ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠲᠥᠷᠥ᠎ᠶᠢᠨ ᠪᠣᠳᠣᠯᠭ᠎ᠠ
ᠵᠢᠷᠭᠤᠭ᠋ᠠᠨ ᠰᠠᠯᠠᠭ᠎ᠠ ᠮᠥᠴᠢᠷ 《ᠲᠡᠬᠡᠲᠤ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠵᠢ ᠥᠷᠭᠡᠳᠬᠡᠬᠦ ᠲᠤᠬᠠᠶ ᠰᠠᠨᠠᠯ᠎ᠤᠳ》᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2019-10-22

  ᠵᠢᠷᠭᠤᠭ᠋ᠠᠨ ᠰᠠᠯᠠᠭ᠎ᠠ ᠮᠥᠴᠢᠷ 《ᠲᠡᠬᠡᠲᠤ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠵᠢ ᠥᠷᠭᠡᠳᠬᠡᠬᠦ ᠲᠤᠬᠠᠶ ᠰᠠᠨᠠᠯ᠎ᠤᠳ》᠎ᠢ ᠳᠠᠷᠤᠮᠠᠯᠯᠠᠨ ᠲᠠᠷᠬᠠᠭ᠋ᠠᠪᠠ
    ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠬᠠᠶ᠋ᠢᠨ ᠰᠦᠪᠡᠭᠴᠢᠯᠡᠯᠲᠡ ᠵᠢᠨ ᠴᠢᠨᠠᠷᠲᠠᠶ᠂ ᠪᠦᠲᠦᠭᠡᠯᠴᠢ ᠴᠢᠨᠠᠷᠲᠠᠶ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠡᠷᠬᠢᠯᠡᠵᠦ᠂ ᠮᠡᠳᠡᠯᠭᠡ ᠪᠠ ᠴᠢᠳᠠᠪᠤᠷᠢᠲᠠᠨ᠎ᠤ ᠥᠪᠡᠷᠮᠢᠴᠡ ᠳᠠᠪᠠᠭᠤᠯᠢᠭ᠎ᠲᠠᠢ ᠪᠠᠶ᠋ᠢᠵᠤ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ᠂ ᠰᠢᠨ᠎ᠡ ᠵᠢ ᠡᠭᠦᠳᠬᠦ ᠬᠡᠯᠪᠡᠷᠢ ᠵᠢᠨ ᠤᠯᠤᠰ᠎ᠢ ᠪᠦᠲᠦᠭᠡᠨ ᠪᠠᠶ᠋ᠢᠭᠤᠯᠬᠤ ᠵᠢᠨ ᠴᠢᠬᠤᠯᠠ ᠬᠦᠴᠦᠨ ᠮᠥᠨ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠨ᠎ᠳᠠᠬᠢ ᠵᠠᠰᠠᠭ ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠠᠵᠢᠯ᠎ᠢ   ᠲᠡᠬᠡᠲᠤ ᠬᠡᠮᠵᠢᠶ᠎ᠡ᠎ᠪᠠᠷ ᠴᠢᠬᠤᠯᠠᠴᠢᠯᠠᠵᠤ᠂ ᠣᠢ᠍ᠷ᠎ᠠ ᠵᠢᠨ ᠵᠢᠯ᠎ᠳᠤ ᠠᠯᠢ ᠣᠯᠠᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠨ ᠬᠡᠷᠡᠭᠵᠢᠭᠦᠯᠵᠦ᠂ ᠮᠠᠰᠢ ᠰᠠᠶ᠋ᠢᠨ ᠦᠷ᠎ᠡ ᠪᠦᠲᠦᠮᠵᠢ ᠣᠯᠤᠭᠰᠠᠨ ᠪᠠᠢ᠍ᠨ᠎ᠠ᠃ ᠭᠡᠪᠡᠴᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠭᠦᠨᠵᠡᠭᠡᠶ᠋ᠢᠷᠡᠨ ᠠᠬᠢᠬᠤ ᠵᠢ ᠳᠠᠭ᠋ᠠᠯᠳᠤᠨ᠂ ᠶᠡᠬᠡ ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶ᠎ᠠ ᠪᠦᠬᠦᠢ ᠡᠵᠡᠨ ᠮᠡᠳᠡᠬᠦ ᠡᠷᠬᠡ᠎ᠨᠢ ᠦᠶᠯᠡᠳᠦᠯᠭᠡ ᠵᠢᠨ ᠬᠥᠭᠵᠢᠯᠲᠡ ᠵᠢᠨ ᠬᠡᠷᠡᠭᠴᠡᠭᠡ᠎ᠳᠤ ᠤᠯᠠᠮ᠎ᠠᠴᠠ ᠤᠯᠠᠮ ᠵᠣᠬᠢᠴᠠᠬᠤ ᠦᠭᠡᠢ ᠪᠣᠯᠵᠠᠶ᠃ ᠬᠠᠮᠢᠶ᠎ᠠ ᠪᠦᠬᠦᠢ ᠳᠦᠷᠢᠮ᠎ᠤᠨ ᠰᠢᠰᠲ᠋ᠧᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠨ᠎ᠳᠠᠬᠢ ᠡᠵᠡᠨ ᠮᠡᠳᠡᠬᠦ ᠡᠷᠬᠡ ᠵᠢ ᠥᠷᠭᠡᠳᠬᠡᠬᠦ ᠵᠢ ᠠᠬᠢᠭᠤᠯᠵᠤ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠪᠦᠬᠦ ᠲᠠᠯ᠎ᠠ᠎ᠪᠠᠷ ᠨᠡᠮᠡᠭᠳᠡᠭᠦᠯᠦᠨ᠂ ᠰᠢᠨ᠎ᠡ ᠵᠢ ᠡᠭᠦᠳᠬᠦ ᠠᠮᠵᠢᠯᠲᠠ ᠪᠦᠲᠦᠮᠵᠢ ᠵᠢ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠠᠩᠭ᠋ᠠᠯᠭ᠎ᠠ ᠵᠢ ᠨᠡᠮᠡᠭᠳᠡᠭᠦᠯᠦᠨ᠂ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠤᠯᠭ᠋ᠠᠭᠤᠷᠢᠯᠠᠬᠤ ᠵᠢᠨ ᠲᠤᠰᠠᠳᠠ᠂ ᠡᠳᠦᠭᠡ ᠳᠣᠤᠷᠠᠬᠢ ᠮᠡᠲᠦ ᠰᠠᠨᠠᠯ᠎ᠢ ᠳᠤᠷᠠᠳᠪᠠ᠃
    ᠨᠢᠭᠡ᠂ ᠶᠡᠷᠦᠩᠬᠡᠶ ᠱᠠᠭ᠋ᠠᠷᠳᠠᠯᠭ᠎ᠠ
   (ᠨᠢᠭᠡ) ᠵᠢᠯᠣᠭᠣᠳᠬᠤ ᠦᠵᠡᠯ ᠰᠠᠨᠠᠭ᠎ᠠ
    ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠠᠴᠠ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠠᠶ᠂ ᠨᠠᠮ᠎ᠤᠨ ᠲᠥᠪ ᠬᠣᠷᠢᠶ᠎ᠠ᠂ ᠲᠥᠷᠦ ᠵᠢᠨ ᠶᠠᠪᠤᠳᠠᠯ᠎ᠤᠨ ᠬᠣᠷᠢᠶᠠᠨ᠎ᠤ ᠰᠢᠶᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠨᠠᠢ᠍ᠳᠠᠪᠤᠷᠢᠵᠢᠭᠤᠯᠬᠤ᠂ ᠰᠢᠨ᠎ᠡ ᠬᠥᠭᠵᠢᠯᠲᠡ ᠵᠢᠨ ᠣᠢ᠍ᠯᠠᠭ᠋ᠠᠭᠳᠠᠬᠤᠨ᠎ᠢ ᠪᠠᠲᠤ ᠪᠣᠶ ᠪᠣᠯᠭ᠋ᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ᠂ ᠴᠢᠳᠠᠪᠤᠷᠢᠲᠠᠨ᠎ᠤ ᠦᠰᠦᠨ ᠪᠣᠶ᠋ᠢᠵᠢᠯᠲᠠ᠂ ᠦᠷ᠎ᠡ ᠪᠦᠲᠦᠭᠡᠯ᠎ᠢ ᠣᠨᠳᠣᠤᠰᠢᠭᠤᠯᠬᠤ ᠵᠢᠮ᠎ᠡ ᠶᠣᠰᠣ ᠵᠢ ᠵᠢᠷᠤᠮᠯᠠᠵᠤ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠬᠡᠷᠡᠭᠲᠡᠶ᠃ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠡᠭᠦᠷᠭᠡ ᠴᠢᠳᠠᠪᠤᠷᠢ ᠵᠢ ᠬᠤᠪᠢᠷᠠᠭᠤᠯᠵᠤ᠂ ᠪᠠᠶ᠋ᠢᠯᠳᠤᠬᠤ ᠪᠣᠳᠣᠯᠭ᠎ᠠ ᠵᠢ ᠠᠳᠬᠤᠵᠤ᠂ ᠲᠥᠯᠥᠪᠵᠢᠭᠦᠯᠭᠡ ᠵᠢ ᠠᠳᠬᠤᠵᠤ᠂ ᠲᠥᠷᠦ ᠵᠢᠨ ᠪᠣᠳᠣᠯᠭ᠎ᠠ ᠵᠢ ᠠᠳᠬᠤᠵᠤ᠂ ᠦᠶᠯᠡᠴᠢᠯᠡᠭᠡ ᠵᠢ ᠠᠳᠬᠤᠵᠤ᠂ ᠶᠡᠬᠡ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠣᠯᠪᠣᠭᠳᠠᠯ ᠪᠦᠬᠦᠢ ᠡᠵᠡᠨ ᠮᠡᠳᠡᠬᠦ ᠡᠷᠬᠡ᠎ᠪᠠᠨ ᠬᠠᠤᠯᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠵᠢ ᠳᠠᠮᠵᠢᠵᠤ᠂ ᠨᠢᠭᠡᠴᠢ ᠪᠠ ᠠᠵᠢᠯᠲᠠᠨ᠎ᠤ ᠢᠳᠡᠪᠬᠢᠵᠢᠯ ᠪᠦᠲᠦᠭᠡᠯᠴᠢ ᠴᠢᠨᠠᠷ ᠢ ᠭᠦᠶᠴᠡᠳ ᠳᠠᠶ᠋ᠢᠴᠢᠯᠠᠵᠤ᠂ ᠰᠢᠨ᠎ᠡ ᠵᠢ ᠡᠭᠦᠳᠬᠦ ᠬᠥᠳᠡᠯᠭᠡᠭᠴᠢ ᠬᠦᠴᠦᠨ ᠪᠠ ᠠᠮᠢᠳᠤᠯᠢᠭ ᠬᠦᠴᠦᠨ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠶᠯᠡᠴᠢᠯᠡᠬᠦ ᠴᠢᠳᠠᠪᠤᠷᠢ ᠵᠢ ᠴᠢᠩᠭ᠋ᠠᠳᠬᠠᠵᠤ᠂ ᠰᠢᠨ᠎ᠡ ᠵᠢ ᠡᠭᠦᠳᠬᠦ ᠬᠡᠯᠪᠡᠷᠢ ᠵᠢᠨ ᠤᠯᠤᠰ ᠪᠠ ᠳᠡᠯᠡᠬᠡᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠬᠦᠴᠦᠲᠡᠶ ᠲᠦᠰᠢᠭ ᠲᠤᠯᠭ᠋ᠠᠭᠤᠷᠢ ᠬᠠᠩᠭ᠋ᠠᠨ᠎ᠠ᠃
   (ᠬᠣᠶᠠᠷ) ᠦᠨᠳᠦᠰᠦᠨ ᠵᠠᠷᠴᠢᠮ
    ᠨᠢᠭᠡᠴᠢ ᠵᠢᠨ ᠬᠥᠭᠵᠢᠯᠲᠡ ᠪᠣᠯᠤᠨ ᠤᠯᠤᠰ᠎ᠠᠴᠠ ᠡᠭᠦᠷᠭᠡ ᠬᠠᠷᠢᠭᠤᠴᠠᠯᠭ᠎ᠠ ᠵᠢ ᠪᠠᠷᠢᠮᠲᠠᠯᠠᠨ᠎ᠠ᠃ ᠨᠠᠮ᠎ᠤᠨ ᠶᠡᠬᠡ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠲᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠤᠯᠤᠰ᠎ᠠᠴᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠤᠯᠤᠰ᠎ᠠᠴᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠤᠯᠤᠰ᠎ᠠᠴᠠ ᠣᠯᠭᠣᠭᠰᠠᠨ ᠲᠤᠰᠢᠶᠠᠯ ᠬᠠᠷᠢᠭᠤᠴᠠᠯᠭ᠎ᠠ ᠵᠢᠨ ᠡᠷᠬᠡ ᠵᠢᠨ ᠬᠡᠪᠴᠢᠶ᠎ᠡ ᠵᠢ ᠭᠦᠶᠴᠡᠳ ᠠᠰᠢᠭᠯᠠ ᠠᠵᠢᠯ ᠵᠶ᠋ᠠᠨ ᠵᠣᠬᠢᠶᠠᠨ ᠪᠠᠶ᠋ᠢᠭᠤᠯᠵᠤ ᠥᠷᠨᠢᠭᠦᠯᠦᠨ᠂ ᠴᠢᠬᠤᠯᠠ ᠶᠡᠬᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠭᠦᠷᠭᠡ ᠵᠢ ᠢᠳᠡᠪᠬᠢᠲᠡᠢ ᠡᠭᠦᠷᠭᠡᠯᠡᠵᠦ᠂ ᠨᠢᠭᠡᠴᠢ ᠵᠢᠨ ᠬᠥᠭᠵᠢᠯᠲᠡ ᠵᠢ ᠤᠯᠤᠰ᠎ᠠᠴᠠ ᠬᠥᠭᠵᠢᠯᠲᠡ ᠵᠢᠨ ᠶᠡᠬᠡ ᠲᠠᠯ᠎ᠠ᠎ᠳᠤ ᠠᠭᠤᠰᠬᠠᠨ ᠣᠷᠣᠭᠤᠯᠵᠤ᠂ ᠤᠯᠤᠰ᠎ᠠᠴᠠ ᠬᠠᠷᠠᠯᠲᠠ᠎ᠳᠤ ᠦᠶᠯᠡᠴᠢᠯᠡᠬᠦ ᠶᠠᠪᠤᠴᠠ᠎ᠳᠤ ᠲᠤᠰ ᠪᠡᠶ᠎ᠡ ᠵᠢᠨ ᠦᠷᠭᠦᠯᠵᠢᠯᠡᠬᠦ ᠬᠥᠭᠵᠢᠯᠲᠡ ᠵᠢ ᠪᠡᠶᠡᠯᠡᠭᠦᠯᠦᠨ᠎ᠡ᠃
