ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠵᠠᠰᠠᠭ᠎ᠤᠨ ᠳᠠᠭᠤᠨ
ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ᠎ᠨᠢ ᠬᠥᠮᠦᠨ᠎ᠤ ᠴᠢᠳᠠᠪᠤᠷᠢ ᠵᠢ ᠭᠦᠢ᠍ᠴᠡᠳ ᠪᠠᠳᠠᠷᠠᠭᠤᠯᠤᠨ᠎ᠠ
ᠨᠡᠶ᠋ᠢᠲᠡᠯᠡᠭᠰᠡᠨ ᠴᠠᠭ᠄ 2021-10-19

      ᠠᠭᠤᠤ ᠶᠡᠬᠡ ᠦᠢ᠍ᠯᠡᠰ ᠴᠢᠳᠠᠪᠤᠷᠢᠲᠠᠨ᠎ᠢ ᠤᠷᠢᠶᠠᠯᠠᠵᠤ᠂ ᠠᠭᠤᠤ ᠶᠡᠬᠡ ᠴᠠᠭ ᠦᠶ᠎ᠡ ᠴᠢᠳᠠᠪᠤᠷᠢᠲᠠᠨ᠎ᠢ ᠬᠥᠮᠦᠵᠢᠭᠦᠯᠦᠨ᠎ᠡ  ᠃
      ᠣᠳᠣᠬᠠᠨ᠎ᠳᠤ᠂ ᠮᠠᠨ᠎ᠤ ᠤᠯᠤᠰ ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠢ᠌ᠰᠢ ᠤᠷᠤᠭᠰᠢᠯᠠᠬᠤ ᠰᠢᠨ᠎ᠡ ᠠᠶᠠᠨ ᠵᠠᠮ᠎ᠢ ᠡᠬᠢᠯᠡᠭᠦᠯᠵᠦ᠂ ᠪᠢᠳᠡ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠠᠤᠭ᠎ᠠ ᠬᠠᠷᠠᠯᠲᠠ᠎ᠳᠤ ᠲᠡᠦᠬᠡ ᠵᠢᠨ ᠠᠯᠢ ᠴᠤ᠌ ᠦᠶ᠎ᠡ᠎ᠠᠴᠠ ᠢᠯᠡᠭᠦᠦ ᠣᠢ᠌ᠷᠠᠳᠴᠤ᠂ ᠪᠠᠰᠠ ᠲᠡᠦᠬᠡ ᠵᠢᠨ ᠠᠯᠢ ᠴᠤ᠌ ᠦᠶ᠎ᠡ᠎ᠠᠴᠠ ᠢᠯᠡᠭᠦᠦ ᠴᠢᠳᠠᠪᠤᠷᠢᠲᠠᠨ᠎ᠢ ᠱᠠᠭ᠋ᠠᠷᠳᠠᠵᠤ ᠪᠠᠢ᠌ᠨ᠎ᠠ  ᠃ ᠰᠢᠨ᠎ᠡ ᠴᠠᠭ ᠦᠶ᠎ᠡ ᠵᠢᠨ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠢ᠌ᠯᠳᠤᠬᠤ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠬᠦ᠎ᠳᠤ᠂ ᠪᠢᠳᠡ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠡᠨᠡ ᠬᠦ᠌ ᠵᠠᠷᠴᠢᠮ᠎ᠢ ᠪᠠᠲᠤ ᠡᠵᠡᠮᠳᠡᠵᠦ᠂ ᠨᠠᠮ᠎ᠤᠨ 《ᠬᠦᠴᠦ᠎ᠪᠠᠨ ᠲᠥᠪᠯᠡᠷᠡᠭᠦᠯᠦᠨ ᠶᠡᠬᠡ ᠶᠠᠪᠤᠳᠠᠯ᠎ᠢ ᠪᠦᠲᠦᠭᠡᠬᠦ》 ᠥᠪᠡᠷᠮᠢᠴᠡ ᠳᠠᠪᠠᠭᠤᠯᠢᠭ᠎ᠢ ᠪᠠᠳᠠᠷᠠᠭᠤᠯᠵᠤ᠂ ᠨᠢᠭᠡᠳᠦᠯᠲᠡᠢ ᠵᠣᠬᠢᠴᠠᠩᠭᠤᠢ ᠠᠯᠬᠤᠮ᠎ᠢ ᠪᠦᠷᠢᠯᠳᠦᠭᠦᠯᠵᠦ᠂ ᠨᠢᠭᠡᠳᠦᠯᠲᠡᠢ ᠬᠠᠷᠠᠯᠲᠠ ᠪᠣᠯᠤᠨ ᠠᠵᠢᠯ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠬᠠᠮᠲᠤᠷᠠᠯ ᠬᠦᠴᠦᠨ᠎ᠢ ᠲᠣᠳᠣᠷᠬᠠᠢ᠌ᠯᠠᠬᠤ ᠬᠡᠷᠡᠭᠲᠡᠢ  ᠃
      ᠤᠯᠠᠨ ᠡᠷᠳᠡᠮᠲᠡᠨ᠎ᠢ ᠲᠤᠰᠠᠯᠠᠵᠤ ᠶᠡᠬᠡ ᠦᠢ᠍ᠯᠡᠰ᠎ᠢ ᠪᠦᠲᠦᠭᠡᠬᠦ; ᠴᠢᠳᠠᠪᠤᠷᠢᠲᠠᠨ ᠬᠥᠭᠵᠢᠨ ᠮᠠᠨᠳᠤᠵᠤ᠂ ᠤᠯᠤᠰ᠎ᠤᠨ ᠬᠤᠪᠢ ᠵᠠᠶᠠᠭ᠎ᠠ ᠥᠷᠨᠢᠨ ᠮᠠᠨᠳᠤᠨ᠎ᠠ  ᠃ ᠨᠠᠮ ᠠᠵᠢᠯ ᠦᠢ᠍ᠯᠡᠰ᠎ᠲᠡᠭᠡᠨ ᠠᠮᠵᠢᠯᠲᠠ ᠣᠯᠤᠶ᠎ᠠ ᠭᠡᠪᠡᠯ ᠪᠦᠬᠦ ᠨᠠᠮ᠎ᠤᠨ ᠨᠥᠬᠥᠳ᠎ᠤᠨ ᠴᠥᠬᠥᠷᠡᠰᠢ ᠤᠢ᠍ᠭᠡᠢ ᠴᠢᠷᠮᠠᠢ᠌ᠯᠭ᠎ᠠ᠎ᠳᠤ ᠲᠦᠰᠢᠭᠯᠡᠬᠦ᠎ᠪᠠᠷ ᠪᠠᠷᠠᠬᠤ ᠤᠢ᠍ᠭᠡᠢ ᠪᠠᠰᠠ ᠶᠡᠬᠡᠬᠡᠨ ᠬᠡᠮᠵᠢᠶᠡᠨ ᠳᠡᠭᠡᠷ᠎ᠡ ᠨᠠᠮ᠎ᠤᠨ ᠡᠯ᠎ᠡ ᠲᠠᠯ᠎ᠠ ᠵᠢᠨ ᠰᠢᠯᠢᠳᠡᠭ ᠴᠢᠳᠠᠪᠤᠷᠢᠲᠠᠨ᠎ᠢ ᠥᠪᠡᠷ᠎ᠤᠨ ᠵᠶ᠋ᠡᠨ ᠲᠣᠭᠣᠷᠢᠨ᠎ᠳᠤ ᠪᠦᠯᠬᠦᠮᠳᠡᠭᠦᠯᠵᠦ ᠴᠢᠳᠠᠬᠤ ᠡᠰᠡᠬᠦ᠎ᠪᠠᠷ ᠰᠢᠢ᠍ᠳᠪᠦᠷᠢᠯᠡᠭᠳᠡᠵᠦ᠂ ᠲᠡᠳᠡᠠ᠎ᠢ ᠨᠠᠮ ᠪᠠ ᠲᠤᠢ᠍ᠷᠦ ᠵᠢᠨ ᠦᠢ᠍ᠯᠡᠰ᠎ᠲᠤ ᠤᠬᠠᠮᠰᠠᠷ᠎ᠠᠴᠠ᠎ᠪᠠᠨ ᠣᠷᠣᠯᠴᠠᠭᠤᠯᠵᠤ ᠴᠢᠳᠠᠬᠤ ᠡᠰᠡᠬᠦ᠎ᠪᠠᠷ ᠰᠢᠢ᠍ᠳᠪᠦᠷᠢᠯᠡᠭᠳᠡᠳᠡᠭ ᠶᠤᠮ  ᠃ ᠵᠠᠭᠤᠨ ᠵᠢᠯ᠎ᠤᠨ ᠲᠡᠮᠡᠴᠡᠯ᠎ᠤᠨ ᠲᠡᠦᠬᠡᠨ ᠶᠠᠪᠤᠴᠠ᠎ᠳᠤ᠂ ᠮᠠᠨ᠎ᠤ ᠨᠠᠮ ᠴᠢᠳᠠᠪᠤᠷᠢᠲᠠᠨ᠎ᠢ ᠬᠥᠮᠦᠵᠢᠭᠦᠯᠬᠦ᠂ ᠴᠢᠳᠠᠪᠤᠷᠢᠲᠠᠨ᠎ᠢ ᠪᠦᠯᠬᠦᠮᠳᠡᠭᠦᠯᠬᠦ᠂ ᠴᠢᠳᠠᠪᠤᠷᠢᠲᠠᠨ᠎ᠢ ᠬᠥᠳᠤᠯᠤᠨ ᠳᠠᠭ᠋ᠠᠭᠤᠯᠬᠤ᠂ ᠴᠢᠳᠠᠪᠤᠷᠢᠲᠠᠨ᠎ᠢ ᠪᠦᠲᠦᠭᠡᠬᠦ ᠵᠢ ᠢᠮᠠᠭᠲᠠ ᠴᠢᠬᠤᠯᠠᠴᠢᠯᠠᠵᠤ᠂ ᠡᠯ᠎ᠡ ᠲᠠᠯ᠎ᠠ ᠵᠢᠨ ᠴᠢᠳᠠᠪᠤᠷᠢᠲᠠᠨ᠎ᠢ ᠪᠦᠯᠬᠦᠮᠳᠡᠭᠦᠯᠦᠨ ᠲᠡᠮᠵᠢᠵᠤ ᠨᠠᠮ ᠪᠠ ᠠᠷᠠᠳ ᠲᠦᠮᠡᠨ᠎ᠤ ᠦᠢ᠍ᠯᠡᠰ᠎ᠤᠨ ᠲᠥᠯᠥᠭᠡ ᠭᠠᠪᠢᠶ᠎ᠠ ᠵᠢᠳᠬᠦᠯ ᠭᠠᠷᠭ᠋ᠠᠭᠰᠠᠨ ᠶᠤᠮ  ᠃
      ᠨᠠᠮ ᠵᠠᠰᠠᠭ ᠴᠡᠷᠢᠭ ᠠᠷᠠᠳ ᠰᠤᠷᠭ᠋ᠠᠭᠤᠯᠢ᠂ ᠵᠡᠭᠦᠨ ᠪᠠᠷᠠᠭᠤᠨ ᠡᠮᠦᠨ᠎ᠡ ᠤᠮᠠᠷ᠎ᠠ ᠳᠤᠮᠳᠠ᠂ ᠨᠠᠮ ᠠᠯᠢᠪᠠ ᠵᠢ ᠤᠳᠤᠷᠢᠳᠤᠨ᠎ᠠ  ᠃
      ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ᠎ᠳᠤ ᠨᠢᠭᠲᠠᠷᠠᠯ᠎ᠤᠨ ᠬᠦᠴᠦᠨ᠎ᠢ ᠨᠢᠭᠲᠠᠷᠠᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ  ᠃ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ᠎ᠨᠢ ᠬᠣᠷᠸ᠎ᠠ ᠲᠠᠯ᠎ᠠ ᠵᠢ ᠬᠠᠮᠢᠶᠠᠷᠬᠤ᠂ ᠶᠡᠬᠡ ᠲᠠᠯ᠎ᠠ ᠵᠢ ᠬᠠᠮᠢᠶᠠᠷᠬᠤ᠂ ᠪᠠᠢ᠌ᠯᠳᠤᠬᠤ ᠪᠤᠳᠤᠯᠭ᠎ᠠ ᠵᠢ ᠬᠠᠮᠢᠶᠠᠷᠬᠤ᠂ ᠲᠦᠷᠦ ᠵᠢᠨ ᠪᠤᠳᠤᠯᠭ᠎ᠠ ᠵᠢ ᠬᠠᠮᠢᠶᠠᠷᠬᠤ ᠶᠠᠪᠤᠳᠠᠯ ᠪᠣᠯᠤᠨ᠎ᠠ  ᠃ ᠨᠠᠮ᠎ᠠᠴᠠ ᠴᠢᠳᠠᠪᠤᠷᠢᠲᠠᠨ᠎ᠤ ᠠᠵᠢᠯ᠎ᠢ ᠬᠠᠮᠢᠶᠠᠷᠬᠤ ᠨᠢᠭᠡᠳᠦᠯᠲᠡᠢ ᠲᠥᠯᠥᠪᠵᠢᠭᠦᠯᠬᠦ᠂ ᠵᠣᠬᠢᠴᠠᠩᠭᠤᠢ᠎ᠪᠠᠷ ᠬᠥᠭᠵᠢᠭᠦᠯᠬᠦ ᠰᠢᠨ᠎ᠡ ᠬᠠᠮᠢᠶᠠᠷᠤᠯᠲᠠ ᠵᠢᠨ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠨᠠᠮ᠎ᠤᠨ ᠬᠣᠷᠢᠢ᠎ᠠ ᠨᠢᠭᠡᠳᠦᠯᠲᠡᠢ ᠤᠳᠤᠷᠢᠳᠬᠤ᠂ ᠵᠣᠬᠢᠶᠠᠨ ᠪᠠᠢ᠌ᠭᠤᠯᠬᠤ ᠰᠠᠯᠠᠭ᠎ᠠ ᠮᠥᠴᠢᠷ ᠲᠦᠷᠦᠭᠦᠯᠡᠨ ᠶᠡᠷᠦᠩᠬᠡᠢ᠌ᠯᠡᠨ ᠠᠳᠬᠤᠬᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠂ ᠨᠢᠭᠲᠠ ᠬᠠᠮᠵᠢᠯᠴᠠᠬᠤ ᠴᠢᠳᠠᠪᠤᠷᠢᠲᠠᠨ᠎ᠤ ᠠᠵᠢᠯ᠎ᠤᠨ ᠰᠢᠨ᠎ᠡ ᠪᠠᠢ᠌ᠷᠢᠰᠢᠯ᠎ᠢ ᠪᠤᠢ ᠪᠣᠯᠭ᠋ᠠᠬᠤ ᠬᠡᠷᠡᠭᠲᠡᠢ  ᠃ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ᠎ᠳᠤ ᠡᠯ᠎ᠡ ᠵᠦᠢ᠍ᠯ᠎ᠤᠨ ᠳᠦᠷᠢᠮ ᠭᠣᠷᠢᠮ ᠵᠶ᠋ᠠᠷ ᠴᠢᠳᠠᠪᠤᠷᠢᠲᠠᠨ᠎ᠢ ᠬᠢᠵᠠᠭ᠋ᠠᠷᠯᠠᠬᠤ ᠪᠢᠰᠢ᠂ ᠪᠠᠰᠠ ᠠᠯᠢᠪᠠ ᠪᠦᠬᠦᠨ᠎ᠢ ᠡᠵᠡᠨ ᠮᠡᠳᠡᠵᠦ᠂ ᠪᠦᠬᠦᠨ᠎ᠢ ᠬᠠᠮᠢᠶᠠᠷᠴᠤ ᠪᠣᠯᠬᠤ ᠦᠭᠡᠢ᠂ ᠬᠠᠷᠢᠨ ᠴᠢᠳᠠᠪᠤᠷᠢᠲᠠᠨ᠎ᠤ ᠬᠥᠭᠵᠢᠯᠲᠡ ᠵᠢ ᠬᠦᠯᠢᠶᠡᠰᠦᠯᠡᠵᠦ ᠪᠠᠢ᠌ᠭ᠎ᠠ ᠡᠯ᠎ᠡ ᠵᠦᠢ᠍ᠯ᠎ᠤᠨ ᠬᠠᠭᠤᠴᠢᠨ ᠦᠵᠡᠯ ᠰᠠᠨᠠᠭ᠎ᠠ ᠣᠢ᠌ᠯᠠᠭ᠋ᠠᠭᠳᠠᠬᠤᠨ ᠪᠣᠯᠤᠨ ᠬᠣᠴᠣᠷᠤᠩᠭᠤᠢ ᠬᠠᠮᠢᠶᠠᠷᠤᠯᠲᠠ ᠵᠢᠨ ᠲᠣᠭᠲᠠᠴᠠ ᠵᠢ ᠵᠣᠷᠢᠭᠲᠠᠢ ᠠᠷᠢᠯᠭ᠋ᠠᠵᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ᠂ ᠬᠡᠷᠡᠭᠯᠡᠬᠦ᠂ ᠦᠨᠡᠯᠡᠬᠦ᠂ ᠰᠢᠯᠵᠢᠭᠦᠯᠬᠦ᠂ ᠤᠷᠮᠠᠰᠢᠭᠤᠯᠬᠤ ᠦᠵᠡᠯ ᠰᠠᠨᠠᠭ᠋ᠠᠨ᠎ᠤ ᠬᠦᠯᠢᠶᠡᠰᠦᠯᠡᠯ ᠪᠣᠯᠤᠨ ᠳᠦᠷᠢᠮ᠎ᠤᠨ ᠬᠠᠯᠬᠠᠪᠴᠢ ᠵᠢ ᠬᠦᠴᠦᠯᠡᠨ ᠰᠢᠢ᠍ᠳᠪᠦᠷᠢᠯᠡᠵᠦ᠂ ᠴᠢᠳᠠᠪᠤᠷᠢᠲᠠᠨ᠎ᠤ ᠬᠥᠭᠵᠢᠯᠲᠡ ᠵᠢ ᠬᠠᠷᠰᠢᠯᠠᠵᠤ ᠪᠠᠢ᠌ᠭ᠎ᠠ 《ᠬᠠᠷᠰᠢ ᠰᠠᠭ᠋ᠠᠳ》᠎ᠢ ᠠᠷᠢᠯᠭ᠋ᠠᠵᠤ᠂ ᠡᠯ᠎ᠡ ᠲᠦᠷᠦᠯ᠎ᠤᠨ ᠴᠢᠳᠠᠪᠤᠷᠢᠲᠠᠨ᠎ᠤ ᠠᠪᠢᠶᠠᠰ ᠴᠢᠳᠠᠪᠤᠷᠢ᠎ᠪᠠᠨ ᠪᠠᠳᠠᠷᠠᠭᠤᠯᠬᠤ᠎ᠳᠤ ᠨᠡᠩ ᠤᠯᠠᠨ ᠬᠥᠭᠵᠢᠯᠲᠡ ᠵᠢᠨ ᠠᠵᠠ ᠲᠣᠬᠢᠶᠠᠯ ᠪᠣᠯᠤᠨ ᠣᠷᠣᠨ ᠵᠠᠢ ᠬᠠᠩᠭ᠋ᠠᠵᠤ᠂ ᠴᠢᠳᠠᠪᠤᠷᠢᠲᠠᠨ᠎ᠤ ᠡᠷᠡᠭᠦᠯ ᠵᠶ᠋ᠡᠷ ᠦᠰᠦᠨ ᠪᠣᠢ᠌ᠵᠢᠵᠤ᠂ ᠴᠣᠯᠭᠣᠷᠠᠨ ᠭᠠᠷᠬᠤ ᠵᠢ ᠪᠠᠲᠤᠯᠠᠬᠤ ᠬᠡᠷᠡᠭᠲᠡᠢ  ᠃
        ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠵᠢ ᠪᠠᠷᠢᠮᠲᠠᠯᠠᠬᠤ᠎ᠳᠤ ᠴᠢᠳᠠᠪᠤᠷᠢᠲᠠᠨ᠎ᠢ ᠵᠥᠪ ᠬᠡᠷᠡᠭᠯᠡᠬᠦ ᠳᠡᠭᠡᠷ᠎ᠡ ᠬᠦᠴᠦ ᠲᠠᠯᠪᠢᠬᠤ ᠬᠡᠷᠡᠭᠲᠡᠢ  ᠃ ᠨᠢᠭᠡ ᠭᠠᠵᠠᠷ᠎ᠤᠨ ᠴᠢᠳᠠᠪᠤᠷᠢᠲᠠᠨ᠎ᠤ ᠠᠵᠢᠯ᠎ᠢ ᠰᠠᠢ᠍ᠢ᠍ᠨ ᠬᠢᠵᠦ ᠴᠢᠳᠠᠬᠤ ᠡᠰᠡᠬᠦ᠎ᠨᠢ ᠴᠢᠳᠠᠪᠤᠷᠢᠲᠠᠨ᠎ᠤ ᠰᠤᠷᠤᠯᠭ᠎ᠠ ᠵᠢᠨ ᠨᠠᠮᠲᠠᠷ ᠥᠨᠳᠥᠷ ᠪᠠᠢ᠌ᠬᠤ ᠡᠰᠡᠬᠦ᠂ ᠴᠢᠳᠠᠪᠤᠷᠢᠲᠠᠨ᠎ᠤ ᠲᠣᠭ᠎ᠠ ᠤᠯᠠᠨ ᠪᠠᠢ᠌ᠬᠤ ᠡᠰᠡᠬᠦ ᠵᠢ ᠦᠵᠡᠬᠦ ᠲᠡᠳᠦᠢ ᠪᠢᠰᠢ᠂ ᠨᠡᠩ ᠵᠠᠩᠭᠢᠯᠠᠭ᠎ᠠ᠎ᠨᠢ ᠴᠢᠳᠠᠪᠤᠷᠢᠲᠠᠨ᠎ᠢ ᠰᠠᠢ᠌ᠲᠤᠷ ᠬᠡᠷᠡᠭᠯᠡᠵᠦ ᠴᠢᠳᠠᠬᠤ ᠡᠰᠡᠬᠦ᠎ᠳᠤ ᠪᠠᠢ᠌ᠨ᠎ᠠ  ᠃ ᠵᠣᠷᠢᠭᠲᠠᠢ᠎ᠪᠠᠷ ᠬᠥᠮᠦᠨ᠎ᠢ ᠬᠡᠷᠡᠭᠯᠡᠵᠦ᠂ ᠤᠯᠠᠮᠵᠢᠯᠠᠯᠲᠤ ᠦᠵᠡᠯ ᠰᠠᠨᠠᠭ᠎ᠠ ᠪᠠ ᠬᠢᠷᠢ ᠬᠡᠮ᠎ᠢ᠎ᠨᠢ ᠦᠵᠡᠬᠦ ᠦᠵᠡᠯᠲᠡ ᠵᠢ ᠬᠤᠪᠢᠷᠠᠭᠤᠯᠵᠤ᠂ ᠲᠤᠷᠰᠢᠯᠭ᠎ᠠ ᠵᠢᠨ ᠤᠯᠠᠨ ᠴᠥᠭᠡᠨ ᠵᠶ᠋ᠡᠷ ᠬᠢᠷᠢ ᠬᠡᠮ᠎ᠢ᠎ᠨᠢ ᠦᠵᠡᠬᠦ ᠦᠭᠡᠢ᠂ ᠲᠤᠰᠢᠶᠠᠯ᠎ᠤᠨ ᠪᠠᠢ᠌ᠷᠢ ᠵᠢᠨ ᠶᠡᠬᠡ ᠪᠠᠭ᠎ᠠ᠎ᠪᠠᠷ ᠴᠢᠳᠠᠪᠤᠷᠢ ᠵᠢ᠎ᠨᠢ ᠦᠨᠡᠯᠡᠬᠦ ᠦᠭᠡᠢ ᠪᠠᠢ᠌ᠵᠤ᠂ ᠵᠢᠩᠬᠢᠨᠢ ᠡᠷᠳᠡᠮ ᠴᠢᠳᠠᠪᠤᠷᠢᠲᠠᠢ ᠴᠢᠳᠠᠪᠤᠷᠢᠲᠠᠨ᠎ᠢ ᠡᠷᠳᠡᠮ ᠴᠢᠳᠠᠪᠤᠷᠢ᠎ᠪᠠᠨ ᠬᠡᠷᠡᠭᠯᠡᠬᠦ ᠭᠠᠵᠠᠷ᠎ᠲᠠᠢ ᠪᠣᠯᠭ᠋ᠠᠬᠤ ᠬᠡᠷᠡᠭᠲᠡᠢ  ᠃ ᠦᠨᠡᠨ ᠰᠡᠳᠬᠢᠯ᠎ᠠᠴᠠ᠎ᠪᠠᠨ ᠬᠥᠮᠦᠨ ᠬᠡᠷᠡᠭᠯᠡᠵᠦ᠂ ᠢᠲᠡᠭᠡᠯ ᠵᠶ᠋ᠡᠷ ᠰᠠᠭᠤᠷᠢ ᠪᠣᠯᠭ᠋ᠠᠭᠰᠠᠨ ᠴᠢᠳᠠᠪᠤᠷᠢᠲᠠᠨ᠎ᠢ ᠬᠡᠷᠡᠭᠯᠡᠬᠦ ᠲᠣᠭᠲᠠᠴᠠ ᠵᠢ ᠪᠠᠢ᠌ᠭᠤᠯᠤᠨ᠂ ᠠᠵᠢᠯ ᠦᠢ᠍ᠯᠡᠰ᠎ᠤᠨ ᠬᠡᠷᠡᠭᠴᠡᠭᠡ᠂ ᠠᠵᠢᠯ᠎ᠤᠨ ᠪᠠᠢ᠌ᠷᠢ ᠵᠢᠨ ᠬᠡᠷᠡᠭᠴᠡᠭᠡ ᠵᠢ ᠴᠢᠳᠠᠪᠤᠷᠢᠲᠠᠨ᠎ᠤ ᠲᠥᠷᠥᠯᠬᠢ ᠴᠢᠨᠠᠷ᠂ ᠣᠨᠴᠠ ᠴᠢᠳᠠᠪᠤᠷᠢ ᠪᠠ ᠳᠠᠪᠠᠭᠤᠯᠢᠭ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠬᠥᠮᠦᠨ ᠨᠢᠭᠡᠪᠦᠷᠢ ᠵᠢᠨ ᠳᠠᠪᠠᠭᠤᠯᠢᠭ ᠲᠠᠯ᠎ᠠ ᠵᠢ ᠭᠦᠢ᠍ᠴᠡᠳ ᠪᠠᠳᠠᠷᠠᠭᠤᠯᠤᠨ᠂ ᠬᠥᠮᠦᠨ᠎ᠤ ᠴᠢᠳᠠᠪᠤᠷᠢ ᠵᠢ ᠭᠦᠢ᠍ᠴᠡᠳ ᠪᠠᠳᠠᠷᠠᠭᠤᠯᠬᠤ᠂ ᠬᠥᠮᠦᠨ᠎ᠤ ᠴᠢᠳᠠᠪᠤᠷᠢ ᠵᠢ ᠭᠦᠢ᠍ᠴᠡᠳ ᠪᠠᠳᠠᠷᠠᠭᠤᠯᠬᠤ ᠵᠢ ᠪᠡᠶᠡᠯᠡᠭᠦᠯᠬᠦ ᠬᠡᠷᠡᠭᠲᠡᠢ  ᠃
    《ᠬᠣᠣᠰ ᠵᠠᠭᠤᠨ ᠵᠢᠯ》᠎ᠤᠨ ᠲᠡᠮᠡᠴᠡᠬᠦ ᠬᠠᠷᠠᠯᠲᠠ ᠵᠢᠨ ᠲᠡᠦᠬᠡᠨ ᠠᠭᠤᠯᠵᠠᠷ᠎ᠲᠤ ᠵᠣᠭᠰᠣᠵᠤ᠂ ᠪᠢᠳᠠ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠵᠠᠷᠴᠢᠮ᠎ᠢ ᠦᠷᠭᠦᠯᠵᠢᠯᠡᠨ ᠪᠠᠷᠢᠮᠲᠠᠯᠠᠵᠤ᠂ ᠳᠡᠯᠡᠬᠡᠢ ᠳ᠋ᠠᠬᠢᠨ᠎ᠤ ᠡᠷᠳᠡᠮᠲᠡᠨ ᠴᠢᠳᠠᠪᠤᠷᠢᠲᠠᠨ᠎ᠢ ᠴᠤᠭᠯᠠᠭᠤᠯᠤᠨ ᠬᠡᠷᠡᠭᠯᠡᠵᠦ᠂ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠥᠷᠢᠰᠥᠯᠳᠦᠭᠦᠯᠦᠨ ᠬᠥᠭᠵᠢᠭᠡᠵᠦ᠂ ᠡᠭᠦᠷᠢᠳᠡ ᠦᠯᠦ ᠴᠠᠯᠠᠭ᠋ᠠᠢ᠌ᠷᠠᠬᠤ ᠤᠶᠤᠨ ᠰᠠᠨᠠᠭ᠋ᠠᠨ᠎ᠤ ᠳᠦᠷᠰᠦ ᠪᠠᠢ᠌ᠳᠠᠯ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ᠎ᠤᠨ ᠳᠦᠷᠰᠦ ᠪᠠᠢ᠌ᠳᠠᠯ ᠵᠶ᠋ᠠᠷ ᠰᠢᠨ᠎ᠡ ᠠᠶᠠᠨ᠎ᠳᠠᠭᠠᠨ ᠣᠮᠣᠭ ᠲᠡᠭᠦᠯᠳᠡᠷ ᠤᠷᠤᠭᠰᠢᠯᠠᠬᠤ ᠬᠡᠷᠡᠭᠲᠡᠢ  ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            