ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠤᠨ ᠬᠠᠮᠢᠶᠠᠷᠤᠯᠲᠠ ᠵᠢᠨ ᠠᠷᠭ᠎ᠠ (ᠵᠠᠰᠠᠪᠤᠷᠢ ᠣᠷᠣᠭᠤᠯᠤᠭᠰᠠᠨ)》 ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2022-01-18

 

        ᠨᠢᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠤᠨ ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠤᠭᠰᠠᠨ ᠠᠬᠤᠶ ᠪᠠᠢ᠌ᠳᠠᠯ  ᠃ ᠥᠪᠡᠷᠲᠡᠭᠡᠨ ᠵᠠᠰᠠᠬᠤ ᠣᠷᠣᠨ᠎ᠤ ᠠᠨᠠᠭ᠋ᠠᠬᠤ ᠤᠬᠠᠭ᠋ᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮᠵᠢ ᠵᠢᠨ ᠪᠠᠢ᠌ᠭᠤᠯᠤᠯᠲᠠ ᠵᠢ ᠠᠬᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠤᠨ ᠪᠠᠢ᠌ᠭᠤᠯᠤᠯᠲᠠ ᠬᠢᠭᠡᠳ ᠠᠵᠢᠯᠯᠠᠭ᠋ᠠᠨ᠎ᠤ ᠬᠠᠮᠢᠶᠠᠷᠤᠯᠲᠠ ᠵᠢ ᠵᠢᠷᠤᠮᠵᠢᠭᠤᠯᠤᠨ᠂ ᠤᠯᠤᠰ᠎ᠤᠨ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠤᠨ ᠣᠷᠣᠨ ᠪᠦᠰᠡ ᠵᠢᠨ ᠪᠠᠢ᠌ᠷᠢᠰᠢᠭᠤᠯᠤᠯᠲᠠ᠎ᠲᠠᠢ ᠵᠣᠯᠭ᠋ᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠰᠢᠨ᠎ᠡ ᠵᠢ ᠡᠭᠦᠳᠬᠦ᠎ᠪᠠᠷ ᠬᠦᠷᠦᠯᠴᠡᠬᠦ ᠥᠬᠡᠶ᠂ ᠬᠢᠷᠢ ᠬᠡᠮᠵᠢᠶ᠎ᠡ᠎ᠪᠠᠷ ᠥᠨᠳᠥᠷ ᠪᠤᠰᠤ᠂ ᠪᠦᠬᠦᠯᠢ ᠴᠣᠭᠴᠠ ᠵᠢᠨ ᠬᠥᠭᠵᠢᠯᠲᠡ᠎ᠪᠠᠷ ᠬᠣᠴᠣᠷᠤᠩᠭᠤᠶ ᠪᠠᠢ᠌ᠬᠤ ᠠᠰᠠᠭᠤᠳᠠᠯ᠎ᠢ ᠰᠢᠢᠳᠪᠦᠷᠢᠯᠡᠬᠦ ᠵᠢᠨ ᠲᠤᠰᠠᠳᠠ᠂ ᠮᠠᠨ᠎ᠤ ᠲᠢᠩᠬᠢᠮ 2017 ᠣᠨ᠎ᠳᠤ ᠲᠣᠭᠲᠠᠭ᠋ᠠᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠤᠨ ᠠᠷᠭ᠎ᠠ》 (ᠲᠤᠷᠰᠢᠨ ᠬᠡᠷᠡᠭᠵᠢᠭᠦᠯᠬᠦ)᠎ᠳᠤ ᠵᠠᠰᠠᠪᠤᠷᠢ ᠣᠷᠣᠭᠤᠯᠪᠠ  ᠃ ᠡᠭᠦᠨ᠎ᠤ ᠬᠠᠮᠲᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠤᠨ ᠠᠵᠢᠯᠯᠠᠭ᠋ᠠᠨ᠎ᠤ ᠠᠮᠵᠢᠯᠲᠠ ᠪᠦᠲᠦᠮᠵᠢ ᠵᠢ ᠦᠨᠡᠯᠡᠨ ᠵᠢᠱ᠌ᠢᠬᠦ ᠲᠥᠰᠦᠯ (ᠲᠤᠷᠰᠢᠨ ᠬᠡᠷᠡᠭᠵᠢᠭᠦᠯᠬᠦ)》 (ᠳᠠᠭ᠋ᠠᠯᠳᠤᠭᠤᠯᠤᠯ 4)᠎ᠢ ᠲᠣᠭᠲᠠᠭ᠋ᠠᠪᠠ  ᠃

        ᠬᠣᠶᠠᠷ᠂ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠤᠨ ᠪᠠᠢ᠌ᠷᠢ ᠲᠣᠭᠲᠠᠭ᠋ᠠᠯᠲᠠ  ᠃ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠨᠢ ᠮᠠᠨ᠎ᠤ ᠤᠯᠤᠰ᠎ᠤᠨ ᠡᠪᠡᠳᠴᠢᠨ ᠡᠮᠭᠡᠭ᠎ᠢ ᠰᠡᠷᠭᠡᠢ᠌ᠯᠡᠨ ᠵᠠᠰᠠᠬᠤ ᠬᠡᠷᠡᠭᠴᠡᠭᠡ ᠱᠠᠭ᠋ᠠᠷᠳᠠᠯᠭ᠎ᠠ᠎ᠳᠤ ᠬᠠᠨᠳᠤᠭᠤᠯᠤᠨ᠂ ᠡᠮᠴᠢᠯᠡᠭᠡᠨ᠎ᠤ ᠬᠡᠷᠡᠭᠯᠡᠭᠡᠨ ᠵᠶ᠋ᠡᠷ ᠤᠳᠤᠷᠢᠳᠤᠮᠵᠢ ᠪᠣᠯᠭ᠋ᠠᠵᠤ᠂ ᠡᠮᠴᠢᠯᠡᠭᠡᠨ᠎ᠤ ᠪᠠᠢ᠌ᠭᠤᠯᠤᠮᠵᠢ᠎ᠪᠠᠷ ᠭᠣᠤᠯ ᠴᠣᠭᠴᠠ ᠪᠣᠯᠭ᠋ᠠᠨ᠂ ᠬᠠᠮᠵᠢᠯᠴᠠᠬᠤ ᠲᠣᠤᠷ ᠰᠦᠯᠵᠢᠶ᠎ᠡ᠎ᠪᠠᠷ ᠲᠤᠯᠭ᠋ᠠᠭᠤᠷᠢᠯᠠᠯ ᠪᠣᠯᠭ᠋ᠠᠵᠤ᠂ ᠡᠮᠴᠢᠯᠡᠭᠡᠨ᠎ᠤ ᠰᠤᠳᠤᠯᠭ᠋ᠠᠨ᠂ ᠬᠠᠮᠵᠢᠯᠴᠠᠨ ᠰᠢᠨ᠎ᠡ ᠵᠢ ᠡᠭᠦᠳᠬᠦ᠂ ᠡᠷᠳᠡᠮ ᠰᠢᠨᠵᠢᠯᠡᠭᠡᠨ᠎ᠤ ᠰᠣᠯᠢᠯᠴᠠᠭ᠎ᠠ᠂ ᠴᠢᠳᠠᠪᠤᠷᠢᠲᠠᠨ᠎ᠢ ᠬᠥᠮᠦᠵᠢᠭᠦᠯᠬᠦ᠂ ᠦᠷ᠎ᠡ ᠪᠦᠲᠦᠭᠡᠯ᠎ᠢ ᠤᠯᠠᠷᠢᠭᠤᠯᠬᠤ᠂ ᠳᠡᠯᠭᠡᠷᠡᠭᠦᠯᠦᠨ ᠬᠡᠷᠡᠭᠯᠡᠬᠦ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠭᠤᠷᠢᠨ ᠭᠠᠵᠠᠷ ᠪᠣᠯᠤᠨ᠎ᠠ  ᠃

        ᠭᠤᠷᠪᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠤᠨ ᠬᠠᠮᠢᠶᠠᠷᠤᠯᠲᠠ ᠵᠢᠨ ᠠᠷᠭ᠎ᠠ (ᠵᠠᠰᠠᠪᠤᠷᠢ ᠣᠷᠣᠭᠤᠯᠤᠭᠰᠠᠨ)》 ᠵᠢᠨ ᠭᠣᠤᠯ ᠠᠭᠤᠯᠭ᠎ᠠ


      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠤᠨ ᠬᠠᠮᠢᠶᠠᠷᠤᠯᠲᠠ ᠵᠢᠨ ᠠᠷᠭ᠎ᠠ (ᠵᠠᠰᠠᠪᠤᠷᠢ ᠣᠷᠣᠭᠤᠯᠤᠭᠰᠠᠨ)》᠎ᠨᠢ ᠵᠢᠷᠭᠤᠭ᠋ᠠᠨ ᠬᠡᠰᠡᠭ 35 ᠵᠤᠷᠪᠤᠰ ᠵᠶ᠋ᠠᠷ ᠪᠦᠷᠢᠯᠳᠦᠵᠡᠶ  ᠃ ᠶᠡᠷᠦᠩᠬᠡᠶ ᠳᠦᠷᠢᠮ᠂ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ᠂ ᠮᠡᠳᠡᠭᠦᠯᠬᠦ ᠪᠠ ᠬᠢᠨᠠᠨ ᠲᠣᠭᠲᠠᠭ᠋ᠠᠬᠤ᠂ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠬᠠᠮᠢᠶᠠᠷᠤᠯᠲᠠ᠂ ᠠᠮᠵᠢᠯᠲᠠ ᠪᠦᠲᠦᠮᠵᠢ ᠵᠢᠨ ᠦᠨᠡᠯᠡᠨ ᠵᠢᠱ᠌ᠢᠯᠲᠡ᠂ ᠳᠠᠭ᠋ᠠᠯᠳᠤᠭᠤᠯᠤᠯ ᠳᠦᠷᠢᠮ᠎ᠢ ᠪᠠᠭᠲᠠᠭ᠋ᠠᠨ᠎ᠠ  ᠃
        ᠨᠢᠭᠡᠳᠦᠭᠡᠷ ᠪᠦᠯᠦᠭ ᠶᠡᠷᠦᠩᠬᠡᠢ ᠳᠦᠷᠢᠮ᠎ᠤᠨ ᠬᠡᠰᠡᠭ  ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠤᠨ ᠪᠥᠲᠥᠭᠡᠨ ᠪᠠᠢ᠌ᠭᠤᠯᠤᠯᠲᠠ ᠵᠢᠨ ᠬᠠᠷᠠᠯᠲᠠ ᠪᠠ ᠭᠣᠤᠯ ᠡᠭᠦᠷᠭᠡ ᠵᠢ ᠲᠣᠳᠣᠷᠬᠠᠢ᠌ᠯᠠᠵᠤ᠂ ᠲᠥᠪ᠎ᠤᠨ ᠲᠠᠰ ᠲᠥᠷᠥᠯ ᠬᠤᠪᠢᠶᠠᠨ ᠬᠠᠮᠢᠶᠠᠷᠬᠤ᠂ ᠣᠯᠠᠨ ᠠᠷᠭ᠎ᠠ ᠵᠠᠮ ᠵᠶ᠋ᠠᠷ ᠳᠡᠮᠵᠢᠬᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠬᠦ ᠬᠥᠳᠡᠯᠦᠯ ᠪᠠᠢ᠌ᠳᠠᠯ᠎ᠳᠤ ᠲᠣᠬᠢᠷᠠᠭᠤᠯᠤᠯᠲᠠ ᠬᠢᠪᠠ  ᠃


      ᠬᠣᠶᠠᠳᠤᠭ᠋ᠠᠷ ᠪᠦᠯᠦᠭ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠬᠡᠰᠡᠭ  ᠃ ᠭᠣᠤᠯ ᠬᠠᠮᠢᠶᠠᠷᠤᠯᠲᠠ ᠵᠢᠨ ᠰᠠᠯᠠᠭ᠎ᠠ ᠮᠥᠴᠢᠷ ᠵᠢᠴᠢ ᠭᠣᠤᠯ ᠲᠤᠰᠢᠶᠠᠯ ᠬᠠᠷᠢᠭᠤᠴᠠᠯᠭ᠎ᠠ᠂ ᠭᠣᠤᠯ ᠲᠤᠰᠢᠶᠠᠯ ᠬᠠᠷᠢᠭᠤᠴᠠᠯᠭ᠎ᠠ ᠪᠠ ᠡᠭᠦᠷᠭᠡ᠂ ᠭᠣᠤᠯ ᠪᠠᠢ᠌ᠭᠤᠯᠤᠯᠲᠠ ᠵᠢᠨ ᠲᠦᠰᠢᠭ ᠨᠢᠭᠡᠴᠡ ᠵᠢᠨ ᠭᠣᠤᠯ ᠲᠤᠰᠢᠶᠠᠯ ᠬᠠᠷᠢᠭᠤᠴᠠᠯᠭ᠎ᠠ᠂ ᠲᠥᠪ᠎ᠤᠨ ᠵᠣᠬᠢᠶᠠᠨ ᠪᠠᠢ᠌ᠭᠤᠯᠤᠯᠲᠠ ᠵᠢᠨ ᠲᠠᠨᠢᠯᠴᠠᠭᠤᠯᠬᠤ ᠰᠠᠯᠠᠭ᠎ᠠ ᠮᠥᠴᠢᠷ ᠵᠢᠴᠢ ᠭᠣᠤᠯ ᠲᠤᠰᠢᠶᠠᠯ ᠬᠠᠷᠢᠭᠤᠴᠠᠯᠭ᠎ᠠ ᠵᠡᠷᠭᠡ ᠵᠢ ᠲᠣᠳᠣᠷᠬᠠᠢ᠌ᠯᠠᠪᠠ  ᠃


