ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2019 ᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ᠎ᠨᠢ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠴᠢᠩᠭ᠋ᠠᠳᠬᠠᠵᠤ᠂ ᠦᠷ᠎ᠡ ᠪᠦᠲᠦᠭᠡᠯ᠎ᠢ ᠤᠯᠠᠷᠢᠭᠤᠯᠬᠤ ᠵᠢᠴᠢ ᠠᠵᠤ ᠦᠢ᠍ᠯᠡᠰᠵᠢᠭᠦᠯᠬᠦ ᠵᠢ ᠬᠡᠷᠡᠭᠵᠢᠭᠦᠯᠵᠦ᠂ ᠰᠢᠨ᠎ᠡ ᠵᠢ ᠡᠭᠦᠳᠬᠦ ᠰᠢᠰᠲ᠋ᠧᠮᠵᠢ ᠵᠢ ᠬᠦᠴᠦᠯᠡᠨ ᠪᠠᠢ᠌ᠭᠤᠯᠵᠤ᠂ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠭᠣᠤᠯ ᠪᠣᠯᠭ᠋ᠠᠭᠰᠠᠨ ᠪᠥᠬᠥ ᠲᠠᠯ᠎ᠠ ᠵᠢᠨ ᠰᠢᠨ᠎ᠡ ᠵᠢ ᠡᠭᠦᠳᠬᠦ ᠵᠢ ᠠᠬᠢᠭᠤᠯᠵᠤ᠂ ᠣᠲᠣ ᠦᠶ᠎ᠡ ᠵᠢᠨ ᠠᠵᠤ ᠠᠬᠤᠶ ᠵᠢᠨ ᠰᠢᠰᠲ᠋ᠧᠮᠵᠢ ᠵᠢ ᠪᠠᠢ᠌ᠭᠤᠯᠬᠤ ᠪᠠ ᠰᠢᠨ᠎ᠡ ᠵᠢ ᠡᠭᠦᠳᠬᠦ ᠬᠡᠯᠪᠡᠷᠢ ᠵᠢᠨ ᠥᠪᠥᠷ ᠮᠣᠩᠭᠣᠯ᠎ᠢ ᠪᠥᠲᠥᠭᠡᠨ ᠪᠠᠢ᠌ᠭᠤᠯᠬᠤ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ ᠃
2019 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠢ ᠨᠡᠢ᠌ᠲᠡ 6 ᠲᠥᠷᠥᠯ ᠬᠤᠪᠢᠶᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠶ ᠵᠠᠷᠤᠳᠠᠯ ᠨᠡᠢ᠌ᠲᠡ 116625 ᠲᠦᠮᠡᠨ ᠲᠥᠭᠥᠷᠢᠭ ᠪᠣᠯᠤᠨ᠎ᠠ ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠶ ᠵᠦᠢᠯ᠎ᠤᠨ ᠲᠥᠯᠥᠪᠯᠡᠭᠡ᠎ᠳᠤ ᠨᠡᠢ᠌ᠲᠡ 29 ᠲᠥᠷᠥᠯ ᠵᠦᠢᠯ ᠳᠣᠭᠢᠷᠠᠭᠤᠯᠵᠤ᠂ ᠨᠡᠢ᠌ᠲᠡ 201702 . 17 ᠲᠦᠮᠡᠨ ᠲᠥᠭᠥᠷᠢᠭ᠎ᠤᠨ ᠵᠠᠷᠤᠳᠠᠯ ᠣᠷᠣᠭᠤᠯᠪᠠ᠂ ᠡᠭᠦᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠦᠢᠯ᠎ᠤᠨ ᠪᠠᠯᠠ ᠮᠥᠩᠭᠥ 29500 ᠲᠦᠮᠡᠨ ᠲᠥᠭᠥᠷᠢᠭ᠂ ᠥᠪᠡᠷᠲᠡᠭᠡᠨ ᠴᠤᠭᠯᠠᠭᠤᠯᠤᠭᠰᠠᠨ ᠪᠠᠯᠠ ᠮᠥᠩᠭᠥ 172202 . 17 ᠲᠦᠮᠡᠨ ᠲᠥᠭᠥᠷᠢᠭ ᠪᠣᠶ ᠃
ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠲᠥᠯᠥᠪᠯᠡᠭᠡ᠎ᠳᠤ ᠨᠡᠢ᠌ᠲᠡ 329 ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠢ ᠳᠣᠭᠢᠷᠠᠭᠤᠯᠵᠤ᠂ ᠨᠡᠢ᠌ᠲᠡ 78662 . 43 ᠲᠦᠮᠡᠨ ᠲᠥᠭᠥᠷᠢᠭ᠎ᠤᠨ ᠵᠠᠷᠤᠳᠠᠯ ᠣᠷᠣᠭᠤᠯᠵᠤ᠂ ᠡᠭᠦᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠪᠠᠯᠠ ᠮᠥᠩᠭᠥ 24800 ᠲᠦᠮᠡᠨ ᠲᠥᠭᠥᠷᠢᠭ᠂ ᠥᠪᠡᠷ ᠵᠶ᠋ᠡᠨ ᠴᠤᠭᠯᠠᠭᠤᠯᠤᠭᠰᠠᠨ ᠪᠠᠯᠠ ᠮᠥᠩᠭᠥ 53862 . 