    ᠨᠢᠭᠡᠳᠦᠯᠲᠡᠶ ᠱᠠᠭ᠋ᠠᠷᠳᠠᠯᠭ᠎ᠠ ᠬᠢᠭᠡᠳ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠬᠠᠷᠢᠯᠴᠠᠨ ᠵᠣᠬᠢᠴᠠᠭᠤᠯᠬᠤ ᠵᠢ ᠪᠠᠷᠢᠮᠲᠠᠯᠠᠨ᠎ᠠ᠃ ᠶᠡᠬᠡ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠵᠢ ᠥᠷᠭᠡᠳᠬᠡᠬᠦ᠎ᠨᠢ ᠲᠥᠪ᠎ᠤᠨ ᠠᠵᠢᠯ ᠦᠢ᠍ᠯᠡᠰ᠎ᠤᠨ ᠨᠢᠭᠡᠴᠡ ᠵᠢᠨ ᠥᠭᠡᠷᠡᠴᠢᠯᠡᠯᠲᠡ ᠵᠢ ᠲᠥᠷᠥᠯ ᠬᠤᠪᠢᠶᠠᠨ ᠠᠬᠢᠭᠤᠯᠬᠤ ᠶᠡᠷᠦᠩᠬᠡᠶ ᠱᠠᠭ᠋ᠠᠷᠳᠠᠯᠭ᠎ᠠ᠎ᠳᠤ ᠨᠡᠶ᠋ᠢᠴᠡᠵᠦ᠂ ᠰᠢᠨᠵᠢᠯᠡᠬᠦ ᠤᠬᠠᠭ᠋ᠠᠨ᠎ᠤ ᠵᠢᠮ᠎ᠡ ᠶᠣᠰᠣ ᠵᠢ ᠬᠦᠨᠳᠦᠳᠬᠡᠵᠦ᠂ ᠶᠡᠬᠡ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠠᠳᠠᠯᠢ ᠪᠤᠰᠤ ᠣᠨᠴᠠᠯᠢᠭ᠎ᠲᠤ ᠴᠢᠭᠯᠡᠭᠦᠯᠦᠨ ᠨᠠᠷᠢᠯᠢᠭ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠥᠷᠥᠯ ᠬᠤᠪᠢᠶᠠᠨ ᠬᠠᠮᠢᠶᠠᠷᠬᠤ ᠵᠢ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢᠨ ᠬᠠᠨᠳᠤᠯᠭ᠋ᠠᠲᠤ ᠴᠢᠨᠠᠷ ᠪᠠ ᠪᠠᠷᠢᠮᠵᠢᠶ᠎ᠠ ᠵᠢ ᠳᠡᠭᠡᠭᠰᠢᠯᠡᠭᠦᠯᠬᠦ ᠬᠡᠷᠡᠭᠲᠡᠶ᠃
    ᠵᠠᠰᠠᠭ ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠬᠢᠭᠡᠳ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠨ᠎ᠠ᠃ ᠵᠠᠰᠠᠭ᠎ᠤᠨ ᠣᠷᠳᠣᠨ᠎ᠤ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠳᠣᠲᠣᠭ᠋ᠠᠳᠤ ᠵᠢᠨ ᠬᠡᠷᠡᠭ ᠶᠠᠪᠤᠳᠠᠯ᠎ᠳᠤ ᠪᠢᠴᠢᠯ ᠬᠠᠮᠢᠶᠠᠷᠤᠯᠲᠠ ᠪᠠ ᠰᠢᠭᠤᠳ ᠭᠠᠷ ᠲᠦᠷᠦᠭᠦ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠵᠤ᠂ ᠬᠥᠭᠵᠢᠯᠲᠡ ᠵᠢᠨ ᠴᠢᠭᠯᠡᠯ᠎ᠢ ᠶᠡᠷᠦᠩᠬᠡᠶ᠎ᠳᠤᠨᠢ ᠡᠵᠡᠮᠳᠡᠬᠦ ᠵᠢ ᠴᠢᠩᠭ᠋ᠠᠳᠬᠠᠨ᠂ ᠲᠥᠰᠦᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠳᠣᠲᠣᠭ᠋ᠠᠳᠤ ᠡᠵᠡᠮᠳᠡᠯ᠎ᠤᠨ ᠲᠣᠭᠲᠠᠴᠠ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠡᠷᠬᠡ᠎ᠪᠠᠨ ᠭᠦᠶᠴᠡᠳ ᠲᠠᠯᠪᠢᠬᠤ ᠪᠠ ᠪᠦᠲᠦᠮᠵᠢᠲᠡᠶ᠎ᠪᠠᠷ ᠬᠦᠯᠢᠶᠡᠨ ᠠᠪᠬᠤ᠂ ᠳᠣᠲᠣᠭ᠋ᠠᠳᠤ ᠵᠢᠨ ᠵᠠᠰᠠᠯᠲᠠ ᠵᠢ ᠲᠡᠭᠦᠯᠳᠡᠷᠵᠢᠭᠦᠯᠬᠦ ᠪᠠ ᠭᠠᠳᠠᠨᠠᠬᠢ ᠬᠢᠨᠠᠯᠲᠠ ᠵᠢ ᠴᠢᠩᠭ᠋ᠠᠳᠬᠠᠬᠤ᠂ ᠬᠠᠷᠢᠭᠤᠴᠠᠯᠭ᠎ᠠ ᠡᠭᠦᠷᠭᠡᠯᠡᠬᠦ ᠵᠢ ᠵᠣᠷᠢᠭᠵᠢᠭᠤᠯᠬᠤ ᠪᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠵᠢ ᠣᠷᠭ᠋ᠠᠨᠢᠭ ᠵᠶ᠋ᠠᠷ ᠤᠶᠠᠯᠳᠤᠭᠤᠯᠬᠤ᠂ ᠡᠷᠬᠡ ᠬᠢᠭᠡᠳ ᠬᠠᠷᠢᠭᠤᠴᠠᠯᠭ᠎ᠠ ᠨᠡᠬᠡᠮᠵᠢᠯᠡᠬᠦ ᠵᠢ ᠦᠨᠡᠨ ᠬᠦ᠌ ᠪᠠᠲᠤᠯᠠᠨ᠎ᠠ᠃
    ᠬᠣᠶᠠᠷ᠂ ᠪᠠᠶ᠋ᠢᠭᠤᠯᠤᠮᠵᠢ ᠵᠢᠨ ᠠᠵᠢᠯᠯᠠᠭ᠋ᠠᠨ᠎ᠢ ᠲᠡᠭᠦᠯᠳᠡᠷᠵᠢᠭᠦᠯᠦᠨ᠎ᠡ
   (ᠭᠤᠷᠪᠠ) ᠳᠦᠷᠢᠮ᠎ᠤᠨ ᠬᠠᠮᠢᠶᠠᠷᠤᠯᠲᠠ ᠵᠢ ᠲᠡᠭᠦᠯᠳᠡᠷᠵᠢᠭᠦᠯᠬᠦ ᠬᠡᠷᠡᠭᠲᠡᠶ᠃
    ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠥᠪ᠎ᠤᠨ ᠥᠭᠡᠷᠡᠴᠢᠯᠡᠯᠲᠡ ᠵᠢᠨ ᠵᠣᠷᠢᠭ ᠰᠠᠨᠠᠭ᠎ᠠ ᠪᠣᠯᠤᠨ ᠵᠠᠰᠠᠭ ᠪᠠ ᠠᠵᠢᠯ ᠦᠶᠯᠡᠰ᠎ᠢ ᠰᠠᠯᠭ᠋ᠠᠬᠤ᠂ ᠬᠠᠮᠢᠶᠠᠷᠬᠤ ᠪᠠ ᠡᠷᠬᠢᠯᠡᠬᠦ ᠵᠢ ᠰᠠᠯᠭ᠋ᠠᠬᠤ ᠵᠠᠷᠴᠢᠮ᠎ᠤᠨ ᠶᠣᠰᠣᠭ᠋ᠠᠷ᠂ ᠬᠠᠷᠢᠶ᠎ᠠ ᠳᠡᠭᠡᠰᠦ ᠰᠤᠷᠭ᠋ᠠᠭᠤᠯᠢ᠎ᠨᠤᠭᠤᠳ᠎ᠢ ᠵᠣᠬᠢᠶᠠᠨ ᠪᠠᠶ᠋ᠢᠭᠤᠯᠤᠨ ᠳᠦᠷᠢᠮ ᠵᠶ᠋ᠠᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠳᠦᠷᠢᠮ ᠲᠣᠭᠲᠠᠭ᠋ᠠᠬᠤ ᠵᠢ ᠲᠦᠯᠬᠢᠨ ᠠᠬᠢᠭᠤᠯᠵᠤ᠂ ᠠᠳᠠᠯᠢ ᠪᠤᠰᠤ ᠲᠥᠷᠥᠯ ᠬᠡᠯᠪᠡᠷᠢ ᠵᠢᠨ ᠨᠢᠭᠡᠴᠡ ᠵᠢᠨ ᠡᠭᠦᠷᠭᠡ ᠴᠢᠳᠠᠪᠤᠷᠢ ᠵᠢᠨ ᠪᠠᠶ᠋ᠢᠷᠢ ᠲᠣᠭᠲᠠᠭ᠋ᠠᠯᠲᠠ ᠪᠣᠯᠤᠨ ᠡᠷᠬᠡ ᠬᠠᠷᠢᠭᠤᠴᠠᠯᠭ᠎ᠠ ᠵᠢᠨ ᠵᠠᠭ᠋ᠠᠭ ᠬᠢᠵᠠᠭ᠋ᠠᠷ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠬᠡᠷᠡᠭᠲᠡᠶ᠃ ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠳ ᠳᠦᠷᠢᠮ᠎ᠳᠤ ᠲᠣᠭᠲᠠᠭ᠋ᠠᠭᠰᠠᠨ ᠡᠭᠦᠷᠭᠡ ᠴᠢᠳᠠᠪᠤᠷᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠯᠠᠭ᠎ᠠ ᠵᠢ ᠥᠷᠨᠢᠭᠦᠯᠬᠦ ᠬᠡᠷᠡᠭᠲᠡᠶ᠃ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠦᠷᠢᠮ ᠲᠣᠭᠲᠠᠭ᠋ᠠᠯ᠎ᠠᠴᠠ ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠲᠤ ᠣᠯᠭᠣᠭᠰᠠᠨ ᠬᠡᠷᠡᠭ ᠶᠠᠪᠤᠳᠠᠯ᠎ᠳᠤ ᠭᠠᠷ ᠲᠥᠷᠥᠵᠦ ᠪᠣᠯᠬᠤ ᠦᠭᠡᠢ᠃
   (ᠳᠥᠷᠪᠡᠨ) ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠴᠢᠩᠭ᠋ᠠᠷᠠᠭᠤᠯᠬᠤ ᠬᠡᠷᠡᠭᠲᠡᠶ᠃
    ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠳ ᠳᠤᠮᠳᠠ ᠤᠷᠲᠤ ᠬᠤᠭᠤᠴᠠᠭ᠋ᠠᠨ᠎ᠤ ᠬᠥᠭᠵᠢᠯᠲᠡ ᠵᠢᠨ ᠬᠠᠷᠠᠯᠲᠠ ᠪᠣᠯᠤᠨ ᠲᠥᠯᠥᠪᠵᠢᠭᠦᠯᠭᠡ ᠵᠢ ᠲᠣᠭᠲᠠᠭ᠋ᠠᠵᠤ᠂ ᠠᠮᠵᠢᠯᠲᠠ ᠪᠦᠲᠦᠮᠵᠢ ᠵᠢᠨ ᠬᠠᠷᠠᠯᠲᠠ ᠬᠢᠭᠡᠳ ᠭᠦᠶᠴᠡᠳᠬᠡᠬᠦ ᠲᠣᠭ᠎ᠠ ᠵᠢ ᠲᠣᠳᠣᠷᠬᠠᠶ᠋ᠢᠯᠠᠬᠤ ᠬᠡᠷᠡᠭᠲᠡᠶ᠃ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠡᠷᠬᠡ ᠬᠠᠷᠢᠭᠤᠴᠠᠯᠭ᠎ᠠ ᠠᠰᠢᠭ ᠦᠷ᠎ᠡ ᠪᠦᠲᠦᠮᠵᠢ ᠵᠢ ᠬᠠᠷᠢᠯᠴᠠᠨ ᠨᠢᠭᠡᠳᠬᠡᠬᠦ ᠪᠠ ᠲᠥᠷᠥᠯ ᠬᠤᠪᠢᠶᠠᠨ ᠦᠨᠡᠯᠡᠬᠦ ᠵᠠᠷᠴᠢᠮ ᠶᠣᠰᠣᠭ᠋ᠠᠷ᠂ ᠶᠠᠪᠤᠴᠠ ᠵᠢᠨ ᠬᠠᠮᠢᠶᠠᠷᠤᠯᠲᠠ ᠵᠢ ᠪᠠᠭ᠋ᠠᠰᠬᠠᠵᠤ᠂ ᠰᠢᠨ᠎ᠡ ᠵᠢ ᠡᠭᠦᠳᠬᠦ ᠤᠳᠤᠷᠢᠳᠤᠮᠵᠢ᠂ ᠦᠷ᠎ᠡ ᠳ᠋ᠦᠩ᠎ᠤᠨ ᠤᠳᠤᠷᠢᠳᠤᠮᠵᠢ ᠪᠠ ᠪᠣᠳᠠᠲᠤ ᠠᠮᠵᠢᠯᠲᠠ ᠵᠢᠨ ᠤᠳᠤᠷᠢᠳᠤᠮᠵᠢ ᠵᠢ ᠳᠣᠪᠣᠶ᠋ᠢᠯᠭ᠋ᠠᠨ᠂ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠲᠤ ᠤᠷᠲᠤᠪᠲᠤᠷ ᠪᠠ ᠤᠷᠲᠤ ᠬᠤᠭᠤᠴᠠᠭ᠋ᠠᠨ᠎ᠤ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠪᠠ ᠦᠨᠡᠯᠡᠨ ᠰᠢᠯᠭ᠋ᠠᠨ ᠬᠢᠨᠠᠬᠤ ᠵᠢ ᠬᠡᠷᠡᠭᠵᠢᠭᠦᠯᠵᠦ᠂ ᠦᠨᠡᠯᠡᠭᠰᠡᠨ ᠦᠷ᠎ᠡ ᠳ᠋ᠦᠩ᠎ᠢ ᠵᠣᠬᠢᠰᠲᠠᠶ ᠠᠷᠭ᠎ᠠ ᠮᠠᠶᠢᠭ ᠵᠶ᠋ᠠᠷ ᠢᠯᠡ ᠪᠣᠯᠭ᠋ᠠᠬᠤ ᠵᠢᠨ ᠬᠠᠮᠲᠤ᠂ ᠨᠢᠭᠡᠴᠡ ᠵᠢᠨ ᠡᠳ᠋᠎ᠤᠨ ᠵᠠᠰᠠᠭ᠎ᠠᠴᠠ ᠵᠣᠭᠣᠰ ᠰᠠᠯᠭ᠋ᠠᠨ ᠥᠭᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠂ ᠤᠳᠤᠷᠢᠳᠬᠤ ᠬᠥᠮᠦᠰ᠎ᠤᠨ ᠰᠢᠯᠭ᠋ᠠᠨ ᠦᠨᠡᠯᠡᠵᠦ ᠱᠠᠩᠨᠠᠬᠤ᠂ ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ ᠵᠢ ᠬᠢᠨᠠᠨ ᠲᠣᠭᠲᠠᠭ᠋ᠠᠬᠤ ᠵᠡᠷᠭᠡ ᠪᠣᠯᠤᠨ᠎ᠠ᠃ ᠪᠠᠶ᠋ᠢᠭᠤᠯᠤᠮᠵᠢ ᠵᠢᠨ ᠣᠷᠣᠨ ᠲᠣᠭ᠎ᠠ ᠵᠢᠨ ᠰᠠᠯᠠᠭ᠎ᠠ ᠮᠥᠴᠢᠷ᠎ᠨᠢ ᠳᠡᠰ ᠳᠠᠷᠠᠭ᠋ᠠᠯᠠᠯ ᠶᠣᠰᠣᠭ᠋ᠠᠷ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯ ᠦᠢ᠍ᠯᠡᠰ᠎ᠤᠨ ᠨᠢᠭᠡᠴᠡ ᠵᠢᠨ ᠣᠷᠣᠨ ᠲᠣᠭ᠎ᠠ᠎ᠳᠤ ᠲᠣᠬᠢᠷᠠᠭᠤᠯᠤᠯᠲᠠ ᠬᠢᠬᠦ ᠵᠦᠶᠯᠡᠰ᠎ᠢ ᠭᠦᠶᠴᠡᠳᠬᠡᠬᠦ᠎ᠳᠤ᠂ ᠦᠨᠡᠯᠡᠭᠰᠡᠨ ᠦᠷ᠎ᠡ ᠳ᠋ᠦᠩ ᠵᠶ᠋ᠠᠷ ᠯᠠᠪᠯᠠᠯᠲᠠ ᠪᠣᠯᠭ᠋ᠠᠨ᠎ᠠ᠃
   (ᠲᠠᠪᠤ) ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ ᠬᠠᠮᠢᠶᠠᠷᠤᠯᠲᠠ ᠵᠢ ᠰᠢᠯᠢᠳᠡᠭᠵᠢᠭᠦᠯᠦᠨ᠎ᠡ᠃
    ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠯᠠᠭ᠎ᠠ ᠮᠥᠴᠢᠷ᠎ᠤᠳ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ᠎ᠨᠢ ᠲᠣᠳᠣᠷᠬᠠᠶ᠂ ᠪᠠᠶ᠋ᠢᠷᠢᠰᠢᠭᠤᠯᠤᠯ᠎ᠨᠢ ᠵᠦᠶ ᠵᠣᠬᠢᠰᠲᠠᠶ᠂ ᠴᠣᠮᠬᠠᠨ ᠪᠥᠭᠡᠳ ᠥᠨᠳᠥᠷ ᠦᠷ᠎ᠡ ᠪᠦᠲᠦᠮᠵᠢᠲᠡᠶ ᠪᠠᠶᠬᠤ ᠵᠠᠷᠴᠢᠮ᠎ᠤᠨ ᠶᠣᠰᠣᠭ᠋ᠠᠷ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠬᠥᠭᠵᠢᠯᠲᠡ ᠬᠢᠭᠡᠳ ᠪᠠᠶ᠋ᠢᠷᠢᠰᠢᠭᠤᠯᠤᠯᠲᠠ ᠵᠢᠨ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠬᠤ ᠵᠢ ᠲᠦᠯᠬᠢᠨ ᠠᠬᠢᠭᠤᠯᠬᠤ ᠬᠡᠷᠡᠭᠲᠡᠶ᠃ ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠳ ᠳᠦᠷᠢᠮ᠎ᠳᠤ ᠲᠣᠭᠲᠠᠭ᠋ᠠᠭᠰᠠᠨ ᠡᠭᠦᠷᠭᠡ ᠴᠢᠳᠠᠪᠤᠷᠢ ᠵᠢᠨ ᠬᠡᠪᠴᠢᠶᠡᠨ ᠳᠣᠲᠣᠷ᠎ᠠ᠂ ᠤᠯᠤᠰ᠎ᠠᠴᠠ ᠪᠠᠶ᠋ᠢᠯᠳᠤᠬᠤ ᠪᠣᠳᠣᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ᠂ ᠠᠵᠢᠯ ᠲᠥᠷᠥᠯ᠎ᠤᠨ ᠬᠥᠭᠵᠢᠯᠲᠡ ᠵᠢᠨ ᠬᠡᠷᠡᠭᠴᠡᠭᠡ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠬᠠᠨᠳᠤᠰᠢ ᠵᠢ ᠦᠨᠳᠦᠰᠦᠯᠡᠨ᠂ ᠴᠣᠮᠬᠠᠳᠬᠠᠬᠤ᠂ ᠬᠦᠴᠦᠨ ᠴᠢᠳᠠᠪᠤᠷᠢ᠎ᠲᠠᠢ ᠪᠠᠶ᠋ᠢᠯᠭ᠋ᠠᠬᠤ ᠵᠠᠷᠴᠢᠮ᠎ᠤᠨ ᠶᠣᠰᠣᠭ᠋ᠠᠷ᠂ ᠨᠢᠭᠡᠴᠡ ᠵᠢᠨ ᠳᠣᠲᠣᠭ᠋ᠠᠳᠤ ᠪᠠᠶ᠋ᠢᠭᠤᠯᠤᠮᠵᠢ ᠵᠢ ᠡᠵᠡᠨ ᠮᠡᠳᠡᠨ ᠪᠠᠶ᠋ᠢᠷᠢᠯᠠᠭᠤᠯᠬᠤ᠂ ᠬᠤᠪᠢᠷᠠᠭᠤᠯᠬᠤ ᠪᠠ ᠬᠦᠴᠦᠨ ᠦᠭᠡᠢ ᠪᠣᠯᠭ᠋ᠠᠵᠤ ᠪᠣᠯᠤᠨ᠎ᠠ᠃
    ᠭᠤᠷᠪᠠ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠢ ᠰᠢᠯᠢᠳᠡᠭᠵᠢᠭᠦᠯᠬᠦ ᠬᠡᠷᠡᠭᠲᠡᠢ
   (ᠵᠢᠷᠭᠤᠭ᠎ᠠ) ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠶᠯ᠎ᠤᠨ ᠬᠠᠮᠢᠶᠠᠷᠤᠯᠲᠠ ᠵᠢᠨ ᠴᠤᠪᠤᠷᠠᠯ᠎ᠢ ᠳᠥᠭᠥᠮᠴᠢᠯᠡᠨ᠎ᠡ᠃
    ᠲᠥᠪ᠎ᠤᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠴᠢᠬᠤᠯᠠ ᠶᠡᠬᠡ ᠲᠥᠷᠥᠯ ᠵᠦᠶᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠤᠯᠤᠰ᠎ᠠᠴᠠ ᠬᠡᠷᠡᠭᠴᠡᠭᠡ ᠱᠠᠭ᠋ᠠᠷᠳᠠᠯᠭ᠎ᠠ ᠵᠢᠨ ᠥᠭᠡᠷᠡᠴᠢᠯᠡᠨ ᠰᠠᠶ᠋ᠢᠵᠢᠷᠠᠭᠤᠯᠬᠤ ᠲᠥᠷᠥᠯ ᠵᠦᠶᠯ᠎ᠤᠨ ᠪᠦᠷᠢᠯᠳᠦᠬᠦ ᠲᠣᠭᠲᠠᠴᠠ᠎ᠲᠠᠢ ᠤᠶᠠᠯᠳᠤᠭᠤᠯᠤᠨ᠂ ᠲᠥᠷᠥᠯ ᠵᠦᠶᠯ᠎ᠤᠨ ᠪᠠᠢ᠍ᠷᠢᠰᠢᠭᠤᠯᠤᠯ᠂ ᠲᠣᠭ᠎ᠠ ᠬᠡᠮᠵᠢᠶ᠎ᠡ ᠵᠢᠴᠢ ᠪᠠᠭᠲᠠᠭ᠋ᠠᠮᠵᠢ ᠵᠢ ᠵᠦᠶ ᠵᠣᠬᠢᠰᠲᠠᠶ ᠲᠣᠭᠲᠠᠭ᠋ᠠᠵᠤ᠂ ᠰᠤᠳᠤᠯᠤᠨ ᠨᠡᠭᠡᠭᠡᠬᠦ ᠪᠦᠯᠬᠦᠮ ᠨᠡᠢ᠍ᠢ᠍ᠲᠡ ᠵᠢ ᠰᠢᠯᠢᠳᠡᠭ᠎ᠢ᠎ᠨᠢ ᠰᠣᠩᠭᠣᠨ᠎ᠠ᠃ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠪᠠ ᠦᠷ᠎ᠡ ᠳ᠋ᠦᠩ᠎ᠢ ᠬᠢᠨᠠᠨ ᠰᠢᠯᠭ᠋ᠠᠬᠤ ᠵᠢ ᠴᠢᠩᠭ᠋ᠠᠷᠠᠭᠤᠯᠵᠤ᠂ ᠶᠠᠪᠤᠴᠠ ᠵᠢᠨ ᠬᠠᠮᠢᠶᠠᠷᠤᠯᠲᠠ ᠵᠢ ᠳᠥᠭᠥᠮᠴᠢᠯᠡᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠯᠠᠭ᠎ᠠ ᠮᠥᠴᠢᠷ᠎ᠤᠳ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠥᠷᠥᠯ ᠵᠦᠶᠯ ᠮᠡᠳᠡᠭᠦᠯᠬᠦ ᠴᠤᠪᠤᠷᠠᠯ᠎ᠢ ᠴᠣᠮᠬᠠᠳᠬᠠᠵᠤ᠂ ᠮᠡᠳᠡᠭᠦᠯᠬᠦ ᠴᠢᠬᠤᠯᠠ ᠦᠭᠡᠢ ᠮᠠᠲ᠋ᠧᠷᠢᠶᠠᠯ᠎ᠢ ᠪᠠᠭ᠋ᠠᠰᠬᠠᠬᠤ ᠬᠡᠷᠡᠭᠲᠡᠶ᠃ ᠲᠥᠷᠥᠯ ᠵᠦᠶᠯ᠎ᠢ ᠬᠡᠷᠡᠭᠵᠢᠭᠦᠯᠬᠦ ᠬᠤᠭᠤᠴᠠᠭ᠋ᠠᠨ᠎ᠳᠤ 《ᠪᠦᠳᠦᠭᠦᠯᠢᠭ》 ᠮᠠᠶᠢᠭ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠡᠯ᠎ᠡ ᠲᠥᠷᠥᠯ᠎ᠤᠨ ᠶᠠᠪᠤᠴᠠ ᠵᠢᠨ ᠴᠢᠨᠠᠷᠲᠠᠶ ᠦᠨᠡᠯᠡᠨ ᠵᠢᠱ᠌ᠢᠬᠦ᠂ ᠰᠢᠯᠭ᠋ᠠᠨ ᠪᠠᠶ᠋ᠢᠴᠠᠭ᠋ᠠᠬᠤ᠂ ᠰᠤᠭᠤᠯᠬᠤ᠂ ᠬᠢᠨᠠᠨ ᠪᠣᠳᠣᠬᠤ ᠵᠡᠷᠭᠡ ᠵᠢ ᠪᠠᠭ᠋ᠠᠰᠬᠠᠬᠤ ᠬᠡᠷᠡᠭᠲᠡᠶ᠃ ᠡᠳ᠋᠎ᠤᠨ ᠶᠠᠪᠤᠳᠠᠯ᠎ᠤᠨ ᠰᠢᠯᠭ᠋ᠠᠨ ᠠᠪᠬᠤ ᠪᠠ ᠮᠡᠷᠭᠡᠵᠢᠯ᠎ᠤᠨ ᠰᠢᠯᠭ᠋ᠠᠨ ᠠᠪᠬᠤ ᠵᠢ ᠨᠡᠶ᠋ᠢᠯᠡᠭᠦᠯᠵᠦ᠂ ᠭᠤᠷᠪᠠᠳᠠᠬᠢ ᠡᠲᠡᠭᠡᠳ᠎ᠤᠨ ᠬᠢᠨᠠᠨ ᠪᠣᠳᠣᠬᠤ ᠪᠠᠶ᠋ᠢᠭᠤᠯᠤᠮᠵᠢ ᠵᠢ ᠦᠨᠡᠯᠡᠨ ᠵᠢᠱ᠌ᠢᠬᠦ᠂ ᠵᠢᠷᠤᠮᠵᠢᠭᠤᠯᠬᠤ ᠪᠠ ᠬᠥᠳᠡᠯᠦᠩᠭᠦᠶ᠎ᠪᠠᠷ ᠲᠣᠬᠢᠷᠠᠭᠤᠯᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠡᠯ᠎ᠡ ᠵᠦᠶᠯ᠎ᠤᠨ ᠠᠵᠢᠯ ᠪᠣᠯᠤᠨ ᠲᠥᠯᠥᠪᠯᠡᠭᠡ ᠵᠢᠨ ᠮᠠᠲ᠋ᠧᠷᠢᠶᠠᠯ᠎ᠢ ᠮᠡᠳᠡᠭᠦᠯᠦᠨ ᠬᠦᠷᠭᠡᠬᠦ ᠵᠠᠩᠭᠢᠯᠠᠭ᠎ᠠ ᠵᠢ ᠡᠮᠬᠢᠯᠡᠨ ᠨᠡᠶ᠋ᠢᠯᠡᠭᠦᠯᠵᠦ᠂ ᠬᠦᠰᠦᠨᠦᠭᠲᠦ ᠪᠦᠬᠦᠨ᠎ᠢ ᠪᠡᠶᠡᠯᠡᠭᠦᠯᠬᠦ ᠬᠡᠷᠡᠭᠲᠡᠶ᠃ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠡᠷᠬᠡ ᠵᠢᠨ ᠬᠡᠪᠴᠢᠶ᠎ᠡ ᠶᠣᠰᠣᠭ᠋ᠠᠷ ᠴᠢᠯᠥᠭᠡᠲᠡᠶ ᠲᠠᠯᠪᠢᠬᠤ ᠳᠦᠷᠢᠮ ᠢ ᠪᠠᠶ᠋ᠢᠭᠤᠯᠵᠤ᠂ ᠮᠡᠳᠡᠭᠡ ᠵᠠᠩᠭᠢ ᠵᠢᠨ ᠰᠢᠰᠲ᠋ᠧᠮ᠎ᠤᠨ ᠨᠢᠭᠡᠨᠲᠡ ᠪᠠᠶᠭ᠎ᠠ ᠮᠠᠲ᠋ᠧᠷᠢᠶᠠᠯ ᠪᠤᠶᠤ ᠨᠢᠭᠡᠨᠲᠡ ᠬᠠᠩᠭ᠋ᠠᠯᠭ᠋ᠠᠬᠤ᠎ᠪᠠᠷ ᠱᠠᠭ᠋ᠠᠷᠳᠠᠭᠰᠠᠨ ᠮᠠᠲ᠋ᠧᠷᠢᠶᠠᠯ ᠪᠦᠬᠦᠨ᠎ᠢ ᠳᠠᠬᠢᠨ ᠳᠠᠪᠲᠠᠨ ᠬᠠᠩᠭ᠋ᠠᠯᠭ᠋ᠠᠬᠤ᠎ᠪᠠᠷ ᠱᠠᠭ᠋ᠠᠷᠳᠠᠵᠤ ᠪᠣᠯᠬᠤ ᠦᠭᠡᠢ᠃ ᠰᠢᠨᠵᠢᠯᠡᠬᠦ ᠤᠬᠠᠭ᠋ᠠᠨ ᠮᠡᠷᠭᠡᠵᠢᠯ᠂ ᠡᠳ᠋᠎ᠤᠨ ᠵᠠᠰᠠᠭ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠪᠣᠯᠤᠨ ᠲᠥᠪ᠎ᠤᠨ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠵᠡᠷᠭᠡ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠳᠠᠷᠤᠭ᠋ᠠᠰᠤ ᠵᠢ ᠬᠥᠩᠭᠡᠷᠡᠭᠦᠯᠬᠦ ᠲᠤᠰᠬᠠᠶ ᠠᠵᠢᠯᠯᠠᠭ᠎ᠠ ᠵᠢ ᠥᠷᠨᠢᠭᠦᠯᠵᠦ᠂ ᠰᠡᠳᠬᠢᠯ ᠰᠢᠭᠤᠳᠤᠨ ᠰᠤᠳᠤᠯᠬᠤ᠎ᠳᠤ ᠠᠰᠢᠭᠲᠠᠢ ᠣᠷᠴᠢᠨ ᠲᠣᠭᠣᠷᠢᠨ ᠢ ᠢᠳᠡᠪᠬᠢᠲᠡᠶ᠎ᠪᠠᠷ ᠪᠤᠢ ᠪᠣᠯᠭ᠋ᠠᠬᠤ ᠬᠡᠷᠡᠭᠲᠡᠶ᠃
   (ᠳᠣᠯᠣᠭ᠎ᠠ) ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ ᠢ ᠲᠡᠭᠦᠯᠳᠡᠷᠵᠢᠭᠦᠯᠬᠦ ᠬᠡᠷᠡᠭᠲᠡᠶ᠃
    ᠳᠡᠮ ᠵᠠᠷᠤᠳᠠᠯ᠎ᠤᠨ ᠲᠥᠰᠦᠪ᠎ᠢ ᠨᠠᠶ᠋ᠢᠷᠠᠭᠤᠯᠤᠨ ᠵᠣᠬᠢᠶᠠᠬᠤ ᠪᠠ ᠣᠯᠭᠣᠬᠤ ᠠᠷᠭ᠎ᠠ ᠮᠠᠶᠢᠭ᠎ᠢ ᠥᠭᠡᠷᠡᠴᠢᠯᠡᠵᠦ᠂ ᠲᠥᠷᠥᠯ ᠵᠦᠶᠯ᠎ᠤᠨ ᠬᠠᠷᠢᠭᠤᠴᠠᠯᠭ᠋ᠠᠲᠠᠨ᠎ᠠᠴᠠ ᠲᠥᠰᠦᠪ ᠨᠠᠶ᠋ᠢᠷᠠᠭᠤᠯᠤᠨ ᠵᠣᠬᠢᠶᠠᠬᠤ ᠦᠭᠡᠢ᠂ ᠲᠥᠷᠥᠯ ᠵᠦᠶᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ (ᠨᠢᠭᠡᠴᠡ)᠎ᠠᠴᠠ ᠪᠡᠯᠡ ᠮᠥᠩᠭᠥ ᠣᠯᠭᠣᠬᠤ ᠭᠠᠷᠳᠠᠮ᠎ᠢ ᠰᠢᠭᠤᠳ ᠬᠢᠨᠠᠨ ᠲᠣᠭᠲᠠᠭ᠋ᠠᠬᠤ ᠵᠢᠨ ᠬᠠᠮᠲᠤ ᠭᠦᠶᠴᠡᠳᠬᠡᠵᠦ᠂ ᠪᠡᠯᠡ ᠮᠥᠩᠭᠥ ᠵᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠳᠤ ᠰᠢᠭᠤᠳ ᠥᠭᠬᠦ ᠬᠡᠷᠡᠭᠲᠡᠶ᠃ ᠠᠮᠵᠢᠯᠲᠠ ᠪᠦᠲᠦᠮᠵᠢ᠂ ᠦᠨᠡᠨᠴᠢ ᠢᠲᠡᠭᠡᠮᠵᠢ ᠪᠠ ᠴᠢᠳᠠᠪᠤᠷᠢ᠎ᠳᠤ ᠰᠠᠭᠤᠷᠢᠯᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠲᠤᠷᠰᠢᠯᠲᠠ ᠵᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠶᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠡᠷᠭᠡ ᠲᠤᠷᠰᠢᠯᠲᠠ ᠵᠢᠨ ᠲᠤᠷᠰᠢᠯᠭ᠎ᠠ ᠪᠠ ᠠᠷᠭ᠎ᠠ ᠬᠢᠳᠡᠯ᠎ᠢ ᠴᠠᠭ ᠲᠤᠬᠠᠶ᠎ᠳᠤᠨᠢ ᠳ᠋ᠦᠩᠨᠡᠨ ᠳᠡᠯᠭᠡᠷᠡᠭᠦᠯᠦᠨ᠎ᠡ᠃ ᠬᠥᠨᠳᠡᠯᠡᠨ ᠵᠠᠷᠤᠳᠠᠯ ᠬᠡᠷᠡᠭᠯᠡᠬᠦ ᠡᠵᠡᠨ ᠮᠡᠳᠡᠬᠦ ᠡᠷᠬᠡ ᠵᠢ ᠨᠠᠢ᠍ᠳᠠᠪᠤᠷᠢᠵᠢᠭᠤᠯᠬᠤ᠂ ᠨᠢᠭᠡᠴᠡ ᠵᠢᠨ ᠬᠠᠤᠯᠢ ᠲᠣᠭᠲᠠᠭ᠋ᠠᠯ ᠶᠣᠰᠣᠭ᠋ᠠᠷ ᠲᠣᠭᠲᠠᠭ᠋ᠠᠭᠰᠠᠨ ᠬᠥᠨᠳᠡᠯᠡᠨ ᠵᠠᠷᠤᠳᠠᠯ᠎ᠤᠨ ᠬᠠᠮᠢᠶᠠᠷᠤᠯᠲᠠ ᠵᠢᠨ ᠠᠷᠭ᠎ᠠ ᠵᠢ ᠬᠢᠨᠠᠨ ᠪᠣᠳᠣᠵᠤ ᠪᠠᠶ᠋ᠢᠴᠠᠭ᠋ᠠᠬᠤ ᠦᠨᠳᠦᠰᠦᠯᠡᠯ ᠪᠣᠯᠭ᠋ᠠᠵᠤ ᠪᠣᠯᠤᠨ᠎ᠠ᠃ ᠲᠥᠷᠥᠯ ᠵᠦᠶᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ ᠵᠢᠨ ᠤᠯᠤᠰ᠎ᠠᠴᠠ ᠳᠣᠲᠣᠭ᠋ᠠᠳᠤ ᠵᠢᠨ ᠵᠠᠮ᠎ᠤᠨ ᠵᠠᠷᠤᠳᠠᠯ᠎ᠤᠨ ᠳᠣᠲᠣᠷᠠᠬᠢ ᠲᠤᠰᠠᠯᠠᠮᠵᠢ ᠵᠢᠨ ᠵᠠᠷᠤᠳᠠᠯ᠂ ᠬᠣᠲᠠ ᠵᠢᠨ ᠳᠣᠲᠣᠷᠠᠬᠢ ᠵᠠᠮ ᠬᠠᠷᠢᠯᠴᠠᠭ᠋ᠠᠨ᠎ᠤ ᠵᠠᠷᠤᠳᠠᠯ ᠪᠣᠯᠤᠨ ᠪᠠᠷᠢᠮᠲᠠ ᠣᠯᠬᠤ᠎ᠳᠤ ᠬᠦᠴᠢᠷᠲᠡᠶ ᠬᠣᠨᠣᠭ᠎ᠤᠨ ᠵᠠᠷᠤᠳᠠᠯ᠎ᠳᠤ ᠳᠠᠭ᠋ᠠᠭ᠋ᠠᠴᠢᠯᠠᠬᠤ ᠳᠦᠷᠢᠮ ᠢ ᠬᠡᠷᠡᠭᠵᠢᠭᠦᠯᠬᠦ ᠵᠢ ᠵᠥᠪᠰᠢᠶᠡᠷᠡᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ ᠴᠠᠭ᠎ᠲᠤᠨᠢ ᠲᠤᠬᠢᠷᠠᠭᠤᠯᠤᠨ ᠬᠡᠰᠡᠭ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠢ ᠰᠣᠩᠭᠣᠵᠤ ᠤᠯᠤᠰ᠎ᠠᠴᠠ ᠳᠣᠲᠣᠭ᠋ᠠᠳᠤ ᠵᠢᠨ ᠠᠯᠪᠠᠨ ᠶᠠᠪᠤᠳᠠᠯ ᠵᠶ᠋ᠠᠷ ᠭᠠᠳᠠᠭᠰᠢ ᠭᠠᠷᠬᠤ ᠵᠠᠷᠤᠳᠠᠯ᠎ᠤᠨ ᠳᠠᠩᠰᠠ ᠲᠠᠶ᠋ᠢᠯᠬᠤ ᠥᠭᠡᠷᠡᠴᠢᠯᠡᠯᠲᠡ ᠵᠢᠨ ᠲᠤᠷᠰᠢᠯᠲᠠ ᠵᠢ ᠰᠦᠪᠡᠭᠴᠢᠯᠡᠨ ᠥᠷᠨᠢᠭᠦᠯᠦᠨ᠎ᠡ᠃
