ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-07-21


ᠨᠢᠭᠡ᠂ ᠨᠡᠢ᠌ᠲᠡᠯᠡᠭᠰᠡᠨ ᠠᠬᠤᠶ ᠪᠠᠢ᠌ᠳᠠᠯ


      ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠲᠠᠷᠢᠶᠠᠨ ᠭᠠᠵᠠᠷ᠎ᠢ ᠬᠠᠮᠠᠭ᠋ᠠᠯᠠᠬᠤ ᠲᠤᠬᠠᠢ ᠰᠢᠷᠢᠰ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠵᠢᠨ ᠲᠥᠯᠥᠭᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠠᠲᠤ ᠪᠣᠶ ᠪᠣᠯᠭ᠋ᠠᠶ᠎ᠠ᠂ ᠭᠠᠵᠠᠷ ᠰᠢᠷᠣᠶ ᠵᠢᠨ ᠨᠡᠢ᠌ᠲᠡ ᠵᠢᠨ ᠥᠮᠴᠢᠯᠡᠯ᠎ᠤᠨ ᠰᠢᠨᠵᠢ ᠴᠢᠨᠠᠷ᠎ᠢ ᠬᠤᠪᠢᠷᠠᠭᠤᠯᠬᠤ ᠦᠭᠡᠢ᠂ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠳᠠᠪᠠᠬᠤ ᠦᠭᠡᠢ᠂ ᠲᠠᠷᠢᠶᠠᠴᠢᠨ᠎ᠤ ᠠᠰᠢᠭ ᠲᠤᠰᠠ ᠬᠣᠬᠢᠷᠠᠯ᠎ᠳᠤ ᠤᠴᠠᠷᠠᠬᠤ ᠦᠭᠡᠢ ᠭᠤᠷᠪᠠᠨ ᠬᠣᠷᠢᠭ᠎ᠠ ᠱᠤᠭᠤᠮ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ ᠬᠠᠮᠢᠶᠠᠷᠤᠯᠲᠠ ᠵᠢ ᠰᠠᠢ᠌ᠵᠢᠷᠠᠭᠤᠯᠤᠨ᠎ᠠ᠂ ᠠᠮᠤ ᠪᠤᠳᠠᠭ᠋ᠠᠨ᠎ᠤ ᠶᠡᠷᠦᠩᠬᠡᠢ᠌ᠯᠡᠭᠰᠡᠨ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠠᠷᠢᠶᠠᠨ ᠭᠠᠵᠠᠷ᠎ᠢ ᠬᠠᠮᠠᠭ᠋ᠠᠯᠠᠬᠤ ᠪᠠ ᠡᠵᠡᠯᠡᠬᠦ ᠨᠥᠬᠥᠪᠥᠷᠢᠯᠡᠬᠦ ᠵᠢ ᠲᠡᠩᠴᠡᠭᠦᠷᠢᠲᠡᠶ ᠪᠠᠢ᠌ᠯᠭ᠋ᠠᠬᠤ ᠵᠢ ᠰᠠᠢ᠌ᠵᠢᠷᠠᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》 (ᠲᠥᠪ ᠲᠠᠷᠬᠠᠭ᠋ᠠᠭᠰᠠᠨ [2017]4 ᠳ᠋ᠦ᠍ᠭᠡᠷ ᠲᠣᠭ᠋ᠠᠲᠤ)᠂ 《ᠲᠠᠷᠢᠶᠠᠨ ᠭᠠᠵᠠᠷ᠎ᠢ 〈ᠲᠠᠷᠢᠶᠠᠯᠠᠩ᠎ᠤᠨ ᠪᠤᠰᠤ ᠪᠣᠯᠭ᠋ᠠᠬᠤ〉 ᠠᠵᠢᠯᠯᠠᠭ᠎ᠠ ᠵᠢ ᠡᠷᠡᠰ ᠬᠣᠷᠢᠭᠯᠠᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ ᠢᠯᠡ ᠴᠠᠬᠢᠯᠭ᠋ᠠᠨ ᠮᠡᠳᠡᠭᠡ) [2020]24 ᠳ᠋ᠦ᠍ᠭᠡᠷ ᠲᠣᠭ᠋ᠠᠲᠤ)᠂ 《ᠲᠠᠷᠢᠶᠠᠨ ᠭᠠᠵᠠᠷ᠎ᠤᠨ 〈ᠠᠮᠤ ᠪᠤᠳᠠᠭ᠋ᠠᠨ᠎ᠤ ᠪᠤᠰᠤ ᠲᠠᠷᠢᠮᠠᠯ ᠳᠠᠷᠢᠬᠤ〉 ᠵᠢ ᠰᠡᠷᠭᠡᠢ᠌ᠯᠡᠵᠦ ᠠᠮᠤ ᠪᠤᠳᠠᠭ᠋ᠠᠨ᠎ᠤ ᠦᠢᠯᠡᠳᠪᠦᠷᠢᠯᠡᠯ᠎ᠢ ᠲᠣᠭᠲᠠᠪᠤᠷᠢᠵᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2020]44 ᠳ᠋ᠦ᠍ᠭᠡᠷ ᠲᠣᠭ᠋ᠠᠲᠤ)᠎ᠤᠨ ᠬᠣᠯᠪᠣᠭᠳᠠᠯ ᠪᠥᠬᠥᠶ ᠱᠠᠭ᠋ᠠᠷᠳᠠᠯᠭ᠎ᠠ᠂ ᠲᠠᠷᠢᠶᠠᠨ ᠭᠠᠵᠠᠷ᠎ᠤᠨ ᠤᠯᠠᠭ᠋ᠠᠨ ᠱᠤᠭᠤᠮ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠴᠢᠩᠭ᠎ᠠ ᠰᠠᠬᠢᠬᠤ ᠵᠢ ᠦᠨᠡᠨ ᠬᠦ᠌ ᠨᠠᠢ᠌ᠳᠠᠪᠤᠷᠢᠵᠢᠭᠤᠯᠤᠨ᠎ᠠ᠂ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠂ ᠶᠠᠰᠤ ᠴᠢᠨᠠᠷ᠂ ᠠᠮᠢ ᠠᠬᠤᠶ ᠵᠢᠨ 《ᠭᠤᠷᠪᠠ ᠵᠢ ᠨᠢᠭᠡ ᠴᠤᠭᠴᠠᠵᠢᠭᠤᠯᠬᠤ》 