ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠵᠠᠰᠠᠭ᠎ᠤᠨ ᠳᠠᠭᠤᠨ
2018᠎ᠤᠨ ᠳᠡᠭᠡᠷ᠎ᠡ ᠬᠠᠭ᠋ᠠᠰ ᠵᠢᠯ᠎ᠤᠨ ᠥᠪᠥᠷ ᠮᠣᠩᠭᠣᠯ᠎ᠤᠨ ᠮᠡᠷᠭᠡᠵᠢᠯ᠎ᠤᠨ ᠠᠷᠠᠯᠵᠢᠶᠠᠨ᠎ᠤ ᠪᠠᠢ᠍ᠳᠠᠯ
ᠨᠡᠶ᠋ᠢᠲᠡᠯᠡᠭᠰᠡᠨ ᠴᠠᠭ᠄ 2019-10-24

2018᠎ᠤᠨ ᠳᠡᠭᠡᠷ᠎ᠡ ᠬᠠᠭ᠋ᠠᠰ ᠵᠢᠯ᠎ᠤᠨ ᠥᠪᠥᠷ ᠮᠣᠩᠭᠣᠯ᠎ᠤᠨ ᠮᠡᠷᠭᠡᠵᠢᠯ᠎ᠤᠨ ᠠᠷᠠᠯᠵᠢᠶᠠᠨ᠎ᠤ ᠪᠠᠢ᠍ᠳᠠᠯ
   2018᠎ᠤᠨ ᠳᠡᠭᠡᠷ᠎ᠡ ᠬᠠᠭ᠋ᠠᠰ ᠵᠢᠯ᠎ᠳᠤ ᠪᠥᠬᠥ ᠣᠷᠣᠨ᠎ᠳᠤ ᠡᠯ᠎ᠡ ᠲᠥᠷᠥᠯ᠎ᠤᠨ ᠮᠡᠷᠭᠡᠵᠢᠯ᠎ᠢ ᠨᠡᠶ᠋ᠢᠲᠡ 951 ᠵᠦᠶᠯ ᠠᠷᠠᠯᠵᠢᠶᠠᠯᠠᠵᠤ᠂ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 95.59 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠎ᠠ᠎ᠲᠠᠢ ᠬᠠᠷᠢᠴᠠᠭᠤᠯᠪᠠᠯ᠂ ᠮᠡᠷᠭᠡᠵᠢᠯ᠎ᠤᠨ ᠵᠦᠶᠯ᠎ᠤᠨ ᠲᠣᠭ᠎ᠠ 28.92 % ᠵᠶ᠋ᠠᠷ ᠪᠠᠭᠤᠷᠠᠵᠤ᠂ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 40.93 %᠎ᠪᠠᠷ ᠨᠡᠮᠡᠭᠳᠡᠪᠡ᠃
    ᠡᠭᠦᠨ᠎ᠳᠤ᠂ ᠪᠥᠬᠥ ᠣᠷᠣᠨ᠎ᠤ ᠡᠯ᠎ᠡ ᠠᠶ᠋ᠢᠮᠠᠭ ᠬᠣᠲᠠ ᠵᠢᠨ ᠬᠣᠭᠣᠷᠣᠨᠳᠣ ᠡᠯ᠎ᠡ ᠲᠥᠷᠥᠯ᠎ᠤᠨ ᠮᠡᠷᠭᠡᠵᠢᠯ᠎ᠤᠨ ᠰᠣᠯᠢᠯᠴᠠᠭ᠎ᠠ 65 ᠵᠦᠶᠯ᠎ᠢ ᠪᠡᠶᠡᠯᠡᠭᠦᠯᠵᠦ᠂ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 23464.64 ᠲᠦᠮᠡᠨ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠲᠤᠰ ᠲᠤᠰ 109.68 % ᠪᠠ 803.59 %᠎ᠪᠠᠷ ᠨᠡᠮᠡᠭᠳᠡᠪᠡ᠃
    ᠪᠦᠬᠦ ᠣᠷᠣᠨ᠎ᠳᠤ 72 ᠵᠦᠶᠯ᠎ᠤᠨ ᠮᠡᠷᠭᠡᠵᠢᠯ ᠬᠦᠷᠭᠡᠵᠦ᠂ 11 ᠮᠣᠵᠢ᠂ ᠬᠣᠲᠠ᠂ ᠥᠪᠡᠷᠲᠡᠭᠡᠨ ᠵᠠᠰᠠᠬᠤ ᠣᠷᠣᠨ᠎ᠢ ᠨᠥᠯᠥᠭᠡᠯᠡᠪᠡ; ᠪᠡᠶᠡᠯᠡᠭᠦᠯᠦᠭᠰᠡᠨ ᠭᠡᠷ᠎ᠡ ᠵᠢᠨ ᠵᠣᠭᠣᠰ᠎ᠤᠨ ᠲᠣᠭ᠎ᠠ 12081.63 ᠲᠦᠮᠡᠨ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠮᠡᠷᠭᠡᠵᠢᠯ᠎ᠤᠨ ᠵᠦᠶᠯ᠎ᠤᠨ ᠲᠣᠭ᠎ᠠ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 2 ᠳᠠᠬᠢᠨ ᠢᠯᠡᠭᠦᠤ ᠪᠣᠯᠵᠤ᠂ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 3 ᠳᠠᠬᠢᠨ ᠢᠯᠡᠭᠦᠤ ᠪᠣᠯᠵᠠᠶ᠃
    ᠪᠥᠬᠥ ᠣᠷᠣᠨ᠎ᠤ ᠭᠠᠳᠠᠨ᠎ᠠ᠎ᠠᠴᠠ ᠣᠷᠣᠭᠤᠯᠤᠭᠰᠠᠨ ᠮᠡᠷᠭᠡᠵᠢᠯ 814 ᠵᠦᠶᠯ ᠪᠠᠶ᠋ᠢᠵᠤ᠂ ᠭᠣᠤᠯᠳᠠᠭᠤ ᠪᠥᠬᠥ ᠤᠯᠤᠰ᠎ᠠᠴᠠ 23 ᠮᠣᠵᠢ᠂ ᠬᠣᠲᠠ᠂ ᠥᠪᠡᠷᠲᠡᠭᠡᠨ ᠵᠠᠰᠠᠬᠤ ᠣᠷᠣᠨ ᠵᠢᠴᠢ ᠤᠯᠤᠰ᠎ᠠᠴᠠ ᠭᠠᠳᠠᠭ᠋ᠠᠳᠤ᠎ᠠᠴᠠ ᠢᠷᠡᠵᠦ᠂ ᠪᠥᠬᠥ ᠣᠷᠣᠨ᠎ᠳᠤ ᠨᠡᠶ᠋ᠢᠲᠡ 920360.60 ᠲᠦᠮᠡᠨ ᠲᠥᠭᠥᠷᠢᠭ᠎ᠤᠨ ᠮᠡᠷᠭᠡᠵᠢᠯ᠎ᠤᠨ ᠪᠠᠯᠠ ᠮᠥᠩᠭᠥ ᠣᠷᠣᠭᠤᠯᠤᠨ᠂ ᠠᠳᠠᠯᠢ ᠬᠤᠭᠤᠴᠠᠭ᠋ᠠᠨ᠎ᠤ᠎ᠬᠢ᠎ᠠᠴᠠ ᠮᠡᠷᠭᠡᠵᠢᠯ᠎ᠤᠨ ᠵᠦᠶᠯ᠎ᠤᠨ ᠲᠣᠭ᠎ᠠ 36.46 % ᠪᠠᠭᠤᠷᠠᠵᠤ᠂ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 36.90 % ᠨᠡᠮᠡᠭᠳᠡᠪᠡ᠃
    ᠮᠡᠷᠭᠡᠵᠢᠯ᠎ᠤᠨ ᠰᠣᠯᠢᠯᠴᠠᠭ᠋ᠠᠨ᠎ᠤ ᠣᠨᠴᠠᠯᠢᠭ᠄
   1. ᠮᠡᠷᠭᠡᠵᠢᠯ᠎ᠤᠨ ᠭᠡᠷ᠎ᠡ ᠵᠢᠨ ᠲᠥᠷᠥᠯ ᠢᠯᠭ᠋ᠠᠯ ᠪᠦᠷᠢᠨ
    ᠮᠡᠷᠭᠡᠵᠢᠯ᠎ᠤᠨ ᠵᠠᠬ᠎ᠠ ᠳᠡᠯᠭᠡᠭᠦᠷ᠎ᠤᠨ ᠢᠯᠡᠷᠡᠭᠦᠯᠦᠯᠲᠡ᠎ᠠᠴᠠ ᠦᠵᠡᠪᠡᠯ᠂ ᠳᠡᠭᠡᠷ᠎ᠡ ᠬᠠᠭ᠋ᠠᠰ ᠵᠢᠯ᠎ᠳᠤ ᠪᠥᠬᠥ ᠣᠷᠣᠨ᠎ᠤ ᠭᠡᠷ᠎ᠡ᠎ᠳᠤ ᠠᠷᠠᠯᠵᠢᠶ᠎ᠠ ᠪᠦᠲᠦᠭᠰᠡᠨ 107 ᠵᠦᠶᠯ ᠪᠠᠶ᠋ᠢᠵᠤ᠂ ᠨᠢᠭᠡᠳᠦᠭᠡᠷ᠎ᠲᠤ ᠣᠷᠣᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 214.71 %᠎ᠪᠠᠷ ᠨᠡᠮᠡᠭᠳᠡᠨ᠂ ᠪᠥᠬᠥ ᠣᠷᠣᠨ᠎ᠤ ᠳᠡᠭᠡᠷ᠎ᠡ ᠬᠠᠭ᠋ᠠᠰ ᠵᠢᠯ᠎ᠤᠨ ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠭᠰᠠᠨ ᠵᠦᠶᠯ᠎ᠤᠨ ᠲᠣᠭ᠎ᠠ ᠵᠢᠨ 76.43 % ᠵᠢ ᠡᠵᠡᠯᠡᠪᠡ; ᠮᠡᠷᠭᠡᠵᠢᠯ᠎ᠤᠨ ᠦᠶᠯᠡᠴᠢᠯᠡᠭᠡᠨ᠎ᠤ ᠭᠡᠷ᠎ᠡ ᠵᠢᠨ ᠠᠷᠠᠯᠵᠢᠶ᠎ᠠ 21 ᠵᠦᠶᠯ ᠪᠠᠶ᠋ᠢᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 21 ᠳᠠᠬᠢᠨ ᠪᠠᠶ᠋ᠢᠵᠤ᠂ ᠪᠥᠬᠥ ᠣᠷᠣᠨ᠎ᠤ ᠳᠡᠭᠡᠷ᠎ᠡ ᠬᠠᠭ᠋ᠠᠰ ᠵᠢᠯ᠎ᠤᠨ ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠭᠰᠠᠨ ᠵᠦᠶᠯ᠎ᠤᠨ ᠲᠣᠭ᠎ᠠ ᠵᠢᠨ 15 % ᠵᠢ ᠡᠵᠡᠯᠡᠪᠡ; 10 ᠮᠡᠷᠭᠡᠵᠢᠯ᠎ᠢ ᠭᠡᠷ᠎ᠡ ᠲᠣᠭᠲᠠᠵᠤ᠂ ᠭᠤᠷᠪᠠᠳᠤᠭ᠋ᠠᠷ᠎ᠲᠤ ᠣᠷᠣᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 42.86 % ᠨᠡᠮᠡᠭᠳᠡᠪᠡ; ᠮᠡᠷᠭᠡᠵᠢᠯ᠎ᠤᠨ ᠯᠠᠪᠯᠠᠯᠭ᠎ᠠ ᠵᠢᠨ ᠭᠡᠷ᠎ᠡ ᠵᠢᠨ ᠠᠷᠠᠯᠵᠢᠶ᠎ᠠ 2 ᠵᠦᠶᠯ ᠪᠠᠶ᠋ᠢᠵᠤ᠂ ᠳᠥᠷᠪᠡᠳᠦᠭᠡᠷ᠎ᠲᠤ ᠣᠷᠣᠵᠤ᠂ ᠪᠦᠬᠦ ᠣᠷᠣᠨ᠎ᠤ ᠳᠡᠭᠡᠷ᠎ᠡ ᠬᠠᠭ᠋ᠠᠰ ᠵᠢᠯ᠎ᠤᠨ ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠭᠰᠠᠨ ᠵᠦᠶᠯ᠎ᠤᠨ ᠲᠣᠭ᠎ᠠ ᠵᠢᠨ 1.43 % ᠵᠢ ᠯᠠ ᠡᠵᠡᠯᠡᠪᠡ᠃
    ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ᠎ᠠᠴᠠ ᠦᠵᠡᠪᠡᠯ᠂ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 259  36 ᠲᠦᠮᠡᠨ ᠲᠥᠭᠥᠷᠢᠭ᠎ᠲᠤ ᠬᠦᠷᠴᠦ᠂ ᠨᠢᠭᠡᠳᠦᠭᠡᠷ ᠪᠠᠶ᠋ᠢᠷᠢᠨ᠎ᠳᠤ ᠣᠷᠣᠵᠤ᠂ ᠪᠥᠬᠥ ᠣᠷᠣᠨ᠎ᠤ ᠳᠡᠭᠡᠷ᠎ᠡ ᠬᠠᠭ᠋ᠠᠰ ᠵᠢᠯ᠎ᠤᠨ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ 56.77 % ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 4 ᠲᠦᠮᠡᠨ ᠲᠥᠭᠥᠷᠢᠭ ᠨᠡᠮᠡᠭᠳᠡᠪᠡ; ᠾᠧᠲ᠋ᠦ᠋ᠩ᠎ᠤᠨ ᠪᠡᠶᠡᠯᠡᠭᠦᠯᠦᠭᠰᠡᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 12816.89 ᠲᠦᠮᠡᠨ ᠲᠥᠭᠥᠷᠢᠭ᠎ᠲᠤ ᠬᠦᠷᠴᠦ᠂ ᠾᠧᠲ᠋ᠦ᠋ᠩ᠎ᠳᠤ ᠰᠠᠭᠤᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 29.29 % ᠨᠡᠮᠡᠭᠳᠡᠪᠡ; ᠮᠡᠷᠭᠡᠵᠢᠯ᠎ᠤᠨ ᠦᠶᠯᠡᠴᠢᠯᠡᠭᠡᠨ᠎ᠤ ᠭᠡᠷ᠎ᠡ ᠵᠢᠨ ᠪᠡᠶᠡᠯᠡᠭᠦᠯᠦᠭᠰᠡᠨ ᠭᠡᠷ᠎ᠡ ᠵᠢᠨ ᠵᠣᠭᠣᠰ᠎ᠤᠨ ᠲᠣᠭ᠎ᠠ 6629.94 ᠲᠦᠮᠡᠨ ᠲᠥᠭᠥᠷᠢᠭ ᠪᠠᠶ᠋ᠢᠵᠤ᠂ ᠭᠤᠷᠪᠠᠳᠤᠭ᠋ᠠᠷ᠎ᠲᠤ ᠣᠷᠣᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 530 ᠳᠠᠬᠢᠨ ᠢᠯᠡᠭᠦᠤ ᠪᠣᠯᠪᠠ; ᠮᠡᠷᠭᠡᠵᠢᠯ᠎ᠤᠨ ᠯᠠᠪᠯᠠᠯᠭ᠎ᠠ ᠵᠢᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 47.67 ᠲᠦᠮᠡᠨ ᠲᠥᠭᠥᠷᠢᠭ᠎ᠲᠤ ᠬᠦᠷᠴᠦ᠂ ᠳᠥᠷᠪᠡᠳᠦᠭᠡᠷ᠎ᠲᠤ ᠣᠷᠣᠵᠤ᠂ ᠪᠥᠬᠥ ᠣᠷᠣᠨ᠎ᠤ ᠳᠡᠭᠡᠷ᠎ᠡ ᠬᠠᠭ᠋ᠠᠰ ᠵᠢᠯ᠎ᠤᠨ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ ᠵᠢᠨ 0.11 % ᠵᠢ ᠡᠵᠡᠯᠡᠪᠡ᠃
   2. ᠡᠯ᠎ᠡ ᠠᠶ᠋ᠢᠮᠠᠭ ᠬᠣᠲᠠ ᠵᠢᠨ ᠭᠠᠳᠠᠭᠰᠢ ᠭᠠᠷᠭ᠋ᠠᠬᠤ ᠮᠡᠷᠭᠡᠵᠢᠯ ᠲᠡᠩᠴᠡᠭᠦᠷᠢ ᠦᠭᠡᠢ ᠪᠠᠢ᠍ᠨ᠎ᠠ
   2018᠎ᠤᠨ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ 8 ᠠᠢ᠍ᠮᠠᠭ ᠬᠣᠲᠠ ᠵᠢᠨ ᠭᠠᠵᠠᠷ ᠣᠷᠣᠨ᠎ᠤ ᠭᠠᠷᠭ᠋ᠠᠬᠤ ᠮᠡᠷᠭᠡᠵᠢᠯ 137 ᠪᠠᠶ᠋ᠢᠵᠤ᠂ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 35546.17 ᠲᠦᠮᠡᠨ ᠲᠥᠭᠥᠷᠢᠭ᠎ᠲᠤ ᠬᠦᠷᠴᠦ᠂ ᠲᠤᠰ ᠲᠤᠰ ᠪᠥᠬᠥ ᠣᠷᠣᠨ᠎ᠤ ᠮᠠᠭ᠋ᠠᠳᠯᠠᠨ ᠲᠣᠭᠲᠠᠭ᠋ᠠᠬᠤ ᠮᠡᠷᠭᠡᠵᠢᠯ᠎ᠤᠨ ᠭᠡᠷ᠎ᠡ ᠵᠢᠨ ᠵᠦᠶᠯ᠎ᠤᠨ ᠲᠣᠭ᠎ᠠ ᠪᠠ ᠵᠣᠭᠣᠰ᠎ᠤᠨ ᠲᠣᠭ᠎ᠠ ᠵᠢᠨ 97.86 % ᠪᠠ 78.83 % ᠵᠢ ᠡᠵᠡᠯᠡᠪᠡ᠃ ᠭᠡᠲᠡᠯ᠎ᠡ ᠭᠠᠳᠠᠭ᠋ᠠᠳᠤ᠎ᠳᠤ ᠭᠠᠷᠭ᠋ᠠᠬᠤ ᠮᠡᠷᠭᠡᠵᠢᠯ᠎ᠨᠢ ᠮᠡᠷᠭᠡᠵᠢᠯ᠎ᠤᠨ ᠰᠣᠯᠢᠯᠴᠠᠭ᠋ᠠᠨ᠎ᠤ ᠵᠣᠭᠣᠰ᠎ᠤᠨ ᠲᠣᠭ᠎ᠠ ᠪᠠ ᠡᠮᠦᠨ᠎ᠡ ᠭᠤᠷᠪᠠ᠎ᠳᠤ ᠤᠷᠤᠭᠰᠠᠨ ᠭᠠᠵᠠᠷ ᠣᠷᠣᠨ᠎ᠨᠢ ᠲᠣᠰ ᠲᠣᠰ ᠬᠥᠬᠡᠬᠣᠲᠠ᠂ ᠤᠯᠠᠭ᠋ᠠᠨᠬᠠᠳᠠ ᠵᠢᠴᠢ ᠬᠥᠯᠥᠨ ᠪᠣᠶ᠋ᠢᠷ ᠪᠣᠯᠤᠨ᠎ᠠ᠃ ᠡᠭᠦᠨ᠎ᠳᠤ᠂ ᠬᠥᠬᠡᠬᠣᠲᠠ ᠣᠷᠣᠨ᠎ᠤ ᠠᠷᠠᠯᠵᠢᠶ᠎ᠠ ᠪᠦᠲᠦᠭᠰᠡᠨ ᠮᠡᠷᠭᠡᠵᠢᠯ᠎ᠤᠨ ᠭᠡᠷ᠎ᠡ ᠵᠢᠨ ᠵᠣᠭᠣᠰ᠎ᠤᠨ ᠲᠣᠭ᠎ᠠ 31156.92 ᠲᠦᠮᠡᠨ ᠲᠥᠭᠥᠷᠢᠭ ᠪᠠᠶ᠋ᠢᠵᠤ᠂ ᠲᠦᠷᠦᠭᠦᠤ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 12 ᠳᠠᠬᠢᠨ ᠪᠣᠯᠪᠠ; ᠡᠨᠡ᠎ᠨᠢ ᠲᠡᠭᠦᠨ᠎ᠤ ᠮᠡᠷᠭᠡᠵᠢᠯ ᠣᠷᠣᠭᠤᠯᠵᠤ ᠠᠪᠴᠢᠷᠠᠭᠰᠠᠨ ᠪᠡᠯᠡ ᠮᠥᠩᠭᠥ ᠵᠢᠨ 1 ᠳᠠᠬᠢᠨ ᠢᠯᠡᠭᠦᠤ ᠪᠣᠯᠤᠨ᠎ᠠ᠃ ᠤᠯᠠᠭ᠋ᠠᠨᠬᠠᠳᠠ ᠵᠢᠨ ᠠᠷᠠᠯᠵᠢᠶ᠎ᠠ ᠪᠦᠲᠦᠭᠰᠡᠨ ᠮᠡᠷᠭᠡᠵᠢᠯ᠎ᠤᠨ ᠭᠡᠷ᠎ᠡ ᠵᠢᠨ ᠵᠣᠭᠣᠰ᠎ᠤᠨ ᠲᠣᠭ᠎ᠠ 1226.20 ᠲᠦᠮᠡᠨ ᠲᠥᠭᠥᠷᠢᠭ᠂ ᠰᠠᠭᠤᠭ᠋ᠠᠯᠢ ᠠᠷᠠᠳ ᠰᠠᠭᠤᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 24.36 % ᠨᠡᠮᠡᠭᠳᠡᠪᠡ; ᠲᠡᠭᠦᠨ᠎ᠤ ᠳᠡᠭᠡᠷ᠎ᠡ ᠬᠠᠭ᠋ᠠᠰ ᠵᠢᠯ᠎ᠳᠤ ᠰᠢᠩᠭᠡᠭᠡᠨ ᠠᠪᠤᠭᠰᠠᠨ ᠦᠭᠡᠢ ᠮᠡᠷᠭᠡᠵᠢᠯ ᠲᠣᠰ ᠭᠠᠵᠠᠷ ᠣᠷᠣᠨ᠎ᠳᠤ ᠣᠷᠣᠪᠠ᠃ ᠬᠥᠯᠥᠨ ᠪᠣᠢ᠍ᠢ᠍ᠷ᠎ᠤᠨ ᠮᠡᠷᠭᠡᠵᠢᠯ᠎ᠤᠨ ᠭᠡᠷ᠎ᠡ ᠲᠣᠭᠲᠠᠭᠰᠠᠨ ᠵᠣᠭᠣᠰ᠎ᠤᠨ ᠲᠣᠭ᠎ᠠ 1118.14 ᠲᠦᠮᠡᠨ ᠲᠥᠭᠥᠷᠢᠭ᠎ᠲᠤ ᠬᠦᠷᠴᠦ᠂ ᠭᠤᠷᠪᠠᠳᠤᠭ᠋ᠠᠷ᠎ᠲᠤ ᠣᠷᠣᠵᠤ᠂ ᠪᠥᠬᠥ ᠣᠷᠣᠨ᠎ᠤ ᠭᠠᠷᠭ᠋ᠠᠬᠤ ᠮᠡᠷᠭᠡᠵᠢᠯ᠎ᠤᠨ ᠭᠡᠷ᠎ᠡ ᠲᠣᠭᠲᠠᠭᠰᠠᠨ ᠵᠣᠭᠣᠰ᠎ᠤᠨ 3.15 % ᠵᠢ ᠡᠵᠡᠯᠡᠪᠡ; ᠲᠡᠭᠦᠨ᠎ᠤ ᠣᠷᠣᠭᠤᠯᠤᠭᠰᠠᠨ ᠮᠡᠷᠭᠡᠵᠢᠯ᠎ᠤᠨ ᠪᠡᠯᠡ ᠮᠥᠩᠭᠥ 18.14 ᠲᠦᠮᠡᠨ ᠲᠥᠭᠥᠷᠢᠭ ᠪᠠᠶ᠋ᠢᠵᠤ᠂ ᠵᠥᠪᠬᠡᠨ ᠲᠡᠭᠦᠨ᠎ᠤ ᠭᠠᠷᠭ᠋ᠠᠬᠤ ᠮᠡᠷᠭᠡᠵᠢᠯ᠎ᠤᠨ ᠣᠯᠤᠭᠰᠠᠨ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ ᠵᠢᠨ 1.62 %᠎ᠢ ᠡᠵᠡᠯᠡᠪᠡ᠃ ᠬᠢᠩᠭ᠋ᠠᠨ ᠠᠢ᠍ᠮᠠᠭ ᠪᠣᠯᠤᠨ ᠴᠢᠪᠠᠭ᠎ᠠ ᠵᠢᠨ ᠭᠠᠵᠠᠷ ᠣᠷᠣᠨ᠎ᠤ ᠳᠡᠭᠡᠷ᠎ᠡ ᠬᠠᠭ᠋ᠠᠰ ᠵᠢᠯ᠎ᠤᠨ ᠭᠠᠳᠠᠭ᠋ᠠᠳᠤ᠎ᠳᠤ ᠭᠠᠷᠭ᠋ᠠᠬᠤ ᠮᠡᠷᠭᠡᠵᠢᠯ᠎ᠨᠢ 0 ᠵᠦᠶᠯ ᠪᠠᠶ᠋ᠢᠵᠤ᠂ ᠲᠣᠰ ᠲᠣᠰ 1100 ᠲᠦᠮᠡᠨ ᠲᠥᠭᠥᠷᠢᠭ ᠪᠣᠯᠤᠨ 1214.14 ᠲᠦᠮᠡᠨ ᠲᠥᠭᠥᠷᠢᠭ ᠣᠷᠣᠭᠤᠯᠵᠤ ᠢᠷᠡᠭᠰᠡᠨ ᠪᠠᠶ᠋ᠢᠨ᠎ᠠ᠃
   3. ᠮᠡᠷᠭᠡᠵᠢᠯ᠎ᠤᠨ ᠣᠷᠣᠯᠴᠠᠯᠭ᠎ᠠ ᠣᠯᠠᠨ
   2018᠎ᠤᠨ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠨᠡᠶ᠋ᠢᠲᠡ 5 ᠲᠥᠷᠥᠯ᠎ᠤᠨ ᠪᠠᠶ᠋ᠢᠭᠤᠯᠤᠮᠵᠢ ᠮᠡᠷᠭᠡᠵᠢᠯ᠎ᠤᠨ ᠰᠣᠯᠢᠯᠴᠠᠭ᠋ᠠᠨ᠎ᠤ ᠠᠵᠢᠯᠯᠠᠭ᠎ᠠ᠎ᠳᠤ ᠣᠷᠣᠯᠴᠠᠵᠤ᠂ ᠨᠡᠯᠢᠶᠡᠳ ᠬᠥᠭᠵᠢᠶᠡᠨᠲᠡᠶ᠎ᠨᠢ ᠠᠵᠢᠯ ᠦᠢ᠍ᠯᠡᠰ᠎ᠤᠨ ᠬᠠᠤᠯᠢ ᠵᠢᠨ ᠡᠷᠬᠡᠲᠡᠨ ᠪᠠ ᠴᠢᠪᠠᠭ᠎ᠠ ᠵᠢᠨ ᠬᠥᠮᠦᠨ ᠪᠣᠯᠤᠨ᠎ᠠ᠃ ᠡᠭᠦᠨ᠎ᠳᠤ᠂ ᠠᠵᠢᠯ ᠦᠢ᠍ᠯᠡᠰ᠎ᠤᠨ ᠬᠠᠤᠯᠢ ᠵᠢᠨ ᠡᠷᠬᠡᠲᠡᠨ 75 ᠵᠦᠶᠯ᠎ᠤᠨ ᠮᠡᠷᠭᠡᠵᠢᠯ᠎ᠢ ᠠᠷᠠᠯᠵᠢᠶᠠᠯᠠᠵᠤ᠂ ᠨᠢᠭᠡᠳᠦᠭᠡᠷ᠎ᠲᠤ ᠣᠷᠣᠵᠤ᠂ ᠪᠥᠬᠥ ᠣᠷᠣᠨ᠎ᠤ ᠳᠡᠭᠡᠷ᠎ᠡ ᠬᠠᠭ᠋ᠠᠰ ᠵᠢᠯ᠎ᠤᠨ ᠮᠡᠷᠭᠡᠵᠢᠯ᠎ᠤᠨ ᠠᠷᠠᠯᠵᠢᠶ᠎ᠠ ᠵᠢᠨ ᠮᠠᠭ᠋ᠠᠳᠯᠠᠨ ᠲᠣᠭᠲᠠᠭ᠋ᠠᠵᠤ ᠳᠠᠩᠰᠠᠯᠠᠬᠤ ᠵᠦᠶᠯ᠎ᠤᠨ ᠲᠣᠭ᠎ᠠ ᠵᠢᠨ 53.57 % ᠵᠢ ᠡᠵᠡᠯᠡᠪᠡ; ᠪᠥᠬᠥ ᠣᠷᠣᠨ᠎ᠤ ᠳᠡᠭᠡᠷ᠎ᠡ ᠬᠠᠭ᠋ᠠᠰ ᠵᠢᠯ᠎ᠤᠨ ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠭᠰᠠᠨ ᠵᠣᠭᠣᠰ᠎ᠤᠨ ᠲᠣᠭ᠎ᠠ ᠵᠢᠨ 73.81 % ᠵᠢ ᠡᠵᠡᠯᠡᠪᠡ᠃
