ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢᠨ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠠᠷᠭ᠎ᠠ》 ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2021-09-27

      ᠨᠢᠭᠡ᠂ ᠠᠬᠤᠶ ᠪᠠᠢ᠌ᠳᠠᠯ᠎ᠢ ᠲᠣᠭᠲᠠᠭ᠋ᠠᠬᠤ
      2017 ᠣᠨ᠎ᠤ 10 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠬᠢᠨᠠᠨ ᠦᠨᠡᠯᠡᠬᠦ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠡᠮ᠎ᠤᠨ ᠵᠦᠢᠯ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠰᠢᠨ᠎ᠡ ᠵᠢ ᠡᠭᠦᠳᠬᠦ ᠵᠢ ᠵᠣᠷᠢᠭᠵᠢᠭᠤᠯᠬᠤ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠡᠮ᠎ᠤᠨ ᠵᠦᠢᠯ᠎ᠤᠨ ᠲᠤᠰᠬᠠᠶ ᠠᠰᠢᠭ᠎ᠢ ᠵᠠᠯᠭ᠋ᠠᠯᠳᠤᠭᠤᠯᠬᠤ ᠲᠦᠷᠢᠮ᠎ᠢ ᠰᠦᠪᠡᠭᠴᠢᠯᠡᠨ ᠪᠠᠢ᠌ᠭᠤᠯᠬᠤ ᠬᠡᠷᠡᠭᠲᠡᠶ ᠭᠡᠵᠦ ᠱᠠᠭ᠋ᠠᠷᠳᠠᠪᠠ  ᠃ 2019 ᠣᠨ᠎ᠤ 11 ᠰᠠᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠡᠮ᠎ᠤᠨ ᠵᠦᠢᠯ᠎ᠤᠨ ᠲᠤᠰᠬᠠᠶ ᠠᠰᠢᠭ᠎ᠤᠨ ᠬᠡᠯᠬᠢᠶ᠎ᠡ ᠲᠦᠷᠢᠮ᠎ᠢ ᠰᠦᠪᠡᠭᠴᠢᠯᠡᠨ ᠪᠠᠢ᠌ᠭᠤᠯᠬᠤ ᠵᠢ ᠳᠠᠬᠢᠨᠲᠠ ᠳᠤᠷᠠᠳᠪᠠ  ᠃ 2020 ᠣᠨ᠎ᠤ 10 ᠰᠠᠷ᠎ᠠ᠎ᠳᠤ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠣᠷᠢᠨ ᠬᠣᠶᠠᠳᠤᠭ᠋ᠠᠷ ᠬᠤᠷᠠᠯ᠎ᠠᠴᠠ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠤᠰᠬᠠᠶ ᠠᠰᠢᠭ᠎ᠤᠨ ᠬᠠᠤᠯᠢ》 (ᠳᠣᠷᠣᠭᠰᠢ 《ᠲᠤᠰᠬᠠᠶ ᠠᠰᠢᠭ᠎ᠤᠨ ᠬᠠᠤᠯᠢ》 ᠭᠡᠵᠦ ᠲᠣᠪᠴᠢᠯᠠᠨ᠎ᠠ)᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ᠎ᠢ ᠪᠠᠲᠤᠯᠠᠪᠠ  ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠲᠤᠰᠬᠠᠢ ᠠᠰᠢᠭ᠎ᠤᠨ ᠬᠠᠤᠯᠢ》 ᠵᠢᠨ ᠳᠠᠯᠠᠨ ᠵᠢᠷᠭᠤᠳᠤᠭ᠋ᠠᠷ ᠵᠦᠢ᠍ᠯ᠎ᠳᠤ᠂ ᠡᠮ᠎ᠤᠨ ᠵᠦᠢ᠍ᠯ᠎ᠢ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠶᠠᠪᠤᠴᠠ᠎ᠳᠤ᠂ ᠡᠮ᠎ᠤᠨ ᠵᠦᠢ᠍ᠯ᠎ᠢ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠵᠥᠪᠰᠢᠶᠡᠷᠡᠭᠦᠯᠬᠦ᠎ᠪᠠᠷ ᠭᠤᠶᠤᠴᠢᠯᠠᠭᠴᠢ᠎ᠨᠢ ᠬᠣᠯᠪᠣᠭᠳᠠᠯ ᠪᠦᠬᠦᠢ ᠲᠤᠰᠬᠠᠢ ᠠᠰᠢᠭ᠎ᠤᠨ ᠡᠷᠬᠡᠲᠦ ᠬᠥᠮᠦᠨ ᠪᠤᠶᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ᠎ᠲᠠᠢ ᠳᠠᠩᠰᠠᠯᠠᠭᠤᠯᠬᠤ᠎ᠪᠠᠷ ᠭᠤᠶᠤᠴᠢᠯᠠᠭᠰᠠᠨ ᠡᠮ᠎ᠤᠨ ᠵᠦᠢ᠍ᠯ᠎ᠲᠠᠢ ᠬᠣᠯᠪᠣᠭᠳᠠᠬᠤ ᠲᠤᠰᠬᠠᠢ ᠠᠰᠢᠭ᠎ᠤᠨ ᠡᠷᠬᠡ᠎ᠠᠴᠠ ᠪᠤᠯᠵᠤ ᠵᠢᠭᠤᠷᠠᠯᠳᠤᠭ᠋ᠠᠨ ᠡᠭᠦᠰᠦᠭᠰᠡᠨ ᠪᠠᠢ᠌ᠪᠠᠯ᠂ ᠠᠷᠠᠳ᠎ᠤᠨ ᠰᠢᠭᠦᠬᠦ ᠬᠣᠷᠢᠢ᠎ᠠ᠎ᠳᠤ ᠵᠠᠭ᠋ᠠᠯᠳᠤᠵᠤ ᠪᠣᠯᠤᠨ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠤᠰᠬᠠᠢ ᠠᠰᠢᠭ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠵᠠᠰᠠᠭ ᠵᠠᠬᠢᠷᠭ᠋ᠠᠨ᠎ᠤ ᠲᠠᠰᠤᠯᠤᠯᠳᠠ ᠭᠠᠷᠭ᠋ᠠᠭᠤᠯᠬᠤ᠎ᠪᠠᠷ ᠭᠤᠶᠤᠴᠢᠯᠠᠭᠰᠠᠨ ᠴᠤ᠌ ᠪᠣᠯᠤᠨ᠎ᠠ ᠭᠡᠵᠦ ᠲᠣᠭᠲᠠᠭ᠋ᠠᠵᠠᠢ  ᠃
      ᠨᠠᠮ᠎ᠤᠨ ᠲᠥᠪ ᠬᠣᠷᠢᠶ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠂ ᠮᠠᠨ᠎ᠤ ᠤᠯᠤᠰ᠎ᠤᠨ ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢ ᠪᠠᠢ᠌ᠭᠤᠯᠬᠤ ᠵᠢ ᠠᠬᠢᠭᠤᠯᠤᠨ᠎ᠠ᠂ 《ᠲᠤᠰᠬᠠᠶ ᠠᠰᠢᠭ᠎ᠤᠨ ᠬᠠᠤᠯᠢ》 ᠵᠢᠨ ᠬᠣᠯᠪᠣᠭᠳᠠᠯ ᠪᠦᠬᠦᠢ ᠵᠦᠢᠯ ᠵᠤᠷᠪᠤᠰ᠎ᠤᠨ ᠲᠣᠭᠲᠠᠭ᠋ᠠᠯ᠎ᠢ ᠦᠨᠳᠦᠰᠦᠯᠡᠪᠡᠯ᠂ ᠤᠯᠤᠰ᠎ᠤᠨ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠤᠶᠠᠯᠳᠤᠭᠤᠯᠤᠨ᠎ᠠ᠂ ᠤᠯᠤᠰ᠎ᠤᠨ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠲᠣᠪᠴᠢᠶ᠎ᠠ ᠵᠢᠨ ᠬᠠᠮᠲᠤ᠎ᠪᠠᠷ ᠲᠣᠭᠲᠠᠭ᠋ᠠᠭᠰᠠᠨ 《ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠬᠣᠯᠪᠣᠭᠳᠠᠯ ᠪᠥᠬᠥᠶ ᠲᠣᠭᠲᠠᠭ᠋ᠠᠯ᠂ ᠤᠯᠤᠰ᠎ᠤᠨ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠲᠣᠪᠴᠢᠶ᠎ᠠ᠎ᠠᠴᠠ ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢᠨ ᠪᠣᠳᠠᠲᠠᠶ ᠳᠦᠷᠢᠮ᠎ᠢ ᠬᠢᠨᠠᠮᠠᠭ᠋ᠠᠶ ᠰᠤᠳᠤᠯᠬᠤ ᠬᠡᠷᠡᠭᠲᠡᠶ᠂ ᠳᠡᠯᠡᠬᠡᠶ ᠵᠢᠨ ᠬᠠᠮᠢᠶ᠎ᠠ ᠪᠦᠬᠦᠢ ᠠᠷᠭ᠎ᠠ᠎ᠪᠠᠷ ᠲᠣᠯᠢ ᠪᠣᠯᠭ᠋ᠠᠬᠤ᠂ ᠮᠠᠨ᠎ᠤ ᠤᠯᠤᠰ᠎ᠤᠨ ᠤᠯᠤᠰ᠎ᠤᠨ ᠪᠠᠢ᠌ᠳᠠᠯ ᠪᠠ ᠣᠳᠣᠬᠢ ᠱᠠᠲᠤᠨ᠎ᠤ ᠡᠮ ᠡᠮᠨᠡᠯᠭᠡ ᠵᠢᠨ ᠠᠵᠤ ᠦᠢᠯᠡᠰ᠎ᠤᠨ ᠬᠥᠭᠵᠢᠯᠲᠡ ᠵᠢᠨ ᠣᠨᠴᠠᠯᠢᠭ᠎ᠲᠠᠢ ᠤᠶᠠᠯᠳᠤᠭᠤᠯᠤᠨ᠎ᠠ᠂ 《ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢᠨ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠠᠷᠭ᠎ᠠ》 (ᠳᠣᠷᠣᠭᠰᠢ 《ᠲᠠᠰᠤᠯᠤᠯᠲᠠ ᠵᠢᠨ ᠠᠷᠭ᠎ᠠ》 ᠭᠡᠵᠦ ᠲᠣᠪᠴᠢᠯᠠᠨ᠎ᠠ) ᠵᠢ ᠲᠣᠭᠲᠠᠭ᠋ᠠᠪᠠ  ᠃
        ᠬᠣᠶᠠᠷ᠂ ᠲᠣᠭᠲᠠᠭ᠋ᠠᠬᠤ ᠶᠠᠪᠤᠴᠠ  ᠃ᠤᠯᠤᠰ᠎ᠤᠨ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠲᠣᠪᠴᠢᠶ᠎ᠠ ᠳᠣᠤᠷᠠᠬᠢ ᠭᠤᠷᠪᠠᠨ ᠲᠠᠯ᠎ᠠ᠎ᠪᠠᠷ 《ᠲᠠᠰᠤᠯᠤᠯᠲᠠ ᠵᠢᠨ ᠠᠷᠭ᠎ᠠ》 ᠲᠣᠭᠲᠠᠭ᠋ᠠᠬᠤ ᠠᠵᠢᠯ᠎ᠢ ᠢᠳᠡᠪᠬᠢᠲᠡᠶ ᠳᠥᠯᠭᠢᠨ ᠠᠬᠢᠭᠤᠯᠬᠤ ᠬᠡᠷᠡᠭᠲᠡᠶ  ᠃
        ᠨᠢᠭᠡ᠎ᠳᠤ᠂ ᠥᠷᠭᠡᠨ ᠳᠡᠯᠭᠡᠷᠡᠩᠭᠦᠢ ᠪᠠᠢ᠌ᠴᠠᠭ᠋ᠠᠨ ᠰᠤᠳᠤᠯᠤᠯᠲᠠ ᠬᠢᠬᠦ᠎ᠳᠡᠭᠡᠨ ᠪᠣᠳᠠᠲᠤ ᠪᠠᠢ᠌ᠳᠠᠯ᠎ᠠᠴᠠ ᠡᠭᠦᠰᠬᠦ ᠵᠢ ᠪᠠᠷᠢᠮᠲᠠᠯᠠᠬᠤ ᠬᠡᠷᠡᠭᠲᠡᠢ  ᠃ ᠠᠮᠧᠷᠢᠺᠠ᠂ ᠺᠣᠷᠢᠶᠠ ᠵᠡᠷᠭᠡ ᠵᠢᠨ ᠡᠮ᠎ᠤᠨ ᠵᠦᠢᠯ᠎ᠤᠨ ᠲᠤᠰᠬᠠᠶ ᠠᠰᠢᠭ᠎ᠤᠨ ᠴᠥᠷᠬᠡᠯᠡᠬᠦ ᠲᠦᠷᠢᠮ᠎ᠢ ᠪᠥᠬᠥ ᠲᠠᠯ᠎ᠠ᠎ᠪᠠᠷ ᠡᠮᠬᠢᠯᠡᠵᠦ᠂ ᠬᠠᠷᠢᠴᠠᠭᠤᠯᠤᠭᠰᠠᠨ ᠵᠠᠳᠠᠯᠤᠯᠲᠠ ᠪᠠ ᠬᠡᠷᠡᠭ᠎ᠤᠨ ᠵᠢᠱ᠌ᠢᠶ᠎ᠡ ᠵᠢᠨ ᠪᠣᠳᠠᠲᠤ ᠭᠡᠷᠡᠴᠢ ᠵᠢᠨ ᠵᠠᠳᠠᠯᠤᠯᠲᠠ ᠵᠢ ᠥᠷᠨᠢᠭᠦᠯᠦᠨ᠎ᠡ  ᠃ ᠪᠠᠢ᠌ᠴᠠᠭ᠋ᠠᠨ ᠰᠤᠳᠤᠯᠤᠯᠲᠠ ᠬᠢᠬᠦ᠎ᠪᠠᠷ ᠳᠠᠮᠵᠢᠭᠤᠯᠤᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠡᠮ ᠦᠢᠯᠡᠳᠬᠦ ᠠᠵᠤ ᠠᠬᠤᠢ᠌ᠯᠠᠯ᠎ᠤᠨ ᠮᠠᠨ᠎ᠤ ᠤᠯᠤᠰ᠎ᠤᠨ ᠤᠳᠠᠯ ᠥᠬᠡᠶ ᠬᠡᠷᠡᠭᠵᠢᠭᠦᠯᠬᠦ ᠭᠡᠵᠦ ᠪᠠᠢ᠌ᠭ᠎ᠠ ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢᠨ ᠲᠤᠬᠠᠶ ᠣᠪᠣᠷ ᠵᠢᠴᠢ ᠤᠯᠤᠰ᠎ᠤᠨ ᠳᠣᠲᠣᠭ᠋ᠠᠳᠤ ᠵᠢᠨ ᠡᠮ ᠦᠢᠯᠡᠳᠬᠦ ᠠᠵᠤ ᠦᠢᠯᠡᠰ᠎ᠤᠨ ᠲᠣᠰ ᠲᠦᠷᠢᠮ᠎ᠤᠨ ᠲᠤᠬᠠᠶ ᠬᠦᠰᠡᠯ ᠡᠷᠡᠮᠡᠯᠵᠡᠯ ᠪᠠ ᠬᠦᠰᠡᠯ ᠱᠠᠭ᠋ᠠᠷᠳᠠᠯᠭ᠎ᠠ ᠵᠢ ᠣᠢ᠌ᠯᠠᠭ᠋ᠠᠪᠠ  ᠃