   (ᠨᠠᠶᠮᠠ) ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠡᠮᠵᠢᠭᠦᠷᠯᠢᠭ ᠲᠥᠬᠥᠭᠡᠷᠦᠮᠵᠢ ᠬᠣᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠵᠢ ᠰᠠᠶ᠋ᠢᠵᠢᠷᠠᠭᠤᠯᠬᠤ ᠬᠡᠷᠡᠭᠲᠡᠶ᠃
    ᠬᠤᠳᠠᠯᠳᠤᠨ ᠠᠪᠬᠤ ᠴᠤᠪᠤᠷᠠᠯ᠎ᠢ ᠳᠥᠭᠥᠮᠴᠢᠯᠡᠵᠦ᠂ ᠬᠤᠳᠠᠯᠳᠤᠨ ᠠᠪᠬᠤ ᠦᠶᠡᠯᠡᠯ᠎ᠤᠨ ᠬᠤᠭᠤᠴᠠᠭ᠎ᠠ ᠵᠢ ᠪᠣᠭᠣᠨᠢᠰᠬᠠᠵᠤ᠂ ᠭᠠᠭᠴᠠᠭ᠋ᠠᠷ ᠣᠷᠣᠯᠠᠬᠤ ᠪᠤᠶᠤ ᠦᠶᠯᠡᠳᠪᠦᠷᠢᠯᠡᠬᠦ ᠬᠡᠮᠵᠢᠭᠦᠷᠯᠢᠭ ᠲᠥᠬᠥᠭᠡᠷᠦᠮᠵᠢ ᠵᠢ ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠨᠢ ᠬᠣᠯᠪᠣᠭᠳᠠᠯ ᠪᠦᠬᠦᠢ ᠲᠣᠭᠲᠠᠭ᠋ᠠᠯ ᠪᠣᠯᠤᠨ ᠳᠡᠰ ᠳᠠᠷᠠᠭ᠋ᠠᠯᠠᠯ ᠶᠣᠰᠣᠭ᠋ᠠᠷ ᠨᠠᠩ ᠠᠮᠢᠳᠤᠯᠢᠭ ᠪᠥᠭᠡᠳ ᠳᠥᠭᠥᠮ ᠳᠥᠲᠡ ᠬᠤᠳᠠᠯᠳᠤᠨ ᠠᠪᠬᠤ ᠠᠷᠭ᠎ᠠ ᠮᠠᠶᠢᠭ᠎ᠢ ᠠᠪᠴᠤ ᠪᠣᠯᠤᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠪᠠᠴᠢᠮ ᠬᠡᠷᠡᠭᠰᠡᠬᠦ ᠲᠥᠬᠥᠭᠡᠷᠦᠮᠵᠢ ᠪᠣᠯᠤᠨ ᠬᠣᠷᠣᠭᠳᠠᠯ ᠮᠠᠲ᠋ᠧᠷᠢᠶᠠᠯ᠎ᠳᠤ ᠣᠨᠴᠠ ᠤᠴᠢᠷ᠎ᠢ ᠣᠨᠴᠠ ᠰᠢᠶᠳᠪᠦᠷᠢᠯᠡᠬᠦ᠂ ᠬᠡᠵᠢᠶ᠎ᠡ ᠢᠷᠡᠪᠡᠯ ᠬᠡᠵᠢᠶ᠎ᠡ ᠰᠢᠶᠳᠪᠦᠷᠢᠯᠡᠬᠦ ᠬᠤᠳᠠᠯᠳᠤᠨ ᠠᠪᠬᠤ ᠲᠣᠭᠲᠠᠴᠠ ᠵᠢ ᠬᠡᠷᠡᠭᠯᠡᠵᠦ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠳᠡᠰ ᠳᠠᠷᠠᠭ᠋ᠠᠯᠠᠯ ᠵᠶ᠋ᠠᠷ ᠶᠠᠪᠤᠬᠤ ᠦᠭᠡᠢ ᠪᠠᠶ᠋ᠢᠵᠤ ᠪᠣᠯᠤᠨ᠎ᠠ᠃ ᠡᠯ᠎ᠡ ᠨᠢᠭᠡᠴᠡ᠎ᠨᠦᠭᠦᠳ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠬᠥᠭᠡᠷᠦᠮᠵᠢ ᠵᠢᠨ ᠬᠣᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠵᠢᠨ ᠪᠦᠷᠢᠨ ᠲᠡᠭᠦᠯᠳᠡᠷ ᠳᠦᠷᠢᠮ ᠢ ᠪᠠᠶ᠋ᠢᠭᠤᠯᠵᠤ᠂ ᠦᠨᠡᠨᠬᠦ ᠣᠨᠴᠠ ᠤᠴᠢᠷ᠎ᠢ ᠣᠨᠴᠠ ᠰᠢᠶᠳᠪᠦᠷᠢᠯᠡᠬᠦ᠂ ᠬᠡᠵᠢᠶ᠎ᠡ ᠢᠷᠡᠪᠡᠯ ᠬᠡᠵᠢᠶ᠎ᠡ ᠰᠢᠶᠳᠪᠦᠷᠢᠯᠡᠬᠦ ᠠᠷᠭ᠎ᠠ ᠮᠠᠶᠢᠭ ᠵᠶ᠋ᠠᠷ ᠬᠤᠳᠠᠯᠳᠤᠨ ᠠᠪᠬᠤ ᠲᠤᠬᠠᠶ ᠲᠣᠳᠣᠷᠬᠠᠶ ᠲᠣᠭᠲᠠᠭ᠋ᠠᠯ ᠭᠠᠷᠭ᠋ᠠᠵᠤ᠂ ᠲᠠᠯᠪᠢᠬᠤ ᠮᠥᠷᠲᠡᠭᠡᠨ ᠰᠠᠮᠠᠭᠤᠷᠠᠭᠤᠯᠬᠤ ᠦᠭᠡᠢ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠶ᠃
   (ᠶᠢᠰᠦ) ᠰᠢᠨ᠎ᠡ ᠵᠢ ᠡᠭᠦᠳᠬᠦ ᠳᠠᠭ᠋ᠠᠭᠤᠯᠤᠭᠴᠢ ᠴᠢᠳᠠᠪᠤᠷᠢᠲᠠᠨ᠎ᠳᠤ ᠨᠠᠩ ᠶᠡᠬᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠵᠡᠨ ᠮᠡᠳᠡᠬᠦ ᠡᠷᠬᠡ ᠣᠯᠭᠣᠨ᠎ᠠ᠃
    ᠤᠯᠤᠰ᠎ᠠᠴᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠦᠶᠯᠡᠰ᠎ᠤᠨ ᠬᠠᠷᠢᠭᠤᠴᠠᠯᠭ᠋ᠠᠲᠠᠨ ᠤᠯᠤᠰ᠎ᠠᠴᠠ ᠬᠣᠯᠪᠣᠭᠳᠠᠯ ᠪᠦᠬᠦᠢ ᠲᠣᠭᠲᠠᠭ᠋ᠠᠯ ᠢ ᠦᠨᠳᠦᠰᠦᠯᠡᠨ ᠰᠤᠳᠤᠯᠭ᠋ᠠᠨ᠎ᠤ ᠲᠥᠰᠦᠯ ᠪᠠ ᠮᠡᠷᠭᠡᠵᠢᠯ᠎ᠤᠨ ᠱᠤᠭᠤᠮ᠎ᠳᠤ ᠪᠡᠶ᠎ᠡ᠎ᠪᠠᠨ ᠳᠠᠭ᠋ᠠᠭ᠋ᠠᠵᠤ ᠲᠣᠬᠢᠷᠠᠭᠤᠯᠤᠯᠲᠠ ᠬᠢᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠦᠯᠬᠦᠮ᠎ᠢ ᠪᠡᠶ᠎ᠡ᠎ᠪᠠᠨ ᠳᠠᠭ᠋ᠠᠭ᠋ᠠᠵᠤ ᠵᠣᠬᠢᠶᠠᠨ ᠪᠠᠶ᠋ᠢᠭᠤᠯᠵᠤ ᠪᠣᠯᠤᠨ᠎ᠠ᠃ ᠵᠣᠬᠢᠴᠠᠩᠭᠤᠶ ᠡᠷᠬᠡ ᠣᠯᠭᠣᠭᠰᠠᠨ ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠨᠢ ᠠᠰᠫᠢᠷᠠᠨᠲ ᠡᠯᠰᠡᠬᠦ ᠲᠥᠯᠥᠪᠯᠡᠭᠡ ᠵᠢᠨ ᠬᠤᠪᠢᠶᠠᠷᠢᠯᠠᠯᠲᠠ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠶ ᠲᠥᠷᠥᠯ ᠵᠦᠶᠯ᠂ ᠭᠣᠤᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠡᠷᠭᠡ ᠤᠯᠤᠰ᠎ᠠᠴᠠ ᠴᠢᠬᠤᠯᠠ ᠶᠡᠬᠡ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠶᠯ᠎ᠢ ᠳᠠᠭ᠋ᠠᠭ᠋ᠠᠨ ᠡᠭᠦᠷᠭᠡᠯᠡᠭᠰᠡᠨ ᠰᠢᠯᠢᠳᠡᠭ ᠪᠦᠯᠬᠦᠮ ᠨᠡᠶ᠋ᠢᠲᠡ ᠪᠣᠯᠤᠨ ᠵᠢᠯᠣᠭᠣᠳᠣᠭᠴᠢ ᠪᠠᠭᠰᠢ ᠲᠡᠰᠢ ᠬᠡᠯᠪᠡᠶ᠋ᠢᠯᠭᠡᠬᠦ ᠬᠡᠷᠡᠭᠲᠡᠶ᠃ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠂ ᠴᠢᠬᠤᠯᠠ ᠶᠡᠬᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠦᠶᠯᠡᠰ ᠪᠠ ᠢᠨᠵᠧᠨᠧᠷᠢᠩ᠎ᠤᠨ ᠵᠦᠶᠯᠡᠰ᠎ᠲᠤ ᠰᠠᠭᠤᠷᠢᠯᠠᠨ ᠳ᠋ᠣᠺᠲ᠋ᠣᠷᠠᠨᠲ ᠬᠥᠮᠦᠵᠢᠭᠦᠯᠬᠦ ᠠᠵᠢᠯ᠎ᠢ ᠴᠢᠩᠭ᠋ᠠᠳᠬᠠᠵᠤ᠂ ᠬᠥᠮᠦᠵᠢᠭᠦᠯᠬᠦ ᠥᠪᠡᠷ᠎ᠤᠨ ᠥᠷᠲᠡᠭ᠎ᠤᠨ ᠲᠣᠭᠲᠠᠴᠠ ᠵᠢ ᠲᠡᠭᠦᠯᠳᠡᠷᠵᠢᠭᠦᠯᠦᠨ᠎ᠡ᠃ ᠲᠥᠷᠥᠯ ᠵᠦᠶᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠨᠦᠭᠦᠳ ᠠᠯᠪᠠᠨ ᠶᠠᠪᠤᠳᠠᠯ᠎ᠤᠨ ᠺᠠᠷᠲ᠎ᠤᠨ ᠬᠠᠮᠢᠶᠠᠷᠤᠯᠲᠠ ᠵᠢᠨ ᠡᠵᠡᠨ ᠮᠡᠳᠡᠬᠦ ᠡᠷᠬᠡ ᠵᠢ ᠦᠨᠡᠨᠬᠦ ᠨᠠᠢ᠍ᠳᠠᠪᠤᠷᠢᠵᠢᠭᠤᠯᠬᠤ᠂ ᠲᠥᠷᠥᠯ ᠵᠦᠶᠯ᠎ᠢ ᠲᠦᠷ ᠴᠠᠭ ᠤᠷᠢᠨ ᠬᠡᠷᠡᠭᠯᠡᠭᠰᠡᠨ ᠬᠥᠮᠦᠰ᠂ ᠰᠤᠳᠤᠯᠬᠤ ᠰᠤᠷᠤᠭᠴᠢ ᠵᠡᠷᠭᠡ ᠠᠯᠪᠠᠨ ᠶᠠᠪᠤᠳᠠᠯ᠎ᠤᠨ ᠺᠠᠷᠲ ᠭᠤᠶᠤᠴᠢᠯᠠᠬᠤ ᠨᠥᠬᠥᠴᠡᠯ ᠪᠦᠷᠢᠯᠳᠦᠭᠦᠯᠦᠭᠡᠳᠦᠶ ᠬᠥᠮᠦᠰ᠎ᠤᠨ ᠲᠥᠷᠥᠯ ᠵᠦᠶᠯ᠎ᠤᠨ ᠡᠭᠦᠷᠭᠡ᠎ᠪᠠᠨ ᠭᠦᠶᠴᠡᠳᠬᠡᠬᠦ᠎ᠠᠴᠠ ᠪᠣᠯᠵᠤ ᠪᠤᠢ ᠪᠣᠯᠤᠭᠰᠠᠨ ᠠᠯᠪᠠᠨ ᠶᠠᠪᠤᠳᠠᠯ ᠵᠶ᠋ᠠᠷ ᠭᠠᠳᠠᠭᠰᠢ ᠭᠠᠷᠬᠤ ᠵᠠᠷᠤᠳᠠᠯ ᠢ ᠠᠯᠪᠠᠨ ᠶᠠᠪᠤᠳᠠᠯ᠎ᠤᠨ ᠺᠠᠷᠲ ᠵᠶ᠋ᠠᠷ ᠲᠠᠰᠤᠯᠤᠨ ᠪᠣᠳᠣᠬᠤ ᠦᠭᠡᠢ ᠪᠠᠶ᠋ᠢᠬᠤ ᠵᠢ ᠵᠥᠪᠰᠢᠶᠡᠷᠡᠬᠦ ᠬᠡᠷᠡᠭᠲᠡᠶ᠃
   (ᠠᠷᠪᠠ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠠᠮᠢᠶᠠᠷᠤᠯᠲᠠ ᠵᠢᠨ ᠳᠦᠷᠢᠮ᠎ᠳᠤ ᠥᠭᠡᠷᠡᠴᠢᠯᠡᠯᠲᠡ ᠬᠢᠨ᠎ᠡ᠃
    ᠤᠯᠤᠰ᠎ᠠᠴᠠ ᠥᠮᠴᠢᠯᠡᠯ᠎ᠤᠨ ᠡᠳ᠋ ᠬᠥᠷᠥᠩᠭᠡ ᠵᠢ ᠦᠨᠡᠯᠡᠨ ᠵᠢᠱ᠌ᠢᠬᠦ ᠬᠠᠮᠢᠶᠠᠷᠤᠯᠲᠠ ᠵᠢᠨ ᠲᠠᠯ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠢ ᠵᠠᠰᠠᠨ ᠲᠡᠭᠦᠯᠳᠡᠷᠵᠢᠭᠦᠯᠵᠦ᠂ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠡᠳ᠋ ᠬᠥᠷᠥᠩᠭᠡ ᠵᠢ ᠦᠨᠡᠯᠡᠨ ᠵᠢᠱ᠌ᠢᠬᠦ᠂ ᠳᠠᠩᠰᠠᠯᠠᠵᠤ ᠬᠠᠮᠢᠶᠠᠷᠬᠤ ᠵᠢᠷᠤᠮ᠎ᠢ ᠬᠦᠴᠦᠨ ᠦᠭᠡᠢ ᠪᠣᠯᠭ᠋ᠠᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠂ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠤᠳ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ᠎ᠳᠤ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠥᠮᠴᠢᠯᠡᠬᠦ ᠡᠷᠬᠡ ᠪᠤᠶᠤ ᠤᠷᠲᠤ ᠬᠤᠭᠤᠴᠠᠭ᠎ᠠ᠎ᠪᠠᠷ ᠬᠡᠷᠡᠭᠯᠡᠬᠦ ᠡᠷᠬᠡ ᠣᠯᠭᠣᠬᠤ ᠲᠤᠷᠰᠢᠯᠲᠠ ᠵᠢ ᠥᠷᠨᠢᠭᠦᠯᠵᠦ᠂ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠡᠷᠬᠡ ᠵᠢᠨ ᠬᠠᠷᠢᠶ᠎ᠠ ᠵᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠎ᠳᠤ ᠵᠠᠮ ᠬᠠᠶ᠋ᠢᠨ ᠰᠦᠪᠡᠭᠴᠢᠯᠡᠬᠦ ᠬᠡᠷᠡᠭᠲᠡᠶ᠃
    ᠳᠥᠷᠪᠡᠨ᠂ ᠬᠠᠮᠢᠶ᠎ᠠ ᠪᠦᠬᠦᠢ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠠᠷᠭ᠎ᠠ ᠮᠠᠶᠢᠭ᠎ᠢ ᠥᠭᠡᠷᠡᠴᠢᠯᠡᠬᠦ ᠬᠡᠷᠡᠭᠲᠡᠶ
    ᠠᠷᠪᠠᠨ ᠨᠢᠭᠡ ᠡᠵᠡᠨ ᠮᠡᠳᠡᠵᠦ ᠠᠵᠢᠯᠲᠠᠨ ᠤᠷᠢᠵᠤ ᠬᠡᠷᠡᠭᠯᠡᠬᠦ᠃
    ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠨᠢ ᠤᠯᠤᠰ᠎ᠠᠴᠠ ᠬᠣᠯᠪᠣᠭᠳᠠᠯ ᠪᠦᠬᠦᠢ ᠲᠣᠭᠲᠠᠭ᠋ᠠᠯ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠯᠠᠭ᠎ᠠ ᠥᠷᠨᠢᠭᠦᠯᠬᠦ ᠬᠡᠷᠡᠭᠴᠡᠭᠡ᠎ᠪᠠᠨ ᠦᠨᠳᠦᠰᠦᠯᠡᠨ᠂ ᠤᠷᠢᠨ ᠬᠡᠷᠡᠭᠯᠡᠬᠦ ᠲᠥᠰᠦᠯ ᠲᠣᠭᠲᠠᠭ᠋ᠠᠵᠤ᠂ ᠠᠵᠢᠯ᠎ᠤᠨ ᠪᠠᠶ᠋ᠢᠷᠢ ᠵᠢᠨ ᠨᠥᠬᠥᠴᠡᠯ ᠲᠤᠬᠢᠷᠠᠭᠤᠯᠤᠨ᠂ ᠤᠷᠢᠨ ᠬᠡᠷᠡᠭᠯᠡᠬᠦ ᠮᠡᠳᠡᠭᠡ ᠵᠠᠩᠭᠢ ᠨᠡᠶ᠋ᠢᠲᠡᠯᠡᠵᠦ᠂ ᠢᠯᠡ᠎ᠪᠠᠷ ᠤᠷᠢᠨ ᠬᠡᠷᠡᠭᠯᠡᠬᠦ ᠵᠢ ᠪᠡᠶ᠎ᠡ᠎ᠪᠠᠨ ᠳᠠᠭ᠋ᠠᠭ᠋ᠠᠨ ᠵᠣᠬᠢᠶᠠᠨ ᠪᠠᠶ᠋ᠢᠭᠤᠯᠵᠤ᠂ ᠤᠷᠢᠨ ᠬᠡᠷᠡᠭᠯᠡᠭᠰᠡᠨ᠎ᠤ ᠳᠠᠷᠠᠭ᠋ᠠᠬᠢ ᠬᠠᠮᠢᠶᠠᠷᠤᠯᠲᠠ ᠵᠢ ᠵᠢᠷᠤᠮᠵᠢᠭᠤᠯᠤᠨ᠂ ᠠᠵᠢᠯᠲᠠᠨ᠎ᠤ ᠭᠠᠳᠠᠭ᠋ᠠᠳᠤ ᠭᠠᠷᠭ᠋ᠠᠯᠲᠠ ᠵᠢ ᠰᠠᠭ᠋ᠠᠳ ᠥᠬᠡᠶ ᠨᠡᠪᠲᠡᠷᠡᠭᠦᠯᠵᠦ᠂ ᠤᠷᠢᠨ ᠬᠡᠷᠡᠭᠯᠡᠬᠦ ᠬᠥᠮᠦᠰ᠎ᠢ ᠵᠠᠬ᠎ᠠ ᠳᠡᠯᠭᠡᠭᠦᠷᠴᠢᠯᠡᠨ ᠪᠤᠴᠠᠭ᠋ᠠᠨ ᠭᠠᠷᠭ᠋ᠠᠬᠤ ᠵᠢ ᠪᠡᠶᠡᠯᠡᠭᠦᠯᠬᠦ ᠬᠡᠷᠡᠭᠲᠡᠶ᠃ ᠣᠷᠣᠨ ᠨᠤᠲᠤᠭ᠎ᠤᠨ ᠵᠶ᠋ᠠᠨ ᠴᠢᠳᠠᠪᠤᠷᠢᠲᠠᠨ᠎ᠢ ᠬᠥᠮᠦᠵᠢᠭᠦᠯᠬᠦ ᠪᠠ ᠭᠠᠳᠠᠭ᠋ᠠᠳᠤ᠎ᠳᠤ ᠪᠠᠶᠭ᠎ᠠ ᠴᠢᠳᠠᠪᠤᠷᠢᠲᠠᠨ᠎ᠳᠤ ᠨᠢᠭᠡ ᠯᠡ ᠠᠳᠠᠯᠢ᠎ᠪᠠᠷ ᠬᠠᠨᠳᠤᠵᠤ᠂ ᠡᠷᠬᠡ ᠲᠡᠭᠰᠢ᠎ᠪᠠᠷ ᠬᠠᠨᠳᠤᠨ᠎ᠠ᠃ ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠲᠤᠰᠬᠠᠶ ᠮᠡᠷᠭᠡᠵᠢᠯ᠎ᠤᠨ ᠠᠵᠢᠯᠲᠠᠨ᠎ᠤ ᠲᠤᠰᠢᠶᠠᠯ ᠡᠭᠦᠷᠭᠡᠯᠡᠬᠦ᠂ ᠲᠥᠷᠥᠯ ᠵᠦᠶᠯ᠎ᠤᠨ ᠬᠠᠮᠲᠤᠷᠠᠯᠴᠠᠭ᠎ᠠ᠎ᠳᠤ ᠣᠷᠣᠯᠴᠠᠬᠤ᠂ ᠲᠤᠰᠢᠶᠠᠯ ᠬᠠᠪᠰᠤᠷᠭ᠋ᠠᠬᠤ᠂ ᠠᠵᠢᠯ᠎ᠤᠨ ᠪᠠᠶ᠋ᠢᠷᠢ ᠳᠡᠭᠡᠷ᠎ᠡ᠎ᠪᠠᠨ ᠠᠳᠠᠯ ᠦᠶᠯᠡᠰ ᠴᠣᠭᠴᠠᠯᠠᠬᠤ ᠵᠡᠷᠭᠡ ᠠᠷᠭ᠎ᠠ ᠮᠠᠶᠢᠭ ᠵᠶ᠋ᠠᠷ ᠰᠢᠨ᠎ᠡ ᠵᠢ ᠡᠭᠦᠳᠬᠦ ᠠᠵᠢᠯᠯᠠᠭ᠎ᠠ ᠡᠷᠬᠢᠯᠡᠬᠦ ᠵᠢ ᠳᠠᠮᠵᠢᠨ ᠵᠣᠷᠢᠭᠵᠢᠭᠤᠯᠤᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠳᠣᠲᠣᠭ᠋ᠠᠳᠤ᠎ᠳᠠᠭᠠᠨ ᠬᠥᠮᠦᠨ ᠬᠡᠷᠡᠭᠯᠡᠬᠦ ᠳᠦᠷᠢᠮ ᠵᠶ᠋ᠠᠨ ᠲᠡᠭᠦᠯᠳᠡᠷᠵᠢᠭᠦᠯᠬᠦ ᠵᠢ ᠵᠥᠪᠰᠢᠶᠡᠷᠡᠵᠦ᠂ ᠳᠣᠲᠣᠭ᠋ᠠᠳᠤ᠎ᠳᠠᠭᠠᠨ ᠪᠠᠶ᠋ᠢᠭᠤᠯᠤᠭᠰᠠᠨ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ᠎ᠢ ᠡᠵᠡᠨ ᠮᠡᠳᠡᠵᠦ ᠤᠷᠢᠨ ᠬᠡᠷᠡᠭᠯᠡᠨ᠎ᠡ᠃ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠪᠠ ᠤᠳᠤᠷᠢᠳᠬᠤ ᠪᠠᠭ᠎ᠤᠨ ᠳᠣᠲᠣᠷᠠᠬᠢ ᠲᠥᠪ᠎ᠠᠴᠠ ᠬᠠᠮᠢᠶᠠᠷᠴᠤ ᠪᠠᠶᠭ᠎ᠠ ᠺᠠᠳ᠋ᠷᠴᠤᠳ ᠲᠥᠪ᠎ᠤᠨ ᠬᠣᠯᠪᠣᠭᠳᠠᠯ ᠪᠦᠬᠦᠢ ᠲᠣᠭᠲᠠᠭ᠋ᠠᠯ ᠢ ᠴᠢᠩᠭ᠎ᠠ ᠬᠡᠷᠡᠭᠵᠢᠭᠦᠯᠵᠦ᠂ ᠳᠣᠲᠣᠭ᠋ᠠᠳᠤ᠎ᠳᠠᠭᠠᠨ ᠪᠠᠶ᠋ᠢᠭᠤᠯᠤᠭᠰᠠᠨ ᠰᠤᠳᠤᠯᠤᠨ ᠨᠡᠭᠡᠭᠡᠬᠦ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠡᠯᠡᠨ ᠮᠥᠩᠭᠥ ᠪᠠ ᠰᠲ᠋ᠣᠺ᠎ᠤᠨ ᠡᠷᠬᠡ ᠵᠢᠨ ᠱᠠᠩᠨᠠᠯ ᠬᠦᠷᠲᠡᠵᠦ ᠪᠣᠯᠤᠨ᠎ᠠ᠂ ᠵᠢᠭ᠋ᠠᠨ ᠰᠤᠷᠭ᠋ᠠᠯᠲᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ ᠠᠯᠪᠠᠨ ᠶᠠᠪᠤᠳᠠᠯ ᠵᠶ᠋ᠠᠷ ᠲᠦᠷ ᠴᠠᠭ ᠭᠠᠳᠠᠭ᠋ᠠᠳᠤ᠎ᠳᠤ ᠭᠠᠷᠬᠤ᠂ ᠲᠤᠰᠢᠶᠠᠯ ᠬᠠᠪᠰᠤᠷᠭ᠋ᠠᠬᠤ ᠵᠡᠷᠭᠡ ᠰᠠᠶ᠋ᠢᠨ ᠬᠠᠨᠳᠤᠬᠤ᠂ ᠲᠥᠷᠥᠯ ᠬᠤᠪᠢᠶᠠᠨ ᠬᠠᠮᠢᠶᠠᠷᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃
    ᠠᠷᠪᠠᠨ ᠬᠣᠶᠠᠷ ᠡᠵᠡᠨ ᠮᠡᠳᠡᠵᠦ ᠠᠵᠢᠯ᠎ᠤᠨ ᠪᠠᠶ᠋ᠢᠷᠢ ᠲᠣᠬᠢᠷᠠᠭᠤᠯᠬᠤ ᠬᠡᠷᠡᠭᠲᠡᠶ᠃
    ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠨᠢ ᠤᠯᠤᠰ᠎ᠠᠴᠠ ᠬᠣᠯᠪᠣᠭᠳᠠᠯ ᠪᠦᠬᠦᠢ ᠲᠣᠭᠲᠠᠭ᠋ᠠᠯ ᠢ ᠦᠨᠳᠦᠰᠦᠯᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ᠎ᠲᠠᠢ ᠤᠶᠠᠯᠳᠤᠭᠤᠯᠵᠤ᠂ ᠣᠷᠣᠨ ᠲᠣᠭ᠎ᠠ ᠪᠤᠶᠤ ᠠᠵᠢᠯᠲᠠᠨ᠎ᠤ ᠶᠡᠷᠦᠩᠬᠡᠶ ᠬᠡᠮᠵᠢᠶ᠎ᠡ ᠵᠢᠨ ᠳᠣᠲᠣᠷ᠎ᠠ ᠠᠵᠢᠯ᠎ᠤᠨ ᠪᠠᠶ᠋ᠢᠷᠢ ᠪᠠᠶ᠋ᠢᠷᠢᠯᠠᠭᠤᠯᠬᠤ ᠲᠥᠰᠦᠯ ᠪᠣᠯᠤᠨ ᠬᠠᠮᠢᠶᠠᠷᠤᠯᠲᠠ ᠵᠢᠨ ᠠᠷᠭ᠎ᠠ ᠵᠢ ᠡᠵᠡᠨ ᠮᠡᠳᠡᠨ ᠲᠣᠭᠲᠠᠭ᠋ᠠᠵᠤ᠂ ᠠᠵᠢᠯ᠎ᠤᠨ ᠪᠠᠶ᠋ᠢᠷᠢ ᠵᠢᠨ ᠪᠦᠲᠦᠴᠡ ᠵᠢᠨ ᠬᠠᠷᠢᠴᠠᠯ᠎ᠢ ᠲᠣᠭᠲᠠᠭ᠋ᠠᠬᠤ ᠬᠡᠷᠡᠭᠲᠡᠶ᠃ ᠤᠷᠢᠨ ᠬᠡᠷᠡᠭᠯᠡᠬᠦ ᠭᠡᠷ᠎ᠡ᠂ ᠠᠵᠢᠯ᠎ᠤᠨ ᠪᠠᠶ᠋ᠢᠷᠢ ᠵᠢᠨ ᠬᠠᠮᠢᠶᠠᠷᠤᠯᠲᠠ ᠪᠠ ᠢᠯᠡ᠎ᠪᠠᠷ ᠤᠷᠢᠬᠤ ᠳᠦᠷᠢᠮ ᠢ ᠨᠢᠭᠡᠨᠲᠡ ᠪᠦᠬᠦ ᠲᠠᠯ᠎ᠠ᠎ᠪᠠᠷ ᠬᠡᠷᠡᠭᠵᠢᠭᠦᠯᠵᠦ᠂ ᠳᠠᠪᠰᠢᠵᠤ ᠪᠣᠯᠬᠤ ᠮᠥᠷᠲᠡᠭᠡᠨ ᠪᠠᠭᠤᠵᠤ ᠪᠣᠯᠬᠤ᠂ ᠣᠷᠣᠵᠤ ᠪᠣᠯᠬᠤ ᠮᠥᠷᠲᠡᠭᠡᠨ ᠭᠠᠷᠴᠤ ᠪᠣᠯᠬᠤ ᠠᠮᠢᠳᠤᠯᠢᠭ ᠵᠶ᠋ᠠᠷ ᠬᠥᠮᠦᠨ ᠬᠡᠷᠡᠭᠯᠡᠬᠦ ᠲᠣᠭᠲᠠᠴᠠ ᠵᠢ ᠪᠠᠶ᠋ᠢᠭᠤᠯᠤᠭᠰᠠᠨ ᠨᠢᠭᠡᠴᠡ᠎ᠨᠢ ᠣᠷᠣᠨ ᠲᠣᠭ᠎ᠠ ᠵᠢᠨ ᠳᠣᠲᠣᠷ᠎ᠠ᠎ᠪᠠᠨ ᠳᠡᠭᠡᠰᠦ ᠵᠡᠷᠭᠡ ᠵᠢᠨ ᠲᠤᠰᠬᠠᠶ ᠮᠡᠷᠭᠡᠵᠢᠯ᠎ᠤᠨ ᠠᠵᠢᠯ᠎ᠤᠨ ᠪᠠᠶ᠋ᠢᠷᠢ ᠵᠢᠨ ᠬᠠᠷᠢᠴᠠᠯ᠎ᠢ ᠵᠣᠬᠢᠬᠤ ᠬᠡᠮᠵᠢᠶ᠎ᠡ᠎ᠪᠠᠷ ᠨᠡᠮᠡᠭᠳᠡᠭᠦᠯᠵᠦ᠂ ᠲᠣᠬᠢᠷᠠᠭᠤᠯᠤᠯᠲᠠ ᠬᠢᠭᠰᠡᠨ ᠪᠠᠶ᠋ᠢᠳᠠᠯ ᠵᠶ᠋ᠠᠨ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠰᠢᠨ᠎ᠡ ᠵᠢ ᠡᠭᠦᠳᠬᠦ ᠬᠡᠯᠪᠡᠷᠢ ᠵᠢᠨ ᠠᠵᠢᠯ᠎ᠤᠨ ᠪᠠᠶ᠋ᠢᠷᠢ ᠪᠣᠯᠤᠨ ᠠᠵᠢᠯ᠎ᠤᠨ ᠪᠠᠶ᠋ᠢᠷᠢ ᠲᠣᠬᠢᠷᠠᠭᠤᠯᠬᠤ᠎ᠪᠠᠷ ᠳᠠᠮᠵᠢᠭᠤᠯᠤᠨ᠂ ᠰᠢᠯᠢᠳᠡᠭ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠰᠢᠨ᠎ᠡ ᠵᠢ ᠡᠭᠦᠳᠬᠦ ᠠᠵᠢᠯᠯᠠᠭ᠎ᠠ ᠡᠷᠬᠢᠯᠡᠬᠦ ᠵᠢ ᠵᠥᠪᠰᠢᠶᠡᠷᠡᠨ᠎ᠡ᠃ ᠨᠢᠭᠡᠴᠡ ᠵᠢᠨ ᠣᠷᠣᠭᠤᠯᠵᠤ ᠢᠷᠡᠭᠰᠡᠨ ᠪᠠᠴᠢᠮ ᠬᠡᠷᠡᠭᠰᠡᠬᠦ ᠳᠡᠭᠡᠰᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠳᠤ᠂ ᠠᠵᠢᠯ᠎ᠤᠨ ᠪᠠᠶ᠋ᠢᠷᠢ ᠲᠣᠬᠢᠷᠠᠭᠤᠯᠬᠤ᠎ᠪᠠᠷ ᠳᠠᠮᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠎ᠳᠤ ᠬᠦᠴᠢᠷᠲᠡᠶ ᠪᠠᠶᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ᠎ᠠᠴᠠ ᠬᠢᠨᠠᠨ ᠵᠥᠪᠰᠢᠶᠡᠷᠡᠬᠦ᠎ᠪᠠᠷ ᠳᠠᠮᠵᠢᠨ᠂ ᠵᠣᠬᠢᠬᠤ ᠲᠣᠭ᠎ᠠ ᠬᠡᠮᠵᠢᠶᠡᠨ᠎ᠤ ᠣᠨᠴᠣᠭᠣᠶ ᠠᠵᠢᠯ᠎ᠤᠨ ᠪᠠᠶ᠋ᠢᠷᠢ ᠲᠣᠬᠢᠷᠠᠭᠤᠯᠵᠤ᠂ ᠠᠵᠢᠯ᠎ᠤᠨ ᠪᠠᠶ᠋ᠢᠷᠢ ᠵᠢᠨ ᠶᠡᠷᠦᠩᠬᠡᠶ ᠬᠡᠮᠵᠢᠶ᠎ᠡ᠂ ᠬᠠᠮᠤᠭ᠎ᠤᠨ ᠳᠡᠭᠡᠰᠦ ᠵᠡᠷᠭᠡ ᠳᠡᠰ ᠪᠣᠯᠤᠨ ᠪᠦᠲᠦᠴᠡ ᠵᠢᠨ ᠬᠠᠷᠢᠴᠠᠯ᠎ᠳᠤ ᠬᠢᠵᠠᠭ᠋ᠠᠷᠯᠠᠭᠳᠠᠬᠤ ᠦᠭᠡᠢ ᠪᠠᠶ᠋ᠢᠵᠤ᠂ ᠣᠷᠣᠨ ᠲᠣᠭ᠎ᠠ ᠵᠢᠨ ᠶᠠᠪᠤᠳᠠᠯ᠎ᠳᠤ ᠬᠣᠯᠪᠣᠭᠳᠠᠬᠤ ᠤᠴᠢᠷ ᠶᠠᠪᠤᠳᠠᠯ᠎ᠢ ᠪᠠᠶ᠋ᠢᠭᠤᠯᠤᠮᠵᠢ ᠵᠢᠨ ᠣᠷᠣᠨ ᠲᠣᠭ᠎ᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ ᠳᠡᠰ ᠳᠠᠷᠠᠭ᠋ᠠᠯᠠᠯ ᠶᠣᠰᠣᠭ᠋ᠠᠷ ᠲᠤᠰᠬᠠᠶ ᠵᠦᠶᠯ ᠵᠶ᠋ᠠᠷ ᠬᠢᠨᠠᠨ ᠵᠥᠪᠰᠢᠶᠡᠷᠡᠭᠦᠯᠬᠦ ᠬᠡᠷᠡᠭᠲᠡᠶ᠃ ᠬᠠᠮᠢᠶ᠎ᠠ ᠪᠦᠬᠦᠢ ᠡᠭᠦᠷᠭᠡ᠎ᠪᠠᠨ ᠪᠡᠶᠡᠯᠡᠭᠦᠯᠦᠭᠰᠡᠨ᠎ᠤ ᠳᠠᠷᠠᠭ᠎ᠠ᠂ ᠬᠢᠨᠠᠨ ᠳᠠᠩᠰᠠ᠎ᠠᠴᠠ ᠭᠠᠷᠭ᠋ᠠᠬᠤ ᠬᠡᠷᠡᠭᠲᠡᠶ᠃
