ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠵᠠᠰᠠᠭ᠎ᠤᠨ ᠳᠠᠭᠤᠨ
2017 ᠣᠨ᠎ᠳᠤ ᠪᠥᠬᠥ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠠᠩᠰᠠᠯᠠᠭᠤᠯᠤᠭᠰᠠᠨ ᠲᠣᠭ᠎ᠠ ᠵᠢᠷᠭᠤᠭ᠋ᠠᠨ ᠲᠦᠮᠡ ᠰᠢᠬᠠᠮ ᠵᠦᠶᠯ ᠪᠣᠶ
ᠨᠡᠶ᠋ᠢᠲᠡᠯᠡᠭᠰᠡᠨ ᠴᠠᠭ᠄ 2019-10-24

2017 ᠣᠨ᠎ᠳᠤ ᠪᠥᠬᠥ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠠᠩᠰᠠᠯᠠᠭᠤᠯᠤᠭᠰᠠᠨ ᠲᠣᠭ᠎ᠠ ᠵᠢᠷᠭᠤᠭ᠋ᠠᠨ ᠲᠦᠮᠡ ᠰᠢᠬᠠᠮ ᠵᠦᠶᠯ ᠪᠣᠶ
    ᠣᠢ᠍ᠷ᠎ᠠ᠎ᠳᠤ᠂ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠱᠠᠩᠨᠠᠯ᠎ᠤᠨ ᠠᠵᠢᠯ ᠵᠢᠨ ᠠᠯᠪᠠᠨ ᠭᠡᠷ 《2017᠎ᠤᠨ ᠪᠥᠬᠥ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠲᠣᠭ᠎ᠠ ᠪᠦᠷᠢᠳᠬᠡᠯ᠎ᠤᠨ᠎ᠤᠨ ᠮᠡᠳᠡᠭᠦᠯᠦᠯᠲᠡ》 ᠵᠢ ᠨᠡᠶ᠋ᠢᠲᠡᠯᠡᠪᠡ᠂ ᠮᠡᠳᠡᠭᠦᠯᠦᠯᠲᠡ᠎ᠠᠴᠠ ᠦᠵᠡᠪᠡᠯ᠂ 2017 ᠣᠨ᠎ᠳᠤ ᠪᠥᠬᠥ ᠤᠯᠤᠰ᠎ᠠᠴᠠ ᠳᠠᠩᠰᠠᠯᠠᠭᠤᠯᠤᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠶᠡᠷᠦᠩᠬᠡᠶ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠵᠦ᠂ ᠪᠥᠬᠥ ᠤᠯᠤᠰ ᠲᠥᠷᠥ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠨᠡᠶ᠋ᠢᠲᠡ 792 ᠵᠦᠶᠯ ᠳᠠᠩᠰᠠᠯᠠᠵᠤ᠂ ᠲᠦᠷᠦᠭᠦᠤ ᠵᠢᠯ᠎ᠤᠨ᠎ᠬᠢ᠎ᠠᠴᠠ 1.72 % ᠵᠶ᠋ᠠᠷ ᠨᠡᠮᠡᠭᠳᠡᠵᠡᠶ᠃ ᠡᠭᠦᠨ᠎ᠳᠤ᠂ ᠣᠷᠣᠨ ᠨᠤᠲᠤᠭ᠎ᠤᠨ ᠳᠡᠩᠰᠡᠯᠡᠯᠲᠡ 48953 ᠵᠦᠶᠯ ᠪᠠᠶ᠋ᠢᠵᠤ᠂ 0.59 %᠎ᠪᠠᠷ ᠨᠡᠮᠡᠭᠳᠡᠪᠡ; ᠲᠥᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ 10839 ᠵᠦᠶᠯ᠎ᠢ ᠳᠠᠩᠰᠠᠯᠠᠵᠤ᠂ 7.16 % ᠪᠠᠷ᠎ᠠ ᠨᠡᠮᠡᠭᠳᠡᠪᠡ᠃ ᠣᠷᠣᠨ ᠨᠤᠲᠤᠭ᠎ᠤᠨ ᠳᠠᠩᠰᠠᠯᠠᠯ᠎ᠤᠨ ᠦᠷ᠎ᠡ ᠪᠦᠲᠦᠭᠡᠯ ᠪᠠ ᠰᠠᠯᠠᠭ᠎ᠠ ᠮᠥᠴᠢᠷ᠎ᠤᠨ ᠳᠠᠩᠰᠠᠯᠠᠯ᠎ᠤᠨ ᠦᠷ᠎ᠡ ᠪᠦᠲᠦᠭᠡᠯ᠎ᠨᠢ ᠲᠣᠰ ᠲᠣᠰ ᠦᠷ᠎ᠡ ᠪᠦᠲᠦᠭᠡᠯ᠎ᠤᠨ ᠶᠡᠷᠦᠩᠬᠡᠶ ᠲᠣᠭ᠋ᠠᠨ᠎ᠤ 81.87 % ᠪᠠ 18.13 % ᠵᠢ ᠡᠵᠡᠯᠡᠵᠦ ᠪᠠᠢ᠍ᠨ᠎ᠠ᠃
    ᠡᠨᠡ ᠬᠦ᠌ ᠲᠣᠭ᠎ᠠ ᠪᠠᠷᠢᠮᠲᠠ᠎ᠨᠢ 2000᠎ᠤᠨ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠠᠩᠰᠠᠯᠠᠬᠤ ᠠᠷᠭ᠎ᠠ》 ᠵᠢ ᠨᠡᠶ᠋ᠢᠲᠡᠯᠡᠭᠰᠡᠨ᠎ᠠᠴᠠ ᠨᠠᠰᠢ᠂ ᠪᠦᠬᠦ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠠᠩᠰᠠᠯᠠᠬᠤ ᠠᠵᠢᠯ᠎ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠨ ᠲᠡᠭᠦᠯᠳᠡᠷᠵᠢᠵᠦ᠂ ᠪᠦᠬᠦ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠠᠩᠰᠠᠯᠠᠭᠰᠠᠨ᠎ᠤᠨ ᠲᠣᠭ᠎ᠠ ᠬᠡᠮᠵᠢᠶ᠎ᠡ ᠯᠠᠪᠳᠠᠭᠤᠨ ᠵᠶ᠋ᠠᠷ ᠳᠡᠭᠡᠭᠰᠢᠯᠡᠭᠰᠡᠨ᠎ᠢ ᠬᠠᠷᠠᠭᠤᠯᠵᠤ ᠪᠠᠶ᠋ᠢᠨ᠎ᠠ᠃ ᠪᠦᠬᠦ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠠᠩᠰᠠᠯᠠᠬᠤ ᠠᠵᠢᠯ ᠲᠣᠭᠲᠠᠭᠤᠨ ᠬᠥᠭᠵᠢᠯᠲᠡ ᠵᠢᠨ ᠬᠤᠭᠤᠴᠠᠭ᠋ᠠᠨ᠎ᠳᠤ ᠣᠷᠣᠵᠤ᠂ ᠢᠯᠠᠩᠭᠤᠶ᠎ᠠ ᠦᠷ᠎ᠡ ᠵᠢᠨ ᠲᠠᠪᠤᠨ ᠵᠢᠯ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠠᠩᠰᠠᠯᠠᠬᠤ ᠲᠣᠭ᠎ᠠ ᠢᠯᠡᠳᠲᠡ ᠨᠡᠮᠡᠭᠳᠡᠵᠦ᠂ 2013 ᠣᠨ᠎ᠳᠤ 52477 ᠵᠦᠶᠯ ᠪᠠᠶ᠋ᠢᠭᠰᠠᠨ᠎ᠠᠴᠠ 2017 ᠣᠨ᠎ᠳᠤ 792 ᠵᠦᠶᠯ ᠪᠣᠯᠵᠤ ᠨᠡᠮᠡᠭᠳᠡᠵᠦ᠂ 13.94 % ᠪᠠᠷ᠎ᠠ ᠨᠡᠮᠡᠭᠳᠡᠪᠡ᠃
    ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠨᠡᠮᠡᠭᠳᠡᠯ ᠪᠣᠯ ᠮᠠᠨ᠎ᠤ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠣᠭᠤᠯᠤᠯᠲᠠ᠎ᠲᠠᠢ ᠨᠢᠭᠲᠠ ᠬᠣᠯᠪᠣᠭ᠎ᠠ᠎ᠲᠠᠢ ᠶᠤᠮ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠢᠯᠡᠷᠡᠭᠦᠯᠦᠭᠰᠡᠨ ᠵᠶ᠋ᠠᠷ᠂ 2017 ᠣᠨ᠎ᠳᠤ᠂ ᠪᠥᠬᠥ ᠨᠡᠶ᠋ᠢᠭᠡᠮ᠎ᠤᠨ R & D ᠵᠢᠨ ᠵᠠᠷᠤᠯᠭ᠎ᠠ ᠵᠢᠱ᠌ᠢᠯᠲᠡ᠎ᠪᠠᠷ 1.76 ᠲᠦᠮᠡᠨ ᠳ᠋ᠦᠩᠰᠢᠭᠤᠷ ᠲᠥᠭᠥᠷᠢᠭ᠎ᠲᠤ ᠬᠦᠷᠴᠦ᠂ 2012᠎ᠤᠨ᠎ᠬᠢ᠎ᠠᠴᠠ 70.9 %᠎ᠪᠠᠷ ᠨᠡᠮᠡᠭᠳᠡᠨ᠎ᠡ; ᠪᠦᠬᠦ ᠨᠡᠶ᠋ᠢᠭᠡᠮ᠎ᠤᠨ R & D ᠵᠢᠨ ᠵᠠᠷᠤᠯᠭ᠎ᠠ ᠵᠢᠨ G D P᠎ᠳᠤ ᠡᠵᠡᠯᠡᠬᠦ ᠬᠤᠪᠢ ᠵᠢᠨ ᠵᠢᠩ᠎ᠨᠢ 2.15 % ᠪᠠᠶ᠋ᠢᠵᠤ᠂ ᠧᠦ᠋ᠷᠣᠫᠠ ᠬᠣᠯᠪᠣᠭ᠋ᠠᠨ᠎ᠤ 15 ᠤᠯᠤᠰ᠎ᠠᠴᠠ 2.1 % ᠵᠢᠨ ᠳᠤᠮᠳᠠᠴᠢ ᠲᠦᠪᠰᠢᠨ᠎ᠠᠴᠠ ᠳᠠᠪᠠᠵᠠᠶ᠃ ᠣᠯᠠᠨ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠥᠭᠦᠯᠡᠯ᠎ᠤᠨ ᠶᠡᠷᠦᠩᠬᠡᠶ ᠬᠡᠮᠵᠢᠶ᠎ᠡ 2012᠎ᠤᠨ᠎ᠬᠢ᠎ᠠᠴᠠ 70 % ᠪᠠᠷ᠎ᠠ ᠨᠡᠮᠡᠭᠳᠡᠵᠦ᠂ ᠳᠡᠯᠡᠬᠡᠶ ᠵᠢᠨ ᠬᠣᠶᠠᠳᠤᠭ᠋ᠠᠷ᠎ᠲᠤ ᠣᠷᠣᠪᠠ; ᠣᠯᠠᠨ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠥᠭᠦᠯᠡᠯ ᠠᠩᠬ᠎ᠠ ᠤᠳᠠᠭ᠎ᠠ ᠭᠧᠷᠮᠠᠨ᠂ ᠠᠩᠭ᠍ᠯᠢ᠎ᠠᠴᠠ ᠳᠠᠪᠠᠵᠤ᠂ ᠳᠡᠯᠡᠬᠡᠶ ᠵᠢᠨ ᠬᠣᠶᠠᠳᠤᠭ᠋ᠠᠷ᠎ᠲᠤ ᠣᠷᠣᠪᠠ᠃ ᠡᠷᠡᠮᠡᠯᠵᠡᠭᠰᠡᠨ ᠬᠡᠮᠵᠢᠶ᠎ᠡ ᠪᠠ ᠡᠷᠬᠡ ᠣᠯᠭᠣᠭᠰᠠᠨ ᠬᠡᠮᠵᠢᠶ᠎ᠡ᠎ᠨᠢ ᠳᠡᠯᠡᠬᠡᠶ ᠵᠢᠨ ᠨᠢᠭᠡᠳᠦᠭᠡᠷ᠎ᠲᠤ ᠣᠷᠣᠵᠤ᠂ ᠬᠦᠴᠦᠨ ᠪᠦᠬᠦᠢ ᠪᠠᠲᠤᠯᠠᠪᠤᠷᠢ ᠵᠢ ᠳᠡᠯᠡᠬᠡᠶ ᠵᠢᠨ ᠭᠤᠷᠪᠠᠳᠤᠭ᠋ᠠᠷ᠎ᠲᠤ ᠣᠷᠣᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠬᠤᠪᠢ ᠨᠡᠮᠡᠷᠢ ᠵᠢᠨ ᠨᠣᠷᠮ᠎ᠠ 2012 ᠣᠨ᠎ᠳᠤ 52.2 % ᠪᠠᠶ᠋ᠢᠭᠰᠠᠨ᠎ᠠᠴᠠ᠎ᠪᠠᠨ ᠳᠡᠭᠡᠭᠰᠢᠯᠡᠭᠡᠳ 57.5 % ᠪᠣᠯᠵᠤ᠂ ᠤᠯᠤᠰ᠎ᠠᠴᠠ ᠰᠢᠨ᠎ᠡ ᠵᠢ ᠡᠭᠦᠳᠬᠦ ᠴᠢᠳᠠᠪᠤᠷᠢ ᠵᠢᠨ ᠨᠡᠷᠡᠰ᠎ᠤᠨ ᠵᠢᠭᠰᠠᠭ᠋ᠠᠯᠲᠠ 2012 ᠣᠨ᠎ᠳᠤ 20 ᠳ᠋ᠤᠭ᠋ᠠᠷ᠎ᠲᠤ ᠪᠠᠶ᠋ᠢᠭᠰᠠᠨ᠎ᠠᠴᠠ᠎ᠪᠠᠨ ᠳᠡᠭᠡᠭᠰᠢᠯᠡᠭᠡᠳ 17 ᠳ᠋ᠤᠭ᠋ᠠᠷ᠎ᠲᠤ ᠣᠷᠣᠪᠠ᠃  

ᠢᠷᠡᠯᠲᠡ᠄
          
ᠬᠠᠮᠢᠶ᠎ᠡ ᠪᠦᠬᠦᠢ ᠰᠣᠨᠢᠨ
ᠲᠤᠰᠬᠠᠶ ᠰᠡᠳᠦᠪ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ ᠮᠡᠳᠡᠭᠡ ᠵᠠᠩᠭᠢ
ᠥᠪᠥᠷ ᠮᠣᠩᠭᠣᠯ᠎ᠤᠨ 5 ᠲᠥᠷᠥᠯ ᠵᠦᠢ᠍ᠯ ᠮᠠᠨ᠎ᠤ ᠤᠯᠤᠰ᠎ᠠᠴᠠ ᠠᠩᠬᠠᠳᠤᠭ᠋ᠠᠷ ᠬᠤᠭᠤᠴᠠᠭ᠋ᠠᠨ᠎ᠤ ᠠᠮᠤᠷ ᠲᠦᠪᠰᠢᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ᠎ᠢ ᠠᠮᠵᠢᠯᠲᠠ᠎ᠲᠠᠢ ᠬᠦᠷᠲᠡᠪᠡ