      ᠬᠣᠶᠠᠷ᠎ᠲᠤ᠂ ᠤᠨᠤᠯ᠎ᠤᠨ ᠰᠠᠭᠤᠷᠢ ᠵᠢ ᠭᠦᠨᠵᠡᠭᠡᠢ ᠰᠤᠳᠤᠯᠵᠤ ᠪᠡᠬᠢᠵᠢᠭᠦᠯᠬᠦ ᠬᠡᠷᠡᠭᠲᠡᠢ  ᠃ ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢᠨ ᠣᠨᠣᠯ᠎ᠤᠨ ᠰᠤᠳᠤᠯᠤᠯ᠎ᠢ ᠴᠢᠩᠭ᠋ᠠᠳᠬᠠᠬᠤ ᠬᠡᠷᠡᠭᠲᠡᠶ  ᠃ ᠰᠤᠳᠤᠯᠭ᠋ᠠᠨ᠎ᠤ ᠪᠠᠢ᠌ᠭᠤᠯᠤᠮᠵᠢ ᠪᠠ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ᠎ᠲᠤ ᠨᠠᠢ᠌ᠳᠠᠵᠤ ᠬᠠᠮᠢᠶ᠎ᠠ ᠪᠥᠬᠥᠶ ᠲᠦᠷᠢᠮ᠎ᠤᠨ ᠵᠠᠳᠠᠯᠤᠯᠲᠠ᠂ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠵᠡᠷᠭᠡ ᠰᠤᠳᠤᠯᠭ᠋ᠠᠨ᠎ᠤ ᠠᠵᠢᠯ᠎ᠢ ᠥᠷᠨᠢᠭᠦᠯᠵᠦ᠂ ᠤᠯᠤᠰ᠎ᠤᠨ ᠳᠣᠲᠣᠭ᠋ᠠᠳᠤ᠎ᠳᠤ ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢ ᠬᠠᠮᠵᠢᠨ ᠨᠤᠲᠠᠯᠠᠬᠤ ᠵᠢᠨ ᠬᠠᠮᠲᠤ ᠲᠣᠰ ᠲᠣᠭᠲᠠᠴᠠ ᠵᠢᠨ ᠮᠠᠨ᠎ᠤ ᠤᠯᠤᠰ᠎ᠤᠨ ᠡᠮ ᠦᠢᠯᠡᠳᠬᠦ ᠠᠵᠤ ᠦᠢᠯᠡᠰ᠎ᠲᠤ ᠦᠵᠡᠭᠦᠯᠬᠦ ᠨᠥᠯᠥᠭᠡ ᠵᠢ ᠰᠤᠳᠤᠯᠤᠨ᠎ᠠ  ᠃ ᠳᠡᠭᠡᠷ᠎ᠡ ᠳᠤᠷᠠᠳᠤᠭᠰᠠᠨ ᠠᠵᠢᠯ᠎ᠤᠨ ᠰᠠᠭᠤᠷᠢᠨ ᠳᠡᠭᠡᠷ᠎ᠡ᠂ 《ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢᠨ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠠᠷᠭ᠎ᠠ (ᠰᠠᠨᠠᠯ ᠬᠤᠷᠢᠶᠠᠬᠤ ᠨᠣᠤᠷᠠᠭ)》 ᠵᠢ ᠲᠤᠭᠤᠷᠪᠢᠪᠠ  ᠃
      ᠭᠤᠷᠪᠠ᠎ᠳᠤ᠂ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠢᠳᠡᠪᠬᠢᠲᠡᠢ ᠬᠤᠷᠢᠶᠠᠪᠠ  ᠃ ᠤᠯᠤᠰ᠎ᠤᠨ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠲᠣᠪᠴᠢᠶ᠎ᠠ᠎ᠨᠢ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠠᠤᠯᠢ ᠲᠦᠷᠢᠮ᠎ᠤᠨ ᠠᠵᠢᠯ᠎ᠤᠨ ᠵᠥᠪᠯᠡᠯ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠡᠳ᠋᠎ᠤᠨ ᠵᠠᠰᠠᠭ᠎ᠤᠨ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠬᠠᠤᠯᠢ ᠴᠠᠭ᠋ᠠᠵᠠ ᠵᠢᠨ ᠶᠠᠮᠤᠨ᠂ ᠤᠯᠤᠰ᠎ᠤᠨ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠰᠠᠨᠠᠯ᠎ᠢ ᠪᠢᠴᠢᠭ᠎ᠤᠨ ᠬᠡᠯᠪᠡᠷᠢ᠎ᠪᠠᠷ ᠬᠤᠷᠢᠶᠠᠪᠠ; ᠠᠯᠪᠠᠨ᠎ᠤ ᠰᠦᠯᠵᠢᠶ᠎ᠡ᠂ ᠠᠯᠪᠠᠨ᠎ᠤ ᠸᠢᠴᠠᠲ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ᠂ ᠨᠡᠢ᠌ᠭᠡᠮ᠎ᠤᠨ ᠡᠯ᠎ᠡ ᠡᠲᠡᠭᠡᠳ᠎ᠤᠨ ᠰᠠᠨᠠᠯ᠎ᠢ ᠢᠯᠡ᠎ᠪᠠᠷ ᠬᠤᠷᠢᠶᠠᠵᠤ᠂ ᠬᠣᠯᠪᠣᠭᠳᠠᠯ ᠪᠥᠬᠥᠶ ᠬᠤᠳᠠᠯᠳᠤᠭ᠋ᠠᠴᠢᠳ᠎ᠤᠨ ᠡᠪᠯᠡᠯ᠂ ᠨᠡᠢ᠌ᠭᠡᠮᠯᠢᠭ᠂ ᠠᠵᠤ ᠠᠬᠤᠢ᠌ᠯᠠᠯ᠂ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠵᠡᠷᠭᠡ ᠨᠢᠭᠡᠴᠢ ᠵᠢᠴᠢ ᠬᠣᠯᠪᠣᠭᠳᠠᠯ ᠪᠥᠬᠥᠶ ᠲᠤᠰᠬᠠᠶ ᠮᠡᠷᠭᠡᠵᠢᠯᠲᠡᠨ᠎ᠤ 16 ᠬᠤᠪᠢ ᠨᠡᠢ᠌ᠲᠡ 102 ᠵᠤᠷᠪᠤᠰ ᠰᠠᠨᠠᠯ᠎ᠢ ᠬᠣᠷᠢᠶᠠᠨ ᠣᠯᠵᠠᠶ; ᠠᠵᠤ ᠠᠬᠤᠢ᠌ᠯᠠᠯ᠂ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠦᠢᠯᠡᠴᠢᠯᠡᠭᠡᠨ᠎ᠤ ᠪᠠᠢ᠌ᠭᠤᠯᠤᠮᠵᠢ᠂ ᠲᠤᠰᠬᠠᠶ ᠮᠡᠷᠭᠡᠵᠢᠯᠲᠡᠨ ᠡᠷᠳᠡᠮᠲᠡᠳ᠎ᠤᠨ ᠲᠥᠯᠥᠭᠡᠯᠡᠭᠴᠢ ᠵᠢ ᠵᠣᠬᠢᠶᠠᠨ ᠪᠠᠢ᠌ᠭᠤᠯᠵᠤ᠂ ᠲᠤᠰ ᠲᠤᠰ ᠶᠠᠷᠢᠯᠴᠠᠬᠤ ᠬᠤᠷᠠᠯ ᠬᠤᠷᠠᠯᠳᠤᠭᠤᠯᠵᠤ ᠰᠠᠨᠠᠯ ᠰᠠᠨᠠᠭᠤᠯᠭ᠎ᠠ ᠵᠢ ᠰᠣᠨᠣᠰᠤᠨ᠎ᠠ  ᠃ ᠤᠯᠤᠰ᠎ᠤᠨ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠲᠣᠪᠴᠢᠶ᠎ᠠ ᠬᠣᠯᠪᠣᠭᠳᠠᠯ ᠪᠥᠬᠥᠶ ᠰᠠᠨᠠᠯ᠎ᠢ ᠨᠢᠭᠡᠳ ᠨᠢᠭᠡ᠎ᠪᠠᠷ ᠡᠮᠬᠢᠯᠡᠨ ᠵᠠᠳᠠᠯᠤᠭᠰᠠᠨ᠎ᠤ ᠳᠠᠷᠠᠭ᠎ᠠ᠂ ᠰᠠᠨᠠᠯ ᠬᠤᠷᠢᠶᠠᠬᠤ ᠨᠣᠤᠷᠠᠭ᠎ᠢ ᠤᠯᠠᠮ ᠨᠢᠭᠡ ᠠᠯᠬᠤᠮ ᠵᠠᠰᠠᠵᠤ ᠲᠡᠭᠦᠯᠳᠡᠷᠵᠢᠭᠦᠯᠪᠡ  ᠃
       2021 ᠣᠨ᠎ᠤ 5 ᠳ᠋ᠤᠭ᠋ᠠᠷ ᠰᠠᠷ᠎ᠠ ᠵᠢᠨ 14᠎ᠤ ᠡᠳᠦᠷ᠂ ᠤᠯᠤᠰ᠎ᠤᠨ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠲᠣᠪᠴᠢᠶ᠎ᠠ ᠵᠢᠨ ᠲᠣᠪᠴᠢᠶ᠎ᠠ ᠵᠢᠨ ᠠᠵᠢᠯ᠎ᠤᠨ ᠬᠤᠷᠠᠯ ᠵᠶ᠋ᠠᠷ ᠬᠢᠨᠠᠨ ᠵᠥᠪᠯᠡᠭᠦᠯᠦᠭᠰᠡᠨ᠎ᠤ ᠳᠠᠷᠠᠭ᠎ᠠ᠂ 《ᠲᠠᠰᠤᠯᠤᠯᠲᠠ ᠵᠢᠨ ᠠᠷᠭ᠎ᠠ》 ᠵᠢ 7 ᠳ᠋ᠤᠭ᠋ᠠᠷ ᠰᠠᠷ᠎ᠠ ᠵᠢᠨ 5᠎ᠤ ᠡᠳᠦᠷ ᠤᠯᠤᠰ᠎ᠤᠨ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠲᠣᠪᠴᠢᠶ᠎ᠠ ᠵᠢᠨ ᠠᠯᠪᠠᠨ ᠵᠠᠷ ᠵᠶ᠋ᠠᠷ ᠨᠡᠢ᠌ᠲᠡᠯᠡᠪᠡ  ᠃ 《ᠲᠣᠭᠲᠠᠭ᠋ᠠᠯᠲᠠ ᠵᠢᠨ ᠠᠷᠭ᠎ᠠ》 ᠵᠢ ᠨᠡᠢ᠌ᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ  ᠃