    ᠠᠵᠢᠯ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠳᠣᠲᠣᠷᠠᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠢᠨ ᠭᠠᠳᠠᠭᠰᠢ ᠭᠠᠷᠭ᠋ᠠᠬᠤ ᠮᠡᠷᠭᠡᠵᠢᠯ 65 ᠵᠦᠶᠯ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 124.14 %᠎ᠪᠠᠷ ᠨᠡᠮᠡᠭᠳᠡᠪᠡ; ᠲᠡᠭᠦᠨ᠎ᠤ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 8936.73 ᠲᠦᠮᠡᠨ ᠲᠥᠭᠥᠷᠢᠭ᠎ᠢ ᠪᠡᠶᠡᠯᠡᠭᠦᠯᠵᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 4 ᠳᠠᠬᠢᠨ ᠢᠯᠡᠭᠦᠤ ᠪᠠᠶ᠋ᠢᠵᠤ᠂ ᠪᠥᠬᠥ ᠣᠷᠣᠨ᠎ᠤ ᠳᠡᠭᠡᠷ᠎ᠡ ᠬᠠᠭ᠋ᠠᠰ ᠵᠢᠯ᠎ᠤᠨ ᠮᠡᠷᠭᠡᠵᠢᠯ᠎ᠤᠨ ᠠᠷᠠᠯᠵᠢᠶ᠎ᠠ ᠵᠢᠨ ᠵᠣᠭᠣᠰ᠎ᠤᠨ ᠲᠣᠭ᠎ᠠ ᠵᠢᠨ 19.82 %᠎ᠢ ᠡᠵᠡᠯᠡᠪᠡ; ᠳᠡᠭᠡᠰᠦ ᠵᠡᠷᠭᠡ ᠵᠢᠨ ᠰᠤᠷᠭ᠋ᠠᠭᠤᠯᠢ 8 ᠵᠦᠶᠯ᠎ᠤᠨ ᠮᠡᠷᠭᠡᠵᠢᠯ ᠭᠠᠷᠭ᠋ᠠᠵᠤ᠂ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 240.42 ᠲᠦᠮᠡᠨ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 60 % ᠪᠠ 353.62 % ᠵᠶ᠋ᠠᠷ ᠨᠡᠮᠡᠭᠳᠡᠪᠡ᠃
    ᠠᠵᠤ ᠠᠬᠤᠶ᠋ᠢᠯᠠᠯ᠎ᠤᠨ ᠭᠠᠷᠭ᠋ᠠᠬᠤ ᠮᠡᠷᠭᠡᠵᠢᠯ᠎ᠤᠨ ᠪᠡᠶᠡᠯᠡᠭᠦᠯᠦᠭᠰᠡᠨ ᠭᠡᠷ᠎ᠡ ᠵᠢᠨ ᠵᠣᠭᠣᠰ᠎ᠤᠨ ᠲᠣᠭ᠎ᠠ 33285.29 ᠲᠦᠮᠡᠨ ᠲᠥᠭᠥᠷᠢᠭ ᠪᠠᠶ᠋ᠢᠵᠤ᠂ ᠨᠢᠭᠡᠳᠦᠭᠡᠷ᠎ᠲᠤ ᠣᠷᠣᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 160.52 % ᠵᠶ᠋ᠠᠷ ᠨᠡᠮᠡᠭᠳᠡᠵᠦ᠂ ᠪᠥᠬᠥ ᠣᠷᠣᠨ᠎ᠤ ᠳᠡᠭᠡᠷ᠎ᠡ ᠬᠠᠭ᠋ᠠᠰ ᠵᠢᠯ᠎ᠤᠨ ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠭᠰᠠᠨ ᠵᠣᠭᠣᠰ᠎ᠤᠨ ᠲᠣᠭ᠎ᠠ 73.81 % ᠵᠢ ᠡᠵᠡᠯᠡᠪᠡ᠃ ᠡᠭᠦᠨ᠎ᠳᠤ ᠳᠣᠲᠣᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠭᠠᠳᠠᠭᠰᠢ ᠭᠠᠷᠭ᠋ᠠᠬᠤ ᠮᠡᠷᠭᠡᠵᠢᠯ 53 ᠵᠦᠶᠯ ᠪᠠᠶ᠋ᠢᠵᠤ᠂ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 24911.76 ᠲᠦᠮᠡᠨ ᠲᠥᠭᠥᠷᠢᠭ᠎ᠲᠤ ᠬᠦᠷᠴᠦ᠂ ᠲᠣᠰ ᠲᠣᠰ ᠠᠵᠤ ᠠᠬᠤᠶ᠋ᠢᠯᠠᠯ᠎ᠤᠨ ᠭᠠᠳᠠᠭᠰᠢ ᠭᠠᠷᠭ᠋ᠠᠬᠤ ᠮᠡᠷᠭᠡᠵᠢᠯ᠎ᠤᠨ ᠵᠦᠶᠯᠡᠰ᠎ᠤᠨ ᠲᠣᠭ᠎ᠠ ᠪᠣᠯᠤᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ ᠵᠢᠨ 92.98 % ᠪᠠ 74.84 % ᠵᠢ ᠡᠵᠡᠯᠡᠵᠦ᠂ ᠠᠵᠤ ᠠᠬᠤᠶ᠋ᠢᠯᠠᠯ᠎ᠤᠨ ᠲᠥᠷᠥᠯ ᠢᠯᠭ᠋ᠠᠯ᠎ᠤᠨ ᠨᠢᠭᠡᠳᠦᠭᠡᠷ ᠪᠠᠶ᠋ᠢᠷᠢ ᠵᠢ ᠡᠵᠡᠯᠡᠪᠡ᠃
