠱᠯᠠᠭᠤᠯᠤᠨ ᠨᠠᠢ᠌ᠳᠠᠪᠤᠷᠢᠵᠢᠭᠤᠯᠪᠠ  ᠃ 2021 ᠣᠨ᠎ᠠᠴᠠ ᠨᠠᠰᠢ᠂ ᠲᠤᠰᠬᠠᠶ ᠠᠰᠢᠭ ᠭᠤᠶᠤᠴᠢᠯᠠᠬᠤ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠤᠰᠬᠠᠶ ᠠᠰᠢᠭ᠎ᠤᠨ ᠬᠡᠪ᠎ᠤᠨ ᠪᠤᠰᠤ ᠭᠤᠶᠤᠴᠢᠯᠠᠯ᠎ᠳᠤ ᠴᠣᠬᠢᠯᠲᠠ ᠥᠭᠬᠦ ᠡᠷᠴᠢᠮ ᠵᠶ᠋ᠡᠨ ᠴᠢᠩᠭ᠋ᠠᠷᠠᠭᠤᠯᠬᠤ ᠵᠢᠨ ᠲᠥᠯᠥᠭᠡ᠂ ᠤᠯᠤᠰ᠎ᠤᠨ ᠮᠡᠳᠡᠯᠭᠡ ᠵᠢᠨ   ᠦᠮᠴᠢᠯᠠᠯ᠎ᠤᠨ ᠡᠷᠬᠡ ᠵᠢᠨ ᠲᠣᠪᠴᠢᠶ᠎ᠠ 1 ᠰᠠᠷ᠎ᠠ ᠵᠢᠨ 27᠎ᠤ ᠡᠳᠦᠷ ᠣᠷᠣᠨ ᠨᠤᠲᠤᠭ᠎ᠤᠨ ᠮᠡᠳᠡᠯᠭᠡ ᠵᠢᠨ   ᠦᠮᠴᠢᠯᠠᠯ᠎ᠤᠨ ᠡᠷᠬᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ 《ᠲᠤᠰᠬᠠᠶ ᠠᠰᠢᠭ ᠭᠤᠶᠤᠴᠢᠯᠠᠬᠤ ᠠᠵᠢᠯᠯᠠᠭ᠎ᠠ ᠵᠢ ᠤᠯᠠᠮ ᠨᠢᠭᠡ ᠠᠯᠬᠤᠮ ᠴᠢᠩᠭ᠎ᠠ ᠵᠢᠷᠤᠮᠵᠢᠭᠤᠯᠬᠤ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ 2 ᠰᠠᠷ᠎ᠠ ᠵᠢᠨ ᠰᠡᠭᠦᠯᠴᠢ᠎ᠪᠠᠷ ᠡᠯ᠎ᠡ ᠭᠠᠵᠠᠷ᠎ᠲᠤ ᠲᠤᠰᠬᠠᠶ ᠠᠰᠢᠭ᠎ᠤᠨ ᠬᠡᠪ᠎ᠤᠨ ᠪᠤᠰᠤ ᠭᠤᠶᠤᠴᠢᠯᠠᠯ᠎ᠢ ᠳᠠᠷᠠᠭ᠋ᠠᠯᠠᠨ ᠪᠠᠢ᠌ᠴᠠᠭ᠋ᠠᠭᠰᠠᠨ ᠪᠠᠢ᠌ᠳᠠᠯ᠎ᠢ ᠮᠡᠳᠡᠭᠳᠡᠪᠡ  ᠃ ᠲᠣᠰ ᠤᠳᠠᠭ᠎ᠠ ᠵᠢᠴᠢ ᠲᠠᠷᠠᠭ᠋ᠠᠴᠢ ᠵᠢᠨ ᠵᠠᠷᠯᠠᠯ᠎ᠳᠤ ᠴᠠᠭ ᠲᠤᠬᠠᠶ᠎ᠳᠤᠨᠢ ᠰᠠᠨᠠᠭ᠋ᠠᠴᠢᠯᠠᠭ᠎ᠠ᠎ᠠᠴᠠ᠎ᠪᠠᠨ ᠪᠤᠴᠠᠭ᠋ᠠᠭᠰᠠᠨ ᠥᠬᠡᠶ ᠲᠤᠰᠬᠠᠶ ᠠᠰᠢᠭ᠎ᠤᠨ ᠭᠤᠶᠤᠴᠢᠯᠠᠯ᠎ᠢ ᠤᠯᠤᠰ᠎ᠤᠨ ᠮᠡᠳᠡᠯᠭᠡ ᠵᠢᠨ   ᠦᠮᠴᠢᠯᠠᠯ᠎ᠤᠨ ᠡᠷᠬᠡ ᠵᠢᠨ ᠲᠣᠪᠴᠢᠶ᠎ᠠ᠎ᠠᠴᠠ ᠬᠠᠤᠯᠢ ᠶᠣᠰᠣᠭ᠋ᠠᠷ ᠰᠢᠢᠳᠪᠦᠷᠢᠯᠡᠨ᠎ᠡ  ᠃
      ᠡᠢ᠌ᠮᠦ᠎ᠠᠴᠠ 2021 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠤᠯᠤᠰ᠎ᠤᠨ ᠮᠡᠳᠡᠯᠭᠡ ᠵᠢᠨ   ᠦᠮᠴᠢᠯᠠᠯ᠎ᠤᠨ ᠡᠷᠬᠡ ᠵᠢᠨ ᠲᠣᠪᠴᠢᠶ᠎ᠠ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠤᠰᠬᠠᠶ ᠠᠰᠢᠭ᠎ᠤᠨ ᠬᠠᠤᠯᠢ ᠵᠢᠨ ᠬᠣᠷᠢᠳᠤᠭ᠋ᠠᠷ ᠵᠦᠢᠯ᠎ᠤᠨ ᠨᠢᠭᠡᠳᠦᠭᠡᠷ   ᠵᠤᠷᠪᠤᠰ᠎ᠤᠨ ᠶᠣᠰᠣᠭ᠋ᠠᠷ ᠠᠩᠬ᠎ᠠ ᠠᠯᠬᠤᠮ᠎ᠤᠨ ᠬᠢᠨᠠᠨ ᠪᠠᠢ᠌ᠴᠠᠭ᠋ᠠᠯᠲᠠ᠂ ᠮᠥᠨ ᠴᠢᠨᠠᠷ᠎ᠤᠨ ᠬᠢᠨᠠᠨ ᠪᠠᠢ᠌ᠴᠠᠭ᠋ᠠᠯᠲᠠ ᠪᠠ ᠳᠠᠬᠢᠨ ᠬᠢᠨᠠᠬᠤ ᠵᠢᠷᠤᠮ᠎ᠳᠠᠬᠢ ᠲᠤᠰᠬᠠᠶ ᠠᠰᠢᠭ᠎ᠤᠨ ᠭᠤᠶᠤᠴᠢᠯᠠᠯ᠎ᠢ ᠬᠢᠨᠠᠨ ᠪᠠᠢ᠌ᠴᠠᠭ᠋ᠠᠨ᠎ᠠ  ᠃

ᠢᠷᠡᠯᠲᠡ᠄ ᠤᠯᠤᠰ᠎ᠤᠨ ᠮᠡᠳᠡᠯᠭᠡ ᠵᠢᠨ ᠦᠮᠴᠢᠯᠠᠯ᠎ᠤᠨ ᠡᠷᠬᠡ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            