ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠵᠠᠰᠠᠭ᠎ᠤᠨ ᠳᠠᠭᠤᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠳᠦᠷᠢᠮ》᠎ᠢ 3 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ
ᠨᠡᠶ᠋ᠢᠲᠡᠯᠡᠭᠰᠡᠨ ᠴᠠᠭ᠄ 2019-10-24

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠳᠦᠷᠢᠮ》᠎ᠢ 3 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ
    ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠠᠴᠠ ᠣᠶ᠋ᠢᠯᠭ᠋ᠠᠭᠰᠠᠨ᠎ᠨᠢ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠳᠦᠷᠢᠮ》᠎ᠢ 2019᠎ᠤᠨ 3 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
    ᠣᠶ᠋ᠢᠯᠠᠭ᠋ᠠᠭᠰᠠᠨ ᠵᠶ᠋ᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠳᠦᠷᠢᠮ》᠎ᠢ 2018᠎ᠤᠨ 12 ᠰᠠᠷ᠎ᠠ ᠵᠢᠨ 6᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠳᠤᠭ᠋ᠠᠷ ᠬᠤᠷᠠᠯᠳᠤᠭ᠋ᠠᠨ᠎ᠠᠴᠠ ᠵᠠᠰᠠᠪᠤᠷᠢ ᠣᠷᠣᠭᠤᠯᠵᠤ ᠪᠠᠲᠤᠯᠠᠪᠠ᠃ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠳᠦᠷᠢᠮ᠎ᠨᠢ ᠵᠠᠰᠠᠪᠤᠷᠢ ᠣᠷᠣᠭᠤᠯᠤᠭᠰᠠᠨ ᠠᠭᠤᠯᠭ᠎ᠠ ᠵᠢᠨ ᠲᠠᠯ᠎ᠠ᠎ᠪᠠᠷ 7 ᠶᠡᠬᠡ ᠭᠢᠯᠠᠰ ᠴᠡᠭ ᠢ ᠳᠣᠪᠣᠶ᠋ᠢᠯᠭ᠋ᠠᠪᠠ᠄ ᠨᠢᠭᠡ᠎ᠳᠤ ᠠᠵᠤ ᠠᠬᠤᠢ᠍ᠯᠠᠯ᠎ᠤᠨ ᠭᠣᠤᠯ ᠴᠣᠭᠴᠠ ᠵᠢᠨ ᠪᠠᠶ᠋ᠢᠷᠢ ᠰᠠᠭᠤᠷᠢ ᠵᠢ ᠳᠣᠪᠣᠶ᠋ᠢᠯᠭ᠋ᠠᠪᠠ᠃ ᠬᠣᠶᠠᠷ᠎ᠲᠤ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢ ᠵᠢᠨ ᠬᠤᠪᠢᠷᠠᠭᠤᠯᠤᠯᠲᠠ ᠵᠢ ᠳᠣᠪᠣᠶ᠋ᠢᠯᠭ᠋ᠠᠨ᠎ᠠ᠃ ᠭᠤᠷᠪᠠ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠦᠶᠯᠡᠴᠢᠯᠡᠭᠡ ᠵᠢ ᠴᠢᠬᠤᠯᠠᠴᠢᠯᠠᠨ᠎ᠠ᠃ ᠳᠥᠷᠪᠡ᠎ᠳᠤ ᠦᠷ᠎ᠡ ᠪᠦᠲᠦᠭᠡᠯ᠎ᠢ ᠡᠯ᠎ᠡ ᠲᠠᠯ᠎ᠠ ᠵᠢᠨ᠎ᠬᠢᠨ᠎ᠤ ᠡᠷᠬᠡ ᠬᠠᠷᠢᠭᠤᠴᠠᠯᠭ᠎ᠠ ᠵᠢ ᠬᠤᠪᠢᠷᠠᠭᠤᠯᠬᠤ ᠵᠢ ᠲᠣᠳᠣᠷᠬᠠᠶ᠋ᠢᠯᠠᠪᠠ᠃ ᠲᠠᠪᠤ᠎ᠳᠤ ᠮᠡᠳᠡᠯᠭᠡ ᠵᠢᠨ ᠦᠨ᠎ᠡ ᠥᠷᠳᠡᠭ ᠵᠶ᠋ᠠᠷ ᠤᠳᠤᠷᠢᠳᠤᠮᠵᠢ ᠪᠣᠯᠭ᠋ᠠᠭᠰᠠᠨ ᠬᠤᠪᠢᠶᠠᠷᠢᠯᠠᠯᠲᠠ ᠵᠢᠨ ᠤᠷᠮᠠᠰᠢᠭᠤᠯᠤᠯ᠎ᠢ ᠪᠠᠷᠢᠮᠲᠠᠯᠠᠨ᠎ᠠ᠃ ᠵᠢᠷᠭᠤᠭ᠎ᠠ᠎ᠳᠤ ᠠᠷᠠᠳ᠎ᠠᠴᠠ ᠡᠵᠡᠩᠨᠡᠭᠰᠡᠨ ᠠᠵᠤ ᠠᠬᠤᠶ ᠵᠢ ᠳᠡᠮᠵᠢᠬᠦ ᠵᠢ ᠢᠯᠡᠷᠡᠭᠦᠯᠦᠨ᠎ᠡ᠃ ᠳᠣᠯᠣᠭ᠎ᠠ᠎ᠳᠤ᠂ ᠴᠡᠷᠢᠭ ᠠᠷᠠᠳ᠎ᠤᠨ ᠬᠡᠷᠡᠭᠯᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠳᠡᠮᠵᠢᠬᠦ ᠵᠢ ᠢᠯᠡᠷᠡᠭᠦᠯᠦᠨ᠎ᠡ᠃
   《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠬᠤ ᠳᠦᠷᠢᠮ》᠎ᠢ ᠬᠡᠷᠡᠭᠵᠢᠭᠦᠯᠦᠭᠰᠡᠨ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ ᠦᠶᠯᠡᠳᠪᠦᠷᠢᠯᠡᠯ᠎ᠤᠨ ᠬᠦᠴᠦᠨ ᠪᠣᠯᠭ᠋ᠠᠨ ᠤᠯᠠᠷᠢᠭᠤᠯᠬᠤ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠠᠵᠢᠯᠯᠠᠭ᠎ᠠ ᠵᠢ ᠵᠢᠷᠤᠮᠵᠢᠭᠤᠯᠤᠨ᠂ ᠮᠠᠨ᠎ᠤ ᠣᠷᠣᠨ᠎ᠤ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠲᠦᠷᠭᠡᠳᠬᠡᠵᠦ᠂ ᠮᠠᠨ᠎ᠤ ᠣᠷᠣᠨ᠎ᠤ ᠠᠵᠤ ᠠᠬᠤᠢ ᠵᠢᠨ ᠪᠦᠲᠦᠭᠡᠨ ᠪᠠᠶ᠋ᠢᠭᠤᠯᠤᠯᠲᠠ ᠪᠠ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ᠎ᠳᠤ ᠬᠠᠤᠯᠢ ᠴᠠᠭ᠋ᠠᠵᠠ ᠵᠢᠨ ᠪᠠᠲᠤᠯᠠᠭ᠎ᠠ ᠬᠠᠩᠭ᠋ᠠᠭᠰᠠᠨ ᠪᠠᠢ᠍ᠨ᠎ᠠ᠃  

ᠢᠷᠡᠯᠲᠡ᠄
          
ᠬᠠᠮᠢᠶ᠎ᠡ ᠪᠦᠬᠦᠢ ᠰᠣᠨᠢᠨ
ᠱᠠᠨ ᠰᠢᠶᠣᠤ ᠭᠤᠸᠠᠩ᠄ ᠮᠡᠳᠡᠯᠭᠡ ᠵᠢᠨ ᠥᠮᠴᠢᠯᠡᠬᠦ ᠡᠷᠬᠡ ᠵᠢᠨ ᠳᠦᠷᠢᠮ᠎ᠤᠨ ᠰᠢᠨ᠎ᠡ ᠬᠥᠭᠵᠢᠯᠲᠡ᠎ᠪᠠᠷ ᠰᠢᠨ᠎ᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢᠰᠬᠠᠯ᠎ᠢ ᠤᠭᠲᠤᠨ᠎ᠠ
2018᠎ᠤᠨ ᠳᠡᠭᠡᠷ᠎ᠡ ᠬᠠᠭ᠋ᠠᠰ ᠵᠢᠯ᠎ᠤᠨ ᠥᠪᠥᠷ ᠮᠣᠩᠭᠣᠯ᠎ᠤᠨ ᠮᠡᠷᠭᠡᠵᠢᠯ᠎ᠤᠨ ᠠᠷᠠᠯᠵᠢᠶᠠᠨ᠎ᠤ ᠪᠠᠢ᠍ᠳᠠᠯ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠬᠦᠴᠢᠷᠳᠡᠯ᠎ᠨᠢ ᠬᠠᠮᠢᠭ᠎ᠠ ᠪᠠᠶᠬᠤ ᠪᠣᠶ᠂ ᠬᠡᠷᠬᠢᠨ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠬᠦ ᠪᠣᠶ?
2017 ᠣᠨ᠎ᠳᠤ ᠪᠥᠬᠥ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠠᠩᠰᠠᠯᠠᠭᠤᠯᠤᠭᠰᠠᠨ ᠲᠣᠭ᠎ᠠ ᠵᠢᠷᠭᠤᠭ᠋ᠠᠨ ᠲᠦᠮᠡ ᠰᠢᠬᠠᠮ ᠵᠦᠶᠯ ᠪᠣᠶ
ᠲᠤᠰᠬᠠᠶ ᠰᠡᠳᠦᠪ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ ᠮᠡᠳᠡᠭᠡ ᠵᠠᠩᠭᠢ
 
            