ᠴᠠᠬᠢᠯᠭ᠋ᠠᠨ ᠬᠣᠯᠪᠣᠭ᠎ᠠ ᠪᠠ ᠪᠤᠰᠤᠳ ᠮᠡᠳᠡᠭᠡ ᠵᠠᠩᠭᠢ ᠳᠠᠮᠵᠢᠭᠤᠯᠬᠤ ᠦᠶᠯᠡᠴᠢᠯᠡᠭᠡ — ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠲᠥᠪ᠎ᠤᠨ ᠡᠯᠧᠺᠲᠷᠣᠨ ᠦᠨᠡᠮᠯᠡᠯ᠎ᠤᠨ ᠰᠢᠰᠲ᠋ᠧᠮ᠎ᠢ ᠨᠡᠭᠡᠭᠡᠨ ᠬᠥᠭᠵᠢᠭᠦᠯᠪᠡ 201910091227054043495197369 ᠬᠠᠷᠢᠶ᠎ᠠ ᠠᠵᠢᠯ ᠲᠥᠷᠥᠯ᠄ ᠡᠯᠧᠺᠲᠷᠣᠨ ᠮᠡᠳᠡᠭᠡ ᠵᠠᠩᠭᠢ ᠲᠤᠰᠬᠠᠢ ᠠᠰᠢᠭ᠎ᠤᠨ ᠲᠥᠷᠥᠯ ᠵᠦᠢ᠍ᠯ᠄ ᠲᠤᠰᠬᠠᠢ ᠠᠰᠢᠭ ᠬᠤᠳᠠᠯᠳᠤᠨ ᠠᠪᠬᠤ ᠲᠠᠯ᠎ᠠ᠄ **** ᠬᠤᠳᠠᠯᠳᠤᠭᠴᠢ᠄ **** ᠠᠷᠠᠯᠵᠢᠶᠠᠯᠠᠬᠤ ᠵᠣᠭᠣᠰᠣᠨ ᠲᠣᠭ᠎ᠠ᠄ 19.60 ᠲᠦᠮᠡᠨ ᠲᠥᠭᠥᠷᠢᠭ ᠠᠷᠠᠯᠵᠢᠶᠠᠯᠠᠬᠤ ᠠᠷᠭ᠎ᠠ ᠮᠠᠶᠢᠭ᠄ ᠪᠦᠷᠢᠮᠦᠰᠦᠨ ᠰᠢᠯᠵᠢᠭᠦᠯᠦᠨ ᠥᠭᠬᠦ ᠮᠡᠷᠭᠡᠵᠢᠯ᠎ᠤᠨ ᠪᠣᠯᠪᠠᠰᠤᠷᠠᠩᠭᠤᠶ ᠬᠡᠮᠵᠢᠶ᠎ᠡ᠄ ᠤᠨᠠᠯᠲᠠ ᠵᠢ ᠬᠡᠮᠵᠢᠵᠦ ᠪᠣᠯᠤᠨ᠎ᠠ ᠪᠡᠶᠡᠯᠡᠭᠦᠯᠦᠭᠰᠡᠨ ᠡᠳᠦᠷ ᠰᠠᠷ᠎ᠠ᠄ 2019 — 12 — 27 ᠴᠠᠬᠢᠯᠭ᠋ᠠᠨ ᠬᠣᠯᠪᠣᠭ᠎ᠠ ᠪᠠ ᠪᠤᠰᠤᠳ ᠮᠡᠳᠡᠭᠡ ᠵᠠᠩᠭᠢ ᠳᠠᠮᠵᠢᠭᠤᠯᠬᠤ ᠦᠶᠯᠡᠴᠢᠯᠡᠭᠡ — ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠲᠥᠪ᠎ᠤᠨ ᠡᠯᠧᠺᠲᠷᠣᠨ ᠦᠨᠡᠮᠯᠡᠯ᠎ᠤᠨ ᠰᠢᠰᠲ᠋ᠧᠮ᠎ᠢ ᠨᠡᠭᠡᠭᠡᠨ ᠬᠥᠭᠵᠢᠭᠦᠯᠪᠡ
ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠠᠷᠠᠯᠵᠢᠶᠠᠨ᠎ᠤ ᠲᠠᠪᠴᠠᠩ᠎ᠤᠨ ᠤᠬᠠᠭᠤᠯᠭ᠎ᠠ ᠵᠢᠨ ᠹᠢᠯᠢᠮ
ᠳᠤᠮᠳᠠᠳᠤ ᠤᠯᠤᠰ · ᠥᠪᠥᠷ ᠮᠣᠩᠭᠣᠯ᠎ᠤᠨ ᠠᠮᠤ ᠪᠤᠳᠠᠭ᠋ᠠᠨ᠎ᠤ ᠴᠢᠨᠠᠷ ᠰᠠᠶ᠋ᠢᠲᠠᠶ ᠬᠥᠭᠵᠢᠯᠲᠡ ᠵᠢᠨ ᠵᠢᠭ᠋ᠠᠯᠲᠠ ᠲᠣᠭ᠎ᠠ ᠵᠢ ᠪᠡᠭᠡᠵᠢᠩ᠎ᠳᠤ ᠨᠡᠶ᠋ᠢᠲᠡᠯᠡᠪᠡ
 
            