        ᠭᠤᠷᠪᠠ᠂ ᠭᠣᠣᠯ ᠵᠣᠷᠢᠯᠭ᠎ᠠ ᠪᠠ ᠠᠭᠤᠯᠭ᠎ᠠ
     《ᠲᠠᠰᠤᠯᠤᠯᠲᠠ ᠵᠢᠨ ᠠᠷᠭ᠎ᠠ》 ᠵᠢ ᠲᠣᠭᠲᠠᠭ᠋ᠠᠭᠰᠠᠨ᠎ᠤ ᠵᠣᠷᠢᠯᠭ᠎ᠠ᠎ᠨᠢ ᠡᠮ᠎ᠤᠨ ᠵᠦᠢᠯ᠎ᠤᠨ ᠲᠤᠰᠬᠠᠶ ᠠᠰᠢᠭ᠎ᠤᠨ ᠡᠷᠬᠡᠲᠦ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠤᠯᠠᠮ ᠨᠢᠭᠡ ᠠᠯᠬᠤᠮ ᠬᠠᠮᠠᠭ᠋ᠠᠯᠠᠵᠤ᠂ ᠡᠮ᠎ᠤᠨ ᠵᠦᠢᠯ᠎ᠤᠨ ᠬᠦᠷᠢᠶᠡᠨ᠎ᠳᠠᠬᠢ ᠲᠤᠰᠬᠠᠶ ᠠᠰᠢᠭ᠎ᠤᠨ ᠡᠷᠬᠡ᠎ᠳᠤ ᠬᠠᠯᠳᠠᠬᠤ ᠲᠦᠭᠰᠢᠭᠦᠷᠢ ᠵᠢ ᠪᠠᠭᠤᠷᠠᠭᠤᠯᠬᠤ ᠵᠢᠨ ᠬᠠᠮᠲᠤ᠂ ᠡᠮ᠎ᠤᠨ ᠵᠦᠢᠯ᠎ᠢ ᠰᠤᠳᠤᠯᠤᠨ ᠨᠡᠭᠡᠭᠡᠵᠦ ᠰᠢᠨ᠎ᠡ ᠵᠢ ᠡᠭᠦᠳᠬᠦ ᠵᠢ ᠵᠣᠷᠢᠭᠵᠢᠭᠤᠯᠵᠤ᠂ ᠡᠮ ᠦᠢᠯᠡᠳᠬᠦ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ᠂ ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢᠨ ᠵᠠᠰᠠᠭ ᠵᠠᠬᠢᠷᠭ᠋ᠠᠨ᠎ᠤ ᠲᠠᠰᠤᠯᠤᠯᠲᠠ ᠵᠢ ᠬᠡᠷᠡᠭᠵᠢᠭᠦᠯᠬᠦ ᠬᠣᠯᠪᠣᠭᠳᠠᠯ ᠪᠥᠬᠥᠶ ᠠᠵᠢᠯ᠎ᠢ ᠲᠣᠳᠣᠷᠬᠠᠢ᠌ᠯᠠᠨ ᠵᠢᠷᠤᠮᠵᠢᠭᠤᠯᠬᠤ ᠵᠢᠨ ᠲᠥᠯᠥᠭᠡ ᠶᠤᠮ  ᠃
      《ᠲᠠᠰᠤᠯᠤᠯᠲᠠ ᠵᠢᠨ ᠠᠷᠭ᠎ᠠ》᠎ᠨᠢ ᠨᠡᠢ᠌ᠲᠡ 24 ᠵᠦᠢᠯ ᠪᠠᠢ᠌ᠵᠤ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠭᠤᠶᠤᠴᠢᠯᠠᠬᠤ ᠪᠡᠶᠡᠴᠢ ᠴᠣᠭᠴᠠ᠂ ᠲᠣᠭᠲᠠᠭ᠋ᠠᠯᠲᠠ ᠭᠠᠷᠭ᠋ᠠᠵᠤ ᠪᠣᠯᠬᠤ ᠡᠮ᠎ᠤᠨ ᠵᠦᠢᠯ᠎ᠤᠨ ᠲᠤᠰᠬᠠᠶ ᠠᠰᠢᠭ᠎ᠤᠨ ᠬᠡᠪᠴᠢᠶ᠎ᠡ᠂ ᠬᠠᠤᠯᠢ ᠪᠠᠷᠢᠬᠤ ᠠᠷᠭ᠎ᠠ ᠵᠠᠮ᠎ᠢ ᠵᠣᠬᠢᠴᠠᠭᠤᠯᠬᠤ᠂ ᠵᠠᠰᠠᠭ ᠵᠠᠬᠢᠷᠭ᠋ᠠᠨ᠎ᠤ ᠲᠠᠰᠤᠯᠤᠯᠲᠠ ᠬᠢᠭᠡᠳ ᠬᠦᠴᠦᠨ ᠥᠬᠡᠶ ᠵᠢᠷᠤᠮ᠎ᠤᠨ ᠬᠠᠷᠢᠴᠠᠭ᠎ᠠ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢ ᠭᠦᠢᠴᠡᠳᠬᠡᠬᠦ ᠬᠢᠭᠡᠳ ᠢᠯᠡ ᠪᠣᠯᠭ᠋ᠠᠬᠤ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠬᠠᠤᠯᠢ ᠪᠠᠷᠢᠬᠤ ᠲᠤᠰᠠᠯᠠᠮᠵᠢ ᠵᠢᠴᠢ ᠪᠤᠰᠤᠳ ᠬᠡᠷᠡᠭ ᠰᠢᠢᠳᠪᠦᠷᠢᠯᠡᠬᠦ ᠵᠢᠷᠤᠮ ᠵᠡᠷᠭᠡ ᠠᠭᠤᠯᠭ᠎ᠠ ᠵᠢᠨ ᠲᠤᠬᠠᠶ ᠲᠣᠭᠲᠠᠭ᠋ᠠᠵᠠᠶ  ᠃
          (ᠨᠢᠭᠡ) ᠵᠠᠰᠠᠭ ᠵᠠᠬᠢᠷᠭ᠋ᠠᠨ᠎ᠤ ᠲᠠᠰᠣᠯᠣᠯᠳᠠ ᠬᠢᠯᠭᠡᠬᠦ᠎ᠪᠠᠷ ᠭᠤᠶᠤᠴᠢᠯᠠᠵᠤ ᠪᠣᠯᠬᠤ ᠪᠡᠶᠡᠴᠢ ᠴᠣᠭᠴᠠ
      ᠵᠠᠰᠠᠭ ᠵᠠᠬᠢᠷᠭ᠋ᠠᠨ᠎ᠤ ᠲᠠᠰᠤᠯᠤᠯᠳᠠ ᠭᠠᠷᠭ᠋ᠠᠭᠤᠯᠬᠤ᠎ᠪᠠᠷ ᠭᠤᠶᠤᠴᠢᠯᠠᠬᠤ ᠪᠡᠶᠡᠴᠢ ᠴᠣᠭᠴᠠ ᠲᠤᠬᠠᠢ᠌ᠯᠠᠪᠠᠯ ᠭᠤᠶᠤᠴᠢᠯᠠᠭᠴᠢ᠎ᠨᠢ 《ᠲᠤᠰᠬᠠᠢ ᠠᠰᠢᠭ᠎ᠤᠨ ᠬᠠᠤᠯᠢ》 ᠵᠢᠨ ᠲᠠᠯᠠᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠪᠡᠯ᠂ ᠭᠤᠶᠤᠴᠢᠯᠠᠭᠴᠢ᠎ᠨᠢ ᠬᠣᠯᠪᠣᠭᠳᠠᠯ ᠪᠦᠬᠦᠢ ᠲᠤᠰᠬᠠᠢ ᠠᠰᠢᠭ᠎ᠤᠨ ᠡᠷᠬᠡᠲᠦ ᠬᠥᠮᠦᠨ ᠪᠤᠶᠤ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ ᠵᠢᠴᠢ ᠡᠮ᠎ᠤᠨ ᠵᠦᠢ᠍ᠯ᠎ᠢ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠵᠥᠪᠰᠢᠶᠡᠷᠡᠭᠦᠯᠬᠦ᠎ᠪᠠᠷ ᠭᠤᠶᠤᠴᠢᠯᠠᠭᠴᠢ ᠪᠠᠢ᠌ᠵᠤ ᠪᠣᠯᠤᠨ᠎ᠠ  ᠃ ᠲᠡᠭᠦᠨ᠎ᠤ ᠳᠣᠲᠣᠷᠠᠬᠢ ᠠᠰᠢᠭ ᠬᠣᠣᠷ᠎ᠤᠨ ᠬᠠᠷᠢᠴᠠᠭ᠎ᠠ᠎ᠲᠠᠢ ᠬᠥᠮᠦᠨ ᠭᠡᠳᠡᠭ᠎ᠨᠢ ᠬᠣᠯᠪᠣᠭᠳᠠᠯ ᠪᠦᠬᠦᠢ ᠲᠤᠰᠬᠠᠢ ᠠᠰᠢᠭ᠎ᠤᠨ ᠵᠥᠪᠰᠢᠶᠡᠷᠡᠭᠳᠡᠭᠴᠢ ᠪᠤᠶᠤ ᠳᠠᠩᠰᠠᠯᠠᠭᠤᠯᠤᠭᠰᠠᠨ ᠡᠮ᠎ᠤᠨ ᠵᠦᠢ᠍ᠯ᠎ᠢ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠵᠥᠪᠰᠢᠶᠡᠷᠡᠭᠰᠡᠨ ᠡᠵᠡᠮᠰᠢᠭᠴᠢ ᠵᠢ ᠵᠢᠭ᠋ᠠᠵᠤ ᠪᠠᠢ᠌ᠨ᠎ᠠ  ᠃
        (ᠬᠣᠶᠠᠷ) ᠵᠠᠰᠠᠭ ᠵᠠᠬᠢᠷᠭ᠋ᠠᠨ᠎ᠤ ᠲᠠᠰᠣᠯᠣᠯᠳᠠ ᠬᠢᠯᠭᠡᠬᠦ᠎ᠪᠠᠷ ᠭᠤᠶᠤᠴᠢᠯᠠᠬᠤ ᠴᠠᠭ᠎ᠤᠨ ᠬᠢᠵᠠᠭ᠋ᠠᠷ
     《ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠪᠡᠯ᠂ ᠲᠤᠰᠬᠠᠶ ᠠᠰᠢᠭ᠎ᠤᠨ ᠡᠷᠬᠡᠲᠦ ᠬᠥᠮᠦᠨ ᠪᠤᠶᠤ ᠠᠰᠢᠭ ᠬᠣᠤᠷ᠎ᠤᠨ ᠬᠠᠷᠢᠴᠠᠭ᠎ᠠ᠎ᠲᠠᠢ ᠬᠥᠮᠦᠨ᠎ᠨᠢ ᠤᠯᠤᠰ᠎ᠤᠨ ᠡᠮ᠎ᠤᠨ ᠵᠦᠢᠯ᠎ᠢ ᠬᠢᠨᠠᠨ ᠦᠨᠡᠯᠡᠬᠦ ᠪᠠᠢ᠌ᠭᠤᠯᠤᠮᠵᠢ ᠵᠢᠨ ᠡᠮ᠎ᠤᠨ ᠵᠦᠢᠯ᠎ᠢ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠵᠥᠪᠰᠢᠶᠡᠷᠡᠭᠦᠯᠬᠦ ᠭᠤᠶᠤᠴᠢᠯᠠᠯ ᠵᠶ᠋ᠠᠨ ᠢᠯᠡ ᠪᠣᠯᠭ᠋ᠠᠭᠰᠠᠨ ᠡᠳᠦᠷ᠎ᠠᠴᠠ ᠡᠬᠢᠯᠡᠨ 45 ᠡᠳᠦᠷ᠎ᠤᠨ ᠳᠣᠲᠣᠷ᠎ᠠ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠵᠥᠪᠰᠢᠶᠡᠷᠡᠭᠦᠯᠬᠦ᠎ᠪᠠᠷ ᠭᠤᠶᠤᠴᠢᠯᠠᠭᠰᠠᠨ ᠡᠮ᠎ᠤᠨ ᠵᠦᠢᠯ᠎ᠤᠨ ᠬᠠᠮᠢᠶ᠎ᠠ ᠪᠥᠬᠥᠶ ᠮᠡᠷᠭᠡᠵᠢᠯ᠎ᠤᠨ ᠲᠥᠰᠦᠯ᠎ᠢ ᠬᠣᠯᠪᠣᠭᠳᠠᠯ ᠪᠥᠬᠥᠶ ᠲᠤᠰᠬᠠᠶ ᠠᠰᠢᠭ᠎ᠤᠨ ᠡᠷᠬᠡ ᠵᠢ ᠬᠠᠮᠠᠭ᠋ᠠᠯᠠᠬᠤ ᠬᠡᠪᠴᠢᠶᠡᠨ᠎ᠳᠤ ᠣᠷᠣᠭᠤᠯᠤᠭᠰᠠᠨ᠎ᠢ ᠨᠤᠲᠠᠯᠠᠭᠤᠯᠬᠤ ᠵᠠᠰᠠᠭ ᠵᠠᠬᠢᠷᠭ᠋ᠠᠨ᠎ᠤ ᠲᠠᠰᠤᠯᠤᠯᠲᠠ ᠬᠢᠯᠭᠡᠬᠦ ᠭᠤᠶᠤᠴᠢᠯᠠᠯ ᠭᠠᠷᠭ᠋ᠠᠵᠤ ᠪᠣᠯᠤᠨ᠎ᠠ  ᠃
        ᠤᠯᠤᠰ᠎ᠤᠨ ᠡᠮ᠎ᠤᠨ ᠵᠦᠢᠯ᠎ᠢ ᠬᠢᠨᠠᠨ ᠦᠨᠡᠯᠡᠬᠦ ᠪᠠᠢ᠌ᠭᠤᠯᠤᠮᠵᠢ ᠡᠮ᠎ᠤᠨ ᠵᠦᠢᠯ᠎ᠢ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠵᠥᠪᠰᠢᠶᠡᠷᠡᠭᠦᠯᠬᠦ ᠭᠤᠶᠤᠴᠢᠯᠠᠯ ᠵᠶ᠋ᠠᠨ ᠢᠯᠡ ᠪᠣᠯᠭ᠋ᠠᠭᠰᠠᠨ ᠡᠳᠦᠷ᠎ᠠᠴᠠ ᠡᠬᠢᠯᠡᠨ 45 ᠡᠳᠦᠷ᠎ᠤᠨ ᠳᠣᠲᠣᠷ᠎ᠠ᠂ ᠲᠤᠰᠬᠠᠶ ᠠᠰᠢᠭ᠎ᠤᠨ ᠡᠷᠬᠡᠲᠦ ᠬᠥᠮᠦᠨ ᠪᠤᠶᠤ ᠠᠰᠢᠭ ᠬᠣᠤᠷ᠎ᠤᠨ ᠬᠠᠷᠢᠴᠠᠭ᠎ᠠ᠎ᠲᠠᠢ ᠬᠥᠮᠦᠨ᠎ᠨᠢ ᠲᠣᠰ ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠤ ᠲᠤᠬᠠᠶ ᠠᠷᠠᠳ᠎ᠤᠨ ᠰᠢᠭᠦᠬᠦ ᠬᠣᠷᠢᠶᠠᠨ᠎ᠳᠤ ᠵᠠᠭ᠋ᠠᠯᠳᠤᠭᠰᠠᠨ ᠥᠬᠡᠶ ᠪᠤᠶᠤ ᠵᠠᠰᠠᠭ ᠵᠠᠬᠢᠷᠭ᠋ᠠᠨ᠎ᠤ ᠲᠠᠰᠤᠯᠤᠯᠲᠠ ᠬᠢᠯᠭᠡᠬᠦ ᠭᠤᠶᠤᠴᠢᠯᠠᠯ ᠭᠠᠷᠭ᠋ᠠᠭᠰᠠᠨ ᠥᠬᠡᠶ ᠪᠠᠢ᠌ᠪᠠᠯ᠂ ᠡᠮ᠎ᠤᠨ ᠵᠦᠢᠯ᠎ᠢ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠵᠥᠪᠰᠢᠶᠡᠷᠡᠭᠦᠯᠬᠦ᠎ᠪᠠᠷ ᠭᠤᠶᠤᠴᠢᠯᠠᠭᠴᠢ᠎ᠨᠢ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠵᠥᠪᠰᠢᠶᠡᠷᠡᠭᠦᠯᠬᠦ᠎ᠪᠠᠷ ᠭᠤᠶᠤᠴᠢᠯᠠᠭᠰᠠᠨ ᠡᠮ᠎ᠤᠨ ᠵᠦᠢᠯ᠎ᠤᠨ ᠬᠣᠯᠪᠣᠭᠳᠠᠯ ᠪᠥᠬᠥᠶ ᠮᠡᠷᠭᠡᠵᠢᠯ᠎ᠤᠨ ᠲᠥᠰᠦᠯ᠎ᠢ ᠬᠣᠯᠪᠣᠭᠳᠠᠯ ᠪᠥᠬᠥᠶ ᠲᠤᠰᠬᠠᠶ ᠠᠰᠢᠭ᠎ᠤᠨ ᠡᠷᠬᠡ ᠵᠢ ᠬᠠᠮᠠᠭ᠋ᠠᠯᠠᠬᠤ ᠬᠡᠪᠴᠢᠶᠡᠨ᠎ᠳᠤ ᠣᠷᠣᠭᠤᠯᠤᠭᠰᠠᠨ ᠥᠬᠡᠶ ᠭᠡᠵᠦ ᠨᠤᠲᠠᠯᠠᠭᠤᠯᠬᠤ ᠵᠠᠰᠠᠭ ᠵᠠᠬᠢᠷᠭ᠋ᠠᠨ᠎ᠤ ᠲᠠᠰᠤᠯᠤᠯᠲᠠ ᠬᠢᠯᠭᠡᠬᠦ ᠭᠤᠶᠤᠴᠢᠯᠠᠯ ᠭᠠᠷᠭ᠋ᠠᠵᠤ ᠪᠣᠯᠤᠨ᠎ᠠ  ᠃
         (ᠭᠤᠷᠪᠠ) ᠵᠠᠰᠠᠭ ᠵᠠᠬᠢᠷᠭ᠋ᠠᠨ᠎ᠤ ᠲᠠᠰᠤᠯᠤᠨ ᠲᠣᠭᠲᠠᠭ᠋ᠠᠵᠤ ᠪᠣᠯᠬᠤ ᠡᠮ᠎ᠤᠨ ᠵᠦᠢ᠍ᠯ᠎ᠤᠨ ᠲᠤᠰᠬᠠᠢ ᠠᠰᠢᠭ᠎ᠤᠨ ᠬᠡᠪᠴᠢᠶ᠎ᠡ
      《ᠲᠠᠰᠤᠯᠤᠯᠲᠠ ᠵᠢᠨ ᠠᠷᠭ᠎ᠠ》᠎ᠳᠤ ᠬᠢᠨᠠᠨ ᠲᠡᠰᠦᠯᠵᠦ ᠪᠣᠯᠬᠤ ᠡᠮ᠎ᠤᠨ ᠵᠦᠢᠯ᠎ᠤᠨ ᠲᠤᠰᠬᠠᠶ ᠠᠰᠢᠭ᠎ᠨᠢ ᠡᠷᠬᠡᠪᠰᠢ ᠳᠣᠤᠷᠠᠬᠢ ᠨᠥᠬᠥᠴᠡᠯ᠎ᠢ ᠬᠠᠩᠭ᠋ᠠᠬᠤ ᠬᠡᠷᠡᠭᠲᠡᠶ ᠭᠡᠵᠦ ᠲᠣᠭᠲᠠᠭ᠋ᠠᠪᠠ᠂ ᠲᠤᠬᠠᠢ᠌ᠯᠠᠪᠠᠯ ᠬᠠᠮᠢᠶ᠎ᠠ ᠪᠥᠬᠥᠶ ᠲᠤᠰᠬᠠᠶ ᠠᠰᠢᠭ᠎ᠤᠨ ᠮᠡᠳᠡᠭᠡ ᠵᠠᠩᠭᠢ ᠵᠢ ᠨᠢᠭᠡᠨᠲᠡ ᠳᠤᠮᠳᠠᠳᠤ ᠤᠯᠤᠰ᠎ᠤᠨ ᠰᠲ᠋ᠣᠺ ᠵᠶ᠋ᠠᠨ ᠵᠠᠬ᠎ᠠ ᠳᠡᠯᠭᠡᠭᠦᠷ᠎ᠲᠤ ᠭᠠᠷᠭ᠋ᠠᠭᠰᠠᠨ ᠡᠮ᠎ᠤᠨ ᠵᠦᠢᠯ᠎ᠤᠨ ᠲᠤᠰᠬᠠᠶ ᠠᠰᠢᠭ᠎ᠤᠨ ᠮᠡᠳᠡᠭᠡ ᠵᠠᠩᠭᠢ ᠵᠢ ᠳᠠᠩᠰᠠᠯᠠᠬᠤ ᠲᠠᠪᠴᠠᠩ ᠳᠡᠭᠡᠷ᠎ᠡ ᠳᠡᠩᠰᠡᠯᠡᠨ ᠲᠡᠮᠳᠡᠭᠯᠡᠵᠦ ᠢᠯᠡ ᠪᠣᠯᠭ᠋ᠠᠭᠰᠠᠨ ᠪᠥᠭᠡᠳ ᠲᠤᠰᠬᠠᠶ ᠠᠰᠢᠭ᠎ᠤᠨ ᠲᠥᠷᠥᠯ ᠬᠡᠯᠪᠡᠷᠢ᠎ᠨᠢ 《ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠬᠠᠮᠢᠶ᠎ᠠ ᠪᠥᠬᠥᠶ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ  ᠃
        ᠤᠯᠤᠰ᠎ᠤᠨ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠭᠠᠷᠭ᠋ᠠᠭᠰᠠᠨ 《ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢ ᠦᠨᠳᠦᠰᠦᠯᠡᠪᠡᠯ᠂ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠡᠮ᠎ᠤᠨ ᠵᠦᠢᠯ᠎ᠤᠨ ᠲᠤᠰᠬᠠᠶ ᠠᠰᠢᠭ᠎ᠤᠨ ᠮᠡᠳᠡᠭᠡ ᠵᠠᠩᠭᠢ ᠵᠢ ᠳᠠᠩᠰᠠᠯᠠᠬᠤ ᠲᠠᠪᠴᠠᠩ᠎ᠳᠤ ᠳᠡᠩᠰᠡᠯᠡᠵᠦ ᠪᠣᠯᠬᠤ ᠪᠣᠳᠠᠲᠠᠶ ᠡᠮ᠎ᠤᠨ ᠵᠦᠢᠯ᠎ᠤᠨ ᠲᠤᠰᠬᠠᠶ ᠠᠰᠢᠭ᠎ᠲᠤ᠄ ᠬᠢᠮᠢ ᠵᠢᠨ ᠡᠮ᠎ᠤᠨ ᠵᠦᠢᠯ (ᠲᠦᠭᠦᠬᠡᠶ ᠮᠠᠲ᠋ᠧᠷᠢᠶᠠᠯ᠎ᠤᠨ ᠡᠮ᠎ᠢ ᠪᠠᠭᠲᠠᠭ᠋ᠠᠬᠤ ᠥᠬᠡᠶ)᠎ᠤᠨ ᠡᠮ᠎ᠤᠨ ᠢᠳᠡᠪᠬᠢ ᠴᠢᠨᠠᠷ᠎ᠤᠨ ᠪᠦᠷᠢᠯᠳᠦᠬᠦᠨ᠎ᠤ ᠨᠢᠭᠡᠳᠪᠦᠷᠢ ᠵᠢᠨ ᠲᠤᠰᠬᠠᠶ ᠠᠰᠢᠭ᠂ ᠢᠳᠡᠪᠬᠢ ᠴᠢᠨᠠᠷ᠎ᠤᠨ ᠪᠦᠷᠢᠯᠳᠦᠬᠦᠨ᠎ᠢ ᠪᠠᠭᠲᠠᠭ᠋ᠠᠭᠰᠠᠨ ᠡᠮ᠎ᠤᠨ ᠵᠦᠢᠯ᠎ᠤᠨ ᠨᠡᠢ᠌ᠯᠡᠮᠡᠯ ᠡᠳ᠋᠎ᠤᠨ ᠲᠤᠰᠬᠠᠶ ᠠᠰᠢᠭ᠂ ᠡᠮ ᠡᠮᠨᠡᠯᠭᠡ ᠵᠢᠨ ᠬᠡᠷᠡᠭᠴᠡᠭᠡᠨ᠎ᠤ ᠲᠤᠰᠬᠠᠶ ᠠᠰᠢᠭ ᠪᠠᠭᠲᠠᠨ᠎ᠠ; ᠬᠢᠲᠠᠳ ᠡᠮ᠎ᠤᠨ ᠨᠡᠢ᠌ᠯᠡᠮᠡᠯ ᠡᠳ᠋᠎ᠤᠨ ᠲᠤᠰᠬᠠᠶ ᠠᠰᠢᠭ᠂ ᠬᠢᠲᠠᠳ ᠡᠮ᠎ᠤᠨ ᠭᠠᠷᠭ᠋ᠠᠨ ᠠᠪᠤᠭᠰᠠᠨ ᠡᠳ᠋᠎ᠤᠨ ᠲᠤᠰᠬᠠᠶ ᠠᠰᠢᠭ᠂ ᠡᠮ ᠡᠮᠨᠡᠯᠭᠡ ᠵᠢᠨ ᠬᠡᠷᠡᠭᠴᠡᠭᠡᠨ᠎ᠤ ᠲᠤᠰᠬᠠᠶ ᠠᠰᠢᠭ; ᠠᠮᠢᠳᠤ ᠪᠣᠳᠠᠰ᠎ᠤᠨ ᠪᠦᠲᠦᠭᠡᠭᠳᠡᠬᠦᠨ᠎ᠤ ᠢᠳᠡᠪᠬᠢ ᠪᠦᠷᠢᠯᠳᠦᠬᠦᠨ᠎ᠤ ᠳᠡᠰ ᠳᠠᠷᠠᠭ᠋ᠠᠯᠠᠯ᠎ᠤᠨ ᠪᠦᠲᠦᠴᠡ ᠵᠢᠨ ᠲᠤᠰᠬᠠᠶ ᠠᠰᠢᠭ᠂ ᠡᠮ ᠡᠮᠨᠡᠯᠭᠡ ᠵᠢᠨ ᠬᠡᠷᠡᠭᠴᠡᠭᠡᠨ᠎ᠤ ᠲᠤᠰᠬᠠᠶ ᠠᠰᠢᠭ  ᠃ ᠬᠠᠮᠢᠶ᠎ᠠ ᠪᠦᠬᠦᠢ ᠲᠤᠰᠬᠠᠶ ᠠᠰᠢᠭ᠎ᠲᠤ ᠵᠠᠪᠰᠠᠷ᠎ᠤᠨ ᠴᠣᠭᠴᠠ᠂ ᠰᠣᠯᠢᠯᠴᠠᠭ᠋ᠠᠨ᠎ᠤ ᠪᠦᠲᠦᠭᠡᠭᠳᠡᠬᠦᠨ᠂ ᠲᠠᠯᠠᠰᠲᠤ ᠬᠡᠯᠪᠡᠷᠢ᠂ ᠦᠢ᠍ᠯᠡᠳᠴᠦ ᠪᠡᠯᠡᠳᠬᠡᠬᠦ ᠠᠷᠭ᠎ᠠ᠂ ᠪᠠᠢ᠌ᠴᠠᠭ᠋ᠠᠨ ᠬᠡᠮᠵᠢᠬᠦ ᠠᠷᠭ᠎ᠠ ᠵᠡᠷᠭᠡ ᠵᠢᠨ ᠲᠤᠰᠬᠠᠶ ᠠᠰᠢᠭ ᠪᠠᠭᠲᠠᠬᠤ ᠦᠭᠡᠶ  ᠃
       (ᠲᠦᠷᠪᠡ) ᠵᠠᠰᠠᠭ ᠵᠠᠬᠢᠷᠭ᠋ᠠᠨ᠎ᠤ ᠲᠠᠰᠣᠯᠣᠯᠳᠠ ᠵᠢᠨ ᠠᠷᠭ᠎ᠠ ᠵᠠᠮ ᠬᠢᠭᠡᠳ ᠬᠠᠤᠯᠢ ᠪᠠᠷᠢᠬᠤ ᠠᠷᠭ᠎ᠠ ᠵᠠᠮ᠎ᠢ ᠵᠣᠬᠢᠴᠠᠭᠤᠯᠬᠤ  ᠃《ᠲᠠᠰᠤᠯᠤᠯᠲᠠ ᠵᠢᠨ ᠠᠷᠭ᠎ᠠ》 ᠵᠢᠨ ᠳᠥᠷᠪᠡᠳᠦᠭᠡᠷ ᠵᠦᠢᠯ᠎ᠤᠨ ᠲᠣᠭᠲᠠᠭ᠋ᠠᠯ᠎ᠢ ᠦᠨᠳᠦᠰᠦᠯᠡᠪᠡᠯ᠂ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠬᠡᠷᠡᠭ ᠪᠣᠯᠭ᠋ᠠᠨ ᠳᠠᠩᠰᠠᠯᠠᠬᠤ ᠵᠢᠷᠤᠮ᠎ᠳᠤ ᠡᠮ᠎ᠤᠨ ᠵᠦᠢᠯ᠎ᠢ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠶᠠᠪᠤᠴᠠ᠎ᠳᠠᠬᠢ ᠬᠣᠯᠪᠣᠭᠳᠠᠯ ᠪᠥᠬᠥᠶ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠠᠷᠠᠳ᠎ᠤᠨ ᠰᠢᠭᠦᠬᠦ ᠬᠣᠷᠢᠶ᠎ᠠ ᠬᠡᠷᠡᠭ ᠪᠣᠯᠭ᠋ᠠᠨ ᠳᠠᠩᠰᠠᠯᠠᠭᠰᠠᠨ ᠥᠬᠡᠶ ᠪᠠᠢ᠌ᠬᠤ ᠵᠢ ᠱᠠᠭ᠋ᠠᠷᠳᠠᠨ᠎ᠠ  ᠃ ᠬᠡᠷᠪᠡ ᠠᠳᠠᠯᠢ ᠨᠢᠭᠡᠨ ᠲᠤᠰᠬᠠᠢ ᠠᠰᠢᠭ᠎ᠤᠨ ᠵᠢᠭᠤᠷᠠᠯᠳᠤᠭ᠋ᠠᠨ᠎ᠢ ᠠᠷᠠᠳ᠎ᠤᠨ ᠰᠢᠭᠦᠬᠦ ᠬᠣᠷᠢᠢ᠎ᠠ ᠨᠢᠭᠡᠨᠲᠡ ᠬᠡᠷᠡᠭ ᠪᠣᠯᠭ᠋ᠠᠨ ᠳᠠᠩᠰᠠᠯᠠᠭᠰᠠᠨ ᠪᠠᠢ᠌ᠪᠠᠯ᠂ ᠲᠤᠬᠠᠢ ᠵᠢᠨ ᠬᠥᠮᠦᠨ᠎ᠤ ᠳᠤᠷᠠᠳᠤᠭᠰᠠᠨ ᠵᠠᠰᠠᠭ ᠵᠠᠬᠢᠷᠭ᠋ᠠᠨ᠎ᠤ ᠲᠠᠰᠤᠯᠤᠯᠳᠠ ᠭᠠᠷᠭ᠋ᠠᠭᠤᠯᠬᠤ ᠭᠤᠶᠤᠴᠢᠯᠠᠯ᠎ᠢ ᠤᠯᠤᠰ᠎ᠤᠨ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠲᠣᠪᠴᠢᠢ᠎ᠠ ᠬᠦᠯᠢᠶᠡᠨ ᠠᠪᠴᠤ ᠰᠢᠢ᠍ᠳᠪᠦᠷᠢᠯᠡᠬᠦ ᠦᠭᠡᠢ ᠪᠠᠢ᠌ᠵᠤ᠂ ᠬᠣᠯᠪᠣᠭᠳᠠᠯ ᠪᠦᠬᠦᠢ ᠵᠠᠭᠤᠷᠠᠯᠳᠤᠭ᠋ᠠᠨ᠎ᠢ ᠵᠠᠰᠠᠭ ᠵᠠᠬᠢᠷᠭ᠋ᠠᠨ᠎ᠤ ᠠᠷᠭ᠎ᠠ ᠵᠠᠮ ᠪᠤᠶᠤ ᠬᠠᠤᠯᠢ ᠪᠠᠷᠢᠬᠤ ᠠᠷᠭ᠎ᠠ ᠵᠠᠮ ᠵᠶ᠋ᠠᠷ ᠠᠯᠢ ᠨᠢᠭᠡ ᠵᠢ᠎ᠨᠢ ᠰᠣᠩᠭᠣᠵᠤ ᠶᠠᠪᠤᠭᠳᠠᠭᠤᠯᠬᠤ ᠵᠢ ᠪᠠᠲᠤᠯᠠᠵᠤ᠂ ᠵᠠᠭᠤᠷᠠᠯᠳᠤᠭ᠋ᠠᠨ᠎ᠢ ᠰᠢᠢ᠍ᠳᠪᠦᠷᠢᠯᠡᠬᠦ ᠵᠢᠷᠤᠮ᠎ᠤᠨ ᠪᠦᠷᠢᠯᠭᠡᠨ ᠰᠦᠢ᠍ᠳᠬᠡᠬᠦ ᠪᠠ ᠮᠥᠷᠭᠥᠯᠳᠦᠭᠡᠨ ᠭᠠᠷᠬᠤ᠎ᠠᠴᠠ ᠵᠠᠢ᠌ᠯᠠᠰᠬᠢᠨ᠎ᠡ  ᠃
       (ᠲᠠᠪᠤ) ᠵᠠᠰᠠᠭ ᠵᠠᠬᠢᠷᠭ᠋ᠠᠨ᠎ᠤ ᠲᠠᠰᠣᠯᠣᠯᠳᠠ ᠬᠢᠭᠡᠳ ᠬᠦᠴᠦᠨ ᠦᠭᠡᠢ ᠵᠢᠷᠤᠮ᠎ᠤᠨ ᠬᠠᠷᠢᠴᠠᠭ᠎ᠠ
      《ᠲᠠᠰᠤᠯᠤᠯᠲᠠ ᠬᠢᠬᠦ ᠠᠷᠭ᠎ᠠ》 ᠵᠢᠨ ᠠᠷᠪᠠᠨ ᠳᠥᠷᠪᠡᠳᠦᠭᠡᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠪᠡᠯ᠂ ᠡᠮ᠎ᠤᠨ ᠵᠦᠢ᠍ᠯ᠎ᠤᠨ ᠲᠤᠰᠬᠠᠢ ᠠᠰᠢᠭ᠎ᠤᠨ ᠵᠠᠭᠤᠷᠠᠯᠳᠤᠭ᠋ᠠᠨ᠎ᠤ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠬᠡᠷᠡᠭ᠎ᠢ ᠰᠢᠢ᠍ᠳᠪᠦᠷᠢᠯᠡᠬᠦ ᠶᠠᠪᠤᠴᠠ᠎ᠳᠤ᠂ ᠬᠡᠷᠡᠭ᠎ᠲᠤ ᠬᠣᠯᠪᠣᠭᠳᠠᠭᠰᠠᠨ ᠲᠤᠰᠬᠠᠢ ᠠᠰᠢᠭ᠎ᠲᠤ ᠬᠣᠯᠪᠣᠭᠳᠠᠭᠰᠠᠨ ᠬᠡᠰᠡᠭ ᠡᠷᠬᠡ ᠵᠢᠨ ᠱᠠᠭ᠋ᠠᠷᠳᠠᠯᠭ᠎ᠠ ᠵᠢ ᠬᠦᠴᠦᠨ ᠦᠭᠡᠢ᠎ᠪᠠᠷ ᠵᠠᠷᠯᠠᠭᠰᠠᠨ ᠪᠠᠢ᠌ᠪᠠᠯ᠂ ᠤᠯᠤᠰ᠎ᠤᠨ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠲᠣᠪᠴᠢᠶ᠎ᠠ᠎ᠠᠴᠠ ᠬᠦᠴᠦᠨ᠎ᠲᠠᠢ ᠪᠠᠢ᠌ᠬᠤ ᠡᠷᠬᠡ ᠵᠢᠨ ᠱᠠᠭ᠋ᠠᠷᠳᠠᠯᠭ᠎ᠠ ᠵᠢ ᠪᠠᠷᠢᠮᠲᠠᠯᠠᠬᠤ ᠰᠠᠭᠤᠷᠢᠨ ᠳᠡᠭᠡᠷ᠎ᠡ ᠵᠠᠰᠠᠭ ᠵᠠᠬᠢᠷᠭ᠋ᠠᠨ᠎ᠤ ᠲᠠᠰᠤᠯᠤᠯᠲᠠ ᠭᠠᠷᠭ᠋ᠠᠨ᠎ᠠ; ᠬᠡᠷᠡᠭ᠎ᠲᠤ ᠬᠣᠯᠪᠣᠭᠳᠠᠭᠰᠠᠨ ᠲᠤᠰᠬᠠᠢ ᠠᠰᠢᠭ᠎ᠲᠤ ᠬᠣᠯᠪᠣᠭᠳᠠᠭᠰᠠᠨ ᠡᠷᠬᠡ ᠵᠢᠨ ᠱᠠᠭ᠋ᠠᠷᠳᠠᠯᠭ᠎ᠠ ᠵᠢ ᠪᠦᠭᠦᠨ ᠵᠶ᠋ᠡᠷ᠎ᠨᠢ ᠬᠦᠴᠦᠨ ᠦᠭᠡᠢ᠎ᠪᠠᠷ ᠵᠠᠷᠯᠠᠭᠰᠠᠨ ᠪᠠᠢ᠌ᠪᠠᠯ᠂ ᠤᠯᠤᠰ᠎ᠤᠨ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠲᠣᠪᠴᠢᠢ᠎ᠠ ᠵᠠᠰᠠᠭ ᠵᠠᠬᠢᠷᠭ᠋ᠠᠨ᠎ᠤ ᠲᠠᠰᠣᠯᠣᠯᠳᠠ ᠵᠢᠨ ᠭᠤᠶᠤᠴᠢᠯᠠᠯ᠎ᠢ ᠨᠢᠴᠤᠭ᠋ᠠᠬᠤ ᠪᠣᠯᠤᠨ᠎ᠠ  ᠃ ᠡᠭᠦᠨ᠎ᠠᠴᠠ ᠭᠠᠳᠠᠨ᠎ᠠ᠂ ᠲᠤᠬᠠᠢ ᠵᠢᠨ ᠬᠥᠮᠦᠨ᠎ᠨᠢ ᠬᠡᠷᠡᠭ᠎ᠢ ᠰᠢᠢ᠍ᠳᠪᠦᠷᠢᠯᠡᠬᠦ ᠶᠠᠪᠤᠴᠠ᠎ᠳᠤ ᠬᠡᠷᠡᠭ᠎ᠲᠤ ᠬᠣᠯᠪᠣᠭᠳᠠᠭᠰᠠᠨ ᠲᠤᠰᠬᠠᠢ ᠠᠰᠢᠭ᠎ᠤᠨ ᠲᠤᠬᠠᠢ ᠬᠦᠴᠦᠨ ᠦᠭᠡᠢ᠎ᠪᠠᠷ ᠵᠠᠷᠯᠠᠭᠤᠯᠬᠤ ᠭᠤᠶᠤᠴᠢᠯᠠᠯ ᠭᠠᠷᠭ᠋ᠠᠭᠰᠠᠨ ᠪᠠᠢ᠌ᠪᠠᠯ᠂ 《ᠲᠠᠰᠤᠯᠤᠯᠳᠠ ᠵᠢᠨ ᠠᠷᠭ᠎ᠠ》 ᠵᠢᠨ ᠠᠷᠪᠠᠨ ᠵᠢᠷᠭᠤᠳᠤᠭ᠋ᠠᠷ ᠵᠦᠢ᠍ᠯ᠎ᠳᠤ᠂ ᠤᠯᠤᠰ᠎ᠤᠨ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠲᠣᠪᠴᠢᠢ᠎ᠠ ᠬᠡᠷᠡᠭ᠎ᠢ ᠰᠢᠢ᠍ᠳᠪᠦᠷᠢᠯᠡᠬᠦ ᠵᠢ ᠲᠤᠷᠭᠤᠨ ᠵᠣᠭᠰᠣᠭ᠋ᠠᠬᠤ ᠦᠭᠡᠢ ᠪᠠᠢ᠌ᠵᠤ ᠪᠣᠯᠤᠨ᠎ᠠ ᠭᠡᠵᠦ ᠲᠣᠳᠣᠷᠬᠠᠢ᠌ᠯᠠᠪᠠ  ᠃
        (ᠵᠢᠷᠭᠤᠭ᠎ᠠ) ᠵᠠᠰᠠᠭ ᠵᠠᠬᠢᠷᠭ᠋ᠠᠨ᠎ᠤ ᠲᠣᠭᠲᠠᠭ᠋ᠠᠯᠲᠠ ᠵᠢ ᠭᠦᠢ᠍ᠴᠡᠳᠬᠡᠬᠦ ᠪᠠ ᠢᠯᠠ᠎ᠪᠠᠷ ᠨᠡᠢ᠌ᠲᠡᠯᠡᠬᠦ  ᠃《ᠲᠣᠭᠲᠠᠭ᠋ᠠᠯᠲᠠ ᠭᠠᠷᠭ᠋ᠠᠬᠤ ᠠᠷᠭ᠎ᠠ》᠎ᠳᠤ ᠵᠠᠰᠠᠭ ᠵᠠᠬᠢᠷᠭ᠋ᠠᠨ᠎ᠤ ᠲᠣᠭᠲᠠᠭ᠋ᠠᠯᠲᠠ ᠭᠠᠷᠭ᠋ᠠᠭᠰᠠᠨ᠎ᠤ ᠲᠡᠷᠡᠭ᠎ᠠ᠂ ᠲᠤᠬᠠᠢ ᠵᠢᠨ ᠬᠥᠮᠦᠨ᠎ᠳᠤ ᠬᠦᠷᠭᠡᠬᠦ ᠵᠢᠨ ᠬᠠᠮᠲᠤ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠡᠮ᠎ᠤᠨ ᠵᠦᠢ᠍ᠯ᠎ᠢ ᠬᠢᠨᠠᠨ ᠬᠠᠮᠢᠶᠠᠷᠬᠤ ᠰᠠᠯᠠᠭ᠎ᠠ ᠮᠥᠴᠢᠷ᠎ᠲᠤ ᠬᠠᠭᠤᠯᠤᠨ ᠬᠦᠷᠭᠡᠬᠦ ᠵᠢᠨ ᠬᠠᠮᠲᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠨᠡᠢ᠌ᠭᠡᠮ ᠨᠡᠢ᠌ᠲᠡ᠎ᠳᠤ ᠢᠯᠠ᠎ᠪᠠᠷ ᠨᠡᠢ᠌ᠲᠡᠯᠡᠬᠦ ᠬᠡᠷᠡᠭᠲᠡᠢ ᠭᠡᠵᠦ ᠲᠣᠭᠲᠠᠭ᠋ᠠᠵᠠᠢ  ᠃ ᠵᠠᠰᠠᠭ ᠵᠠᠬᠢᠷᠭ᠋ᠠᠨ᠎ᠤ ᠲᠣᠭᠲᠠᠭ᠋ᠠᠯᠲᠠ ᠵᠢ ᠢᠯᠠ ᠪᠣᠯᠭ᠋ᠠᠬᠤ ᠦᠶ᠎ᠡ᠎ᠳᠤ ᠬᠤᠳᠠᠯᠳᠤᠭ᠋ᠠᠨ᠎ᠤ ᠨᠢᠭᠤᠴᠠ᠎ᠳᠤ ᠬᠣᠯᠪᠣᠭᠳᠠᠬᠤ ᠮᠡᠳᠡᠭᠡ ᠵᠠᠩᠭᠢ ᠵᠢ ᠬᠠᠰᠤᠬᠤ ᠬᠡᠷᠡᠭᠲᠡᠢ  ᠃
