ᠲᠠᠷᠢᠶᠠᠨ ᠭᠠᠵᠠᠷ᠎ᠲᠤ᠂ ᠲᠠᠷᠢᠶᠠᠴᠢᠳ 《ᠵᠢᠯᠣᠭᠣᠴᠢ ᠥᠬᠡᠶ ᠨᠢᠰᠬᠡᠯ᠎ᠤᠨ ᠡᠭᠦᠯᠡᠨ ᠲᠠᠪᠴᠠᠩ》 ᠵᠶ᠋ᠠᠷ ᠳᠡᠮᠵᠢᠨ ᠡᠯ᠎ᠡ ᠵᠦᠢᠯ᠎ᠤᠨ ᠦᠢᠯᠡᠳᠪᠦᠷᠢᠯᠡᠯ᠎ᠤᠨ ᠲᠣᠭ᠎ᠠ ᠪᠠᠷᠢᠮᠲᠠ ᠵᠢ ᠴᠠᠭ ᠲᠤᠬᠠᠶ᠎ᠳᠤᠨᠢ ᠣᠯᠵᠤ᠂ ᠦᠢᠯᠡᠳᠪᠦᠷᠢᠯᠡᠯ᠎ᠤᠨ ᠦᠷ᠎ᠡ ᠪᠦᠲᠦᠮᠵᠢ᠎ᠨᠢ ᠶᠡᠬᠡ᠎ᠪᠠᠷ ᠳᠡᠭᠡᠭᠰᠢᠯᠡᠪᠡ; ᠬᠡᠷ ᠪᠠᠢ᠌ᠰᠢᠩ᠎ᠤᠨ ᠡᠮᠦᠨ᠎ᠡ ᠬᠣᠢ᠌ᠨ᠎ᠠ᠂ ᠲᠠᠷᠢᠶᠠᠴᠢᠳ 《ᠬᠥᠰᠢᠵᠦ ᠤᠭᠰᠠᠷᠠᠬᠤ ᠮᠠᠶᠢᠭ᠎ᠤᠨ ᠡᠨᠧᠷᠭᠢ ᠵᠢᠨ ᠦᠢᠯᠡᠴᠢᠯᠡᠭᠡᠨ᠎ᠤ ᠥᠷᠲᠡᠭᠡ》 ᠵᠢ ᠠᠰᠢᠭᠯᠠᠨ ᠲᠣᠰᠣ᠂ ᠬᠡᠶ ᠵᠡᠷᠭᠡ ᠦᠢᠯᠡᠳᠪᠦᠷᠢᠯᠡᠯ ᠠᠮᠢᠳᠤᠷᠠᠯ᠎ᠤᠨ ᠡᠨᠧᠷᠭᠢ ᠵᠢᠨ ᠰᠤᠷᠪᠤᠯᠵᠢ ᠵᠢ ᠨᠥᠬᠥᠪᠥᠷᠢᠯᠡᠵᠦ᠂ ᠲᠥᠬᠥᠮ ᠪᠥᠭᠡᠳ ᠲᠦᠷᠭᠡᠨ ᠪᠣᠯᠪᠠ; ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠨ᠎ᠠ᠂ 《ᠲᠦᠷᠭᠡᠨ ᠪᠥᠭᠡᠳ ᠲᠦᠷᠭᠡᠨ ᠴᠤᠭᠯᠠᠭ᠎ᠠ ᠮᠠᠢ᠌ᠮᠠᠶ》 ᠵᠢᠨ ᠴᠣᠭᠴᠠᠯᠠᠭᠰᠠᠨ ᠦᠵᠦᠭᠦᠷ᠎ᠨᠢ ᠴᠤᠭᠯᠠᠭ᠎ᠠ ᠮᠠᠢ᠌ᠮᠠᠶ ᠵᠢ ᠢᠨᠲ᠋ᠧᠷ ᠰᠦᠯᠵᠢᠶ᠎ᠡ᠎ᠪᠠᠷ ᠪᠠᠷᠠᠭ᠎ᠠ ᠬᠤᠳᠠᠯᠳᠤᠨ ᠠᠪᠬᠤ᠎ᠲᠠᠢ ᠤᠶᠠᠯᠳᠤᠭᠤᠯᠵᠤ᠂ ᠬᠥᠳᠡᠭᠡ ᠲᠣᠰᠬᠣᠨ᠎ᠤ ᠬᠡᠷᠡᠭᠯᠡᠭᠡ ᠵᠢᠨ ᠲᠠᠰ ᠳᠡᠪᠰᠢᠬᠦ᠎ᠳᠤ ᠬᠦᠴᠦᠨ ᠨᠡᠮᠡᠷᠢᠯᠡᠪᠡ 2018 ᠣᠨ᠎ᠤ ᠪᠥᠬᠥ ᠤᠯᠤᠰ᠎ᠤᠨ ᠣᠯᠠᠨ ᠵᠶ᠋ᠠᠷ ᠵᠶ᠋ᠠᠨ ᠦᠢᠯᠡᠰ ᠴᠣᠭᠴᠠᠯᠠᠵᠤ ᠲᠦᠮᠡᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠠᠵᠢᠯᠯᠠᠭ᠋ᠠᠨ᠎ᠤ ᠭᠠᠷᠠᠭ᠎ᠤᠨ ᠴᠧᠩᠳᠦ᠋ ᠵᠢᠨ ᠭᠣᠤᠯ ᠬᠤᠷᠠᠯ᠎ᠤᠨ ᠲᠠᠯᠠᠪᠠᠶ᠂ ᠣᠯᠠᠨ ᠴᠢᠳᠠᠮᠵᠢ ᠵᠢ ᠨᠢᠭᠡ ᠴᠣᠭᠴᠠᠵᠢᠭᠤᠯᠤᠭᠰᠠᠨ 《ᠣᠲᠣ ᠦᠶ᠎ᠡ ᠵᠢᠨ ᠤᠶᠤᠨᠲᠤ ᠬᠥᠳᠡᠭᠡ ᠲᠣᠰᠬᠣᠨ᠎ᠤ ᠦᠢᠯᠡᠳᠪᠦᠷᠢᠯᠡᠯ ᠠᠮᠢᠳᠤᠷᠠᠯ᠎ᠤᠨ ᠦᠢᠯᠡᠴᠢᠯᠡᠭᠡᠨ᠎ᠤ ᠲᠠᠪᠴᠠᠩ》᠎ᠤᠨ ᠲᠥᠷᠥᠯ ᠵᠦᠢᠯ᠎ᠢ ᠳᠡᠯᠭᠡᠨ ᠦᠵᠡᠭᠦᠯᠦᠮᠡᠭᠴᠡ ᠳᠠᠷᠤᠶ ᠲᠥᠪᠯᠡᠷᠡᠯ᠎ᠤᠨ ᠴᠡᠭ ᠪᠣᠯᠪᠠ ᠃
《ᠤᠯᠠᠨ ᠵᠶ᠋ᠠᠷ ᠵᠶ᠋ᠠᠨ ᠦᠢ᠍ᠯᠡᠰ ᠪᠤᠰᠬᠠᠵᠦ᠂ ᠨᠡᠢ᠌ᠲᠡ᠎ᠪᠠᠷ ᠵᠶ᠋ᠡᠨ ᠰᠢᠨ᠎ᠡ ᠵᠢ ᠡᠭᠦᠳᠬᠦ》 4 ᠵᠢᠯ᠎ᠢ ᠥᠩᠭᠡᠷᠡᠭᠡᠵᠦ᠂ ᠲᠤᠪᠤᠢ᠍ᠢ᠍ᠮ᠎ᠠ ᠠᠮᠵᠢᠯᠲᠠ ᠣᠯᠵᠠᠢ ᠃ ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ᠂ ᠮᠠᠨ᠎ᠤ ᠤᠯᠤᠰ ᠳᠤᠮᠳᠠᠴᠢ᠎ᠪᠠᠷ ᠡᠳᠦᠷ ᠪᠦᠷᠢ 1 . 81 ᠲᠦᠮᠡᠨ ᠠᠵᠤ ᠠᠬᠤᠢ᠌ᠯᠠᠯ ᠰᠢᠨ᠎ᠡ᠎ᠪᠠᠷ ᠨᠡᠮᠡᠭᠳᠡᠵᠦ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠶᠡᠷᠦᠩᠬᠡᠶ ᠬᠡᠮᠵᠢᠶ᠎ᠡ ᠠᠩᠬ᠎ᠠ ᠤᠳᠠᠭ᠎ᠠ 1 ᠳ᠋ᠦᠩᠰᠢᠭᠤᠷ᠎ᠢ ᠳᠠᠪᠠᠵᠤ᠂ ᠭᠦᠢᠴᠡᠳ ᠪᠥᠭᠡᠳ ᠴᠢᠨᠠᠷ ᠰᠠᠢ᠌ᠲᠠᠶ ᠠᠵᠢᠯ ᠣᠯᠭᠣᠯᠲᠠ ᠵᠢ ᠬᠦᠴᠦᠲᠡᠶ ᠳᠠᠢ᠌ᠴᠢᠯᠠᠪᠠ; 120 《ᠦᠢ᠍ᠯᠡᠰ ᠪᠤᠰᠬᠠᠵᠤ ᠰᠢᠨ᠎ᠡ ᠵᠢ ᠡᠭᠦᠳᠬᠦ》 ᠵᠢᠱ᠌ᠢᠢ᠎ᠡ ᠦᠵᠡᠭᠦᠯᠬᠦ ᠰᠠᠭᠤᠷᠢᠨ᠂ 5500 ᠭᠠᠷᠤᠢ ᠤᠯᠠᠨ ᠵᠶ᠋ᠠᠷ ᠵᠶ᠋ᠠᠨ ᠦᠢ᠍ᠯᠡᠰ ᠪᠤᠰᠬᠠᠬᠤ ᠣᠷᠣᠨ ᠵᠠᠢ᠂ 4000 ᠭᠠᠷᠤᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠢ ᠨᠡᠪᠴᠢᠭᠦᠯᠬᠦ᠂ 3500 ᠭᠠᠷᠤᠢ ᠦᠢ᠍ᠯᠡᠰ ᠪᠤᠰᠬᠠᠬᠤ ᠪᠡᠯᠡ ᠣᠷᠣᠭᠤᠯᠤᠯᠲᠠ ᠵᠢᠨ ᠪᠠᠢ᠌ᠭᠤᠯᠤᠮᠵᠢ ᠥᠷᠨᠢᠭᠦᠨ ᠬᠥᠭᠵᠢᠵᠦ᠂ ᠳᠤᠮᠳᠠᠳᠤ ᠤᠯᠤᠰ᠎ᠤᠨ ᠳᠡᠯᠡᠬᠡᠢ ᠳᠡᠭᠡᠷᠡᠬᠢ ᠬᠣᠶᠠᠳᠤᠭ᠋ᠠᠷ ᠲᠤᠮᠤ ᠦᠢ᠍ᠯᠡᠰ ᠪᠤᠰᠬᠠᠬᠤ ᠪᠡᠯᠡ ᠣᠷᠣᠭᠤᠯᠤᠯᠲᠠ ᠵᠢᠨ ᠵᠠᠬ᠎ᠠ ᠳᠡᠯᠭᠡᠭᠦᠷ ᠪᠣᠯᠬᠤ᠎ᠳᠤ ᠬᠦᠴᠦ ᠨᠡᠮᠡᠷᠢᠯᠡᠪᠡ ᠃ ᠬᠢᠷᠢ ᠪᠦᠲᠦᠮᠵᠢ ᠵᠢᠨ ᠨᠥᠭᠥᠭᠡ ᠲᠠᠯ᠎ᠠ᠎ᠨᠢ ᠴᠦ᠍ ᠰᠢᠨ᠎ᠡ ᠬᠦᠰᠡᠯ ᠡᠷᠡᠮᠡᠯᠵᠡᠯ᠂ ᠰᠢᠨ᠎ᠡ ᠢᠷᠡᠭᠡᠳᠦᠶ ᠵᠢ ᠲᠥᠯᠥᠭᠡᠯᠡᠵᠦ ᠪᠠᠢ᠌ᠳᠠᠭ ᠃ ᠡᠨᠡ ᠵᠢᠯ᠎ᠤᠨ ᠪᠥᠬᠥ ᠤᠯᠤᠰ᠎ᠤᠨ ᠲᠦᠭ ᠲᠦᠮᠡᠨ ᠵᠶ᠋ᠡᠷ ᠵᠶ᠋ᠡᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠠᠵᠢᠯᠯᠠᠭ᠎ᠠ ᠵᠢᠨ ᠭᠠᠷᠠᠭ᠎ᠤᠨ ᠭᠣᠤᠯ ᠰᠡᠳᠦᠪ ᠪᠣᠯ 《ᠥᠨᠳᠥᠷ ᠬᠢᠷᠢ ᠲᠦᠪᠰᠢᠨ ᠪᠥᠬᠥᠶ ᠬᠣᠤᠰ ᠡᠭᠦᠳᠦᠯᠲᠡ᠂ ᠴᠢᠨᠠᠷ ᠰᠠᠢ᠌ᠲᠠᠶ ᠬᠥᠭᠵᠢᠯᠲᠡ》 ᠪᠣᠯᠤᠨ᠎ᠠ; ᠤᠯᠤᠰ᠎ᠤᠨ ᠪᠠᠶᠠᠷ᠎ᠠᠴᠠ ᠡᠮᠦᠨᠡᠬᠡᠨ᠂ ᠲᠥᠷᠥ ᠵᠢᠨ ᠶᠠᠪᠤᠳᠠᠯ᠎ᠤᠨ ᠬᠣᠷᠢᠶ᠎ᠠ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ 《ᠬᠣᠤᠰ ᠡᠭᠦᠳᠦᠯᠲᠡ》 ᠵᠢᠨ ᠲᠠᠰ ᠳᠡᠪᠰᠢᠭᠰᠡᠨ ᠬᠡᠪ᠎ᠢ ᠪᠣᠶ ᠪᠣᠯᠭ᠋ᠠᠬᠤ ᠬᠡᠷᠡᠭᠲᠡᠶ ᠭᠡᠵᠦ ᠱᠠᠭ᠋ᠠᠷᠳᠠᠪᠠ ᠃ ᠰᠢᠨ᠎ᠡ ᠵᠢ ᠡᠭᠦᠳᠴᠦ ᠠᠳᠠᠯ ᠦᠢᠯᠡᠰ ᠴᠣᠭᠴᠠᠯᠠᠬᠤ ᠬᠦᠷᠢᠶᠡᠨ᠎ᠳᠤ ᠬᠡᠷᠬᠢᠨ ᠨᠠᠩ ᠥᠨᠳᠥᠷ ᠳᠡᠭᠲᠡᠷ᠎ᠲᠤ ᠭᠠᠷᠴᠤ᠂ ᠬᠥᠮᠦᠰ᠎ᠢ ᠭᠦᠨ ᠰᠡᠳᠬᠢᠭᠦᠯᠬᠦ ᠪᠣᠶ ᠃
ᠰᠢᠨ᠎ᠡ ᠵᠢ ᠡᠭᠦᠳᠴᠦ ᠦᠢ᠍ᠯᠡᠰ ᠪᠤᠰᠬᠠᠬᠤ ᠵᠢᠨ ᠮᠥᠨ ᠴᠢᠨᠠᠷ ᠪᠣᠯ ᠦᠷᠳᠡᠭ ᠡᠭᠦᠳᠬᠦ ᠶᠠᠪᠤᠳᠠᠯ ᠪᠣᠯᠤᠨ᠎ᠠ᠂ ᠵᠥᠪᠬᠡᠨ ᠳᠥᠭᠥᠮᠬᠡᠨ᠎ᠠᠴᠠ ᠪᠠᠢ᠌ᠬᠤ ᠪᠣᠯᠤᠭᠰᠠᠨ ᠲᠡᠳᠦᠢ ᠪᠢᠰᠢ᠂ ᠨᠡᠩ ᠴᠤ᠌ ᠳᠥᠭᠥᠮᠬᠡᠨ ᠬᠦᠷᠦᠨᠭᠭᠡ ᠵᠢᠨ ᠲᠣᠭᠯᠠᠭ᠋ᠠᠮ ᠪᠢᠰᠢ ᠶᠤᠮ ᠃ ᠬᠠᠮᠲᠤ᠎ᠪᠠᠷ ᠡᠳ᠋ᠯᠡᠬᠦ ᠠᠵᠤ ᠠᠬᠤᠢ ᠵᠢᠨ ᠲᠤᠭ᠎ᠢ ᠡᠷᠭᠦᠭᠰᠡᠨ ᠵᠠᠷᠢᠮ ᠦᠢ᠍ᠯᠡᠰ ᠪᠤᠰᠬᠠᠬᠤ ᠲᠦᠷᠦᠯ ᠵᠦᠢ᠍ᠯ ᠡᠷᠭᠢᠯᠳᠦᠨ ᠤᠰᠠᠳᠴᠤ᠂ ᠵᠠᠷᠢᠮ ᠰᠦᠯᠵᠢᠶᠡᠨ ᠳᠡᠭᠡᠷ᠎ᠡ ᠲᠡᠷᠭᠡ ᠲᠦᠷᠢᠶᠡᠰᠦᠯᠡᠬᠦ ᠲᠠᠪᠴᠠᠩ᠎ᠨᠢ ᠥᠪᠡᠷ᠎ᠤᠨ ᠦᠷᠳᠡᠭ᠎ᠢ ᠪᠠᠭᠤᠷᠠᠭᠤᠯᠬᠤ ᠵᠢᠨ ᠲᠥᠯᠥᠭᠡ ᠠᠶᠠᠨᠴᠢᠳ᠎ᠤᠨ ᠠᠮᠤᠷ ᠲᠦᠪᠰᠢᠨ᠎ᠢ ᠣᠮᠲᠣᠭ᠋ᠠᠢ᠌ᠯᠠᠵᠤ᠂ ᠨᠢᠭᠡ ᠦᠶ᠎ᠡ ᠶᠠᠷᠢᠶ᠎ᠠ ᠬᠡᠯᠡᠯᠴᠡᠭᠡᠨ᠎ᠤ ᠰᠢᠨ᠎ᠡ ᠵᠢ ᠡᠭᠦᠳᠬᠦ ᠲᠤᠬᠠᠢ ᠶᠠᠷᠢᠯᠴᠠᠭ᠎ᠠ ᠵᠢ ᠡᠭᠦᠰᠭᠡᠭᠰᠡᠨ ᠪᠠᠢ᠌ᠨ᠎ᠠ ᠃ ᠬᠡᠷᠪᠡ ᠵᠥᠪᠬᠡᠨ ᠲᠥᠰᠦᠯ ᠡᠷᠢᠵᠦ ᠵᠣᠭᠣᠰ ᠬᠣᠨᠵᠢᠬᠤ᠎ᠪᠠᠷ ᠳᠠᠮᠵᠢᠨ᠂ ᠬᠥᠭᠡᠷᠭᠡᠳᠡᠬᠦ ᠤᠬᠠᠭᠳᠠᠬᠤᠨ ᠵᠶ᠋ᠠᠷ ᠭᠡᠨᠡᠳᠲᠡ ᠪᠠᠶᠠᠵᠢᠪᠠᠯ᠂ ᠦᠨ᠎ᠡ ᠥᠷᠲᠡᠭ᠎ᠲᠠᠢ ᠰᠢᠨ᠎ᠡ ᠡᠭᠦᠳᠦᠯᠲᠡ ᠵᠢ ᠦᠨᠡᠨ ᠬᠦ᠌ ᠪᠡᠶᠡᠯᠡᠭᠦᠯᠵᠦ ᠴᠢᠳᠠᠬᠤ ᠦᠭᠡᠢ ᠶᠤᠮ ᠃ ᠥᠨᠳᠥᠷ ᠲᠦᠪᠰᠢᠨ ᠪᠥᠬᠥᠶ᠂ ᠴᠢᠨᠠᠷ ᠰᠠᠢ᠌ᠲᠠᠶ ᠦᠢᠯᠡᠰ ᠴᠣᠭᠴᠠᠯᠠᠵᠤ ᠰᠢᠨ᠎ᠡ ᠵᠢ ᠡᠭᠦᠳᠬᠦ᠎ᠨᠢ ᠡᠷᠬᠡᠪᠰᠢ ᠲᠠᠩ ᠭᠠᠭᠴᠠ ᠬᠥᠷᠥᠩᠭᠡ ᠵᠢᠨ ᠤᠳᠤᠷᠢᠳᠤᠮᠵᠢ᠎ᠠᠴᠠ ᠮᠤᠯᠲᠤᠷᠠᠵᠤ᠂ ᠬᠡᠷᠡᠭᠴᠡᠭᠡ ᠱᠠᠭ᠋ᠠᠷᠳᠠᠯᠭ᠎ᠠ ᠵᠢ ᠨᠠᠩ ᠢᠯᠡᠭᠦᠦ ᠠᠩᠬᠠᠷᠴᠤ᠂ ᠠᠵᠤ ᠦᠢᠯᠡᠰ᠎ᠢ ᠨᠠᠩ ᠢᠯᠡᠭᠦᠦ ᠵᠣᠯᠭ᠋ᠠᠭᠤᠯᠵᠤ᠂ ᠬᠡᠷᠡᠭᠯᠡᠭᠴᠢᠳ᠎ᠲᠤ ᠥᠷᠲᠡᠭ ᠡᠭᠦᠳᠴᠦ ᠥᠭᠬᠦ᠎ᠪᠠᠷ ᠬᠠᠷᠠᠯᠲᠠ ᠪᠣᠯᠭ᠋ᠠᠬᠤ ᠵᠢ ᠬᠠᠷᠠᠭᠤᠯᠵᠤ ᠪᠠᠢ᠌ᠨ᠎ᠠ ᠃ ᠰᠢᠨ᠎ᠡ ᠵᠢ ᠡᠭᠦᠳᠴᠦ ᠦᠢ᠍ᠯᠡᠰ ᠪᠤᠰᠬᠠᠬᠤ᠎ᠨᠢ ᠳᠠᠪᠠᠯᠭ᠋ᠠᠨ᠎ᠢ ᠰᠦᠷᠦᠨ ᠡᠯᠡᠰᠦ ᠵᠢ ᠲᠤᠩᠭ᠋ᠠᠬᠤ ᠮᠡᠲᠦ᠂ ᠲᠦᠯᠬᠢᠭᠡᠨ ᠲᠠᠲᠠᠷᠠᠬᠤ᠎ᠳᠤ ᠵᠢᠩᠬᠢᠨᠢ ᠠᠯᠳᠠ ᠦᠯᠡᠳᠡᠨ᠎ᠡ ᠃ ᠭᠠᠭᠴᠠ ᠬᠦ᠌ ᠨᠠᠩ ᠪᠣᠯᠪᠠᠰᠤᠷᠠᠩᠭᠤᠶ ᠰᠡᠳᠬᠢᠴᠡ ᠵᠢᠨ ᠪᠠᠢ᠌ᠳᠠᠯ᠂ ᠨᠠᠩ ᠣᠶᠤᠨᠴᠢ ᠰᠡᠳᠬᠢᠬᠦᠶ᠂ ᠨᠠᠩ ᠢᠳᠡᠪᠬᠢᠲᠡᠶ ᠠᠵᠢᠯᠯᠠᠭ᠎ᠠ᠎ᠪᠠᠷ ᠵᠶ᠋ᠠᠨ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠳᠤ ᠣᠷᠣᠯᠴᠠᠵᠤ᠂ ᠤᠷᠤᠰᠴᠠ ᠪᠠ ᠬᠤᠳᠠᠯᠳᠤᠭ᠋ᠠᠨ᠎ᠤ ᠵᠠᠭᠪᠤᠷ᠎ᠤᠨ ᠰᠢᠨ᠎ᠡ ᠵᠢ ᠡᠭᠦᠳᠬᠦ ᠵᠢ ᠠᠩᠬᠠᠷᠬᠤ᠎ᠪᠠᠷ ᠪᠠᠷᠠᠬᠤ ᠥᠬᠡᠶ᠂ ᠭᠣᠤᠯᠯᠠᠬᠤ ᠮᠡᠷᠭᠡᠵᠢᠯ᠎ᠤᠨ ᠰᠢᠪᠲᠤᠯᠤᠯᠲᠠ ᠵᠢ ᠨᠠᠩ ᠠᠩᠬᠠᠷᠪᠠᠯ᠂ ᠳᠤᠮᠳᠠᠳᠤ ᠤᠯᠤᠰ᠎ᠤᠨ ᠰᠢᠨ᠎ᠡ ᠵᠢ ᠡᠭᠦᠳᠴᠦ ᠦᠢᠯᠡᠰ ᠴᠣᠭᠴᠠᠯᠠᠭᠴᠢ ᠰᠠᠶᠢ ᠢᠷᠡᠭᠡᠳᠦᠶ ᠵᠢ ᠣᠯᠵᠤ ᠴᠢᠳᠠᠨ᠎ᠠ ᠃
ᠰᠢᠨ᠎ᠡ ᠵᠢ ᠡᠭᠦᠳᠴᠦ ᠦᠢ᠍ᠯᠡᠰ ᠪᠤᠰᠬᠠᠬᠤ ᠠᠮᠵᠢᠯᠲᠠ ᠤᠯᠬᠤ᠎ᠳᠤ ᠬᠤᠪᠢ ᠬᠥᠮᠦᠨ᠎ᠤ ᠴᠢᠷᠮᠠᠢ᠌ᠯᠭ᠎ᠠ ᠴᠢᠬᠤᠯᠠᠲᠠᠢ᠂ ᠨᠡᠩ ᠴᠤ᠌ ᠲᠦᠷᠢᠮ᠎ᠤᠨ ᠣᠷᠴᠢᠨ ᠲᠣᠭᠣᠷᠢᠨ᠎ᠠᠴᠠ ᠰᠠᠯᠵᠤ ᠴᠢᠳᠠᠬᠤ ᠦᠭᠡᠢ ᠃ ᠣᠢ᠌ᠷ᠎ᠠ ᠵᠢᠨ ᠵᠢᠯ᠎ᠤᠳ᠎ᠲᠤ᠂ ᠬᠤᠳᠠᠯᠳᠤᠭ᠋ᠠᠨ᠎ᠤ ᠶᠠᠪᠤᠳᠠᠯ᠎ᠤᠨ ᠳᠡᠩᠰᠡᠯᠡᠯᠲᠡ ᠵᠢᠨ ᠲᠦᠷᠢᠮ᠎ᠤᠨ ᠴᠤᠪᠤᠷᠠᠯ᠎ᠢ ᠳᠥᠭᠥᠮᠴᠢᠯᠡᠬᠦ ᠪᠠ ᠪᠠᠷᠢᠮᠵᠢᠶ᠎ᠠ ᠵᠢ ᠳᠣᠷᠣᠭᠰᠢᠯᠠᠭᠤᠯᠬᠤ᠎ᠠᠴᠠ ᠠᠪᠤᠭ᠋ᠠᠳ 《ᠬᠡᠲᠦᠷᠡᠬᠦ᠎ᠳᠡᠭᠡᠨ ᠨᠢᠭᠡ ᠯᠡ ᠤᠳᠠᠭ᠎ᠠ ᠭᠦᠶᠦᠯᠭᠡᠬᠦ》 ᠥᠭᠡᠷᠡᠴᠢᠯᠡᠯᠲᠡ᠎ᠪᠠᠷ ᠵᠠᠰᠠᠭ᠎ᠤᠨ ᠣᠷᠳᠣᠨ᠎ᠤ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠦᠷᠲᠡᠯ᠎ᠡ; ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠢ ᠮᠡᠷᠭᠡᠵᠢᠯ᠎ᠤᠨ ᠠᠵᠢᠯᠳᠠᠨ᠎ᠤ ᠰᠢᠨ᠎ᠡ ᠵᠢ ᠡᠭᠦᠳᠴᠦ ᠦᠢ᠍ᠯᠡᠰ ᠪᠤᠰᠬᠠᠬᠤ ᠵᠢ ᠵᠣᠷᠢᠭᠵᠢᠭᠤᠯᠬᠤ᠎ᠠᠴᠠ᠂ ᠭᠠᠢ᠌ᠯᠢ ᠵᠢ ᠬᠥᠩᠭᠡᠷᠡᠭᠦᠯᠵᠦ ᠰᠦᠢ᠍ᠳᠬᠡᠯ᠎ᠢ ᠪᠠᠭᠤᠷᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ ᠠᠵᠤ ᠠᠬᠤᠢ᠌ᠯᠠᠯ᠎ᠳᠤ ᠡᠭᠦᠷᠭᠡ᠎ᠠᠴᠠ ᠪᠠᠭᠤᠯᠭ᠋ᠠᠬᠤ᠂ ᠲᠥᠪᠯᠡᠷᠡᠭᠰᠡᠨ ᠥᠭᠡᠷᠡᠴᠢᠯᠡᠯᠲᠡ ᠵᠢᠨ ᠬᠦᠭᠵᠢᠯ᠎ᠳᠤ ᠴᠡᠭ ᠣᠯᠭᠣᠬᠤ ᠬᠦᠷᠲᠡᠯ᠎ᠡ᠂ ᠰᠢᠨ᠎ᠡ ᠵᠢ ᠡᠭᠦᠳᠴᠦ ᠦᠢ᠍ᠯᠡᠰ ᠪᠤᠰᠬᠠᠬᠤ ᠣᠷᠭᠢᠯᠤᠮ᠎ᠠ ᠰᠡᠳᠬᠢᠯᠭᠡ ᠵᠢ ᠬᠥᠭᠵᠢᠭᠡᠪᠡ ᠃ ᠭᠡᠪᠡᠴᠦ 《ᠢᠯᠡ ᠪᠤᠰᠤ ᠭᠠᠷ》᠎ᠤᠨ ᠬᠦᠯᠢᠶᠡᠰᠦ ᠵᠢ ᠰᠤᠯᠠᠷᠠᠭᠤᠯᠤᠭᠰᠠᠨ ᠴᠤ᠌ ᠲᠡᠷᠡ᠂ ᠡᠰᠡᠬᠦᠯ᠎ᠡ 《ᠢᠯᠡ ᠭᠠᠷ》᠎ᠤᠨ ᠬᠦᠴᠦ᠂ ᠥᠨᠳᠥᠷ ᠲᠦᠪᠰᠢᠨ᠂ ᠴᠢᠨᠠᠷ ᠰᠠᠢ᠌ᠲᠠᠢ ᠦᠢ᠍ᠯᠡᠰ ᠪᠤᠰᠬᠠᠵᠤ ᠰᠢᠨ᠎ᠡ ᠵᠢ ᠡᠭᠦᠳᠦᠭᠰᠡᠨ ᠴᠦ᠍ ᠲᠡᠷᠡ᠂ ᠨᠡᠩ ᠨᠠᠷᠢᠯᠢᠭ ᠬᠠᠮᠢᠶᠠᠷᠤᠯᠲᠠ᠂ ᠨᠡᠩ ᠰᠢᠨᠵᠢᠯᠡᠬᠦ ᠤᠬᠠᠭ᠋ᠠᠨᠴᠢ ᠰᠢᠢ᠍ᠳᠪᠦᠷᠢᠲᠦ ᠪᠤᠳᠤᠯᠭ᠎ᠠ ᠵᠢ ᠬᠠᠷᠠᠭᠤᠯᠵᠤ ᠪᠠᠢ᠌ᠨ᠎ᠠ ᠃ ᠠᠵᠤ ᠦᠢᠯᠡᠰ᠎ᠤᠨ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠵᠢ ᠬᠡᠷᠬᠢᠨ ᠳᠡᠭᠡᠭᠰᠢᠯᠡᠭᠦᠯᠬᠦ ᠪᠣᠶ? ᠰᠢᠨ᠎ᠡ ᠵᠢ ᠡᠭᠦᠳᠴᠦ ᠦᠢ᠍ᠯᠡᠰ ᠪᠤᠰᠬᠠᠬᠤ ᠣᠷᠭᠢᠯᠤᠮ᠎ᠠ ᠰᠡᠳᠬᠢᠯᠭᠡ ᠵᠢ ᠬᠡᠷᠬᠢᠨ ᠪᠣᠳᠠᠲᠤ ᠴᠣᠭᠴᠠ ᠵᠢᠨ ᠠᠵᠤ ᠠᠬᠤᠢ᠎ᠳᠤ ᠣᠷᠣᠭᠤᠯᠬᠤ ᠪᠤᠢ? ᠰᠢᠨ᠎ᠡ ᠵᠢ ᠡᠭᠦᠳᠴᠦ ᠠᠳᠠᠯ ᠦᠢᠯᠡᠰ ᠴᠣᠭᠴᠠᠯᠠᠭᠴᠢᠳ᠎ᠤᠨ ᠪᠠᠴᠢᠮ ᠰᠢᠢᠳᠪᠦᠷᠢᠯᠡᠬᠦ ᠴᠢᠬᠤᠯᠠᠲᠠᠶ ᠠᠵᠤ ᠦᠢᠯᠡᠰ᠎ᠤᠨ ᠬᠦᠷᠢᠶᠡᠨ᠎ᠳᠤ ᠣᠷᠣᠬᠤ ᠵᠢ ᠬᠡᠷᠬᠢᠨ ᠬᠥᠲᠥᠯᠥᠨ ᠵᠢᠯᠣᠭᠣᠳᠬᠤ ᠪᠣᠶ? ᠭᠠᠭᠴᠠ ᠬᠦ᠌ ᠦᠨᠡᠨ᠎ᠠᠴᠠ ᠵᠥᠪ᠎ᠢ ᠡᠷᠢᠵᠦ᠂ ᠨᠠᠷᠢᠯᠢᠭ ᠲᠠᠷᠢᠵᠤ ᠨᠢᠮᠪᠠᠢ ᠠᠷᠠᠴᠢᠯᠠᠪᠠᠯ ᠰᠠᠶᠢ ᠳᠤᠮᠳᠠᠳᠤ ᠤᠯᠤᠰ᠎ᠤᠨ ᠠᠵᠤ ᠠᠬᠤᠢ ᠵᠢ ᠦᠨᠡᠨ ᠬᠦ᠌ ᠬᠥᠭᠵᠢᠭᠡᠵᠦ ᠴᠢᠳᠠᠨ᠎ᠠ ᠃
ᠥᠨᠳᠥᠷ ᠬᠢᠷᠢ ᠲᠦᠪᠰᠢᠨ ᠪᠥᠬᠥᠶ 《ᠬᠣᠤᠰ ᠡᠭᠦᠳᠦᠯᠲᠡ》 ᠵᠢ ᠪᠡᠶᠡᠯᠡᠭᠦᠯᠬᠦ᠎ᠳᠤ ᠰᠣᠶᠣᠯ᠎ᠤᠨ ᠣᠷᠴᠢᠨ ᠨᠥᠬᠥᠴᠡᠯ ᠳᠤᠲᠠᠭᠳᠠᠵᠤ ᠪᠣᠯᠤᠰᠢ ᠥᠬᠡᠶ ᠶᠤᠮ ᠃ ᠬᠡᠷᠬᠢᠨ ᠰᠢᠨ᠎ᠡ ᠵᠢ ᠡᠭᠦᠳᠬᠦ ᠳᠤᠷᠠᠲᠠᠢ᠂ ᠠᠳᠠᠯ ᠦᠢ᠍ᠯᠡᠰ ᠴᠣᠭᠴᠠᠯᠠᠬᠤ ᠵᠢ ᠬᠦᠰᠡᠳᠡᠭ ᠬᠥᠮᠦᠨ᠎ᠢ ᠬᠥᠮᠦᠵᠢᠭᠦᠯᠬᠦ ᠭᠡᠳᠡᠭ ᠪᠣᠯ ᠨᠢᠭᠡ ᠤᠯᠤᠰ᠎ᠤᠨ ᠬᠥᠭᠵᠢᠯᠲᠡ ᠵᠢᠨ ᠴᠢᠬᠤᠯᠠ ᠰᠡᠳᠦᠪ ᠮᠥᠨ ᠃ ᠰᠢᠨ᠎ᠡ ᠵᠢ ᠡᠭᠦᠳᠬᠦ ᠰᠡᠳᠬᠢᠬᠦᠢ᠎ᠪᠠᠷ ᠠᠯᠳᠠᠷᠰᠢᠭᠰᠠᠨ ᠤᠯᠤᠰ᠎ᠲᠤ᠂ ᠰᠤᠷᠭ᠋ᠠᠭᠤᠯᠢ ᠲᠠᠷᠬᠠᠭ᠋ᠠᠳ ᠭᠡᠷ᠎ᠲᠡᠭᠡᠨ ᠬᠠᠷᠢᠭᠰᠠᠨ ᠬᠡᠦᠬᠡᠳ᠎ᠠᠴᠠ ᠬᠠᠮᠤᠭ ᠣᠯᠠᠨ ᠠᠰᠠᠭᠤᠳᠠᠯ ᠭᠡᠪᠡᠯ᠂ ᠰᠤᠷᠭ᠋ᠠᠭᠤᠯᠢ᠎ᠳᠤ ᠶᠠᠭᠤ ᠵᠢᠭ᠋ᠠᠭᠰᠠᠨ᠂ ᠶᠠᠭᠤ ᠰᠣᠷᠣᠭᠰᠠᠨ᠂ ᠶᠠᠮᠠᠷ ᠬᠢᠷᠢ ᠪᠦᠲᠦᠮᠵᠢ ᠵᠢ ᠰᠢᠯᠭ᠋ᠠᠭᠰᠠᠨ ᠶᠠᠪᠤᠳᠠᠯ ᠪᠢᠰᠢ᠂ ᠬᠠᠷᠢᠨ ᠥᠨᠥᠳᠦᠷ ᠪᠠᠭᠰᠢ᠎ᠠᠴᠠ ᠶᠠᠮᠠᠷ ᠤᠳᠬ᠎ᠠ ᠠᠭᠤᠯᠭ᠎ᠠ᠎ᠲᠠᠢ ᠠᠰᠠᠭᠤᠯᠲᠠ ᠠᠰᠠᠭᠤᠭᠰᠠᠨ ᠪᠣᠢ? ᠬᠠᠷᠠᠬᠠᠨ ᠪᠠᠭ᠎ᠠ᠎ᠠᠴᠠ᠎ᠪᠠᠨ ᠰᠢᠨ᠎ᠡ ᠵᠢ ᠡᠭᠦᠳᠬᠦ ᠰᠡᠳᠬᠢᠬᠦᠢ ᠵᠢ ᠰᠡᠩᠬᠡᠷᠡᠭᠦᠯᠵᠦ᠂ ᠡᠭᠦᠳᠦᠨ ᠪᠦᠲᠦᠭᠡᠬᠦ ᠴᠢᠳᠠᠪᠤᠷᠢ ᠵᠢ ᠬᠥᠮᠦᠵᠢᠭᠦᠯᠬᠦ᠎ᠳᠤ᠂ ᠥᠨᠥᠳᠦᠷ᠎ᠤᠨ ᠳᠤᠮᠳᠠᠳᠤ ᠤᠯᠤᠰ᠎ᠤᠨ ᠰᠤᠷᠭ᠋ᠠᠨ ᠬᠥᠮᠦᠵᠢᠯ ᠪᠠ ᠬᠥᠭᠵᠢᠯᠲᠡ᠎ᠳᠤ ᠠᠳᠠᠯᠢᠬᠠᠨ ᠰᠡᠩᠬᠡᠷᠡᠭᠦᠯᠬᠦ ᠠᠴᠢ ᠬᠣᠯᠪᠣᠭᠳᠠᠯ᠎ᠲᠠᠢ ᠶᠤᠮ ᠃ ᠭᠠᠭᠴᠠ ᠬᠦ᠌ ᠰᠢᠨ᠎ᠡ ᠵᠢ ᠡᠭᠦᠳᠬᠦ ᠤᠬᠠᠮᠰᠠᠷ᠎ᠢ ᠬᠥᠮᠦᠨ᠎ᠤ ᠠᠮᠢᠳᠤᠷᠠᠯ᠎ᠤᠨ ᠡᠬᠢᠯᠡᠯᠲᠡ ᠵᠢᠨ ᠱᠠᠲᠤᠨ᠎ᠳᠤ ᠲᠠᠯᠪᠢᠵᠤ᠂ ᠬᠠᠢ᠌ᠨ ᠰᠦᠪᠡᠭᠴᠢᠯᠡᠬᠦ ᠵᠢ ᠵᠣᠷᠢᠭᠵᠢᠭᠤᠯᠬᠤ᠂ ᠰᠢᠨ᠎ᠡ ᠵᠢ ᠡᠭᠦᠳᠬᠦ ᠵᠢ ᠬᠥᠬᠢᠭᠦᠯᠦᠨ ᠰᠠᠢ᠌ᠰᠢᠶᠠᠬᠤ᠂ ᠢᠯᠠᠭᠳᠠᠯ᠎ᠢ ᠠᠭᠤᠴᠢᠯᠠᠨ ᠪᠠᠭᠲᠠᠭ᠋ᠠᠬᠤ ᠨᠡᠢ᠌ᠭᠡᠮ᠎ᠤᠨ ᠬᠡᠪ ᠰᠤᠷᠲᠠᠯ ᠪᠠ ᠦᠷᠳᠡᠭ᠎ᠤᠨ ᠣᠢ᠌ᠯᠠᠭ᠋ᠠᠭᠳᠠᠬᠤᠨ᠎ᠢ ᠪᠤᠢ ᠪᠣᠯᠭ᠋ᠠᠪᠠᠯ᠂ ᠪᠦᠬᠥᠳᠡ ᠤᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ᠂ ᠲᠦᠮᠡᠨ ᠤᠯᠠᠨ ᠵᠶ᠋ᠠᠷ ᠵᠶ᠋ᠠᠨ ᠰᠢᠨ᠎ᠡ ᠵᠢ ᠡᠭᠦᠳᠪᠡᠯ ᠰᠠᠶᠢ ᠦᠩ ᠰᠢᠮᠡᠯᠢᠭ ᠬᠥᠷᠥᠰᠥ ᠰᠢᠷᠣᠢ ᠵᠢ ᠬᠤᠷᠠᠮᠳᠤᠭᠤᠯᠵᠤ᠂ ᠲᠠᠰᠤᠷᠠᠯᠳᠠ ᠦᠭᠡᠢ ᠤᠨᠳᠤᠷᠴᠤ ᠴᠢᠳᠠᠨ᠎ᠠ ᠃