    ᠤᠯᠤᠰ᠎ᠠᠴᠠ ᠭᠠᠳᠠᠨᠠᠬᠢ 3 ᠵᠦᠢ᠍ᠯ᠎ᠤᠨ ᠮᠡᠷᠭᠡᠵᠢᠯ᠎ᠢ ᠣᠷᠣᠭᠤᠯᠤᠨ ᠠᠪᠴᠢᠷᠠᠵᠤ᠂ 9547.69 ᠲᠦᠮᠡᠨ ᠲᠥᠭᠥᠷᠢᠭ᠎ᠤᠨ ᠪᠡᠯᠡ ᠣᠷᠣᠭᠤᠯᠵᠤ᠂ ᠲᠣᠰ ᠲᠣᠰ ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠣᠯᠢᠯᠴᠠᠭ᠋ᠠᠨ᠎ᠤ ᠬᠡᠮᠵᠢᠶ᠎ᠡ ᠵᠢᠨ 5.26 % ᠪᠠ 28.68 % ᠵᠢ ᠡᠵᠡᠯᠡᠪᠡ᠃
   4. ᠮᠡᠷᠭᠡᠵᠢᠯ᠎ᠤᠨ ᠬᠦᠷᠢᠶᠡᠨ᠎ᠤ ᠬᠣᠯᠪᠣᠭᠳᠠᠯ ᠥᠷᠭᠡᠨ
   2018᠎ᠤᠨ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠨᠡᠶ᠋ᠢᠲᠡ 9 ᠲᠥᠷᠥᠯ᠎ᠤᠨ ᠮᠡᠷᠭᠡᠵᠢᠯ᠎ᠤᠨ ᠬᠦᠷᠢᠶ᠎ᠡ ᠴᠠᠷᠠᠭ᠎ᠠ ᠵᠢ ᠮᠡᠷᠭᠡᠵᠢᠯ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠠᠪᠴᠠᠩ᠎ᠳᠤ ᠣᠷᠣᠭᠤᠯᠪᠠ᠃ ᠲᠠᠷᠢᠶᠠᠯᠠᠩ᠎ᠤᠨ ᠬᠦᠷᠢᠶᠡᠨ᠎ᠳᠠᠬᠢ ᠮᠡᠷᠭᠡᠵᠢᠯ᠎ᠤᠨ ᠰᠣᠯᠢᠯᠴᠠᠭ᠋ᠠᠨ᠎ᠤ ᠵᠣᠭᠣᠰᠣᠨ ᠲᠣᠭ᠎ᠠ 11446.52 ᠲᠦᠮᠡᠨ ᠲᠥᠭᠥᠷᠢᠭ᠎ᠲᠤ ᠬᠦᠷᠴᠦ᠂ ᠲᠦᠷᠦᠭᠦᠤ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 131 ᠳᠠᠬᠢᠨ ᠢᠯᠡᠭᠦᠤ ᠪᠠᠶ᠋ᠢᠵᠤ᠂ ᠪᠥᠬᠥ ᠣᠷᠣᠨ᠎ᠤ ᠳᠡᠭᠡᠷ᠎ᠡ ᠬᠠᠭ᠋ᠠᠰ ᠵᠢᠯ᠎ᠤᠨ ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠭᠰᠠᠨ ᠵᠣᠭᠣᠰᠣᠨ ᠲᠣᠭ᠎ᠠ ᠵᠢᠨ 25.38 % ᠵᠢ ᠡᠵᠡᠯᠡᠪᠡ; ᠲᠡᠷᠢᠭᠦᠨ᠎ᠤ ᠦᠶᠯᠡᠳᠬᠦ ᠬᠦᠷᠢᠶᠡᠨ᠎ᠳᠠᠬᠢ ᠠᠷᠠᠯᠵᠢᠶ᠎ᠠ 8613.55 ᠲᠦᠮᠡᠨ ᠲᠥᠭᠥᠷᠢᠭ ᠪᠠᠶ᠋ᠢᠵᠤ᠂ ᠰᠠᠭᠤᠭ᠋ᠠᠯᠢ ᠠᠷᠠᠳ᠎ᠤᠨ ᠠᠮᠢᠳᠤᠷᠠᠯ ᠰᠠᠶ᠋ᠢᠵᠢᠷᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 40.28 % ᠨᠡᠮᠡᠭᠳᠡᠵᠦ᠂ ᠪᠥᠬᠥ ᠣᠷᠣᠨ᠎ᠤ ᠳᠡᠭᠡᠷ᠎ᠡ ᠬᠠᠭ᠋ᠠᠰ ᠵᠢᠯ᠎ᠤᠨ ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠭᠰᠠᠨ ᠵᠣᠭᠣᠰ᠎ᠤᠨ 19.10 % ᠵᠢ ᠡᠵᠡᠯᠡᠪᠡ; ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ᠎ᠤᠨ ᠬᠦᠷᠢᠶᠡᠨ᠎ᠳᠠᠬᠢ ᠠᠷᠠᠯᠵᠢᠶ᠎ᠠ 8527.40 ᠲᠦᠮᠡᠨ ᠲᠥᠭᠥᠷᠢᠭ᠎ᠲᠤ ᠬᠦᠷᠴᠦ᠂ ᠭᠤᠷᠪᠠᠳᠤᠭ᠋ᠠᠷ᠎ᠲᠤ ᠣᠷᠣᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 473 ᠳᠠᠬᠢᠨ ᠢᠯᠡᠭᠦᠤ ᠪᠣᠯᠪᠠ᠃
   5. ᠮᠡᠳᠡᠯᠭᠡ ᠵᠢᠨ ᠥᠮᠴᠢᠯᠡᠬᠦ ᠡᠷᠬᠡ ᠵᠢᠨ ᠮᠡᠷᠭᠡᠵᠢᠯ᠎ᠤᠨ ᠠᠷᠠᠯᠵᠢᠶ᠎ᠠ ᠲᠦᠷᠭᠡᠨ ᠳᠡᠭᠡᠭᠰᠢᠯᠡᠵᠦ ᠪᠠᠢ᠍ᠨ᠎ᠠ