   (ᠠᠷᠪᠠᠨ ᠭᠤᠷᠪᠠ) ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠡᠷᠬᠡ ᠮᠡᠳᠡᠯ᠎ᠢ ᠦᠨᠡᠨᠬᠦ ᠳᠣᠷᠣᠭᠰᠢ ᠪᠠᠭᠤᠯᠭ᠋ᠠᠨ᠎ᠠ᠃
    ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠨᠢ ᠤᠯᠤᠰ᠎ᠠᠴᠠ ᠲᠣᠭᠲᠠᠭ᠋ᠠᠯ ᠶᠣᠰᠣᠭ᠋ᠠᠷ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠷᠭ᠎ᠠ ᠪᠠ ᠠᠵᠢᠯᠯᠠᠭᠤᠯᠬᠤ ᠲᠥᠰᠦᠯ᠎ᠢ ᠪᠡᠶ᠎ᠡ᠎ᠪᠠᠨ ᠳᠠᠭ᠋ᠠᠭ᠋ᠠᠨ ᠲᠣᠭᠲᠠᠭ᠋ᠠᠵᠤ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠵᠢ ᠪᠡᠶ᠎ᠡ᠎ᠪᠠᠨ ᠳᠠᠭ᠋ᠠᠭ᠋ᠠᠨ ᠥᠷᠨᠢᠭᠦᠯᠵᠦ᠂ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠤᠨ ᠳᠠᠷᠠᠭ᠎ᠠ ᠱᠠᠭ᠋ᠠᠷᠳᠠᠯᠭ᠎ᠠ ᠶᠣᠰᠣᠭ᠋ᠠᠷ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠤᠨ᠎ᠠ᠃ ᠬᠡᠰᠡᠭ ᠨᠥᠬᠥᠴᠡᠯ᠎ᠨᠢ ᠪᠦᠷᠢᠳᠦᠭᠡᠳᠦᠢ᠂ ᠬᠢᠨᠠᠨ ᠲᠣᠭᠲᠠᠭ᠋ᠠᠬᠤ ᠵᠢ ᠪᠡᠶ᠎ᠡ᠎ᠪᠠᠨ ᠳᠠᠭ᠋ᠠᠭ᠋ᠠᠵᠤ ᠵᠣᠬᠢᠶᠠᠨ ᠪᠠᠶ᠋ᠢᠭᠤᠯᠵᠤ ᠳᠠᠢ᠍ᠯᠠᠬᠤ ᠦᠭᠡᠢ ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠳ ᠬᠠᠮᠲᠤᠷᠠᠨ ᠬᠢᠨᠠᠨ ᠲᠣᠭᠲᠠᠭ᠋ᠠᠬᠤ᠂ ᠨᠠᠶ᠋ᠢᠳᠠᠵᠤ ᠬᠢᠨᠠᠨ ᠲᠣᠭᠲᠠᠭ᠋ᠠᠯᠭ᠋ᠠᠬᠤ ᠵᠡᠷᠭᠡ ᠠᠷᠭ᠎ᠠ ᠮᠠᠶᠢᠭ᠎ᠢ ᠡᠵᠡᠨ ᠮᠡᠳᠡᠨ ᠠᠪᠴᠤ ᠪᠣᠯᠤᠨ᠎ᠠ᠃ ᠣᠷᠣᠭᠤᠯᠤᠨ ᠠᠪᠴᠢᠷᠠᠭᠰᠠᠨ ᠪᠠᠴᠢᠮ ᠬᠡᠷᠡᠭᠰᠡᠬᠦ ᠳᠡᠭᠡᠰᠦ ᠳᠡᠰ ᠳᠠᠪᠬᠤᠷᠭ᠎ᠠ ᠵᠢᠨ ᠴᠢᠳᠠᠪᠤᠷᠢᠲᠠᠨ ᠪᠠ ᠲᠣᠪᠣᠢ᠍ᠮ᠎ᠠ ᠬᠤᠪᠢ ᠨᠡᠮᠡᠷᠢ ᠦᠵᠡᠭᠦᠯᠦᠭᠰᠡᠨ᠎ᠢ ᠴᠢᠳᠠᠪᠤᠷᠢᠲᠠᠨ᠎ᠳᠤ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠲᠣᠳᠣᠷᠬᠠᠶ ᠪᠠᠷᠢᠮᠵᠢᠶ᠎ᠠ᠂ ᠳᠡᠰ ᠳᠠᠷᠠᠭ᠋ᠠᠯᠠᠯ ᠪᠠ ᠢᠯᠡ ᠨᠡᠶ᠋ᠢᠲᠡᠯᠡᠬᠦ ᠤᠷᠢᠲᠠᠯ ᠳᠣᠤᠷ᠎ᠠ᠂ ᠬᠢᠨᠠᠨ ᠲᠣᠭᠲᠠᠭ᠋ᠠᠬᠤ ᠰᠠᠭ᠋ᠠᠳ ᠦᠭᠡᠢ ᠨᠡᠪᠲᠡᠷᠡᠬᠦ ᠵᠠᠮ ᠨᠡᠭᠡᠭᠡᠵᠦ᠂ ᠬᠢᠨᠠᠨ ᠲᠣᠭᠲᠠᠭ᠋ᠠᠬᠤ ᠪᠠᠷᠢᠮᠵᠢᠶ᠎ᠠ᠎ᠳᠤ ᠬᠢᠷᠢ ᠭᠡᠮ᠂ ᠵᠢᠯ ᠬᠤᠭᠤᠴᠠᠭ᠎ᠠ ᠵᠡᠷᠭᠡ ᠬᠣᠷᠢᠭ᠎ᠠ ᠭᠠᠷᠭ᠋ᠠᠬᠤ ᠦᠭᠡᠢ ᠪᠠᠶ᠋ᠢᠬᠤ ᠵᠢ ᠵᠥᠪᠰᠢᠶᠡᠷᠡᠨ᠎ᠡ᠃
    ᠠᠷᠪᠠᠨ ᠳᠥᠷᠪᠡᠨ ᠠᠵᠢᠯᠲᠠᠨ᠎ᠤ ᠣᠷᠣᠨ ᠲᠣᠭ᠎ᠠ ᠵᠢᠨ ᠬᠠᠮᠢᠶᠠᠷᠤᠯᠲᠠ ᠵᠢᠨ ᠠᠷᠭ᠎ᠠ ᠮᠠᠶᠢᠭ᠎ᠢ ᠲᠡᠭᠦᠯᠳᠡᠷᠵᠢᠭᠦᠯᠬᠦ ᠬᠡᠷᠡᠭᠲᠡᠶ᠃
    ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠪᠠᠶ᠋ᠢᠭᠤᠯᠤᠮᠵᠢ ᠵᠢᠨ ᠣᠷᠣᠨ ᠲᠣᠭ᠎ᠠ᠂ ᠡᠳ᠋᠎ᠤᠨ ᠵᠠᠰᠠᠭ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠳᠡᠭᠡᠰᠦ ᠰᠤᠷᠭ᠋ᠠᠭᠤᠯᠢ ᠵᠢᠨ ᠠᠵᠢᠯᠲᠠᠨ᠎ᠤ ᠶᠡᠷᠦᠩᠬᠡᠶ ᠬᠡᠮᠵᠢᠶ᠎ᠡ ᠵᠢ ᠬᠢᠨᠠᠨ ᠲᠣᠭᠲᠠᠭ᠋ᠠᠬᠤ ᠵᠢᠯᠣᠭᠣᠳᠬᠤ ᠪᠠᠷᠢᠮᠵᠢᠶ᠎ᠠ ᠪᠣᠯᠤᠨ ᠲᠤᠷᠰᠢᠯᠲᠠ ᠵᠢᠨ ᠴᠢᠭ᠎ᠤᠨ ᠲᠥᠰᠦᠯ᠎ᠢ ᠲᠦᠷᠭᠡᠳᠬᠡᠨ ᠲᠣᠭᠲᠠᠭ᠋ᠠᠵᠤ᠂ ᠲᠤᠷᠰᠢᠯᠲᠠ ᠵᠢ ᠢᠳᠡᠪᠬᠢᠲᠡᠢ ᠥᠷᠨᠢᠭᠦᠯᠬᠦ ᠬᠡᠷᠡᠭᠲᠡᠶ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠨᠠᠶ᠋ᠢᠷᠠᠭᠤᠯᠤᠨ ᠵᠣᠬᠢᠶᠠᠵᠤ ᠳᠠᠩᠰᠠᠯᠠᠭᠤᠯᠬᠤ ᠳᠦᠷᠢᠮ᠎ᠤᠨ ᠲᠤᠷᠰᠢᠯᠲᠠ ᠵᠢᠨ ᠴᠢᠭ᠎ᠤᠨ ᠠᠵᠢᠯ᠎ᠢ ᠳ᠋ᠦᠩᠨᠡᠨ ᠦᠨᠡᠯᠡᠨ ᠵᠢᠱ᠌ᠢᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠲᠤᠷᠰᠢᠯᠲᠠ ᠵᠢᠨ ᠴᠢᠭ᠎ᠤᠨ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠬᠦ ᠬᠡᠷᠡᠭᠲᠡᠶ᠃
    ᠲᠠᠪᠤ᠂ ᠠᠮᠵᠢᠯᠲᠠ ᠪᠦᠲᠦᠮᠵᠢ ᠵᠢᠨ ᠴᠠᠯᠢᠩ᠎ᠤᠨ ᠬᠤᠪᠢᠶᠠᠷᠢᠯᠠᠯᠲᠠ ᠵᠢᠨ ᠠᠷᠭ᠎ᠠ ᠮᠠᠶᠢᠭ᠎ᠢ ᠲᠡᠭᠦᠯᠳᠡᠷᠵᠢᠭᠦᠯᠦᠨ᠎ᠡ
   (ᠠᠷᠪᠠᠨ ᠲᠠᠪᠤ) ᠠᠮᠵᠢᠯᠲᠠ ᠪᠦᠲᠦᠮᠵᠢ ᠵᠢᠨ ᠴᠠᠯᠢᠩ᠎ᠤᠨ ᠬᠤᠪᠢᠶᠠᠷᠢᠯᠠᠯᠲᠠ ᠵᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ ᠲᠡᠰᠢ ᠬᠡᠯᠪᠡᠶ᠋ᠢᠯᠭᠡᠬᠦ ᠡᠷᠴᠢᠮ᠎ᠢ ᠴᠢᠩᠭ᠋ᠠᠷᠠᠭᠤᠯᠤᠨ᠎ᠠ᠃
    ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠨᠢ ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ ᠵᠢᠨ ᠳᠣᠲᠣᠷ᠎ᠠ᠂ ᠤᠯᠤᠰ᠎ᠠᠴᠠ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠮᠵᠢᠯᠲᠠ ᠪᠦᠲᠦᠮᠵᠢ ᠵᠢᠨ ᠴᠠᠯᠢᠩ᠎ᠤᠨ ᠪᠦᠲᠦᠴᠡ᠂ ᠰᠢᠯᠭ᠋ᠠᠨ ᠬᠢᠨᠠᠬᠤ ᠠᠷᠭ᠎ᠠ᠂ ᠬᠤᠪᠢᠶᠠᠷᠢᠯᠠᠬᠤ ᠠᠷᠭ᠎ᠠ ᠮᠠᠶᠢᠭ᠂ ᠴᠠᠯᠢᠩ᠎ᠤᠨ ᠲᠥᠷᠥᠯ ᠵᠦᠶᠯ᠎ᠤᠨ ᠨᠡᠷᠡᠶ᠋ᠢᠳᠦᠯ᠂ ᠪᠠᠷᠢᠮᠵᠢᠶ᠎ᠠ ᠪᠣᠯᠤᠨ ᠣᠯᠭᠣᠬᠤ ᠬᠦᠷᠢᠶ᠎ᠡ ᠬᠡᠪᠴᠢᠶ᠎ᠡ ᠵᠢ ᠡᠵᠡᠨ ᠮᠡᠳᠡᠨ ᠲᠣᠭᠲᠠᠭ᠋ᠠᠵᠤ᠂ ᠠᠮᠵᠢᠯᠲᠠ ᠪᠦᠲᠦᠮᠵᠢ ᠵᠢᠨ ᠴᠠᠯᠢᠩ᠎ᠤᠨ ᠬᠤᠪᠢᠶᠠᠷᠢᠯᠠᠯᠲᠠ ᠵᠢ ᠵᠠᠩᠭᠢᠯᠠᠭ᠎ᠠ ᠵᠢᠨ ᠰᠢᠨ᠎ᠡ ᠵᠢ ᠡᠭᠦᠳᠬᠦ ᠠᠵᠢᠯ᠎ᠤᠨ ᠪᠠᠶ᠋ᠢᠷᠢ᠂ ᠲᠣᠪᠣᠢ᠍ᠮ᠎ᠠ ᠬᠤᠪᠢ ᠨᠡᠮᠡᠷᠢ ᠦᠵᠡᠭᠦᠯᠦᠭᠰᠡᠨ᠎ᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠶᠯ᠎ᠢ ᠡᠭᠦᠷᠭᠡᠯᠡᠵᠦ ᠪᠠᠶᠭ᠎ᠠ ᠠᠵᠢᠯᠲᠠᠨ᠂ ᠰᠢᠨ᠎ᠡ ᠵᠢ ᠡᠭᠦᠳᠬᠦ ᠪᠦᠯᠬᠦᠮ ᠨᠡᠶ᠋ᠢᠲᠡ ᠪᠣᠯᠤᠨ ᠰᠢᠯᠢᠳᠡᠭ ᠵᠠᠯᠠᠭᠤ ᠴᠢᠳᠠᠪᠤᠷᠢᠲᠠᠨ ᠲᠡᠰᠢ ᠬᠡᠯᠪᠡᠶ᠋ᠢᠯᠭᠡᠬᠦ ᠬᠡᠷᠡᠭᠲᠡᠶ᠃ ᠠᠵᠢᠯ᠎ᠤᠨ ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ ᠵᠢ ᠬᠢᠨᠠᠨ ᠲᠣᠭᠲᠠᠭ᠋ᠠᠬᠤ ᠳᠤᠮᠳᠠ᠂ ᠳᠡᠭᠡᠰᠦ ᠳᠡᠰ ᠳᠠᠪᠬᠤᠷᠭ᠎ᠠ ᠵᠢᠨ ᠴᠢᠳᠠᠪᠤᠷᠢᠲᠠᠨ ᠲᠥᠪᠯᠡᠷᠡᠭᠰᠡᠨ᠂ ᠰᠢᠨ᠎ᠡ ᠵᠢ ᠡᠭᠦᠳᠦᠭᠰᠡᠨ ᠠᠵᠢᠯ᠎ᠤᠨ ᠠᠮᠵᠢᠯᠲᠠ ᠪᠦᠲᠦᠮᠵᠢ᠎ᠪᠠᠷ ᠲᠣᠪᠣᠢ᠍ᠮ᠎ᠠ ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠲᠡᠰᠢ ᠬᠡᠯᠪᠡᠶ᠋ᠢᠯᠭᠡᠬᠦ ᠬᠡᠷᠡᠭᠲᠡᠶ᠃ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠬᠠᠮᠢᠶ᠎ᠠ ᠪᠦᠬᠦᠢ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠡᠰᠡᠭ ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠲᠤ ᠠᠵᠢᠯ ᠲᠥᠷᠥᠯ᠎ᠤᠨ ᠣᠨᠴᠠᠯᠢᠭ᠎ᠲᠤ ᠨᠡᠶ᠋ᠢᠴᠡᠭᠰᠡᠨ ᠴᠠᠩ ᠪᠠᠶ᠋ᠢᠭᠤᠯᠬᠤ ᠶᠠᠪᠤᠳᠠᠯ᠎ᠢ ᠬᠠᠶ᠋ᠢᠨ ᠰᠦᠪᠡᠭᠴᠢᠯᠡᠬᠦ ᠬᠡᠷᠡᠭᠲᠡᠶ᠃
   (ᠠᠷᠪᠠᠨ ᠵᠢᠷᠭᠤᠭ᠎ᠠ) ᠠᠮᠵᠢᠯᠲᠠ ᠪᠦᠲᠦᠮᠵᠢ ᠵᠢᠨ ᠴᠠᠯᠢᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠦᠵᠡᠭᠦᠯᠬᠦ ᠤᠷᠮᠠᠰᠢᠭᠤᠯᠬᠤ ᠦᠶᠯᠡᠳᠦᠯ᠎ᠢ ᠴᠢᠩᠭ᠋ᠠᠷᠠᠭᠤᠯᠬᠤ ᠬᠡᠷᠡᠭᠲᠡᠶ᠃
