ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠰᠤᠳᠤᠯᠤᠨ ᠬᠥᠭᠵᠢᠭᠦᠯᠬᠦ ᠣᠷᠣᠭᠤᠯᠤᠯᠲᠠ᠎ᠳᠤ ᠡᠳ᠋᠎ᠤᠨ ᠵᠠᠰᠠᠭ᠎ᠤᠨ ᠳᠠᠷᠠᠭ᠋ᠠᠬᠢ ᠨᠥᠬᠥᠪᠥᠷᠢᠯᠡᠬᠦ ᠠᠷᠭ᠎ᠠ
ᠨᠡᠶ᠋ᠢᠲᠡᠯᠡᠭᠰᠡᠨ ᠴᠠᠭ᠄ 2021-08-24


      ᠨᠢᠭᠡ᠂ ᠠᠷᠤ ᠦᠵᠡᠭᠳᠡᠯ᠎ᠤᠨ ᠦᠨᠳᠦᠰᠦᠯᠡᠯ
      2020 ᠣᠨ᠎ᠤ 10 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠵᠠᠰᠠᠭ᠎ᠤᠨ ᠣᠷᠳᠣᠨ ᠬᠠᠮᠲᠤᠷᠠᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ 30 ᠵᠤᠷᠪᠤᠰ》᠎ᠢ ᠳᠠᠷᠤᠮᠠᠯᠯᠠᠨ ᠲᠠᠷᠬᠠᠭ᠋ᠠᠵᠤ᠂ 《ᠠᠵᠤ ᠠᠬᠤᠢ᠌ᠯᠠᠯ᠎ᠤᠨ ᠲᠦᠷᠦᠭᠦᠦ ᠵᠢᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠡᠷᠴᠢᠮ ᠵᠢᠴᠢ ᠨᠡᠮᠡᠭᠳᠡᠯ᠎ᠤᠨ ᠬᠡᠮᠵᠢᠶ᠎ᠡ ᠵᠢᠨ ᠶᠣᠰᠣᠭ᠋ᠠᠷ ᠡᠳ᠋᠎ᠤᠨ ᠵᠠᠰᠠᠭ᠎ᠤᠨ ᠪᠠᠯᠠ ᠮᠥᠩᠭᠥ ᠵᠢᠨ ᠱᠠᠩᠨᠠᠯ ᠨᠥᠬᠥᠪᠥᠷᠢ ᠣᠯᠭᠣᠵᠤ᠂ ᠲᠠᠩ ᠭᠠᠭᠴᠠ ᠠᠵᠤ ᠠᠬᠤᠢ᠌ᠯᠠᠯ᠎ᠤᠨ ᠵᠢᠯ ᠪᠦᠷᠢ ᠵᠢᠨ ᠬᠠᠮᠤᠭ᠎ᠤᠨ ᠥᠨᠳᠥᠷ ᠱᠠᠩᠨᠠᠯ ᠨᠥᠬᠥᠪᠥᠷᠢ 500 ᠲᠦᠮᠡᠨ ᠲᠥᠭᠥᠷᠢᠭ᠎ᠢ ᠮᠡᠷᠭᠡᠵᠢᠯ᠎ᠤᠨ ᠰᠤᠳᠤᠯᠤᠨ ᠨᠡᠭᠡᠭᠡᠬᠦ᠎ᠳᠤ ᠬᠡᠷᠡᠭᠯᠡᠨ᠎ᠡ》 ᠭᠡᠵᠦ ᠲᠣᠳᠣᠷᠬᠠᠶ ᠱᠠᠭ᠋ᠠᠷᠳᠠᠪᠠ᠃ 《ᠰᠢᠨᠵᠢᠯᠡᠬᠦ ᠤᠬᠠᠭ᠋ᠠᠨ   ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ 30 ᠵᠤᠷᠪᠤᠰ》᠎ᠤᠨ ᠵᠣᠷᠢᠭ ᠰᠠᠨᠠᠭ᠎ᠠ ᠵᠢᠴᠢ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ ᠵᠢᠨ ᠱᠠᠭ᠋ᠠᠷᠳᠠᠯᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠬᠦ ᠵᠢ ᠬᠥᠲᠥᠯᠦᠨ ᠵᠢᠯᠣᠭᠣᠳᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ   ᠲᠧᠭᠨᠢᠭ ᠮᠡᠷᠭᠡᠵᠢᠯ᠎ᠤᠨ ᠲᠢᠩᠬᠢᠮ ᠲᠦᠷᠦᠭᠦᠯᠡᠨ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠲᠠᠢ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠡᠳ᠋᠎ᠤᠨ ᠵᠠᠰᠠᠭ᠎ᠤᠨ ᠳᠠᠷᠠᠭ᠋ᠠᠬᠢ ᠨᠥᠬᠥᠪᠥᠷᠢ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠪᠠ᠃
      ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠡᠳ᠋᠎ᠤᠨ ᠵᠠᠰᠠᠭ᠎ᠤᠨ ᠳᠠᠷᠠᠭ᠋ᠠᠬᠢ ᠨᠥᠬᠥᠪᠥᠷᠢ᠎ᠨᠢ ᠶᠠᠭᠤ ᠪᠣᠶ?
      1 . ᠰᠢᠨ᠎ᠡ ᠵᠢ ᠡᠭᠦᠳᠬᠦ ᠭᠣᠤᠯ ᠴᠣᠭᠴᠠ ᠵᠢᠨ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠬᠦ ᠵᠢ ᠵᠣᠷᠢᠭᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠨᠥᠬᠥᠴᠡᠯ᠎ᠳᠤ ᠨᠡᠢ᠌ᠴᠡᠬᠦ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ᠎ᠳᠤ ᠵᠣᠬᠢᠬᠤ ᠬᠠᠷᠢᠴᠠᠯ ᠵᠶ᠋ᠠᠷ ᠠᠵᠢᠯ ᠶᠠᠪᠤᠳᠠᠯ᠎ᠤᠨ ᠳᠠᠷᠠᠭ᠋ᠠᠬᠢ ᠨᠥᠬᠥᠪᠥᠷᠢ ᠵᠢᠨ ᠪᠠᠯᠠ ᠮᠥᠩᠭᠥ ᠣᠯᠭᠣᠬᠤ ᠵᠢ ᠵᠢᠭ᠋ᠠᠵᠤ ᠪᠣᠶ  ᠃
      2 . ᠳᠠᠷᠠᠭ᠋ᠠᠬᠢ ᠲᠤᠰᠠᠯᠠᠮᠵᠢ ᠵᠢᠨ ᠪᠠᠯᠠ ᠮᠥᠩᠭᠥ᠎ᠳᠤ ᠶᠡᠷᠦᠩᠬᠡᠶ ᠲᠣᠭ᠎ᠠ ᠵᠢ ᠡᠵᠡᠮᠳᠡᠬᠦ ᠵᠢ ᠬᠡᠷᠡᠭᠵᠢᠭᠦᠯᠦᠨ᠎ᠡ  ᠃

      ᠬᠤᠶᠠᠷ᠂ ᠬᠠᠷᠠᠯᠲᠠ ᠡᠭᠦᠷᠭᠡ
      1 . ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠦᠢᠯᠡᠳᠦᠯ᠎ᠢ ᠪᠠᠳᠠᠷᠠᠭᠤᠯᠤᠨ᠎ᠠ  ᠃
