ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠢᠨᠵᠢᠯᠡᠭᠡ ᠮᠡᠷᠭᠡᠵᠢᠯ   -   ᠰᠢᠨᠵᠢᠯᠡᠭᠡ ᠮᠡᠷᠭᠡᠵᠢᠯ᠎ᠤᠨ ᠵᠠᠰᠠᠭ᠎ᠤᠨ ᠳᠠᠭᠤᠨ
ᠴᠢᠳᠠᠪᠤᠷᠢᠲᠠᠨ᠎ᠢ ᠪᠥᠬᠥ ᠲᠠᠯ᠎ᠠ᠎ᠪᠠᠷ ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠢ᠌ᠲᠤᠷ ᠬᠡᠷᠡᠭᠯᠡᠵᠦ ᠪᠠᠢ᠌ᠭ᠋ᠠᠳ ᠳᠡᠯᠡᠬᠡᠶ ᠵᠢᠨ ᠴᠢᠬᠤᠯᠠ ᠴᠢᠳᠠᠪᠤᠷᠢᠲᠠᠨ᠎ᠤ ᠲᠥᠪ ᠪᠠ ᠰᠢᠨ᠎ᠡ ᠵᠢ ᠡᠭᠦᠳᠬᠦ ᠥᠨᠳᠥᠷᠯᠢᠭ ᠭᠠᠵᠠᠷ᠎ᠢ ᠲᠦᠷᠭᠡᠪᠴᠢᠯᠡᠨ ᠪᠠᠢ᠌ᠭᠤᠯᠤᠨ᠎ᠠ (ᠲᠤᠰᠬᠠᠶ ᠰᠡᠳᠦᠪᠲᠦ ᠭᠦᠨ ᠪᠣᠳᠣᠯᠬᠢᠯᠠᠯ)
ᠨᠡᠶ᠋ᠢᠲᠡᠯᠡᠭᠰᠡᠨ ᠴᠠᠭ᠄ 2021-10-27

        ᠭᠠᠪᠢᠶ᠎ᠠ ᠵᠢ ᠴᠢᠳᠠᠪᠤᠷᠢᠲᠠᠨ ᠪᠦᠲᠦᠭᠡᠵᠦ᠂ ᠦᠢ᠍ᠯᠡᠰ᠎ᠢ ᠴᠢᠳᠠᠪᠤᠷᠢᠲᠠᠨ ᠥᠷᠭᠡᠳᠬᠡᠨ᠎ᠡ  ᠃ ᠶᠡᠷᠦᠩᠬᠡᠢ ᠱᠦᠵᠢ ᠰᠢ ᠵᠢᠨ ᠫᠢᠩ ᠲᠥᠪ᠎ᠤᠨ ᠴᠢᠳᠠᠪᠤᠷᠢᠲᠠᠨ᠎ᠤ ᠠᠵᠢᠯ᠎ᠤᠨ ᠬᠤᠷᠠᠯ ᠳᠡᠭᠡᠷ᠎ᠡ᠄ 《ᠰᠢᠨ᠎ᠡ ᠴᠠᠭ ᠦᠶ᠎ᠡ ᠵᠢᠨ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠢ᠌ᠯᠳᠤᠬᠤ ᠪᠤᠳᠤᠯᠭ᠎ᠠ ᠵᠢ ᠭᠦᠨᠵᠡᠭᠡᠢ ᠬᠡᠷᠡᠭᠵᠢᠭᠦᠯᠵᠦ᠂ ᠴᠢᠳᠠᠪᠤᠷᠢᠲᠠᠨ᠎ᠢ ᠪᠦᠬᠦ ᠲᠠᠯ᠎ᠠ᠎ᠪᠠᠷ ᠬᠥᠮᠦᠵᠢᠭᠦᠯᠵᠦ᠂ ᠣᠷᠣᠭᠤᠯᠤᠨ ᠠᠪᠴᠢᠷᠠᠵᠤ᠂ ᠰᠠᠢ᠌ᠲᠤᠷ ᠬᠡᠷᠡᠭᠯᠡᠵᠦ᠂ ᠳᠡᠯᠡᠬᠡᠢ ᠵᠢᠨ ᠴᠢᠬᠤᠯᠠ ᠴᠢᠳᠠᠪᠤᠷᠢᠲᠠᠨ᠎ᠤ ᠲᠥᠪ ᠪᠣᠯᠤᠨ ᠰᠢᠨ᠎ᠡ ᠵᠢ ᠡᠭᠦᠳᠬᠦ ᠥᠨᠳᠥᠷᠯᠢᠭ᠎ᠢ ᠲᠦᠷᠭᠡᠳᠬᠡᠨ ᠪᠠᠢ᠌ᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ  ᠃ ᠤᠯᠤᠰ᠎ᠤᠨ ᠬᠥᠭᠵᠢᠯᠲᠡ ᠴᠢᠳᠠᠪᠤᠷᠢᠲᠠᠨ᠎ᠳᠤ ᠲᠦᠰᠢᠭᠯᠡᠨ᠎ᠡ᠂ ᠦᠨᠳᠦᠰᠦᠲᠡᠨ᠎ᠤ ᠬᠥᠭᠵᠢᠯ ᠮᠠᠨᠳᠤᠯ ᠴᠢᠳᠠᠪᠤᠷᠢᠲᠠᠨ᠎ᠳᠤ ᠲᠦᠰᠢᠭᠯᠡᠨ᠎ᠡ  ᠃ ᠥᠨᠥᠳᠦᠷ᠂ ᠪᠢᠳᠡ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠠᠤᠭ᠎ᠠ ᠬᠠᠷᠠᠯᠲᠠ᠎ᠳᠤ ᠲᠡᠦᠬᠡ ᠵᠢᠨ ᠠᠯᠢ ᠴᠤ᠌ ᠦᠶ᠎ᠡ᠎ᠠᠴᠠ ᠢᠯᠡᠭᠦᠦ ᠣᠢ᠌ᠷᠠᠳᠴᠤ᠂ ᠴᠢᠳᠠᠪᠤᠷᠢᠲᠠᠨ᠎ᠢ ᠲᠡᠦᠬᠡ ᠵᠢᠨ ᠠᠯᠢ ᠴᠤ᠌ ᠦᠶ᠎ᠡ᠎ᠠᠴᠠ ᠢᠯᠡᠭᠦᠦ ᠬᠦᠰᠡᠨ ᠱᠠᠭ᠋ᠠᠷᠳᠠᠵᠤ ᠪᠠᠢ᠌ᠨ᠎ᠠ  ᠃ ᠲᠡᠦᠬᠡ ᠵᠢᠨ ᠰᠢᠨ᠎ᠡ ᠡᠬᠢᠯᠡᠯᠲᠡ ᠵᠢᠨ ᠴᠡᠭ ᠳᠡᠭᠡᠷ᠎ᠡ ᠵᠣᠭᠰᠣᠵᠤ᠂ ᠪᠢᠳᠡ ᠴᠢᠳᠠᠪᠤᠷᠢᠲᠠᠨ᠎ᠤ ᠦᠰᠦᠨ ᠪᠣᠢ᠌ᠵᠢᠬᠤ ᠵᠢᠮ᠎ᠡ ᠶᠣᠰᠣ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠵᠢᠨ ᠵᠢᠮ᠎ᠡ ᠶᠣᠰᠣ ᠵᠢ ᠵᠢᠷᠤᠮᠯᠠᠵᠤ᠂ ᠳᠡᠯᠡᠬᠡᠢ ᠵᠢᠨ ᠴᠢᠬᠤᠯᠠ ᠴᠢᠳᠠᠪᠤᠷᠢᠲᠠᠨ᠎ᠤ ᠲᠥᠪ ᠪᠣᠯᠤᠨ ᠰᠢᠨ᠎ᠡ ᠵᠢ ᠡᠭᠦᠳᠬᠦ ᠥᠨᠳᠥᠷᠯᠢᠭ᠎ᠢ ᠲᠦᠷᠭᠡᠨ ᠪᠠᠢ᠌ᠭᠤᠯᠵᠤ᠂ ᠴᠢᠳᠠᠪᠤᠷᠢᠲᠠᠨ᠎ᠤ ᠡᠬᠢ ᠪᠠᠶᠠᠯᠢᠭ᠎ᠤᠨ ᠥᠷᠢᠰᠥᠯᠳᠦᠭᠡᠨ᠎ᠤ ᠳᠠᠪᠠᠭᠤᠯᠢᠭ᠎ᠢ ᠪᠦᠷᠢᠯᠳᠦᠭᠦᠯᠵᠦ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢ᠌ᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠬᠦᠴᠦᠷᠬᠡᠭ ᠶᠡᠬᠡ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ  ᠃
