ᠲᠤᠰᠬᠠᠶ ᠰᠡᠳᠦᠪ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ ᠮᠡᠳᠡᠭᠡ ᠵᠠᠩᠭᠢ
ᠨᠢᠭᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠲᠤᠬᠠᠶ ᠲᠥᠷᠥ ᠵᠢᠨ ᠪᠣᠳᠣᠯᠭ᠎ᠠ
● 8 ᠰᠠᠷ᠎ᠠ ᠵᠢᠨ 19᠎ᠤ ᠡᠳᠦᠷ᠂ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠤᠬᠠᠶ ᠵᠢᠯᠣᠭᠣᠳᠬᠤ ᠰᠠᠨᠠᠯ》᠎ᠢ ᠨᠡᠶ᠋ᠢᠲᠡᠯᠡᠵᠦ᠂ ᠴᠢᠳᠠᠪᠤᠷᠢᠲᠠᠨ ᠪᠠ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠶᠠᠳᠠᠭᠤ ᠵᠢ ᠲᠡᠳᠬᠦᠬᠦ ᠲᠥᠯᠥᠪᠯᠡᠭᠡ ᠵᠢ ᠬᠡᠷᠡᠭᠵᠢᠭᠦᠯᠦᠨ᠎ᠡ ᠭᠡᠵᠦ ᠳᠤᠷᠠᠳᠪᠠ᠃ ᠴᠢᠳᠠᠪᠤᠷᠢᠲᠠᠨ᠎ᠢ ᠳᠡᠮᠵᠢᠬᠦ ᠲᠥᠯᠥᠪᠯᠡᠭᠡ ᠵᠢ ᠭᠦᠨᠵᠡᠭᠡᠶ ᠬᠡᠷᠡᠭᠵᠢᠭᠦᠯᠵᠦ᠂ ᠪᠠᠴᠢᠮ ᠬᠡᠷᠡᠭᠰᠡᠬᠦ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠢ ᠰᠣᠩᠭᠣᠨ ᠲᠣᠮᠢᠯᠠᠵᠤ ᠬᠥᠮᠦᠵᠢᠭᠦᠯᠬᠦ ᠬᠡᠪᠴᠢᠶ᠎ᠡ ᠵᠢ ᠥᠷᠭᠡᠳᠬᠡᠨ᠎ᠡ᠃ ᠪᠦᠬᠦ ᠨᠡᠶ᠋ᠢᠭᠡᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ᠎ᠢ ᠳᠠᠶ᠋ᠢᠴᠢᠯᠠᠨ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠶᠳᠪᠦᠷᠢᠯᠡᠬᠦ ᠭᠣᠤᠯ ᠳᠠᠢ᠍ᠨᠤ ᠲᠠᠯᠠᠪᠤᠷ᠎ᠲᠤ ᠣᠷᠣᠯᠴᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠠᠷᠢᠯᠢᠭ ᠣᠨᠣᠴᠠᠲᠠᠶ᠎ᠪᠠᠷ ᠬᠠᠪᠰᠤᠷᠤᠨ ᠲᠡᠳᠬᠦᠬᠦ ᠠᠵᠢᠯᠯᠠᠭ᠎ᠠ ᠵᠢ ᠥᠷᠨᠢᠭᠦᠯᠦᠨ᠂ ᠰᠢᠶᠠᠨ ᠵᠶ᠋ᠠᠷ ᠨᠢᠭᠡᠴᠢ ᠪᠣᠯᠭ᠋ᠠᠨ ᠠᠵᠤ ᠦᠶᠯᠡᠰ ᠵᠶ᠋ᠠᠷ ᠶᠠᠳᠠᠭᠤ ᠵᠢ ᠲᠡᠳᠬᠦᠬᠦ ᠮᠡᠷᠭᠡᠵᠢᠯ᠎ᠤᠨ ᠲᠤᠰᠬᠠᠶ ᠮᠡᠷᠭᠡᠵᠢᠯᠲᠡᠨ᠎ᠤ ᠳᠤᠭᠤᠢ᠍ᠯᠠᠩ ᠢ ᠪᠠᠶ᠋ᠢᠭᠤᠯᠵᠤ᠂ ᠲᠠᠷᠢᠶᠠᠯᠠᠩ᠎ᠳᠤ ᠬᠣᠯᠪᠣᠭᠳᠠᠬᠤ ᠡᠯ᠎ᠡ ᠲᠥᠷᠥᠯ᠎ᠤᠨ ᠳᠡᠭᠡᠰᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠠᠵᠤ ᠦᠶᠯᠡᠰ ᠵᠶ᠋ᠠᠷ ᠶᠠᠳᠠᠭᠤ ᠵᠢ ᠲᠡᠳᠬᠦᠬᠦ ᠮᠡᠷᠭᠡᠵᠢᠯ᠎ᠤᠨ ᠪᠦᠯᠬᠦᠮ ᠨᠡᠢ᠍ᠢ᠍ᠲᠡ ᠵᠢ ᠵᠣᠬᠢᠶᠠᠨ ᠪᠠᠶ᠋ᠢᠭᠤᠯᠤᠨ᠎ᠠ᠃ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ ᠪᠠ ᠰᠢᠨ᠎ᠡ ᠵᠢ ᠡᠭᠦᠳᠬᠦ ᠣᠷᠣᠨ ᠵᠠᠶ ᠵᠡᠷᠭᠡ ᠠᠴᠢᠶᠠᠯᠠᠪᠤᠷᠢ ᠵᠢ ᠪᠦᠲᠦᠭᠡᠨ ᠪᠠᠶ᠋ᠢᠭᠤᠯᠬᠤ ᠵᠢ ᠳᠠᠮᠵᠢᠵᠤ᠂ ᠲᠠᠷᠢᠶᠠᠯᠠᠩ᠎ᠤᠨ ᠲᠡᠷᠢᠭᠦᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ ᠳᠡᠯᠭᠡᠷᠡᠭᠦᠯᠦᠨ᠎ᠡ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠳᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠣᠨᠴᠠ ᠤᠷᠢᠬᠤ ᠲᠥᠯᠥᠪᠯᠡᠭᠡ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠬᠥᠳᠡᠭᠡ ᠲᠣᠰᠬᠣᠨ᠎ᠤ ᠨᠤᠲᠤᠭ᠎ᠤᠨ ᠲᠤᠰᠬᠠᠶ ᠮᠡᠷᠭᠡᠵᠢᠯᠲᠡᠨ᠂ ᠲᠠᠷᠢᠵᠤ ᠲᠡᠵᠢᠭᠡᠬᠦ ᠴᠢᠳᠠᠪᠤᠷᠢᠲᠠᠨ ᠵᠡᠷᠭᠡ ᠨᠢᠭᠡᠳᠦᠭᠡᠷ ᠹᠷᠣᠨᠲ᠎ᠤᠨ ᠦᠶᠯᠡᠴᠢᠯᠡᠭᠡᠨ᠎ᠤ ᠬᠥᠮᠦᠰ᠎ᠠᠴᠠ ᠨᠢᠭᠡ ᠪᠦᠯᠦᠭ ᠣᠨᠴᠠ ᠤᠷᠢᠭᠰᠠᠨ ᠲᠠᠷᠢᠶᠠᠯᠠᠩ᠎ᠤᠨ ᠮᠡᠷᠭᠡᠵᠢᠯᠲᠡᠨ ᠡᠯᠰᠡᠨ᠎ᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ ᠪᠣᠯᠤᠨ ᠬᠣᠤᠰᠯᠠᠨ ᠦᠶᠯᠡᠴᠢᠯᠡᠬᠦ ᠬᠠᠷᠢᠴᠠᠭ᠎ᠠ ᠵᠢ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠶᠯᠡᠴᠢᠯᠡᠭᠡ ᠪᠣᠯᠤᠨ ᠠᠳᠠᠯ ᠦᠶᠯᠡᠰ ᠴᠣᠭᠴᠠᠯᠠᠬᠤ᠎ᠪᠠᠷ ᠳᠠᠶ᠋ᠢᠴᠢᠯᠠᠬᠤ ᠵᠢ ᠪᠦᠷᠢᠨ ᠪᠦᠷᠬᠦᠭᠦᠯᠬᠦ ᠵᠢ ᠪᠡᠶᠡᠯᠡᠭᠦᠯᠦᠨ᠎ᠡ᠃ (ᠢᠷᠡᠯᠲᠡ᠄ ᠰᠢᠨᠬᠤᠸᠠ ᠬᠣᠷᠢᠶ᠎ᠠ) 7 ᠰᠠᠷ᠎ᠠ ᠵᠢᠨ 31᠎ᠤ ᠡᠳᠦᠷ᠂ ᠳᠤᠮᠳᠠᠳᠤ ᠤᠯᠤᠰ᠎ᠠᠴᠠ ᠡᠪ ᠬᠠᠮᠲᠤ ᠨᠠᠮ᠎ᠤᠨ ᠲᠥᠪ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠤᠨ ᠳᠤᠮᠳᠠᠳᠤ ᠤᠯᠤᠰ᠎ᠠᠴᠠ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠬᠠᠭᠤᠯᠬᠤ ᠬᠡᠯᠲᠡᠰ 《ᠥᠷᠭᠡᠨ ᠣᠯᠠᠨ ᠰᠡᠬᠡᠭᠡᠲᠡᠨ᠎ᠤ ᠳᠤᠮᠳᠠ 〈ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠰᠢᠨ᠎ᠡ ᠴᠠᠭ ᠣᠶ᠋ᠢᠶ᠎ᠠ᠎ᠳᠤ ᠭᠠᠪᠢᠶ᠎ᠠ ᠪᠠᠶ᠋ᠢᠭᠤᠯᠤᠨ ᠦᠶᠯᠡᠰ ᠪᠦᠲᠦᠭᠡᠬᠦ〉 ᠠᠵᠢᠯᠯᠠᠭ᠎ᠠ ᠵᠢ ᠭᠦᠨᠵᠡᠭᠡᠶ ᠥᠷᠨᠢᠭᠦᠯᠬᠦ ᠲᠤᠬᠠᠶ ᠮᠡᠳᠡᠭᠳᠡᠯ》᠎ᠢ ᠨᠡᠶ᠋ᠢᠲᠡᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠤᠬᠠᠭᠤᠯᠭ᠎ᠠ ᠲᠠᠶ᠋ᠢᠯᠤᠮᠵᠢ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠭᠦᠨᠵᠡᠭᠡᠶ ᠰᠤᠷᠤᠯᠴᠠᠬᠤ ᠵᠢ ᠵᠣᠬᠢᠶᠠᠨ ᠪᠠᠶ᠋ᠢᠭᠤᠯᠵᠤ᠂ ᠲᠤᠰᠬᠠᠶ ᠰᠡᠳᠦᠪᠲᠦ ᠰᠤᠳᠤᠯᠤᠨ ᠰᠤᠷᠤᠯᠴᠠᠬᠤ ᠪᠣᠯᠪᠠᠰᠤᠷᠠᠭᠤᠯᠤᠯ᠎ᠢ ᠰᠠᠶ᠋ᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃ ᠨᠡᠶ᠋ᠢᠲᠡᠯᠢᠭ ᠵᠢᠱ᠌ᠢᠶ᠎ᠡ ᠵᠢᠨ ᠬᠥᠲᠥᠯᠥᠨ ᠵᠢᠯᠣᠭᠣᠳᠬᠤ ᠦᠶᠯᠡᠳᠦᠯ᠎ᠢ ᠪᠠᠳᠠᠷᠠᠭᠤᠯᠵᠤ᠂ ᠠᠵᠢᠯ᠎ᠤᠨ ᠪᠠᠶ᠋ᠢᠷᠢ ᠵᠢᠨ ᠦᠶᠯᠡᠳᠦᠯᠭᠡᠵᠢᠭᠦᠯᠬᠦ ᠠᠵᠢᠯᠯᠠᠭ᠎ᠠ ᠵᠢ ᠥᠷᠨᠢᠭᠦᠯᠵᠦ᠂ ᠥᠷᠭᠡᠨ ᠣᠯᠠᠨ ᠰᠡᠬᠡᠭᠡᠲᠡᠨ᠎ᠤ ᠳᠤᠮᠳᠠ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ ᠵᠢ ᠰᠤᠷᠤᠯᠴᠠᠨ ᠪᠠᠳᠠᠷᠠᠭᠤᠯᠬᠤ ᠶᠠᠪᠤᠳᠠᠯ᠎ᠢ ᠦᠳᠲᠡᠷ ᠲᠦᠷᠭᠡᠨ ᠪᠤᠢ ᠪᠣᠯᠭ᠋ᠠᠵᠤ᠂ ᠥᠷᠭᠡᠨ ᠣᠯᠠᠨ ᠰᠡᠬᠡᠭᠡᠲᠡᠨ᠎ᠤ ᠲᠡᠮᠡᠴᠡᠯ᠎ᠤᠨ ᠣᠷᠭᠢᠯᠤᠮ᠎ᠠ ᠰᠡᠳᠬᠢᠯᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠬᠥᠭᠵᠢᠭᠡᠵᠦ᠂ ᠥᠷᠭᠡᠨ ᠣᠯᠠᠨ ᠰᠡᠬᠡᠭᠡᠲᠡᠨᠢ ᠬᠥᠲᠥᠯᠥᠨ ᠵᠢᠯᠣᠭᠣᠳᠴᠤ ᠪᠠᠶ᠋ᠢᠭ᠋ᠠᠳ ᠠᠷᠠᠳ ᠲᠦᠮᠡᠨ᠎ᠤ ᠳᠤᠮᠳᠠ ᠦᠨᠳᠦᠰᠦᠯᠡᠭᠦᠯᠦᠨ᠂ ᠤᠯᠤᠰ ᠣᠷᠣᠨ᠎ᠳᠠᠭᠠᠨ ᠬᠤᠪᠢ ᠨᠡᠮᠡᠷᠢ ᠦᠵᠡᠭᠦᠯᠬᠦ ᠪᠣᠯᠭ᠋ᠠᠨ᠎ᠠ᠃ (ᠢᠷᠡᠯᠲᠡ᠄ ᠰᠢᠨᠬᠤᠸᠠ ᠬᠣᠷᠢᠶ᠎ᠠ) 8 ᠰᠠᠷ᠎ᠠ ᠵᠢᠨ 7᠎ᠤ ᠡᠳᠦᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ 《ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠵᠢᠨ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ ᠵᠡᠷᠭᠡ ᠲᠠᠷᠢᠶᠠᠯᠠᠩ ᠬᠥᠳᠡᠭᠡ ᠲᠣᠰᠬᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ ᠭᠡᠵᠦ ᠳᠤᠷᠠᠳᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠴᠢ ᠵᠢᠨ ᠳᠦᠷᠢᠮ ᠢ ᠭᠦᠨᠵᠡᠭᠡᠶ ᠬᠡᠷᠡᠭᠵᠢᠭᠦᠯᠵᠦ᠂ ᠡᠯ᠎ᠡ ᠭᠠᠵᠠᠷ᠎ᠤᠨ ᠲᠤᠰᠬᠠᠶ ᠮᠡᠷᠭᠡᠵᠢᠯᠲᠡᠨ᠎ᠤ ᠦᠶᠯᠡᠴᠢᠯᠡᠭᠡᠨ᠎ᠤ ᠪᠦᠯᠬᠦᠮ ᠵᠡᠷᠭᠡ ᠵᠢ ᠰᠣᠩᠭᠣᠨ ᠲᠣᠮᠢᠯᠠᠬᠤ ᠠᠷᠭ᠎ᠠ ᠮᠠᠶᠢᠭ᠎ᠤᠨ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠎ᠠ᠃ ᠲᠠᠷᠢᠶᠠᠯᠠᠩ ᠬᠥᠳᠡᠭᠡ ᠲᠣᠰᠬᠣᠨ᠎ᠤ ᠰᠢᠨ᠎ᠡ ᠵᠢ ᠡᠭᠦᠳᠦᠨ ᠠᠳᠠᠯ ᠦᠶᠯᠡᠰ ᠴᠣᠭᠴᠠᠯᠠᠬᠤ ᠰᠢᠨ᠎ᠡ ᠣᠷᠣᠨ ᠵᠠᠶ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠍ᠳᠠᠯ ᠰᠢᠨ᠎ᠡ ᠵᠠᠭᠪᠤᠷ ᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠣᠳᠣᠨ ᠣᠷᠣᠨ᠎ᠢ ᠡᠭᠦᠳᠬᠦ ᠭᠠᠵᠠᠷ ᠣᠷᠣᠨ ᠵᠡᠷᠭᠡ ᠠᠳᠠᠯ ᠦᠶᠯᠡᠰ ᠴᠣᠭᠴᠠᠯᠠᠬᠤ ᠲᠠᠪᠴᠠᠩ᠎ᠤᠨ ᠠᠴᠢᠶᠠᠯᠠᠪᠤᠷᠢ ᠵᠢᠨ ᠪᠠᠶ᠋ᠢᠭᠤᠯᠤᠯᠲᠠ ᠵᠢ ᠲᠦᠷᠭᠡᠳᠬᠡᠨ᠎ᠡ᠃ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ᠂ ᠰᠢᠨ᠎ᠡ ᠵᠢ ᠡᠭᠦᠳᠦᠨ ᠠᠳᠠᠯ ᠦᠶᠯᠡᠰ ᠴᠣᠭᠴᠠᠯᠠᠬᠤ ᠴᠢᠳᠠᠪᠤᠷᠢᠲᠠᠨ ᠪᠠ ᠰᠢᠨ᠎ᠡ ᠵᠢ ᠡᠭᠦᠳᠬᠦ ᠪᠦᠯᠬᠦᠮ ᠨᠡᠢ᠍ᠢ᠍ᠲᠡ ᠵᠢ ᠬᠥᠮᠦᠵᠢᠭᠦᠯᠬᠦ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠬᠥᠳᠡᠭᠡ ᠲᠣᠰᠬᠣᠨ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠦᠶᠯᠡᠴᠢᠯᠡᠬᠦ ᠲᠣᠭᠲᠠᠴᠠ ᠵᠢ ᠪᠠᠶ᠋ᠢᠭᠤᠯᠤᠨ᠎ᠠ᠃ (ᠢᠷᠡᠯᠲᠡ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ) ᠬᠣᠶᠠᠷ᠂ ᠣᠷᠣᠨ ᠨᠤᠲᠤᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠠᠵᠢᠯ δ 7 ᠰᠠᠷ᠎ᠠ ᠵᠢᠨ 23᠎ᠤ ᠡᠳᠦᠷ᠂ ᠨᠢᠩᠰᠢᠶᠠ 《ᠲᠣᠪᠣᠢ᠍ᠮ᠎ᠠ ᠬᠤᠪᠢ ᠨᠡᠮᠡᠷᠢ ᠦᠵᠡᠭᠦᠯᠦᠭᠰᠡᠨ᠎ᠢ ᠴᠢᠳᠠᠪᠤᠷᠢᠲᠠᠨ ᠪᠠ ᠳᠡᠭᠡᠰᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠷᠭ᠎ᠠ (ᠲᠤᠷᠰᠢᠨ ᠬᠡᠷᠡᠭᠵᠢᠭᠦᠯᠬᠦ) ᠵᠢᠨ ᠮᠡᠳᠡᠭᠳᠡᠯ》᠎ᠢ ᠨᠡᠶ᠋ᠢᠲᠡᠯᠡᠵᠦ᠂ ᠲᠣᠰ ᠲᠤᠰᠬᠠᠶ ᠮᠡᠷᠭᠡᠵᠢᠯ᠎ᠤᠨ ᠬᠦᠷᠢᠶᠡᠨ᠎ᠳᠤ ᠲᠣᠪᠣᠢ᠍ᠮ᠎ᠠ ᠬᠤᠪᠢ ᠨᠡᠮᠡᠷᠢ ᠦᠵᠡᠭᠦᠯᠦᠭᠰᠡᠨ᠎ᠢ ᠪᠠ ᠪᠦᠷᠢᠨ ᠲᠤᠰᠢᠶᠠᠯ᠎ᠳᠤ ᠣᠷᠣᠭᠤᠯᠤᠨ ᠠᠪᠴᠢᠷᠠᠭᠰᠠᠨ ᠳᠡᠭᠡᠰᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠳᠤ᠂ ᠬᠢᠨᠠᠨ ᠲᠣᠭᠲᠠᠭ᠋ᠠᠬᠤ ᠮᠡᠷᠭᠡᠵᠢᠯ᠎ᠤᠨ ᠴᠣᠯᠠ᠎ᠨᠢ ᠰᠤᠷᠤᠯᠭ᠎ᠠ ᠵᠢᠨ ᠨᠠᠮᠲᠠᠷ᠂ ᠬᠢᠷᠢ ᠬᠡᠮ᠂ ᠥᠭᠦᠯᠡᠯ ᠵᠡᠷᠭᠡ ᠤᠯᠠᠮᠵᠢᠯᠠᠯᠲᠤ ᠨᠥᠬᠥᠴᠡᠯ᠎ᠳᠤ ᠬᠢᠵᠠᠭ᠋ᠠᠷᠯᠠᠭᠳᠠᠬᠤ ᠥᠬᠡᠶ ᠪᠠᠶ᠋ᠢᠵᠤ᠂ ᠳᠡᠭᠡᠰᠦ ᠲᠡᠰ᠎ᠤᠨ ᠮᠡᠷᠭᠡᠵᠢᠯ᠎ᠤᠨ ᠴᠣᠯᠠ ᠵᠢ ᠨᠢᠭᠡ ᠯᠡ ᠳᠡᠭᠡᠷ᠎ᠡ ᠰᠢᠯᠭ᠋ᠠᠨ ᠲᠣᠭᠲᠠᠭ᠋ᠠᠵᠤ ᠤᠷᠢᠨ ᠬᠡᠷᠡᠭᠯᠡᠵᠦ᠂ ᠴᠢᠳᠠᠪᠤᠷᠢᠲᠠᠨ᠎ᠢ ᠠᠮᠢᠳᠤᠯᠢᠭ ᠪᠥᠭᠡᠳ ᠰᠠᠶ᠋ᠢᠲᠤᠷ ᠬᠡᠷᠡᠭᠯᠡᠬᠦ᠎ᠳᠤ 《ᠰᠠᠭ᠋ᠠᠳ ᠥᠬᠡᠶ ᠨᠡᠪᠲᠡᠷᠡᠬᠦ ᠵᠠᠮ》᠎ᠢ ᠪᠠᠶ᠋ᠢᠭᠤᠯᠵᠤ ᠥᠭᠴᠡᠶ᠃ (ᠢᠷᠡᠯᠲᠡ᠄ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠦᠯᠵᠢᠶ᠎ᠡ) ᠱᠠᠨᠳᠦ᠋ᠩ ᠮᠣᠵᠢ 7 ᠰᠠᠷ᠎ᠠ ᠵᠢᠨ 27᠎ᠤ ᠡᠳᠦᠷ 《ᠳᠡᠭᠡᠰᠦ ᠵᠡᠷᠭᠡ ᠵᠢᠨ ᠰᠤᠷᠭ᠋ᠠᠭᠤᠯᠢ ᠵᠢᠨ ᠠᠵᠢᠯ ᠵᠢᠨ ᠪᠠᠶ᠋ᠢᠷᠢ ᠵᠢᠨ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠲᠤᠬᠠᠢ ᠰᠠᠨᠠᠯ᠎ᠤᠳ》᠎ᠢ ᠳᠠᠷᠤᠮᠠᠯᠯᠠᠨ ᠲᠠᠷᠬᠠᠭ᠋ᠠᠵᠤ᠂ ᠳᠡᠭᠡᠰᠦ ᠵᠡᠷᠭᠡ ᠵᠢᠨ ᠰᠤᠷᠭ᠋ᠠᠭᠤᠯᠢ ᠵᠢᠨ ᠬᠥᠭᠵᠢᠯᠲᠡ᠎ᠲᠠᠢ ᠵᠣᠬᠢᠴᠠᠭᠰᠠᠨ ᠠᠵᠢᠯ ᠵᠢᠨ ᠪᠠᠶ᠋ᠢᠷᠢ ᠵᠢᠨ ᠬᠥᠳᠡᠯᠦᠩᠭᠦᠶ ᠪᠠᠶ᠋ᠢᠳᠠᠯ᠎ᠢ ᠪᠣᠢ ᠪᠣᠯᠭ᠋ᠠᠵᠤ᠂ ᠠᠵᠢᠯᠲᠠᠨ᠎ᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠬᠠᠲᠠᠭᠤ ᠴᠢᠨᠠᠷ᠎ᠯᠤᠭ᠎ᠠ ᠬᠣᠯᠪᠣᠭᠳᠠᠭᠤᠯᠬᠤ ᠦᠭᠡᠢ ᠪᠠᠢ᠍ᠨ᠎ᠠ᠃ ᠳᠡᠭᠡᠰᠦ ᠰᠤᠷᠭ᠋ᠠᠭᠤᠯᠢ ᠵᠢᠨ ᠠᠵᠢᠯ᠎ᠤᠨ ᠪᠠᠢ᠍ᠷᠢ ᠪᠠᠶ᠋ᠢᠷᠢᠯᠠᠭᠤᠯᠬᠤ ᠠᠵᠢᠯᠲᠠᠨ ᠤᠷᠢᠵᠤ ᠬᠡᠷᠡᠭᠯᠡᠬᠦ ᠳᠦᠷᠢᠮ᠎ᠤᠨ ᠰᠢᠨ᠎ᠡ ᠵᠢ ᠡᠭᠦᠳᠴᠦ᠂ ᠲᠤᠰᠬᠠᠢ ᠮᠡᠷᠭᠡᠵᠢᠯ᠎ᠤᠨ ᠳᠡᠭᠡᠰᠦ ᠵᠡᠷᠭᠡ ᠵᠢᠨ ᠠᠵᠢᠯ᠎ᠤᠨ ᠪᠠᠢ᠍ᠷᠢ ᠪᠠᠶ᠋ᠢᠷᠢᠯᠠᠭᠤᠯᠬᠤ ᠬᠠᠷᠢᠴᠠᠯ᠎ᠢ ᠳᠡᠭᠡᠭᠰᠢᠯᠡᠭᠦᠯᠦᠨ᠂ 《ᠬᠣᠣᠰ ᠲᠡᠷᠢᠭᠦᠨ ᠵᠡᠷᠭᠡ》 ᠵᠡᠷᠭᠡ ᠳᠡᠭᠡᠰᠦ ᠰᠤᠷᠭ᠋ᠠᠭᠤᠯᠢ ᠵᠢᠨ ᠠᠵᠢᠯ᠎ᠤᠨ ᠪᠠᠢ᠍ᠷᠢ ᠪᠠᠶ᠋ᠢᠷᠢᠯᠠᠭᠤᠯᠬᠤ ᠵᠢ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠵᠤ᠂ ᠪᠡᠶ᠎ᠡ᠎ᠪᠠᠨ ᠳᠠᠭ᠋ᠠᠭ᠋ᠠᠨ ᠦᠨᠡᠯᠡᠬᠦ ᠵᠢ ᠠᠵᠢᠯ᠎ᠤᠨ ᠪᠠᠢ᠍ᠷᠢ ᠶᠣᠰᠣᠭ᠋ᠠᠷ ᠤᠷᠢᠵᠤ ᠬᠡᠷᠡᠭᠯᠡᠬᠦ ᠵᠢ ᠬᠡᠷᠡᠭᠵᠢᠭᠦᠯᠦᠨ᠎ᠡ᠃ (ᠢᠷᠡᠯᠲᠡ᠄ ᠱᠠᠨᠳᠦ᠋ᠩ ᠮᠤᠵᠢ ᠵᠢᠨ ᠵᠠᠰᠠᠭ᠎ᠤᠨ ᠣᠷᠳᠣᠨ᠎ᠤ ᠰᠦᠯᠵᠢᠶ᠎ᠡ) ● 8 ᠰᠠᠷ᠎ᠠ ᠵᠢᠨ 1᠎ᠤ ᠡᠳᠦᠷ᠂ ᠥᠪᠥᠷ ᠮᠣᠩᠭᠣᠯ 《ᠬᠠᠮᠢᠶᠠᠷᠤᠯᠲᠠ ᠵᠢ ᠰᠢᠨᠡᠴᠢᠯᠡᠵᠦ ᠦᠶᠯᠡᠴᠢᠯᠡᠭᠡ ᠵᠢ ᠰᠢᠯᠢᠳᠡᠭᠵᠢᠭᠦᠯᠵᠦ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ ᠰᠢᠨ᠎ᠡ ᠬᠠᠭᠤᠴᠢᠨ ᠬᠥᠳᠡᠯᠭᠡᠬᠦ ᠡᠨᠧᠷᠭᠢ ᠵᠢᠨ ᠵᠠᠯᠭ᠋ᠠᠯᠳᠤᠯ ᠰᠣᠯᠢᠭᠳᠠᠯ᠎ᠢ ᠲᠦᠷᠭᠡᠳᠬᠡᠬᠦ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠴᠢᠳᠠᠪᠤᠷᠢᠲᠠᠨ᠎ᠤ ᠰᠢᠯᠵᠢᠯᠲᠡ ᠵᠢ ᠠᠬᠢᠭᠤᠯᠵᠤ᠂ ᠰᠢᠨ᠎ᠡ ᠵᠢ ᠡᠭᠦᠳᠬᠦ ᠶᠡᠬᠡ ᠳᠡᠭᠡᠰᠦ ᠰᠤᠷᠭ᠋ᠠᠭᠤᠯᠢ᠂ ᠡᠮᠨᠡᠯᠭᠡ ᠵᠢᠨ ᠬᠣᠷᠢᠶ᠎ᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠍ᠭᠤᠯᠤᠮᠵᠢ ᠵᠡᠷᠭᠡ ᠠᠵᠢᠯ ᠦᠢ᠍ᠯᠡᠰ᠎ᠤᠨ ᠨᠢᠭᠡᠴᠡ ᠵᠢᠨ ᠣᠷᠣᠨ ᠲᠣᠭ᠎ᠠ ᠳᠠᠩᠰᠠᠯᠠᠬᠤ ᠳᠦᠷᠢᠮ ᠪᠤᠶᠤ ᠠᠵᠢᠯᠲᠠᠨ᠎ᠤ ᠬᠢᠵᠠᠭ᠋ᠠᠷᠯᠠᠬᠤ ᠲᠣᠭ᠎ᠠ ᠵᠢᠨ ᠬᠠᠮᠢᠶᠠᠷᠤᠯᠲᠠ ᠵᠢ ᠬᠡᠷᠡᠭᠵᠢᠭᠦᠯᠬᠦ ᠪᠦᠲᠦᠮᠵᠢᠲᠡᠶ ᠬᠡᠯᠪᠡᠷᠢ ᠵᠢ ᠰᠦᠪᠡᠭᠴᠢᠯᠡᠬᠦ ᠬᠡᠷᠡᠭᠲᠡᠶ ᠭᠡᠵᠦ ᠳᠤᠷᠠᠳᠪᠠ᠃ ᠬᠥᠮᠦᠨ ᠰᠣᠩᠭᠣᠵᠤ ᠬᠥᠮᠦᠨ ᠬᠡᠷᠡᠭᠯᠡᠬᠦ᠂ ᠦᠷ᠎ᠡ ᠪᠦᠲᠦᠭᠡᠯ᠎ᠢ ᠰᠢᠶᠳᠪᠦᠷᠢᠯᠡᠬᠦ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠂ ᠰᠢᠯᠵᠢᠭᠦᠯᠦᠨ ᠬᠤᠪᠢᠶᠠᠷᠢᠯᠠᠬᠤ ᠵᠡᠷᠭᠡ ᠲᠠᠯ᠎ᠠ᠎ᠪᠠᠷ ᠳᠡᠭᠡᠰᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠲᠤ ᠨᠠᠩ ᠶᠡᠬᠡ ᠡᠵᠡᠨ ᠮᠡᠳᠡᠬᠦ ᠡᠷᠬᠡ ᠣᠯᠭᠣᠨ᠎ᠠ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ ᠵᠥᠪᠰᠢᠶᠡᠷᠡᠯ ᠵᠶ᠋ᠠᠷ ᠳᠠᠮᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠶᠯ ᠪᠠ ᠦᠷ᠎ᠡ ᠪᠦᠲᠦᠭᠡᠯ᠎ᠢ ᠦᠯᠡᠳᠡᠭᠡᠵᠦ ᠦᠨᠳᠦᠰᠦᠨ ᠬᠠᠷᠠᠭ᠋ᠠᠯᠵᠠᠯ᠎ᠢ᠎ᠨᠢ ᠠᠵᠢᠯ ᠵᠢᠨ ᠪᠠᠶ᠋ᠢᠷᠢ᠎ᠠᠴᠠ᠎ᠪᠠᠨ ᠰᠠᠯᠵᠤ ᠰᠢᠨ᠎ᠡ ᠵᠢ ᠡᠭᠦᠳᠦᠨ ᠦᠶᠯᠡᠰ ᠴᠣᠭᠴᠠᠯᠠᠵᠤ᠂ 3 ᠵᠢᠯ᠎ᠤᠨ ᠳᠣᠲᠣᠷ᠎ᠠ ᠠᠵᠢᠯᠲᠠᠨ᠎ᠤ ᠶᠠᠪᠤᠳᠠᠯ᠎ᠤᠨ ᠬᠠᠷᠢᠴᠠᠭ᠎ᠠ ᠵᠢ᠎ᠨᠢ ᠦᠯᠡᠳᠡᠭᠡᠵᠦ ᠪᠣᠯᠤᠨ᠎ᠠ᠃ ᠳᠡᠭᠡᠰᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠤᠯᠤᠰ᠎ᠠᠴᠠ ᠥᠮᠴᠢᠯᠡᠯ᠎ᠤᠨ ᠪᠠ ᠰᠢᠨ᠎ᠡ ᠵᠢ ᠡᠭᠦᠳᠬᠦ ᠲᠣᠯᠣᠭ᠋ᠠᠶ᠋ᠢᠯᠠᠭᠴᠢ ᠠᠵᠤ ᠠᠬᠤᠶ᠋ᠢᠯᠠᠯ ᠵᠡᠷᠭᠡ᠎ᠳᠤ ᠮᠡᠷᠭᠡᠵᠢᠯ᠎ᠤᠨ ᠴᠣᠯᠠ ᠵᠢ ᠪᠡᠶ᠎ᠡ᠎ᠪᠠᠨ ᠳᠠᠭ᠋ᠠᠭ᠋ᠠᠵᠤ ᠦᠨᠡᠯᠡᠬᠦ ᠲᠤᠷᠰᠢᠯᠲᠠ ᠵᠢ ᠥᠷᠨᠢᠭᠦᠯᠦᠨ᠎ᠡ᠃ (ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ) ● 8 ᠰᠠᠷ᠎ᠠ ᠵᠢᠨ 2᠎ᠤᠨ ᠡᠳᠦᠷ᠂ ᠱᠠᠨᠳᠦ᠋ᠩ ᠮᠣᠵᠢ 《〈ᠰᠢᠨ᠎ᠡ ᠬᠠᠭᠤᠴᠢᠨ ᠬᠥᠳᠡᠯᠭᠡᠬᠦ ᠡᠨᠧᠷᠭᠢ ᠵᠢᠨ ᠰᠣᠯᠢᠭᠳᠠᠯ᠎ᠢ ᠳᠡᠮᠵᠢᠬᠦ ᠴᠢᠬᠤᠯᠠ ᠶᠡᠬᠡ ᠢᠨᠵᠧᠨᠧᠷᠢᠩ᠎ᠤᠨ ᠡᠳ᠋᠎ᠤᠨ ᠵᠠᠰᠠᠭ᠎ᠤᠨ ᠲᠥᠷᠦ ᠵᠢᠨ ᠪᠣᠳᠣᠯᠭ᠎ᠠ〉 ᠵᠢᠴᠢ 5 ᠬᠡᠷᠡᠭᠵᠢᠭᠦᠯᠬᠦ ᠰᠠᠨᠠᠯ》᠎ᠢ ᠨᠡᠶ᠋ᠢᠲᠡᠯᠡᠵᠦ᠂ ᠲᠠᠶ᠋ᠢᠱ᠌ᠠᠨ ᠡᠷᠳᠡᠮᠲᠡᠨ᠂ ᠲᠠᠶ᠋ᠢᠱ᠌ᠠᠨ ᠠᠵᠤ ᠦᠢ᠍ᠯᠡᠰ᠎ᠤᠨ ᠳᠠᠭ᠋ᠠᠭᠤᠯᠤᠭᠴᠢ ᠵᠡᠷᠭᠡ ᠭᠣᠤᠯᠳᠠᠯᠭ᠎ᠠ᠎ᠲᠠᠢ ᠴᠢᠳᠠᠪᠤᠷᠢᠲᠠᠨ᠎ᠤ ᠢᠨᠵᠧᠨᠧᠷᠢᠩ᠎ᠤᠨ ᠳᠡᠮᠵᠢᠯᠭᠡ ᠵᠢᠨ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠭᠣᠤᠯᠳᠠᠯᠭ᠎ᠠ᠎ᠲᠠᠢ ᠴᠢᠳᠠᠪᠤᠷᠢᠲᠠᠨ᠎ᠤ ᠲᠥᠯᠥᠪᠯᠡᠭᠡ ᠵᠢ ᠭᠦᠨᠵᠡᠭᠡᠶ ᠠᠬᠢᠭᠤᠯᠵᠤ᠂ ᠪᠦᠬᠦ ᠪᠥᠮᠪᠥᠷᠴᠡᠭ᠎ᠲᠤ ᠬᠠᠨᠳᠤᠭᠤᠯᠤᠭᠰᠠᠨ 《ᠨᠢᠭᠡ ᠬᠡᠷᠡᠭ᠎ᠢ ᠨᠢᠭᠡ ᠵᠥᠪᠯᠡᠬᠦ》᠎ᠳᠤ ᠣᠷᠣᠶ᠋ᠢᠯᠠᠭᠰᠠᠨ ᠴᠢᠳᠠᠪᠤᠷᠢᠲᠠᠨ᠎ᠤ ᠪᠦᠯᠬᠦᠮ᠎ᠢ ᠣᠷᠣᠭᠤᠯᠤᠨ ᠠᠪᠴᠢᠷᠠᠬᠤ ᠵᠢ ᠳᠡᠮᠵᠢᠪᠡ᠃ ᠮᠡᠳᠡᠯᠭᠡ ᠵᠢᠨ ᠥᠷᠲᠡᠭ᠎ᠢ ᠨᠡᠮᠡᠭᠳᠡᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠬᠤᠪᠢᠶᠠᠷᠢᠯᠠᠯᠲᠠ ᠵᠢᠨ ᠲᠥᠷᠦ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠢ᠍ᠳᠠᠪᠤᠷᠢᠵᠢᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠢᠳᠡᠪᠬᠢᠵᠢᠯ᠎ᠢ ᠬᠥᠭᠵᠢᠭᠡᠨ᠎ᠡ᠃ 《ᠲᠥᠯᠥᠪᠯᠡᠭᠡ》 ᠵᠢᠨ ᠲᠤᠰᠬᠠᠶ ᠮᠡᠷᠭᠡᠵᠢᠯᠲᠡᠨ᠎ᠤ ᠠᠵᠢᠯᠯᠠᠬᠤ ᠥᠷᠲᠡᠭᠡ ᠵᠢᠨ ᠪᠦᠲᠦᠭᠡᠨ ᠪᠠᠶ᠋ᠢᠭᠤᠯᠤᠯᠲᠠ ᠵᠢ ᠳᠠᠮᠵᠢᠨ᠎ᠠ᠃ (ᠢᠷᠡᠯᠲᠡ᠄ ᠱᠠᠨᠳᠦ᠋ᠩ ᠮᠤᠵᠢ ᠵᠢᠨ ᠵᠠᠰᠠᠭ᠎ᠤᠨ ᠣᠷᠳᠣᠨ᠎ᠤ ᠰᠦᠯᠵᠢᠶ᠎ᠡ) ● 8 ᠰᠠᠷ᠎ᠠ ᠵᠢᠨ 13᠎ᠤ ᠡᠳᠦᠷ᠂ 《ᠠᠵᠤ ᠦᠶᠯᠡᠰ ᠪᠠ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠶ᠋ᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ》᠎ᠢ ᠨᠡᠶ᠋ᠢᠲᠡᠯᠡᠵᠦ᠂ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠭᠰᠠᠨ ᠴᠢᠳᠠᠪᠤᠷᠢᠲᠠᠨ᠎ᠢ ᠬᠥᠮᠦᠵᠢᠭᠦᠯᠬᠦ ᠲᠣᠭᠲᠠᠴᠠ ᠵᠢ ᠪᠦᠷᠢᠨ ᠪᠣᠯᠭ᠋ᠠᠨ᠂ ᠠᠵᠢᠯ ᠣᠯᠭᠣᠯᠲᠠ ᠵᠢᠨ ᠵᠠᠬ᠎ᠠ ᠳᠡᠯᠭᠡᠭᠦᠷ᠎ᠤᠨ ᠴᠢᠳᠠᠪᠤᠷᠢᠲᠠᠨ᠎ᠤ ᠬᠠᠩᠭ᠋ᠠᠯᠭ᠎ᠠ᠎ᠳᠤ ᠪᠦᠲᠦᠮᠵᠢᠲᠡᠶ ᠲᠣᠬᠢᠷᠠᠭᠤᠯᠤᠯᠲᠠ ᠬᠢᠬᠦ ᠵᠢ ᠴᠢᠩᠭ᠋ᠠᠳᠬᠠᠨ᠎ᠠ ᠭᠡᠵᠦ ᠳᠤᠷᠠᠳᠪᠠ᠃ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ ᠵᠢᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢ ᠲᠥᠰᠦᠭᠡᠯᠡᠬᠦ᠂ ᠰᠤᠷᠭ᠋ᠠᠭᠤᠯᠢ ᠠᠵᠤ ᠠᠬᠤᠶ᠋ᠢᠯᠠᠯ ᠬᠠᠮᠲᠤᠷᠠᠯᠴᠠᠨ ᠵᠣᠯᠭ᠋ᠠᠭᠤᠯᠬᠤ᠂ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢ ᠵᠢᠯᠣᠭᠣᠳᠬᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠬᠢᠨᠠᠨ ᠲᠣᠭᠲᠠᠭ᠋ᠠᠬᠤ ᠵᠡᠷᠭᠡ ᠦᠶᠯᠡᠴᠢᠯᠡᠭᠡᠨ ᠥᠷᠨᠢᠭᠦᠯᠬᠦ ᠵᠢ ᠳᠠᠮᠵᠢᠵᠤ᠂ ᠦᠶᠯᠡᠴᠢᠯᠡᠭᠡᠨ᠎ᠤ ᠮᠡᠳᠡᠭᠡ ᠵᠠᠩᠭᠢ ᠵᠢᠨ ᠵᠢᠯᠣᠭᠣᠳᠣᠯᠭ᠎ᠠ ᠵᠢ ᠨᠡᠶ᠋ᠢᠲᠡᠯᠡᠨ᠎ᠡ᠃ ᠳᠡᠭᠡᠰᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠭᠠᠳᠠᠭ᠋ᠠᠳᠤ᠎ᠳᠠᠬᠢ ᠳᠡᠭᠡᠰᠦ ᠲᠡᠰ᠎ᠤᠨ ᠴᠢᠳᠠᠪᠤᠷᠢᠲᠠᠨ ᠪᠠ ᠰᠢᠯᠢᠳᠡᠭ ᠴᠢᠳᠠᠪᠤᠷᠢᠲᠠᠨ ᠣᠷᠣᠭᠤᠯᠬᠤ ᠵᠢ ᠵᠣᠷᠢᠭᠵᠢᠭᠤᠯᠤᠨ᠎ᠠ᠃ (ᠢᠷᠡᠯᠲᠡ᠄ ᠶᠦᠨᠨᠠᠨ ᠮᠤᠵᠢ ᠵᠢᠨ ᠵᠠᠰᠠᠭ᠎ᠤᠨ ᠣᠷᠳᠣᠨ᠎ᠤ ᠰᠦᠯᠵᠢᠶ᠎ᠡ) ● 8 ᠰᠠᠷ᠎ᠠ ᠵᠢᠨ 20᠎ᠤ ᠡᠳᠦᠷ᠂ ᠭᠤᠸᠠᠩᠳᠦ᠋ᠩ ᠮᠣᠵᠢ 《ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠴᠢᠩᠭ᠋ᠠᠳᠬᠠᠵᠤ ᠪᠥᠬᠥᠳᠡ ᠣᠯᠠᠨ ᠵᠶ᠋ᠠᠷ ᠵᠶ᠋ᠠᠨ ᠦᠶᠯᠡᠰ ᠪᠣᠰᠬᠠᠵᠤ ᠲᠦᠮᠡᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠭᠦᠨᠵᠡᠭᠡᠶ ᠬᠥᠭᠵᠢᠯᠲᠡ ᠵᠢ ᠴᠢᠨᠠᠭᠰᠢᠳᠠ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠵᠠᠩᠭᠢᠯᠠᠭ᠎ᠠ ᠵᠢᠨ ᠭᠣᠤᠯᠯᠠᠭᠴᠢ ᠬᠦᠷᠢᠶᠡᠨ᠎ᠤ ᠳᠡᠭᠡᠰᠦ ᠲᠡᠰ ᠳᠠᠪᠬᠤᠷᠭ᠎ᠠ ᠵᠢᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠣᠤᠯᠳᠠᠯᠭ᠎ᠠ᠎ᠲᠠᠢ ᠠᠵᠤ ᠦᠢ᠍ᠯᠡᠰ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠠᠬᠢᠭᠤᠯᠵᠤ᠂ ᠤᠶᠠᠨ ᠬᠠᠳᠠᠨ ᠴᠢᠨᠠᠷᠲᠠᠶ᠎ᠪᠠᠷ ᠴᠢᠳᠠᠪᠤᠷᠢᠲᠠᠨ ᠣᠷᠣᠭᠤᠯᠬᠤ ᠲᠣᠭᠲᠠᠴᠠ ᠵᠢᠨ ᠰᠢᠨ᠎ᠡ ᠵᠢ ᠡᠭᠦᠳᠴᠦ᠂ ᠭᠠᠳᠠᠭ᠋ᠠᠳᠤ᠎ᠳᠤ ᠪᠠᠶᠭ᠎ᠠ ᠵᠠᠯᠠᠭᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠲᠥᠯᠥᠪᠯᠡᠭᠡ ᠵᠢ ᠬᠡᠷᠡᠭᠵᠢᠭᠦᠯᠬᠦ ᠬᠡᠷᠡᠭᠲᠡᠶ ᠭᠡᠵᠦ ᠳᠤᠷᠠᠳᠪᠠ᠃ ᠭᠤᠸᠠᠩᠳᠦ᠋ᠩ ᠰᠢᠶᠠᠩᠭ᠋ᠠᠩ ᠣᠣᠮᠧᠨ᠎ᠤ ᠴᠢᠳᠠᠪᠤᠷᠢᠲᠠᠨ᠎ᠤ ᠬᠠᠮᠲᠤᠷᠠᠯᠴᠠᠭ᠋ᠠᠨ᠎ᠤ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠭᠦᠨᠵᠡᠭᠡᠶ ᠲᠦᠯᠬᠢᠨ ᠠᠬᠢᠭᠤᠯᠵᠤ᠂ ᠳᠤᠮᠳᠠᠳᠤ ᠵᠢᠨ ᠬᠠᠷᠢᠶᠠᠲᠤ ᠨᠠᠷ᠎ᠤᠨ ᠰᠢᠨ᠎ᠡ ᠵᠢ ᠡᠭᠦᠳᠴᠦ ᠠᠳᠠᠯ ᠦᠶᠯᠡᠰ ᠴᠣᠭᠴᠠᠯᠠᠬᠤ ᠶᠡᠷᠦᠩᠬᠡᠶ᠋ᠢᠯᠡᠭᠰᠡᠨ ᠦᠶᠯᠡᠴᠢᠯᠡᠭᠡᠨ᠎ᠤ ᠰᠢᠰᠲ᠋ᠧᠮ᠎ᠢ ᠰᠦᠪᠡᠭᠴᠢᠯᠡᠨ ᠪᠠᠶ᠋ᠢᠭᠤᠯᠵᠤ᠂ ᠶᠠᠳᠠᠭᠤᠴᠤᠳ᠎ᠤᠨ ᠤᠯᠤᠰ᠎ᠲᠠᠭᠠᠨ ᠪᠤᠴᠠᠵᠤ ᠰᠢᠨ᠎ᠡ ᠵᠢ ᠡᠭᠦᠳᠴᠦ ᠠᠳᠠᠯ ᠦᠶᠯᠡᠰ ᠴᠣᠭᠴᠠᠯᠠᠬᠤ ᠵᠢ ᠳᠡᠮᠵᠢᠬᠦ ᠲᠥᠯᠥᠪᠯᠡᠭᠡ ᠵᠢ ᠬᠡᠷᠡᠭᠵᠢᠭᠦᠯᠵᠦ᠂ ᠮᠤᠵᠢ ᠵᠢᠨ ᠴᠢᠳᠠᠪᠤᠷᠢᠲᠠᠨ᠎ᠳᠤ ᠬᠠᠷᠠᠭ᠋ᠠᠯᠵᠠᠯ ᠦᠵᠡᠭᠦᠯᠬᠦ ᠭᠤᠸᠠᠩᠳᠦ᠋ᠩ ᠺᠠᠷᠲ᠎ᠤᠨ ᠲᠥᠷᠦ ᠵᠢᠨ ᠪᠣᠳᠣᠯᠭ᠎ᠠ ᠵᠢ ᠬᠡᠷᠡᠭᠵᠢᠭᠦᠯᠵᠦ᠂ ᠭᠠᠳᠠᠭ᠋ᠠᠳᠤ ᠵᠢᠨ ᠬᠥᠮᠦᠨ᠎ᠤ ᠳᠤᠮᠳᠠᠳᠤ ᠤᠯᠤᠰ᠎ᠲᠤ ᠢᠷᠡᠵᠦ ᠠᠵᠢᠯᠯᠠᠬᠤ ᠵᠥᠪᠰᠢᠶᠡᠷᠡᠯ᠎ᠤᠨ ᠳᠦᠷᠢᠮ ᠵᠡᠷᠭᠡ ᠵᠢ ᠭᠦᠨᠵᠡᠭᠡᠶ ᠲᠦᠯᠬᠢᠨ ᠠᠬᠢᠭᠤᠯᠤᠨ᠎ᠠ᠃ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠤᠯᠠᠷᠢᠭᠤᠯᠤᠨ ᠦᠨᠡᠯᠡᠬᠦ ᠴᠢᠬᠤᠯᠠ ᠬᠡᠮᠵᠢᠶ᠎ᠡ ᠵᠢ ᠨᠡᠮᠡᠭᠳᠡᠭᠦᠯᠵᠦ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠡᠷᠬᠡ ᠮᠡᠳᠡᠯ᠎ᠢ ᠳᠣᠷᠣᠭᠰᠢ ᠪᠠᠭᠤᠯᠭ᠋ᠠᠨ᠎ᠠ᠃ (ᠢᠷᠡᠯᠲᠡ᠄ ᠰᠢ ᠮᠤᠵᠢ ᠵᠢᠨ ᠵᠠᠰᠠᠭ᠎ᠤᠨ ᠣᠷᠳᠣᠨ᠎ᠤ ᠰᠦᠯᠵᠢᠶ᠎ᠡ) ● 8 ᠰᠠᠷ᠎ᠠ ᠵᠢᠨ 26᠎ᠤ ᠡᠳᠦᠷ᠂ ᠪᠡᠭᠡᠵᠢᠩ ᠬᠣᠲᠠ 《ᠬᠣᠲᠠ ᠵᠢᠨ ᠬᠠᠷᠢᠶ᠎ᠠ ᠪᠦᠬᠦᠢ ᠤᠯᠤᠰ᠎ᠠᠴᠠ ᠥᠮᠴᠢᠯᠡᠯ᠎ᠤᠨ ᠠᠵᠤ ᠠᠬᠤᠢ᠍ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠲᠦᠷᠭᠡᠳᠬᠡᠨ ᠳᠡᠭᠡᠰᠦ ᠨᠠᠷᠢᠯᠢᠭ ᠣᠷᠣᠶ᠋ᠢᠯᠠᠭᠰᠠᠨ ᠠᠵᠤ ᠦᠶᠯᠡᠰ᠎ᠢ ᠶᠡᠬᠡᠪᠡᠷ ᠬᠥᠭᠵᠢᠭᠦᠯᠬᠦ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ》᠎ᠢ ᠨᠡᠶ᠋ᠢᠲᠡᠯᠡᠵᠦ᠂ ᠠᠵᠤ ᠠᠬᠤᠢ᠍ᠯᠠᠯ᠎ᠤᠨ ᠰᠢᠨ᠎ᠡ ᠵᠢ ᠡᠭᠦᠳᠬᠦ ᠵᠢ ᠠᠬᠢᠭᠤᠯᠬᠤ ᠰᠢᠨ᠎ᠡ ᠵᠠᠭᠪᠤᠷ ᠢ ᠪᠠᠶ᠋ᠢᠭᠤᠯᠬᠤ᠂ ᠰᠢᠨ᠎ᠡ ᠵᠢ ᠡᠭᠦᠳᠬᠦ ᠪᠡᠯᠡ ᠮᠥᠩᠭᠥ ᠵᠢᠨ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠬᠤ᠂ ᠰᠢᠨ᠎ᠡ ᠵᠢ ᠡᠭᠦᠳᠬᠦ ᠴᠢᠳᠠᠪᠤᠷᠢᠲᠠᠨ᠎ᠢ ᠤᠷᠮᠠᠰᠢᠭᠤᠯᠬᠤ ᠪᠠᠲᠤᠯᠠᠭ᠎ᠠ ᠵᠢᠨ ᠲᠣᠭᠲᠠᠴᠠ ᠵᠢ ᠴᠢᠩᠭ᠋ᠠᠳᠬᠠᠬᠤ᠂ ᠰᠢᠨ᠎ᠡ ᠵᠢ ᠡᠭᠦᠳᠬᠦ ᠬᠢᠨᠠᠨ ᠰᠢᠯᠭ᠋ᠠᠬᠤ ᠲᠣᠭᠲᠠᠴᠠ ᠵᠢ ᠲᠡᠭᠦᠯᠳᠡᠷᠵᠢᠭᠦᠯᠬᠦ᠂ ᠬᠠᠮᠵᠢᠯᠴᠠᠨ ᠰᠢᠨ᠎ᠡ ᠵᠢ ᠡᠭᠦᠳᠬᠦ ᠬᠥᠭᠵᠢᠯᠲᠡ ᠵᠢ ᠴᠢᠩᠭ᠋ᠠᠳᠬᠠᠬᠤ ᠪᠠ ᠰᠠᠶ᠋ᠢᠨ ᠰᠠᠢ᠍ᠬᠠᠨ ᠰᠢᠨ᠎ᠡ ᠵᠢ ᠡᠭᠦᠳᠬᠦ ᠠᠭᠤᠷ ᠠᠮᠢᠰᠬᠤᠯ᠎ᠢ ᠪᠣᠶ ᠪᠣᠯᠭ᠋ᠠᠬᠤ᠎ᠪᠠᠷ ᠳᠤᠷᠠᠳᠪᠠ᠃ ᠵᠠᠬ᠎ᠠ ᠳᠡᠯᠭᠡᠭᠦᠷᠴᠢᠯᠡᠯᠲᠡ᠎ᠪᠠᠷ ᠳᠠᠮᠵᠢᠨ ᠣᠷᠣᠭᠤᠯᠤᠨ ᠠᠪᠴᠢᠷᠠᠭᠰᠠᠨ ᠰᠢᠨ᠎ᠡ ᠵᠢ ᠡᠭᠦᠳᠬᠦ ᠴᠢᠳᠠᠪᠤᠷᠢᠲᠠᠨ ᠪᠤᠶᠤ ᠰᠢᠨ᠎ᠡ ᠵᠢ ᠡᠭᠦᠳᠬᠦ ᠪᠦᠯᠬᠦᠮ ᠨᠡᠢ᠍ᠢ᠍ᠲᠡ ᠵᠢᠨ ᠬᠡᠷᠡᠭᠰᠡᠬᠦ ᠪᠣᠳᠠᠲᠤ ᠪᠠᠶ᠋ᠢᠳᠠᠯ᠎ᠢ ᠦᠨᠳᠦᠰᠦᠯᠡᠨ ᠲᠤᠰᠠᠭ᠋ᠠᠷ ᠵᠢᠭᠰᠠᠭ᠋ᠠᠵᠤ ᠪᠣᠯᠤᠨ᠎ᠠ; ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ ᠪᠦᠯᠬᠦᠮ ᠨᠡᠶ᠋ᠢᠲᠡ ᠵᠢᠴᠢ ᠴᠢᠬᠤᠯᠠ ᠬᠤᠪᠢ ᠨᠡᠮᠡᠷᠢ ᠦᠵᠡᠭᠦᠯᠦᠭᠰᠡᠨ᠎ᠢ ᠬᠥᠮᠦᠰ ᠵᠣᠬᠢᠬᠤ ᠬᠠᠷᠢᠴᠠᠯ ᠶᠣᠰᠣᠭ᠋ᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠪᠡᠭᠡᠵᠢᠩ᠎ᠳᠤ ᠤᠯᠠᠷᠢᠭᠤᠯᠤᠨ ᠰᠢᠯᠵᠢᠭᠦᠯᠵᠦ ᠴᠡᠪᠡᠷ ᠠᠰᠢᠭ ᠣᠯᠵᠠᠪᠤᠷᠢ ᠵᠢ ᠬᠤᠪᠢᠶᠠᠨ ᠡᠳ᠋ᠯᠡᠵᠦ ᠪᠣᠯᠤᠨ᠎ᠠ᠃ (ᠢᠷᠡᠯᠲᠡ᠄ ᠠᠷᠠᠳ᠎ᠤᠨ ᠰᠦᠯᠵᠢᠶ᠎ᠡ) (20) 8 ᠰᠠᠷ᠎ᠠ ᠵᠢᠨ 28᠎ᠤ ᠡᠳᠦᠷ᠂ ᠰᠢᠶᠠᠩᠭ᠋ᠠᠩ᠎ᠤᠨ ᠲᠤᠰᠬᠠᠶ ᠰᠡᠯᠪᠢᠭᠤᠨᠬᠢᠨ ᠠᠩᠬᠠᠳᠠᠭᠴᠢ ᠰᠢᠶᠠᠩᠭ᠋ᠠᠩ᠎ᠤᠨ ᠴᠢᠳᠠᠪᠤᠷᠢᠲᠠᠨ᠎ᠤ ᠨᠠᠷᠢᠨ ᠳᠠᠩᠰᠠ ᠵᠢ ᠨᠡᠶ᠋ᠢᠲᠡᠯᠡᠵᠦ᠂ ᠨᠡᠷ᠎ᠡ ᠬᠦᠨᠳᠦᠲᠦ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠲᠤᠰᠬᠠᠶ ᠴᠢᠳᠠᠪᠤᠷᠢᠲᠠᠨ᠂ ᠨᠡᠷ᠎ᠡ ᠬᠦᠨᠳᠦᠲᠦ ᠳᠠᠭ᠋ᠠᠳᠬᠠᠯ᠎ᠤᠨ ᠲᠤᠰᠬᠠᠶ ᠴᠢᠳᠠᠪᠤᠷᠢᠲᠠᠨ᠂ ᠨᠡᠷ᠎ᠡ ᠬᠦᠨᠳᠦᠲᠦ ᠲᠣᠭ᠎ᠠ ᠪᠠᠷᠢᠮᠲᠠ ᠵᠢᠨ ᠰᠢᠨᠵᠢᠯᠡᠬᠦ ᠤᠬᠠᠭ᠋ᠠᠨᠲᠠᠨ ᠵᠢᠴᠢ ᠨᠡᠷ᠎ᠡ ᠬᠦᠨᠳᠦᠲᠦ ᠰᠦᠯᠵᠢᠶᠡᠨ᠎ᠤ ᠠᠮᠤᠷ ᠲᠦᠪᠰᠢᠨ᠎ᠤ ᠲᠤᠰᠬᠠᠶ ᠮᠡᠷᠭᠡᠵᠢᠯᠲᠡᠨ᠂ ᠨᠠᠷᠢᠨ ᠪᠣᠳᠣᠭᠴᠢ᠂ ᠲᠦᠷᠪᠢᠨᠤ ᠮᠠᠰᠢᠨ᠎ᠤ ᠢᠨᠵᠧᠨᠧᠷ ᠵᠢᠴᠢ ᠣᠩᠭᠣᠴᠠ ᠰᠠᠯ᠎ᠤᠨ ᠶᠡᠷᠦᠩᠬᠡᠶ ᠬᠠᠮᠢᠶᠠᠷᠤᠭᠴᠢ ᠵᠡᠷᠭᠡ 11 ᠵᠦᠶᠯ᠎ᠤᠨ ᠲᠤᠰᠬᠠᠶ ᠮᠡᠷᠭᠡᠵᠢᠯ᠎ᠢ ᠪᠠᠭᠲᠠᠭ᠋ᠠᠵᠠᠶ᠃ ᠴᠢᠳᠠᠪᠤᠷᠢᠲᠠᠨ᠎ᠤ ᠨᠠᠷᠢᠨ ᠳᠠᠩᠰᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠬᠡᠵᠦ᠂ ᠵᠥᠪᠰᠢᠶᠡᠷᠡᠯ ᠣᠯᠤᠭᠰᠠᠨ ᠭᠤᠶᠤᠴᠢᠯᠠᠭᠴᠢ ᠰᠢᠶᠠᠩᠭ᠋ᠠᠩ᠎ᠳᠤ ᠢᠷᠡᠵᠦ ᠰᠠᠭᠤᠷᠢᠰᠢᠬᠤ᠎ᠠᠴᠠ ᠡᠮᠦᠨ᠎ᠡ ᠤᠷᠢᠳ ᠵᠶ᠋ᠠᠷ ᠲᠣᠰ ᠭᠠᠵᠠᠷ᠎ᠤᠨ ᠬᠥᠯᠥᠰᠥᠯᠡᠭᠴᠢ ᠵᠢᠨ ᠤᠷᠢᠯᠭ᠎ᠠ ᠵᠢ ᠣᠯᠬᠤ ᠪᠣᠯᠤᠨ᠎ᠠ᠃ ᠴᠢᠳᠠᠪᠤᠷᠢᠲᠠᠨ᠎ᠤ ᠨᠠᠷᠢᠨ ᠬᠠᠭᠤᠳᠠᠰᠤ ᠵᠢᠨ ᠬᠠᠮᠢᠶ᠎ᠠ ᠪᠦᠬᠦᠢ ᠲᠤᠰᠬᠠᠶ ᠮᠡᠷᠭᠡᠵᠢᠯ᠎ᠤᠨ ᠬᠢᠷᠢ ᠬᠡᠮ᠎ᠳᠤ ᠨᠡᠶ᠋ᠢᠴᠡᠭᠰᠡᠨ ᠭᠤᠶᠤᠴᠢᠯᠠᠭᠴᠢ᠂ 《ᠰᠢᠯᠢᠳᠡᠭ ᠴᠢᠳᠠᠪᠤᠷᠢᠲᠠᠨ᠎ᠤ ᠬᠢᠯᠢ᠎ᠳᠤ ᠣᠷᠣᠵᠤ ᠢᠷᠡᠬᠦ ᠲᠥᠯᠥᠪᠯᠡᠭᠡ》 ᠵᠢᠨ 《ᠶᠡᠷᠦᠩᠬᠡᠶ᠋ᠢᠯᠡᠭᠰᠡᠨ ᠬᠤᠪᠢ ᠪᠤᠳᠤᠬᠤ ᠳᠦᠷᠢᠮ》᠎ᠤᠨ ᠳᠣᠤᠷ᠎ᠠ ᠢᠯᠡᠭᠦᠴᠡ ᠬᠤᠪᠢ ᠣᠯᠵᠤ ᠪᠣᠯᠤᠨ᠎ᠠ᠃ ᠢᠷᠡᠯᠲᠡ᠄ ᠰᠢᠨᠬᠤᠸᠠ ᠰᠦᠯᠵᠢᠶ᠎ᠡ 8 ᠰᠠᠷ᠎ᠠ ᠵᠢᠨ 28᠎ᠤ ᠡᠳᠦᠷ᠂ 《ᠠᠵᠤ ᠠᠬᠤᠢ᠍ᠯᠠᠯ ᠠᠵᠢᠯ ᠦᠢ᠍ᠯᠡᠰ᠎ᠤᠨ ᠨᠢᠭᠡᠴᠡ ᠵᠢᠨ ᠴᠢᠳᠠᠪᠤᠷᠢᠲᠠᠨ᠎ᠢ ᠴᠤᠭᠯᠠᠭᠤᠯᠵᠤ ᠴᠢᠳᠠᠪᠤᠷᠢᠲᠠᠨ᠎ᠢ ᠬᠡᠷᠡᠭᠯᠡᠵᠦ ᠴᠢᠳᠠᠪᠤᠷᠢᠲᠠᠨ᠎ᠢ ᠬᠡᠷᠡᠭᠯᠡᠬᠦ ᠵᠢ ᠤᠯᠠᠮ ᠴᠢᠨᠠᠭᠰᠢᠳᠠ ᠳᠠᠮᠵᠢᠵᠤ ᠴᠢᠨᠠᠷ ᠰᠠᠶ᠋ᠢᠲᠠᠶ ᠬᠥᠭᠵᠢᠯᠲᠡ ᠵᠢᠨ ᠴᠢᠳᠠᠪᠤᠷᠢᠲᠠᠨ᠎ᠢ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠬᠤ ᠲᠤᠬᠠᠶ ᠰᠠᠨᠠᠯ》᠎ᠢ ᠨᠡᠶ᠋ᠢᠲᠡᠯᠡᠵᠦ᠂ ᠨᠡᠢ᠍ᠢ᠍ᠲᠡ 10 ᠵᠤᠷᠪᠤᠰ 5 ᠲᠠᠯ᠎ᠠ ᠵᠢᠨ ᠠᠭᠤᠯᠭ᠎ᠠ᠎ᠲᠠᠢ᠄ ᠴᠢᠨᠠᠷ ᠰᠠᠶ᠋ᠢᠲᠠᠶ ᠬᠥᠭᠵᠢᠯᠲᠡ ᠵᠢᠨ ᠡᠮᠦᠨ᠎ᠡ ᠡᠩᠨᠡᠭᠡᠨ᠎ᠳᠤ ᠶᠠᠪᠤᠬᠤ ᠦᠨᠳᠦᠷᠴᠡ᠎ᠠᠴᠠ ᠴᠢᠳᠠᠪᠤᠷᠢᠲᠠᠨ᠎ᠤ ᠪᠠᠶ᠋ᠢᠷᠢᠰᠢᠭᠤᠯᠤᠯᠲᠠ ᠵᠢ ᠲᠥᠯᠥᠪᠵᠢᠭᠦᠯᠵᠦ᠂ ᠥᠨᠳᠥᠷᠯᠢᠭ ᠳᠡᠭᠡᠷ᠎ᠡ ᠥᠨᠳᠥᠷ ᠣᠷᠭᠢᠯ ᠪᠠᠶ᠋ᠢᠭᠤᠯᠬᠤ ᠵᠢ ᠳᠣᠪᠣᠶ᠋ᠢᠯᠭ᠋ᠠᠵᠤ᠂ ᠡᠬᠢ ᠪᠠᠶᠠᠯᠢᠭ᠎ᠢ ᠬᠤᠷᠠᠮᠳᠤᠭᠤᠯᠤᠨ ᠳᠠᠭ᠋ᠠᠭᠤᠯᠤᠭᠴᠢ ᠬᠡᠯᠪᠡᠷᠢ ᠵᠢᠨ ᠠᠵᠤ ᠠᠬᠤᠢ᠍ᠯᠠᠯ᠎ᠤᠨ ᠬᠥᠭᠵᠢᠯᠲᠡ ᠵᠢ ᠲᠡᠳᠬᠦᠵᠦ᠂ ᠴᠢᠳᠠᠪᠤᠷᠢᠲᠠᠨ᠎ᠤ ᠬᠥᠭᠵᠢᠯᠲᠡ ᠵᠢᠨ ᠪᠠᠢ᠍ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ ᠴᠢᠳᠠᠪᠤᠷᠢᠲᠠᠨ᠎ᠤ ᠬᠥᠭᠵᠢᠯᠲᠡ ᠵᠢᠨ ᠰᠠᠶ᠋ᠢᠨ ᠰᠠᠢ᠍ᠬᠠᠨ ᠣᠷᠴᠢᠨ ᠲᠣᠭᠣᠷᠢᠨ ᠢ ᠪᠦᠬᠦ ᠬᠦᠴᠦᠨ ᠵᠶ᠋ᠠᠷ ᠴᠣᠭᠴᠠᠯᠠᠨ᠎ᠠ᠃ (ᠢᠷᠡᠯᠲᠡ᠄ ᠵᠢᠶᠠᠩᠰᠦ ᠮᠤᠵᠢ ᠵᠢᠨ ᠵᠠᠰᠠᠭ᠎ᠤᠨ ᠣᠷᠳᠣᠨ᠎ᠤ ᠰᠦᠯᠵᠢᠶ᠎ᠡ) ᠭᠤᠷᠪᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠬᠠᠮᠢᠶᠠᠷᠤᠯᠲᠠ ᠬᠢᠭᠡᠳ ᠦᠶᠯᠡᠴᠢᠯᠡᠭᠡ 8 ᠰᠠᠷ᠎ᠠ ᠵᠢᠨ 6᠎ᠤ ᠡᠳᠦᠷ᠎ᠠᠴᠠ 10᠎ᠤ ᠡᠳᠦᠷ ᠪᠣᠯᠲᠠᠯ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠲᠥᠷᠥ ᠵᠢᠨ ᠪᠣᠳᠣᠯᠭ᠎ᠠ ᠵᠢᠨ ᠵᠤᠷᠭ᠋ᠠᠨ᠎ᠤ ᠵᠢᠯᠣᠭᠣᠳᠣᠯᠭ᠎ᠠ ᠳᠣᠤᠷ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠴᠢᠳᠠᠪᠤᠷᠢᠲᠠᠨ᠎ᠤ ᠲᠥᠪ ᠪᠡᠭᠡᠵᠢᠩ᠎ᠳᠤ 《2018᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠪᠠ ᠬᠠᠮᠢᠶᠠᠷᠬᠤ ᠪᠣᠯᠪᠠᠰᠤᠷᠠᠭᠤᠯᠤᠯ᠎ᠤᠨ ᠠᠩᠭᠢ》 ᠵᠢ ᠡᠷᠭᠢᠯᠡᠪᠡ᠃ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠴᠢ ᠠᠰᠲᠠᠭᠠᠨ ᠲᠥᠯᠥᠪᠯᠡᠭᠡ ᠬᠢᠬᠦ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ (ᠵᠥᠪᠯᠡᠯ᠂ ᠲᠣᠪᠴᠢᠶ᠎ᠠ)᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶ᠋ᠢᠭᠤᠯᠤᠮᠵᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠠᠵᠢᠯ᠎ᠢ ᠬᠠᠷᠢᠭᠤᠴᠠᠵᠤ ᠪᠠᠶᠭ᠎ᠠ ᠨᠥᠬᠥᠳ 80 ᠰᠢᠬᠠᠮ ᠬᠥᠮᠦᠨ ᠣᠷᠣᠯᠴᠠᠵᠠᠶ᠃ 8 ᠰᠠᠷ᠎ᠠ ᠵᠢᠨ 16᠎ᠤ ᠡᠳᠦᠷ᠎ᠠᠴᠠ 21᠎ᠤ ᠡᠳᠦᠷ ᠪᠣᠯᠲᠠᠯ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠠᠵᠢᠯᠲᠠᠨ᠎ᠤ ᠶᠠᠪᠤᠳᠠᠯ᠎ᠤᠨ ᠵᠤᠷᠭ᠋ᠠᠨ᠎ᠠᠴᠠ ᠭᠣᠤᠯᠯᠠᠨ ᠡᠷᠬᠢᠯᠡᠵᠦ᠂ ᠴᠢᠳᠠᠪᠤᠷᠢᠲᠠᠨ᠎ᠤ ᠲᠥᠪ᠎ᠠᠴᠠ ᠵᠣᠬᠢᠶᠠᠨ ᠪᠠᠶ᠋ᠢᠭᠤᠯᠤᠭᠰᠠᠨ 《2018᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠰᠢᠰᠲ᠋ᠧᠮ᠎ᠤᠨ ᠰᠢᠨ᠎ᠡ᠎ᠪᠠᠷ ᠡᠯᠰᠡᠭᠰᠡᠨ (ᠤᠷᠢᠭᠰᠠᠨ) ᠠᠵᠢᠯᠲᠠᠨ᠎ᠤ ᠠᠩᠬ᠎ᠠ ᠲᠤᠰᠢᠶᠠᠯ ᠬᠠᠷᠢᠭᠤᠴᠠᠬᠤ ᠪᠣᠯᠪᠠᠰᠤᠷᠠᠯ᠎ᠤᠨ ᠠᠩᠭᠢ》 ᠪᠡᠭᠡᠵᠢᠩ᠎ᠳᠤ ᠡᠷᠬᠢᠯᠡᠵᠦ᠂ ᠶᠠᠮᠤᠨ᠎ᠤ ᠪᠠᠶ᠋ᠢᠭᠤᠯᠤᠯᠭ᠎ᠠ᠂ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ 94 ᠰᠤᠷᠤᠭᠴᠢ ᠪᠣᠯᠪᠠᠰᠤᠷᠠᠯ᠎ᠳᠤ ᠣᠷᠣᠯᠴᠠᠪᠠ᠃ 8 ᠰᠠᠷ᠎ᠠ ᠵᠢᠨ 23᠎ᠤ ᠡᠳᠦᠷ᠎ᠠᠴᠠ 26᠎ᠤ ᠡᠳᠦᠷ ᠪᠣᠯᠲᠠᠯ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠴᠢᠳᠠᠪᠤᠷᠢᠲᠠᠨ᠎ᠤ ᠲᠥᠪ᠎ᠠᠴᠠ ᠭᠣᠤᠯᠯᠠᠨ ᠡᠷᠬᠢᠯᠡᠵᠦ᠂ ᠴᠢᠩᠳᠣᠤ ᠵᠢᠨ ᠪᠠᠷᠠᠭᠤᠨ ᠳᠠᠯᠠᠢ ᠵᠢᠨ ᠡᠷᠭᠢ ᠵᠢᠨ ᠰᠢᠨ᠎ᠡ ᠲᠣᠭᠣᠷᠢᠭ ᠢ ᠳᠠᠭ᠋ᠠᠭ᠋ᠠᠴᠢᠯᠠᠨ ᠡᠷᠬᠢᠯᠡᠵᠦ᠂ ᠱᠠᠨᠳᠦ᠋ᠩ ᠮᠤᠵᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠂ ᠴᠢᠩᠳᠣᠤ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠵᠢᠨ ᠬᠠᠮᠵᠢᠯᠴᠠᠨ ᠡᠷᠬᠢᠯᠡᠭᠰᠡᠨ 《ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ ᠱᠠᠨᠳᠦ᠋ᠩ ᠮᠤᠵᠢ ᠵᠢᠨ ᠠᠶᠠᠯᠠᠯ》᠎ᠤᠨ ᠠᠵᠢᠯᠯᠠᠭ᠎ᠠ ᠴᠢᠩᠳᠣᠤ ᠪᠣᠯᠤᠨ ᠴᠢᠩᠳᠣᠤ᠎ᠳᠠᠬᠢ 40 ᠭᠠᠷᠤᠶ ᠪᠡᠭᠡᠵᠢᠩ᠂ ᠱᠠᠩᠬᠠᠶ᠂ ᠱᠧᠨᠵᠧᠨ᠂ ᠨᠠᠨᠵᠢᠩ᠂ ᠬᠠᠩᠵᠧᠦ ᠵᠡᠷᠭᠡ ᠭᠠᠵᠠᠷ᠎ᠤᠨ 《ᠲᠦᠮᠡᠨ ᠬᠥᠮᠦᠨ᠎ᠤ ᠲᠥᠯᠥᠪᠯᠡᠭᠡ》 ᠵᠢᠨ ᠴᠢᠳᠠᠪᠤᠷᠢᠲᠠᠨ᠎ᠤ ᠲᠤᠰᠬᠠᠶ ᠮᠡᠷᠭᠡᠵᠢᠯᠲᠡᠨ ᠲᠣᠰ ᠠᠵᠢᠯᠯᠠᠭ᠎ᠠ᠎ᠳᠤ ᠣᠷᠣᠯᠴᠠᠪᠠ᠃ 8 ᠰᠠᠷ᠎ᠠ ᠵᠢᠨ 28᠎ᠤ ᠡᠳᠦᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠴᠢᠳᠠᠪᠤᠷᠢᠲᠠᠨ᠎ᠤ ᠲᠥᠪ᠎ᠠᠴᠠ ᠳᠠᠭ᠋ᠠᠭ᠋ᠠᠴᠢᠯᠠᠨ ᠡᠷᠬᠢᠯᠡᠭᠰᠡᠨ 《2018᠎ᠤᠨ ᠰᠢᠨ᠎ᠡ ᠵᠢ ᠡᠭᠦᠳᠬᠦ ᠵᠢᠶᠠᠰᠢᠩ · ᠰᠤᠳᠤᠴᠤᠤᠯ᠎ᠤᠨ ᠬᠥᠲᠥᠯᠥᠨ ᠳᠠᠭ᠋ᠠᠭᠤᠯᠬᠤ ᠲᠥᠯᠥᠪᠯᠡᠭᠡ》 ᠵᠢᠨ ᠵᠦᠶᠯᠡᠰ᠎ᠢ ᠬᠢᠨᠠᠨ ᠲᠣᠭᠲᠠᠭ᠋ᠠᠬᠤ ᠠᠵᠢᠯ ᠶᠠᠪᠤᠭᠳᠠᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠴᠢᠳᠠᠪᠤᠷᠢᠲᠠᠨ᠎ᠤ ᠲᠥᠪ᠎ᠠᠴᠠ ᠡᠯᠧᠺᠳ᠋ᠷᠣᠨ ᠮᠡᠳᠡᠭᠡ ᠵᠠᠩᠭᠢ᠂ ᠠᠮᠢᠳᠤ ᠪᠣᠳᠠᠰ᠎ᠤᠨ ᠡᠮ ᠡᠮᠨᠡᠯᠭᠡ᠂ ᠡᠨᠧᠷᠭᠢ ᠠᠷᠪᠢᠯᠠᠵᠤ ᠣᠷᠴᠢᠨ ᠠᠬᠤᠶ ᠵᠢ ᠬᠠᠮᠠᠭ᠋ᠠᠯᠠᠬᠤ ᠪᠠ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠢᠨᠵᠧᠨᠧᠷᠢᠩ ᠪᠠ ᠮᠠᠲ᠋ᠧᠷᠢᠶᠠᠯ᠂ ᠬᠢᠮᠢ᠂ ᠲᠣᠨᠣᠭᠯᠠᠯ ᠦᠶᠯᠡᠳᠬᠦ ᠵᠡᠷᠭᠡ ᠠᠳᠠᠯᠢ ᠪᠤᠰᠤ ᠬᠦᠷᠢᠶᠡᠨ᠎ᠤ ᠰᠢᠨ᠎ᠡ ᠵᠢ ᠡᠭᠦᠳᠴᠦ ᠠᠳᠠᠯ ᠦᠶᠯᠡᠰ ᠴᠣᠭᠴᠠᠯᠠᠬᠤ 18 ᠲᠤᠰᠬᠠᠶ ᠮᠡᠷᠭᠡᠵᠢᠯᠲᠡᠨ᠎ᠢ ᠤᠷᠢᠵᠤ ᠲᠣᠰ ᠤᠳᠠᠭ᠋ᠠᠨ᠎ᠤ ᠰᠢᠯᠭ᠋ᠠᠷᠠᠭᠤᠯᠤᠯᠲᠠ᠎ᠳᠤ ᠣᠷᠣᠯᠴᠠᠭᠤᠯᠪᠠ᠃ ● 8 ᠰᠠᠷ᠎ᠠ ᠵᠢᠨ 29᠎ᠤ ᠡᠳᠦᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠴᠢᠳᠠᠪᠤᠷᠢᠲᠠᠨ᠎ᠤ ᠲᠥᠪ ᡁᠢ ᠵᠢᠶᠠᠩ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠪᠠᠶ᠋ᠢᠭᠤᠯᠤᠭᠰᠠᠨ ᠬᠤᠪᠧᠶ ᠮᠤᠵᠢ ᠵᠢᠨ ᠠᠩᠬᠠᠳᠠᠭᠴᠢ ᠰᠢᠶᠠᠨ ᠬᠣᠲᠠ ᠵᠢᠨ ᠲᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠭ᠋ᠠᠭᠤᠯᠤᠭᠴᠢ ᠴᠢᠳᠠᠪᠤᠷᠢᠲᠠᠨ᠎ᠤ ᠰᠢᠨ᠎ᠡ ᠵᠢ ᠡᠭᠦᠳᠬᠦ ᠬᠥᠳᠡᠯᠭᠡᠭᠦᠷ᠎ᠤᠨ ᠲᠥᠪ (ᡁᠢ ᠵᠢᠶᠠᠩ) ᠵᠢᠩᠬᠢᠨᠢ᠎ᠪᠠᠷ ᠨᠤᠲᠤᠭᠰᠢᠪᠠ᠃ ᠳᠤᠮᠳᠠᠳᠤ ᠤᠯᠤᠰ᠎ᠠᠴᠠ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠪᠡᠭᠡᠵᠢᠩ᠎ᠤᠨ ᠠᠭ᠋ᠠᠷ ᠰᠠᠨᠰᠠᠷ᠎ᠤᠨ ᠠᠶᠠᠯᠠᠯ᠎ᠤᠨ ᠶᠡᠬᠡ ᠰᠤᠷᠭ᠋ᠠᠭᠤᠯᠢ᠂ ᠲᠢᠶᠠᠨᠵᠢᠨ ᠶᠡᠬᠡ ᠰᠤᠷᠭ᠋ᠠᠭᠤᠯᠢ᠂ ᠬᠤᠸᠠᠵᠦ᠋ᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠡᠬᠡ ᠰᠤᠷᠭ᠋ᠠᠭᠤᠯᠢ᠂ ᠪᠡᠭᠡᠵᠢᠩ᠎ᠤᠨ ᠪᠠᠭᠰᠢ ᠵᠢᠨ ᠶᠡᠬᠡ ᠰᠤᠷᠭ᠋ᠠᠭᠤᠯᠢ᠂ ᠰᠦᠵᠧᠦ ᠶᠡᠬᠡ ᠰᠤᠷᠭ᠋ᠠᠭᠤᠯᠢ᠂ ᠾᠧᠪᠧᠶ ᠵᠢᠨ ᠠᠵᠤ ᠦᠶᠯᠡᠳᠪᠦᠷᠢ ᠵᠢᠨ ᠶᠡᠬᠡ ᠰᠤᠷᠭ᠋ᠠᠭᠤᠯᠢ ᠵᠢᠨ ᠨᠠᠷᠠᠲᠤ ᠡᠷᠳᠡᠮᠲᠡᠨ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠶᠯᠡᠰ ᠪᠣᠰᠬᠠᠬᠤ ᠳᠠᠭ᠋ᠠᠭᠤᠯᠤᠭᠴᠢ ᠴᠢᠳᠠᠪᠤᠷᠢᠲᠠᠨ ᠵᠡᠷᠭᠡ 11 ᠲᠤᠰᠬᠠᠶ ᠮᠡᠷᠭᠡᠵᠢᠯᠲᠡᠨ᠎ᠢ ᠤᠷᠢᠵᠤ ᠲᠣᠰ ᠤᠳᠠᠭ᠋ᠠᠨ᠎ᠤ ᠳᠡᠭᠡᠰᠦ ᠲᠡᠰ᠎ᠤᠨ ᠳᠠᠭ᠋ᠠᠭᠤᠯᠤᠭᠴᠢ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠲᠠᠨᠢᠯᠴᠠᠭᠤᠯᠬᠤ ᠠᠵᠢᠯᠯᠠᠭ᠎ᠠ᠎ᠳᠤ ᠣᠷᠣᠯᠴᠠᠭᠤᠯᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠴᠢᠳᠠᠪᠤᠷᠢᠲᠠᠨ᠎ᠤ ᠲᠥᠪ ᠯᠢ ᠫᠦ᠌ ᠡᠷᠬᠢᠯᠡᠭᠴᠢ ᠬᠤᠷᠠᠯ᠎ᠳᠤ ᠣᠷᠣᠯᠴᠠᠭᠰᠠᠨ ᠪᠥᠭᠡᠳ ᠲᠤᠬᠠᠶ ᠵᠢᠨ ᠭᠠᠵᠠᠷ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠬᠥᠮᠦᠰ᠎ᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠵᠢᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠶ ᠭᠦᠨᠵᠡᠭᠡᠶ ᠶᠠᠷᠢᠯᠴᠠᠪᠠ᠃ ᠳᠥᠷᠪᠡᠨ᠂ ᠲᠥᠷᠥ ᠵᠢᠨ ᠪᠣᠳᠣᠯᠭ᠎ᠠ ᠵᠢᠨ ᠭᠣᠤᠯᠳᠠᠯᠭ᠎ᠠ ᠳᠤᠮᠳᠠᠳᠤ ᠤᠯᠤᠰ᠎ᠠᠴᠠ ᠡᠪ ᠬᠠᠮᠲᠤ ᠨᠠᠮ᠎ᠤᠨ ᠲᠥᠪ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠤᠨ ᠳᠤᠮᠳᠠᠳᠤ ᠤᠯᠤᠰ᠎ᠠᠴᠠ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠬᠠᠭᠤᠯᠬᠤ ᠬᠡᠯᠲᠡᠰ᠎ᠤᠨ 《ᠥᠷᠭᠡᠨ ᠣᠯᠠᠨ ᠰᠡᠬᠡᠭᠡᠲᠡᠨ᠎ᠤ ᠳᠤᠮᠳᠠ 〈ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠭᠠᠪᠢᠶ᠎ᠠ ᠪᠠᠶ᠋ᠢᠭᠤᠯᠵᠤ ᠰᠢᠨ᠎ᠡ ᠴᠠᠭ ᠣᠶ᠋ᠢᠶ᠎ᠠ᠎ᠳᠤ ᠦᠶᠯᠡᠰ ᠪᠦᠲᠦᠭᠡᠬᠦ〉 ᠠᠵᠢᠯᠯᠠᠭ᠎ᠠ ᠵᠢ ᠭᠦᠨᠵᠡᠭᠡᠶ ᠥᠷᠨᠢᠭᠦᠯᠬᠦ ᠲᠤᠬᠠᠶ ᠮᠡᠳᠡᠭᠳᠡᠯ》᠎ᠤᠨ ᠲᠥᠷᠥ ᠵᠢᠨ ᠪᠣᠳᠣᠯᠭ᠎ᠠ ᠵᠢᠨ ᠭᠣᠤᠯ ᠠᠭᠤᠯᠠᠨ᠎ᠠ᠄ 1᠃ ᠳᠤᠮᠳᠠᠳᠤ ᠤᠯᠤᠰ᠎ᠠᠴᠠ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠬᠠᠭᠤᠯᠤᠨ ᠲᠠᠶ᠋ᠢᠯᠪᠤᠷᠢᠯᠠᠬᠤ ᠵᠢ ᠪᠥᠬᠥ ᠲᠠᠯ᠎ᠠ᠎ᠪᠠᠷ ᠴᠢᠩᠭ᠋ᠠᠳᠬᠠᠨ᠎ᠠ᠃ ᠳᠡᠭᠡᠰᠦ ᠳᠣᠣᠷᠠᠳᠤ ᠱᠠᠲᠤ᠎ᠪᠠᠷ ᠵᠶ᠋ᠠᠨ ᠬᠣᠯᠪᠣᠭ᠋ᠠᠯᠠᠨ ᠬᠥᠳᠡᠯᠦᠯᠴᠡᠵᠦ᠂ ᠪᠦᠬᠦ ᠲᠠᠯ᠎ᠠ᠎ᠪᠠᠷ᠂ ᠪᠣᠰᠣᠭ᠎ᠠ ᠴᠣᠭᠴᠠᠵᠢᠭᠤᠯᠤᠨ ᠤᠬᠠᠭᠤᠯᠭ᠎ᠠ ᠲᠠᠶ᠋ᠢᠯᠤᠮᠵᠢ ᠵᠢ ᠥᠷᠨᠢᠭᠦᠯᠵᠦ᠂ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ ᠵᠢ ᠰᠤᠷᠤᠯᠴᠠᠨ ᠪᠠᠳᠠᠷᠠᠭᠤᠯᠬᠤ ᠬᠡᠷᠡᠭᠲᠡᠶ᠃ 《ᠬᠣᠶᠠᠷ ᠪᠥᠮᠪᠥᠭᠡ ᠨᠢᠭᠡ ᠤᠳᠤᠨ》᠎ᠤ ᠵᠣᠷᠢᠭ ᠰᠠᠨᠠᠭ᠎ᠠ᠂ ᠬᠥᠮᠦᠨ ᠰᠠᠭᠤᠯᠭ᠋ᠠᠭᠰᠠᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ ᠵᠡᠷᠭᠡ ᠵᠢ ᠪᠠᠳᠠᠷᠠᠭᠤᠯᠬᠤ᠎ᠲᠠᠢ ᠤᠶᠠᠯᠳᠤᠭᠤᠯᠵᠤ᠂ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ ᠵᠢ ᠦᠶᠯᠡᠳᠦᠯᠭᠡᠵᠢᠭᠦᠯᠦᠭᠰᠡᠨ ᠵᠢᠱ᠌ᠢᠶᠡᠴᠢ ᠬᠥᠮᠦᠰ᠎ᠤᠨ ᠲᠡᠷᠢᠭᠦᠨ᠎ᠤ ᠦᠢ᠍ᠯᠡ ᠠᠵᠢᠯᠯᠠᠭ᠎ᠠ ᠵᠢᠨ ᠤᠬᠠᠭᠤᠯᠭ᠎ᠠ ᠵᠢ ᠲᠥᠪᠯᠡᠷᠡᠭᠦᠯᠦᠨ ᠥᠷᠨᠢᠭᠦᠯᠦᠨ᠎ᠡ᠃ ᠤᠨᠤᠯ᠎ᠤᠨ ᠵᠣᠬᠢᠶᠠᠯ ᠪᠢᠴᠢᠬᠦ᠂ ᠳᠠᠭᠤ ᠳᠦᠷᠰᠦ ᠰᠢᠩᠭᠡᠭᠡᠯᠲᠡ ᠵᠢᠨ ᠮᠠᠲ᠋ᠧᠷᠢᠶᠠᠯ᠎ᠢ ᠨᠡᠭᠡᠭᠡᠨ ᠬᠥᠭᠵᠢᠭᠦᠯᠬᠦ᠂ ᠨᠣᠮ ᠪᠢᠴᠢᠭ ᠨᠠᠶ᠋ᠢᠷᠠᠭᠤᠯᠤᠨ ᠬᠡᠪᠯᠡᠭᠦᠯᠬᠦ᠂ ᠤᠳᠬ᠎ᠠ ᠤᠷᠠᠯᠢᠭ᠎ᠤᠨ ᠪᠦᠲᠦᠭᠡᠯ ᠵᠣᠬᠢᠶᠠᠨ ᠪᠦᠲᠦᠭᠡᠬᠦ ᠵᠡᠷᠭᠡ ᠠᠷᠭ᠎ᠠ ᠬᠡᠯᠪᠡᠷᠢ ᠵᠢ ᠠᠪᠴᠤ᠂ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ ᠪᠠ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ 《ᠪᠠᠷᠠᠭᠤᠨᠰᠢ ᠨᠡᠭᠦᠭᠰᠡᠨ ᠬᠥᠮᠦᠨ》᠎ᠤ ᠦᠢ᠍ᠯᠡ ᠠᠵᠢᠯᠯᠠᠭ᠎ᠠ ᠵᠢ ᠠᠭᠤᠳᠠᠯᠤᠨ ᠡᠮᠬᠢᠳᠬᠡᠵᠦ᠂ ᠤᠩᠰᠢᠨ ᠲᠠᠶ᠋ᠢᠯᠪᠤᠷᠢᠯᠠᠬᠤ ᠪᠠ ᠤᠷᠠᠯᠢᠭ᠎ᠤᠨ ᠢᠯᠡᠷᠡᠭᠦᠯᠦᠯ ᠬᠢᠨ᠎ᠡ᠃ 《ᠴᠠᠭ ᠦᠶ᠎ᠡ ᠵᠢᠨ ᠦᠯᠢᠭᠡᠷ ᠳᠠᠭᠤᠷᠢᠶᠠᠯ》᠂ 《ᠬᠠᠮᠤᠭ᠎ᠤᠨ ᠭᠤᠶᠤ ᠬᠥᠮᠦᠨ》᠎ᠤ ᠰᠤᠷᠤᠯᠴᠠᠯᠭ᠎ᠠ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠦᠨ᠎ᠡ᠃ ᠲᠥᠪ᠎ᠤᠨ ᠪᠠ ᠣᠷᠣᠨ ᠨᠤᠲᠤᠭ᠎ᠤᠨ ᠬᠣᠯᠪᠣᠭᠳᠠᠯ ᠪᠦᠬᠦᠢ ᠰᠣᠨᠢᠨ ᠮᠡᠳᠡᠭᠡᠨ᠎ᠤ ᠵᠠᠭᠤᠴᠢᠯᠠᠭᠤᠷ᠎ᠤᠳ ᠲᠤᠰᠬᠠᠶ ᠪᠤᠯᠤᠩ ᠭᠠᠷᠭ᠋ᠠᠵᠤ᠂ ᠠᠵᠢᠯᠯᠠᠭ᠎ᠠ ᠥᠷᠨᠢᠭᠦᠯᠦᠭᠰᠡᠨ ᠪᠠᠶ᠋ᠢᠳᠠᠯ᠎ᠢ ᠴᠠᠭ ᠲᠤᠬᠠᠶ᠎ᠳᠤᠨᠢ ᠤᠬᠠᠭᠤᠯᠤᠨ ᠮᠡᠳᠡᠭᠡᠯᠡᠬᠦ ᠬᠡᠷᠡᠭᠲᠡᠶ᠃ ᠦᠨᠳᠦᠰᠦᠨ ᠱᠠᠲᠤᠨ᠎ᠤ ᠨᠢᠭᠡᠴᠡ᠎ᠨᠦᠭᠦᠳ ᠬᠠᠷᠢᠶ᠎ᠠ ᠪᠦᠬᠦᠢ ᠰᠦᠯᠵᠢᠶᠡᠨ ᠥᠷᠲᠡᠭᠡ᠂ ᠪᠢᠴᠢᠯ ᠪᠦᠷᠭᠡ᠂ ᠸᠢᠴᠠᠲ᠎ᠤᠨ ᠣᠯᠠᠨ ᠨᠡᠢ᠍ᠢ᠍ᠲᠡ ᠵᠢᠨ ᠳ᠋ᠤᠭ᠋ᠠᠷ᠂ ᠤᠬᠠᠭᠤᠯᠭ᠎ᠠ ᠵᠢᠨ ᠪᠤᠯᠤᠩ ᠵᠡᠷᠭᠡ ᠲᠠᠪᠴᠠᠩ ᠢ ᠭᠦᠶᠴᠡᠳ ᠠᠰᠢᠭᠯᠠ᠂ ᠡᠯᠪᠡᠭ ᠪᠠᠶᠠᠯᠢᠭ ᠣᠯᠠᠨ ᠶᠠᠩᠵᠤ ᠵᠢᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠬᠦ ᠬᠡᠷᠡᠭᠲᠡᠶ᠃ 2᠃ ᠳᠤᠮᠳᠠᠳᠤ ᠤᠯᠤᠰ᠎ᠠᠴᠠ ᠡᠪ ᠬᠠᠮᠲᠤ ᠨᠠᠮ᠎ᠤᠨ ᠲᠥᠪ ᠬᠣᠷᠢᠶᠠᠨ᠎ᠤ ᠭᠦᠨᠵᠡᠭᠡᠶ ᠰᠤᠷᠤᠯᠴᠠᠬᠤ ᠵᠢ ᠵᠣᠬᠢᠶᠠᠨ ᠪᠠᠶ᠋ᠢᠭᠤᠯᠬᠤ ᠬᠡᠷᠡᠭᠲᠡᠶ᠃ ᠶᠡᠷᠦᠩᠬᠡᠶ ᠱᠦᠵᠢ ᠰᠢ ᠵᠢᠨ ᠫᠢᠩ᠎ᠤᠨ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠋ᠠᠨ᠎ᠤ ᠲᠤᠬᠠᠶ ᠴᠢᠬᠤᠯᠠ ᠵᠢᠭ᠋ᠠᠪᠤᠷᠢ᠎ᠲᠠᠢ ᠨᠢᠭᠲᠠ ᠤᠶᠠᠯᠳᠤᠭᠤᠯᠤᠨ᠂ ᠲᠤᠰᠬᠠᠶ ᠰᠡᠳᠦᠪᠲᠦ ᠰᠤᠷᠤᠯᠴᠠᠯᠭ᠎ᠠ᠂ ᠶᠠᠷᠢᠯᠴᠠᠬᠤ ᠬᠤᠷᠠᠯ ᠰᠣᠯᠢᠯᠴᠠᠭ᠎ᠠ ᠵᠡᠷᠭᠡ ᠣᠯᠠᠨ ᠵᠦᠶᠯ᠎ᠤᠨ ᠬᠡᠯᠪᠡᠷᠢ᠎ᠪᠠᠷ ᠳᠠᠮᠵᠢᠭᠤᠯᠤᠨ᠂ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠪᠣᠯᠤᠨ ᠪᠤᠰᠤᠳ ᠠᠵᠤ ᠠᠬᠤᠢ᠍ᠯᠠᠯ ᠠᠵᠢᠯ ᠦᠢ᠍ᠯᠡᠰ᠎ᠤᠨ ᠨᠢᠭᠡᠴᠡ ᠵᠢᠨ ᠰᠡᠬᠡᠭᠡᠲᠡᠳ᠎ᠤᠨ ᠳᠤᠮᠳᠠ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ ᠵᠢ ᠰᠤᠷᠤᠯᠴᠠᠨ ᠶᠠᠷᠢᠯᠴᠠᠵᠤ᠂ ᠰᠢᠨ᠎ᠡ ᠴᠠᠭ ᠦᠶ᠎ᠡ ᠵᠢᠨ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ᠂ ᠨᠠᠮ ᠪᠣᠯᠤᠨ ᠤᠯᠤᠰ᠎ᠠᠴᠠ ᠲᠡᠮᠡᠴᠡᠬᠦ ᠬᠠᠷᠠᠯᠲᠠ ᠵᠢᠨ ᠦᠵᠡᠯ ᠰᠠᠨᠠᠭ᠋ᠠᠨ᠎ᠤ ᠮᠡᠳᠡᠷᠡᠮᠵᠢ᠂ ᠬᠠᠶ᠋ᠢᠷ᠎ᠠ ᠰᠡᠳᠬᠢᠯᠭᠡ ᠵᠢᠨ ᠮᠡᠳᠡᠷᠡᠮᠵᠢ᠂ ᠥᠷᠲᠡᠭ᠎ᠤᠨ ᠮᠡᠳᠡᠷᠡᠮᠵᠢ ᠵᠢ ᠦᠨᠡᠨᠬᠦ ᠴᠢᠩᠭ᠋ᠠᠳᠬᠠᠬᠤ ᠬᠡᠷᠡᠭᠲᠡᠶ᠃ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠢ ᠨᠠᠮ᠎ᠤᠨ ᠡᠭᠦᠷ᠎ᠤᠨ 《ᠭᠤᠷᠪᠠᠨ ᠬᠤᠷᠠᠯ ᠨᠢᠭᠡ ᠬᠢᠴᠢᠶᠡᠯ》 ᠪᠣᠯᠤᠨ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠳᠤ ᠣᠷᠣᠭᠤᠯᠵᠤ᠂ ᠨᠠᠮ᠎ᠤᠨ ᠭᠡᠰᠢᠭᠦᠨ ᠰᠡᠬᠡᠭᠡᠲᠡᠳ᠎ᠤᠨ ᠬᠣᠰᠢᠭᠤᠴᠢ ᠰᠤᠷᠲᠠᠯ᠎ᠢ ᠪᠠᠳᠠᠷᠠᠭᠤᠯᠬᠤ ᠬᠡᠷᠡᠭᠲᠡᠶ᠃ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ ᠵᠢ ᠰᠤᠷᠤᠯᠴᠠᠬᠤ ᠤᠩᠰᠢᠬᠤ ᠪᠢᠴᠢᠭ᠎ᠢ ᠨᠠᠶ᠋ᠢᠷᠠᠭᠤᠯᠤᠨ ᠳᠠᠷᠤᠮᠠᠯᠯᠠᠵᠤ᠂ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ ᠵᠢ ᠰᠡᠬᠡᠭᠡᠲᠡᠨ ᠪᠣᠯᠤᠨ ᠵᠠᠯᠠᠭᠤ ᠰᠤᠷᠤᠭᠴᠢᠳ᠎ᠤᠨ ᠦᠵᠡᠯ ᠰᠠᠨᠠᠭ᠎ᠠ ᠤᠯᠤᠰ ᠲᠥᠷᠦ ᠵᠢᠨ ᠬᠥᠮᠦᠵᠢᠯ᠂ ᠠᠵᠢᠯ ᠮᠡᠷᠭᠡᠵᠢᠯ᠎ᠤᠨ ᠶᠣᠰᠣ ᠰᠤᠷᠲᠠᠬᠤᠨ᠎ᠤ ᠪᠠᠢ᠍ᠭᠤᠯᠤᠯᠲᠠ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠶᠣᠰᠣ ᠰᠤᠷᠲᠠᠬᠤᠨ᠎ᠤ ᠬᠥᠮᠦᠵᠢᠯ᠎ᠤᠨ ᠴᠢᠬᠤᠯᠠ ᠠᠭᠤᠯᠠᠨ᠎ᠠ ᠪᠣᠯᠭ᠋ᠠᠨ᠎ᠠ᠃ 3᠃ ᠳᠤᠮᠳᠠᠳᠤ ᠤᠯᠤᠰ᠎ᠠᠴᠠ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠤᠰᠬᠠᠶ ᠰᠡᠳᠦᠪᠲᠦ ᠰᠤᠳᠤᠯᠤᠨ ᠰᠤᠷᠤᠯᠴᠠᠬᠤ ᠪᠣᠯᠪᠠᠰᠤᠷᠠᠭᠤᠯᠤᠯ᠎ᠢ ᠰᠠᠶ᠋ᠢᠲᠤᠷ ᠠᠳᠬᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ᠎ᠨᠦᠭᠦᠳ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ ᠵᠢ ᠰᠡᠬᠡᠭᠡᠲᠡᠨ᠎ᠤ ᠤᠯᠤᠰ᠎ᠠᠴᠠ ᠪᠠᠢ᠍ᠳᠠᠯ᠎ᠤᠨ ᠰᠤᠳᠤᠯᠤᠨ ᠰᠤᠷᠤᠯᠴᠠᠬᠤ᠂ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠤᠨ ᠴᠢᠬᠤᠯᠠ ᠠᠭᠤᠯᠠᠨ᠎ᠠ ᠪᠣᠯᠭ᠋ᠠᠵᠤ᠂ ᠰᠤᠳᠤᠯᠤᠨ ᠰᠤᠷᠤᠯᠴᠠᠬᠤ ᠪᠣᠯᠪᠠᠰᠤᠷᠠᠭᠤᠯᠤᠯ᠎ᠤᠨ ᠬᠥᠲᠥᠯᠪᠦᠷᠢ ᠪᠣᠯᠤᠨ ᠬᠢᠴᠢᠶᠡᠯ᠎ᠳᠤ ᠵᠢᠭᠰᠠᠭ᠋ᠠᠨ ᠣᠷᠣᠭᠤᠯᠬᠤ ᠬᠡᠷᠡᠭᠲᠡᠶ᠃ ᠨᠥᠬᠥᠴᠡᠯ᠎ᠲᠠᠢ ᠭᠠᠵᠠᠷ ᠣᠷᠣᠨ ᠪᠣᠯᠤᠨ ᠨᠢᠭᠡᠴᠡ᠎ᠨᠦᠭᠦᠳ ᠲᠤᠰᠬᠠᠶ ᠰᠡᠳᠦᠪᠲᠦ ᠰᠤᠳᠤᠯᠤᠨ ᠰᠤᠷᠤᠯᠴᠠᠬᠤ ᠪᠣᠯᠪᠠᠰᠤᠷᠠᠭᠤᠯᠤᠯ ᠡᠷᠬᠢᠯᠡᠵᠦ᠂ ᠢᠳᠡᠷ ᠵᠠᠯᠠᠭᠤ ᠰᠡᠬᠡᠭᠡᠲᠡᠳᠢ ᠭᠣᠤᠯᠳᠠᠯᠭ᠎ᠠ᠎ᠲᠠᠢ ᠵᠣᠬᠢᠶᠠᠨ ᠪᠠᠶ᠋ᠢᠭᠤᠯᠤᠨ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠭᠤᠯᠤᠨ ᠪᠠᠳᠠᠷᠠᠭᠤᠯᠬᠤ ᠬᠡᠷᠡᠭᠲᠡᠶ᠃ 《ᠭᠤᠷᠪᠠᠨ ᠱᠤᠭᠤᠮ᠎ᠤᠨ ᠪᠦᠲᠦᠭᠡᠨ ᠪᠠᠢ᠍ᠭᠤᠯᠤᠯᠲᠠ》᠂ 《ᠬᠣᠶᠠᠷ ᠪᠥᠮᠪᠥᠭᠡ ᠨᠢᠭᠡ ᠤᠳᠤᠨ》 ᠵᠡᠷᠭᠡ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠶᠯ᠎ᠢ ᠬᠠᠮᠠᠭ᠋ᠠᠯᠠᠨ ᠠᠰᠢᠭᠯᠠᠵᠤ᠂ ᠬᠣᠯᠪᠣᠭᠳᠠᠯ ᠪᠦᠬᠦᠢ ᠲᠡᠤᠬᠡ ᠰᠣᠶᠣᠯ ᠪᠠ ᠬᠤᠪᠢᠰᠬᠠᠯ᠎ᠤᠨ ᠤᠯᠠᠮᠵᠢᠯᠠᠯᠲᠤ ᠲᠥᠷᠥᠯ ᠵᠦᠶᠯ᠎ᠢ ᠠᠭᠤᠳᠠᠯᠵᠤ᠂ ᠰᠤᠳᠤᠯᠤᠨ ᠰᠤᠷᠤᠯᠴᠠᠵᠤ ᠪᠣᠯᠪᠠᠰᠤᠷᠠᠭᠤᠯᠬᠤ ᠲᠤᠬᠠᠶ ᠵᠢᠨ ᠲᠠᠯᠠᠪᠠᠢ ᠵᠢᠨ ᠵᠢᠭ᠋ᠠᠨ ᠰᠤᠷᠭ᠋ᠠᠯᠲᠠ᠂ ᠪᠡᠶ᠎ᠡ᠎ᠪᠠᠷ ᠵᠶ᠋ᠠᠨ ᠣᠶ᠋ᠢᠯᠠᠭ᠋ᠠᠬᠤ ᠮᠠᠶᠢᠭ᠎ᠤᠨ ᠵᠢᠭ᠋ᠠᠨ ᠰᠤᠷᠭ᠋ᠠᠯᠲᠠ ᠵᠢᠨ ᠴᠢᠬᠤᠯᠠ ᠠᠴᠢᠶᠠᠯᠠᠪᠤᠷᠢ ᠪᠣᠯᠭ᠋ᠠᠨ᠎ᠠ᠃ 4᠃ ᠳᠤᠮᠳᠠᠳᠤ ᠤᠯᠤᠰ᠎ᠠᠴᠠ ᠡᠪ ᠬᠠᠮᠲᠤ ᠨᠠᠮ᠎ᠤᠨ ᠲᠥᠪ ᠬᠣᠷᠢᠶᠠᠨ᠎ᠤ ᠨᠡᠶ᠋ᠢᠲᠡᠯᠢᠭ ᠵᠢᠱ᠌ᠢᠶ᠎ᠡ ᠵᠢᠨ ᠬᠥᠲᠥᠯᠥᠨ ᠵᠢᠯᠣᠭᠣᠳᠬᠤ ᠦᠶᠯᠡᠳᠦᠯ᠎ᠢ ᠪᠠᠳᠠᠷᠠᠭᠤᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ᠎ᠨᠦᠭᠦᠳ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ ᠵᠢ ᠦᠶᠯᠡᠳᠦᠯᠭᠡᠵᠢᠭᠦᠯᠦᠭᠰᠡᠨ ᠲᠡᠷᠢᠭᠦᠨ᠎ᠤ ᠨᠡᠶ᠋ᠢᠲᠡ ᠴᠣᠭᠴᠠ ᠪᠣᠯᠤᠨ ᠨᠢᠭᠡ ᠬᠥᠮᠦᠨ᠎ᠢ ᠬᠥᠮᠦᠵᠢᠭᠦᠯᠬᠦ ᠠᠵᠢᠯ᠎ᠢ ᠢᠳᠡᠪᠬᠢᠲᠡᠢ ᠥᠷᠨᠢᠭᠦᠯᠵᠦ᠂ ᠳᠡᠷᠭᠡᠳᠡᠬᠢ ᠶᠠᠪᠤᠳᠠᠯ ᠵᠶ᠋ᠠᠷ ᠳᠡᠷᠭᠡᠳᠡᠬᠢ ᠬᠥᠮᠦᠨ ᠵᠶ᠋ᠠᠨ ᠬᠥᠮᠦᠵᠢᠭᠦᠯᠬᠦ ᠬᠡᠷᠡᠭᠲᠡᠶ᠃ ᠵᠢᠱ᠌ᠢᠶᠡᠴᠢ ᠬᠥᠮᠦᠰ᠎ᠤᠨ ᠲᠡᠷᠢᠭᠦᠨ᠎ᠤ ᠦᠢ᠍ᠯᠡ ᠠᠵᠢᠯᠯᠠᠭ᠎ᠠ ᠵᠢ ᠨᠢᠭᠡᠳᠦᠯᠲᠡᠶ ᠲᠥᠯᠥᠪᠯᠡᠨ ᠡᠷᠬᠢᠯᠡᠵᠦ᠂ ᠰᠢᠨ᠎ᠡ ᠴᠠᠭ ᠦᠶ᠎ᠡ ᠵᠢᠨ ᠰᠢᠯᠢᠳᠡᠭ ᠰᠡᠬᠡᠭᠡᠲᠡᠨ᠎ᠤ ᠰᠡᠳᠬᠢᠯ ᠬᠥᠳᠡᠯᠭᠡᠮ᠎ᠡ ᠦᠢ᠍ᠯᠡ ᠠᠵᠢᠯᠯᠠᠭ᠎ᠠ ᠪᠠ ᠵᠣᠷᠢᠭ ᠰᠠᠨᠠᠭ᠎ᠠ ᠵᠢ ᠰᠤᠷᠤᠯᠴᠠᠬᠤ ᠬᠡᠷᠡᠭᠲᠡᠶ᠃ ᠮᠦᠽᠧᠶ᠂ ᠰᠤᠷᠭ᠋ᠠᠭᠤᠯᠢ ᠵᠢᠨ ᠲᠡᠤᠬᠡ ᠵᠢᠨ ᠣᠷᠳᠣᠨ ᠪᠣᠯᠤᠨ ᠡᠯ᠎ᠡ ᠱᠠᠲᠤᠨ᠎ᠤ ᠤᠯᠤᠰ ᠵᠶ᠋ᠠᠨ ᠬᠠᠶ᠋ᠢᠷᠠᠯᠠᠬᠤ ᠦᠵᠡᠯ ᠵᠶ᠋ᠠᠨ ᠬᠥᠮᠦᠵᠢᠯ᠎ᠤᠨ ᠰᠠᠭᠤᠷᠢᠨ ᠵᠶ᠋ᠠᠷ ᠲᠠᠪᠴᠠᠩ ᠪᠣᠯᠭ᠋ᠠᠵᠤ᠂ ᠵᠢᠱ᠌ᠢᠶᠡᠴᠢ ᠬᠥᠮᠦᠰ᠎ᠤᠨ ᠲᠡᠷᠢᠭᠦᠨ᠎ᠤ ᠦᠢ᠍ᠯᠡ ᠠᠵᠢᠯᠯᠠᠭ᠎ᠠ ᠵᠢ ᠳᠡᠯᠭᠡᠨ ᠦᠵᠡᠭᠦᠯᠵᠦ᠂ ᠰᠡᠬᠡᠭᠡᠲᠡᠳ᠎ᠤᠨ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠦᠯᠢᠭᠡᠷ᠎ᠢ ᠰᠠᠶ᠋ᠢᠲᠤᠷ ᠶᠠᠷᠢᠬᠤ ᠬᠡᠷᠡᠭᠲᠡᠶ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠬᠠᠮᠠᠳ ᠠᠵᠢᠯᠲᠠᠨ᠎ᠤ ᠶᠠᠷᠢᠶᠠᠨ᠎ᠤ ᠲᠡᠤᠬᠡ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ 5᠃ ᠳᠤᠮᠳᠠᠳᠤ ᠤᠯᠤᠰ᠎ᠠᠴᠠ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠵᠢᠯ᠎ᠤᠨ ᠪᠠᠶ᠋ᠢᠷᠢ ᠵᠢᠨ ᠦᠶᠯᠡᠳᠦᠯᠭᠡᠵᠢᠭᠦᠯᠬᠦ ᠠᠵᠢᠯᠯᠠᠭ᠎ᠠ ᠵᠢ ᠥᠷᠨᠢᠭᠦᠯᠦᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠵᠢᠨ᠎ᠬᠢᠨ ᠠᠵᠢᠯᠯᠠᠭ᠎ᠠ ᠥᠷᠨᠢᠭᠦᠯᠬᠦ ᠵᠢ ᠰᠡᠬᠡᠭᠡᠲᠡᠳ᠎ᠤᠨ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠠᠵᠤ ᠠᠬᠤᠶ ᠨᠡᠢ᠍ᠭᠡᠮ᠎ᠤᠨ ᠬᠥᠭᠵᠢᠯᠲᠡ᠎ᠳᠤ ᠦᠶᠯᠡᠴᠢᠯᠡᠬᠦ᠎ᠲᠠᠢ ᠤᠶᠠᠯᠳᠤᠭᠤᠯᠵᠤ᠂ ᠥᠷᠭᠡᠨ ᠣᠯᠠᠨ ᠰᠡᠬᠡᠭᠡᠲᠡᠳ᠎ᠤᠨ ᠲᠡᠮᠡᠴᠡᠯ᠎ᠤᠨ ᠣᠷᠭᠢᠯᠤᠮ᠎ᠠ ᠰᠡᠳᠬᠢᠯᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠬᠥᠭᠵᠢᠭᠡᠵᠦ᠂ ᠥᠷᠭᠡᠨ ᠣᠯᠠᠨ ᠰᠡᠬᠡᠭᠡᠲᠡᠳᠢ ᠬᠥᠲᠥᠯᠥᠨ ᠵᠢᠯᠣᠭᠣᠳᠴᠤ ᠪᠠᠢ᠍ᠭ᠋ᠠᠳ ᠥᠪᠡᠷ᠎ᠤᠨ ᠬᠦᠰᠡᠯᠡᠩ᠎ᠢ ᠡᠬᠡ ᠤᠯᠤᠰ᠎ᠠᠴᠠ ᠢᠷᠡᠭᠡᠳᠦᠶ᠎ᠲᠠᠢ᠂ ᠥᠪᠡᠷ᠎ᠤᠨ ᠠᠮᠢᠳᠤᠷᠠᠯ ᠵᠶ᠋ᠠᠨ ᠦᠨᠳᠦᠰᠦᠲᠡᠨ᠎ᠤ ᠬᠤᠪᠢ ᠵᠠᠶᠠᠭ᠎ᠠ᠎ᠲᠠᠢ ᠬᠣᠯᠪᠣᠵᠤ᠂ ᠠᠷᠠᠳ ᠲᠦᠮᠡᠨ᠎ᠤ ᠳᠤᠮᠳᠠ ᠦᠨᠳᠦᠰᠦᠯᠡᠵᠦ᠂ ᠤᠯᠤᠰ ᠣᠷᠣᠨ᠎ᠳᠠᠭᠠᠨ ᠬᠤᠪᠢ ᠨᠡᠮᠡᠷᠢ ᠦᠵᠡᠭᠦᠯᠬᠦ ᠪᠣᠯᠭ᠋ᠠᠬᠤ ᠬᠡᠷᠡᠭᠲᠡᠶ᠃ ᠦᠨᠳᠦᠰᠦᠨ ᠱᠠᠲᠤᠨ᠎ᠤ ᠨᠢᠭᠡᠴᠡ᠎ᠨᠦᠭᠦᠳ ᠭᠣᠤᠯ ᠬᠠᠷᠢᠭᠤᠴᠠᠯᠭ᠎ᠠ ᠭᠣᠤᠯ ᠦᠶᠯᠡᠰᠲᠠᠢᠪᠠᠨ ᠤᠶᠠᠯᠳᠤᠭᠤᠯᠤᠨ ᠠᠵᠢᠯ ᠵᠢᠨ ᠪᠠᠢ᠍ᠷᠢᠳᠤ ᠰᠢᠨ᠎ᠡ ᠵᠢ ᠡᠭᠦᠳᠬᠦ᠂ ᠠᠵᠢᠯ ᠵᠢᠨ ᠪᠠᠢ᠍ᠷᠢᠳᠤ ᠭᠠᠪᠢᠶ᠎ᠠ ᠪᠠᠶ᠋ᠢᠭᠤᠯᠬᠤ᠂ ᠠᠵᠢᠯ ᠵᠢᠨ ᠪᠠᠢ᠍ᠷᠢᠳᠤ ᠬᠤᠪᠢ ᠨᠡᠮᠡᠷᠢ ᠦᠵᠡᠭᠦᠯᠬᠦ ᠵᠡᠷᠭᠡ ᠲᠡᠷᠢᠭᠦᠨ᠎ᠤ᠎ᠬᠢ ᠵᠢ ᠡᠭᠦᠳᠴᠦ ᠰᠢᠯᠢᠳᠡᠭ ᠪᠣᠯᠬᠤ᠎ᠪᠠᠷ ᠴᠢᠷᠮᠠᠶ᠋ᠢᠬᠤ ᠠᠵᠢᠯᠯᠠᠭ᠎ᠠ ᠵᠢ ᠥᠷᠨᠢᠭᠦᠯᠵᠦ᠂ ᠲᠣᠰ ᠨᠢᠭᠡᠴᠡ ᠵᠢᠨ ᠰᠡᠬᠡᠭᠡᠲᠡᠳᠢ ᠬᠥᠲᠥᠯᠥᠨ ᠵᠢᠯᠣᠭᠣᠳᠴᠤ ᠪᠠᠢ᠍ᠭ᠋ᠠᠳ ᠲᠣᠰ ᠠᠵᠢᠯ ᠵᠢᠨ ᠪᠠᠶ᠋ᠢᠷᠢ᠎ᠠᠴᠠ᠎ᠨᠢ ᠡᠬᠢᠯᠡᠨ ᠬᠢᠵᠦ᠂ ᠠᠵᠢᠯ ᠵᠢᠨ ᠪᠠᠢ᠍ᠷᠢᠳᠤ ᠰᠠᠭᠤᠷᠢᠯᠠᠨ ᠤᠬᠠᠮᠰᠠᠷ᠎ᠠᠴᠠ᠎ᠪᠠᠨ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠣᠷᠢᠭ ᠰᠠᠨᠠᠭ᠎ᠠ ᠵᠢ ᠦᠶᠯᠡᠳᠦᠯᠭᠡᠵᠢᠭᠦᠯᠬᠦ ᠬᠡᠷᠡᠭᠲᠡᠶ᠃ ᠥᠷᠭᠡᠨ ᠣᠯᠠᠨ ᠰᠡᠬᠡᠭᠡᠲᠡᠨᠢ ᠥᠷᠭᠡᠨ ᠵᠶ᠋ᠠᠷ ᠳᠠᠶ᠋ᠢᠴᠢᠯᠠᠨ ᠵᠣᠬᠢᠶᠠᠨ ᠪᠠᠶ᠋ᠢᠭᠤᠯᠵᠤ ᠪᠠᠶ᠋ᠢᠭ᠋ᠠᠳ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠂ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ ᠡᠷᠲᠡ ᠴᠢᠯᠥᠭᠡᠯᠡᠭᠳᠡᠭᠰᠡᠨ ᠣᠷᠣᠨ ᠪᠠ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠶ᠋ᠢᠷᠡᠭᠦᠯᠦᠨ᠂ ᠨᠡᠶ᠋ᠢᠭᠡᠮ᠎ᠤᠨ ᠪᠠᠶ᠋ᠢᠴᠠᠭ᠋ᠠᠨ ᠰᠤᠳᠤᠯᠤᠯᠲᠠ ᠬᠢᠬᠦ᠂ ᠤᠯᠤᠰ᠎ᠠᠴᠠ ᠪᠠᠢ᠍ᠳᠠᠯ᠎ᠤᠨ ᠪᠠᠶ᠋ᠢᠴᠠᠭ᠋ᠠᠯᠲᠠ ᠬᠢᠬᠦ᠂ ᠤᠯᠤᠰ᠎ᠠᠴᠠ ᠪᠠᠢ᠍ᠳᠠᠯ ᠵᠡᠷᠭᠡ ᠭᠣᠤᠯ ᠰᠡᠳᠦᠪᠲᠦ ᠦᠶᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠰᠡᠬᠡᠭᠡᠲᠡᠨ᠎ᠤ ᠤᠯᠤᠰ ᠵᠶ᠋ᠠᠨ ᠬᠠᠶ᠋ᠢᠷᠠᠯᠠᠬᠤ ᠲᠡᠮᠡᠴᠡᠯ᠎ᠤᠨ ᠵᠠᠮ ᠢ ᠣᠶ᠋ᠢᠯᠭ᠋ᠠᠨ ᠮᠡᠳᠡᠵᠦ᠂ ᠤᠯᠤᠰ᠎ᠠᠴᠠ ᠪᠠᠢ᠍ᠳᠠᠯ ᠨᠠᠮ᠎ᠤᠨ ᠪᠠᠢ᠍ᠳᠠᠯ᠎ᠤᠨ ᠲᠤᠬᠠᠶ ᠲᠠᠨᠢᠯᠲᠠ ᠪᠠ ᠣᠶ᠋ᠢᠯᠠᠭ᠋ᠠᠯᠲᠠ᠎ᠪᠠᠨ ᠨᠡᠮᠡᠭᠳᠡᠭᠦᠯᠬᠦ ᠬᠡᠷᠡᠭᠲᠡᠶ᠃ (ᠢᠷᠡᠯᠲᠡ᠄ ᠰᠢᠨᠬᠤᠸᠠ ᠬᠣᠷᠢᠶ᠎ᠠ)