    ᠪᠥᠬᠥ ᠴᠠᠭ᠎ᠤᠨ ᠤᠯᠤᠰ᠎ᠠᠴᠠ ᠵᠠᠩᠭᠢᠯᠠᠭ᠎ᠠ ᠵᠢᠨ ᠬᠦᠷᠢᠶ᠎ᠡ ᠴᠠᠷᠠᠭ᠎ᠠ ᠵᠢᠨ ᠪᠡᠷᠬᠡ ᠰᠡᠳᠦᠪ᠎ᠢ ᠰᠢᠶᠳᠪᠦᠷᠢᠯᠡᠬᠦ ᠡᠭᠦᠷᠭᠡ ᠵᠢ ᠡᠭᠦᠷᠭᠡᠯᠡᠭᠰᠡᠨ ᠪᠦᠯᠬᠦᠮ ᠨᠡᠢ᠍ᠢ᠍ᠲᠡ ᠵᠢᠨ ᠬᠠᠷᠢᠭᠤᠴᠠᠯᠭ᠋ᠠᠲᠠᠨ ᠵᠢᠴᠢ ᠨᠢᠭᠡᠴᠡ ᠵᠢᠨ ᠣᠷᠣᠭᠤᠯᠤᠨ ᠠᠪᠴᠢᠷᠠᠭᠰᠠᠨ ᠪᠠᠴᠢᠮ ᠬᠡᠷᠡᠭᠰᠡᠬᠦ ᠳᠡᠭᠡᠰᠦ ᠳᠡᠰ ᠳᠠᠪᠬᠤᠷᠭ᠎ᠠ ᠵᠢᠨ ᠴᠢᠳᠠᠪᠤᠷᠢᠲᠠᠨ ᠵᠡᠷᠭᠡ᠎ᠳᠤ ᠵᠢᠯ᠎ᠤᠨ ᠴᠠᠯᠢᠩ᠎ᠤᠨ ᠳᠦᠷᠢᠮ᠂ ᠵᠥᠪᠳᠡᠯᠴᠡᠬᠡᠷ᠎ᠤᠨ ᠴᠠᠯᠢᠩ᠂ ᠲᠥᠷᠥᠯ ᠵᠦᠶᠯ᠎ᠤᠨ ᠴᠠᠯᠢᠩ ᠵᠡᠷᠭᠡ ᠠᠮᠢᠳᠤᠯᠢᠭ ᠵᠶ᠋ᠠᠷ ᠬᠤᠪᠢᠶᠠᠷᠢᠯᠠᠬᠤ ᠠᠷᠭ᠎ᠠ ᠮᠠᠶᠢᠭ᠎ᠢ ᠬᠡᠷᠡᠭᠵᠢᠭᠦᠯᠵᠦ ᠪᠣᠯᠤᠨ᠎ᠠ᠂ ᠲᠡᠭᠦᠨ᠎ᠢ ᠪᠠᠶᠭ᠎ᠠ ᠨᠢᠭᠡᠴᠡ ᠵᠢᠨ ᠠᠵᠢᠯ ᠵᠢᠨ ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ᠎ᠳᠤ ᠠᠰ᠎ᠲᠤᠨᠢ ᠵᠢᠭᠰᠠᠭ᠋ᠠᠵᠤ᠂ ᠨᠢᠭᠡᠴᠡ ᠵᠢᠨ ᠲᠣᠰ ᠵᠢᠯ᠎ᠤᠨ ᠠᠵᠢᠯ ᠵᠢᠨ ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ ᠵᠢ ᠵᠣᠬᠢᠴᠠᠩᠭᠤᠶ᠎ᠪᠠᠷ ᠨᠡᠮᠡᠭᠳᠡᠭᠦᠯᠦᠨ᠎ᠡ᠃ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠠᠵᠢᠯᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠲ᠋ᠣᠺ᠎ᠤᠨ ᠡᠷᠬᠡ ᠬᠤᠭᠤᠴᠠᠭ᠋ᠠᠲᠤ ᠡᠷᠬᠡ ᠵᠢᠨ ᠤᠯᠠᠷᠢᠭᠤᠯᠬᠤ ᠵᠢ ᠤᠷᠮᠠᠰᠢᠭᠤᠯᠬᠤ ᠡᠷᠴᠢᠮ᠎ᠢ ᠴᠢᠩᠭ᠋ᠠᠷᠠᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ᠎ᠤ ᠬᠦᠷᠲᠡᠭᠰᠡᠨ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠎ᠳᠤ ᠪᠡᠯᠡᠨ ᠵᠣᠭᠣᠰ ᠵᠶ᠋ᠠᠷ ᠱᠠᠩᠨᠠᠬᠤ᠂ ᠲᠤᠰᠢᠶᠠᠯ ᠬᠠᠪᠰᠤᠷᠭ᠋ᠠᠬᠤ ᠪᠤᠶᠤ ᠠᠵᠢᠯ᠎ᠤᠨ ᠪᠠᠶ᠋ᠢᠷᠢ᠎ᠠᠴᠠ᠎ᠪᠠᠨ ᠰᠠᠯᠵᠤ ᠠᠳᠠᠯ ᠦᠶᠯᠡᠰ ᠴᠣᠭᠴᠠᠯᠠᠭᠰᠠᠨ ᠣᠷᠣᠯᠭ᠎ᠠ ᠵᠢ ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠶ ᠬᠡᠮᠵᠢᠶ᠎ᠡ᠎ᠳᠤ ᠬᠢᠵᠠᠭ᠋ᠠᠷᠯᠠᠭᠳᠠᠬᠤ ᠥᠬᠡᠶ᠂ ᠶᠡᠷᠦᠩᠬᠡᠶ ᠬᠡᠮᠵᠢᠶ᠎ᠡ ᠵᠢᠨ ᠰᠠᠭᠤᠷᠢ ᠲᠣᠭ᠎ᠠ᠎ᠳᠤ ᠣᠷᠣᠭᠤᠯᠬᠤ ᠥᠬᠡᠶ᠃
    ᠵᠢᠷᠭᠤᠭ᠎ᠠ᠂ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠦᠨᠡᠨᠬᠦ ᠪᠠᠲᠤᠯᠠᠬᠤ ᠬᠡᠷᠡᠭᠲᠡᠶ
   (ᠠᠷᠪᠠᠨ ᠳᠣᠯᠣᠭ᠎ᠠ) ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠴᠢᠩᠭ᠋ᠠᠳᠬᠠᠨ᠎ᠠ᠃
    ᠰᠢᠨᠵᠢᠯᠡᠬᠦ ᠤᠬᠠᠭ᠋ᠠᠨ ᠮᠡᠷᠭᠡᠵᠢᠯ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠵᠣᠬᠢᠶᠠᠨ ᠪᠠᠶ᠋ᠢᠭᠤᠯᠤᠯᠲᠠ᠂ ᠪᠠᠶ᠋ᠢᠭᠤᠯᠤᠮᠵᠢ ᠵᠢᠨ ᠣᠷᠣᠨ ᠲᠣᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠢᠵᠢ ᠪᠦᠷᠢᠳᠦᠭᠦᠯᠬᠦ ᠳᠦᠷᠢᠮ ᠢ ᠴᠠᠭ ᠲᠤᠬᠠᠶ᠎ᠳᠤᠨᠢ ᠲᠡᠭᠦᠯᠳᠡᠷᠵᠢᠭᠦᠯᠵᠦ᠂ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢᠨ ᠨᠡᠪᠲᠡᠷᠡᠯᠴᠡᠵᠦ ᠬᠠᠷᠢᠭᠤ ᠲᠤᠰᠬᠠᠬᠤ ᠪᠠ ᠬᠥᠳᠡᠯᠦᠩᠭᠦᠶ ᠪᠠᠶ᠋ᠢᠳᠠᠯ᠎ᠢ ᠪᠤᠢ ᠪᠣᠯᠭ᠋ᠠᠵᠤ᠂ ᠥᠭᠡᠷᠡᠴᠢᠯᠡᠯᠲᠡ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠵᠢ ᠴᠠᠭ᠎ᠲᠤᠨᠢ ᠲᠤᠬᠢᠷᠠᠭᠤᠯᠤᠨ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠰᠠᠨᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ ᠬᠠᠭ᠋ᠠᠰ ᠵᠢᠯ᠎ᠤᠨ ᠳᠣᠲᠣᠷ᠎ᠠ ᠲᠣᠰ ᠰᠠᠯᠠᠭ᠎ᠠ ᠮᠥᠴᠢᠷ᠎ᠤᠨ ᠬᠠᠮᠢᠶ᠎ᠠ ᠪᠦᠬᠦᠢ ᠬᠠᠮᠢᠶᠠᠷᠤᠯᠲᠠ ᠵᠢᠨ ᠳᠦᠷᠢᠮ᠎ᠳᠤ ᠵᠠᠰᠠᠪᠤᠷᠢ ᠣᠷᠣᠭᠤᠯᠬᠤ ᠵᠢ ᠪᠡᠶᠡᠯᠡᠭᠦᠯᠵᠦ᠂ ᠠᠵᠢᠯ᠎ᠤᠨ ᠪᠠᠶ᠋ᠢᠷᠢ ᠪᠠᠶ᠋ᠢᠷᠢᠯᠠᠭᠤᠯᠬᠤ᠂ ᠠᠵᠢᠯᠲᠠᠨ ᠤᠷᠢᠵᠤ ᠬᠡᠷᠡᠭᠯᠡᠬᠦ᠂ ᠳᠣᠲᠣᠭ᠋ᠠᠳᠤ ᠵᠢᠨ ᠪᠠᠶ᠋ᠢᠭᠤᠯᠤᠮᠵᠢ ᠵᠢ ᠲᠣᠬᠢᠷᠠᠭᠤᠯᠬᠤ᠂ ᠠᠮᠵᠢᠯᠲᠠ ᠪᠦᠲᠦᠮᠵᠢ ᠵᠢᠨ ᠴᠠᠯᠢᠩ ᠬᠤᠪᠢᠶᠠᠷᠢᠯᠠᠬᠤ᠂ ᠦᠨᠡᠯᠡᠵᠦ ᠬᠢᠨᠠᠨ ᠰᠢᠯᠭ᠋ᠠᠬᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠣᠬᠢᠶᠠᠨ ᠪᠠᠶ᠋ᠢᠭᠤᠯᠤᠯᠲᠠ ᠵᠡᠷᠭᠡ ᠲᠠᠯ᠎ᠠ᠎ᠪᠠᠷ ᠭᠦᠶᠴᠡᠳ ᠡᠷᠬᠡ᠎ᠪᠠᠨ ᠪᠠᠭᠤᠯᠭ᠋ᠠᠵᠤ᠂ ᠳᠠᠮᠵᠢᠵᠤ ᠪᠠᠲᠤᠯᠠᠬᠤ ᠪᠠ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃ ᠬᠠᠮᠢᠶ᠎ᠠ ᠪᠦᠬᠦᠢ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠢ ᠬᠠᠭ᠋ᠠᠰ ᠵᠢᠯ᠎ᠤᠨ ᠳᠣᠲᠣᠷ᠎ᠠ ᠡᠬᠢᠯᠡᠭᠦᠯᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠢᠯᠣᠭᠣᠳᠤᠯᠭ᠎ᠠ᠎ᠪᠠᠨ ᠴᠢᠩᠭ᠋ᠠᠳᠬᠠᠬᠤ ᠵᠢᠨ ᠬᠠᠮᠲᠤ ᠴᠠᠭ ᠲᠤᠬᠠᠶ᠎ᠳᠤᠨᠢ ᠳ᠋ᠦᠩᠨᠡᠵᠦ ᠦᠨᠡᠯᠡᠨ ᠵᠢᠱ᠌ᠢᠵᠦ᠂ ᠬᠠᠭᠤᠯᠪᠤᠷᠢᠯᠠᠨ ᠳᠡᠯᠭᠡᠷᠡᠭᠦᠯᠬᠦ ᠬᠡᠷᠡᠭᠲᠡᠶ᠃
   (ᠠᠷᠪᠠᠨ ᠨᠠᠶᠮᠠ) ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃
    ᠳᠡᠭᠡᠰᠦ ᠰᠤᠷᠭ᠋ᠠᠭᠤᠯᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠨᠠᠮ ᠵᠠᠰᠠᠭ᠎ᠤᠨ ᠭᠣᠤᠯ ᠤᠳᠤᠷᠢᠳᠤᠯᠭ᠎ᠠ ᠪᠣᠯ ᠲᠣᠰ ᠨᠢᠭᠡᠴᠡ ᠵᠢᠨ ᠨᠠᠶ᠋ᠢᠳᠠᠪᠤᠷᠢᠵᠢᠭᠤᠯᠤᠯᠲᠠ ᠵᠢ ᠠᠳᠬᠤᠬᠤ ᠨᠢᠭᠡᠳᠦᠭᠡᠷ ᠬᠠᠷᠢᠭᠤᠴᠠᠯᠭ᠋ᠠᠲᠠᠨ ᠮᠥᠨ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠵᠶ᠋ᠠᠨ ᠴᠢᠩᠭ᠋ᠠᠳᠬᠠᠵᠤ᠂ ᠵᠣᠬᠢᠶᠠᠨ ᠪᠠᠢ᠍ᠭᠤᠯᠤᠨ ᠬᠡᠷᠡᠭᠵᠢᠭᠦᠯᠬᠦ ᠵᠢ ᠰᠠᠶ᠋ᠢᠲᠤᠷ ᠠᠳᠬᠤᠵᠤ᠂ ᠡᠵᠡᠨ ᠮᠡᠳᠡᠬᠦ ᠡᠷᠬᠡ ᠵᠢᠨ ᠲᠥᠷᠦ ᠵᠢᠨ ᠪᠣᠳᠣᠯᠭ᠎ᠠ ᠵᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠡᠮᠦᠨ᠎ᠡ ᠹᠷᠣᠨᠲ᠎ᠲᠤ ᠨᠠᠶ᠋ᠢᠳᠠᠪᠤᠷᠢᠵᠢᠭᠤᠯᠬᠤ ᠬᠡᠷᠡᠭᠲᠡᠶ᠃ ᠨᠠᠶ᠋ᠢᠳᠠᠪᠤᠷᠢᠵᠢᠭᠤᠯᠤᠯᠲᠠ ᠵᠢ ᠠᠳᠬᠤᠭᠰᠠᠨ ᠦᠷ᠎ᠡ ᠪᠦᠲᠦᠮᠵᠢ ᠵᠢ ᠨᠢᠭᠡᠴᠢ ᠵᠢᠨ ᠤᠳᠤᠷᠢᠳᠬᠤ ᠪᠠᠭ᠎ᠢ ᠬᠢᠨᠠᠨ ᠰᠢᠯᠭ᠋ᠠᠬᠤ ᠴᠢᠬᠤᠯᠠ ᠠᠭᠤᠯᠠᠨ᠎ᠠ ᠪᠣᠯᠭ᠋ᠠᠨ᠎ᠠ᠃ ᠨᠢᠭᠡ ᠵᠢᠯ᠎ᠤᠨ ᠳᠣᠲᠣᠷ᠎ᠠ ᠲᠤᠰ ᠨᠢᠭᠡᠴᠢ ᠵᠢᠨ ᠵᠶ᠋ᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠠᠵᠢᠯᠲᠠᠨ᠎ᠤ ᠶᠠᠪᠤᠳᠠᠯ᠂ ᠡᠳ᠋᠎ᠤᠨ ᠶᠠᠪᠤᠳᠠᠯ᠂ ᠦᠷ᠎ᠡ ᠪᠦᠲᠦᠭᠡᠯ᠎ᠢ ᠬᠤᠪᠢᠷᠠᠭᠤᠯᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠨᠡᠨᠴᠢ ᠢᠲᠡᠭᠡᠮᠵᠢ ᠵᠡᠷᠭᠡ ᠪᠣᠳᠠᠲᠠᠶ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠨ ᠲᠡᠭᠦᠯᠳᠡᠷᠵᠢᠭᠦᠯᠵᠦ᠂ ᠬᠣᠯᠪᠣᠭᠳᠠᠯ ᠪᠦᠬᠦᠢ ᠠᠵᠢᠯ᠎ᠤᠨ ᠰᠢᠰᠲ᠋ᠧᠮ᠂ ᠢᠵᠢ ᠪᠦᠷᠢᠳᠦᠭᠦᠯᠬᠦ ᠳᠦᠷᠢᠮ ᠢ ᠪᠠᠶ᠋ᠢᠭᠤᠯᠤᠨ ᠲᠡᠭᠦᠯᠳᠡᠷᠵᠢᠭᠦᠯᠵᠦ᠂ ᠴᠢᠬᠤᠯᠠ ᠶᠡᠬᠡ ᠰᠢᠶᠳᠪᠦᠷᠢᠲᠦ ᠪᠣᠳᠣᠯᠭ᠎ᠠ᠂ ᠴᠢᠬᠤᠯᠠ ᠶᠡᠬᠡ ᠬᠡᠷᠡᠭ ᠶᠠᠪᠤᠳᠠᠯ᠂ ᠴᠢᠬᠤᠯᠠ ᠶᠡᠬᠡ ᠳᠦᠷᠢᠮ ᠵᠡᠷᠭᠡ ᠵᠢ ᠢᠯᠡ ᠪᠣᠯᠭ᠋ᠠᠬᠤ ᠵᠢ ᠢᠳᠡᠪᠬᠢᠲᠡᠢ ᠲᠦᠯᠬᠢᠨ ᠠᠬᠢᠭᠤᠯᠵᠤ᠂ ᠡᠯ᠎ᠡ ᠲᠠᠯ᠎ᠠ ᠵᠢᠨ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠶ᠃
   (ᠠᠷᠪᠠ ᠶᠢᠰᠦ) ᠪᠦᠲᠦᠮᠵᠢᠲᠡᠶ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠎ᠡ᠃
    ᠶᠡᠬᠡ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠨᠢ ᠲᠤᠰ ᠨᠢᠭᠡᠴᠢ ᠵᠢᠨ ᠵᠶ᠋ᠠᠨ ᠪᠣᠳᠠᠲᠤ ᠪᠠᠢ᠍ᠳᠠᠯ᠎ᠳᠤ ᠲᠣᠬᠢᠷᠠᠭᠰᠠᠨ ᠳᠣᠲᠣᠭ᠋ᠠᠳᠤ ᠵᠢᠨ ᠡᠵᠡᠮᠳᠡᠯ᠎ᠤᠨ ᠰᠢᠰᠲ᠋ᠧᠮ᠎ᠢ ᠪᠠᠶ᠋ᠢᠭᠤᠯᠵᠤ᠂ ᠳᠣᠲᠣᠭ᠋ᠠᠳᠤ ᠵᠢᠨ ᠴᠤᠪᠤᠷᠠᠯ᠎ᠤᠨ ᠡᠵᠡᠮᠳᠡᠯ᠎ᠢ ᠴᠢᠩᠭ᠋ᠠᠳᠬᠠᠨ᠂ ᠠᠶᠤᠯ ᠲᠦᠭᠰᠢᠭᠦᠷᠢ ᠵᠢᠨ ᠳᠠᠯᠳᠠ ᠭᠡᠮ᠎ᠢ ᠵᠠᠳᠠᠯᠵᠤ᠂ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ ᠲᠣᠭᠲᠠᠴᠠ ᠵᠢ ᠲᠡᠭᠦᠯᠳᠡᠷᠵᠢᠭᠦᠯᠦᠨ᠂ ᠳᠣᠲᠣᠭ᠋ᠠᠳᠤ ᠵᠢᠨ ᠡᠵᠡᠮᠳᠡᠯ᠎ᠤᠨ ᠰᠢᠰᠲ᠋ᠧᠮ᠎ᠤᠨ ᠪᠦᠬᠦ ᠲᠠᠯ᠎ᠠ ᠵᠢᠨ᠂ ᠪᠦᠲᠦᠮᠵᠢᠲᠡᠶ ᠬᠡᠷᠡᠭᠵᠢᠭᠦᠯᠦᠭᠳᠡᠬᠦ ᠵᠢ ᠪᠡᠶᠡᠯᠡᠭᠦᠯᠵᠦ᠂ ᠡᠵᠡᠨ ᠮᠡᠳᠡᠬᠦ ᠡᠷᠬᠡ ᠵᠢᠨ ᠬᠦᠯᠢᠶᠡᠨ ᠠᠪᠴᠤ ᠳᠠᠢ᠍ᠯᠠᠬᠤ᠂ ᠰᠠᠶ᠋ᠢᠲᠤᠷ ᠬᠡᠷᠡᠭᠯᠡᠵᠦ ᠳᠠᠢ᠍ᠯᠠᠬᠤ᠂ ᠤᠴᠢᠷ ᠭᠠᠷᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠢᠯᠵᠠᠷᠠᠯ ᠡᠭᠦᠰᠬᠦ ᠵᠢ ᠰᠡᠷᠭᠡᠶ᠋ᠢᠯᠡᠬᠦ ᠬᠡᠷᠡᠭᠲᠡᠶ᠃
    ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠡᠭᠦᠷᠭᠡ ᠬᠠᠷᠢᠭᠤᠴᠠᠯᠭ᠎ᠠ᠎ᠪᠠᠨ ᠭᠦᠶᠴᠡᠳᠬᠡᠭᠰᠡᠨ᠂ ᠡᠵᠡᠨ ᠮᠡᠳᠡᠬᠦ ᠡᠷᠬᠡ᠎ᠪᠠᠨ ᠬᠡᠷᠡᠭᠵᠢᠭᠦᠯᠦᠭᠰᠡᠨ ᠪᠠᠶ᠋ᠢᠳᠠᠯ᠎ᠢ ᠮᠥᠷᠳᠡᠵᠦ᠂ 《ᠬᠣᠶᠠᠷ᠎ᠢ ᠰᠤᠭᠤᠴᠢᠵᠤ᠂ ᠨᠢᠭᠡ ᠵᠢ ᠢᠯᠡ ᠪᠣᠯᠭ᠋ᠠᠬᠤ》᠎ᠪᠠᠷ ᠳᠠᠮᠵᠢᠨ ᠰᠢᠪᠠᠭ᠎ᠠ ᠲᠠᠲᠠᠬᠤ᠂ ᠰᠢᠮᠳᠠᠭᠤᠯᠤᠨ ᠪᠠᠶ᠋ᠢᠴᠠᠭ᠋ᠠᠬᠤ᠂ ᠭᠤᠷᠪᠠᠳᠠᠬᠢ ᠡᠲᠡᠭᠡᠳ᠎ᠤᠨ ᠠᠮᠵᠢᠯᠲᠠ ᠪᠦᠲᠦᠮᠵᠢ ᠵᠢ ᠦᠨᠡᠯᠡᠨ ᠵᠢᠱ᠌ᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠢᠮᠳᠠᠭᠤᠯᠤᠨ ᠠᠬᠢᠭᠤᠯᠵᠤ᠂ ᠨᠠᠶ᠋ᠢᠳᠠᠪᠤᠷᠢᠵᠢᠭᠤᠯᠤᠯᠲᠠ ᠬᠦᠷᠦᠯᠴᠡᠬᠦ ᠦᠭᠡᠢ ᠵᠢ᠎ᠨᠢ ᠵᠣᠬᠢᠰᠲᠠᠶ ᠠᠷᠭ᠎ᠠ ᠮᠠᠶᠢᠭ ᠵᠶ᠋ᠠᠷ ᠨᠡᠪᠲᠡᠷᠡᠭᠦᠯᠵᠦ᠂ ᠣᠯᠵᠤ ᠮᠡᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠴᠢᠩᠭ᠎ᠠ ᠰᠢᠶᠳᠪᠦᠷᠢᠯᠡᠬᠦ ᠬᠡᠷᠡᠭᠲᠡᠶ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠦᠶᠯᠡᠰ᠎ᠤᠨ ᠬᠠᠷᠢᠭᠤᠴᠠᠯᠭ᠋ᠠᠲᠠᠨ᠎ᠤ ᠲᠥᠰᠦᠪ᠎ᠤᠨ ᠠᠮᠵᠢᠯᠲᠠ ᠪᠦᠲᠦᠮᠵᠢ ᠵᠢᠨ ᠬᠠᠷᠢᠭᠤᠴᠠᠯᠭ᠎ᠠ ᠵᠢᠨ ᠳᠦᠷᠢᠮ ᠢ ᠬᠡᠷᠡᠭᠵᠢᠭᠦᠯᠵᠦ᠂ ᠴᠢᠬᠤᠯᠠ ᠶᠡᠬᠡ ᠵᠦᠶᠯᠡᠰ᠎ᠤᠨ ᠬᠠᠷᠢᠭᠤᠴᠠᠯᠭ᠎ᠠ᠎ᠲᠠᠢ ᠬᠥᠮᠦᠨ᠎ᠳᠤ ᠠᠮᠵᠢᠯᠲᠠ ᠪᠦᠲᠦᠮᠵᠢ ᠵᠢᠨ ᠨᠠᠰᠤᠨ ᠲᠤᠷᠰᠢᠳᠠ ᠵᠢᠨ ᠬᠠᠷᠢᠭᠤᠴᠠᠯᠭ᠎ᠠ ᠵᠢᠨ ᠳᠦᠷᠢᠮ ᠢ ᠬᠡᠷᠡᠭᠵᠢᠭᠦᠯᠦᠨ᠎ᠡ᠃ ᠢᠯᠡ᠎ᠪᠠᠷ ᠢᠯᠡ ᠨᠡᠶ᠋ᠢᠲᠡᠯᠡᠬᠦ ᠪᠠ ᠢᠲᠡᠭᠡᠮᠵᠢ ᠵᠢᠨ ᠲᠣᠭᠲᠠᠴᠠ ᠵᠢ ᠪᠠᠶ᠋ᠢᠭᠤᠯᠵᠤ᠂ ᠦᠨᠡᠨᠴᠢ ᠢᠲᠡᠭᠡᠮᠵᠢ ᠵᠢᠨ ᠪᠠᠶ᠋ᠢᠳᠠᠯ᠎ᠢ ᠨᠢᠭᠡᠴᠡ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠵᠢ ᠣᠯᠬᠤ ᠠᠵᠢᠯᠯᠠᠭ᠎ᠠ ᠪᠣᠯᠭ᠋ᠠᠵᠤ᠂ ᠨᠢᠭᠡᠴᠡ ᠵᠢᠨ ᠬᠠᠮᠢᠶ᠎ᠠ ᠪᠦᠬᠦᠢ ᠡᠵᠡᠨ ᠮᠡᠳᠡᠬᠦ ᠡᠷᠬᠡ᠎ᠪᠠᠨ ᠬᠡᠷᠡᠭᠵᠢᠭᠦᠯᠬᠦ ᠶᠠᠪᠤᠴᠠ᠎ᠳᠤ ᠢᠯᠡᠷᠡᠭᠰᠡᠨ ᠢᠲᠡᠭᠡᠯ ᠠᠯᠳᠠᠭᠰᠠᠨ ᠪᠠᠶ᠋ᠢᠳᠠᠯ᠎ᠢ ᠢᠲᠡᠭᠡᠮᠵᠢ ᠵᠢᠨ ᠲᠡᠮᠳᠡᠭᠯᠡᠯ᠎ᠤᠨ ᠬᠠᠮᠢᠶᠠᠷᠤᠯᠲᠠ᠎ᠳᠤ ᠣᠷᠣᠭᠤᠯᠵᠤ᠂ ᠬᠦᠨᠳᠦ ᠨᠣᠴᠢᠲᠠᠶ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ᠎ᠳᠤ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ᠂ ᠬᠣᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠦᠨ᠎ᠡ᠃
   (ᠬᠣᠷᠢ) ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠤᠨ᠎ᠠ᠃
   《ᠭᠤᠷᠪᠠ ᠵᠢ ᠢᠯᠭ᠋ᠠᠬᠤ》 ᠱᠠᠭ᠋ᠠᠷᠳᠠᠯᠭ᠎ᠠ ᠶᠣᠰᠣᠭ᠋ᠠᠷ᠂ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠎ᠠ᠃ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠤᠨ ᠳᠤᠮᠳᠠ ᠢᠯᠡᠷᠡᠭᠰᠡᠨ ᠠᠵᠢᠯᠯᠠᠬᠤ ᠡᠲᠡᠭᠡᠳ᠎ᠤᠨ ᠣᠶ᠋ᠢᠯᠠᠭ᠋ᠠᠬᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠎ᠨᠢ ᠨᠢᠭᠡᠳᠦᠯ ᠦᠭᠡᠢ ᠣᠶ᠋ᠢᠶ᠎ᠠ᠎ᠳᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠰᠠᠯᠠᠭ᠎ᠠ ᠮᠥᠴᠢᠷ᠎ᠤᠳ ᠲᠥᠷᠥ ᠵᠢᠨ ᠪᠣᠳᠣᠯᠭ᠎ᠠ ᠲᠣᠭᠲᠠᠭ᠋ᠠᠬᠤ ᠰᠠᠯᠠᠭ᠎ᠠ ᠮᠥᠴᠢᠷ᠎ᠯᠦᠭᠡ ᠨᠡᠪᠲᠡᠷᠡᠯᠴᠡᠵᠦ᠂ ᠴᠠᠭ ᠲᠤᠬᠠᠶ᠎ᠳᠤᠨᠢ ᠰᠢᠯᠵᠢᠭᠦᠯᠦᠨ ᠲᠣᠬᠢᠷᠠᠭᠤᠯᠬᠤ ᠬᠡᠷᠡᠭᠲᠡᠶ᠃ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠳᠤᠮᠳᠠ ᠠᠯᠳᠠᠭ᠎ᠠ ᠪᠤᠷᠤᠭᠤ ᠭᠠᠷᠭ᠋ᠠᠭᠰᠠᠨ ᠺᠠᠳ᠋ᠷ᠎ᠲᠤ ᠠᠵᠢᠯ ᠦᠶᠯᠡᠰ᠎ᠢ ᠳᠡᠭᠡᠳᠦᠯᠡᠬᠦ᠂ ᠦᠨᠡᠨ᠎ᠠᠴᠠ ᠵᠥᠪ᠎ᠢ ᠡᠷᠢᠬᠦ᠂ ᠬᠠᠤᠯᠢ ᠶᠣᠰᠣᠭ᠋ᠠᠷ ᠰᠢᠶᠳᠪᠦᠷᠢᠯᠡᠬᠦ᠂ ᠠᠭᠤᠴᠢᠯᠠᠬᠤ ᠪᠠ ᠵᠠᠯᠠᠷᠠᠭᠤᠯᠬᠤ ᠵᠢ ᠵᠡᠷᠭᠡ᠎ᠪᠠᠷ ᠴᠢᠬᠤᠯᠠᠴᠢᠯᠠᠬᠤ ᠵᠡᠷᠭᠡ ᠵᠠᠷᠴᠢᠮ ᠶᠣᠰᠣᠭ᠋ᠠᠷ᠂ ᠤᠭ ᠰᠠᠨᠠᠭ᠋ᠠᠨ᠎ᠤ ᠣᠪᠣᠷ᠂ ᠪᠤᠰᠤᠳᠴᠢ ᠨᠥᠬᠥᠴᠡᠯ᠂ ᠵᠢᠷᠤᠮ ᠠᠷᠭ᠎ᠠ᠂ ᠰᠢᠨᠵᠢ ᠴᠢᠨᠠᠷ᠎ᠤᠨ ᠬᠡᠮᠵᠢᠶ᠎ᠡ᠂ ᠦᠷ᠎ᠡ ᠳ᠋ᠦᠩ᠎ᠤᠨ ᠨᠥᠯᠥᠭᠡ ᠵᠢᠴᠢ ᠬᠣᠬᠢᠷᠠᠯ᠎ᠢ ᠡᠭᠡᠭᠦᠯᠦᠨ ᠠᠪᠴᠢᠷᠠᠬᠤ ᠵᠡᠷᠭᠡ ᠪᠠᠢ᠍ᠳᠠᠯ᠎ᠲᠠᠢ ᠤᠶᠠᠯᠳᠤᠭᠤᠯᠤᠨ᠂ ᠶᠡᠷᠦᠩᠬᠡᠶ᠋ᠢᠯᠡᠨ ᠵᠠᠳᠠᠯᠬᠤ ᠪᠠ ᠲᠣᠬᠢᠲᠠᠶ ᠰᠢᠶᠳᠪᠦᠷᠢᠯᠡᠵᠦ᠂ ᠪᠠᠭᠲᠠᠭ᠋ᠠᠬᠤ ᠶᠣᠰᠣᠲᠠᠶ ᠵᠢ᠎ᠨᠢ ᠵᠣᠷᠢᠭᠲᠠᠶ᠎ᠪᠠᠷ ᠪᠠᠭᠲᠠᠭ᠋ᠠᠵᠤ᠂ ᠪᠠᠭᠲᠠᠭ᠋ᠠᠬᠤ ᠶᠣᠰᠣᠲᠠᠶ ᠵᠢ᠎ᠨᠢ ᠡᠷᠡᠰ ᠵᠥᠪᠰᠢᠶᠡᠷᠡᠬᠦ ᠦᠭᠡᠢ ᠪᠠᠶ᠋ᠢᠵᠤ᠂ ᠺᠠᠳ᠋ᠷ᠎ᠤᠨ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ᠂ ᠰᠠᠨᠠᠭ᠋ᠠᠴᠢᠯᠠᠭ᠎ᠠ᠎ᠠᠴᠠ᠎ᠪᠠᠨ ᠠᠵᠢᠯ ᠬᠢᠬᠦ ᠵᠢ ᠵᠣᠷᠢᠭᠵᠢᠭᠤᠯᠬᠤ ᠬᠡᠷᠡᠭᠲᠡᠶ᠃
    ᠲᠣᠰ ᠰᠠᠨᠠᠯ᠎ᠢ ᠲᠥᠪ᠎ᠤᠨ ᠰᠠᠯᠠᠭ᠎ᠠ ᠮᠥᠴᠢᠷ᠎ᠲᠤ ᠬᠠᠷᠢᠶᠠᠯᠠᠭᠳᠠᠬᠤ ᠳᠡᠭᠡᠰᠦ ᠰᠤᠷᠭ᠋ᠠᠭᠤᠯᠢ ᠪᠣᠯᠤᠨ ᠲᠥᠪ᠎ᠤᠨ ᠱᠠᠲᠤᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠲᠤ ᠬᠡᠷᠡᠭᠯᠡᠨ᠎ᠡ᠃ ᠣᠳᠣ ᠵᠢᠨ ᠬᠡᠷᠡᠭᠵᠢᠭᠦᠯᠵᠦ ᠪᠠᠶᠭ᠎ᠠ ᠬᠠᠮᠢᠶ᠎ᠠ ᠪᠦᠬᠦᠢ ᠲᠣᠭᠲᠠᠭ᠋ᠠᠯ᠎ᠨᠢ ᠲᠣᠰ ᠰᠠᠨᠠᠯ᠎ᠯᠤᠭ᠎ᠠ ᠨᠢᠭᠡᠳᠦᠯ ᠦᠭᠡᠢ ᠪᠠᠶᠪᠠᠯ᠂ ᠲᠣᠰ ᠰᠠᠨᠠᠯ ᠵᠶ᠋ᠠᠷ ᠪᠠᠷᠢᠮᠵᠢᠶ᠎ᠠ ᠪᠣᠯᠭ᠋ᠠᠨ᠎ᠠ᠃  

ᠢᠷᠡᠯᠲᠡ᠄
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠴᠢᠬᠤᠯᠠ ᠶᠡᠬᠡ ᠠᠯᠬᠤᠮ᠎ᠢ ᠠᠯᠬᠤᠪᠠ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠦᠷ᠎ᠡ ᠪᠦᠲᠦᠭᠡᠯ᠎ᠤᠨ ᠥᠮᠴᠢᠯᠡᠯ᠎ᠤᠨ ᠡᠷᠬᠡ ᠵᠢ ᠣᠯᠭᠣᠵᠤ᠂ ᠤᠯᠠᠷᠢᠭᠤᠯᠬᠤ ᠬᠦᠴᠢᠷ ᠠᠰᠠᠭᠤᠳᠠᠯ᠎ᠢ ᠰᠢᠶᠳᠪᠦᠷᠢᠯᠡᠵᠦ ᠴᠢᠳᠠᠬᠤ ᠡᠰᠡᠬᠦ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠰᠠᠶ᠋ᠢᠳ ᠸᠠᠩ ᡁᠢ ᠭᠠᠩ 《ᠶᠡᠬᠡ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶ᠎ᠠ ᠪᠦᠬᠦᠢ ᠡᠵᠡᠨ ᠮᠡᠳᠡᠬᠦ ᠡᠷᠬᠡ ᠵᠢ ᠥᠷᠭᠡᠳᠬᠡᠬᠦ ᠲᠤᠬᠠᠶ ᠰᠠᠨᠠᠯ᠎ᠤᠳ》᠎ᠤᠨ ᠲᠤᠬᠠᠶ ᠲᠠᠶ᠋ᠢᠯᠤᠮᠵᠢ ᠬᠢᠪᠡ
ᠮᠥᠩᠭᠥᠨ ᠬᠦᠢ᠍ᠯᠬᠡᠬᠡᠨ᠎ᠤ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠡᠨᠧᠷᠭᠢ ᠣᠯᠭᠣᠵᠤ ᠮᠥᠩᠭᠥᠨ ᠬᠦᠢ᠍ᠯᠬᠡᠬᠡᠨ᠎ᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ᠎ᠳᠤ ᠲᠤᠯᠭ᠋ᠠᠷᠠᠵᠤ ᠪᠠᠶᠭ᠎ᠠ ᠳᠥᠷᠪᠡᠨ ᠠᠰᠠᠭᠤᠳᠠᠯ
 
            