   2018᠎ᠤᠨ ᠳᠡᠭᠡᠷ᠎ᠡ ᠬᠠᠭ᠋ᠠᠰ ᠵᠢᠯ᠎ᠳᠤ ᠪᠥᠬᠥ ᠣᠷᠣᠨ᠎ᠤ ᠮᠡᠳᠡᠯᠭᠡ ᠵᠢᠨ ᠥᠮᠴᠢᠯᠡᠬᠦ ᠡᠷᠬᠡ 5 ᠲᠥᠷᠥᠯ᠎ᠳᠤ ᠬᠣᠯᠪᠣᠭᠳᠠᠵᠤ᠂ ᠲᠤᠰ ᠲᠤᠰ ᠮᠡᠷᠭᠡᠵᠢᠯ᠎ᠤᠨ ᠨᠢᠭᠤᠴᠠ᠂ ᠲᠤᠰᠬᠠᠶ ᠠᠰᠢᠭ᠂ ᠺᠣᠮᠫᠢᠦ᠋ᠲ᠋ᠧᠷ᠎ᠤᠨ ᠵᠥᠭᠡᠯᠡᠨ ᠬᠡᠷᠡᠭᠰᠡᠯ᠎ᠤᠨ ᠵᠣᠬᠢᠶᠠᠯ ᠪᠦᠲᠦᠭᠡᠯ᠎ᠤᠨ ᠡᠷᠬᠡ᠂ ᠤᠷᠭᠤᠮᠠᠯ ᠰᠢᠨ᠎ᠡ ᠲᠥᠷᠥᠯ ᠵᠦᠶᠯ ᠵᠢᠴᠢ ᠠᠮᠢᠳᠤ ᠪᠣᠳᠠᠰ᠎ᠤᠨ ᠡᠮ ᠡᠮᠨᠡᠯᠭᠡ ᠵᠢᠨ ᠰᠢᠨ᠎ᠡ ᠲᠥᠷᠥᠯ ᠵᠦᠶᠯ ᠪᠠᠶ᠋ᠢᠵᠤ᠂ 63 ᠵᠦᠶᠯ᠎ᠤᠨ ᠮᠡᠷᠭᠡᠵᠢᠯ᠎ᠢ ᠵᠥᠪᠳᠡᠯᠴᠡᠨ᠂ ᠭᠡᠷ᠎ᠡ ᠵᠢᠨ ᠵᠣᠭᠣᠰ᠎ᠤᠨ ᠲᠣᠭ᠎ᠠ ᠵᠢ 34399.72 ᠲᠦᠮᠡᠨ ᠲᠥᠭᠥᠷᠢᠭ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 142.31 % ᠪᠠ 164.16 %᠎ᠪᠠᠷ ᠨᠡᠮᠡᠭᠳᠡᠨ᠂ ᠲᠤᠰ ᠲᠤᠰ ᠪᠥᠬᠥ ᠣᠷᠣᠨ᠎ᠤ ᠳᠡᠭᠡᠷ᠎ᠡ ᠬᠠᠭ᠋ᠠᠰ ᠵᠢᠯ᠎ᠤᠨ ᠮᠠᠭ᠋ᠠᠳᠯᠠᠨ ᠲᠣᠭᠲᠠᠭ᠋ᠠᠵᠤ ᠳᠠᠩᠰᠠᠯᠠᠨ ᠲᠡᠮᠳᠡᠭᠯᠡᠭᠰᠡᠨ ᠮᠡᠷᠭᠡᠵᠢᠯ᠎ᠤᠨ ᠭᠡᠷ᠎ᠡ ᠵᠢᠨ ᠠᠷᠠᠯᠵᠢᠶᠠᠯᠠᠬᠤ ᠵᠦᠶᠯ᠎ᠤᠨ ᠲᠣᠭ᠎ᠠ ᠪᠠ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ ᠵᠢᠨ 45 % ᠪᠠ 76.28 % ᠵᠢ ᠡᠵᠡᠯᠡᠪᠡ᠃ ᠡᠭᠦᠨ᠎ᠳᠤ ᠲᠤᠰᠬᠠᠶ ᠠᠰᠢᠭ᠎ᠤᠨ ᠮᠡᠷᠭᠡᠵᠢᠯ᠎ᠤᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ ᠨᠢᠭᠡᠳᠦᠭᠡᠷ᠎ᠲᠤ ᠣᠷᠣᠵᠤ᠂ 14240.00 ᠲᠦᠮᠡᠨ ᠲᠥᠭᠥᠷᠢᠭ᠎ᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 218.8 %᠎ᠪᠠᠷ ᠨᠡᠮᠡᠭᠳᠡᠪᠡ᠃
   6. ᠡᠯ᠎ᠡ ᠠᠶ᠋ᠢᠮᠠᠭ ᠬᠣᠲᠠ ᠵᠢᠨ ᠮᠠᠭ᠋ᠠᠳᠯᠠᠨ ᠲᠣᠭᠲᠠᠭ᠋ᠠᠵᠤ ᠳᠠᠩᠰᠠᠯᠠᠭᠤᠯᠤᠭᠰᠠᠨ ᠬᠡᠮᠵᠢᠶ᠎ᠡ᠎ᠨᠢ ᠲᠣᠭᠲᠠᠪᠤᠷᠢ ᠦᠭᠡᠢ ᠪᠠᠢ᠍ᠨ᠎ᠠ
   2018᠎ᠤᠨ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ 12 ᠠᠶ᠋ᠢᠮᠠᠭ ᠬᠣᠲᠠ ᠵᠢᠨ ᠮᠡᠷᠭᠡᠵᠢᠯ᠎ᠤᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠡᠯ᠎ᠡ ᠲᠥᠷᠥᠯ᠎ᠤᠨ ᠮᠡᠷᠭᠡᠵᠢᠯ᠎ᠤᠨ ᠭᠡᠷ᠎ᠡ ᠵᠢ ᠨᠡᠶ᠋ᠢᠲᠡ 140 ᠵᠦᠶᠯ ᠮᠠᠭ᠋ᠠᠳᠯᠠᠨ ᠳᠠᠩᠰᠠᠯᠠᠵᠤ᠂ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 45093.86 ᠲᠦᠮᠡᠨ ᠲᠥᠭᠥᠷᠢᠭ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠲᠤᠰ ᠲᠤᠰ 133.33 ᠪᠠ 197.64 %᠎ᠪᠠᠷ ᠨᠡᠮᠡᠭᠳᠡᠪᠡ᠃ ᠡᠭᠦᠨ᠎ᠳᠤ 10 ᠠᠶ᠋ᠢᠮᠠᠭ ᠬᠣᠲᠠ᠎ᠨᠢ ᠮᠡᠷᠭᠡᠵᠢᠯ᠎ᠤᠨ ᠰᠣᠯᠢᠯᠴᠠᠭ᠋ᠠᠨ᠎ᠤ ᠠᠵᠢᠯᠯᠠᠭ᠎ᠠ᠎ᠳᠤ ᠣᠷᠣᠯᠴᠠᠵᠤ᠂ ᠦᠬᠠᠶ ᠪᠣᠯᠤᠨ ᠰᠢᠯᠢ ᠵᠢᠨ ᠭᠣᠤᠯ ᠠᠢ᠍ᠮᠠᠭ᠎ᠤᠨ ᠬᠣᠭᠣᠷᠣᠨᠳᠣ ᠮᠡᠷᠭᠡᠵᠢᠯ᠎ᠤᠨ ᠰᠣᠯᠢᠯᠴᠠᠭ᠋ᠠᠨ᠎ᠤ ᠠᠵᠢᠯᠯᠠᠭ᠎ᠠ ᠭᠠᠷᠤᠭᠰᠠᠨ ᠥᠬᠡᠶ᠃

ᠢᠷᠡᠯᠲᠡ᠄
          
ᠬᠠᠮᠢᠶ᠎ᠡ ᠪᠦᠬᠦᠢ ᠰᠣᠨᠢᠨ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠬᠦᠴᠢᠷᠳᠡᠯ᠎ᠨᠢ ᠬᠠᠮᠢᠭ᠎ᠠ ᠪᠠᠶᠬᠤ ᠪᠣᠶ᠂ ᠬᠡᠷᠬᠢᠨ 《ᠡᠴᠦᠰ᠎ᠤᠨ ᠨᠢᠭᠡ ᠺᠢᠯᠣᠮᠧᠲᠷ》᠎ᠢ ᠨᠡᠪᠲᠡᠷᠡᠭᠦᠯᠬᠦ ᠪᠣᠶ?