      2 . ᠬᠣᠢ᠌ᠨᠠᠬᠢ ᠨᠥᠬᠥᠪᠥᠷᠢ ᠵᠢᠨ ᠬᠠᠮᠢᠶ᠎ᠠ ᠪᠥᠬᠥᠶ ᠤᠬᠠᠭᠳᠠᠬᠤᠨ᠎ᠢ ᠲᠣᠳᠣᠷᠬᠠᠢ᠌ᠯᠠᠨ᠎ᠠ  ᠃
      3 . ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠵᠢᠴᠢ ᠠᠢ᠌ᠮᠠᠭ ᠬᠣᠲᠠ ᠵᠢᠨ ᠪᠠᠲᠤᠯᠠᠨ ᠲᠠᠨᠢᠯᠴᠠᠭᠤᠯᠬᠤ ᠳᠡᠰ ᠳᠠᠷᠠᠭ᠋ᠠᠯᠠᠯ᠎ᠢ ᠢᠯᠭ᠋ᠠᠨ ᠲᠣᠳᠣᠷᠬᠠᠢ᠌ᠯᠠᠨ᠎ᠠ  ᠃
      ᠬᠣᠢ᠌ᠨᠠᠬᠢ ᠨᠥᠬᠥᠪᠥᠷᠢ ᠵᠢ ᠬᠡᠷᠡᠭᠯᠡᠬᠦ ᠪᠠ ᠬᠠᠮᠢᠶᠠᠷᠬᠤ᠎ᠳᠤ   ᠳᠦᠷᠪᠡᠨ ᠵᠠᠷᠴᠢᠮ᠎ᠢ ᠵᠢᠷᠤᠮᠯᠠᠨ᠎ᠠ  ᠄
        1 . ᠬᠥᠲᠥᠯᠥᠨ ᠵᠢᠯᠣᠭᠣᠳᠬᠤ ᠵᠢ ᠴᠢᠬᠤᠯᠠᠴᠢᠯᠠᠬᠤ
        2 . ᠡᠷᠬᠡ ᠲᠡᠭᠰᠢ ᠲᠦᠭᠡᠮᠡᠯ ᠬᠠᠷᠠᠭ᠋ᠠᠯᠵᠠᠯ  
        3 . ᠥᠨᠳᠥᠷ ᠦᠷ᠎ᠡ ᠠᠰᠢᠭᠲᠤ ᠬᠠᠮᠢᠶᠠᠷᠤᠯᠲᠠ
        4 . ᠱᠠᠳᠤ ᠬᠤᠪᠢᠶᠠᠨ ᠡᠭᠦᠷᠭᠡᠯᠡᠬᠦ  

      ᠭᠤᠷᠪᠠ  ᠂   ᠣᠯᠤᠭᠰᠠᠨ ᠨᠥᠬᠥᠪᠥᠷᠢ ᠵᠢᠨ ᠦᠨᠳᠦᠰᠦᠨ ᠨᠥᠬᠥᠴᠡᠯ  
       1 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷ᠎ᠠ ᠳᠠᠩᠰᠠᠯᠠᠭᠤᠯᠤᠭᠰᠠᠨ᠂ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ ᠠᠵᠤ ᠠᠬᠤᠢ᠌ᠯᠠᠯ᠎ᠢ ᠬᠦᠨᠳᠦ ᠨᠣᠴᠢᠲᠠᠶ ᠢᠲᠡᠭᠡᠯ ᠵᠶ᠋ᠡᠨ ᠠᠯᠳᠠᠭᠰᠠᠨ ᠠᠵᠢᠯᠯᠠᠭ᠎ᠠ ᠵᠢᠨ ᠲᠡᠮᠳᠡᠭᠯᠡᠯ᠎ᠳᠤ ᠣᠷᠣᠭᠤᠯᠤᠭᠰᠠᠨ ᠦᠭᠡᠶ  ᠃
       2 . ᠠᠵᠤ ᠠᠬᠤᠢ᠌ᠯᠠᠯ᠎ᠨᠢ ᠠᠰᠢᠭ ᠣᠷᠣᠯᠭ᠎ᠠ ᠵᠢᠨ ᠭᠠᠢ᠌ᠯᠢ ᠵᠢ ᠬᠤᠷᠢᠶᠠᠩᠭᠤᠢ᠌ᠯᠠᠨ ᠪᠤᠳᠤᠵᠤ ᠢᠯᠭ᠋ᠠᠷᠠᠭᠤᠯᠤᠨ ᠲᠤᠰᠢᠶᠠᠬᠤ ᠦᠶ᠎ᠡ᠎ᠳᠤ᠂ ᠨᠢᠭᠡᠨᠲᠡ ᠰᠤᠳᠤᠯᠤᠨ ᠨᠡᠭᠡᠭᠡᠬᠦ ᠵᠠᠷᠤᠳᠠᠯ᠎ᠢ ᠨᠠᠮᠠᠨ ᠪᠤᠳᠤᠵᠤ ᠰᠠᠭᠤᠯᠭ᠋ᠠᠨ ᠬᠠᠰᠤᠬᠤ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠭᠥᠷᠳᠡᠨ᠎ᠡ  ᠃

