ᠨᠢᠭᠡ ᠂《ᠠᠯᠠᠱ᠌ᠠ ᠠᠢ᠌ᠮᠠᠭ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠶᠠᠮᠠᠷ ᠠᠬᠤᠶ ᠪᠠᠢ᠌ᠳᠠᠯ ᠳᠣᠤᠷ᠎ᠠ ᠨᠡᠢ᠌ᠲᠡᠯᠡᠭᠰᠡᠨ ᠪᠣᠶ?
2020 ᠣᠨ᠎ᠤ 7 ᠰᠠᠷ᠎ᠠ ᠵᠢᠨ 13᠎ᠤ ᠡᠳᠦᠷ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ 《ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠲᠤᠬᠠᠶ ᠰᠠᠨᠠᠯ᠎ᠤᠳ》 (ᠲᠥᠷᠥ ᠲᠠᠷᠬᠠᠭ᠋ᠠᠭᠰᠠᠨ 20207 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ ᠵᠢᠨ ᠲᠣᠭᠣᠷᠢᠭ ᠪᠣᠯ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠴᠢᠬᠤᠯᠠ ᠠᠴᠢᠶᠠᠯᠠᠪᠤᠷᠢ ᠮᠥᠨ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ᠎ᠳᠤ ᠨᠠᠩ ᠶᠡᠬᠡ ᠡᠷᠴᠢᠮ᠎ᠲᠠᠢ ᠥᠭᠡᠷᠡᠴᠢᠯᠡᠯᠲᠡ ᠨᠡᠭᠡᠭᠡᠯᠲᠡ ᠬᠢᠬᠦ᠎ᠳᠤ ᠴᠢᠬᠤᠯᠠ ᠦᠢᠯᠡᠳᠦᠯ᠎ᠲᠠᠢ ᠭᠡᠵᠦ ᠲᠣᠳᠣᠷᠬᠠᠢ᠌ᠯᠠᠪᠠ᠃ ᠡᠨᠡ ᠵᠢᠯ᠂ ᠠᠯᠠᠱ᠌ᠠ ᠠᠢ᠌ᠮᠠᠭ᠎ᠤᠨ ᠨᠠᠮ᠎ᠤᠨ ᠬᠣᠷᠢᠶᠠᠨ᠎ᠤ ᠥᠷᠭᠡᠳᠬᠡᠭᠰᠡᠨ ᠬᠤᠷᠠᠯ᠎ᠠᠴᠠ᠂ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠢ ᠡᠭᠦᠳᠦᠨ ᠪᠠᠢ᠌ᠭᠤᠯᠬᠤ ᠵᠢ ᠲᠦᠷᠭᠡᠳᠬᠡᠨ ᠠᠬᠢᠭᠤᠯᠵᠤ᠂ ᠪᠣᠬᠢᠷᠲᠤᠯ ᠥᠬᠡᠶ ᠤᠨᠴᠠᠯᠢᠬᠳᠤ ᠳᠠᠪᠠᠭᠤᠯᠢᠭ ᠣᠲᠣ ᠦᠶ᠎ᠡ ᠵᠢᠨ ᠠᠵᠤ ᠦᠢᠯᠡᠰ᠎ᠤᠨ ᠰᠢᠰᠲ᠋ᠧᠮ᠎ᠢ ᠪᠠᠢ᠌ᠭᠤᠯᠬᠤ ᠵᠢᠨ ᠲᠣᠭᠣᠷᠢᠨ᠎ᠳᠤ᠂ ᠠᠵᠤ ᠦᠢᠯᠡᠰ᠎ᠢ ᠬᠡᠯᠬᠢᠶᠡᠵᠢᠭᠦᠯᠬᠦ᠂ ᠳᠡᠭᠡᠳᠦ ᠲᠠᠰᠵᠢᠭᠤᠯᠬᠤ ᠪᠠ ᠣᠷᠴᠢᠯᠵᠢᠭᠤᠯᠬᠤ ᠵᠢ ᠲᠦᠷᠭᠡᠳᠬᠡᠨ ᠠᠬᠢᠭᠤᠯᠵᠤ᠂ ᠤᠯᠤᠰ᠎ᠤᠨ ᠴᠢᠬᠤᠯᠠ ᠪᠣᠬᠢᠷᠲᠤᠯ ᠥᠬᠡᠶ ᠬᠢᠮᠢ ᠵᠢᠨ ᠠᠵᠤ ᠦᠢᠯᠡᠳᠪᠦᠷᠢ ᠵᠢᠨ ᠵᠢᠱ᠌ᠢᠶ᠎ᠡ ᠦᠵᠡᠭᠦᠯᠬᠦ ᠰᠠᠭᠤᠷᠢᠨ ᠪᠠ ᠰᠢᠨ᠎ᠡ ᠮᠠᠲ᠋ᠧᠷᠢᠶᠠᠯ᠎ᠤᠨ ᠦᠢᠯᠡᠳᠪᠦᠷᠢᠯᠡᠯ᠎ᠤᠨ ᠰᠠᠭᠤᠷᠢᠨ᠎ᠢ ᠪᠥᠲᠥᠭᠡᠨ ᠪᠠᠢ᠌ᠭᠤᠯᠤᠨ᠎ᠠ ᠭᠡᠵᠦ ᠳᠤᠷᠠᠳᠪᠠ᠃ ᠠᠯᠠᠱ᠌ᠠ ᠠᠢ᠌ᠮᠠᠭ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠰᠠᠨᠠᠯ᠎ᠢ ᠨᠡᠢ᠌ᠲᠡᠯᠡᠪᠡ᠂ ᠲᠥᠷᠥ ᠲᠠᠷᠬᠠᠭ᠋ᠠᠭᠰᠠᠨ 7 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠢ᠌ᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ ᠪᠠᠰᠠ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠦᠨ᠎ᠡ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠠᠬᠢᠭᠤᠯᠤᠨ᠎ᠠ᠂ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ᠂ ᠨᠠᠩ ᠴᠤ᠌ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠤᠱᠯᠠᠭᠤᠯᠬᠤ ᠪᠠ 《ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠪᠠ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠤᠶ᠎ᠠ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ》 ᠦᠢᠯᠡᠳᠦᠯᠭᠡ ᠵᠢᠨ ᠱᠠᠭ᠋ᠠᠷᠳᠠᠯᠭ᠎ᠠ᠂ ᠠᠮᠢ ᠠᠬᠤᠶ ᠵᠢ ᠲᠡᠷᠢᠭᠦᠨ᠎ᠳᠤ ᠲᠠᠯᠪᠢᠬᠤ ᠵᠢ ᠭᠤᠢ᠌ᠪᠢᠰᠢ ᠦᠭᠡᠢ ᠪᠠᠷᠢᠮᠲᠠᠯᠠᠨ᠎ᠠ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ᠎ᠤᠨ ᠪᠣᠳᠠᠲᠠᠢ ᠠᠵᠢᠯᠯᠠᠭ᠎ᠠ᠃ ᠡᠨᠡᠬᠦ ᠠᠬᠤᠢ ᠪᠠᠢ᠌ᠳᠠᠯ ᠳᠣᠣᠷ᠎ᠠ᠂ ᠠᠢ᠌ᠮᠠᠭ᠎ᠤᠨ ᠵᠠᠬᠢᠷᠭ᠎ᠠ᠎ᠠᠴᠠ 《ᠰᠠᠨᠠᠯ》᠎ᠢ ᠨᠡᠢ᠌ᠲᠡᠯᠡᠪᠡ᠃
ᠬᠣᠶᠠᠷ ᠂《ᠰᠠᠨᠠᠯ》᠎ᠤᠨ ᠦᠨᠳᠦᠰᠦᠨ ᠵᠠᠷᠴᠢᠮ᠎ᠨᠢ ᠶᠠᠭᠤ ᠶᠠᠭᠤ ᠪᠣᠶ ?
《ᠰᠠᠨᠠᠯ》᠎ᠳᠤ 5 ᠵᠦᠢᠯ᠎ᠤᠨ ᠦᠨᠳᠦᠰᠦᠨ ᠵᠠᠷᠴᠢᠮ᠎ᠢ ᠳᠤᠷᠠᠳᠤᠨ ᠭᠠᠷᠭ᠋ᠠᠪᠠ᠂ ᠲᠤᠬᠠᠢ᠌ᠯᠠᠪᠠᠯ ᠪᠣᠬᠢᠷᠲᠤᠯ ᠥᠬᠡᠶ ᠣᠷᠴᠢᠯ᠎ᠢ ᠪᠠᠷᠢᠮᠲᠠᠯᠠᠵᠤ᠂ ᠥᠨᠳᠥᠷ ᠪᠦᠲᠦᠮᠵᠢᠲᠡᠶ ᠬᠡᠯᠪᠡᠷᠢ ᠵᠢ ᠬᠤᠪᠢᠷᠠᠭᠤᠯᠬᠤ ᠵᠢ ᠪᠡᠶᠡᠯᠡᠭᠦᠯᠦᠨ᠎ᠡ; ᠡᠬᠢ ᠪᠠᠶᠠᠯᠢᠭ᠎ᠢ ᠲᠥᠪᠯᠡᠷᠡᠭᠦᠯᠬᠦ ᠵᠢ ᠪᠠᠷᠢᠮᠲᠠᠯᠠᠵᠤ᠂ ᠰᠢᠨ᠎ᠡ ᠵᠢ ᠡᠭᠦᠳᠦᠨ ᠬᠥᠭᠵᠢᠬᠦ ᠵᠢ ᠲᠦᠷᠭᠡᠳᠬᠡᠨ᠎ᠡ; ᠳᠡᠭᠡᠳᠦ ᠰᠢᠨ᠎ᠡ ᠪᠠᠢ᠌ᠷᠢ ᠲᠣᠭᠲᠠᠭ᠋ᠠᠯᠲᠠ ᠵᠢ ᠪᠠᠷᠢᠮᠲᠠᠯᠠᠵᠤ᠂ ᠠᠵᠤ ᠦᠢ᠍ᠯᠡᠰ᠎ᠤᠨ ᠥᠨᠳᠥᠷᠯᠢᠭ᠎ᠢ ᠴᠣᠭᠴᠠᠯᠠᠨ᠎ᠠ; ᠳᠠᠪᠠᠭᠤᠯᠢᠭ ᠵᠶ᠋ᠠᠨ ᠳᠣᠪᠣᠢ᠌ᠯᠭ᠋ᠠᠬᠤ ᠵᠢ ᠪᠠᠷᠢᠮᠲᠠᠯᠠᠵᠤ᠂ ᠣᠷᠣᠨ ᠪᠦᠰᠡ ᠵᠢᠨ ᠣᠨᠴᠠᠯᠢᠭ ᠵᠶ᠋ᠠᠨ ᠢᠯᠡᠷᠡᠭᠦᠯᠬᠦ ᠬᠡᠷᠡᠭᠲᠡᠶ; ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ᠃
ᠭᠤᠷᠪᠠ᠂ 《ᠰᠠᠨᠠᠯ》᠎ᠳᠤ ᠳᠤᠷᠠᠳᠤᠭᠰᠠᠨ ᠠᠯᠠᠱ᠌ᠠ ᠳᠡᠭᠡᠳᠦ ᠰᠢᠨ᠎ᠡ ᠲᠣᠭᠣᠷᠢᠭ᠎ᠤᠨ ᠴᠢᠨᠠᠷ ᠰᠠᠢ᠌ᠲᠠᠶ ᠬᠥᠭᠵᠢᠯᠲᠡ ᠵᠢᠨ ᠬᠠᠷᠠᠯᠲᠠ᠎ᠨᠢ ᠶᠠᠭᠤ ᠪᠣᠶ?