        ᠭᠤᠷᠪᠠᠳᠤᠭ᠋ᠠᠷ ᠪᠦᠯᠦᠭ ᠮᠡᠳᠡᠭᠦᠯᠬᠦ ᠪᠠ ᠬᠢᠨᠠᠨ ᠲᠣᠭᠲᠠᠭ᠋ᠠᠬᠤ ᠬᠡᠰᠡᠭ  ᠃ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠤᠯᠤᠰ᠎ᠤᠨ ᠭᠣᠣᠯ ᠪᠠᠢ᠌ᠷᠢᠯᠠᠭᠤᠯᠤᠯᠲᠠ ᠵᠢᠨ ᠲᠣᠭᠣᠷᠢᠨ᠎ᠳᠤ ᠲᠥᠯᠥᠪᠵᠢᠭᠦᠯᠭᠡ ᠬᠢᠵᠦ᠂ ᠮᠠᠨ᠎ᠤ ᠣᠷᠣᠨ᠎ᠤ ᠳᠠᠪᠠᠭᠤᠯᠢᠭ ᠡᠮᠴᠢᠯᠡᠭᠡᠨ᠎ᠤ ᠡᠬᠢ ᠪᠠᠶᠠᠯᠢᠭ᠎ᠲᠤ ᠰᠠᠭᠤᠷᠢᠯᠠᠨ᠂ ᠪᠣᠳᠠᠲᠤ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠭᠣᠣᠯ ᠪᠦᠲᠦᠭᠡᠨ ᠪᠠᠢ᠌ᠭᠤᠯᠤᠯᠲᠠ ᠵᠢ ᠥᠷᠨᠢᠭᠦᠯᠬᠦ ᠮᠡᠳᠡᠭᠳᠡᠯ᠎ᠢ ᠢᠯᠡ᠎ᠪᠠᠷ ᠨᠡᠢ᠌ᠲᠡᠯᠡᠬᠦ ᠬᠡᠷᠡᠭᠲᠡᠶ  ᠃ ᠭᠤᠶᠤᠴᠢᠯᠠᠨ ᠮᠡᠳᠡᠭᠦᠯᠬᠦ ᠲᠥᠪ᠎ᠢ ᠪᠥᠲᠥᠭᠡᠨ ᠪᠠᠢ᠌ᠭᠤᠯᠬᠤ ᠨᠢᠭᠡᠴᠡ᠎ᠨᠢ 《ᠠᠷᠭ᠎ᠠ》 ᠵᠢᠨ ᠦᠨᠳᠦᠰᠦᠨ ᠨᠥᠬᠥᠴᠡᠯ᠂ ᠭᠤᠶᠤᠴᠢᠯᠠᠨ ᠮᠡᠳᠡᠭᠦᠯᠬᠦ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠵᠢᠴᠢ ᠬᠢᠨᠠᠨ ᠲᠣᠭᠲᠠᠭ᠋ᠠᠬᠤ ᠵᠢ ᠵᠣᠬᠢᠶᠠᠨ ᠪᠠᠢ᠌ᠭᠤᠯᠬᠤ ᠲᠠᠰ ᠳᠠᠷᠠᠭ᠋ᠠᠯᠠᠯ᠎ᠢ ᠬᠠᠩᠭ᠋ᠠᠬᠤ ᠬᠡᠷᠡᠭᠲᠡᠶ ᠭᠡᠳᠡᠭ᠎ᠢ ᠲᠣᠳᠣᠷᠬᠠᠢ᠌ᠯᠠᠪᠠ  ᠃
      ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠴᠢᠳᠠᠪᠤᠷᠢ ᠵᠢᠨ ᠦᠨᠡᠯᠡᠨ ᠵᠢᠱ᠌ᠢᠯᠲᠡ ᠪᠠ ᠶᠡᠷᠦᠩᠬᠡᠢ᠌ᠯᠡᠨ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠦᠨᠳᠦᠰᠦᠯᠡᠨ᠂ ᠡᠮᠴᠢᠯᠡᠭᠡᠨ᠎ᠤ ᠰᠤᠳᠤᠯᠤᠯ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠂ ᠠᠨᠠᠭ᠋ᠠᠬᠤ ᠤᠬᠠᠭ᠋ᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠪᠦᠬᠦᠯᠢ ᠴᠣᠭᠴᠠ ᠵᠢᠨ ᠪᠠᠢ᠌ᠷᠢᠰᠢᠭᠤᠯᠤᠯᠲᠠ ᠵᠢᠴᠢ ᠭᠠᠵᠠᠷ ᠣᠷᠣᠨ᠎ᠤ ᠲᠠᠷᠬᠠᠯᠲᠠ ᠵᠡᠷᠭᠡ ᠬᠦᠴᠦᠨ ᠵᠦᠢᠯ᠎ᠢ ᠶᠡᠷᠦᠩᠬᠡᠢ᠌ᠯᠡᠨ ᠪᠣᠳᠣᠯᠬᠢᠯᠠᠵᠤ᠂ ᠲᠥᠪ᠎ᠤᠨ ᠪᠥᠲᠥᠭᠡᠨ ᠪᠠᠢ᠌ᠭᠤᠯᠤᠯᠲᠠ ᠵᠢᠨ ᠲᠦᠰᠢᠭᠯᠡᠬᠦ ᠨᠢᠭᠡᠴᠡ ᠵᠢ ᠰᠢᠯᠢᠳᠡᠭ᠎ᠢ᠎ᠨᠢ ᠰᠣᠩᠭᠣᠨ ᠲᠣᠭᠲᠠᠭ᠋ᠠᠵᠤ᠂ ᠨᠡᠢ᠌ᠭᠡᠮ᠎ᠳᠤ ᠢᠯᠡ ᠨᠡᠢ᠌ᠲᠡᠯᠡᠭᠰᠡᠨ᠎ᠤ ᠳᠠᠷᠠᠭ᠎ᠠ ᠪᠢᠴᠢᠭ ᠮᠠᠲ᠋ᠧᠷᠢᠶᠠᠯ ᠪᠠᠭᠤᠯᠭ᠋ᠠᠨ ᠨᠤᠲᠠᠯᠠᠬᠤ ᠬᠡᠷᠡᠭᠲᠡᠶ  ᠃


      ᠳᠥᠷᠪᠡᠳᠦᠭᠡᠷ ᠪᠦᠯᠦᠭ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ ᠬᠡᠰᠡᠭ  ᠃ ᠪᠦᠲᠦᠭᠡᠨ ᠪᠠᠢ᠌ᠭᠤᠯᠬᠤ ᠵᠢ ᠵᠥᠪᠰᠢᠶᠡᠷᠡᠭᠰᠡᠨ᠎ᠤ ᠳᠠᠷᠠᠭ᠎ᠠ᠂ ᠲᠥᠪ᠎ᠠᠴᠠ ᠲᠦᠰᠢᠭᠯᠡᠭᠰᠡᠨ ᠨᠢᠭᠡᠴᠡ ᠡᠷᠬᠡᠪᠰᠢ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ 《ᠪᠦᠲᠦᠭᠡᠨ ᠪᠠᠢ᠌ᠭᠤᠯᠬᠤ ᠲᠥᠰᠦᠯ》 ᠵᠶ᠋ᠡᠨ ᠲᠤᠰᠢᠶᠠᠵᠤ᠂ ᠬᠠᠮᠢᠶᠠᠷᠤᠯᠲᠠ ᠵᠢᠨ ᠰᠠᠯᠠᠭ᠎ᠠ ᠮᠥᠴᠢᠷ ᠬᠢᠨᠠᠨ ᠲᠣᠭᠲᠠᠭ᠋ᠠᠭᠰᠠᠨ᠎ᠤ ᠳᠠᠷᠠᠭ᠎ᠠ᠂ ᠨᠢᠭᠡᠴᠡ᠎ᠳᠡᠭᠡᠨ ᠲᠦᠰᠢᠭᠯᠡᠨ ᠬᠢᠨᠠᠨ ᠲᠣᠭᠲᠠᠭ᠋ᠠᠭᠰᠠᠨ᠎ᠤ ᠳᠠᠷᠠᠭ᠋ᠠᠬᠢ 《ᠪᠦᠲᠦᠭᠡᠨ ᠪᠠᠢ᠌ᠭᠤᠯᠬᠤ ᠲᠥᠰᠦᠯ》᠎ᠤᠨ ᠶᠣᠰᠣᠭ᠋ᠠᠷ ᠭᠣᠣᠯ ᠪᠦᠲᠦᠭᠡᠨ ᠪᠠᠢ᠌ᠭᠤᠯᠬᠤ ᠠᠵᠢᠯ ᠵᠶ᠋ᠠᠨ ᠥᠷᠨᠢᠭᠦᠯᠵᠦ᠂ ᠰᠤᠳᠤᠯᠬᠤ ᠬᠠᠷᠠᠯᠲᠠ ᠪᠣᠯᠤᠨ ᠭᠣᠣᠯᠳᠠᠯᠭ᠎ᠠ᠎ᠲᠠᠢ ᠡᠭᠦᠷᠭᠡ᠎ᠪᠠᠨ ᠪᠡᠶᠡᠯᠡᠭᠦᠯᠬᠦ ᠬᠡᠷᠡᠭᠲᠡᠶ  ᠃
      ᠭᠣᠣᠯ ᠪᠦᠳᠦᠭᠡᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠬᠠᠮᠢᠶᠠᠷᠤᠯᠲᠠ᠎ᠳᠤ ᠨᠢᠭᠡᠴᠢ᠎ᠳᠤ ᠲᠦᠰᠢᠭᠯᠡᠨ ᠡᠷᠬᠢᠯᠡᠭᠴᠢ᠎ᠳᠤ ᠨᠠᠢ᠌ᠳᠠᠵᠤ ᠬᠠᠷᠢᠭᠤᠴᠠᠭᠤᠯᠬᠤ ᠲᠦᠷᠢᠮ᠎ᠢ ᠬᠡᠷᠡᠭᠵᠢᠭᠦᠯᠵᠦ᠂ ᠡᠷᠳᠡᠮ ᠰᠢᠨᠵᠢᠯᠡᠭᠡᠨ᠎ᠤ ᠺᠣᠮᠢᠰ᠎ᠤᠨ ᠭᠣᠣᠯ ᠪᠦᠳᠦᠭᠡᠨ ᠪᠠᠢ᠌ᠭᠤᠯᠤᠯᠲᠠ ᠵᠢ ᠪᠠᠢ᠌ᠭᠤᠯᠵᠤ᠂ ᠲᠥᠪ᠎ᠲᠤ ᠣᠨ᠎ᠤ ᠮᠡᠳᠡᠭᠦᠯᠦᠯᠲᠡ ᠵᠢᠨ ᠲᠦᠷᠢᠮ᠎ᠢ ᠬᠡᠷᠡᠭᠵᠢᠭᠦᠯᠦᠨ᠎ᠡ  ᠃


        ᠲᠠᠪᠤᠳᠤᠭ᠋ᠠᠷ ᠪᠦᠯᠦᠭ ᠠᠮᠵᠢᠯᠲᠠ ᠪᠦᠲᠦᠮᠵᠢ ᠵᠢ ᠦᠨᠡᠯᠡᠨ ᠵᠢᠱ᠌ᠢᠬᠦ ᠬᠡᠰᠡᠭ  ᠃ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠥᠪ᠎ᠲᠤ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠵᠠᠷᠴᠢᠮ ᠳᠡᠭᠡᠷ᠎ᠡ᠎ᠪᠠᠨ 3 ᠵᠢᠯ᠎ᠳᠤ ᠨᠢᠭᠡ ᠤᠳᠠᠭ᠎ᠠ ᠠᠮᠵᠢᠯᠲᠠ ᠪᠦᠲᠦᠮᠵᠢ ᠵᠢᠨ ᠦᠨᠡᠯᠡᠨ ᠵᠢᠱ᠌ᠢᠯᠲᠡ ᠬᠢᠬᠦ ᠬᠡᠷᠡᠭᠲᠡᠶ  ᠃ ᠦᠨᠡᠯᠡᠨ ᠵᠢᠱ᠌ᠢᠬᠦ ᠠᠭᠤᠯᠭ᠎ᠠ᠎ᠳᠤ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠬᠢᠷᠢ ᠬᠡᠮᠵᠢᠶ᠎ᠡ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠭᠠᠷᠭ᠋ᠠᠯᠲᠠ᠂ ᠣᠯᠠᠨ ᠨᠡᠢ᠌ᠲᠡ ᠵᠢᠨ ᠦᠢ᠍ᠯᠡᠴᠢᠯᠡᠭᠡᠨ ᠵᠡᠷᠭᠡ ᠲᠠᠯ᠎ᠠ ᠵᠢ ᠭᠣᠣᠯᠳᠠᠯᠭ᠎ᠠ᠎ᠲᠠᠢ ᠪᠠᠭᠲᠠᠭ᠋ᠠᠨ᠎ᠠ  ᠃ ᠦᠨᠡᠯᠡᠨ ᠵᠢᠱ᠌ᠢᠬᠦ ᠠᠷᠭ᠎ᠠ ᠮᠠᠶᠢᠭ᠎ᠲᠤ ᠮᠠᠲ᠋ᠧᠷᠢᠶᠠᠯ᠎ᠢ ᠦᠨᠡᠯᠡᠨ ᠵᠢᠱ᠌ᠢᠬᠦ᠂ ᠲᠤᠬᠠᠶ ᠵᠢᠨ ᠭᠠᠵᠠᠷ᠎ᠲᠤᠨᠢ ᠰᠢᠯᠭ᠋ᠠᠨ ᠬᠢᠨᠠᠬᠤ ᠪᠠ ᠶᠡᠷᠦᠩᠬᠡᠢ᠌ᠯᠡᠨ ᠦᠨᠡᠯᠡᠬᠦ ᠵᠡᠷᠭᠡ ᠪᠠᠭᠲᠠᠨ᠎ᠠ  ᠃
      ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠥᠪ᠎ᠤᠨ ᠠᠮᠵᠢᠯᠲᠠ ᠪᠦᠲᠦᠮᠵᠢ ᠵᠢ ᠦᠨᠡᠯᠡᠨ ᠵᠢᠱ᠌ᠢᠭᠰᠡᠨ᠎ᠤ ᠳᠠᠷᠠᠭ᠎ᠠ ᠵᠣᠬᠢᠬᠤ ᠱᠠᠩᠨᠠᠯ ᠲᠣᠷᠭ᠋ᠠᠭᠤᠯᠢ ᠣᠯᠭᠣᠨ᠎ᠠ᠄ ᠦᠨᠡᠯᠡᠨ ᠵᠢᠱ᠌ᠢᠭᠰᠡᠨ ᠦᠷ᠎ᠡ ᠳ᠋ᠦᠩ᠎ᠤᠨ ᠬᠢᠷᠢ ᠲᠡᠩᠴᠡᠭᠰᠡᠨ ᠲᠥᠪ᠎ᠢ ᠳᠡᠮᠵᠢᠵᠦ᠂ ᠦᠨᠡᠯᠡᠨ ᠵᠢᠱ᠌ᠢᠭᠰᠡᠨ ᠦᠷ᠎ᠡ ᠳ᠋ᠦᠩ᠎ᠤᠨ ᠬᠢᠷᠢ ᠲᠡᠩᠴᠡᠭᠰᠡᠨ ᠦᠭᠡᠶ ᠲᠥᠪ᠎ᠢ ᠨᠡᠪᠲᠡᠷᠡᠭᠦᠯᠬᠦ ᠵᠢᠨ ᠬᠠᠮᠲᠤ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠬᠤ᠎ᠪᠠᠷ ᠵᠠᠷᠯᠢᠭᠳᠠᠵᠤ᠂ ᠴᠡᠭᠴᠡᠯᠡᠨ ᠰᠠᠢ᠌ᠵᠢᠷᠠᠭᠤᠯᠤᠭᠰᠠᠨ᠎ᠤ ᠳᠠᠷᠠᠭ᠎ᠠ ᠮᠥᠨ ᠬᠢᠷᠢ ᠲᠡᠩᠴᠡᠭᠰᠡᠨ ᠦᠭᠡᠶ ᠲᠥᠪ᠎ᠢ ᠬᠦᠴᠦᠨ ᠦᠭᠡᠶ ᠪᠣᠯᠭ᠋ᠠᠨ᠎ᠠ  ᠃


      ᠵᠢᠷᠭᠤᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ᠎ᠤᠨ ᠬᠡᠰᠡᠭ  ᠃ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠢ ᠨᠢᠭᠡᠳᠦᠯᠲᠡᠶ᠎ᠪᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ (xxx)᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ》 ᠭᠡᠵᠦ ᠨᠡᠷᠡᠢ᠌ᠳᠬᠦ ᠵᠢᠨ ᠬᠠᠮᠲᠤ᠂ ᠨᠢᠭᠡᠳᠦᠯᠲᠡᠶ ᠵᠠᠭᠪᠤᠷ ᠵᠶ᠋ᠠᠷ ᠫᠠᠢ᠌ᠰᠠ ᠦᠢᠯᠡᠳᠦᠨ᠎ᠡ  ᠃ ᠡᠭᠦᠨ᠎ᠳᠤ᠂ 《XXXX》 ᠵᠢ ᠡᠪᠡᠳᠴᠢᠨ ᠡᠮᠭᠡᠭ᠎ᠤᠨ ᠬᠦᠷᠢᠶ᠎ᠡ ᠬᠡᠪᠴᠢᠶ᠎ᠡ ᠪᠤᠶᠤ ᠡᠮᠴᠢᠯᠡᠭᠡᠨ᠎ᠤ ᠲᠤᠰᠬᠠᠶ ᠰᠠᠯᠠᠭ᠋ᠠᠨ᠎ᠤ ᠡᠪᠡᠳᠴᠢᠨ ᠡᠮᠭᠡᠭ᠎ᠢ ᠦᠨᠳᠦᠰᠦᠯᠡᠨ ᠲᠣᠭᠲᠠᠭ᠋ᠠᠵᠤ᠂ ᠫᠠᠢ᠌ᠰᠠ ᠵᠣᠬᠢᠶᠠᠬᠤ ᠵᠠᠭᠪᠤᠷ᠎ᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠨᠢᠭᠡᠳᠦᠯᠲᠡᠶ ᠲᠣᠭᠲᠠᠭ᠋ᠠᠨ᠎ᠠ  ᠃ ᠪᠦᠷᠢᠯᠳᠦᠬᠦᠨ ᠨᠢᠭᠡᠴᠡ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ (xxx ᠡᠪᠡᠳᠴᠢᠨ ᠡᠮᠭᠡᠭ᠎ᠤᠨ ᠬᠦᠷᠢᠶ᠎ᠡ ᠴᠠᠷᠠᠭ᠎ᠠ ᠪᠤᠶᠤ ᠡᠮᠴᠢᠯᠡᠭᠡᠨ᠎ᠤ ᠲᠤᠰᠬᠠᠶ ᠰᠠᠯᠠᠭ᠎ᠠ)᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠤᠨ ᠪᠦᠷᠢᠯᠳᠦᠬᠦᠨ ᠨᠢᠭᠡᠴᠡ》 ᠭᠡᠰᠡᠨ ᠪᠢᠴᠢᠭᠡᠰᠦ ᠡᠯᠭᠦᠵᠦ ᠪᠣᠯᠤᠨ᠎ᠠ  ᠃

     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ᠎ᠤᠨ ᠬᠠᠮᠢᠶᠠᠷᠤᠯᠲᠠ ᠵᠢᠨ ᠠᠷᠭ᠎ᠠ (ᠵᠠᠰᠠᠪᠤᠷᠢ ᠣᠷᠣᠭᠤᠯᠤᠭᠰᠠᠨ)》 ᠵᠢ 2021 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠨᠡᠢ᠌ᠲᠡᠯᠡᠵᠦ᠂ 