      ᠳᠦᠷᠪᠡ  ᠂   ᠡᠯ᠎ᠡ ᠰᠠᠯᠠᠭ᠎ᠠ ᠮᠥᠴᠢᠷ᠎ᠤᠨ ᠭᠣᠣᠯ ᠡᠭᠦᠷᠭᠡ ᠬᠠᠷᠢᠭᠤᠴᠠᠯᠭ᠎ᠠ
      1 . ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠣᠳᠠᠲᠠᠶ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠄   ᠮᠡᠳᠡᠭᠦᠯᠬᠦ᠂ ᠬᠢᠨᠠᠬᠤ᠂ ᠨᠡᠢ᠌ᠲᠡ᠎ᠳᠤ ᠵᠠᠷᠯᠠᠬᠤ ᠵᠢ ᠲᠦᠷᠦᠭᠦᠯᠡᠨ ᠵᠣᠬᠢᠶᠠᠨ ᠪᠠᠢ᠌ᠭᠤᠯᠵᠤ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠦᠭᠰᠡᠨ ᠪᠠᠢ᠌ᠳᠠᠯ᠂ ᠲᠤᠰᠠᠯᠠᠮᠵᠢ ᠵᠢᠨ ᠪᠡᠯᠡ ᠮᠥᠩᠭᠥ ᠵᠢᠨ ᠬᠠᠮᠢᠶᠠᠷᠤᠯᠲᠠ ᠬᠡᠷᠡᠭᠯᠡᠯᠲᠡ ᠵᠢᠨ ᠪᠠᠢ᠌ᠳᠠᠯ᠎ᠳᠤ ᠬᠢᠨᠠᠯᠲᠠ ᠲᠠᠯᠪᠢᠨ ᠪᠠᠢ᠌ᠴᠠᠭ᠋ᠠᠯᠲᠠ ᠬᠢᠵᠦ᠂ ᠠᠮᠵᠢᠯᠲᠠ ᠪᠦᠲᠦᠮᠵᠢ ᠵᠢ ᠦᠨᠡᠯᠡᠬᠦ ᠬᠡᠷᠡᠭᠲᠡᠶ  ᠃
      2 . ᠥᠪᠡᠷᠲᠡᠭᠡᠨ ᠵᠠᠰᠠᠬᠤ ᠣᠷᠣᠨ᠎ᠤ   ᠡᠳ᠋᠎ᠤᠨ ᠵᠠᠰᠠᠭ᠎ᠤᠨ ᠲᠢᠩᠬᠢᠮ ᠲᠥᠰᠦᠪ᠎ᠤᠨ ᠲᠣᠬᠢᠷᠠᠭᠤᠯᠤᠯᠲᠠ ᠵᠢ ᠬᠠᠷᠢᠭᠤᠴᠠᠨ᠎ᠠ  ᠃ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ   ᠲᠧᠭᠨᠢᠭ ᠮᠡᠷᠭᠡᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠵᠢᠨ ᠬᠢᠨᠠᠨ ᠲᠣᠭᠲᠠᠭ᠋ᠠᠭᠰᠠᠨ ᠲᠤᠰᠠᠯᠠᠮᠵᠢ ᠵᠢᠨ ᠲᠥᠰᠦᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠤᠰᠠᠯᠠᠮᠵᠢ ᠵᠢᠨ ᠪᠡᠯᠡ ᠮᠥᠩᠭᠥ ᠵᠢ ᠪᠠᠭᠤᠯᠭ᠋ᠠᠨ᠎ᠠ  ᠃ ᠠᠢ᠌ᠮᠠᠭ ᠬᠣᠲᠠ ᠵᠢᠨ ᠡᠳ᠎ᠤᠨ ᠵᠠᠰᠠᠭ᠎ᠤᠨ ᠲᠣᠪᠴᠢᠶ᠎ᠠ᠎ᠨᠢ ᠳᠠᠷᠠᠭ᠋ᠠᠬᠢ ᠲᠤᠰᠠᠯᠠᠮᠵᠢ ᠵᠢᠨ ᠲᠥᠰᠦᠪ᠎ᠤᠨ ᠲᠣᠬᠢᠷᠠᠭᠤᠯᠤᠯᠲᠠ ᠵᠢ ᠰᠠᠢ᠌ᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ   ᠲᠧᠭᠨᠢᠭ ᠮᠡᠷᠭᠡᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠵᠢᠨ ᠬᠢᠨᠠᠨ ᠲᠣᠭᠲᠠᠭ᠋ᠠᠭᠰᠠᠨ ᠲᠤᠰᠠᠯᠠᠮᠵᠢ ᠵᠢᠨ ᠲᠥᠰᠦᠯ᠎ᠢ ᠦᠨᠳᠦᠰᠦᠯᠡᠨ᠂ ᠲᠤᠰᠠᠯᠠᠮᠵᠢ ᠵᠢᠨ ᠪᠡᠯᠡ ᠮᠥᠩᠭᠥ ᠪᠠᠭᠤᠯᠭ᠋ᠠᠬᠤ ᠬᠡᠷᠡᠭᠲᠡᠶ  ᠃
       3. ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠬᠠᠷᠢᠭᠤᠴᠠᠨ᠎ᠠ  ᠄   ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠳᠤ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠢ ᠨᠠᠮᠠᠨ ᠪᠤᠳᠤᠵᠤ ᠰᠠᠭᠤᠯᠭ᠋ᠠᠨ ᠠᠪᠬᠤ ᠲᠥᠷᠥ ᠵᠢᠨ ᠪᠣᠳᠣᠯᠭ᠎ᠠ ᠵᠢ ᠮᠡᠳᠡᠭᠦᠯᠦᠭᠰᠡᠨ ᠪᠠᠢ᠌ᠳᠠᠯ ᠵᠡᠷᠭᠡ ᠰᠠᠭᠤᠷᠢ ᠮᠡᠳᠡᠭᠡ ᠵᠠᠩᠭᠢ ᠵᠢ ᠬᠠᠩᠭ᠋ᠠᠨ᠎ᠠ  ᠃
        ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠲᠠᠢ ᠬᠠᠮᠲᠤᠷᠠᠨ ᠠᠵᠤ ᠠᠬᠤᠢ᠌ᠯᠠᠯ᠎ᠢ ᠵᠢᠯᠣᠭᠣᠳᠤᠨ ᠬᠠᠪᠰᠤᠷᠴᠤ ᠪᠠᠢ᠌ᠭ᠋ᠠᠳ ᠰᠤᠳᠤᠯᠤᠨ ᠨᠡᠭᠡᠭᠡᠬᠦ ᠵᠠᠷᠤᠳᠠᠯ᠎ᠢ ᠨᠠᠮᠠᠨ ᠪᠤᠳᠤᠵᠤ ᠰᠠᠭᠤᠯᠭ᠋ᠠᠨ ᠠᠪᠬᠤ ᠲᠥᠷᠥ ᠵᠢᠨ ᠪᠣᠳᠣᠯᠭ᠎ᠠ   ᠵᠢ ᠰᠠᠢ᠌ᠲᠤᠷ ᠬᠡᠷᠡᠭᠯᠡᠭᠦᠯᠦᠨ᠎ᠡ  ᠃
        ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠱᠠᠭ᠋ᠠᠷᠳᠠᠯᠭ᠎ᠠ ᠶᠣᠰᠣᠭ᠋ᠠᠷ ᠰᠤᠳᠤᠯᠤᠨ ᠨᠡᠭᠡᠭᠡᠬᠦ ᠵᠠᠷᠤᠳᠠᠯ᠎ᠢ ᠨᠡᠮᠡᠨ ᠪᠣᠳᠣᠵᠤ ᠰᠠᠭᠤᠯᠭ᠋ᠠᠨ ᠬᠠᠰᠤᠬᠤ ᠵᠢ ᠬᠦᠷᠲᠡᠬᠦ ᠠᠵᠤ ᠠᠬᠤᠢ᠌ᠯᠠᠯ᠎ᠳᠤ ᠮᠡᠳᠡᠭᠡ ᠵᠠᠩᠭᠢ ᠵᠢᠨ ᠵᠠᠯᠭ᠋ᠠᠮᠵᠢ ᠬᠠᠮᠢᠶᠠᠷᠤᠯᠲᠠ ᠵᠢ ᠥᠷᠨᠢᠭᠦᠯᠦᠨ᠎ᠡ  ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠲᠠᠸᠠᠷ᠎ᠤᠨ ᠲᠡᠮᠳᠡᠭ᠎ᠤᠨ ᠨᠠᠷᠠᠲᠤ ᠲᠥᠷᠥᠯ ᠲᠡᠮᠳᠡᠭᠲᠦ ᠵᠢᠨ ᠵᠢᠯᠣᠭᠣᠳᠬᠤ ᠥᠷᠲᠡᠭᠡ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠮᠡᠳᠡᠭᠳᠡᠯ》᠎ᠤᠨ ᠲᠠᠢ᠌ᠯᠤᠮᠵᠢ
ᠥᠨᠳᠥᠷ ᠲᠦᠪᠰᠢᠨ ᠪᠥᠬᠥᠶ 《ᠬᠣᠤᠰ ᠡᠭᠦᠳᠦᠯᠲᠡ》᠎ᠪᠠᠷ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠨᠡᠮᠡᠷᠢᠯᠡᠶ᠎ᠡ
《ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢᠨ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠠᠷᠭ᠎ᠠ》 ᠵᠢᠨ ᠲᠠᠢ᠌ᠯᠤᠮᠵᠢ
ᠲᠥᠷᠥ ᠵᠢᠨ ᠪᠣᠳᠣᠯᠭ᠎ᠠ ᠵᠢᠨ ᠲᠠᠢ᠌ᠯᠤᠮᠵᠢ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠲᠦᠷᠢᠮ᠎ᠢ ᠭᠦᠨᠵᠡᠭᠡᠶ ᠬᠡᠷᠡᠭᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠭᠤᠷᠪᠠᠨ ᠵᠢᠯ᠎ᠤᠨ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》
《ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠤᠨ ᠪᠠᠯᠠ ᠮᠥᠩᠭᠥ ᠵᠢᠨ ᠬᠠᠮᠢᠶᠠᠷᠤᠯᠲᠠ ᠵᠢᠨ ᠬᠣᠯᠪᠣᠭᠳᠠᠯ ᠪᠥᠬᠥᠶ ᠲᠣᠭᠲᠠᠭ᠋ᠠᠯ᠎ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ》᠎ᠤᠨ ᠲᠠᠢ᠌ᠯᠤᠮᠵᠢ
 
            