        ᠡᠭᠦᠨ᠎ᠤ ᠬᠠᠮᠲᠤ᠂ 《ᠡᠮ᠎ᠤᠨ ᠵᠦᠢᠯ᠎ᠤᠨ ᠲᠤᠰᠬᠠᠶ ᠠᠰᠢᠭ᠎ᠤᠨ ᠵᠢᠭᠤᠷᠠᠯᠳᠤᠭ᠋ᠠᠨ᠎ᠢ ᠡᠷᠲᠡ ᠰᠢᠢᠳᠪᠦᠷᠢᠯᠡᠬᠦ ᠲᠣᠭᠲᠠᠴᠠ ᠵᠢ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠪᠡᠯ᠂ ᠲᠤᠰᠬᠠᠶ ᠠᠰᠢᠭ᠎ᠤᠨ ᠡᠷᠬᠡᠲᠦ ᠬᠥᠮᠦᠨ ᠪᠤᠶᠤ ᠠᠰᠢᠭ ᠬᠣᠤᠷ᠎ᠤᠨ ᠬᠠᠷᠢᠴᠠᠭ᠎ᠠ᠎ᠲᠠᠢ ᠬᠥᠮᠦᠨ᠎ᠨᠢ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠪᠢᠴᠢᠭ᠎ᠢ 10 ᠠᠵᠢᠯᠯᠠᠬᠤ ᠡᠳᠦᠷ᠎ᠤᠨ ᠳᠣᠲᠣᠷ᠎ᠠ ᠤᠯᠤᠰ᠎ᠤᠨ ᠡᠮ᠎ᠤᠨ ᠵᠦᠢᠯ᠎ᠢ ᠬᠢᠨᠠᠨ ᠦᠨᠡᠯᠡᠬᠦ ᠪᠠᠢ᠌ᠭᠤᠯᠤᠮᠵᠢ᠎ᠳᠤ ᠮᠡᠳᠡᠭᠦᠯᠦᠨ ᠬᠦᠷᠭᠡᠬᠦ ᠬᠡᠷᠡᠭᠲᠡᠶ  ᠃
        (ᠳᠣᠯᠣᠭ᠎ᠠ) ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠬᠠᠤᠯᠢ ᠴᠠᠭ᠋ᠠᠵᠠ ᠵᠢᠨ ᠲᠤᠰᠠᠯᠠᠮᠵᠢ
     《ᠲᠠᠰᠤᠯᠤᠯᠲᠠ ᠵᠢᠨ ᠠᠷᠭ᠎ᠠ》 ᠵᠢᠨ ᠠᠷᠪᠠ ᠶᠢᠰᠦᠳᠦᠭᠡᠷ ᠵᠦᠢ᠍ᠯ᠎ᠳᠤ᠂ ᠲᠤᠬᠠᠢ ᠵᠢᠨ ᠬᠥᠮᠦᠨ᠎ᠨᠢ ᠤᠯᠤᠰ᠎ᠤᠨ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠲᠣᠪᠴᠢᠶ᠎ᠠ ᠵᠢᠨ ᠭᠠᠷᠭ᠋ᠠᠭᠰᠠᠨ ᠡᠮ᠎ᠤᠨ ᠵᠦᠢ᠍ᠯ᠎ᠤᠨ ᠲᠤᠰᠬᠠᠢ ᠠᠰᠢᠭ᠎ᠤᠨ ᠵᠢᠭᠤᠷᠠᠯᠳᠤᠭ᠋ᠠᠨ᠎ᠤ ᠵᠠᠰᠠᠭ ᠵᠠᠬᠢᠷᠭ᠋ᠠᠨ᠎ᠤ ᠲᠠᠰᠤᠯᠤᠯᠲᠠ ᠵᠢ ᠵᠥᠪᠰᠢᠶᠡᠷᠡᠬᠦ ᠦᠭᠡᠢ ᠪᠠᠢ᠌ᠪᠠᠯ᠂ ᠬᠠᠤᠯᠢ ᠶᠣᠰᠣᠭ᠋ᠠᠷ ᠠᠷᠠᠳ᠎ᠤᠨ ᠰᠢᠭᠦᠬᠦ ᠬᠣᠷᠢᠶ᠎ᠠ᠎ᠳᠤ ᠵᠠᠭ᠋ᠠᠯᠳᠤᠵᠤ ᠪᠣᠯᠤᠨ᠎ᠠ ᠭᠡᠵᠦ ᠲᠣᠭᠲᠠᠭ᠋ᠠᠵᠠᠢ  ᠃ ᠦᠨᠳᠦᠰᠦ ᠪᠠᠷᠢᠮᠲᠠ 《ᠪᠦᠭᠦᠲᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠠᠷᠭᠤ ᠵᠢᠨ ᠬᠠᠤᠯᠢ》 ᠵᠢᠨ ᠳᠥᠴᠢᠨ ᠵᠢᠷᠭᠤᠳᠤᠭ᠋ᠠᠷ ᠵᠦᠢ᠍ᠯ᠂ ᠵᠠᠰᠠᠭ ᠵᠠᠬᠢᠷᠭ᠋ᠠᠨ᠎ᠤ ᠵᠠᠷᠭᠤ ᠵᠢ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠪᠢᠴᠢᠭ᠎ᠢ ᠬᠦᠷᠭᠡᠵᠦ ᠥᠭᠭᠦᠭᠰᠡᠨ ᠡᠳᠦᠷ᠎ᠠᠴᠠ ᠡᠬᠢᠯᠡᠨ 6 ᠰᠠᠷ᠎ᠠ ᠵᠢᠨ ᠳᠣᠲᠣᠷ᠎ᠠ ᠳᠤᠷᠠᠳᠴᠤ ᠪᠣᠯᠤᠨ᠎ᠠ  ᠃

ᠢᠷᠡᠯᠲᠡ᠄ ᠤᠯᠤᠰ᠎ᠤᠨ ᠮᠡᠳᠡᠯᠭᠡ ᠵᠢᠨ ᠦᠮᠴᠢᠯᠡᠯ ᠵᠢᠨ ᠡᠷᠬᠡ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠲᠥᠷᠥ ᠵᠢᠨ ᠪᠣᠳᠣᠯᠭ᠎ᠠ ᠵᠢᠨ ᠲᠠᠢ᠌ᠯᠤᠮᠵᠢ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠲᠦᠷᠢᠮ᠎ᠢ ᠭᠦᠨᠵᠡᠭᠡᠶ ᠬᠡᠷᠡᠭᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠭᠤᠷᠪᠠᠨ ᠵᠢᠯ᠎ᠤᠨ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》
《ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠤᠨ ᠪᠠᠯᠠ ᠮᠥᠩᠭᠥ ᠵᠢᠨ ᠬᠠᠮᠢᠶᠠᠷᠤᠯᠲᠠ ᠵᠢᠨ ᠬᠣᠯᠪᠣᠭᠳᠠᠯ ᠪᠥᠬᠥᠶ ᠲᠣᠭᠲᠠᠭ᠋ᠠᠯ᠎ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ》᠎ᠤᠨ ᠲᠠᠢ᠌ᠯᠤᠮᠵᠢ
《ᠲᠤᠰᠬᠠᠶ ᠠᠰᠢᠭ᠎ᠤᠨ ᠡᠷᠬᠡ ᠵᠢᠨ ᠳᠠᠨᠵᠢᠯᠠᠭ᠎ᠠ ᠵᠢ ᠳᠠᠩᠰᠠᠯᠠᠬᠤ ᠠᠷᠭ᠎ᠠ》 ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ (2021-2025 ᠣᠨ)》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠤᠨ ᠬᠠᠮᠢᠶᠠᠷᠤᠯᠲᠠ ᠵᠢᠨ ᠠᠷᠭ᠎ᠠ (ᠵᠠᠰᠠᠪᠤᠷᠢ ᠣᠷᠣᠭᠤᠯᠤᠭᠰᠠᠨ)》 ᠵᠢᠨ ᠲᠠᠢ᠌ᠯᠤᠮᠵᠢ
 
            