2022 ᠣᠨ᠎ᠤ 1 ᠳ᠋ᠦ᠍ᠭᠡᠷ ᠰᠠᠷ᠎ᠠ ᠵᠢᠨ 30᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ  ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠨᠢᠭᠡ ᠵᠢᠷᠤᠭ ᠵᠶ᠋ᠠᠷ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠡᠢ᠌ᠲᠡᠯᠡᠭᠰᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠣᠨᠳᠣᠤᠰᠢᠭᠤᠯᠬᠤ ᠵᠢᠱ᠌ᠢᠶ᠎ᠡ ᠦᠵᠡᠭᠦᠯᠬᠦ ᠣᠷᠣᠨ᠎ᠤ ᠪᠥᠲᠥᠭᠡᠨ ᠪᠠᠢ᠌ᠭᠤᠯᠤᠯᠲᠠ ᠵᠢᠨ ᠵᠢᠯᠣᠭᠣᠳᠤᠮᠵᠢ ᠵᠢ ᠣᠢ᠌ᠯᠠᠭ᠋ᠠᠵᠤ ᠪᠣᠯᠤᠨ᠎ᠠ
ᠵᠢᠷᠤᠭᠲᠤ ᠨᠠᠢ᠌ᠳᠡᠯᠡᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢ ᠲᠥᠬᠥᠭᠡᠷᠦᠮᠵᠢ ᠪᠠ ᠲᠣᠮᠣ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠡᠮᠵᠢᠭᠦᠷᠯᠢᠭ᠎ᠤᠨ ᠲᠤᠬᠠᠶ ᠴᠢᠨᠦ ᠮᠡᠳᠡᠶ᠎ᠡ ᠭᠡᠵᠦ ᠪᠣᠳᠣᠵᠤ ᠪᠠᠢᠭ᠎ᠠ ᠵᠦᠢᠯ ᠪᠦᠷ ᠡᠨᠳᠡ ᠪᠠᠢ᠌ᠨ᠎ᠠ
ᠵᠢᠷᠤᠭᠲᠤ ᠨᠡᠢ᠌ᠳᠡᠯᠡᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠤᠨ ᠬᠠᠮᠢᠶᠠᠷᠤᠯᠲᠠ ᠵᠢᠨ ᠠᠷᠭ᠎ᠠ ᠵᠢᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠭᠦᠯᠦᠭᠦᠷ ᠪᠠ ᠲᠦᠷᠭᠡᠳᠬᠡᠭᠦᠷ᠎ᠤᠨ ᠬᠠᠮᠢᠶᠠᠷᠤᠯᠲᠠ ᠵᠢᠨ ᠠᠷᠭ᠎ᠠ》 ᠵᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠰᠢᠨᠵᠢᠯᠡᠬᠦ ᠤᠬᠠᠭ᠋ᠠᠨ᠎ᠤ ᠠᠵᠢᠭᠯᠠᠯᠲᠠ ᠰᠤᠳᠤᠯᠭ᠋ᠠᠨ᠎ᠤ ᠥᠷᠲᠡᠭᠡ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠴᠢᠨᠦ ᠮᠡᠳᠡᠬᠦ ᠭᠡᠰᠡᠨ᠎ᠨᠢ ᠪᠦᠷ ᠡᠨᠳᠡ ᠪᠠᠶ᠋ᠢᠨ᠎ᠠ!
 
            