        ᠴᠢᠳᠠᠪᠤᠷᠢᠲᠠᠨ᠎ᠤ ᠠᠵᠢᠯ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠬᠡᠷᠡᠭᠲᠡᠶ  ᠃ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠪᠣᠯ ᠴᠢᠳᠠᠪᠤᠷᠢᠲᠠᠨ᠎ᠤ ᠠᠵᠢᠯ᠎ᠤᠨ ᠴᠢᠬᠤᠯᠠ ᠵᠠᠷᠴᠢᠮ ᠮᠥᠨ  ᠃ ᠮᠠᠨ᠎ᠤ ᠨᠠᠮ ᠢᠮᠠᠭᠲᠠ ᠴᠢᠳᠠᠪᠤᠷᠢᠲᠠᠨ᠎ᠢ ᠬᠥᠮᠦᠵᠢᠭᠦᠯᠬᠦ᠂ ᠴᠢᠳᠠᠪᠤᠷᠢᠲᠠᠨ᠎ᠲᠠᠢ ᠪᠦᠯᠬᠦᠮᠳᠡᠬᠦ᠂ ᠴᠢᠳᠠᠪᠤᠷᠢᠲᠠᠨ᠎ᠢ ᠬᠥᠳᠤᠯᠤᠨ ᠳᠠᠭ᠋ᠠᠭᠤᠯᠬᠤ᠂ ᠴᠢᠳᠠᠪᠤᠷᠢᠲᠠᠨ᠎ᠢ ᠪᠦᠲᠦᠭᠡᠬᠦ ᠵᠢ ᠴᠢᠬᠤᠯᠠᠴᠢᠯᠠᠵᠤ᠂ ᠡᠯ᠎ᠡ ᠲᠠᠯ᠎ᠠ ᠵᠢᠨ ᠴᠢᠳᠠᠪᠤᠷᠢᠲᠠᠨ᠎ᠢ ᠪᠦᠯᠬᠦᠮᠳᠡᠭᠦᠯᠦᠨ ᠲᠡᠮᠵᠢᠵᠤ ᠨᠠᠮ ᠪᠠ ᠠᠷᠠᠳ ᠲᠦᠮᠡᠨ᠎ᠤ ᠦᠢ᠍ᠯᠡᠰ᠎ᠤᠨ ᠲᠥᠯᠥᠭᠡ ᠭᠠᠪᠢᠶ᠎ᠠ ᠵᠢᠳᠬᠦᠯ ᠭᠠᠷᠭ᠋ᠠᠭᠰᠠᠨ ᠶᠤᠮ  ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠮᠠᠨ᠎ᠤ ᠤᠯᠤᠰ᠎ᠤᠨ ᠴᠢᠳᠠᠪᠤᠷᠢᠲᠠᠨ᠎ᠤ ᠡᠩᠨᠡᠭᠡ ᠦᠳᠲᠡᠷ ᠲᠦᠷᠭᠡᠨ ᠪᠤᠵᠠᠭ᠋ᠠᠢ᠌ᠷᠠᠵᠤ᠂ ᠴᠢᠳᠠᠪᠤᠷᠢᠲᠠᠨ᠎ᠤ ᠦᠢ᠍ᠯᠡᠳᠦᠯ ᠴᠢᠳᠠᠪᠤᠷᠢ ᠦᠷᠭᠦᠯᠵᠢᠯᠡᠨ ᠴᠢᠩᠭ᠋ᠠᠷᠠᠵᠤ᠂ ᠴᠢᠳᠠᠪᠤᠷᠢᠲᠠᠨ᠎ᠤ ᠬᠠᠷᠢᠴᠠᠭᠤᠯᠤᠭᠰᠠᠨ ᠳᠠᠪᠠᠭᠤᠯᠢᠭ ᠲᠣᠭᠲᠠᠭᠤᠨ ᠵᠶ᠋ᠠᠷ ᠴᠢᠩᠭ᠋ᠠᠷᠠᠵᠤ᠂ ᠨᠢᠭᠡᠨ ᠰᠠᠯᠠᠭ᠎ᠠ ᠬᠡᠪᠴᠢᠢ᠎ᠡ᠎ᠨᠢ ᠠᠤᠭ᠎ᠠ ᠶᠡᠬᠡ᠂ ᠬᠡᠪ ᠴᠢᠨᠠᠷ᠎ᠨᠢ ᠰᠢᠯᠢᠳᠡᠭ ᠰᠠᠢ᠍ᠢ᠍ᠨ᠂ ᠪᠦᠲᠦᠴᠡ᠎ᠨᠢ ᠲᠠᠰᠤᠷᠠᠯᠳᠠ ᠦᠭᠡᠢ ᠰᠢᠯᠢᠳᠡᠭᠵᠢᠵᠦ᠂ ᠦᠢ᠍ᠯᠡᠳᠦᠯ᠎ᠨᠢ ᠡᠳᠦᠷ ᠢᠷᠡᠬᠦᠶ᠎ᠡ ᠲᠤᠪᠤᠢ᠍ᠢ᠍ᠮ᠎ᠠ ᠪᠣᠯᠤᠭᠰᠠᠨ ᠴᠢᠳᠠᠪᠤᠷᠢᠲᠠᠨ᠎ᠤ ᠡᠩᠨᠡᠭᠡ ᠵᠢ ᠪᠤᠢ ᠪᠣᠯᠭ᠋ᠠᠭᠰᠠᠨ᠎ᠤ ᠦᠨᠳᠦᠰᠦᠨ ᠰᠢᠯᠲᠠᠭ᠋ᠠᠨ᠎ᠨᠢ ᠳᠠᠷᠤᠢ ᠴᠢᠳᠠᠪᠤᠷᠢᠲᠠᠨ᠎ᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠪᠦᠬᠥ ᠲᠠᠯ᠎ᠠ᠎ᠪᠠᠷ ᠴᠢᠩᠭ᠋ᠠᠳᠬᠠᠭᠰᠠᠨ᠎ᠳᠤ ᠪᠠᠢ᠌ᠨ᠎ᠠ  ᠃ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠵᠢ ᠪᠠᠷᠢᠮᠲᠠᠯᠠᠬᠤ᠎ᠳᠤ ᠡᠷᠬᠡᠪᠰᠢ ᠨᠠᠮ᠎ᠤᠨ ᠬᠣᠷᠢᠢ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠴᠢᠳᠠᠪᠤᠷᠢᠲᠠᠨ᠎ᠤ ᠠᠵᠢᠯ᠎ᠳᠠᠬᠢ ᠭᠣᠣᠯᠯᠠᠬᠤ ᠤᠳᠤᠷᠢᠳᠬᠤ ᠦᠢ᠍ᠯᠡᠳᠦᠯ᠎ᠢ ᠪᠠᠳᠠᠷᠠᠭᠤᠯᠵᠤ᠂ ᠴᠢᠳᠠᠪᠤᠷᠢᠲᠠᠨ᠎ᠤ ᠠᠵᠢᠯ᠎ᠳᠠᠬᠢ ᠨᠠᠮ᠎ᠤᠨ ᠨᠢᠭᠡᠳᠦᠯᠲᠡᠢ ᠤᠳᠤᠷᠢᠳᠤᠯᠭ᠎ᠠ ᠵᠢ ᠴᠢᠩᠭ᠋ᠠᠳᠬᠠᠵᠤ᠂ ᠬᠣᠷᠸ᠎ᠠ ᠲᠠᠯ᠎ᠠ ᠵᠢ ᠬᠠᠮᠢᠶᠠᠷᠬᠤ᠂ ᠲᠦᠷᠦ ᠵᠢᠨ ᠪᠤᠳᠤᠯᠭ᠎ᠠ ᠵᠢ ᠬᠠᠮᠢᠶᠠᠷᠬᠤ᠂ ᠵᠣᠬᠢᠴᠠᠭᠤᠯᠬᠤ ᠵᠢ ᠬᠠᠮᠢᠶᠠᠷᠬᠤ᠂ ᠦᠢ᠍ᠯᠡᠴᠢᠯᠡᠬᠦ ᠵᠢ ᠬᠠᠮᠢᠶᠠᠷᠬᠤ᠂ ᠶᠡᠬᠡ ᠲᠠᠯ᠎ᠠ ᠵᠢ ᠲᠥᠯᠥᠪᠵᠢᠭᠦᠯᠬᠦ᠂ ᠴᠢᠭᠯᠡᠯ᠎ᠢ ᠡᠵᠡᠮᠳᠡᠬᠦ᠂ ᠠᠰᠠᠭᠤᠳᠠᠯ᠎ᠢ ᠰᠢᠢ᠍ᠳᠪᠦᠷᠢᠯᠡᠬᠦ᠂ ᠬᠦᠴᠦᠨ ᠴᠢᠳᠠᠯ᠎ᠢ ᠨᠡᠢ᠌ᠳᠬᠡᠬᠦ ᠵᠢ ᠦᠨᠡᠨ ᠬᠦ᠌ ᠭᠦᠢ᠍ᠴᠡᠳᠬᠡᠵᠦ᠂ ᠨᠠᠮ᠎ᠤᠨ ᠴᠢᠳᠠᠪᠤᠷᠢᠲᠠᠨ᠎ᠤ ᠠᠵᠢᠯ᠎ᠤᠨ ᠴᠢᠭᠯᠡᠯᠲᠡ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ  ᠃ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠠᠷᠭ᠎ᠠ ᠮᠠᠶᠢᠭ᠎ᠢ ᠰᠠᠢ᠌ᠵᠢᠷᠠᠭᠤᠯᠵᠤ᠂ ᠨᠠᠮ᠎ᠤᠨ ᠬᠣᠷᠢᠢ᠎ᠠ ᠨᠢᠭᠡᠳᠦᠯᠲᠡᠢ ᠤᠳᠤᠷᠢᠳᠬᠤ᠂ ᠵᠣᠬᠢᠶᠠᠨ ᠪᠠᠢ᠌ᠭᠤᠯᠬᠤ ᠰᠠᠯᠠᠭ᠎ᠠ ᠮᠥᠴᠢᠷ ᠲᠦᠷᠦᠭᠦᠯᠡᠨ ᠶᠡᠷᠦᠩᠬᠡᠢ᠌ᠯᠡᠨ ᠠᠳᠬᠤᠬᠤ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤᠰ ᠲᠤᠰ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠨᠢᠭᠲᠠ ᠬᠠᠮᠵᠢᠯᠴᠠᠬᠤ᠂ ᠨᠡᠢ᠌ᠭᠡᠮ᠎ᠤᠨ ᠬᠦᠴᠦᠨ ᠥᠷᠭᠡᠨ ᠵᠶ᠋ᠡᠷ ᠣᠷᠣᠯᠴᠠᠬᠤ ᠴᠢᠳᠠᠪᠤᠷᠢᠲᠠᠨ᠎ᠤ ᠠᠵᠢᠯ᠎ᠤᠨ ᠪᠠᠢ᠌ᠷᠢᠰᠢᠯ᠎ᠢ ᠲᠡᠭᠦᠯᠳᠡᠷᠵᠢᠭᠦᠯᠦᠨ᠎ᠡ  ᠃ ᠤᠯᠤᠰ ᠲᠦᠷᠦ᠎ᠪᠠᠷ ᠬᠦᠲᠦᠯᠦᠨ ᠳᠠᠭ᠋ᠠᠭᠤᠯᠬᠤ ᠪᠠ ᠤᠯᠤᠰ ᠲᠦᠷᠦ᠎ᠪᠠᠷ ᠣᠷᠣᠭᠤᠯᠤᠨ ᠠᠪᠴᠢᠷᠠᠬᠤ ᠵᠢ ᠴᠢᠩᠭ᠋ᠠᠳᠬᠠᠵᠤ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠴᠢᠳᠠᠪᠤᠷᠢᠲᠠᠨ᠎ᠢ ᠨᠢᠭᠲᠠᠷᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠴᠢᠳᠠᠪᠤᠷᠢᠲᠠᠨ᠎ᠤ ᠪᠦᠲᠦᠴᠡ ᠵᠢᠨ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ  ᠃ ᠤᠯᠤᠰ᠎ᠤᠨ ᠴᠢᠬᠤᠯᠠ ᠶᠡᠬᠡ ᠪᠠᠢ᠌ᠯᠳᠤᠬᠤ ᠪᠤᠳᠤᠯᠭ᠎ᠠ ᠵᠢᠨ ᠬᠡᠷᠡᠭᠴᠡᠭᠡ ᠪᠠ ᠡᠷᠳᠡᠮ ᠰᠢᠨᠵᠢᠯᠡᠭᠡᠨ᠎ᠤ ᠬᠣᠰᠢᠭᠤᠷᠠᠯ᠎ᠤᠨ ᠠᠰᠠᠭᠤᠳᠠᠯ᠎ᠤᠨ ᠲᠣᠭᠣᠷᠢᠨ᠎ᠳᠤ᠂ ᠰᠠᠭᠤᠷᠢ ᠰᠢᠨᠵᠢᠯᠡᠭᠡᠨ᠎ᠤ ᠰᠠᠯᠠᠭ᠎ᠠ᠂ ᠬᠡᠷᠡᠭᠯᠡᠭᠡᠨ᠎ᠤ ᠰᠢᠨᠵᠢᠯᠡᠭᠡᠨ᠎ᠤ ᠰᠠᠯᠠᠭ᠎ᠠ᠂ ᠬᠣᠰᠢᠭᠤᠷᠠᠯ ᠰᠢᠨᠵᠢᠯᠡᠭᠡᠨ᠎ᠤ ᠰᠠᠯᠠᠭ᠎ᠠ ᠵᠢᠨ ᠬᠦᠷᠢᠶᠡᠨ᠎ᠳᠠᠬᠢ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠪᠠ ᠣᠷᠣᠭᠤᠯᠤᠨ ᠠᠪᠴᠢᠷᠠᠵᠤ᠂ ᠪᠠᠢ᠌ᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨᠲᠠᠨ ᠪᠠ ᠪᠠᠢ᠌ᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨᠲᠠᠨ᠎ᠤ ᠳᠠᠯᠳᠠ ᠴᠢᠨᠠᠷ ᠪᠦᠬᠦᠢ ᠳᠡᠭᠡᠳᠦ ᠲᠡᠰ ᠳᠠᠪᠬᠤᠷᠭ᠎ᠠ ᠵᠢᠨ ᠬᠠᠮ ᠴᠢᠳᠠᠪᠤᠷᠢᠲᠠᠨ᠎ᠢ ᠶᠡᠬᠡ᠎ᠪᠠᠷ ᠬᠥᠮᠦᠵᠢᠭᠦᠯᠵᠦ᠂ ᠪᠠᠢ᠌ᠯᠳᠤᠬᠤ ᠪᠤᠳᠤᠯᠭ᠎ᠠ ᠵᠢᠨ ᠰᠢᠨᠵᠢᠯᠡᠬᠦ ᠤᠬᠠᠭ᠋ᠠᠨᠲᠠᠨ᠎ᠤ ᠦᠰᠦᠨ ᠪᠣᠢ᠌ᠵᠢᠬᠤ ᠱᠠᠲᠤᠯᠢᠭ ᠡᠩᠨᠡᠭᠡ ᠵᠢ ᠪᠤᠢ ᠪᠣᠯᠭ᠋ᠠᠨ᠎ᠠ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠯᠠᠭᠤ ᠴᠢᠳᠠᠪᠤᠷᠢᠲᠠᠨ᠎ᠤ ᠭᠣᠣᠯ ᠡᠭᠦᠷᠭᠡ ᠵᠢ ᠡᠭᠦᠷᠭᠡᠯᠡᠵᠦ᠂ ᠭᠣᠣᠯ ᠲᠦᠷᠢ ᠪᠣᠯᠬᠤ ᠵᠢ ᠲᠡᠮᠵᠢᠵᠤ᠂ ᠠᠤᠭ᠎ᠠ ᠶᠡᠬᠡ ᠬᠡᠪᠴᠢᠢ᠎ᠡ᠎ᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠯᠠᠭᠤ ᠴᠢᠳᠠᠪᠤᠷᠢᠲᠠᠨ᠎ᠤ ᠡᠩᠨᠡᠭᠡ ᠵᠢ ᠪᠤᠢ ᠪᠣᠯᠭ᠋ᠠᠵᠤ᠂ ᠪᠠᠢ᠌ᠷᠢᠰᠢᠯ᠎ᠨᠢ ᠵᠦᠢ ᠵᠣᠬᠢᠰᠲᠠᠢ ᠴᠢᠳᠠᠪᠤᠷᠢᠲᠠᠨ᠎ᠤ ᠡᠩᠨᠡᠭᠡ ᠵᠢ ᠪᠤᠢ ᠪᠣᠯᠭ᠋ᠠᠨ᠎ᠠ  ᠃
        ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠪᠠ ᠠᠵᠢᠯ᠎ᠳᠤ ᠭᠠᠷᠤᠭᠰᠠᠨ᠎ᠤ ᠳᠠᠷᠠᠭ᠋ᠠᠬᠢ ᠪᠣᠯᠪᠠᠰᠤᠷᠠᠭᠤᠯᠤᠯ᠎ᠢ ᠨᠢᠭᠡᠳᠦᠯᠲᠡᠶ ᠲᠥᠯᠥᠪᠯᠡᠨ᠎ᠡ  ᠃ ᠴᠢᠳᠠᠪᠤᠷᠢᠲᠠᠨ᠎ᠢ ᠬᠥᠮᠦᠵᠢᠭᠦᠯᠬᠦ ᠪᠣᠯ ᠤᠯᠤᠰ ᠣᠷᠣᠨ ᠪᠠ ᠦᠨᠳᠦᠰᠦᠲᠡᠨ᠎ᠤ ᠠᠯᠤᠰ ᠭᠡᠳᠤ ᠵᠢᠨ ᠬᠥᠭᠵᠢᠯᠲᠡ᠎ᠳᠤ ᠬᠣᠯᠪᠣᠭᠳᠠᠬᠤ ᠶᠡᠬᠡ ᠪᠤᠳᠤᠯᠭ᠎ᠠ ᠮᠥᠨ  ᠃ ᠳᠡᠯᠡᠬᠡᠢ ᠵᠢᠨ ᠴᠢᠬᠤᠯᠠ ᠴᠢᠳᠠᠪᠤᠷᠢᠲᠠᠨ᠎ᠤ ᠲᠥᠪ ᠪᠣᠯᠤᠨ ᠰᠢᠨ᠎ᠡ ᠵᠢ ᠡᠭᠦᠳᠬᠦ ᠥᠨᠳᠥᠷᠯᠢᠭ ᠭᠠᠵᠠᠷ᠎ᠢ ᠲᠦᠷᠭᠡᠳᠬᠡᠨ ᠪᠠᠢ᠌ᠭᠤᠯᠬᠤ᠎ᠳᠤ᠂ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠦᠵᠢᠭᠦᠯᠬᠦ ᠵᠢ ᠨᠡᠩ ᠴᠢᠬᠤᠯᠠᠴᠢᠯᠠᠵᠤ᠂ ᠨᠢᠭᠡ ᠪᠦᠯᠦᠭ ᠳᠡᠯᠡᠬᠡᠢ᠎ᠳᠤ ᠨᠥᠯᠥᠭᠡᠯᠡᠬᠦ ᠬᠦᠴᠦᠨ᠎ᠲᠠᠢ ᠣᠷᠣᠢ᠌ᠯᠠᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠴᠢᠷᠮᠠᠢ᠌ᠨ ᠬᠥᠮᠦᠵᠢᠭᠦᠯᠵᠦ᠂ ᠨᠢᠭᠡ ᠪᠦᠯᠦᠭ ᠰᠢᠨ᠎ᠡ ᠵᠢ ᠡᠭᠦᠳᠬᠦ ᠪᠦᠯᠬᠦᠮ᠎ᠢ ᠲᠣᠭᠲᠠᠭᠤᠨ ᠵᠶ᠋ᠠᠷ ᠳᠡᠮᠵᠢᠵᠦ᠂ ᠨᠡᠩ ᠤᠯᠠᠨ ᠥᠨᠳᠥᠷ ᠬᠡᠪ ᠪᠣᠯᠪᠠᠰᠤᠷᠠᠯ᠎ᠲᠠᠢ ᠮᠡᠷᠭᠡᠵᠢᠯ ᠤᠷ᠎ᠠ ᠴᠢᠳᠠᠪᠤᠷᠢ᠎ᠲᠠᠢ ᠴᠢᠳᠠᠪᠤᠷᠢᠲᠠᠨ᠂ ᠤᠷᠠᠨ ᠴᠢᠳᠠᠪᠤᠷᠢᠲᠠᠨ᠂ ᠲᠤᠮᠤ ᠤᠯᠤᠰ᠎ᠤᠨ ᠤᠷᠠᠨ ᠳᠠᠷᠬᠠᠨ᠎ᠢ ᠬᠥᠮᠦᠵᠢᠭᠦᠯᠬᠦ ᠬᠡᠷᠡᠭᠲᠡᠢ  ᠃ ᠤᠷᠳᠤ ᠬᠤᠭᠤᠴᠠᠭ᠋ᠠᠨ᠎ᠤ ᠬᠥᠭᠵᠢᠯᠲᠡ᠎ᠪᠠᠷ ᠲᠠᠮᠵᠢᠨ᠂ ᠮᠠᠨ᠎ᠤ ᠤᠯᠤᠰ᠎ᠤᠨ ᠰᠤᠷᠭ᠋ᠠᠨ ᠬᠥᠮᠦᠵᠢᠯ᠎ᠤᠨ ᠶᠡᠷᠦᠩᠬᠡᠢ ᠬᠥᠭᠵᠢᠯᠲᠡ ᠵᠢᠨ ᠲᠦᠪᠰᠢᠨ ᠳᠡᠯᠡᠬᠡᠢ ᠵᠢᠨ ᠳᠤᠮᠳᠠ᠎ᠠᠴᠠ ᠳᠡᠭᠡᠭᠦᠷ ᠲᠦᠪᠰᠢᠨ᠎ᠳᠤ ᠬᠦᠷᠴᠦ᠂ ᠠᠷᠠᠳ ᠤᠯᠠᠨ᠎ᠤ ᠰᠤᠷᠭ᠋ᠠᠨ ᠬᠥᠮᠦᠵᠢᠯ᠎ᠤᠨ ᠬᠦᠷᠲᠡᠮᠵᠢ ᠵᠢᠨ ᠲᠦᠷᠦᠭᠳᠡᠯ ᠢᠯᠡᠳᠲᠡ ᠨᠡᠮᠡᠭᠳᠡᠵᠦ᠂ ᠮᠠᠨ᠎ᠤ ᠤᠯᠤᠰ᠎ᠤᠨ ᠰᠤᠷᠭ᠋ᠠᠨ ᠬᠥᠮᠦᠵᠢᠯ᠎ᠤᠨ ᠳᠡᠯᠡᠬᠡᠢ᠎ᠳᠠᠬᠢ ᠨᠥᠯᠥᠭᠡᠯᠡᠬᠦ ᠬᠦᠴᠦᠨ ᠪᠣᠯᠤᠨ ᠦᠷᠢᠰᠦᠯᠳᠦᠬᠦ ᠬᠦᠴᠦᠨ ᠢᠯᠡᠳᠲᠡ ᠳᠡᠭᠡᠭᠰᠢᠯᠡᠪᠡ᠂ ᠡᠨᠡ ᠪᠣᠯ ᠮᠠᠨ᠎ᠤ ᠤᠯᠤᠰ᠎ᠤᠨ ᠡᠯ᠎ᠡ ᠲᠦᠷᠦᠯ᠎ᠤᠨ ᠴᠢᠳᠠᠪᠤᠷᠢᠲᠠᠨ᠎ᠢ ᠲᠠᠰᠤᠷᠠᠯᠳᠠ ᠦᠭᠡᠢ ᠬᠥᠮᠦᠵᠢᠭᠦᠯᠬᠦ ᠪᠠᠲᠤ ᠪᠡᠬᠢ ᠰᠠᠭᠤᠷᠢ ᠪᠣᠯᠤᠨ᠎ᠠ  ᠃ ᠮᠠᠨ᠎ᠤ ᠤᠯᠤᠰ᠎ᠤᠨ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭ᠋ᠠᠨ ᠬᠥᠮᠦᠵᠢᠯ ᠰᠤᠷᠭ᠋ᠠᠨ ᠬᠥᠮᠦᠵᠢᠯ᠎ᠤᠨ ᠵᠢᠮ᠎ᠡ ᠶᠣᠰᠣ ᠵᠢ ᠭᠦᠨᠵᠡᠭᠡᠢ ᠡᠵᠡᠮᠳᠡᠵᠦ᠂ ᠶᠣᠰᠣ ᠰᠤᠷᠲᠠᠬᠤᠨ ᠵᠶ᠋ᠠᠷ ᠬᠥᠮᠦᠨ᠎ᠢ ᠬᠥᠮᠦᠵᠢᠭᠦᠯᠬᠦ ᠵᠢ ᠪᠠᠷᠢᠮᠲᠠᠯᠠᠵᠤ᠂ ᠶᠣᠰᠣ ᠰᠤᠷᠲᠠᠬᠤᠨ ᠤᠶᠤᠨ ᠤᠬᠠᠭ᠋ᠠᠨ ᠪᠡᠶ᠎ᠡ ᠮᠠᠬᠠᠪᠣᠳ ᠭᠤᠸ᠎ᠠ ᠰᠠᠢ᠌ᠬᠠᠨ ᠬᠥᠳᠡᠯᠮᠦᠷᠢ ᠵᠢ ᠪᠦᠬᠦ ᠲᠠᠯ᠎ᠠ᠎ᠪᠠᠷ ᠬᠥᠮᠦᠵᠢᠭᠦᠯᠬᠦ ᠰᠤᠷᠭ᠋ᠠᠨ ᠬᠥᠮᠦᠵᠢᠯ᠎ᠤᠨ ᠰᠢᠰᠳ᠋ᠸᠮ᠎ᠢ ᠴᠢᠷᠮᠠᠢ᠌ᠨ ᠪᠠᠢ᠌ᠭᠤᠯᠵᠤ᠂ ᠨᠡᠩ ᠥᠨᠳᠥᠷ ᠲᠦᠪᠰᠢᠨ ᠪᠦᠬᠦᠢ ᠴᠢᠳᠠᠪᠤᠷᠢᠲᠠᠨ ᠬᠥᠮᠦᠵᠢᠭᠦᠯᠬᠦ ᠰᠢᠰᠳ᠋ᠸᠮ᠎ᠢ ᠪᠦᠷᠢᠯᠳᠦᠭᠦᠯᠬᠦ ᠬᠡᠷᠡᠭᠲᠡᠢ  ᠃ ᠡᠭᠦᠨ᠎ᠤ ᠬᠠᠮᠲᠤ᠂ ᠪᠢᠳᠡ ᠴᠢᠳᠠᠪᠤᠷᠢᠲᠠᠨ᠎ᠤ ᠦᠰᠦᠨ ᠪᠣᠢ᠌ᠵᠢᠬᠤ ᠵᠢᠮ᠎ᠡ ᠶᠣᠰᠣ ᠵᠢ ᠵᠢᠷᠤᠮᠯᠠᠵᠤ᠂ ᠲᠤᠰᠢᠶᠠᠯ᠎ᠳᠤ ᠭᠠᠷᠤᠭᠰᠠᠨ᠎ᠤ ᠳᠠᠷᠠᠭ᠋ᠠᠬᠢ ᠪᠣᠯᠪᠠᠰᠤᠷᠠᠯ᠎ᠢ ᠲᠡᠭᠦᠯᠳᠡᠷᠵᠢᠭᠦᠯᠬᠦ ᠬᠡᠷᠡᠭᠲᠡᠢ  ᠃ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠠᠵᠤ ᠠᠬᠤᠢ᠌ᠯᠠᠯ ᠵᠡᠷᠭᠡ᠎ᠨᠢ ᠰᠢᠨ᠎ᠡ᠎ᠪᠠᠷ ᠠᠵᠢᠯ᠎ᠳᠤ ᠣᠷᠣᠬᠤ ᠬᠥᠮᠦᠰ᠎ᠢ ᠬᠥᠮᠦᠵᠢᠭᠦᠯᠬᠦ ᠳᠡᠭᠡᠷ᠎ᠡ ᠬᠦᠴᠦ ᠲᠠᠯᠪᠢᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠨ᠎ᠳᠠᠬᠢ ᠴᠢᠬᠤᠯᠠ ᠶᠡᠬᠡ ᠰᠢᠨ᠎ᠡ ᠵᠢ ᠡᠭᠦᠳᠬᠦ ᠲᠠᠪᠴᠠᠩ᠎ᠳᠤ ᠲᠦᠰᠢᠭᠯᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠯᠠᠭᠤ ᠠᠵᠢᠯᠲᠠᠳ᠎ᠢ ᠬᠦᠳᠦᠯᠦᠨ ᠵᠢᠯᠣᠭᠣᠳᠴᠤ ᠪᠠᠢ᠌ᠭ᠋ᠠᠳ ᠴᠢᠬᠤᠯᠠ ᠶᠡᠬᠡ ᠠᠰᠠᠭᠤᠳᠠᠯ᠂ ᠬᠣᠰᠢᠭᠤᠷᠠᠯ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠬᠦ᠎ᠪᠠᠷ ᠤᠳᠤᠷᠢᠳᠤᠮᠵᠢ ᠪᠣᠯᠭ᠋ᠠᠵᠤ᠂ ᠪᠠᠢ᠌ᠯᠳᠤᠬᠤ ᠪᠤᠳᠤᠯᠭ᠎ᠠ ᠵᠢᠨ ᠰᠤᠳᠤᠯᠭ᠋ᠠᠨ᠎ᠢ ᠳᠤᠪᠤᠢ᠍ᠢ᠍ᠯᠭ᠋ᠠᠵᠤ᠂ ᠤᠷᠢᠳᠠᠴᠢ ᠰᠤᠳᠤᠯᠭ᠋ᠠᠨ᠎ᠢ ᠴᠢᠬᠤᠯᠠᠴᠢᠯᠠᠵᠤ᠂ ᠬᠠᠮᠲᠤᠷᠠᠭᠰᠠᠨ ᠰᠤᠳᠤᠯᠭ᠋ᠠᠨ᠎ᠢ ᠴᠢᠩᠭ᠋ᠠᠳᠬᠠᠬᠤ ᠬᠡᠷᠡᠭᠲᠡᠢ; ᠬᠥᠭᠵᠢᠯᠲᠡ ᠵᠢᠨ ᠳᠠᠯᠳᠠ ᠬᠦᠴᠦᠨ᠎ᠲᠠᠢ ᠪᠠ ᠠᠵᠢᠯ ᠮᠡᠷᠭᠡᠵᠢᠯ᠎ᠤᠨ ᠵᠠᠩᠭᠢᠯᠠᠭ᠎ᠠ ᠵᠢᠨ ᠬᠤᠭᠤᠴᠠᠭ᠋ᠠᠨ᠎ᠳᠤ ᠪᠠᠢ᠌ᠭ᠎ᠠ ᠵᠠᠯᠠᠭᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠢ ᠭᠠᠳᠠᠭ᠋ᠠᠳᠤ ᠵᠢᠨ ᠲᠡᠷᠢᠭᠦᠨ᠎ᠤ ᠶᠡᠬᠡ ᠰᠤᠷᠭ᠋ᠠᠭᠤᠯᠢ᠂ ᠰᠤᠳᠤᠯᠭ᠋ᠠᠨ᠎ᠤ ᠪᠠᠢ᠌ᠭᠤᠯᠤᠮᠵᠢ ᠪᠠ ᠲᠣᠮᠣ ᠬᠡᠯᠪᠡᠷᠢ ᠵᠢᠨ ᠠᠵᠤ ᠠᠬᠤᠢ᠌ᠯᠠᠯ᠎ᠳᠤ ᠲᠠᠨᠢᠯᠴᠠᠭᠤᠯᠤᠨ ᠣᠴᠢᠭᠤᠯᠵᠤ ᠰᠤᠷᠪᠤᠯᠵᠢᠯᠠᠨ ᠰᠤᠷᠤᠯᠴᠠᠭᠤᠯᠵᠤ ᠰᠣᠯᠢᠯᠴᠠᠭ᠎ᠠ ᠬᠢᠯᠭᠡᠵᠦ ᠪᠣᠯᠤᠨ᠎ᠠ  ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ᠎ᠬᠢᠨ ᠨᠢᠭᠡᠳᠦᠯᠲᠡᠶ ᠲᠥᠯᠥᠪᠵᠢᠭᠦᠯᠬᠦ ᠠᠵᠢᠯ᠎ᠢ ᠬᠦᠴᠦᠯᠡᠨ ᠰᠠᠢ᠌ᠲᠤᠷ ᠬᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠯᠠᠭᠤ ᠠᠵᠢᠯᠲᠠᠳ᠎ᠤᠨ ᠴᠢᠬᠤᠯᠠ ᠶᠡᠬᠡ ᠪᠣᠭᠣᠮᠲᠠ ᠰᠢᠪᠲᠤᠯᠬᠤ ᠲᠥᠷᠥᠯ ᠵᠦᠢᠯ᠎ᠳᠤ ᠣᠷᠣᠯᠴᠠᠬᠤ ᠵᠢ ᠵᠣᠷᠢᠭᠵᠢᠭᠤᠯᠵᠤ᠂ ᠡᠭᠦᠷᠭᠡ᠎ᠪᠠᠷ ᠬᠥᠳᠡᠯᠭᠡᠭᠦᠷ ᠪᠣᠯᠭ᠋ᠠᠨ᠂ ᠣᠯᠠᠨ ᠰᠢᠨᠵᠢᠯᠡᠭᠡᠨ᠎ᠤ ᠰᠤᠳᠤᠯᠭ᠋ᠠᠨ᠎ᠤ ᠪᠦᠯᠬᠦᠮ᠎ᠢ ᠵᠣᠬᠢᠶᠠᠨ ᠪᠠᠢ᠌ᠭᠤᠯᠵᠤ᠂ ᠲᠡᠳᠡᠨ᠎ᠤ ᠰᠤᠳᠤᠯᠭ᠋ᠠᠨ᠎ᠤ ᠴᠢᠳᠠᠪᠤᠷᠢ᠂ ᠬᠠᠮᠲᠤᠷᠠᠯᠴᠠᠭ᠋ᠠᠨ᠎ᠤ ᠤᠬᠠᠮᠰᠠᠷ ᠪᠣᠯᠤᠨ ᠬᠠᠮᠢᠶᠠᠷᠤᠯᠲᠠ ᠵᠢᠨ ᠴᠢᠳᠠᠪᠤᠷᠢ ᠵᠢ ᠲᠠᠰᠤᠷᠠᠯᠲᠠ ᠥᠬᠡᠶ ᠴᠢᠩᠭ᠋ᠠᠳᠬᠠᠬᠤ ᠬᠡᠷᠡᠭᠲᠡᠶ  ᠃
      ᠴᠢᠳᠠᠪᠤᠷᠢᠲᠠᠨ᠎ᠤ ᠬᠥᠭᠵᠢᠯᠲᠡ ᠵᠢᠨ ᠲᠣᠭᠲᠠᠴᠠ ᠪᠠ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ  ᠃ ᠳᠡᠯᠡᠬᠡᠢ ᠵᠢᠨ ᠴᠢᠬᠤᠯᠠ ᠴᠢᠳᠠᠪᠤᠷᠢᠲᠠᠨ᠎ᠤ ᠲᠥᠪ ᠪᠣᠯᠤᠨ ᠰᠢᠨ᠎ᠡ ᠵᠢ ᠡᠭᠦᠳᠬᠦ ᠥᠨᠳᠥᠷᠯᠢᠭ᠎ᠢ ᠪᠠᠢ᠌ᠭᠤᠯᠬᠤ᠎ᠳᠤ ᠲᠣᠭᠲᠠᠴᠠ ᠵᠢᠨ ᠪᠠᠲᠤᠯᠠᠭ᠎ᠠ ᠪᠣᠯᠤᠨ ᠰᠠᠢ᠍ᠢ᠍ᠨ ᠰᠠᠢ᠌ᠬᠠᠨ ᠣᠷᠴᠢᠨ ᠲᠣᠭᠣᠷᠢᠨ᠎ᠤ ᠲᠤᠯᠭ᠋ᠠᠭᠤᠷᠢᠯᠠᠯ᠎ᠠᠴᠠ ᠰᠠᠯᠵᠤ ᠴᠢᠳᠠᠬᠤ ᠦᠭᠡᠢ ᠶᠤᠮ  ᠃ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠳ ᠨᠠᠮ᠎ᠤᠨ ᠬᠣᠷᠢᠶ᠎ᠠ ᠵᠢᠨ ᠨᠢᠭᠡᠳᠦᠯᠲᠡᠶ ᠤᠳᠤᠷᠢᠳᠤᠯᠭ᠎ᠠ ᠳᠣᠤᠷ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠤᠯᠤᠰ᠎ᠠᠴᠠ ᠪᠠᠢ᠌ᠯᠳᠤᠬᠤ ᠪᠣᠳᠣᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ᠎ᠪᠠᠷ ᠬᠥᠲᠥᠯᠦᠮᠵᠢ ᠪᠣᠯᠭ᠋ᠠᠨ᠂ ᠤᠯᠤᠰ᠎ᠠᠴᠠ ᠲᠤᠷᠰᠢᠯᠲᠠ ᠵᠢᠨ ᠲᠠᠰᠤᠭ ᠪᠠ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ ᠵᠢ ᠵᠣᠬᠢᠶᠠᠨ ᠪᠠᠢ᠌ᠭᠤᠯᠵᠤ᠂ ᠰᠣᠯᠪᠢᠴᠠᠯ ᠰᠢᠨᠵᠢᠯᠡᠭᠡᠨ᠎ᠤ ᠰᠠᠯᠠᠭ᠎ᠠ ᠪᠠ ᠰᠢᠨᠵᠢᠯᠡᠭᠡᠨ᠎ᠤ ᠰᠠᠯᠠᠭ᠎ᠠ ᠠᠯᠤᠰᠯᠠᠭᠰᠠᠨ ᠰᠤᠳᠤᠯᠭ᠋ᠠᠨ᠎ᠤ ᠲᠠᠪᠴᠠᠩ ᠣᠨ ᠪᠠᠢ᠌ᠭᠤᠯᠤᠯᠲᠠ ᠵᠢ ᠴᠢᠩᠭ᠋ᠠᠳᠬᠠᠨ᠂ ᠴᠢᠳᠠᠪᠤᠷᠢᠲᠠᠨ᠎ᠳᠤ ᠳᠡᠯᠡᠬᠡᠶ ᠵᠢᠨ ᠲᠡᠷᠢᠭᠦᠨ᠎ᠤ ᠰᠢᠨ᠎ᠡ ᠵᠢ ᠡᠭᠦᠳᠬᠦ ᠲᠠᠪᠴᠠᠩ ᠬᠠᠩᠭ᠋ᠠᠵᠤ᠂ ᠪᠠᠢ᠌ᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠬᠤ ᠴᠡᠭ ᠪᠠ ᠭᠠᠯᠠᠭᠤᠨ ᠡᠩᠨᠡᠭᠡ ᠵᠢᠨ ᠪᠠᠢ᠌ᠷᠢᠰᠢᠯ᠎ᠢ ᠲᠦᠷᠭᠡᠳᠬᠡᠨ ᠪᠤᠢ ᠪᠣᠯᠭ᠋ᠠᠨ᠎ᠠ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠯᠠᠪᠯᠠᠯᠭ᠎ᠠ᠎ᠪᠠᠷ ᠲᠤᠯᠭ᠋ᠠᠭᠤᠷᠢ ᠪᠣᠯᠭ᠋ᠠᠭᠰᠠᠨ ᠵᠠᠰᠠᠭ ᠵᠠᠬᠢᠷᠭ᠋ᠠᠨ᠎ᠤ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠲᠣᠭᠲᠠᠴᠠ ᠵᠢ ᠲᠦᠷᠭᠡᠳᠬᠡᠨ ᠪᠠᠢ᠌ᠭᠤᠯᠵᠤ᠂ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨᠲᠠᠨ᠂ ᠣᠶᠤᠨ᠎ᠤ ᠬᠥᠮᠥᠷᠭᠡ ᠪᠣᠯᠤᠨ ᠲᠤᠰᠬᠠᠶ ᠮᠡᠷᠭᠡᠵᠢᠯ᠎ᠤᠨ ᠰᠤᠳᠤᠯᠤᠯ᠎ᠤᠨ ᠪᠠᠢ᠌ᠭᠤᠯᠤᠮᠵᠢ ᠵᠢᠨ ᠦᠢ᠍ᠯᠡᠳᠦᠯ᠎ᠢ ᠴᠢᠬᠤᠯᠠᠴᠢᠯᠠᠨ ᠪᠠᠳᠠᠷᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠣᠷᠣᠭᠤᠯᠤᠯᠲᠠ ᠵᠢ ᠪᠠᠲᠤᠯᠠᠬᠤ ᠲᠣᠭᠲᠠᠴᠠ ᠵᠢ ᠪᠦᠷᠢᠨᠰᠢᠭᠦᠯᠵᠦ᠂ ᠴᠢᠳᠠᠪᠤᠷᠢᠲᠠᠨ᠎ᠤ ᠬᠥᠭᠵᠢᠯᠲᠡ ᠵᠢᠨ ᠲᠤᠰᠬᠠᠶ ᠵᠦᠢ᠍ᠯ᠎ᠤᠨ ᠪᠡᠯᠡ ᠮᠥᠩᠭᠥ᠂ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠰᠠᠭᠤᠷᠢ ᠮᠥᠩᠭᠥ ᠵᠡᠷᠭᠡ ᠵᠠᠰᠠᠭ᠎ᠤᠨ ᠣᠷᠳᠣᠨ᠎ᠤ ᠣᠷᠣᠭᠤᠯᠤᠯᠲᠠ ᠵᠢᠨ ᠬᠥᠲᠥᠯᠥᠨ ᠵᠢᠯᠣᠭᠣᠳᠬᠤ ᠪᠠ ᠬᠥᠰᠢᠭᠦᠷᠭᠡ ᠵᠢᠨ ᠦᠢ᠍ᠯᠡᠳᠦᠯ᠎ᠢ ᠪᠠᠳᠠᠷᠠᠭᠤᠯᠤᠨ᠂ ᠵᠠᠰᠠᠭ᠎ᠤᠨ ᠣᠷᠳᠣᠨ᠂ ᠳᠡᠭᠡᠳᠦ ᠰᠤᠷᠭ᠋ᠠᠭᠤᠯᠢ᠂ ᠠᠵᠤ ᠠᠬᠤᠢ᠌ᠯᠠᠯ᠂ ᠨᠡᠢ᠌ᠭᠡᠮ᠎ᠤᠨ ᠣᠯᠠᠨ ᠡᠰᠢᠲᠦ ᠣᠷᠣᠭᠤᠯᠤᠯᠲᠠ ᠵᠢᠨ ᠲᠣᠭᠲᠠᠴᠠ ᠵᠢ ᠪᠠᠢ᠌ᠭᠤᠯᠵᠤ᠂ ᠭᠣᠣᠯᠳᠠᠯᠭ᠎ᠠ᠎ᠲᠠᠢ ᠰᠢᠨᠵᠢᠯᠡᠭᠡᠨ᠎ᠤ ᠬᠦᠷᠢᠶᠡᠨ᠎ᠤ ᠴᠢᠳᠠᠪᠤᠷᠢᠲᠠᠨ᠎ᠤ ᠲᠥᠷᠥᠯ ᠵᠦᠢ᠍ᠯ᠎ᠤᠨ ᠣᠷᠣᠭᠤᠯᠤᠯᠲᠠ ᠵᠢ ᠨᠡᠮᠡᠭᠳᠡᠭᠦᠯᠦᠨ᠎ᠡ  ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠲᠠᠳ᠎ᠤᠨ ᠭᠣᠣᠯ ᠤᠶᠤᠨ ᠴᠢᠳᠠᠯ ᠵᠶ᠋ᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠳᠡᠭᠡᠷ᠎ᠡ ᠲᠠᠯᠪᠢᠬᠤ ᠵᠢ ᠪᠠᠲᠤᠯᠠᠬᠤ ᠲᠣᠭᠲᠠᠴᠠ ᠵᠢ ᠪᠠᠢ᠌ᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠲᠠᠳ᠎ᠤᠨ ᠭᠣᠣᠯ ᠤᠶᠤᠨ ᠴᠢᠳᠠᠯ ᠵᠶ᠋ᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠰᠤᠳᠤᠯᠤᠨ ᠨᠡᠭᠡᠭᠡᠬᠦ ᠠᠵᠢᠯᠯᠠᠭ᠎ᠠ᠎ᠳᠤ ᠣᠷᠣᠭᠤᠯᠵᠤ᠂ ᠴᠢᠳᠠᠪᠤᠷᠢᠲᠠᠨ᠎ᠤ ᠬᠦᠯᠢᠶᠡᠰᠦ ᠵᠢ ᠠᠯᠳᠠᠷᠠᠭ᠋ᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠲᠠᠳ᠎ᠤᠨ ᠴᠢᠯᠥᠭᠡᠲᠡᠢ᠎ᠪᠠᠷ ᠬᠠᠢ᠌ᠨ ᠰᠦᠪᠡᠭᠴᠢᠯᠡᠬᠦ ᠰᠤᠳᠤᠯᠭ᠋ᠠᠨ ᠥᠷᠨᠢᠭᠦᠯᠬᠦ ᠵᠢ ᠳᠡᠮᠵᠢᠵᠦ᠂ ᠴᠢᠳᠠᠪᠤᠷᠢᠲᠠᠨ᠎ᠢ ᠰᠡᠳᠬᠢᠯ ᠲᠠᠢ᠌ᠪᠤᠭᠤ᠎ᠪᠠᠷ ᠡᠷᠳᠡᠮ ᠰᠢᠨᠵᠢᠯᠡᠭᠡ ᠬᠢᠵᠦ᠂ ᠰᠤᠳᠤᠯᠭ᠋ᠠᠨ ᠬᠢᠵᠦ᠂ ᠢᠯᠡᠭᠦᠬᠡᠨ ᠦᠷ᠎ᠡ ᠪᠦᠲᠦᠭᠡᠯ ᠭᠠᠷᠭ᠋ᠠᠵᠤ᠂ ᠰᠠᠢ᠍ᠢ᠍ᠨ ᠦᠷ᠎ᠡ ᠪᠦᠲᠦᠭᠡᠯ ᠭᠠᠷᠭ᠋ᠠᠬᠤ ᠵᠢ ᠳᠡᠮᠵᠢᠨ᠎ᠡ  ᠃ ᠳᠡᠯᠡᠬᠡᠢ ᠵᠢᠨ ᠴᠢᠬᠤᠯᠠ ᠴᠢᠳᠠᠪᠤᠷᠢᠲᠠᠨ᠎ᠤ ᠲᠥᠪ᠎ᠢ ᠪᠠᠢ᠌ᠭᠤᠯᠬᠤ᠎ᠳᠤ᠂ ᠪᠦᠬᠦ ᠪᠥᠮᠪᠥᠷᠴᠡᠭ᠎ᠤᠨ ᠬᠡᠪᠴᠢᠶᠡᠨ᠎ᠳᠤ ᠴᠢᠳᠠᠪᠤᠷᠢᠲᠠᠨ᠎ᠢ ᠲᠠᠲᠠᠬᠤ᠂ ᠴᠢᠳᠠᠪᠤᠷᠢᠲᠠᠨ᠎ᠢ ᠦᠯᠡᠳᠡᠭᠡᠬᠦ᠂ ᠴᠢᠳᠠᠪᠤᠷᠢᠲᠠᠨ᠎ᠢ ᠰᠠᠢ᠌ᠲᠤᠷ ᠬᠡᠷᠡᠭᠯᠡᠵᠦ ᠴᠢᠳᠠᠬᠤ ᠬᠡᠷᠡᠭᠲᠡᠢ᠂ ᠡᠨᠡ᠎ᠨᠢ ᠳᠠᠷᠤᠢ ᠴᠢᠳᠠᠪᠤᠷᠢᠲᠠᠨ᠎ᠢ ᠢᠯᠡᠷᠡᠭᠦᠯᠵᠦ ᠰᠢᠯᠭ᠋ᠠᠨ ᠪᠠᠢ᠌ᠴᠠᠭ᠋ᠠᠬᠤ᠂ ᠣᠷᠣᠭᠤᠯᠤᠨ ᠠᠪᠴᠢᠷᠠᠵᠤ ᠬᠢᠨᠠᠨ ᠬᠠᠷᠭᠤᠭᠤᠯᠬᠤ ᠪᠠ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠢ ᠤᠷᠤᠭᠰᠢ ᠰᠢᠯᠵᠢᠭᠦᠯᠵᠦ᠂ ᠰᠠᠨᠠᠭ᠋ᠠᠴᠢᠯᠠᠭ᠋ᠠᠲᠤ ᠪᠤᠰᠤ᠎ᠪᠠᠷ ᠴᠢᠳᠠᠪᠤᠷᠢᠲᠠᠨ᠎ᠢ ᠲᠠᠲᠠᠵᠤ ᠪᠠᠢ᠌ᠭᠰᠠᠨ᠎ᠢ ᠰᠠᠨᠠᠭ᠋ᠠᠴᠢᠯᠠᠭ᠎ᠠ᠎ᠠᠴᠠ᠎ᠪᠠᠨ ᠴᠢᠳᠠᠪᠤᠷᠢᠲᠠᠨ ᠡᠯᠰᠡᠬᠦ ᠪᠣᠯᠭ᠋ᠠᠨ ᠬᠤᠪᠢᠷᠠᠭᠤᠯᠬᠤ ᠴᠢᠬᠤᠯᠠᠲᠠᠢ ᠶᠤᠮ  ᠃ ᠪᠦᠬᠦ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠣᠣᠷ᠎ᠲᠤ ᠠᠭᠤᠰᠤᠯᠴᠠᠬᠤ ᠵᠢ ᠪᠠᠷᠢᠮᠲᠠᠯᠠᠵᠤ᠂ ᠤᠯᠠᠨ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠰᠠᠭᠤᠷᠢᠨ᠎ᠢ ᠪᠠᠢ᠌ᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠭᠡᠭᠡᠯᠲᠡᠲᠦ ᠬᠠᠮᠲᠤᠷᠠᠯᠴᠠᠭ᠎ᠠ ᠵᠢ ᠠᠬᠢᠭᠤᠯᠵᠤ᠂ ᠪᠦᠬᠦ ᠪᠥᠮᠪᠥᠷᠴᠡᠭ᠎ᠤᠨ ᠰᠢᠯᠢᠳᠡᠭ ᠴᠢᠳᠠᠪᠤᠷᠢᠲᠠᠨ᠎ᠢ ᠴᠤᠭᠯᠠᠷᠠᠭᠤᠯᠬᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠨ᠎ᠡ ᠵᠢ ᠡᠭᠦᠳᠬᠦ ᠥᠨᠳᠥᠷᠯᠢᠭ ᠭᠠᠵᠠᠷ᠎ᠢ ᠪᠠᠢ᠌ᠭᠤᠯᠤᠨ᠎ᠠ  ᠃ ᠳᠡᠭᠡᠳᠦ ᠲᠡᠰ᠎ᠤᠨ ᠴᠢᠳᠠᠪᠤᠷᠢᠲᠠᠨ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠳᠤᠮᠳᠠᠳᠤ ᠤᠯᠤᠰ᠎ᠲᠤ ᠢᠷᠡᠵᠦ ᠠᠵᠢᠯᠯᠠᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠬᠦ᠂ ᠰᠣᠯᠢᠯᠴᠠᠭ᠎ᠠ ᠬᠢᠬᠦ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠵᠦ᠂ ᠴᠠᠯᠢᠩ ᠠᠰᠠᠷᠠᠮᠵᠢ᠂ ᠦᠷ᠎ᠡ ᠬᠡᠦᠬᠡᠳ᠎ᠤᠨ ᠰᠤᠷᠭ᠋ᠠᠨ ᠬᠥᠮᠦᠵᠢᠯ᠂ ᠨᠡᠢ᠌ᠭᠡᠮ᠎ᠤᠨ ᠪᠠᠲᠤᠯᠠᠭ᠎ᠠ ᠵᠡᠷᠭᠡ ᠲᠠᠯ᠎ᠠ᠎ᠪᠠᠷ ᠪᠦᠬᠦ ᠪᠥᠮᠪᠥᠷᠴᠡᠭ᠎ᠤᠨ ᠰᠢᠯᠢᠳᠡᠭ ᠴᠢᠳᠠᠪᠤᠷᠢᠲᠠᠨ᠎ᠳᠤ ᠤᠯᠠᠨ ᠤᠯᠤᠰ᠎ᠤᠨ ᠦᠷᠢᠰᠦᠯᠳᠦᠬᠦ ᠬᠦᠴᠦᠨ ᠪᠠ ᠲᠠᠲᠠᠬᠤ ᠬᠦᠴᠦᠨ᠎ᠲᠠᠢ ᠣᠷᠴᠢᠨ ᠨᠥᠬᠥᠴᠡᠯ᠎ᠢ ᠪᠤᠢ ᠪᠣᠯᠭ᠋ᠠᠵᠤ ᠥᠭᠭᠦᠨ᠎ᠡ  ᠃