ᠨᠢᠭᠡᠨ ᠨᠤᠪᠸᠯᠤᠨ ᠠᠵᠤ ᠠᠬᠤᠢ ᠵᠢᠨ ᠤᠬᠠᠭ᠋ᠠᠨ᠎ᠤ ᠱᠠᠩᠨᠠᠯ ᠬᠦᠷᠳᠡᠭᠴᠢ᠂ ᠬᠡᠷᠪᠡ ᠣᠯᠠᠩᠬᠢ ᠲᠣᠭ᠋ᠠᠨ᠎ᠤ ᠳᠤᠮᠳᠠᠳᠤᠴᠤᠳ ᠥᠷᠢᠰᠥᠯᠳᠦᠭᠡᠨ᠎ᠤ ᠴᠢᠨᠠᠷᠲᠠᠢ ᠠᠵᠢᠯ ᠪᠠ ᠰᠢᠨ᠎ᠡ ᠵᠢ ᠡᠭᠦᠳᠬᠦ ᠦᠢ᠍ᠯᠡᠰ᠎ᠲᠤ ᠠᠮᠵᠢᠯᠲᠠ ᠣᠯᠤᠭᠰᠠᠨ ᠲᠦᠷᠦᠭᠳᠡᠯ᠎ᠲᠠᠢ ᠪᠣᠯᠪᠠᠯ᠂ ᠦᠷ᠎ᠡ ᠳ᠋ᠦᠩ᠎ᠨᠢ ᠯᠠᠪᠲᠠᠢ ᠮᠠᠰᠢ ᠰᠠᠢ᠍ᠢ᠍ᠨ ᠰᠠᠢ᠌ᠬᠠᠨ ᠪᠣᠯᠤᠨ᠎ᠠ ᠭᠡᠵᠦ ᠰᠡᠳᠬᠢᠯ ᠳᠣᠭᠳᠣᠯᠤᠨ ᠶᠠᠷᠢᠵᠤ ᠪᠠᠢ᠌ᠯ᠎ᠠ ᠃ ᠰᠢᠨ᠎ᠡ ᠵᠢ ᠡᠭᠦᠳᠬᠦ᠎ᠨᠢ ᠬᠦᠴᠦᠷᠬᠡᠭ ᠶᠡᠬᠡ ᠳᠡᠪᠡᠷᠡᠬᠦ ᠦᠢᠯᠡᠳᠦᠯ᠎ᠲᠠᠢ ᠃ ᠤᠯᠠᠨ ᠵᠶ᠋ᠠᠷ ᠵᠶ᠋ᠠᠨ ᠦᠢ᠍ᠯᠡᠰ ᠪᠤᠰᠬᠠᠵᠤ᠂ ᠨᠡᠢ᠌ᠲᠡ᠎ᠪᠠᠷ ᠵᠶ᠋ᠡᠨ ᠰᠢᠨ᠎ᠡ ᠵᠢ ᠡᠭᠦᠳᠬᠦ ᠤᠷᠤᠰᠬᠠᠯ ᠳᠤᠮᠳᠠ᠂ ᠠᠯᠬᠤᠮ ᠪᠦᠷᠢ ᠵᠢ ᠰᠠᠢ᠌ᠵᠢᠷᠠᠭᠤᠯᠵᠤ᠂ ᠠᠯᠬᠤᠮ ᠪᠦᠷᠢ ᠵᠢ ᠰᠦᠪᠡᠭᠴᠢᠯᠡᠪᠡᠯ ᠠᠷᠠᠳ ᠤᠯᠠᠨ᠎ᠤ ᠰᠠᠢ᠍ᠢ᠍ᠨ ᠰᠠᠢ᠌ᠬᠠᠨ ᠠᠮᠢᠳᠤᠷᠠᠯ᠎ᠤᠨ ᠪᠣᠳᠠᠲᠤ ᠬᠡᠷᠡᠭᠴᠡᠭᠡ᠎ᠳᠤ ᠬᠠᠷᠢᠭᠤᠯᠲᠠ ᠥᠭᠴᠦ᠂ ᠴᠢᠨᠠᠭᠰᠢᠯᠠᠪᠠᠯ ᠲᠣᠭ᠋ᠠᠨ᠎ᠤ ᠬᠤᠪᠢᠷᠠᠯᠲᠠ᠎ᠠᠴᠠ ᠴᠢᠨᠠᠷ᠎ᠤᠨ ᠬᠤᠪᠢᠷᠠᠯᠲᠠ ᠭᠠᠷᠴᠤ᠂ ᠪᠦᠬᠦᠢ᠌ᠯᠡ ᠤᠯᠤᠰ᠎ᠤᠨ ᠶᠡᠷᠦᠩᠬᠡᠢ ᠬᠦᠴᠦᠨ ᠪᠣᠯᠤᠨ ᠦᠷᠢᠰᠦᠯᠳᠦᠬᠦ ᠬᠦᠴᠦᠨ᠎ᠢ ᠲᠠᠬᠢᠨ ᠱᠤᠭᠤᠵᠤ ᠴᠢᠳᠠᠨ᠎ᠠ ᠃ ᠡᠨᠡ ᠬᠦ᠌ ᠤᠳᠬ᠎ᠠ ᠠᠭᠤᠯᠭ᠎ᠠ᠎ᠠᠴᠠ ᠠᠪᠴᠤ ᠬᠡᠯᠡᠪᠡᠯ᠂ 《ᠬᠣᠤᠰ ᠡᠭᠦᠳᠦᠯᠲᠡ》 ᠵᠢᠨ 4 ᠵᠢᠯ ᠪᠣᠯ ᠵᠥᠪᠬᠡᠨ ᠡᠬᠢᠯᠡᠯᠲᠡ ᠲᠡᠳᠦᠶ ᠶᠤᠮ᠂ ᠢᠷᠡᠭᠡᠳᠦᠶ᠎ᠳᠤ ᠪᠠᠰᠠ ᠨᠠᠩ ᠶᠡᠬᠡ ᠴᠢᠷᠮᠠᠢ᠌ᠯᠭ᠎ᠠ ᠭᠠᠷᠭ᠋ᠠᠬᠤ ᠬᠡᠷᠡᠭᠲᠡᠶ ᠃ (ᠫᠧᠩ ᠹᠸᠢ)