ᠬᠠᠮᠠᠭ᠋ᠠᠯᠠᠯᠲᠠ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠡᠷᠡᠰ ᠬᠣᠷᠢᠭᠯᠠᠨ ᠵᠣᠭᠰᠣᠭ᠋ᠠᠨ᠎ᠠ᠂ ᠲᠠᠷᠢᠶᠠᠨ ᠭᠠᠵᠠᠷ᠎ᠲᠤ 《ᠠᠮᠤ ᠪᠤᠳᠠᠭ᠋ᠠᠨ᠎ᠤ ᠪᠤᠰᠤ ᠲᠠᠷᠢᠮᠠᠯ ᠲᠠᠷᠢᠬᠤ》 ᠵᠢ ᠰᠡᠷᠭᠡᠢ᠌ᠯᠡᠨ ᠬᠣᠷᠢᠭᠯᠠᠬᠤ ᠬᠡᠷᠡᠭᠲᠡᠶ᠂ ᠬᠠᠮᠠᠭ᠋ᠠᠯᠠᠯᠲᠠ ᠨᠠᠩ ᠬᠦᠴᠦᠲᠡᠶ ᠪᠣᠯᠬᠤ ᠵᠢ ᠠᠬᠢᠭᠤᠯᠤᠨ᠎ᠠ᠂ ᠭᠦᠢᠴᠡᠳᠬᠡᠬᠦ᠎ᠨᠢ ᠨᠠᠩ ᠤᠷᠤᠭᠰᠢᠲᠠᠶ᠂ ᠬᠠᠮᠢᠶᠠᠷᠤᠯᠲᠠ ᠨᠠᠩ ᠥᠨᠳᠥᠷ ᠪᠦᠲᠦᠮᠵᠢᠲᠡᠶ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠰᠢᠨ᠎ᠡ ᠪᠠᠢ᠌ᠷᠢᠰᠢᠯ᠂ 《ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ ᠨᠡᠢ᠌ᠲᠡᠯᠡᠨ᠎ᠡ  ᠃

ᠬᠣᠶᠠᠷ᠂ 《ᠰᠠᠨᠠᠯ》᠎ᠤᠨ ᠭᠣᠤᠯ ᠠᠭᠤᠯᠭ᠎ᠠ


     《ᠰᠠᠨᠠᠯ》᠎ᠤᠨ ᠭᠣᠤᠯ ᠠᠭᠤᠯᠭ᠎ᠠ᠎ᠳᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠴᠢᠩᠭ᠎ᠠ ᠪᠥᠭᠡᠳ ᠪᠣᠳᠠᠲᠠᠶ ᠨᠠᠢ᠌ᠳᠠᠪᠤᠷᠢᠵᠢᠭᠤᠯᠬᠤ᠂ ᠪᠥᠲᠥᠭᠡᠨ ᠪᠠᠢ᠌ᠭᠤᠯᠤᠯᠲᠠ᠎ᠳᠤ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠵᠢ ᠴᠢᠩᠭ᠎ᠠ ᠬᠢᠵᠠᠭ᠋ᠠᠷᠯᠠᠬᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠢ᠌ᠯᠭ᠋ᠠᠬᠤ ᠬᠠᠮᠢᠶᠠᠷᠤᠯᠲᠠ ᠵᠢ ᠴᠢᠩᠭ᠋ᠠᠳᠬᠠᠬᠤ᠂ ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠡᠷᠭᠡ 4 ᠶᠡᠬᠡ ᠬᠡᠰᠡᠭ ᠪᠠᠭᠲᠠᠨ᠎ᠠ᠂ ᠡᠨᠡ᠎ᠨᠢ ᠭᠣᠤᠯᠳᠠᠭᠤ 8 ᠲᠠᠯ᠎ᠠ᠎ᠪᠠᠷ ᠢᠯᠡᠷᠡᠵᠦ ᠪᠠᠢ᠌ᠨ᠎ᠠ᠄


     (ᠨᠢᠭᠡ) ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠴᠢᠩᠭ᠋ᠠᠳᠬᠠᠨ ᠪᠣᠳᠠᠲᠠᠢ᠌ᠵᠢᠭᠤᠯᠬᠤ ᠲᠠᠯ᠎ᠠ᠎ᠪᠠᠷ᠂ 5 ᠵᠦᠢᠯ᠎ᠤᠨ ᠪᠣᠳᠠᠲᠠᠶ ᠱᠠᠭ᠋ᠠᠷᠳᠠᠯᠭ᠎ᠠ ᠵᠢ ᠭᠣᠤᠯᠳᠠᠯᠭ᠎ᠠ᠎ᠲᠠᠢ ᠳᠤᠷᠠᠳᠪᠠ᠄ ᠨᠢᠭᠡ᠎ᠳᠤ ᠲᠠᠷᠢᠶᠠᠨ ᠭᠠᠵᠠᠷ᠎ᠢ ᠬᠠᠮᠠᠭ᠋ᠠᠯᠠᠬᠤ ᠭᠣᠤᠯ ᠴᠣᠭᠴᠠ ᠵᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠤᠨ᠎ᠠ  ᠃ ᠡᠯ᠎ᠡ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠨᠤᠭᠤᠳ ᠲᠠᠷᠢᠶᠠᠨ ᠭᠠᠵᠠᠷ᠎ᠢ ᠬᠠᠮᠠᠭ᠋ᠠᠯᠠᠬᠤ ᠭᠣᠤᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠲᠣᠰ ᠭᠠᠵᠠᠷ ᠣᠷᠣᠨ᠎ᠤ᠎ᠪᠠᠨ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠋ᠠᠲᠤ ᠬᠠᠷᠠᠯᠲᠠ ᠵᠢ ᠪᠣᠳᠠᠲᠠᠶ ᠭᠠᠵᠠᠷ᠎ᠲᠤᠨᠢ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ  ᠃ ᠬᠣᠶᠠᠷ᠎ᠲᠤ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ᠂ ᠵᠣᠬᠢᠴᠠᠯᠳᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠨᠠᠢ᠌ᠳᠠᠪᠤᠷᠢᠵᠢᠭᠤᠯᠤᠯᠲᠠ ᠵᠢ ᠦᠨᠡᠨᠬᠦ ᠰᠠᠢ᠌ᠲᠤᠷ ᠠᠳᠬᠤᠬᠤ ᠬᠡᠷᠡᠭᠲᠡᠶ  ᠃ ᠭᠤᠷᠪᠠ᠎ᠳᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠬᠠᠷᠠᠯᠲᠠ ᠵᠢᠨ ᠬᠢᠨᠠᠨ ᠰᠢᠯᠭ᠋ᠠᠬᠤ ᠳᠦᠷᠢᠮ᠎ᠢ ᠲᠡᠭᠦᠯᠳᠡᠷᠵᠢᠭᠦᠯᠵᠦ᠂ 《ᠲᠠᠷᠢᠶᠠᠨ ᠭᠠᠵᠠᠷ᠎ᠤᠨ ᠳᠠᠷᠤᠭ᠎ᠠ ᠵᠢᠨ ᠳᠦᠷᠢᠮ》᠎ᠢ ᠰᠦᠪᠡᠭᠴᠢᠯᠡᠨ ᠪᠠᠢ᠌ᠭᠤᠯᠵᠤ᠂ ᠬᠣᠰᠢᠭᠤ ᠰᠢᠶᠠᠨ᠂ ᠰᠢᠶᠠᠩ ᠪᠠᠯᠭ᠋ᠠᠰᠤ᠂ ᠭᠠᠴᠠᠭ᠎ᠠ ᠲᠣᠰᠬᠣᠨ ᠭᠤᠷᠪᠠᠨ ᠱᠠᠲᠤ ᠬᠣᠯᠪᠣᠭ᠋ᠠᠯᠠᠨ ᠬᠥᠳᠡᠯᠦᠯᠴᠡᠭᠰᠡᠨ ᠪᠦᠬᠦᠨ᠎ᠢ ᠬᠠᠮᠤᠷᠤᠭᠰᠠᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠬᠤ ᠵᠢ ᠲᠦᠯᠬᠢᠨ ᠠᠬᠢᠭᠤᠯᠬᠤ ᠬᠡᠷᠡᠭᠲᠡᠶ  ᠃ ᠳᠥᠷᠪᠡ᠎ᠳᠤ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠢᠯᠡᠷᠡᠭᠦᠯᠵᠦ ᠬᠢᠨᠠᠨ ᠬᠠᠮᠢᠶᠠᠷᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠬᠡᠷᠡᠭᠲᠡᠶ ᠡᠯ᠎ᠡ ᠱᠠᠲᠤᠨ᠎ᠤ ᠵᠠᠰᠠᠭ᠎ᠤᠨ ᠣᠷᠳᠣᠨ ᠪᠣᠯᠤᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠳ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠰᠢᠨ᠎ᠡ ᠪᠠᠢ᠌ᠳᠠᠯ᠂ ᠰᠢᠨ᠎ᠡ ᠱᠠᠭ᠋ᠠᠷᠳᠠᠯᠭ᠎ᠠ᠎ᠳᠤ ᠵᠣᠬᠢᠴᠠᠭᠤᠯᠤᠨ᠂ ᠪᠥᠬᠥ ᠶᠠᠪᠤᠴᠠ ᠵᠢ ᠬᠢᠨᠠᠨ ᠬᠠᠮᠢᠶᠠᠷᠬᠤ᠂ ᠴᠠᠭ ᠲᠤᠬᠠᠶ᠎ᠳᠤᠨᠢ ᠢᠯᠡᠷᠡᠭᠦᠯᠬᠦ᠂ ᠲᠦᠷᠭᠡᠨ ᠰᠢᠢᠳᠪᠦᠷᠢᠯᠡᠬᠦ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠰᠢᠨ᠎ᠡ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠬᠡᠷᠡᠭᠲᠡᠶ  ᠃ ᠲᠠᠪᠤ᠎ᠳᠤ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠪᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠵᠢ ᠴᠢᠩᠭ᠋ᠠᠷᠠᠭᠤᠯᠤᠨ᠂ ᠬᠣᠰᠢᠭᠤ ᠰᠢᠶᠠᠨ (ᠬᠣᠲᠠ᠂ ᠲᠣᠭᠣᠷᠢᠭ)᠂ ᠰᠢᠶᠠᠩ ᠪᠠᠯᠭ᠋ᠠᠰᠤ ᠵᠢᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠬᠠᠤᠯᠢ ᠬᠡᠷᠡᠭᠵᠢᠭᠦᠯᠬᠦ ᠵᠢ ᠬᠠᠷᠢᠭᠤᠴᠠᠬᠤ ᠪᠠᠢ᠌ᠭᠤᠯᠤᠮᠵᠢ ᠪᠣᠯ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠭᠣᠤᠯ ᠴᠣᠭᠴᠠ ᠪᠣᠯᠬᠣᠷ ᠲᠠᠷᠢᠶᠠᠨ ᠭᠠᠵᠠᠷ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠢ᠌ᠴᠠᠭ᠋ᠠᠨ ᠰᠢᠢᠳᠪᠦᠷᠢᠯᠡᠬᠦ ᠪᠠ ᠰᠢᠯᠵᠢᠭᠦᠯᠦᠨ ᠲᠤᠰᠢᠶᠠᠬᠤ ᠡᠷᠴᠢᠮ ᠵᠶ᠋ᠡᠨ ᠨᠡᠮᠡᠭᠳᠡᠭᠦᠯᠵᠦ᠂ ᠥᠨᠳᠥᠷ ᠳᠠᠷᠤᠯᠲᠠᠲᠤ ᠰᠦᠷᠳᠡᠭᠦᠯᠬᠦ ᠪᠠᠢ᠌ᠳᠠᠯ᠎ᠢ ᠪᠣᠶ ᠪᠣᠯᠭ᠋ᠠᠬᠤ ᠬᠡᠷᠡᠭᠲᠡᠶ  ᠃