《ᠰᠠᠨᠠᠯ》᠎ᠳᠤ ᠳᠤᠷᠠᠳᠤᠭᠰᠠᠨ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠴᠢᠨᠠᠷ ᠰᠠᠢ᠌ᠲᠠᠶ ᠬᠥᠭᠵᠢᠯᠲᠡ ᠵᠢᠨ ᠬᠠᠷᠠᠯᠲᠠ ᠪᠣᠯ᠄ 2025 ᠣᠨ ᠪᠣᠯᠬᠤ᠎ᠳᠤ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠠᠵᠤ ᠦᠢᠯᠡᠳᠪᠦᠷᠢ ᠵᠢᠨ ᠶᠡᠷᠦᠩᠬᠡᠶ ᠦᠢᠯᠡᠳᠬᠦᠨ᠎ᠤ ᠥᠷᠲᠡᠭ᠎ᠢ 900 ᠳ᠋ᠦᠩᠰᠢᠭᠤᠷ ᠲᠥᠭᠥᠷᠢᠭ᠂ ᠡᠵᠡᠩᠨᠡᠯᠲᠡ ᠵᠢᠨ ᠣᠷᠣᠯᠭ᠎ᠠ ᠵᠢ 1000 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠦᠢᠯᠡᠳᠬᠦᠨ᠎ᠤ ᠥᠷᠲᠡᠭ᠎ᠤᠨ ᠬᠦᠷᠢᠶᠡᠯᠡᠩ ᠲᠣᠭᠣᠷᠢᠭ᠎ᠤᠨ ᠠᠵᠤ ᠦᠢᠯᠡᠳᠪᠦᠷᠢ ᠵᠢᠨ ᠶᠡᠷᠦᠩᠬᠡᠶ ᠦᠢᠯᠡᠳᠬᠦᠨ᠎ᠤ ᠥᠷᠲᠡᠭ᠎ᠲᠤ ᠡᠵᠡᠯᠡᠬᠦ ᠬᠤᠪᠢ ᠵᠢᠨ ᠵᠢᠩ᠎ᠢ 50 %᠎ᠳᠤ ᠬᠦᠷᠭᠡᠨ᠎ᠡ᠃ ᠳᠡᠭᠡᠳᠦ ᠰᠢᠨ᠎ᠡ ᠮᠡᠷᠭᠡᠵᠢᠯ᠎ᠤᠨ ᠣᠷᠣᠨ᠎ᠤ ᠳᠣᠲᠣᠷᠠᠬᠢ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠲᠣᠭ᠎ᠠ᠎ᠨᠢ ᠪᠦᠬᠦ ᠠᠢ᠌ᠮᠠᠭ᠎ᠤᠨ ᠶᠡᠷᠦᠩᠬᠡᠢ ᠲᠣᠭ᠋ᠠᠨ᠎ᠤ 70 %᠎ᠳᠤ ᠬᠦᠷᠴᠦ᠂ ᠡᠭᠦᠳᠦᠯᠲᠡ ᠵᠢᠨ ᠲᠤᠰᠬᠠᠢ ᠠᠰᠢᠭ᠎ᠤᠨ ᠲᠣᠭ᠎ᠠ᠎ᠨᠢ ᠪᠦᠬᠦ ᠠᠢ᠌ᠮᠠᠭ᠎ᠤᠨ ᠶᠡᠷᠦᠩᠬᠡᠢ ᠲᠣᠭ᠋ᠠᠨ᠎ᠤ 60 %᠎ᠳᠤ ᠬᠦᠷᠴᠡᠢ᠃ ᠥᠪᠡᠷᠲᠡᠭᠡᠨ ᠵᠠᠰᠠᠬᠤ ᠣᠷᠣᠨ᠎ᠤ ᠲᠠᠰ ᠵᠢᠴᠢ ᠲᠡᠭᠦᠨ᠎ᠠᠴᠠ ᠳᠡᠭᠡᠭᠰᠢᠬᠢ ᠰᠤᠳᠤᠯᠤᠨ ᠨᠡᠭᠡᠭᠡᠬᠦ ᠪᠠᠢ᠌ᠭᠤᠯᠤᠮᠵᠢ ᠵᠢ 30 ᠪᠠᠢ᠌ᠭᠤᠯᠵᠤ᠂ ᠣᠳᠣᠬᠢᠴᠢᠯᠠᠭᠰᠠᠨ ᠠᠵᠤ ᠦᠢᠯᠡᠳᠪᠦᠷᠢ ᠵᠢᠨ ᠠᠵᠤ ᠦᠢᠯᠡᠰ᠎ᠤᠨ ᠳᠡᠭᠡᠳᠦ ᠲᠠᠰ᠎ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠤ᠂ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠬᠦᠴᠦᠨ ᠵᠦᠢᠯ᠎ᠢ ᠤᠯᠠᠮ ᠨᠢᠭᠡ ᠠᠯᠬᠤᠮ ᠲᠥᠪᠯᠡᠷᠡᠭᠦᠯᠵᠦ᠂ 《ᠳᠡᠭᠡᠭᠰᠢᠯᠡᠭᠦᠯᠬᠦ᠎ᠪᠠᠷ ᠪᠠᠢ᠌ᠭᠤᠯᠬᠤ ᠵᠢ ᠠᠬᠢᠭᠤᠯᠬᠤ》 ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠪᠠ᠃ ᠲᠦᠮᠡᠨ ᠲᠥᠭᠥᠷᠢᠭ᠎ᠤᠨ GDP ᠵᠢᠨ ᠡᠨᠧᠷᠭᠢ ᠵᠢᠨ ᠬᠣᠷᠣᠭᠳᠠᠭᠤᠯᠭ᠎ᠠ ᠵᠢ 15 %᠎ᠪᠠᠷ ᠪᠠᠭᠤᠷᠠᠭᠤᠯᠵᠤ᠂ ᠠᠵᠤ ᠦᠢᠯᠡᠳᠪᠦᠷᠢ ᠵᠢᠨ ᠤᠰᠤ ᠬᠡᠷᠡᠭᠯᠡᠬᠦ ᠵᠢ ᠳᠠᠬᠢᠨ ᠳᠠᠪᠲᠠᠨ ᠠᠰᠢᠭᠯᠠᠬᠤ ᠨᠣᠷᠮ᠎ᠠ ᠵᠢ 90 %᠎ᠳᠤ ᠬᠦᠷᠦᠭᠦᠯᠵᠦ᠂ ᠠᠮᠢ ᠠᠬᠤᠶ ᠵᠢᠨ ᠪᠣᠯᠪᠠᠰᠤᠨ᠎ᠤ ᠪᠠᠢ᠌ᠭᠤᠯᠤᠯᠲᠠ ᠵᠢ ᠪᠥᠬᠥ ᠣᠷᠣᠨ ᠴᠢᠨᠠᠭᠰᠢᠯᠠᠪᠠᠯ ᠪᠥᠬᠥ ᠤᠯᠤᠰ᠎ᠤᠨ ᠲᠡᠷᠢᠭᠦᠨ᠎ᠤ ᠬᠢᠷᠢ ᠬᠡᠮᠵᠢᠶ᠎ᠡ᠎ᠳᠤ ᠬᠦᠷᠦᠭᠦᠯᠵᠦ᠂ ᠪᠥᠬᠥ ᠤᠯᠤᠰ᠎ᠲᠤ ᠨᠡᠷ᠎ᠡ ᠠᠯᠳᠠᠷᠰᠢᠭᠰᠠᠨ ᠣᠳᠣᠬᠢᠴᠢᠯᠠᠭᠰᠠᠨ ᠠᠵᠤ ᠦᠢᠯᠡᠳᠪᠦᠷᠢ ᠵᠢᠨ ᠠᠵᠤ ᠦᠢᠯᠡᠰ᠎ᠤᠨ ᠪᠣᠬᠢᠷᠲᠤᠯ ᠥᠬᠡᠶ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠬᠥᠭᠵᠢᠭᠰᠡᠨ ᠨᠡᠢ᠌ᠲᠡᠯᠢᠭ ᠵᠢᠱ᠌ᠢᠶ᠎ᠡ ᠪᠣᠯᠬᠤ᠎ᠪᠠᠷ ᠴᠢᠷᠮᠠᠢ᠌ᠨ᠎ᠠ᠃
ᠳᠥᠷᠪᠡ᠂ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠶᠠᠮᠠᠷ ᠶᠠᠮᠠᠷ ᠠᠷᠭ᠎ᠠ ᠬᠡᠮᠵᠢᠶ᠎ᠡ ᠪᠠᠢ᠌ᠬᠤ ᠪᠣᠶ?