43 ᠲᠦᠮᠡᠨ ᠲᠥᠭᠥᠷᠢᠭ ᠪᠣᠯᠤᠨ᠎ᠠ ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠥᠯᠥᠪᠯᠡᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠦᠢᠯ᠎ᠤᠨ ᠵᠠᠷᠤᠳᠠᠯ ᠨᠡᠢ᠌ᠲᠡ 48975 ᠲᠦᠮᠡᠨ ᠲᠥᠭᠥᠷᠢᠭ ᠪᠣᠯᠤᠨ᠎ᠠ ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠲᠤᠰᠬᠠᠶ ᠵᠦᠢ᠍ᠯ᠎ᠤᠨ ᠪᠡᠯᠡ ᠮᠥᠩᠭᠥ ᠵᠢᠨ ᠬᠥᠲᠥᠯᠥᠨ ᠵᠢᠯᠣᠭᠣᠳᠬᠤ ᠵᠦᠢ᠍ᠯᠡᠰ 106 ᠵᠦᠢ᠍ᠯ ᠪᠠᠢ᠌ᠨ᠎ᠠ; ᠬᠣᠶᠠᠷ᠎ᠲᠤ᠂ ᠮᠡᠷᠭᠡᠵᠢᠯ᠎ᠤᠨ ᠠᠷᠠᠯᠵᠢᠶ᠎ᠠ ᠵᠢᠨ ᠳᠠᠷᠠᠭ᠋ᠠᠬᠢ ᠨᠥᠬᠥᠪᠥᠷᠢ 443 ᠵᠦᠢ᠍ᠯ ᠪᠤᠢ; ᠭᠤᠷᠪᠠ᠎ᠳᠤ ᠡᠯ᠎ᠡ ᠠᠢ᠌ᠮᠠᠭ ᠬᠣᠲᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠦᠢᠯ᠎ᠤᠨ ᠵᠠᠷᠤᠳᠠᠯ᠎ᠢ 2 ᠳ᠋ᠦᠩᠰᠢᠭᠤᠷ ᠲᠥᠭᠥᠷᠢᠭ ᠰᠢᠯᠵᠢᠭᠦᠯᠦᠨ ᠥᠭᠴᠦ᠂ ᠨᠡᠢ᠌ᠲᠡ 249 ᠲᠥᠷᠥᠯ ᠵᠦᠢᠯ᠎ᠢ ᠳᠡᠮᠵᠢᠪᠡ ᠃
ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠢᠨ ᠴᠢᠳᠠᠪᠤᠷᠢᠲᠠᠨ᠎ᠳᠤ ᠨᠡᠢ᠌ᠲᠡ 320 ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠳᠤ ᠨᠥᠬᠥᠪᠥᠷᠢ ᠥᠭᠬᠦ᠎ᠪᠠᠷ ᠲᠥᠯᠥᠪᠯᠡᠵᠦ᠂ 6190 ᠲᠦᠮᠡᠨ ᠲᠥᠭᠥᠷᠢᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠠᠷᠤᠳᠠᠯ ᠲᠣᠬᠢᠷᠠᠭᠤᠯᠤᠨ᠎ᠠ ᠃
ᠰᠠᠭᠤᠷᠢ ᠰᠤᠳᠤᠯᠭ᠋ᠠᠨ᠎ᠤ ᠲᠥᠯᠥᠪᠯᠡᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠢ ᠲᠥᠷᠥᠯ᠎ᠤᠨ ᠵᠠᠷᠤᠳᠠᠯ 6000 ᠲᠦᠮᠡᠨ ᠲᠥᠭᠥᠷᠢᠭ᠂ ᠪᠠᠢ᠍ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ 810 ᠲᠥᠷᠦᠯ ᠵᠦᠢ᠍ᠯ᠎ᠢ ᠳᠠᠮᠵᠢᠨ᠎ᠠ ᠃
ᠰᠢᠨ᠎ᠡ ᠵᠢ ᠡᠭᠦᠳᠬᠦ ᠣᠷᠴᠢᠨ ᠨᠥᠬᠥᠴᠡᠯ᠎ᠤᠨ ᠪᠠᠢ᠌ᠭᠤᠯᠤᠯᠲᠠ ᠵᠢᠨ ᠲᠥᠯᠥᠪᠯᠡᠭᠡ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠮᠪᠠᠷ᠎ᠠ ᠵᠢᠨ ᠫᠠᠢ᠌ᠰᠠ ᠡᠯᠭᠦᠭᠰᠡᠨ ᠠᠵᠤ ᠠᠬᠤᠢ᠌ᠯᠠᠯ᠎ᠳᠤ ᠨᠡᠢ᠌ᠲᠡ 58 ᠨᠥᠬᠥᠪᠥᠷᠢ ᠥᠭᠴᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠠᠷᠤᠳᠠᠯ 1160 ᠲᠦᠮᠡᠨ ᠲᠥᠭᠥᠷᠢᠭ ᠲᠣᠬᠢᠷᠠᠭᠤᠯᠤᠨ᠎ᠠ ᠃