ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2018 ᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠤᠨ ᠲᠥᠯᠥᠪᠯᠡᠭᠡ᠎ᠨᠢ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠴᠢᠩᠭ᠋ᠠᠷᠠᠭᠤᠯᠵᠤ᠂ ᠦᠷ᠎ᠡ ᠪᠦᠲᠦᠭᠡᠯ᠎ᠢ ᠤᠯᠠᠷᠢᠭᠤᠯᠬᠤ ᠵᠢᠴᠢ ᠠᠵᠤ ᠦᠢ᠍ᠯᠡᠰᠵᠢᠭᠦᠯᠬᠦ ᠵᠢ ᠬᠡᠷᠡᠭᠵᠢᠭᠦᠯᠦᠨ᠂ ᠰᠢᠨ᠎ᠡ ᠵᠢ ᠡᠭᠦᠳᠬᠦ ᠰᠢᠰᠲ᠋ᠧᠮᠵᠢ ᠵᠢ ᠬᠦᠴᠦᠯᠡᠨ ᠪᠠᠢ᠌ᠭᠤᠯᠵᠤ᠂ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠦᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠭᠣᠤᠯ ᠪᠣᠯᠭ᠋ᠠᠭᠰᠠᠨ ᠪᠥᠬᠥ ᠲᠠᠯ᠎ᠠ᠎ᠪᠠᠷ ᠰᠢᠨ᠎ᠡ ᠵᠢ ᠡᠭᠦᠳᠬᠦ ᠵᠢ ᠠᠬᠢᠭᠤᠯᠵᠤ᠂ ᠣᠲᠣ ᠦᠶ᠎ᠡ ᠵᠢᠨ ᠠᠵᠤ ᠠᠬᠤᠶ ᠵᠢᠨ ᠰᠢᠰᠲ᠋ᠧᠮᠵᠢ ᠵᠢ ᠪᠠᠢ᠌ᠭᠤᠯᠬᠤ ᠪᠠ ᠰᠢᠨ᠎ᠡ ᠵᠢ ᠡᠭᠦᠳᠬᠦ ᠬᠡᠯᠪᠡᠷᠢ ᠵᠢᠨ ᠥᠪᠥᠷ ᠮᠣᠩᠭᠣᠯ᠎ᠢ ᠪᠥᠲᠥᠭᠡᠨ ᠪᠠᠢ᠌ᠭᠤᠯᠬᠤ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ ᠃
ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠡᠨ᠎ᠤ ᠮᠡᠷᠭᠡᠵᠢᠯ᠎ᠤᠨ ᠰᠤᠳᠤᠯᠤᠯ ᠬᠢᠭᠡᠳ ᠨᠡᠭᠡᠭᠡᠯᠲᠡ ᠵᠢᠨ ᠪᠡᠯᠡ ᠮᠥᠩᠭᠥ ᠵᠢ ᠨᠡᠢ᠌ᠲᠡ 265 ᠵᠦᠢ᠍ᠯ ᠲᠣᠬᠢᠷᠠᠭᠤᠯᠵᠤ᠂ ᠡᠭᠦᠨ᠎ᠳᠤ ᠬᠡᠷᠡᠭᠯᠡᠭᠡᠨ᠎ᠤ ᠮᠡᠷᠭᠡᠵᠢᠯ᠎ᠤᠨ ᠰᠤᠳᠤᠯᠤᠯ ᠬᠢᠭᠡᠳ ᠨᠡᠭᠡᠭᠡᠯᠲᠡ ᠵᠢᠨ ᠪᠡᠯᠡ ᠮᠥᠩᠭᠥ 21470 ᠲᠦᠮᠡᠨ ᠲᠥᠭᠥᠷᠢᠭ᠂ ᠥᠪᠡᠷᠲᠡᠭᠡᠨ ᠴᠤᠭᠯᠠᠭᠤᠯᠤᠭᠰᠠᠨ ᠪᠡᠯᠡ ᠮᠥᠩᠭᠥ 25237 ᠲᠦᠮᠡᠨ ᠲᠥᠭᠥᠷᠢᠭ ᠪᠤᠶ ᠃ ᠲᠥᠷᠥᠯ ᠵᠦᠢᠯ᠎ᠤᠨ ᠲᠥᠷᠥᠯ ᠵᠦᠢᠯ ᠵᠶ᠋ᠡᠷ ᠬᠤᠪᠢᠶᠠᠷᠢᠯᠠᠵᠤ᠂ ᠬᠡᠷᠡᠭᠯᠡᠭᠡᠨ᠎ᠤ ᠳᠡᠭᠡᠳᠦ ᠰᠢᠨ᠎ᠡ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠥᠯᠥᠪᠯᠡᠭᠡ ᠵᠢᠨ 6 ᠲᠥᠷᠥᠯ ᠵᠦᠢᠯ᠎ᠢ ᠳᠡᠮᠵᠢᠵᠦ᠂ 340 ᠲᠦᠮᠡᠨ ᠲᠥᠭᠥᠷᠢᠭ᠎ᠤᠨ ᠵᠠᠷᠤᠳᠠᠯ ᠵᠠᠷᠤᠴᠠᠭᠤᠯᠪᠠ; ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠢᠨᠵᠧᠨᠧᠷᠢᠩ᠎ᠤᠨ 161 ᠲᠥᠷᠥᠯ ᠵᠦᠢᠯ᠎ᠢ ᠳᠡᠮᠵᠢᠵᠦ᠂ 10997 ᠲᠦᠮᠡᠨ ᠲᠥᠭᠥᠷᠢᠭ᠎ᠤᠨ ᠵᠠᠷᠤᠳᠠᠯ ᠵᠠᠷᠤᠴᠠᠭᠤᠯᠪᠠ; ᠰᠢᠨ᠎ᠡ ᠵᠢ ᠡᠭᠦᠳᠬᠦ ᠲᠠᠪᠴᠠᠩ (ᠴᠢᠳᠠᠪᠤᠷᠢᠲᠠᠨ)᠎ᠤᠨ ᠰᠢᠰᠲ᠋ᠧᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ 59 ᠲᠥᠷᠥᠯ ᠵᠦᠢᠯ᠎ᠢ ᠳᠡᠮᠵᠢᠵᠦ᠂ 3265 ᠲᠦᠮᠡᠨ ᠲᠥᠭᠥᠷᠢᠭ᠎ᠤᠨ ᠵᠠᠷᠤᠳᠠᠯ ᠵᠠᠷᠤᠴᠠᠭᠤᠯᠪᠠ; ᠰᠠᠭᠤᠷᠢ ᠰᠤᠳᠤᠯᠭ᠋ᠠᠨ᠎ᠤ ᠢᠨᠵᠧᠨᠧᠷᠢᠩ ᠣᠨ 3 ᠲᠥᠷᠦᠯ ᠵᠦᠢ᠍ᠯ᠎ᠢ ᠳᠠᠮᠵᠢᠵᠤ᠂ ᠵᠠᠷᠤᠳᠠᠯ 2620 ᠲᠦᠮᠡᠨ ᠲᠥᠭᠥᠷᠢᠭ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠣᠷᠴᠢᠨ ᠲᠣᠭᠣᠷᠢᠨ᠎ᠤ ᠪᠥᠲᠥᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ 36 ᠲᠥᠷᠥᠯ ᠵᠦᠢᠯ᠎ᠢ ᠳᠡᠮᠵᠢᠵᠦ᠂ 4248 ᠲᠦᠮᠡᠨ ᠲᠥᠭᠥᠷᠢᠭ᠎ᠤᠨ ᠵᠠᠷᠤᠳᠠᠯ ᠵᠠᠷᠤᠴᠠᠭᠤᠯᠪᠠ ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠶ ᠵᠦᠢ᠍ᠯ᠎ᠤᠨ ᠪᠡᠯᠡ ᠮᠥᠩᠭᠥ ᠵᠢᠨ ᠣᠷᠣᠭᠤᠯᠤᠯᠲᠠ 41600 ᠲᠦᠮᠡᠨ ᠲᠥᠭᠥᠷᠢᠭ ᠪᠠᠢ᠌ᠵᠤ᠂ ᠨᠡᠢ᠌ᠲᠡ 65 ᠲᠥᠷᠥᠯ ᠵᠦᠢ᠍ᠯ᠎ᠢ ᠲᠣᠬᠢᠷᠠᠭᠤᠯᠪᠠ ᠃ ᠲᠥᠷᠥᠯ ᠵᠦᠢᠯ᠎ᠨᠢ ᠭᠣᠤᠯᠳᠠᠭᠤ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ᠂ ᠰᠢᠨ᠎ᠡ ᠡᠨᠧᠷᠭᠢ᠂ ᠨᠡᠭᠦᠷᠡᠰᠦ ᠬᠢᠮᠢ ᠵᠢᠨ ᠠᠵᠤ ᠦᠢᠯᠡᠳᠪᠦᠷᠢ᠂ ᠲᠡᠮᠦᠷᠯᠢᠭ ᠬᠠᠢ᠌ᠯᠤᠭᠤᠯᠬᠤ ᠬᠢᠮᠢ ᠵᠢᠨ ᠠᠵᠤ ᠦᠢᠯᠡᠳᠪᠦᠷᠢ᠂ ᠲᠣᠨᠣᠭ ᠲᠥᠬᠥᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ᠂ ᠮᠡᠳᠡᠭᠡ ᠵᠠᠩᠭᠢ ᠵᠢᠨ ᠮᠡᠷᠭᠡᠵᠢᠯ (ᠲᠣᠮᠣ ᠳ᠋ᠠᠢ᠌ᠲ᠋ᠠ)᠂ ᠠᠮᠢᠳᠤ ᠪᠣᠳᠠᠰ᠎ᠤᠨ ᠮᠡᠷᠭᠡᠵᠢᠯ᠂ ᠠᠮᠢ ᠠᠬᠤᠶ ᠣᠷᠴᠢᠨ ᠲᠣᠭᠣᠷᠢᠨ᠂ ᠠᠮᠢ ᠠᠬᠤᠶ ᠵᠢᠨ ᠵᠠᠰᠠᠯᠲᠠ᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ᠂ ᠦᠨᠳᠦᠰᠦᠲᠡᠨ᠎ᠤ ᠡᠮ ᠡᠮᠨᠡᠯᠭᠡ᠂ ᠭᠠᠮᠰᠢᠭ᠎ᠢ ᠰᠡᠷᠭᠡᠢ᠌ᠯᠡᠵᠦ ᠭᠠᠮᠰᠢᠭ᠎ᠢ ᠪᠠᠭ᠋ᠠᠰᠬᠠᠬᠤ᠂ ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠡᠷᠭᠡ ᠬᠦᠷᠢᠶ᠎ᠡ ᠵᠢ ᠬᠠᠮᠤᠷᠴᠠᠶ ᠃