2017 ᠣᠨ᠎ᠳᠤ ᠪᠥᠬᠥ ᠤᠯᠤᠰ᠎ᠠᠴᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠳᠠᠩᠰᠠᠯᠠᠭᠤᠯᠤᠭᠰᠠᠨ ᠲᠣᠭ᠎ᠠ ᠵᠢᠷᠭᠤᠭ᠋ᠠᠨ ᠲᠦᠮᠡ ᠰᠢᠬᠠᠮ ᠵᠦᠶᠯ ᠪᠣᠶ
ᠲᠤᠰᠬᠠᠶ ᠰᠡᠳᠦᠪ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ ᠮᠡᠳᠡᠭᠡ ᠵᠠᠩᠭᠢ
ᠥᠪᠥᠷ ᠮᠣᠩᠭᠣᠯ᠎ᠤᠨ 5 ᠲᠥᠷᠥᠯ ᠵᠦᠢ᠍ᠯ ᠮᠠᠨ᠎ᠤ ᠤᠯᠤᠰ᠎ᠠᠴᠠ ᠠᠩᠬᠠᠳᠤᠭ᠋ᠠᠷ ᠬᠤᠭᠤᠴᠠᠭ᠋ᠠᠨ᠎ᠤ ᠠᠮᠤᠷ ᠲᠦᠪᠰᠢᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ᠎ᠢ ᠠᠮᠵᠢᠯᠲᠠ᠎ᠲᠠᠢ ᠬᠦᠷᠲᠡᠪᠡ
ᠴᠠᠬᠢᠯᠭ᠋ᠠᠨ ᠬᠣᠯᠪᠣᠭ᠎ᠠ ᠪᠠ ᠪᠤᠰᠤᠳ ᠮᠡᠳᠡᠭᠡ ᠵᠠᠩᠭᠢ ᠳᠠᠮᠵᠢᠭᠤᠯᠬᠤ ᠦᠶᠯᠡᠴᠢᠯᠡᠭᠡ — ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠲᠥᠪ᠎ᠤᠨ ᠡᠯᠧᠺᠲᠷᠣᠨ ᠦᠨᠡᠮᠯᠡᠯ᠎ᠤᠨ ᠰᠢᠰᠲ᠋ᠧᠮ᠎ᠢ ᠨᠡᠭᠡᠭᠡᠨ ᠬᠥᠭᠵᠢᠭᠦᠯᠪᠡ 201910091227054043495197369 ᠬᠠᠷᠢᠶ᠎ᠠ ᠠᠵᠢᠯ ᠲᠥᠷᠥᠯ᠄ ᠡᠯᠧᠺᠲᠷᠣᠨ ᠮᠡᠳᠡᠭᠡ ᠵᠠᠩᠭᠢ ᠲᠤᠰᠬᠠᠢ ᠠᠰᠢᠭ᠎ᠤᠨ ᠲᠥᠷᠥᠯ ᠵᠦᠢ᠍ᠯ᠄ ᠲᠤᠰᠬᠠᠢ ᠠᠰᠢᠭ ᠬᠤᠳᠠᠯᠳᠤᠨ ᠠᠪᠬᠤ ᠲᠠᠯ᠎ᠠ᠄ **** ᠬᠤᠳᠠᠯᠳᠤᠭᠴᠢ᠄ **** ᠠᠷᠠᠯᠵᠢᠶᠠᠯᠠᠬᠤ ᠵᠣᠭᠣᠰᠣᠨ ᠲᠣᠭ᠎ᠠ᠄ 19.60 ᠲᠦᠮᠡᠨ ᠲᠥᠭᠥᠷᠢᠭ ᠠᠷᠠᠯᠵᠢᠶᠠᠯᠠᠬᠤ ᠠᠷᠭ᠎ᠠ ᠮᠠᠶᠢᠭ᠄ ᠪᠦᠷᠢᠮᠦᠰᠦᠨ ᠰᠢᠯᠵᠢᠭᠦᠯᠦᠨ ᠥᠭᠬᠦ ᠮᠡᠷᠭᠡᠵᠢᠯ᠎ᠤᠨ ᠪᠣᠯᠪᠠᠰᠤᠷᠠᠩᠭᠤᠶ ᠬᠡᠮᠵᠢᠶ᠎ᠡ᠄ ᠤᠨᠠᠯᠲᠠ ᠵᠢ ᠬᠡᠮᠵᠢᠵᠦ ᠪᠣᠯᠤᠨ᠎ᠠ ᠪᠡᠶᠡᠯᠡᠭᠦᠯᠦᠭᠰᠡᠨ ᠡᠳᠦᠷ ᠰᠠᠷ᠎ᠠ᠄ 2019 — 12 — 27 ᠴᠠᠬᠢᠯᠭ᠋ᠠᠨ ᠬᠣᠯᠪᠣᠭ᠎ᠠ ᠪᠠ ᠪᠤᠰᠤᠳ ᠮᠡᠳᠡᠭᠡ ᠵᠠᠩᠭᠢ ᠳᠠᠮᠵᠢᠭᠤᠯᠬᠤ ᠦᠶᠯᠡᠴᠢᠯᠡᠭᠡ — ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠲᠥᠪ᠎ᠤᠨ ᠡᠯᠧᠺᠲᠷᠣᠨ ᠦᠨᠡᠮᠯᠡᠯ᠎ᠤᠨ ᠰᠢᠰᠲ᠋ᠧᠮ᠎ᠢ ᠨᠡᠭᠡᠭᠡᠨ ᠬᠥᠭᠵᠢᠭᠦᠯᠪᠡ
 
            