      (ᠬᠣᠶᠠᠷ) ᠲᠠᠷᠢᠶᠠᠨ ᠭᠠᠵᠠᠷ᠎ᠤᠨ ᠲᠥᠯᠥᠪᠵᠢᠭᠦᠯᠭᠡ ᠪᠠ ᠬᠡᠷᠡᠭᠴᠡᠭᠡ ᠵᠢᠨ ᠬᠠᠮᠢᠶᠠᠷᠤᠯᠲᠠ ᠡᠵᠡᠮᠳᠡᠯ᠎ᠢ ᠪᠥᠬᠥ ᠲᠠᠯ᠎ᠠ᠎ᠪᠠᠷ ᠴᠢᠩᠭ᠋ᠠᠳᠬᠠᠵᠤ᠂ ᠪᠥᠲᠥᠭᠡᠨ ᠪᠠᠢ᠌ᠭᠤᠯᠤᠯᠲᠠ᠎ᠳᠤ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠵᠢ ᠴᠢᠩᠭ᠎ᠠ ᠬᠢᠵᠠᠭ᠋ᠠᠷᠯᠠᠬᠤ ᠲᠠᠯ᠎ᠠ᠎ᠪᠠᠷ᠂ 2 ᠵᠦᠢᠯ᠎ᠤᠨ ᠱᠠᠭ᠋ᠠᠷᠳᠠᠯᠭ᠎ᠠ ᠵᠢ ᠴᠢᠬᠤᠯᠠᠴᠢᠯᠠᠪᠠ᠄ ᠨᠢᠭᠡ᠎ᠳᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠤᠨ ᠵᠣᠬᠢᠶᠠᠵᠤ᠂ ᠭᠠᠵᠠᠷ ᠰᠢᠷᠣᠶ ᠵᠢᠨ ᠬᠡᠷᠡᠭᠴᠡᠭᠡ ᠵᠢᠨ ᠬᠠᠮᠢᠶᠠᠷᠤᠯᠲᠠ ᠵᠢᠨ ᠬᠠᠮᠤᠭ᠎ᠤᠨ ᠴᠢᠩᠭ᠎ᠠ ᠲᠦᠷᠢᠮ᠎ᠢ ᠨᠠᠢ᠌ᠳᠠᠪᠤᠷᠢᠵᠢᠭᠤᠯᠵᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠬᠣᠷᠢᠭᠯᠠᠬᠤ ᠲᠤᠬᠠᠶ ᠲᠥᠪ ᠬᠣᠷᠢᠶᠠᠨ᠎ᠤ ᠲᠣᠭᠲᠠᠭ᠋ᠠᠯ᠎ᠢ ᠬᠢᠨᠠᠮᠠᠭ᠋ᠠᠶ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠢ᠌ᠯᠡᠨ᠎ᠡ  ᠃ ᠬᠣᠶᠠᠷ᠎ᠲᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠣᠨᠴᠠᠭ᠋ᠠᠶ ᠬᠠᠮᠠᠭ᠋ᠠᠯᠠᠯᠲᠠ ᠵᠢ ᠴᠢᠩᠭ᠋ᠠᠳᠬᠠᠵᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠤᠯᠢ ᠶᠣᠰᠣᠭ᠋ᠠᠷ ᠵᠠᠭ᠋ᠠᠭᠯᠠᠨ ᠲᠣᠭᠲᠠᠭ᠋ᠠᠭᠰᠠᠨ᠎ᠤ ᠳᠠᠷᠠᠭ᠎ᠠ᠂ ᠶᠠᠮᠠᠷᠪᠠ ᠨᠢᠭᠡᠴᠢ ᠪᠠ ᠬᠤᠪᠢ ᠬᠥᠮᠦᠨ ᠳᠤᠷ᠎ᠠ᠎ᠪᠠᠷ ᠵᠶ᠋ᠠᠨ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠵᠢ᠎ᠨᠢ ᠬᠤᠪᠢᠷᠠᠭᠤᠯᠵᠤ ᠪᠣᠯᠬᠤ ᠥᠬᠡᠶ ᠭᠡᠵᠦ ᠱᠠᠭ᠋ᠠᠷᠳᠠᠪᠠ  ᠃


      (ᠭᠤᠷᠪᠠ) ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠢ᠌ᠯᠭ᠋ᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ᠂ 3 ᠵᠦᠢᠯ᠎ᠤᠨ ᠪᠣᠳᠠᠲᠠᠶ ᠱᠠᠭ᠋ᠠᠷᠳᠠᠯᠭ᠎ᠠ ᠳᠤᠷᠠᠳᠪᠠ᠄ ᠨᠢᠭᠡ᠎ᠳᠤ᠂ 《ᠬᠡᠷᠡᠭᠵᠢᠭᠦᠯᠬᠦ ᠰᠠᠨᠠᠯ》᠎ᠳᠤ ᠲᠠᠷᠢᠶᠠᠨ ᠭᠠᠵᠠᠷ᠎ᠢ ᠨᠥᠬᠥᠪᠥᠷᠢᠯᠡᠬᠦ᠎ᠳᠤ ᠲᠣᠭ᠎ᠠ ᠬᠡᠮᠵᠢᠶ᠎ᠡ ᠵᠢ ᠱᠠᠭ᠋ᠠᠷᠳᠠᠬᠤ᠎ᠪᠠᠷ ᠪᠠᠷᠠᠬᠤ ᠥᠬᠡᠶ᠂ ᠶᠠᠰᠤ ᠴᠢᠨᠠᠷ᠎ᠢ ᠨᠠᠩ ᠴᠢᠬᠤᠯᠠᠴᠢᠯᠠᠵᠤ᠂ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ᠎ᠳᠤ 《ᠤᠷᠢᠳᠠᠪᠠᠷ ᠨᠥᠬᠥᠪᠥᠷᠢᠯᠡᠵᠦ ᠳᠠᠷᠠᠭ᠎ᠠ᠎ᠨᠢ ᠡᠵᠡᠯᠡᠬᠦ᠂ ᠨᠢᠭᠡ ᠵᠢ ᠡᠵᠡᠯᠡᠪᠡᠯ ᠨᠢᠭᠡ ᠵᠢ ᠨᠥᠬᠥᠪᠥᠷᠢᠯᠡᠬᠦ᠂ ᠰᠢᠯᠢᠳᠡᠭ᠎ᠢ ᠡᠵᠡᠯᠡᠪᠡᠯ ᠰᠢᠯᠢᠳᠡᠭ᠎ᠢ ᠨᠥᠬᠥᠪᠥᠷᠢᠯᠡᠬᠦ᠂ ᠤᠰᠤᠨ ᠲᠠᠷᠢᠶ᠎ᠠ ᠵᠢ ᠡᠵᠡᠯᠡᠪᠡᠯ ᠤᠰᠤᠨ ᠲᠠᠷᠢᠶ᠎ᠠ ᠵᠢ ᠨᠥᠬᠥᠪᠥᠷᠢᠯᠡᠬᠦ》 ᠵᠢᠨ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠢ᠌ᠯᠭ᠋ᠠᠬᠤ ᠱᠠᠭ᠋ᠠᠷᠳᠠᠯᠭ᠎ᠠ ᠵᠢ ᠦᠨᠡᠨ ᠬᠦ᠌ ᠭᠦᠢᠴᠡᠳᠬᠡᠬᠦ ᠬᠡᠷᠡᠭᠲᠡᠶ  ᠃ ᠬᠣᠶᠠᠷ᠎ᠲᠤ ᠦᠢᠯᠡᠳᠪᠦᠷᠢ ᠠᠭᠤᠷᠬᠠᠶ ᠵᠢᠨ ᠬᠠᠶᠠᠭᠳᠠᠮᠠᠯ ᠭᠠᠵᠠᠷ᠎ᠢ ᠬᠡᠷᠡᠭᠯᠡᠬᠦ ᠪᠠ ᠬᠣᠲᠠ ᠬᠥᠳᠡᠭᠡ ᠵᠢᠨ ᠨᠡᠮᠡᠭᠳᠡᠵᠦ ᠬᠠᠰᠤᠭᠳᠠᠬᠤ᠎ᠲᠠᠢ ᠬᠣᠯᠪᠣᠭᠳᠠᠭᠤᠯᠤᠭᠰᠠᠨ ᠲᠠᠷᠢᠶᠠᠨ ᠭᠠᠵᠠᠷ᠎ᠤᠨ ᠭᠦᠢᠴᠡᠳᠬᠡᠯ ᠲᠣᠭ᠎ᠠ ᠵᠢ ᠬᠡᠷᠡᠭᠯᠡᠭᠰᠡᠨ ᠪᠣᠯ ᠳᠠᠬᠢᠨ ᠬᠠᠭ᠋ᠠᠯᠪᠤᠷᠢᠯᠠᠬᠤ ᠬᠠᠷᠢᠭᠤᠴᠠᠯᠭ᠎ᠠ ᠵᠢ ᠡᠭᠦᠷᠭᠡᠯᠡᠭᠰᠡᠨ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠡᠷᠬᠡᠪᠰᠢ ᠠᠮᠠᠯᠠᠭᠰᠠᠨ ᠴᠠᠭ ᠬᠤᠭᠤᠴᠠᠭ᠎ᠠ ᠶᠣᠰᠣᠭ᠋ᠠᠷ ᠲᠠᠷᠢᠶᠠᠨ ᠭᠠᠵᠠᠷ᠎ᠢ ᠳᠠᠬᠢᠨ ᠬᠠᠭ᠋ᠠᠯᠪᠤᠷᠢᠯᠠᠬᠤ ᠡᠭᠦᠷᠭᠡ ᠵᠢ ᠪᠡᠶᠡᠯᠡᠭᠦᠯᠬᠦ ᠬᠡᠷᠡᠭᠲᠡᠶ  ᠃ ᠭᠤᠷᠪᠠ᠎ᠳᠤ ᠡᠯ᠎ᠡ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢᠨ ᠵᠦᠢᠯᠡᠰ᠎ᠤᠨ ᠭᠠᠵᠠᠷ ᠰᠣᠩᠭᠣᠬᠤ᠎ᠳᠤ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠢ᠌ᠯᠭ᠋ᠠᠬᠤ ᠵᠢ ᠬᠡᠷᠬᠢᠨ ᠨᠠᠢ᠌ᠳᠠᠪᠤᠷᠢᠵᠢᠭᠤᠯᠬᠤ ᠲᠤᠬᠠᠶ ᠦᠨᠳᠦᠰᠦᠯᠡᠯ ᠬᠠᠩᠭ᠋ᠠᠵᠤ ᠡᠯ᠎ᠡ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢᠨ ᠵᠦᠢᠯᠡᠰ᠎ᠤᠨ ᠬᠡᠪ ᠵᠶ᠋ᠡᠷ ᠶᠠᠪᠤᠭᠳᠠᠬᠤ ᠵᠢ ᠪᠠᠲᠤᠯᠠᠪᠠ  ᠃


     (ᠳᠥᠷᠪᠡ) ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠲᠠᠷᠢᠶᠠᠨ ᠭᠠᠵᠠᠷ᠎ᠤᠨ ᠢᠷᠡᠯᠲᠡ ᠵᠢ ᠴᠢᠩᠭ᠎ᠠ ᠨᠥᠬᠥᠪᠥᠷᠢᠯᠡᠬᠦ ᠬᠠᠮᠢᠶᠠᠷᠤᠯᠲᠠ ᠵᠢᠨ ᠲᠠᠯ᠎ᠠ᠎ᠪᠠᠷ᠂ ᠲᠠᠷᠢᠶᠠᠨ ᠭᠠᠵᠠᠷ᠎ᠤᠨ ᠢᠷᠡᠯᠲᠡ ᠵᠢ ᠨᠥᠬᠥᠪᠥᠷᠢᠯᠡᠬᠦ ᠬᠠᠮᠢᠶᠠᠷᠤᠯᠲᠠ ᠵᠢᠨ ᠲᠠᠯ᠎ᠠ᠎ᠪᠠᠷ ᠨᠡᠩ ᠴᠢᠩᠭ᠎ᠠ ᠪᠠᠢ᠌ᠵᠤ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠮᠢ ᠠᠬᠤᠶ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠭᠰᠠᠨ ᠤᠷᠢᠲᠠᠯ ᠳᠣᠣᠷ᠎ᠠ᠂ ᠲᠠᠷᠢᠶᠠᠨ ᠭᠠᠵᠠᠷ᠎ᠢ ᠨᠥᠬᠥᠪᠥᠷᠢᠯᠡᠬᠦ ᠠᠵᠢᠯ᠎ᠢ ᠡᠮᠬᠢ ᠵᠢᠷᠤᠮ᠎ᠲᠠᠢ᠎ᠪᠠᠷ ᠥᠷᠨᠢᠭᠦᠯᠬᠦ ᠬᠡᠷᠡᠭᠲᠡᠶ; ᠶᠡᠬᠡ ᠬᠡᠰᠡᠭ ᠵᠶ᠋ᠡᠷ ᠠᠰᠢᠭᠯᠠᠭ᠋ᠠᠳᠤᠶ ᠭᠠᠵᠠᠷ᠎ᠢ ᠨᠡᠭᠡᠭᠡᠬᠦ ᠵᠢ ᠴᠢᠩᠭ᠎ᠠ ᠬᠢᠵᠠᠭ᠋ᠠᠷᠯᠠᠵᠤ᠂ ᠲᠠᠷᠢᠶᠠᠯᠠᠬᠤ᠎ᠳᠤ ᠲᠣᠬᠢᠷᠠᠬᠤ ᠭᠠᠵᠠᠷ ᠰᠢᠷᠣᠶ ᠵᠢᠨ ᠨᠥᠭᠡᠴᠡ ᠡᠬᠢ ᠪᠠᠶᠠᠯᠢᠭ᠎ᠤᠨ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠬᠤᠪᠢᠶᠠᠷᠢᠯᠠᠨ ᠲᠣᠭᠲᠠᠭ᠋ᠠᠬᠤ ᠬᠡᠷᠡᠭᠲᠡᠶ; ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠤᠨ ᠭᠦᠢᠴᠡᠳᠬᠡᠯ ᠲᠣᠭ᠎ᠠ ᠪᠦᠷᠢᠯᠳᠦᠭᠰᠡᠨ᠎ᠤ ᠳᠠᠷᠠᠭ᠎ᠠ ᠦᠷᠭᠦᠯᠵᠢᠯᠡᠨ ᠲᠣᠭᠲᠠᠭᠤᠨ ᠵᠶ᠋ᠠᠷ ᠲᠠᠷᠢᠶᠠᠯᠠᠬᠤ ᠵᠢ ᠦᠨᠡᠨ ᠬᠦ᠌ ᠪᠠᠲᠤᠯᠠᠬᠤ ᠵᠢᠨ ᠬᠠᠮᠲᠤ ᠨᠢᠭᠡᠨᠲᠡ ᠭᠠᠵᠠᠷ ᠰᠢᠷᠣᠶ ᠵᠢ ᠴᠡᠭᠴᠡᠯᠡᠨ ᠵᠠᠰᠠᠬᠤ ᠪᠠ ᠲᠠᠷᠢᠶᠠᠨ ᠭᠠᠵᠠᠷ᠎ᠢ ᠨᠥᠬᠥᠪᠥᠷᠢᠯᠡᠬᠦ ᠲᠥᠷᠥᠯ ᠵᠦᠢᠯ᠎ᠢ ᠲᠠᠷᠢᠶᠠᠯᠠᠬᠤ ᠵᠢ ᠵᠣᠭᠰᠣᠭ᠋ᠠᠬᠤ ᠬᠡᠪᠴᠢᠶᠡᠨ᠎ᠳᠤ ᠣᠷᠣᠭᠤᠯᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ ᠭᠡᠵᠦ ᠱᠠᠭ᠋ᠠᠷᠳᠠᠪᠠ  ᠃  


      (ᠲᠠᠪᠤ) ᠲᠠᠷᠢᠶᠠᠨ ᠭᠠᠵᠠᠷ᠎ᠢ ᠴᠢᠩᠭ᠎ᠠ ᠨᠥᠬᠥᠪᠥᠷᠢᠯᠡᠵᠦ ᠪᠠᠢ᠌ᠴᠠᠭ᠋ᠠᠨ ᠰᠢᠯᠭ᠋ᠠᠨ ᠠᠪᠬᠤ ᠲᠠᠯ᠎ᠠ᠎ᠪᠠᠷ᠂ ᠨᠥᠬᠥᠪᠥᠷᠢᠯᠡᠭᠰᠡᠨ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ ᠪᠠ ᠶᠠᠰᠤ ᠴᠢᠨᠠᠷ᠎ᠨᠢ ᠱᠠᠭ᠋ᠠᠷᠳᠠᠯᠭ᠎ᠠ᠎ᠳᠤ ᠨᠡᠢ᠌ᠴᠡᠬᠦ ᠵᠢ ᠦᠨᠡᠨᠬᠦ ᠪᠠᠲᠤᠯᠠᠬᠤ ᠵᠢᠨ ᠲᠤᠰᠠᠳᠠ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠠᠵᠠᠷ ᠰᠢᠷᠣᠶ ᠵᠢ ᠴᠡᠭᠴᠡᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠤᠨ ᠬᠠᠮᠢᠶᠠᠷᠤᠯᠲᠠ᠎ᠪᠠᠨ ᠴᠢᠩᠭ᠋ᠠᠳᠬᠠᠵᠤ᠂ ᠲᠥᠷᠥᠯ ᠵᠦᠢᠯ᠎ᠤᠨ ᠵᠢᠷᠤᠭ ᠲᠥᠯᠥᠪᠯᠡᠭᠡ ᠵᠢ ᠵᠢᠷᠤᠮᠵᠢᠭᠤᠯᠤᠨ᠂ ᠲᠥᠷᠥᠯ ᠵᠦᠢᠯ᠎ᠤᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠪᠠ ᠪᠠᠷᠢᠯᠭ᠎ᠠ ᠵᠢᠨ ᠠᠵᠢᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠵᠤ᠂ ᠢᠯᠠᠩᠭᠤᠶ᠎ᠠ ᠳᠡᠩᠰᠡᠯᠡᠵᠦ ᠬᠥᠮᠥᠷᠭᠡ᠎ᠳᠤ ᠣᠷᠣᠭᠤᠯᠤᠭᠰᠠᠨ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠢ ᠴᠠᠭ ᠲᠤᠬᠠᠶ᠎ᠳᠤᠨᠢ ᠬᠤᠪᠢᠷᠠᠭᠤᠯᠬᠤ ᠵᠢ ᠴᠢᠩᠭ᠋ᠠᠷᠠᠭᠤᠯᠬᠤ ᠬᠡᠷᠡᠭᠲᠡᠶ  ᠃


      (ᠵᠢᠷᠭᠤᠭ᠎ᠠ) ᠨᠥᠬᠥᠪᠥᠷᠢᠯᠡᠬᠦ ᠲᠠᠷᠢᠶᠠᠨ ᠭᠠᠵᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ ᠲᠠᠯ᠎ᠠ᠎ᠪᠠᠷ᠂ ᠨᠥᠬᠥᠪᠥᠷᠢᠯᠡᠬᠦ ᠲᠠᠷᠢᠶᠠᠨ ᠭᠠᠵᠠᠷ᠎ᠢ ᠦᠷᠭᠦᠯᠵᠢᠯᠡᠨ ᠲᠣᠭᠲᠠᠭᠤᠨ ᠵᠶ᠋ᠠᠷ ᠲᠠᠷᠢᠵᠤ ᠪᠣᠯᠬᠤ ᠵᠢ ᠦᠨᠡᠨᠬᠦ ᠪᠠᠲᠤᠯᠠᠵᠤ᠂ ᠠᠲᠠᠷᠰᠢᠭᠤᠯᠵᠤ ᠲᠠᠷᠢᠶᠠᠯᠠᠬᠤ᠎ᠪᠠᠨ ᠪᠤᠯᠢᠬᠤ ᠪᠠ ᠦᠢ᠍ᠯᠡᠳᠪᠦᠷᠢᠯᠡᠬᠦ ᠴᠢᠳᠠᠪᠤᠷᠢ ᠪᠠᠭᠤᠷᠠᠬᠤ ᠵᠢ ᠰᠡᠷᠭᠡᠢ᠌ᠯᠡᠬᠦ ᠵᠢᠨ ᠲᠤᠰᠠᠳᠠ᠂ 《ᠬᠡᠷᠡᠭᠵᠢᠭᠦᠯᠬᠦ ᠰᠠᠨᠠᠯ》᠎ᠳᠤ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠨᠥᠬᠥᠪᠥᠷᠢᠯᠡᠬᠦ ᠲᠠᠷᠢᠶᠠᠨ ᠭᠠᠵᠠᠷ᠎ᠤᠨ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠵᠢᠯ ᠪᠦᠷᠢ ᠨᠢᠭᠡᠨᠲᠡ ᠬᠥᠮᠥᠷᠭᠡ᠎ᠳᠤ ᠣᠷᠣᠭᠤᠯᠤᠭᠰᠠᠨ ᠨᠥᠬᠥᠪᠥᠷᠢᠯᠡᠬᠦ ᠲᠠᠷᠢᠶᠠᠨ ᠭᠠᠵᠠᠷ᠎ᠤᠨ ᠲᠥᠷᠥᠯ ᠵᠦᠢ᠍ᠯ᠎ᠳᠤ ᠨᠢᠭᠡ ᠤᠳᠠᠭ᠋ᠠᠨ᠎ᠤ ᠪᠦᠬᠦ ᠲᠠᠯ᠎ᠠ ᠵᠢᠨ ᠵᠢᠷᠤᠭ ᠳᠦᠷᠰᠦ᠎ᠪᠠᠷ ᠬᠢᠨᠠᠨ ᠪᠠᠢ᠌ᠴᠠᠭ᠋ᠠᠯᠲᠠ ᠬᠢᠵᠦ᠂ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠢ᠌ᠬᠤ ᠵᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ  ᠃


      (ᠳᠣᠯᠣᠭ᠎ᠠ) ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠳᠡᠩᠰᠡᠯᠡᠵᠦ ᠬᠢᠨᠠᠨ ᠬᠠᠮᠢᠶᠠᠷᠬᠤ ᠲᠣᠭᠲᠠᠴᠠ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠢ ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠳᠠᠩᠰᠠᠯᠠᠬᠤ ᠶᠠᠪᠤᠴᠠ᠎ᠳᠤ᠂ ᠲᠠᠷᠢᠶᠠᠨ ᠭᠠᠵᠠᠷ᠎ᠢ ᠴᠢᠩᠭ᠎ᠠ ᠬᠠᠮᠠᠭ᠋ᠠᠯᠠᠬᠤ᠂ ᠭᠠᠵᠠᠷ᠎ᠢ ᠠᠷᠪᠢᠲᠠᠶ ᠡᠷᠴᠢᠮᠯᠢᠭ ᠬᠡᠷᠡᠭᠯᠡᠬᠦ ᠵᠠᠷᠴᠢᠮ᠎ᠤᠨ ᠶᠣᠰᠣᠭ᠋ᠠᠷ᠂ ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠢ ᠵᠦᠶ ᠵᠣᠬᠢᠰᠲᠠᠶ ᠪᠠᠢ᠌ᠷᠢᠯᠠᠭᠤᠯᠬᠤ ᠬᠡᠷᠡᠭᠲᠡᠶ ᠭᠡᠵᠦ ᠱᠠᠭ᠋ᠠᠷᠳᠠᠪᠠ; ᠭᠠᠴᠠᠭ᠎ᠠ (ᠭᠠᠴᠠᠭ᠎ᠠ) ᠵᠢᠨ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠢ᠌ᠭᠤᠯᠤᠯᠲᠠ᠎ᠨᠤᠭᠤᠳ ᠬᠠᠮᠢᠶᠠᠷᠤᠯᠲᠠ ᠵᠢᠨ ᠭᠣᠤᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨᠬᠦ ᠨᠠᠢ᠌ᠳᠠᠪᠤᠷᠢᠵᠢᠭᠤᠯᠬᠤ ᠬᠡᠷᠡᠭᠲᠡᠶ  ᠃ ᠡᠭᠦᠨ ᠤ ᠵᠡᠷᠭᠡᠴᠡᠪᠡᠷ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠭᠠᠵᠠᠷ ᠢ ᠲᠤᠰᠠᠭ᠋ᠠᠷ᠎ᠨᠢ ᠰᠣᠩᠭᠣᠭᠰᠠᠨ ᠪᠡᠯᠡᠳᠬᠡᠮᠵᠢᠲᠦ ᠲᠠᠷᠢᠶᠠᠯᠠᠩ ᠣᠨ ᠬᠡᠷᠡᠭᠯᠡᠬᠦ ᠭᠠᠵᠠᠷ ᠣᠨ ᠲᠥᠷᠥᠯ ᠵᠦᠢ᠍ᠯ ᠪᠣᠯᠤᠨ ᠲᠠᠷᠢᠶᠠᠴᠢᠨ ᠮᠠᠯᠴᠢᠳ ᠣᠨ ᠭᠡᠷ ᠪᠠᠢ᠌ᠰᠢᠩ ᠣᠨ ᠵᠶ᠋ᠠᠨ ᠡᠮᠦᠨ᠎ᠡ ᠬᠣᠢ᠌ᠨ᠎ᠠ ᠥᠪᠡᠷ᠎ᠲᠡᠭᠡᠨ ᠪᠠᠢ᠌ᠭᠤᠯᠤᠭᠰᠠᠨ ᠪᠡᠯᠡᠳᠬᠡᠮᠵᠢᠲᠦ ᠲᠠᠷᠢᠶᠠᠯᠠᠩ ᠣᠨ ᠬᠡᠷᠡᠭᠯᠡᠬᠦ ᠭᠠᠵᠠᠷ ᠣᠨ ᠲᠥᠷᠥᠯ ᠵᠦᠢ᠍ᠯ ᠢ ᠢᠯᠭ᠋ᠠᠵᠤ ᠬᠠᠮᠢᠶᠠᠷᠤᠨ᠎ᠠ; ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ ᠪᠣᠯᠤᠨ ᠲᠠᠷᠢᠶᠠᠯᠠᠩ ᠬᠥᠳᠡᠭᠡ ᠲᠣᠰᠬᠣᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠮᠡᠳᠡᠭᠡ ᠵᠠᠩᠭᠢᠵᠢᠯᠲᠠ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ᠂ ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠲᠤ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠶ  ᠃
(ᠨᠠᠢᠮᠠ) ᠲᠥᠬᠦᠭᠡᠷᠦᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠡᠷᠡᠭᠯᠡᠬᠦ ᠵᠢ ᠴᠢᠩᠭ᠎ᠠ ᠵᠢᠷᠤᠮᠵᠢᠭᠤᠯᠬᠤ ᠲᠠᠯ᠎ᠠ᠎ᠪᠠᠷ᠂ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠨᠥᠬᠥᠪᠥᠷᠢᠯᠡᠨ ᠬᠤᠪᠢᠶᠠᠷᠢᠯᠠᠬᠤ ᠲᠥᠰᠦᠯ᠎ᠢ ᠳᠠᠩᠰᠠᠯᠠᠭᠤᠯᠬᠤ᠎ᠳᠤ ᠡᠷᠬᠡᠪᠰᠢ ᠲᠠᠩ ᠴᠣᠭᠴᠠ ᠵᠢᠨ ᠲᠥᠷᠥᠯ ᠵᠦᠢᠯ᠎ᠤᠨ ᠬᠡᠯᠪᠡᠷᠢ᠎ᠪᠠᠷ ᠳᠠᠩᠰᠠᠯᠠᠭᠤᠯᠬᠤ ᠬᠡᠷᠡᠭᠲᠡᠶ᠂ 《ᠨᠡᠢ᠌ᠯᠡᠭᠦᠯᠬᠦ》 ᠬᠡᠯᠪᠡᠷᠢ᠎ᠪᠠᠷ ᠲᠥᠷᠥᠯ ᠵᠦᠢᠯ᠎ᠢ ᠣᠯᠠᠨ ᠴᠡᠭ ᠵᠶ᠋ᠡᠷ ᠪᠠᠢ᠌ᠷᠢᠯᠠᠭᠤᠯᠬᠤ ᠵᠢ ᠴᠢᠩᠭ᠎ᠠ ᠴᠠᠭ᠋ᠠᠵᠠᠯᠠᠨ᠎ᠠ; ᠪᠡᠯᠡᠳᠬᠡᠮᠵᠢᠲᠦ ᠪᠤᠰᠤ ᠲᠠᠷᠢᠶᠠᠯᠠᠩ᠎ᠤᠨ ᠲᠥᠷᠥᠯ ᠵᠦᠢ᠍ᠯ᠎ᠢ ᠪᠡᠯᠡᠳᠬᠡᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠲᠤ ᠣᠷᠣᠭᠤᠯᠤᠨ ᠳᠠᠩᠰᠠᠯᠠᠭᠤᠯᠬᠤ ᠵᠢ ᠡᠷᠡᠰ ᠴᠠᠭ᠋ᠠᠵᠠᠯᠠᠬᠤ ᠬᠡᠷᠡᠭᠲᠡᠶ; ᠲᠥᠬᠦᠭᠡᠷᠦᠮᠵᠢᠲᠦ ᠲᠠᠷᠢᠶᠠᠯᠠᠩ᠎ᠳᠤ ᠬᠡᠷᠡᠭᠯᠡᠬᠦ ᠭᠠᠵᠠᠷ᠎ᠲᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ᠎ᠳᠤ 《ᠬᠣᠤᠰ ᠳᠡᠭᠡᠳᠦ ᠬᠢᠵᠠᠭ᠋ᠠᠷ》 ᠵᠶ᠋ᠠᠷ ᠴᠢᠩᠭ᠎ᠠ ᠬᠠᠮᠢᠶᠠᠷᠬᠤ ᠵᠢ ᠬᠡᠷᠡᠭᠵᠢᠭᠦᠯᠵᠦ᠂ ᠡᠵᠡᠯᠡᠨ ᠬᠡᠷᠡᠭᠯᠡᠬᠦ ᠲᠠᠯᠠᠪᠠᠶ ᠵᠢ ᠶᠡᠷᠦᠩᠬᠡᠶ ᠲᠠᠯᠠᠪᠠᠶ ᠵᠢᠨ 25 % ᠵᠢᠨ ᠳᠣᠲᠣᠷ᠎ᠠ ᠬᠢᠵᠠᠭ᠋ᠠᠷᠯᠠᠵᠤ᠂ ᠲᠠᠯᠠᠪᠠᠶ ᠵᠢ 30 ᠮᠥ᠍᠎ᠠᠴᠠ ᠬᠡᠲᠦᠷᠡᠭᠦᠯᠵᠦ ᠪᠣᠯᠬᠤ ᠥᠬᠡᠶ  ᠃




ᠢᠷᠡᠯᠲᠡ᠄ ᠥᠪᠥᠷ ᠮᠣᠩᠭᠣᠯ᠎ᠤᠨ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
《ᠠᠯᠠᠱ᠌ᠠ ᠠᠢ᠌ᠮᠠᠭ᠎ᠤᠨ ᠠᠯᠠᠱ᠌ᠠᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠰᠤᠳᠤᠯᠤᠨ ᠬᠥᠭᠵᠢᠭᠦᠯᠬᠦ ᠣᠷᠣᠭᠤᠯᠤᠯᠲᠠ᠎ᠳᠤ ᠡᠳ᠋᠎ᠤᠨ ᠵᠠᠰᠠᠭ᠎ᠤᠨ ᠳᠠᠷᠠᠭ᠋ᠠᠬᠢ ᠨᠥᠬᠥᠪᠥᠷᠢᠯᠡᠬᠦ ᠠᠷᠭ᠎ᠠ
《ᠲᠠᠸᠠᠷ᠎ᠤᠨ ᠲᠡᠮᠳᠡᠭ᠎ᠤᠨ ᠨᠠᠷᠠᠲᠤ ᠲᠥᠷᠥᠯ ᠲᠡᠮᠳᠡᠭᠲᠦ ᠵᠢᠨ ᠵᠢᠯᠣᠭᠣᠳᠬᠤ ᠥᠷᠲᠡᠭᠡ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠮᠡᠳᠡᠭᠳᠡᠯ》᠎ᠤᠨ ᠲᠠᠢ᠌ᠯᠤᠮᠵᠢ
ᠥᠨᠳᠥᠷ ᠲᠦᠪᠰᠢᠨ ᠪᠥᠬᠥᠶ 《ᠬᠣᠤᠰ ᠡᠭᠦᠳᠦᠯᠲᠡ》᠎ᠪᠠᠷ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠨᠡᠮᠡᠷᠢᠯᠡᠶ᠎ᠡ
《ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢᠨ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠠᠷᠭ᠎ᠠ》 ᠵᠢᠨ ᠲᠠᠢ᠌ᠯᠤᠮᠵᠢ
 
            