《ᠰᠠᠨᠠᠯ》᠎ᠳᠤ 19 ᠵᠦᠢᠯ᠎ᠤᠨ ᠭᠣᠤᠯᠳᠠᠯᠭ᠎ᠠ᠎ᠲᠠᠢ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠠᠩᠭ᠋ᠠᠯᠭ᠎ᠠ ᠵᠢ ᠴᠢᠩᠭ᠋ᠠᠳᠬᠠᠬᠤ ᠲᠠᠯ᠎ᠠ᠎ᠪᠠᠷ᠂ ᠭᠣᠣᠯᠳᠠᠯᠭ᠎ᠠ᠎ᠲᠠᠢ ᠬᠦᠷᠢᠶᠡᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠬᠢᠭᠤᠯᠬᠤ᠂ ᠳᠡᠭᠡᠳᠦ ᠲᠡᠰ᠎ᠤᠨ ᠰᠢᠨ᠎ᠡ ᠵᠢ ᠡᠭᠦᠳᠬᠦ ᠲᠠᠪᠴᠠᠩ᠎ᠢ ᠲᠦᠷᠭᠡᠯᠡᠨ ᠪᠠᠢ᠌ᠷᠢᠯᠠᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠲᠠᠪᠴᠠᠩ᠎ᠤᠨ ᠰᠢᠰᠲ᠋ᠧᠮ᠎ᠢ ᠪᠠᠢ᠌ᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠱᠠᠳᠤ ᠳᠠᠷᠠᠭ᠋ᠠᠯᠠᠨ ᠪᠣᠢ᠌ᠵᠢᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠬᠢᠭᠡᠳ ᠮᠥᠩᠭᠥᠨ ᠭᠦᠢ᠍ᠯᠭᠡᠭᠡᠨ᠎ᠤ ᠭᠦᠨᠵᠡᠭᠡᠢ ᠠᠭᠤᠰᠤᠯᠳᠤᠯᠢ ᠠᠬᠢᠭᠤᠯᠬᠤ ᠵᠢ ᠪᠠᠭᠲᠠᠭ᠋ᠠᠭᠰᠠᠨ 5 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠢᠳᠡᠪᠬᠢᠲᠡᠢ ᠪᠠᠢ᠌ᠭᠤᠯᠬᠤ ᠲᠠᠯ᠎ᠠ᠎ᠪᠠᠷ᠂ ᠤᠯᠠᠮᠵᠢᠯᠠᠯᠲᠤ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠦᠷᠭᠦᠯᠵᠢᠯᠡᠨ ᠠᠬᠢᠭᠤᠯᠬᠤ᠂ ᠲᠡᠷᠢᠭᠦᠨ᠎ᠤ ᠦᠢ᠍ᠯᠡᠳᠬᠦ ᠦᠢ᠍ᠯᠡᠰ ᠪᠠ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠠᠭᠤᠰᠤᠯᠳᠤᠨ ᠬᠥᠭᠵᠢᠬᠦ ᠵᠢ ᠲᠦᠷᠭᠡᠳᠬᠡᠬᠦ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠶᠡᠬᠡ᠎ᠪᠠᠷ ᠪᠣᠢ᠌ᠵᠢᠭᠤᠯᠤᠨ ᠬᠥᠭᠵᠢᠭᠦᠯᠬᠦ᠃ ᠠᠮᠢ ᠠᠬᠤᠢ ᠵᠢᠨ ᠣᠷᠴᠢᠨ ᠨᠥᠬᠥᠴᠡᠯ᠎ᠢ ᠵᠠᠰᠠᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠲᠠᠯ᠎ᠠ᠎ᠪᠠᠷ᠂ ᠡᠨᠧᠷᠭᠢ ᠵᠢᠨ ᠬᠣᠷᠣᠭᠳᠠᠭᠤᠯᠤᠯ᠎ᠤᠨ ᠬᠦᠴᠦᠯᠡᠴᠡ ᠵᠢᠨ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠵᠤ᠂ ᠠᠮᠢ ᠠᠬᠤᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠦᠢ᠍ᠯᠡᠰ᠎ᠤᠨ ᠰᠢᠨ᠎ᠡ ᠵᠢ ᠡᠭᠦᠳᠦᠨ ᠬᠥᠭᠵᠢᠭᠦᠯᠬᠦ᠃ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠨᠡᠭᠡᠭᠡᠯᠲᠡ ᠵᠢ ᠥᠷᠭᠡᠳᠬᠡᠬᠦ ᠲᠠᠯ᠎ᠠ᠎ᠪᠠᠷ᠂ ᠣᠷᠣᠨ ᠪᠦᠰᠡ ᠵᠢᠨ ᠬᠠᠮᠲᠤᠷᠠᠯᠴᠠᠭ᠎ᠠ ᠬᠥᠭᠵᠢᠯᠲᠡ ᠵᠢ ᠴᠢᠩᠭ᠋ᠠᠳᠬᠠᠬᠤ᠂ ᠠᠵᠢᠯᠲᠠᠨ᠎ᠤ ᠬᠠᠮᠢᠶᠠᠷᠤᠯᠲᠠ ᠵᠢᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠂ ᠲᠡᠷᠢᠭᠦᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠣᠶ ᠪᠣᠯᠭ᠋ᠠᠬᠤ᠂ ᠰᠢᠨ᠎ᠡ ᠵᠢ ᠡᠭᠦᠳᠬᠦ ᠴᠢᠳᠠᠪᠤᠷᠢᠲᠠᠨ᠎ᠤ ᠥᠨᠳᠥᠷᠯᠢᠭ ᠭᠠᠵᠠᠷ᠎ᠢ ᠪᠣᠶ ᠪᠣᠯᠭ᠋ᠠᠬᠤ᠂ ᠣᠲᠣ ᠦᠶ᠎ᠡ ᠵᠢᠨ ᠪᠠᠷᠠᠭ᠋ᠠᠨ᠎ᠤ ᠭᠦᠢᠯᠭᠡᠭᠡᠨ᠎ᠤ ᠬᠥᠭᠵᠢᠯᠲᠡ ᠵᠢᠨ ᠰᠤᠳᠠᠰᠤ ᠵᠢ ᠪᠥᠬᠥ ᠬᠦᠴᠦᠨ ᠵᠶ᠋ᠡᠷ ᠵᠶ᠋ᠡᠨ ᠨᠡᠪᠲᠡᠷᠡᠭᠦᠯᠬᠦ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠴᠢᠩᠭ᠋ᠠᠳᠬᠠᠬᠤ ᠵᠢ ᠪᠠᠭᠲᠠᠭ᠋ᠠᠭᠰᠠᠨ 6 ᠵᠦᠢᠯ᠎ᠤᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢᠨ ᠲᠠᠯ᠎ᠠ᠎ᠪᠠᠷ᠂ ᠵᠣᠬᠢᠶᠠᠨ ᠪᠠᠢ᠌ᠭᠤᠯᠵᠤ ᠵᠣᠬᠢᠴᠠᠭᠤᠯᠬᠤ ᠵᠢ ᠴᠢᠩᠭ᠋ᠠᠳᠬᠠᠬᠤ᠂ ᠺᠠᠳ᠋ᠷ᠎ᠤᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠬᠤ᠂ ᠰᠢᠯᠭ᠋ᠠᠨ ᠦᠨᠡᠯᠡᠬᠦ ᠲᠣᠭᠲᠠᠴᠠ ᠵᠢ ᠪᠠᠢ᠌ᠭᠤᠯᠬᠤ᠃
ᠲᠠᠪᠤ᠂ 《ᠰᠠᠨᠠᠯ》᠎ᠨᠢ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠶᠠᠮᠠᠷ ᠦᠢᠯᠡᠳᠦᠯ ᠪᠠᠳᠠᠷᠠᠭᠤᠯᠬᠤ ᠪᠣᠶ ?
《ᠰᠠᠨᠠᠯ》᠎ᠢ ᠬᠡᠷᠡᠭᠵᠢᠭᠦᠯᠦᠭᠰᠡᠨ᠎ᠨᠢ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠰᠢᠨ᠎ᠡ ᠵᠢ ᠡᠭᠦᠳᠬᠦ ᠦᠢ᠍ᠯᠡᠰ ᠪᠤᠰᠬᠠᠬᠤ ᠠᠮᠢᠵᠢᠷᠠᠯ᠎ᠤᠨ ᠬᠦᠴᠦᠨ᠎ᠢ ᠤᠯᠠᠮ ᠴᠢᠨᠠᠭᠰᠢᠳᠠ ᠬᠥᠭᠵᠢᠭᠡᠵᠦ᠂ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠪᠣᠯᠤᠨ ᠭᠣᠣᠯᠯᠠᠭᠴᠢ ᠦᠷᠢᠰᠦᠯᠳᠦᠬᠦ ᠬᠦᠴᠦᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ 《ᠳᠡᠭᠡᠭᠰᠢᠯᠡᠭᠦᠯᠬᠦ᠎ᠪᠠᠷ ᠪᠠᠢ᠌ᠭᠤᠯᠬᠤ ᠵᠢ ᠠᠬᠢᠭᠤᠯᠬᠤ》 ᠡᠯ᠎ᠡ ᠵᠦᠢ᠍ᠯ᠎ᠤᠨ ᠠᠵᠢᠯ᠎ᠢ ᠠᠬᠢᠭᠤᠯᠵᠤ᠂ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠪᠣᠯᠭ᠋ᠠᠨ ᠠᠮᠵᠢᠯᠲᠠ᠎ᠲᠠᠢ ᠳᠡᠰ ᠳᠡᠪᠰᠢᠭᠦᠯᠵᠦ᠂ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ ᠪᠣᠯᠤᠨ᠎ᠠ᠃