      ᠴᠢᠳᠠᠪᠤᠷᠢᠲᠠᠨ᠎ᠢ ᠦᠨᠡᠯᠡᠬᠦ ᠰᠢᠰᠲ᠋ᠧᠮ᠎ᠢ ᠲᠡᠭᠦᠯᠳᠡᠷᠵᠢᠭᠦᠯᠦᠨ᠎ᠡ  ᠃ ᠴᠢᠳᠠᠪᠤᠷᠢᠲᠠᠨ᠎ᠢ ᠦᠨᠡᠯᠡᠬᠦ 《ᠳᠣᠬᠢᠭᠤᠷ》᠎ᠢ ᠰᠠᠢ᠌ᠲᠤᠷ ᠬᠡᠷᠡᠭᠯᠡᠬᠦ᠎ᠨᠢ ᠨᠢᠭᠡ ᠰᠡᠳᠬᠢᠯ ᠵᠶ᠋ᠡᠷ ᠰᠤᠳᠤᠯᠬᠤ᠂ ᠭᠠᠷᠮᠠᠭ᠋ᠠᠢ ᠵᠢ ᠬᠥᠭᠡᠭᠡᠴᠡᠯᠳᠦᠬᠦ᠂ ᠰᠤᠷᠲᠠᠯ ᠴᠢᠬᠡᠴᠢ ᠣᠪᠣᠷ ᠲᠥᠪ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠣᠷᠴᠢᠨ ᠲᠣᠭᠣᠷᠢᠨ᠎ᠢ ᠪᠤᠢ ᠪᠣᠯᠭ᠋ᠠᠵᠤ᠂ ᠴᠢᠳᠠᠪᠤᠷᠢᠲᠠᠨ᠎ᠤ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ ᠪᠠ ᠳᠠᠯᠳᠠ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠬᠥᠭᠵᠢᠭᠡᠬᠦ᠎ᠳᠤ ᠴᠢᠬᠤᠯᠠ ᠦᠢ᠍ᠯᠡᠳᠦᠯ᠎ᠲᠠᠢ ᠶᠤᠮ  ᠃ ᠡᠨᠡ᠎ᠨᠢ ᠳᠠᠷᠤᠶ ᠪᠢᠳᠡᠨ᠎ᠢ ᠴᠢᠳᠠᠪᠤᠷᠢᠲᠠᠨ᠎ᠢ ᠦᠨᠡᠯᠡᠬᠦ ᠲᠣᠭᠲᠠᠴᠠ᠎ᠳᠤ ᠣᠷᠣᠰᠢᠵᠤ ᠪᠠᠢ᠌ᠭ᠎ᠠ ᠲᠥᠷᠥᠯ ᠬᠤᠪᠢᠶᠠᠨ ᠦᠨᠡᠯᠡᠬᠦ ᠲᠠᠯ᠎ᠠ᠎ᠪᠠᠷ ᠬᠦᠷᠦᠯᠴᠡᠬᠦ ᠥᠬᠡᠶ᠂ ᠦᠨᠡᠯᠡᠬᠦ ᠪᠠᠷᠢᠮᠵᠢᠶ᠎ᠠ ᠲᠠᠩ ᠴᠤᠯᠭᠤᠶ᠂ ᠦᠨᠡᠯᠡᠬᠦ ᠠᠷᠭ᠎ᠠ ᠪᠠᠷᠢᠯ ᠠᠳᠠᠯᠢᠪᠲᠤᠷ᠂ ᠦᠨᠡᠯᠡᠯᠲᠡ ᠬᠢᠬᠦ ᠵᠢ ᠤᠯᠠᠮ ᠨᠢᠭᠡ ᠠᠯᠬᠤᠮ ᠰᠢᠢᠳᠪᠦᠷᠢᠯᠡᠬᠦ ᠵᠢ ᠱᠠᠭ᠋ᠠᠷᠳᠠᠵᠤ ᠪᠠᠢ᠌ᠨ᠎ᠠ  ᠃

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠸᠠᠩ ᡁᠢ ᠭᠠᠩ᠄ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠵᠤ᠂ ᠴᠢᠨᠠᠷ ᠰᠠᠢ᠌ᠲᠠᠶ ᠬᠥᠭᠵᠢᠯᠲᠡ ᠵᠢ ᠲᠤᠯᠭ᠋ᠠᠭᠤᠷᠢᠯᠠᠬᠤ ᠬᠡᠷᠡᠭᠲᠡᠶ
ᠶᠠᠮᠤᠨ᠎ᠤ ᠰᠠᠢ᠌ᠳ ᠸᠠᠩ ᡁᠢ ᠭᠠᠩ ᠪᠦᠯᠬᠦᠮ ᠳᠠᠭ᠋ᠠᠭᠤᠯᠤᠨ 《93》 ᠡᠷᠳᠡᠮ ᠰᠢᠨᠵᠢᠯᠡᠭᠡᠨ᠎ᠤ ᠨᠡᠢ᠌ᠭᠡᠮᠯᠢᠭ᠎ᠤᠨ ᠲᠥᠪ ᠬᠣᠷᠢᠶ᠎ᠠ᠎ᠳᠤ ᠠᠢ᠌ᠯᠴᠢᠯᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠷᠦ ᠵᠢᠨ ᠪᠤᠳᠤᠯᠭ᠎ᠠ ᠵᠢ ᠯᠠᠪᠳᠠᠭᠤᠨ ᠪᠠᠲᠤᠲᠠᠢ ᠨᠠᠶ᠋ᠢᠳᠠᠪᠤᠷᠢᠵᠢᠭᠤᠯᠬᠤ ᠡᠨᠡᠬᠦ ᠠᠵᠢᠯ᠎ᠢ ᠰᠠᠶ᠋ᠢᠲᠤᠷ ᠠᠳᠬᠤᠵᠤ᠂ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠬᠡᠷᠡᠭᠲᠡᠢ》 — ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠰᠠᠶ᠋ᠢᠳ ᠸᠠᠩ ᡁᠢ ᠭᠠᠩ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠠᠯᠠᠮᠰᠢᠯ ᠠᠰᠠᠭᠤᠳᠠᠯ᠎ᠤᠨ ᠲᠤᠬᠠᠢ ᠶᠠᠷᠢᠭᠰᠠᠨ᠎ᠨᠢ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠨᠡᠭᠦᠷᠡᠰᠦᠲᠥ᠋ᠷᠥᠭᠴᠢ ᠭᠠᠷᠬᠤ ᠤᠷᠬᠢᠯ ᠨᠡᠭᠦᠷᠡᠰᠦᠲᠥ᠋ᠷᠥᠭᠴᠢ ᠭᠠᠷᠬᠤ ᠳᠤᠮᠳᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠶᠠᠮᠤᠨ᠎ᠤ ᠬᠣᠭᠣᠷᠣᠨᠳᠣᠬᠢ ᠵᠣᠬᠢᠴᠠᠭᠤᠯᠬᠤ ᠲᠣᠭᠲᠠᠴᠠ ᠵᠢᠨ ᠠᠩᠬᠠᠳᠤᠭ᠋ᠠᠷ ᠤᠳᠠᠭ᠎ᠠ ᠵᠢᠨ ᠬᠤᠷᠠᠯ ᠬᠤᠷᠠᠯᠳᠤᠭᠤᠯᠪᠠ
ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ᠎ᠪᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠬᠤ ᠬᠡᠷᠡᠭᠲᠡᠢ
 
            